ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠪᠥᠬᠥ ᠣᠷᠣᠨ᠎ᠤ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠪᠠᠢᠭᠤᠯᠤᠮᠵᠢ᠎ᠶᠢᠨ ᠪᠠᠭ᠍ᠰᠢ ᠨᠠᠷ᠎ᠲᠤ ᠢᠯᠡᠭᠡᠭᠰᠡᠨ ᠲᠣᠬᠣᠨᠢᠭᠤᠯᠬᠤ ᠵᠠᠬᠢᠳᠠᠯ
ᠨᠡᠶ᠋ᠢᠲᠡᠯᠡᠭᠰᠡᠨ ᠴᠠᠭ᠄ 2025-09-10

ᠪᠥᠬᠥ ᠣᠷᠣᠨ᠎ᠤ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ᠎ᠶᠢᠨ ᠪᠠᠭ᠍ᠰᠢ ᠨᠠᠷ᠎ᠲᠤ᠄
       ᠦᠷ᠎ᠡ ᠵᠢᠮᠢᠰ ᠨᠠᠮᠠᠭ᠎ᠠ ᠳᠦᠭᠦᠷᠴᠦ᠂ ᠤᠯᠠᠭᠠᠨ ᠭᠠᠪᠢᠷ᠎ᠠ᠎ᠶᠢᠨ ᠦᠨᠦᠷ ᠬᠠᠩᠬᠤᠯᠤᠨ᠎ᠠ᠃ ᠡᠨᠡ ᠬᠦ᠌ ᠡᠯᠪᠡᠭ ᠬᠤᠷᠢᠶᠠᠯᠲᠠ ᠪᠠ ᠬᠦᠰᠡᠯ ᠡᠷᠡᠮᠡᠯᠵᠡᠯ᠎ᠢᠶᠡᠷ ᠪᠢᠯᠬᠠᠭᠰᠠᠨ ᠰᠠᠢᠨ ᠰᠠᠢᠬᠠᠨ ᠴᠠᠭ ᠮᠥᠴᠡ᠎ᠳᠦ ᠪᠢᠳᠡ 41 ᠳ᠋ᠦ᠍ᠭᠡᠷ ᠪᠠᠭ᠍ᠰᠢ᠎ᠶᠢᠨ ᠪᠠᠶᠠᠷ᠎ᠢᠶᠡᠨ ᠤᠭᠲᠤᠨ ᠠᠪᠤᠯ᠎ᠠ᠂ ᠡᠨᠳᠡ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠡᠮᠦᠨ᠎ᠡ ᠹᠷᠣᠨᠲ᠎ᠲᠤ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠢᠭ᠎ᠠ ᠪᠦᠬᠦ ᠣᠷᠣᠨ᠎ᠤ ᠮᠡᠷᠭᠡᠵᠢᠯ᠎ᠦᠨ ᠠᠵᠢᠯᠴᠢᠨ᠎ᠤ ᠶᠡᠬᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠪᠠᠢᠭᠤᠯᠤᠮᠵᠢ᠎ᠶᠢᠨ ᠥᠷᠭᠡᠨ ᠤᠯᠠᠨ ᠪᠠᠭ᠍ᠰᠢ ᠨᠠᠷ᠎ᠲᠤ ᠪᠠᠶᠠᠷ᠎ᠤᠨ ᠡᠳᠦᠷ᠎ᠦᠨ ᠮᠡᠨᠳᠦᠴᠢᠯᠡᠯ ᠪᠠ ᠴᠢᠩ ᠰᠡᠳᠬᠢᠯ᠎ᠦᠨ ᠮᠡᠨᠳᠦᠴᠢᠯᠡᠯ ᠳᠡᠪᠰᠢᠭᠦᠯᠵᠦ ᠪᠠᠢᠨ᠎ᠠ!
       ᠮᠡᠷᠭᠡᠵᠢᠯ᠎ᠦᠨ ᠠᠵᠢᠯᠴᠢᠨ᠎ᠤ ᠰᠤᠷᠭᠠᠨ ᠬᠥᠮᠦᠵᠢᠯ ᠪᠣᠯ ᠤᠯᠤᠰ ᠠᠷᠠᠳ᠎ᠤᠨ ᠰᠤᠷᠭᠠᠨ ᠬᠥᠮᠦᠵᠢᠯ᠎ᠦᠨ ᠰᠢᠰᠲᠧᠮ ᠪᠠ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠨᠡᠭᠡᠭᠡᠨ ᠬᠥᠭᠵᠢᠭᠦᠯᠦᠯᠲᠡ᠎ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠨᠢ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠭᠴᠢ ᠡᠨᠧᠷᠭᠢ ᠬᠦᠷᠭᠡᠬᠦ᠂ ᠠᠵᠤ ᠦᠢᠯᠡᠰ᠎ᠦᠨ ᠰᠠᠭᠤᠷᠢ᠎ᠶᠢ ᠪᠠᠲᠤᠳᠬᠠᠬᠤ᠂ ᠰᠢᠨ᠎ᠡ᠎ᠶᠢ ᠡᠭᠦᠳᠦᠨ ᠲᠡᠰ ᠳᠡᠪᠰᠢᠭᠦᠯᠬᠦ᠎ᠶᠢ ᠳᠠᠢᠴᠢᠯᠠᠬᠤ ᠴᠢᠬᠤᠯᠠ ᠡᠭᠦᠷᠭᠡ᠎ᠶᠢ ᠡᠭᠦᠷᠭᠡᠯᠡᠵᠦ ᠪᠠᠢᠳᠠᠭ᠃ ᠣᠢᠷ᠎ᠠ᠎ᠶᠢᠨ ᠵᠢᠯ᠎ᠡᠴᠡ᠂ ᠪᠦᠬᠦ ᠣᠷᠣᠨ᠎ᠤ ᠡᠯ᠎ᠡ ᠮᠡᠷᠭᠡᠵᠢᠯ᠎ᠦᠨ ᠠᠵᠢᠯᠴᠢᠨ᠎ᠤ ᠶᠡᠬᠡ ᠳᠡᠭᠡᠳᠦ ᠰᠤᠷᠭᠠᠭᠤᠯᠢ ᠪᠣᠯᠣᠨ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠪᠠᠢᠭᠤᠯᠤᠮᠵᠢ᠎ᠶᠢᠨ ᠬᠢᠨ ᠶᠡᠷᠦᠩᠬᠡᠢ ᠱᠦᠵᠢ ᠰᠢ᠎ᠶᠢᠨ ᠫᠢᠩ᠎ᠤᠨ ᠤᠷ᠎ᠠ ᠮᠡᠷᠭᠡᠵᠢᠯᠲᠦ ᠴᠢᠳᠠᠪᠤᠷᠢᠲᠠᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠣᠰᠣ᠌ ᠮᠣᠷᠠᠯ᠎ᠢᠶᠠᠷ ᠬᠥᠮᠥᠵᠢᠭᠦᠯᠬᠦ ᠦᠨᠳᠦᠰᠦᠨ ᠡᠭᠦᠷᠭᠡ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠨᠠᠮ᠎ᠤᠨ ᠲᠥᠯᠥᠭᠡ ᠬᠥᠮᠥᠨ᠎ᠢ ᠬᠥᠮᠥᠵᠢᠭᠦᠯᠵᠦ ᠂ ᠤᠯᠤᠰ᠎ᠤᠨ ᠲᠥᠯᠥᠭᠡ ᠴᠢᠳᠠᠪᠤᠷᠢᠲᠠᠨ᠎ᠢ ᠬᠥᠮᠥᠵᠢᠭᠦᠯᠵᠦ᠂ ᠠᠵᠢᠯ ᠣᠯᠭᠣᠯᠲᠠ᠎ᠶᠢ ᠠᠬᠢᠭᠤᠯᠬᠤ᠎ᠪᠠᠷ ᠤᠳᠤᠷᠢᠳᠤᠮᠵᠢ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠶᠢ ᠲᠣᠭᠲᠠᠭᠠᠨ᠂ ᠠᠵᠤ ᠦᠢᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠂ ᠰᠤᠷᠭᠠᠭᠤᠯᠢ ᠠᠵᠤ ᠠᠬᠤᠢᠯᠠᠯ᠎ᠤᠨ ᠬᠠᠮᠲᠤᠷᠠᠯᠴᠠᠭ᠎ᠠ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠠᠵᠤ ᠦᠢᠯᠡᠳᠪᠦᠷᠢ ᠪᠠ ᠰᠤᠷᠭᠠᠭᠤᠯᠢ᠎ᠶᠢ ᠨᠢᠭᠡ ᠴᠣᠭᠴᠠᠵᠢᠭᠤᠯᠤᠭᠰᠠᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠦᠨ ᠂ ᠮᠡᠷᠭᠡᠵᠢᠯ᠎ᠦᠨ ᠠᠵᠢᠯᠴᠢᠨ᠎ᠤ ᠰᠤᠷᠭᠠᠨ ᠬᠥᠮᠦᠵᠢᠯ ᠪᠠ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠬᠡᠪᠴᠢᠶ᠎ᠡ᠎ᠶᠢ ᠲᠣᠭᠲᠠᠭᠤᠨ᠎ᠢᠶᠠᠷ ᠥᠷᠭᠡᠳᠬᠡᠨ ᠂ ᠬᠥᠮᠥᠵᠢᠭᠦᠯᠬᠦ ᠶᠠᠰᠤ ᠴᠢᠨᠠᠷ᠎ᠢ ᠢᠯᠡᠳᠲᠡ ᠳᠡᠭᠡᠭᠰᠢᠯᠡᠭᠦᠯᠪᠡ᠃
       ᠤᠷᠠᠨ ᠳᠠᠷᠬᠠᠨ᠎ᠤ ᠰᠡᠳᠬᠢᠯ᠎ᠢᠶᠡᠷ ᠬᠦᠰᠡᠯ ᠵᠡᠭᠦᠳᠦ᠎ᠪᠡᠨ ᠲᠡᠷᠭᠡᠯᠰᠢᠭᠦᠯᠵᠦ᠂ ᠰᠢᠷᠭᠠᠭᠤ ᠬᠠᠲᠠᠭᠤᠵᠢᠯᠲᠠᠢ᠎ᠪᠠᠷ ᠴᠢᠷᠮᠠᠢᠨ ᠠᠵᠢᠯᠯᠠᠨ᠎ᠠ᠃ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ᠎ᠳᠤ ᠂ ᠥᠷᠭᠡᠨ ᠤᠯᠠᠨ ᠮᠡᠷᠭᠡᠵᠢᠯ᠎ᠦᠨ ᠠᠵᠢᠯᠴᠢᠨ᠎ᠤ ᠶᠡᠬᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠪᠠᠢᠭᠤᠯᠤᠮᠵᠢ᠎ᠶᠢᠨ ᠪᠠᠭ᠍ᠰᠢ ᠨᠠᠷ ᠢᠮᠠᠭᠲᠠ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠤᠷ᠎ᠠ ᠮᠡᠷᠭᠡᠵᠢᠯ᠎ᠦᠨ ᠥᠩ ᠰᠢᠮᠡᠯᠢᠭ ᠬᠥᠷᠥᠰᠥ᠎ᠶᠢ ᠵᠤᠵᠠᠭᠠᠳᠬᠠᠵᠤ᠂ ᠤᠷᠠᠨ ᠳᠠᠷᠬᠠᠨ᠎ᠤ ᠰᠡᠳᠬᠢᠯᠭᠡ᠎ᠪᠡᠷ᠎ᠢᠶᠡᠨ ᠤᠭ ᠰᠠᠨᠠᠭ᠎ᠠ᠎ᠪᠠᠨ ᠢᠯᠡᠳᠬᠡᠵᠦ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠠᠷᠠᠮ ᠦᠭᠡᠢ ᠵᠢᠳᠬᠦᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠮᠡᠷᠭᠡᠵᠢᠯ᠎ᠦᠨ ᠠᠵᠢᠯᠴᠢᠨ᠎ᠤ ᠰᠤᠷᠭᠠᠨ ᠬᠥᠮᠦᠵᠢᠯ᠎ᠦᠨ ᠬᠠᠯᠠᠭᠤᠨ ᠳᠤᠯᠠᠭᠠᠨ ᠪᠣᠯᠣᠨ ᠬᠠᠷᠢᠭᠤᠴᠠᠯᠭ᠎ᠠ᠎ᠶᠢ ᠲᠠᠢᠯᠪᠤᠷᠢᠯᠠᠵᠤ᠂ ᠮᠠᠰᠢ ᠤᠯᠠᠨ ᠮᠣᠷᠠᠯ ᠮᠡᠷᠭᠡᠵᠢᠯ ᠬᠣᠣᠰᠯᠠᠭᠰᠠᠨ ᠴᠠᠭ ᠦᠶ᠎ᠡ᠎ᠶᠢᠨ ᠤᠷᠠᠨ ᠳᠠᠷᠬᠠᠨ᠎ᠢ ᠳᠠᠪᠲᠠᠨ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠪᠠᠲᠤ ᠪᠡᠬᠢ ᠮᠡᠷᠭᠡᠵᠢᠯ᠎ᠦᠨ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠵᠠᠢ!
       ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠰᠢᠨ᠎ᠡ ᠵᠠᠮ᠎ᠢ ᠵᠢᠷᠤᠭᠯᠠᠨ᠎ᠠ᠃

       ᠣᠳᠣᠬᠠᠨ᠎ᠳᠤ᠂ ᠪᠦᠬᠦ ᠣᠷᠣᠨ᠎ᠢᠶᠠᠷ᠎ᠢᠶᠠᠨ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《 ᠲᠠᠪᠤᠨ ᠶᠡᠬᠡ ᠡᠭᠦᠷᠭᠡ 》 ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠪᠡᠶᠡᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠡᠷᠡᠯᠬᠡᠭᠯᠡᠨ ᠲᠡᠮᠡᠴᠡᠵᠦ᠂ ᠡᠷᠡᠮᠡᠬᠡᠢᠯᠡᠨ ᠤᠷᠤᠭᠰᠢᠯᠠᠵᠤ᠂ ᠤᠷ᠎ᠠ ᠮᠡᠷᠭᠡᠵᠢᠯᠲᠦ ᠴᠢᠳᠠᠪᠤᠷᠢᠲᠠᠨ᠎ᠢ ᠬᠥᠮᠥᠵᠢᠭᠦᠯᠬᠦ ᠠᠵᠢᠯ᠎ᠳᠤ ᠨᠡᠩ ᠥᠨᠳᠥᠷ ᠰᠢᠨ᠎ᠡ ᠱᠠᠭᠠᠷᠳᠠᠯᠭ᠎ᠠ᠎ᠲᠠᠢ ᠪᠣᠯᠵᠠᠢ᠃ ᠪᠦᠬᠦ ᠣᠷᠣᠨ᠎ᠤ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ ᠪᠣᠯᠣᠨ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠪᠠᠢᠭᠤᠯᠤᠮᠵᠢ᠎ᠨᠤᠭᠤᠳ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠢᠶᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ᠎ᠢᠶᠡᠨ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠷᠴᠢ ᠵᠣᠷᠢᠭ᠋᠎ᠢᠶᠠᠨ ᠬᠥᠪᠴᠢᠯᠡᠨ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠨᠡᠩ ᠤᠯᠠᠨ ᠤᠷ᠎ᠠ ᠮᠡᠷᠭᠡᠵᠢᠯ᠎ᠢᠶᠡᠷ ᠴᠠᠭᠠᠷᠠᠭᠰᠠᠨ᠂ ᠤᠷ᠎ᠠ ᠴᠢᠳᠠᠪᠤᠷᠢ᠎ᠪᠠᠷ ᠬᠡᠲᠦᠢᠳᠦᠭᠰᠡᠨ ᠥᠨᠳᠥᠷ ᠬᠡᠪ ᠪᠣᠯᠪᠠᠰᠤᠷᠠᠯ᠎ᠲᠠᠢ ᠤᠷ᠎ᠠ ᠮᠡᠷᠭᠡᠵᠢᠯᠲᠦ ᠴᠢᠳᠠᠪᠤᠷᠢᠲᠠᠨ᠎ᠢ ᠴᠢᠷᠮᠠᠢᠨ ᠬᠥᠮᠥᠵᠢᠭᠦᠯᠦᠨ᠎ᠡ᠃ ᠮᠡᠷᠭᠡᠵᠢᠯ᠎ᠦᠨ ᠠᠵᠢᠯᠴᠢᠨ᠎ᠤ ᠶᠡᠬᠡ ᠳᠡᠭᠡᠳᠦ ᠰᠤᠷᠭᠠᠭᠤᠯᠢ ᠪᠣᠯᠣᠨ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠪᠠᠢᠭᠤᠯᠤᠮᠵᠢ᠎ᠶᠢᠨ ᠥᠷᠭᠡᠨ ᠤᠯᠠᠨ ᠪᠠᠭ᠍ᠰᠢ ᠪᠣᠯᠣᠨ ᠰᠤᠷᠭᠠᠨ ᠬᠥᠮᠦᠵᠢᠯ᠎ᠦᠨ ᠠᠵᠢᠯᠲᠠᠳ ᠶᠡᠷᠦᠩᠬᠡᠢ ᠱᠦᠵᠢ ᠰᠢ᠎ᠶᠢᠨ ᠫᠢᠩ᠎ᠤᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠪᠠᠭ᠍ᠰᠢ᠎ᠶᠢᠨ ᠮᠣᠷᠠᠯ ᠪᠠᠭ᠍ᠰᠢ᠎ᠶᠢᠨ ᠰᠤᠷᠲᠠᠯ᠎ᠢ ᠪᠠᠲᠤ ᠰᠠᠬᠢᠵᠤ᠂ ᠮᠣᠷᠠᠯ᠎ᠢᠶᠠᠷ ᠪᠡᠶ᠎ᠡ᠎ᠪᠡᠨ ᠪᠠᠢᠭᠤᠯᠵᠤ᠂ ᠮᠣᠷᠠᠯ᠎ᠢᠶᠠᠷ ᠰᠤᠷᠤᠯᠴᠠᠯᠭ᠎ᠠ᠎ᠪᠠᠨ ᠪᠠᠢᠭᠤᠯᠵᠤ᠂ ᠮᠣᠷᠠᠯ᠎ᠢᠶᠠᠷ ᠵᠢᠭᠠᠨ ᠰᠤᠷᠭᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠋᠎ᠢᠶᠠᠷ ᠲᠠᠬᠢᠨ ᠰᠢᠨ᠎ᠡ ᠭᠠᠪᠢᠶ᠎ᠠ ᠪᠠᠶ᠋ᠢᠭᠤᠯᠬᠤ ᠬᠡᠷᠡᠭᠲᠡᠢ!
       ᠪᠦᠬᠦ ᠪᠠᠭ᠍ᠰᠢ ᠨᠠᠷ ᠪᠠᠶᠠᠷ᠎ᠤᠨ ᠡᠳᠦᠷ᠎ᠲᠡᠬᠡᠨ ᠪᠠᠶᠠᠷ ᠬᠦᠷ᠎ᠲᠠᠢ ᠂ ᠪᠡᠶ᠎ᠡ ᠮᠠᠬᠠᠪᠤᠳ ᠡᠷᠡᠭᠦᠯ ᠴᠢᠭᠢᠷᠠᠭ ᠂ ᠠᠵᠢᠯ ᠦᠢᠯᠡᠰ ᠤᠷᠤᠭᠰᠢᠲᠠᠢ ᠂ ᠭᠡᠷ ᠬᠣᠲᠠᠯᠠᠭᠠᠷ᠎ᠢᠶᠠᠨ ᠵᠣᠯ ᠵᠢᠷᠭᠠᠯ᠎ᠲᠠᠢ ᠪᠠᠢᠬᠤ᠎ᠶᠢ ᠴᠢᠩ ᠰᠡᠳᠬᠢᠯ᠎ᠡᠴᠡ᠎ᠪᠡᠨ ᠢᠷᠦᠭᠡᠶ᠎ᠡ!


                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ 
                ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ
                            2025 ᠣᠨ᠎ᠤ 9 ᠰᠠᠷ᠎ᠠ᠎ᠶᠢᠨ 10᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            