ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ ( ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ )᠎ᠶᠢᠨ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-08-27

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《 〈 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 〉 ᠢᠨᠵᠧᠨᠧᠷᠢᠩ᠎ᠦᠨ ᠲᠥᠷᠥ᠎ᠶᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠰᠠᠨᠠᠯ 》 ( ᠥᠪᠥᠷ ᠨᠠᠮ ᠠᠯᠪᠠᠨ ᠲᠠᠷᠬᠠᠭᠠᠭᠰᠠᠨ [ 2024 ] 18 ᠳ᠋ᠤᠭᠠᠷ ᠲᠣᠭᠠᠲᠤ )᠎ᠤᠨ ᠬᠣᠯᠪᠣᠭᠳᠠᠯ ᠪᠦᠬᠦᠢ ᠱᠠᠭᠠᠷᠳᠠᠯᠭ᠎ᠠ᠎ᠶᠢ ᠦᠨᠳᠦᠰᠦᠯᠡᠨ ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ ( ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ ) ᠨᠢ ᠴᠢᠳᠠᠪᠤᠷᠢᠲᠠᠨ ᠡᠯᠰᠡᠬᠦ ᠠᠯᠪᠠᠨ ᠵᠠᠷ ᠨᠡᠢᠲᠡᠯᠡᠬᠦ ᠂ ᠵᠣᠬᠢᠶᠠᠨ ᠪᠠᠢᠭᠤᠯᠤᠨ ᠨᠡᠷ᠎ᠡ ᠮᠡᠳᠡᠭᠦᠯᠵᠦ ᠬᠢᠨᠠᠨ ᠪᠠᠢᠴᠠᠭᠠᠬᠤ ᠂ ᠲᠤᠰᠬᠠᠢ ᠮᠡᠷᠭᠡᠵᠢᠯᠲᠡᠨ᠎ᠡᠴᠡ ᠦᠨᠡᠯᠡᠨ ᠵᠢᠱ᠌ᠢᠵᠦ ᠮᠠᠭᠠᠳᠯᠠᠨ ᠲᠣᠭᠲᠠᠭᠠᠬᠤ ᠂ ᠬᠢᠨᠠᠨ ᠪᠠᠢᠴᠠᠭᠠᠬᠤ ᠂ ᠪᠡᠶ᠎ᠡ᠎ᠶᠢᠨ ᠪᠠᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ᠎ᠢᠶᠠᠷ ᠳᠡᠮᠵᠢᠨ ᠂ ᠨᠡᠶ᠋ᠢᠲᠡ 1 ᠬᠥᠮᠥᠨ ᠣᠷᠣᠭᠤᠯᠤᠨ ᠠᠪᠴᠢᠷᠠᠬᠤ᠎ᠪᠠᠷ ᠪᠠᠢᠭ᠎ᠠ ᠴᠢᠳᠠᠪᠤᠷᠢᠲᠠᠨ᠎ᠤ ᠬᠡᠪᠴᠢᠶᠡᠨ᠎ᠳᠦ ᠣᠷᠣᠵᠤ ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠬᠥᠮᠥᠰ᠎ᠢ ᠢᠯᠡ ᠨᠡᠢᠲᠡᠯᠡᠨ᠎ᠡ᠃
      ᠨᠢᠭᠡ ᠂ ᠢᠯᠡ ᠨᠡᠢᠲᠡᠯᠡᠬᠦ ᠡᠲᠡᠭᠡᠳ
      ᠵᠧᠦ ᠴᠠᠩ ᠴᠧᠩ᠂ ᠡᠷᠡᠭᠲᠡᠢ᠂ 1992 ᠣᠨ᠎ᠤ 7 ᠰᠠᠷ᠎ᠠ᠎ᠳᠤ ᠲᠦᠷᠦᠵᠠᠢ᠂ ᠳ᠋ᠣᠺᠲ᠋ᠣᠷᠠᠨᠲ᠎ᠤᠨ ᠠᠰᠫᠢᠷᠠᠨᠲ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ ( ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ ) ᠵᠢᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ ( ᠪᠠᠭ᠍ᠰᠢ )᠎ᠳᠤ ᠤᠷᠢᠬᠤ᠎ᠪᠠᠷ ᠪᠤᠢ᠃
      ᠬᠣᠶᠠᠷ᠂ ᠢᠯᠡ ᠨᠡᠢᠲᠡᠯᠡᠬᠦ ᠴᠠᠭ
      2025 ᠣᠨ᠎ᠤ 8 ᠰᠠᠷ᠎ᠠ᠎ᠶᠢᠨ 28᠎ᠤ ᠡᠳᠦᠷ᠎ᠡᠴᠡ 2025 ᠣᠨ᠎ᠤ 9 ᠰᠠᠷ᠎ᠠ᠎ᠶᠢᠨ 3᠎ᠤ ᠡᠳᠦᠷ ᠪᠤᠯᠳᠠᠯ᠎ᠠ
      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶᠢᠭ᠋
      ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ ᠨᠡᠢᠲᠡᠯᠡᠭᠰᠡᠨ ᠡᠲᠡᠭᠡᠳ᠎ᠦᠨ ᠬᠣᠯᠪᠣᠭᠳᠠᠯ ᠪᠦᠬᠦᠢ ᠪᠠᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠲᠤᠰᠬᠠᠭᠰᠠᠨ ᠮᠠᠲᠧᠷᠢᠶᠠᠯ᠎ᠳᠦ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ ᠨᠡᠷ᠎ᠡ᠎ᠪᠡᠨ ᠪᠢᠴᠢᠬᠦ᠎ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠡᠨ ᠬᠠᠩᠭᠠᠬᠤ ᠬᠡᠷᠡᠭᠲᠡᠢ᠃
      ᠬᠦᠯᠢᠶᠡᠨ ᠠᠪᠬᠤ ᠴᠠᠭ ᠄ ᠦᠳᠡ᠎ᠶᠢᠨ ᠡᠮᠦᠨ᠎ᠡ 9 ᠄ 00 ︱ 12 ᠄ 00 ᠂ ᠦᠳᠡ᠎ᠶᠢᠨ ᠬᠣᠢᠨ᠎ᠠ 14 ᠄ 30 ︱ 17 ᠄ 00
      ᠬᠦᠯᠢᠶᠡᠨ ᠠᠪᠬᠤ ᠤᠲᠠᠰᠤ ᠄ 0471-6946229
            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ 
            ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ
                  2025 ᠣᠨ᠎ᠤ 8 ᠰᠠᠷ᠎ᠠ᠎ᠶᠢᠨ 27᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            