ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠬᠠᠷᠢᠶ᠎ᠠ ᠠᠵᠢᠯ ᠦᠢᠯᠡᠰ᠎ᠦᠨ ᠨᠢᠭᠡᠴᠢ᠎ᠶᠢᠨ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-12-10

      《 〈 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 〉 ᠢᠨᠵᠧᠨᠧᠷᠢᠩ᠎ᠦᠨ ᠲᠥᠷᠥ᠎ᠶᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠰᠠᠨᠠᠯ 》 ( ᠥᠪᠥᠷ ᠨᠠᠮ ᠠᠯᠪᠠᠨ ᠲᠠᠷᠬᠠᠭᠠᠭᠰᠠᠨ 〔2024〕18 ᠳ᠋ᠤᠭᠠᠷ ᠲᠣᠭᠠᠲᠤ )᠂ 《 ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢᠯᠡᠰ᠎ᠦᠨ ᠨᠢᠭᠡᠴᠢ᠎ᠶᠢᠨ 〈 ᠰᠠᠭᠠᠳ ᠦᠭᠡᠢ ᠨᠡᠪᠲᠡᠷᠡᠬᠦ ᠵᠠᠮ 〉᠎ᠢᠶᠠᠷ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠣᠯᠪᠣᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠭᠤᠯᠤᠮᠵᠢ᠎ᠶᠢᠨ ᠣᠷᠣᠨ ᠲᠣᠭᠠᠨ᠎ᠤ ᠵᠥᠪᠯᠡᠯ᠎ᠦᠨ ᠠᠯᠪᠠᠨ ᠭᠡᠷ᠎ᠦᠨ ᠮᠡᠳᠡᠭᠳᠡᠯ 》 ( ᠥᠪᠥᠷ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠲᠠᠷᠬᠠᠭᠠᠭᠰᠠᠨ [2025] 10 ᠳ᠋ᠤᠭᠠᠷ ᠲᠣᠭᠠᠲᠤ )᠎ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠬᠠᠷᠢᠶ᠎ᠠ ᠠᠵᠢᠯ ᠦᠢᠯᠡᠰ᠎ᠦᠨ ᠨᠢᠭᠡᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢᠶ᠎ᠠ ᠴᠢᠳᠠᠪᠤᠷᠢᠲᠠᠨ ᠡᠯᠰᠡᠬᠦ ᠠᠯᠪᠠᠨ ᠵᠠᠷᠯᠠᠯ ᠨᠡᠢᠲᠡᠯᠡᠬᠦ᠂ ᠵᠣᠬᠢᠶᠠᠨ ᠪᠠᠢᠭᠤᠯᠵᠤ ᠨᠡᠷ᠎ᠡ ᠮᠡᠳᠡᠭᠦᠯᠵᠦ ᠬᠢᠨᠠᠨ ᠪᠠᠢᠴᠠᠭᠠᠬᠤ᠂ ᠲᠤᠰᠬᠠᠢ ᠮᠡᠷᠭᠡᠵᠢᠯᠲᠡᠨ᠎ᠠᠴᠠ ᠦᠨᠡᠯᠡᠨ ᠵᠢᠱ᠌ᠢᠵᠦ ᠮᠠᠭᠠᠳᠯᠠᠨ ᠲᠣᠭᠲᠠᠭᠠᠬᠤ᠂ ᠬᠢᠨᠠᠨ ᠪᠠᠢᠴᠠᠭᠠᠬᠤ᠂ ᠪᠡᠶ᠎ᠡ᠎ᠶᠢᠨ ᠪᠠᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ᠎ᠢᠶᠠᠷ ᠳᠡᠮᠵᠢᠨ᠂ ᠨᠡᠢᠳᠡ 2 ᠬᠥᠮᠥᠨ ᠣᠷᠣᠭᠤᠯᠤᠨ ᠠᠪᠴᠢᠷᠠᠬᠤ᠎ᠪᠠᠷ ᠪᠠᠢᠭ᠎ᠠ ᠴᠢᠳᠠᠪᠤᠷᠢᠲᠠᠨ᠎ᠤ ᠬᠡᠪᠴᠢᠶᠡᠨ᠎ᠳᠦ ᠣᠷᠣᠵᠤ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ ᠳᠠᠪᠬᠤᠷᠭ᠎ᠠ᠎ᠶᠢᠨ ᠠᠵᠢᠯᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠢᠭ᠎ᠠ ᠨᠢᠭᠡᠴᠢ᠎ᠶᠢ ᠢᠯᠡ ᠨᠡᠢᠲᠡᠯᠡᠨ᠎ᠡ᠃
      ᠨᠢᠭᠡ᠂ ᠢᠯᠡ ᠨᠡᠢᠲᠡᠯᠡᠬᠦ ᠡᠲᠡᠭᠡᠳ
      ᠦ᠋ ᠮᠠᠨ ᠳᠢ᠂ ᠡᠮᠡᠭᠲᠡᠢ᠂ 1997 ᠣᠨ᠎ᠤ 2 ᠰᠠᠷ᠎ᠠ᠎ᠳᠤ ᠲᠦᠷᠦᠵᠡᠢ᠂ ᠰᠢᠶᠠᠩᠭᠠᠩ᠎ᠤᠨ ᠬᠤᠳᠠ᠎ᠶᠢᠨ ᠶᠡᠬᠡ ᠰᠤᠷᠭᠠᠭᠤᠯᠢ᠎ᠶᠢᠨ ᠠᠮᠢᠳᠤ ᠪᠣᠳᠠᠰ᠎ᠤᠨ ᠤᠬᠠᠭᠠᠨ ( ᠠᠮᠢᠳᠤ ᠪᠣᠳᠠᠰ᠎ᠤᠨ ᠠᠨᠠᠭᠠᠬᠤ ᠤᠬᠠᠭᠠᠨ )᠎ᠤ ᠲᠤᠰᠬᠠᠢ ᠮᠡᠷᠭᠡᠵᠢᠯ᠎ᠦᠨ ᠳ᠋ᠣᠺᠲ᠋ᠣᠷᠠᠨᠲ᠎ᠤᠨ ᠰᠤᠷᠤᠯᠭ᠎ᠠ᠎ᠶᠢᠨ ᠨᠠᠮᠲᠠᠷ᠎ᠲᠠᠢ᠂ ᠳ᠋ᠣᠺᠲ᠋ᠣᠷ ᠴᠣᠯᠠ᠎ᠲᠠᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠰᠠᠭᠤᠷᠢ ᠠᠨᠠᠭᠠᠬᠤ ᠤᠬᠠᠭᠠᠨ᠎ᠤ ᠰᠤᠳᠤᠯᠭᠠᠨ᠎ᠤ ᠭᠠᠵᠠᠷ᠎ᠤᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠳᠤ ᠤᠷᠢᠭ᠍ᠳᠠᠬᠤ᠎ᠪᠠᠷ ᠪᠣᠢ᠃
      ᠸᠸᠨ ᠮᠠᠨ ᠢ᠂ ᠡᠮᠡᠭᠲᠡᠢ᠂ 1995 ᠣᠨ᠎ᠤ 1 ᠰᠠᠷ᠎ᠠ᠎ᠳᠤ ᠳᠦᠷᠦᠵᠡᠶ᠂ ᠰᠢᠶᠠᠩᠭᠠᠩ᠎ᠤᠨ ᠬᠢᠲᠠᠳ ᠬᠡᠯᠡᠨ᠎ᠦ ᠶᠡᠬᠡ ᠰᠤᠷᠭᠠᠭᠤᠯᠢ᠎ᠶᠢᠨ ᠬᠢᠮᠢ᠎ᠶᠢᠨ ᠡᠪᠡᠳᠴᠢᠨ᠎ᠦ ᠵᠦᠢ᠎ᠶᠢᠨ ᠲᠤᠰᠬᠠᠢ ᠮᠡᠷᠭᠡᠵᠢᠯ᠎ᠦᠨ ᠳ᠋ᠣᠺᠲ᠋ᠣᠷᠠᠨᠲ᠎ᠤᠨ ᠰᠤᠷᠤᠯᠭ᠎ᠠ᠎ᠶᠢᠨ ᠨᠠᠮᠲᠠᠷ᠎ᠲᠠᠢ᠂ ᠳ᠋ᠣᠺᠲ᠋ᠣᠷ ᠴᠣᠯᠠ᠎ᠲᠠᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠰᠠᠭᠤᠷᠢ ᠠᠨᠠᠭᠠᠬᠤ ᠤᠬᠠᠭᠠᠨ᠎ᠤ ᠰᠤᠳᠤᠯᠭᠠᠨ᠎ᠤ ᠭᠠᠵᠠᠷ᠎ᠤᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠳᠤ ᠤᠷᠢᠭ᠍ᠳᠠᠬᠤ᠎ᠪᠠᠷ ᠪᠣᠢ᠃
      ᠬᠣᠶᠠᠷ᠂ ᠢᠯᠡ ᠨᠡᠢᠲᠡᠯᠡᠬᠦ ᠴᠠᠭ
      2025 ᠣᠨ᠎ᠤ 12 ᠰᠠᠷ᠎ᠠ᠎ᠶᠢᠨ 4᠎ᠦ ᠡᠳᠦᠷ᠎ᠡᠴᠡ 2025 ᠣᠨ᠎ᠤ 12 ᠰᠠᠷ᠎ᠠ᠎ᠶᠢᠨ 10᠎ᠤᠨ ᠡᠳᠦᠷ ᠪᠤᠯᠳᠠᠯ᠎ᠠ
      ᠭᠤᠷᠪᠠ᠂ ᠬᠦᠯᠢᠶᠡᠨ ᠠᠪᠬᠤ ᠬᠡᠯᠪᠡᠷᠢ ᠵᠢᠴᠢ ᠬᠦᠯᠢᠶᠡᠨ ᠠᠪᠬᠤ ᠴᠠᠭ
      ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ ᠨᠡᠢᠲᠡᠯᠡᠭᠰᠡᠨ ᠡᠲᠡᠭᠡᠳ᠎ᠦᠨ ᠬᠣᠯᠪᠣᠭᠳᠠᠯ ᠪᠦᠬᠦᠢ ᠪᠠᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠲᠤᠰᠬᠠᠭᠰᠠᠨ ᠮᠠᠲᠧᠷᠢᠶᠠᠯ᠎ᠳᠦ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ ᠨᠡᠷ᠎ᠡ᠎ᠪᠡᠨ ᠪᠢᠴᠢᠬᠦ᠎ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠡᠨ ᠬᠠᠩᠭᠠᠬᠤ ᠬᠡᠷᠡᠭᠲᠡᠢ᠃
      ᠬᠦᠯᠢᠶᠡᠨ ᠠᠪᠬᠤ ᠴᠠᠭ᠄ ᠦᠳᠡ᠎ᠶᠢᠨ ᠡᠮᠦᠨᠡᠬᠢ 9 ᠄ 00 ︱ 12 ᠄ 00᠂ ᠦᠳᠡ᠎ᠶᠢᠨ ᠬᠣᠢᠨᠠᠬᠢ 14 ᠄ 30 ︱ 17 ᠄ 00᠃
      ᠬᠦᠯᠢᠶᠡᠨ ᠠᠪᠬᠤ ᠤᠲᠠᠰᠤ᠄ 0471-6946229
                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ 
                  ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ
                        2025 ᠣᠨ᠎ᠤ 12 ᠰᠠᠷ᠎ᠠ᠎ᠶᠢᠨ 3᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            