ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢᠶ᠎ᠠ᠎ᠶᠢᠨ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-09-04

《 〈 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 〉 ᠢᠨᠵᠧᠨᠧᠷᠢᠩ᠎ᠦᠨ ᠲᠥᠷᠥ᠎ᠶᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠰᠠᠨᠠᠯ 》 ( ᠥᠪᠥᠷ ᠨᠠᠮ ᠠᠯᠪᠠᠨ ᠲᠠᠷᠬᠠᠭᠠᠭᠰᠠᠨ [ 2024 ] 18 ᠳ᠋ᠤᠭᠠᠷ ᠲᠣᠭᠠᠲᠤ )᠎ᠤᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠬᠠᠷᠢᠶ᠎ᠠ ᠠᠵᠢᠯ ᠦᠢᠯᠡᠰ᠎ᠦᠨ ᠨᠢᠭᠡᠴᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢᠶ᠎ᠠ ᠨᠢ ᠴᠢᠳᠠᠪᠤᠷᠢᠲᠠᠨ ᠡᠯᠰᠡᠬᠦ ᠠᠯᠪᠠᠨ ᠵᠠᠷ ᠨᠡᠢᠲᠡᠯᠡᠬᠦ ᠂ ᠵᠣᠬᠢᠶᠠᠨ ᠪᠠᠢᠭᠤᠯᠵᠤ ᠨᠡᠷ᠎ᠡ ᠮᠡᠳᠡᠭᠦᠯᠵᠦ ᠬᠢᠨᠠᠨ ᠪᠠᠢᠴᠠᠭᠠᠬᠤ᠂ ᠲᠤᠰᠬᠠᠢ ᠮᠡᠷᠭᠡᠵᠢᠯᠲᠡᠨ᠎ᠡᠴᠡ ᠦᠨᠡᠯᠡᠨ ᠵᠢᠱ᠌ᠢᠵᠦ ᠮᠠᠭᠠᠳᠯᠠᠨ ᠲᠣᠭᠲᠠᠭᠠᠬᠤ ᠂ ᠬᠢᠨᠠᠨ ᠪᠠᠢᠴᠠᠭᠠᠬᠤ ᠂ ᠪᠡᠶ᠎ᠡ᠎ᠶᠢᠨ ᠪᠠᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ᠎ᠢᠶᠠᠷ ᠳᠡᠮᠵᠢᠨ ᠂ ᠨᠡᠶ᠋ᠢᠲᠡ 1 ᠬᠥᠮᠥᠨ ᠣᠷᠣᠭᠤᠯᠤᠨ ᠠᠪᠴᠢᠷᠠᠬᠤ᠎ᠪᠠᠷ ᠪᠠᠢᠭ᠎ᠠ ᠴᠢᠳᠠᠪᠤᠷᠢᠲᠠᠨ᠎ᠤ ᠬᠡᠪᠴᠢᠶᠡᠨ᠎ᠳᠦ ᠣᠷᠣᠵᠤ ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠠᠵᠢᠯᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠢᠭ᠎ᠠ ᠨᠢᠭᠡᠴᠢ᠎ᠶᠢ ᠢᠯᠡ ᠨᠡᠢᠲᠡᠯᠡᠨ᠎ᠡ᠃

ᠨᠢᠭᠡ ᠂ ᠢᠯᠡ ᠨᠡᠢᠲᠡᠯᠡᠬᠦ ᠡᠲᠡᠭᠡᠳ

ᠸᠠᠩ ᠰᠢᠩ ᠶᠤᠸᠠᠢ ᠂ ᠡᠮᠡᠭᠲᠡᠢ ᠂ ᠬᠢᠲᠠᠳ ᠦᠨᠳᠦᠰᠦᠲᠡᠨ ᠂ 1993 ᠣᠨ᠎ᠤ 3 ᠰᠠᠷ᠎ᠠ᠎ᠳᠤ ᠳᠦᠷᠦᠵᠡᠶ ᠂ ᠳ᠋ᠣᠺᠲ᠋ᠣᠷᠠᠨᠲ ᠂ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳ᠋ᠣᠺᠲ᠋ᠣᠷ ᠴᠣᠯᠠ᠎ᠲᠠᠢ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢᠶ᠎ᠠ᠎ᠶᠢᠨ ᠦᠷᠡᠵᠢᠯ᠎ᠦᠨ ᠠᠨᠠᠭᠠᠬᠤ ᠤᠬᠠᠭᠠᠨ᠎ᠤ ᠲᠥᠪ᠎ᠦᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠳᠤ ᠤᠷᠢᠨ ᠬᠡᠷᠡᠭᠯᠡᠬᠦ᠎ᠪᠡᠷ ᠪᠣᠢ᠃

ᠬᠣᠶᠠᠷ᠂ ᠢᠯᠡ ᠨᠡᠢᠲᠡᠯᠡᠬᠦ ᠴᠠᠭ

2025 ᠣᠨ᠎ᠤ 9 ᠰᠠᠷ᠎ᠠ᠎ᠶᠢᠨ 16 ᠡᠴᠡ 2025 ᠣᠨ᠎ᠤ 9 ᠰᠠᠷ᠎ᠠ᠎ᠶᠢᠨ 22᠎ᠤᠨ ᠡᠳᠦᠷ ᠪᠣᠯᠲᠠᠯ᠎ᠠ᠃

ᠭᠤᠷᠪᠠ ᠂ ᠬᠦᠯᠢᠶᠡᠨ ᠠᠪᠬᠤ ᠬᠡᠯᠪᠡᠷᠢ ᠵᠢᠴᠢ ᠬᠦᠯᠢᠶᠡᠨ ᠠᠪᠬᠤ ᠴᠠᠭ

ᠨᠢᠭᠡᠴᠢ ᠪᠠ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ ᠨᠡᠢᠲᠡᠯᠡᠭᠰᠡᠨ ᠡᠲᠡᠭᠡᠳ᠎ᠦᠨ ᠬᠣᠯᠪᠣᠭᠳᠠᠯ ᠪᠦᠬᠦᠢ ᠪᠠᠢᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ᠎ᠢ ᠪᠠᠢᠴᠠᠭᠠᠨ ᠬᠠᠷᠭᠤᠭᠤᠯᠬᠤ᠎ᠳᠤ ᠲᠥᠬᠥᠮ ᠦᠵᠡᠭᠦᠯᠬᠦ᠎ᠶᠢᠨ ᠲᠥᠯᠥᠭᠡ᠂ ᠠᠰᠠᠭᠤᠳᠠᠯ᠎ᠢ ᠲᠤᠰᠬᠠᠬᠤ᠎ᠳᠠᠭᠠᠨ ᠬᠣᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ᠎ᠦ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠢᠭ᠎ᠠ ᠨᠢᠭᠡᠴᠢ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠢ᠂ ᠪᠢᠳᠡ ᠨᠢᠭᠤᠴᠠ᠎ᠶᠢ ᠬᠠᠮᠠᠭᠠᠯᠠᠬᠤ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠢᠴᠡᠳᠬᠡᠵᠦ ᠂ ᠬᠢᠨᠠᠨ ᠬᠠᠷᠭᠤᠭᠤᠯᠵᠤ ᠰᠢᠢᠳᠪᠦᠷᠢᠯᠡᠭᠰᠡᠨ ᠪᠠᠢᠳᠠᠯ᠎ᠢᠶᠠᠨ ᠴᠠᠭ ᠲᠤᠬᠠᠢ ᠳ᠋ᠤᠨᠢ ᠬᠠᠷᠢᠭᠤ ᠲᠤᠰᠬᠠᠨ᠎ᠠ᠃

ᠬᠦᠯᠢᠶᠡᠨ ᠠᠪᠬᠤ ᠴᠠᠭ ᠄ ᠦᠳᠡ᠎ᠶᠢᠨ ᠡᠮᠦᠨᠡᠬᠢ 9 ᠄ 00 ︱ 12 ᠄ 00 ᠂

ᠦᠳᠡ᠎ᠶᠢᠨ ᠬᠣᠢᠨᠠᠬᠢ 14 ᠄ 30 ︱ 17 ᠄ 00 ᠃

ᠬᠦᠯᠢᠶᠡᠨ ᠠᠪᠬᠤ ᠤᠲᠠᠰᠤ ᠄ 0471-6946229

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ

       ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ
                      2025 ᠣᠨ᠎ᠤ 9 ᠰᠠᠷ᠎ᠠ᠎ᠶᠢᠨ 4᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            