ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶ᠎ᠠ᠎ᠶᠢᠨ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-09-10

《 〈 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 〉 ᠢᠨᠵᠧᠨᠧᠷᠢᠩ᠎ᠦᠨ ᠲᠥᠷᠥ᠎ᠶᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠰᠠᠨᠠᠯ 》 ( ᠥᠪᠥᠷ ᠨᠠᠮ ᠠᠯᠪᠠᠨ ᠲᠠᠷᠬᠠᠭᠠᠭᠰᠠᠨ [ 2024 ] 18 ᠳ᠋ᠤᠭᠠᠷ ᠲᠣᠭᠠᠲᠤ )᠎ᠤᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠴᠢᠳᠠᠪᠤᠷᠢᠲᠠᠨ ᠡᠯᠰᠡᠬᠦ ᠠᠯᠪᠠᠨ ᠵᠠᠷ ᠨᠡᠢᠲᠡᠯᠡᠬᠦ᠂ ᠵᠣᠬᠢᠶᠠᠨ ᠪᠠᠢᠭᠤᠯᠵᠤ ᠨᠡᠷ᠎ᠡ ᠮᠡᠳᠡᠭᠦᠯᠵᠦ ᠬᠢᠨᠠᠨ ᠪᠠᠢᠴᠠᠭᠠᠬᠤ ᠂ ᠲᠤᠰᠬᠠᠢ ᠮᠡᠷᠭᠡᠵᠢᠯᠲᠡᠨ᠎ᠡᠴᠡ ᠦᠨᠡᠯᠡᠨ ᠵᠢᠱ᠌ᠢᠵᠦ ᠮᠠᠭᠠᠳᠯᠠᠨ ᠲᠣᠭᠲᠠᠭᠠᠬᠤ ᠂ ᠬᠢᠨᠠᠨ ᠪᠠᠢᠴᠠᠭᠠᠬᠤ ᠂ ᠪᠡᠶ᠎ᠡ᠎ᠶᠢᠨ ᠪᠠᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ᠎ᠢᠶᠠᠷ ᠳᠡᠮᠵᠢᠨ ᠂ ᠨᠡᠶ᠋ᠢᠲᠡ 7 ᠬᠥᠮᠥᠨ ᠤᠷᠢᠵᠤ ᠣᠷᠣᠭᠤᠯᠬᠤ᠎ᠪᠠᠷ ᠪᠠᠢᠭ᠎ᠠ ᠴᠢᠳᠠᠪᠤᠷᠢᠲᠠᠨ᠎ᠤ ᠬᠡᠪᠴᠢᠶᠡᠨ᠎ᠳᠦ ᠣᠷᠣᠵᠤ ᠂ ᠣᠲᠣ᠌ ᠤᠷᠢᠵᠤ ᠣᠷᠣᠭᠤᠯᠬᠤ᠎ᠪᠠᠷ ᠪᠠᠢᠭ᠎ᠠ ᠳᠡᠭᠡᠳᠦ ᠲᠠᠰ᠎ᠤᠨ ᠠᠵᠢᠯᠲᠠᠨ ᠵᠢᠴᠢ ᠤᠷᠢᠵᠤ ᠣᠷᠣᠭᠤᠯᠬᠤ᠎ᠪᠠᠷ ᠪᠠᠢᠭ᠎ᠠ ᠨᠢᠭᠡᠴᠢ᠎ᠶᠢ ᠢᠯᠡ ᠨᠡᠢᠲᠡᠯᠡᠨ᠎ᠡ᠃

ᠨᠢᠭᠡ ᠂ ᠢᠯᠡ ᠨᠡᠢᠲᠡᠯᠡᠬᠦ ᠡᠲᠡᠭᠡᠳ

ᠮᠠ ᠲᠢᠩ᠂ ᠡᠷᠡᠭᠲᠡᠢ᠂ ᠮᠣᠩᠭᠣᠯ ᠦᠨᠳᠦᠰᠦᠲᠡᠨ᠂ 1994 ᠣᠨ᠎ᠤ 4 ᠰᠠᠷ᠎ᠠ᠎ᠳᠤ ᠲᠦᠷᠦᠵᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠠᠰᠫᠢᠷᠠᠨᠲ᠎ᠤᠨ ᠰᠤᠷᠤᠯᠭ᠎ᠠ᠎ᠶᠢᠨ ᠨᠠᠮᠲᠠᠷ᠎ᠲᠠᠢ᠂ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳ᠋ᠣᠺᠲ᠋ᠣᠷ ᠴᠣᠯᠠ᠎ᠲᠠᠢ᠂ ᠥᠪᠥᠷ ᠮᠣᠩᠭᠣᠯ᠎ᠤᠨ ᠡᠮᠨᠡᠯᠭᠡ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶᠠᠨ᠎ᠤ ᠡᠮ᠎ᠦᠨ ᠰᠤᠳᠤᠯᠤᠯ᠎ᠤᠨ ᠬᠡᠯᠲᠡᠰ᠎ᠦᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ ( ᠡᠮᠨᠡᠯᠭᠡ᠎ᠶᠢᠨ ᠮᠡᠷᠭᠡᠵᠢᠯ᠎ᠦᠨ ᠠᠵᠢᠯ᠎ᠤᠨ ᠪᠠᠢᠷᠢ )᠎ᠳᠤ ᠤᠷᠢᠨ ᠬᠡᠷᠡᠭᠯᠡᠬᠦ᠎ᠪᠡᠷ ᠪᠣᠢ᠃

ᠯᠢ ᠱᠤᠸᠠᠩ ᠱᠤᠸᠠᠩ᠂ ᠡᠮᠡᠭᠲᠡᠢ᠂ ᠬᠢᠲᠠᠳ ᠦᠨᠳᠦᠰᠦᠲᠡᠨ᠂ 1985 ᠣᠨ᠎ᠤ 11 ᠰᠠᠷ᠎ᠠ᠎ᠳᠤ ᠲᠦᠷᠦᠵᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠠᠰᠫᠢᠷᠠᠨᠲ᠎ᠤᠨ ᠰᠤᠷᠤᠯᠭ᠎ᠠ᠎ᠶᠢᠨ ᠨᠠᠮᠲᠠᠷ᠎ᠲᠠᠢ᠂ ᠲᠠᠷᠢᠶᠠᠯᠠᠩ᠎ᠤᠨ ᠤᠬᠠᠭᠠᠨ᠎ᠤ ᠳ᠋ᠣᠺᠲ᠋ᠣᠷ ᠴᠣᠯᠠ᠎ᠲᠠᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶᠠᠨ᠎ᠤ ᠦᠷᠡᠵᠢᠯ᠎ᠦᠨ ᠠᠨᠠᠭᠠᠬᠤ ᠤᠬᠠᠭᠠᠨ᠎ᠤ ᠲᠥᠪ᠎ᠦᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ ( ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯ᠎ᠤᠨ ᠪᠠᠢᠷᠢ )᠎ᠳᠤ ᠤᠷᠢᠨ ᠬᠡᠷᠡᠭᠯᠡᠬᠦ᠎ᠪᠡᠷ ᠪᠣᠢ᠃

ᠨᠠᠷᠠᠨᠭᠡᠷᠡᠯ᠂ ᠡᠮᠡᠭᠲᠡᠢ᠂ ᠮᠣᠩᠭᠣᠯ ᠦᠨᠳᠦᠰᠦᠲᠡᠨ᠂ 1995 ᠣᠨ᠎ᠤ 2 ᠰᠠᠷ᠎ᠠ᠎ᠳᠤ ᠲᠦᠷᠦᠵᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠠᠰᠫᠢᠷᠠᠨᠲ᠎ᠤᠨ ᠰᠤᠷᠤᠯᠭ᠎ᠠ᠎ᠶᠢᠨ ᠨᠠᠮᠲᠠᠷ᠎ᠲᠠᠢ᠂ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳ᠋ᠣᠺᠲ᠋ᠣᠷ ᠴᠣᠯᠠ᠎ᠲᠠᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶᠠᠨ᠎ᠤ ᠦᠷᠡᠵᠢᠯ᠎ᠦᠨ ᠠᠨᠠᠭᠠᠬᠤ ᠤᠬᠠᠭᠠᠨ᠎ᠤ ᠲᠥᠪ᠎ᠦᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ ( ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯ᠎ᠤᠨ ᠪᠠᠢᠷᠢ ) ᠳ᠋ᠦ᠍ ᠤᠷᠢᠨ ᠬᠡᠷᠡᠭᠯᠡᠬᠦ᠎ᠪᠡᠷ ᠪᠣᠢ᠃

ᠰᠦᠨ ᠶᠠ ᠷᠤ᠌᠂ ᠡᠮᠡᠭᠲᠡᠢ᠂ ᠬᠢᠲᠠᠳ ᠦᠨᠳᠦᠰᠦᠲᠡᠨ᠂ 1993 ᠣᠨ᠎ᠤ 3 ᠰᠠᠷ᠎ᠠ᠎ᠳᠤ ᠲᠦᠷᠦᠵᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠠᠰᠫᠢᠷᠠᠨᠲ᠎ᠤᠨ ᠰᠤᠷᠤᠯᠭ᠎ᠠ᠎ᠶᠢᠨ ᠨᠠᠮᠲᠠᠷ᠎ᠲᠠᠢ᠂ ᠠᠨᠠᠭᠠᠬᠤ ᠤᠬᠠᠭᠠᠨ᠎ᠤ ᠳ᠋ᠣᠺᠲ᠋ᠣᠷ ᠴᠣᠯᠠ᠎ᠲᠠᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶᠠᠨ᠎ᠤ ᠨᠢᠳᠦᠨ ᠬᠠᠷᠠᠭᠠᠨ᠎ᠤ ᠭᠡᠷᠡᠯ᠎ᠦᠨ ᠲᠥᠪ᠎ᠦᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ ( ᠶᠡᠬᠡ ᠡᠮᠴᠢ᠎ᠶᠢᠨ ᠠᠵᠢᠯ᠎ᠤᠨ ᠪᠠᠢᠷᠢ) ᠳ᠋ᠦ᠍ ᠤᠷᠢᠨ ᠬᠡᠷᠡᠭᠯᠡᠬᠦ᠎ᠪᠡᠷ ᠪᠣᠢ᠃

ᠸᠠᠩ ᠰᠦ᠍ ᠬᠤᠸᠠᠢ ᠂ ᠡᠮᠡᠭᠲᠡᠢ ᠂ ᠬᠢᠲᠠᠳ ᠦᠨᠳᠦᠰᠦᠲᠡᠨ ᠂ 1995 ᠣᠨ᠎ᠤ 11 ᠰᠠᠷ᠎ᠠ᠎ᠳᠤ ᠳᠦᠷᠦᠵᠡᠶ ᠂ ᠣᠯᠠᠨ ᠲᠦᠮᠡᠨ ᠂ ᠠᠰᠫᠢᠷᠠᠨᠲ᠎ᠤᠨ ᠰᠤᠷᠤᠯᠭ᠎ᠠ᠎ᠶᠢᠨ ᠨᠠᠮᠲᠠᠷ᠎ᠲᠠᠢ ᠂ ᠡᠮᠴᠢᠯᠡᠭᠡᠨ᠎ᠦ ᠠᠨᠠᠭᠠᠬᠤ ᠤᠬᠠᠭᠠᠨ᠎ᠤ ᠳ᠋ᠣᠺᠲ᠋ᠣᠷ ᠴᠣᠯᠠ᠎ᠲᠠᠢ ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶᠠᠨ᠎ᠤ ᠵᠢᠷᠦᠬᠡ ᠴᠢᠰᠤᠨ ᠰᠤᠳᠠᠯ᠎ᠤᠨ ᠳᠣᠲᠣᠷ ᠰᠠᠯᠠᠭᠠᠨ᠎ᠤ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ ( ᠡᠮᠴᠢ᠎ᠶᠢᠨ ᠠᠵᠢᠯ᠎ᠤᠨ ᠪᠠᠢᠷᠢ )᠎ᠳᠤ ᠤᠷᠢᠨ ᠬᠡᠷᠡᠭᠯᠡᠬᠦ᠎ᠪᠡᠷ ᠪᠣᠢ᠃

ᠷᠧᠨ ᠢ ᠂ ᠡᠮᠡᠭᠲᠡᠢ ᠂ ᠬᠢᠲᠠᠳ ᠦᠨᠳᠦᠰᠦᠲᠡᠨ ᠂ 1995 ᠣᠨ᠎ᠤ 5 ᠰᠠᠷ᠎ᠠ᠎ᠳᠤ ᠳᠦᠷᠦᠵᠡᠶ ᠂ ᠣᠯᠠᠨ ᠲᠦᠮᠡᠨ ᠂ ᠠᠰᠫᠢᠷᠠᠨᠲ᠎ᠤᠨ ᠰᠤᠷᠤᠯᠭ᠎ᠠ᠎ᠶᠢᠨ ᠨᠠᠮᠲᠠᠷ᠎ᠲᠠᠢ ᠂ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳ᠋ᠣᠺᠲ᠋ᠣᠷ ᠴᠣᠯᠠ᠎ᠲᠠᠢ ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶ᠎ᠠ᠎ᠶᠢᠨ ᠡᠮᠴᠢᠯᠡᠭᠡᠨ᠎ᠦ ᠰᠢᠯᠭᠠᠨ ᠪᠠᠢᠴᠠᠭᠠᠬᠤ ᠲᠥᠪ᠎ᠦᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ ( ᠠᠨᠠᠭᠠᠬᠤ ᠤᠬᠠᠭᠠᠨ᠎ᠤ ᠠᠵᠢᠯ᠎ᠤᠨ ᠪᠠᠢᠷᠢ )᠎ᠳᠤ ᠤᠷᠢᠨ ᠬᠡᠷᠡᠭᠯᠡᠬᠦ᠎ᠪᠡᠷ ᠪᠣᠢ᠃

ᠯᠢ ᠵᠠᠨ ᠪᠢᠨ ᠂ ᠡᠷᠡᠭᠲᠡᠢ ᠂ ᠬᠢᠲᠠᠳ ᠦᠨᠳᠦᠰᠦᠲᠡᠨ ᠂ 1990 ᠣᠨ᠎ᠤ 8 ᠰᠠᠷ᠎ᠠ᠎ᠳᠤ ᠳᠦᠷᠦᠵᠡᠶ ᠂ ᠣᠯᠠᠨ ᠲᠦᠮᠡᠨ ᠂ ᠠᠰᠫᠢᠷᠠᠨᠲ᠎ᠤᠨ ᠰᠤᠷᠤᠯᠭ᠎ᠠ᠎ᠶᠢᠨ ᠨᠠᠮᠲᠠᠷ᠎ᠲᠠᠢ ᠂ ᠠᠨᠠᠭᠠᠬᠤ ᠤᠬᠠᠭᠠᠨ᠎ᠤ ᠳ᠋ᠣᠺᠲ᠋ᠣᠷ ᠴᠣᠯᠠ᠎ᠲᠠᠢ ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶᠠᠨ᠎ᠤ ᠳᠣᠲᠣᠭᠠᠳᠤ ᠰᠢᠭᠦᠷᠡᠯ᠎ᠦᠨ ᠰᠠᠯᠠᠭᠠᠨ᠎ᠤ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ ( ᠡᠮᠴᠢ᠎ᠶᠢᠨ ᠠᠵᠢᠯ᠎ᠤᠨ ᠪᠠᠢᠷᠢ )᠎ᠳᠤ ᠤᠷᠢᠨ ᠬᠡᠷᠡᠭᠯᠡᠬᠦ᠎ᠪᠡᠷ ᠪᠣᠢ᠃

ᠬᠣᠶᠠᠷ᠂ ᠢᠯᠡ ᠨᠡᠢᠲᠡᠯᠡᠬᠦ ᠴᠠᠭ

2025 ᠣᠨ᠎ᠤ 9 ᠰᠠᠷ᠎ᠠ᠎ᠶᠢᠨ 9᠎ᠦ ᠡᠳᠦᠷ᠎ᠡᠴᠡ 2025 ᠣᠨ᠎ᠤ 9 ᠰᠠᠷ᠎ᠠ᠎ᠶᠢᠨ 15᠎ᠤ ᠡᠳᠦᠷ ᠪᠤᠯᠳᠠᠯ᠎ᠠ᠃

ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶᠢᠭ᠋

ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ ᠨᠡᠢᠲᠡᠯᠡᠭᠰᠡᠨ ᠡᠲᠡᠭᠡᠳ᠎ᠦᠨ ᠬᠣᠯᠪᠣᠭᠳᠠᠯ ᠪᠦᠬᠦᠢ ᠪᠠᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠲᠤᠰᠬᠠᠭᠰᠠᠨ ᠮᠠᠲᠧᠷᠢᠶᠠᠯ᠎ᠳᠤ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ ᠨᠡᠷ᠎ᠡ᠎ᠪᠡᠨ ᠪᠢᠴᠢᠬᠦ᠎ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠡᠨ ᠬᠠᠩᠭᠠᠬᠤ ᠬᠡᠷᠡᠭᠲᠡᠢ᠃

ᠬᠦᠯᠢᠶᠡᠨ ᠠᠪᠬᠤ ᠤᠲᠠᠰᠤ ᠄ 0471-6946229

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ

      ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠎ᠶᠢᠨ ᠲᠢᠩᠬᠢᠮ

           2025 ᠣᠨ᠎ᠤ 9 ᠰᠠᠷ᠎ᠠ᠎ᠶᠢᠨ 9᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            