ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ + ᠬᠥᠳᠡᠯᠮᠦᠷᠢ ᠦᠢᠯᠡᠴᠢᠯᠡᠭᠡᠨ᠎ᠦ 《 ᠬᠣᠣᠰ ᠨᠠᠷᠠᠲᠤ ᠲᠥᠷᠥᠯ ᠲᠡᠮᠳᠡᠭ 》᠎ᠦᠨ ᠲᠤᠬᠠᠢ ᠢᠯᠡ ᠨᠡᠢᠲᠡᠯᠡᠯ
ᠨᠡᠶ᠋ᠢᠲᠡᠯᠡᠭᠰᠡᠨ ᠴᠠᠭ᠄ 2025-12-16

      《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ + ᠬᠥᠳᠡᠯᠮᠦᠷᠢ ᠦᠢᠯᠡᠴᠢᠯᠡᠭᠡᠨ᠎ᠦ 〈 ᠬᠣᠣᠰ ᠨᠠᠷᠠᠲᠤ ᠲᠥᠷᠥᠯ ᠲᠡᠮᠳᠡᠭ 〉᠎ᠢ ᠡᠯᠰᠡᠬᠦ ᠠᠵᠢᠯ ᠥᠷᠨᠢᠭᠦᠯᠬᠦ ᠲᠤᠬᠠᠢ ᠮᠡᠳᠡᠭᠳᠡᠯ 》 ( ᠥᠪᠥᠷ ᠬᠥᠮᠥᠨ ᠨᠡᠢᠭᠡᠮ ᠠᠯᠪᠠᠨ ᠲᠠᠷᠬᠠᠭᠠᠭᠰᠠᠨ [ 2025 ] 111 ᠳ᠋ᠦ᠍ᠭᠡᠷ ᠲᠣᠭᠠᠲᠤ )᠎ᠤᠨ ᠱᠠᠭᠠᠷᠳᠠᠯᠭ᠎ᠠ ᠶᠣᠰᠣᠭᠠᠷ᠂ ᠡᠯ᠎ᠡ ᠠᠢᠮᠠᠭ ᠬᠣᠲᠠ᠎ᠶᠢᠨ ᠪᠠᠲᠤᠯᠠᠨ ᠲᠠᠨᠢᠯᠴᠠᠭᠤᠯᠵᠤ ᠮᠡᠳᠡᠭᠦᠯᠦᠨ ᠬᠦᠷᠭᠡᠭᠰᠡᠨ ᠰᠠᠭᠤᠷᠢᠨ ᠳᠡᠭᠡᠷ᠎ᠡ᠂ ᠲᠤᠰᠬᠠᠢ ᠮᠡᠷᠭᠡᠵᠢᠯᠲᠡᠨ᠎ᠢᠶᠡᠷ ᠬᠢᠨᠠᠨ ᠬᠠᠷᠭᠤᠭᠤᠯᠤᠭᠤᠯᠵᠤ ᠰᠤᠳᠤᠯᠤᠭᠰᠠᠨ᠎ᠤ ᠳᠠᠷᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ 14 ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ + ᠬᠥᠳᠡᠯᠮᠦᠷᠢ ᠦᠢᠯᠡᠴᠢᠯᠡᠭᠡᠨ᠎ᠦ 《 ᠬᠣᠣᠰ ᠨᠠᠷᠠᠲᠤ ᠲᠥᠷᠥᠯ ᠲᠡᠮᠳᠡᠭ 》᠎ᠢ ᠨᠡᠢᠲᠡᠯᠡᠬᠦ᠎ᠪᠡᠷ ᠪᠣᠶ᠂ ᠡᠳᠦᠭᠡ ᠢᠯᠡ ᠨᠡᠢᠲᠡᠯᠡᠨ᠎ᠡ᠃ ᠨᠡᠷᠡᠰ ᠨᠢ ᠳᠣᠣᠷᠠᠬᠢ ᠮᠡᠲᠦ᠄
      ( ᠨᠢᠭᠡ ) ᠬᠥᠬᠡᠬᠣᠲᠠ ( 3 )
      ᠬᠥᠬᠡᠬᠣᠲᠠ᠎ᠶᠢᠨ ᠯᠢ ᠶᠠᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ  ᠵᠢᠰᠦ ᠭᠣᠶᠣᠯᠠᠭ᠍ᠴᠢ ︱ ᠴᠢᠩ ᠴᠧᠩ ᠭᠣᠶᠣᠯᠠᠯ ᠵᠠᠰᠠᠯ
      ᠥᠪᠥᠷ ᠮᠣᠩᠭᠣᠯ᠎ᠤᠨ ᠽᠠᠨ ᠯᠠᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ  ᠣᠶᠣᠳᠠᠯ᠎ᠤᠨ ᠠᠵᠢᠯᠴᠢᠨ ︱ ᠤᠮᠠᠷᠠᠲᠤ ᠬᠢᠯᠢ᠎ᠶᠢᠨ ᠬᠤᠪᠴᠠᠰᠤ ᠵᠠᠰᠠᠯ᠎ᠤᠨ ᠳᠠᠷᠬᠠᠨ
      ᠬᠥᠬᠡᠬᠣᠲᠠ᠎ᠶᠢᠨ ᠵᠢᠨ ᠬᠤᠸᠠ ᠶᠢᠩ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ  ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠮᠡᠷᠭᠡᠵᠢᠯᠲᠡᠨ ︱ ᠬᠥᠬᠡᠬᠣᠲᠠ ᠡᠯᠧᠺᠲᠷᠣᠨ ᠬᠤᠳᠠᠯᠳᠤᠭᠠᠨ᠎ᠤ ᠰᠢᠭᠤᠳ ᠨᠡᠪᠲᠡᠷᠡᠭᠦᠯᠭᠡ᠎ᠶᠢᠨ ᠡᠭᠦᠯᠡᠨ ᠦᠢᠯᠡᠰ ᠴᠣᠭᠴᠠᠯᠠᠯᠲᠠ
      ( ᠬᠣᠶᠠᠷ ) ᠬᠥᠯᠥᠨ ᠪᠣᠶ᠋ᠢᠷ ᠬᠣᠲᠠ ( 1 )
      ᠬᠥᠯᠥᠨ ᠪᠣᠶ᠋ᠢᠷ᠎ᠤᠨ ᠸᠧᠨ ᠰᠢᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ   ᠸᠧᠨ ᠰᠢᠨ ᠭᠡᠷ ᠠᠬᠤᠢ᠎ᠶᠢᠨ ᠦᠢᠯᠡᠴᠢᠯᠡᠭᠡ ︱ ᠲᠠᠯ᠎ᠠ ᠨᠤᠲᠤᠭ᠎ᠤᠨ ᠰᠣᠳᠣᠨ ᠡᠮᠡᠭᠲᠡᠢ
      ( ᠭᠤᠷᠪᠠ ) ᠲᠦᠩᠯᠢᠶᠣᠣ ᠬᠣᠲᠠ ( 1 )
      ᠲᠦᠩᠯᠢᠶᠣᠣ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ  ᠨᠠᠰᠤᠵᠢᠯ᠎ᠤᠨ ᠠᠰᠠᠷᠠᠮᠵᠢ᠎ᠶᠢᠨ ᠠᠰᠠᠷᠠᠭ᠍ᠴᠢ ︱ ᠲᠦᠩ ᡁᠢ ᠨᠠᠰᠤᠵᠢᠯ᠎ᠤᠨ ᠠᠰᠠᠷᠠᠮᠵᠢ᠎ᠶᠢᠨ ᠠᠰᠠᠷᠠᠭ᠍ᠴᠢ
      ( ᠳᠥᠷᠪᠡ ) ᠤᠯᠠᠭᠠᠨᠬᠠᠳᠠ ᠬᠣᠲᠠ ( 2 )
      ᠤᠯᠠᠭᠠᠨᠬᠠᠳᠠ᠎ᠶᠢᠨ ᠪᠠᠷᠢᠯᠭ᠎ᠠ᠎ᠶᠢᠨ ᠢᠨᠵᠧᠨᠧᠷᠢᠩ᠎ᠦᠨ ᠰᠤᠷᠭᠠᠭᠤᠯᠢ  ᠪᠠᠷᠢᠯᠭ᠎ᠠ᠎ᠶᠢᠨ ᠠᠵᠢᠯ ( ᠪᠣᠯᠣᠳ ᠰᠢᠷᠪᠦᠰᠦᠨ᠎ᠦ ᠠᠵᠢᠯᠴᠢᠨ/ᠵᠢᠶᠠᠰᠠ᠎ᠶᠢᠨ ᠠᠵᠢᠯᠴᠢᠨ/ᠴᠠᠬᠢᠯᠭᠠᠨ ᠬᠦᠴᠦᠨ ᠴᠠᠬᠢᠯᠭᠠᠨ ᠲᠥᠬᠦᠭᠡᠷᠦᠮᠵᠢ ᠤᠭᠰᠠᠷᠠᠬᠤ ᠠᠵᠢᠯᠴᠢᠨ ) ︱ ᠬᠠᠷᠠᠴᠢᠨ ᠪᠠᠷᠢᠯᠭ᠎ᠠ᠎ᠶᠢᠨ ᠠᠵᠢᠯᠴᠢᠨ
      ᠤᠯᠠᠭᠠᠨᠬᠠᠳᠠ᠎ᠶᠢᠨ ᠬᠤᠩᠱᠠᠨ᠎ᠤ ᠷᠤᠶᠠ ᠠᠵᠢᠯ ᠮᠡᠷᠭᠡᠵᠢᠯ᠎ᠦᠨ ᠰᠤᠷᠭᠠᠭᠤᠯᠢ  ᠵᠢᠰᠦ ᠭᠣᠶᠣᠯᠠᠭ᠍ᠴᠢ ᠭᠡᠵᠢᠭᠡ ᠭᠣᠶᠣᠯᠠᠭ᠍ᠴᠢ ︱ ᠬᠤᠩᠱᠠᠨ᠎ᠤ ᠭᠣᠶᠣᠯᠠᠯ ᠵᠠᠰᠠᠯ᠎ᠤᠨ ᠮᠡᠷᠭᠡᠵᠢᠯᠲᠡᠨ
      ( ᠲᠠᠪᠤ ) ᠰᠢᠯᠢ᠎ᠶᠢᠨ ᠭᠣᠣᠯ ᠠᠢᠮᠠᠭ ( 1 )
      ᠰᠢᠯᠢ᠎ᠶᠢᠨ ᠭᠣᠣᠯ ᠠᠢᠮᠠᠭ᠎ᠤᠨ ᠪᠠᠢ ᠶᠤᠸᠠᠢ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ  ᠭᠠᠷ ᠤᠷᠠᠯᠠᠯ ︱ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷᠠᠨ ᠭᠠᠷ
      ( ᠵᠢᠷᠭᠤᠭ᠎ᠠ ) ᠤᠯᠠᠭᠠᠨᠴᠠᠪ ᠬᠣᠲᠠ ( 1 )
      ᠥᠪᠥᠷ ᠮᠣᠩᠭᠣᠯ᠎ᠤᠨ ᠰᠢᠨ᠎ᠲᠠᠢ ᠠᠵᠤ ᠦᠢᠯᠡᠰ᠎ᠦᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠠᠵᠢᠯᠲᠠᠨ ᠠᠵᠢᠯᠴᠢᠨ᠎ᠤ ᠪᠣᠯᠪᠠᠰᠤᠷᠠᠯ᠎ᠤᠨ ᠲᠥᠪ  ᠴᠠᠬᠢᠯᠭᠠᠨ᠎ᠤ ᠠᠵᠢᠯᠴᠢᠨ ︱ ᠹᠧᠩᠵᠧᠨ᠎ᠤ ᠰᠢᠨ ᠲᠠᠢ ᠴᠠᠬᠢᠯᠭᠠᠨ᠎ᠤ ᠠᠵᠢᠯᠴᠢᠨ
      ( ᠳᠣᠯᠣᠭ᠎ᠠ ) ᠣᠷᠳᠣᠰ ᠬᠣᠲᠠ ( 1 )
      ᠣᠷᠳᠣᠰ ᠬᠣᠲᠠ᠎ᠶᠢᠨ ᠨᠣᠯᠤᠥᠷ᠎ᠤᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ  ᠨᠡᠬᠡᠮᠡᠯ᠎ᠦᠨ ᠰᠢᠷᠬᠡᠭᠯᠢᠭ᠎ᠢ ᠡᠮᠬᠢᠯᠡᠬᠦ ᠠᠵᠢᠯᠴᠢᠨ ︱ ᠣᠷᠳᠣᠰ ᠨᠣᠯᠤᠥᠷ᠎ᠤᠨ ᠳᠠᠷᠬᠠᠨ
      ( ᠨᠠᠢ᠍ᠮᠠ ) ᠪᠠᠶᠠᠨᠨᠠᠭᠤᠷ ᠬᠤᠳᠠ (1)
      ᠬᠠᠩᠭᠢᠨ ᠬᠣᠢᠲᠤ ᠬᠣᠰᠢᠭᠤᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠥᠪ  ᠠᠷᠢᠬᠢ ᠨᠡᠷᠡᠭᠴᠢ – ᠪᠣᠷᠣᠳᠣᠬᠣᠢ ᠠᠷᠢᠬᠢ ᠨᠡᠷᠡᠭᠴᠢ
      ( ᠶᠢᠰᠦ ) ᠦᠬᠠᠢ ᠬᠣᠲᠠ ( 2 )
      ᠦᠬᠠᠢ ᠬᠣᠲᠠ᠎ᠶᠢᠨ ᠶᠦᠨ ᠪᠥᠸᠧ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ  ᠬᠢᠮᠢ᠎ᠶᠢᠨ ᠠᠵᠤ ᠦᠢᠯᠡᠳᠪᠦᠷᠢ᠎ᠶᠢᠨ ᠶᠡᠷᠦᠩᠬᠡᠢ ᠡᠵᠡᠮᠳᠡᠬᠦ ᠠᠵᠢᠯᠴᠢᠨ ︱ ᠦᠬᠠᠢ᠎ᠶᠢᠨ ᠬᠢᠮᠢ᠎ᠶᠢᠨ ᠠᠵᠤ ᠦᠢᠯᠡᠳᠪᠦᠷᠢ᠎ᠶᠢᠨ ᠶᠡᠷᠦᠩᠬᠡᠢ ᠡᠵᠡᠮᠳᠡᠬᠦ ᠳᠠᠷᠬᠠᠨ
      ᠦᠬᠠᠢ ᠬᠣᠲᠠ᠎ᠶᠢᠨ ᠵᠢᠶᠦ᠋ᠨ ᠵᠧᠩ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ  ᠣᠷᠭᠠᠨᠢᠭ᠋ ᠨᠡᠢᠯᠡᠯᠭᠡ᠎ᠶᠢᠨ ᠠᠵᠢᠯᠴᠢᠨ ︱ ᠦᠬᠠᠢ᠎ᠶᠢᠨ BDO ᠨᠡᠢᠯᠡᠯᠭᠡ᠎ᠶᠢᠨ ᠳᠠᠷᠬᠠᠨ
      ( ᠠᠷᠪᠠ ) ᠠᠯᠠᠱᠠ ᠠᠢᠮᠠᠭ ( 1 )
      ᠠᠯᠠᠱᠠ ᠵᠡᠭᠦᠨ ᠬᠣᠰᠢᠭᠤᠨ᠎ᠤ ᠵᠢᠨ ᠯᠢᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ  ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠮᠡᠷᠭᠡᠵᠢᠯᠲᠡᠨ ︱ ᠠᠯᠠᠱᠠ᠎ᠶᠢᠨ ᠬᠠᠴᠢᠨ ᠴᠢᠯᠠᠭᠤ ᠲᠠᠨᠢᠯᠴᠠᠭᠤᠯᠬᠤ ᠲᠤᠰᠢᠶᠠᠯᠲᠠᠨ
      ᠢᠯᠡ ᠨᠡᠢᠲᠡᠯᠡᠬᠦ ᠬᠤᠭᠤᠴᠠᠭ᠎ᠠ ᠨᠢ 2025 ᠣᠨ᠎ᠤ 11 ᠳ᠋ᠦ᠍ᠭᠡᠷ ᠰᠠᠷ᠎ᠠ᠎ᠶᠢᠨ 21᠎ᠦ ᠡᠳᠦᠷ᠎ᠡᠴᠡ 11 ᠳ᠋ᠦ᠍ᠭᠡᠷ ᠰᠠᠷ᠎ᠠ᠎ᠶᠢᠨ 25᠎ᠤ ᠡᠳᠦᠷ ᠪᠣᠯᠲᠠᠯ᠎ᠠ᠂ ᠢᠯᠡ ᠨᠡᠢᠲᠡᠯᠡᠬᠦ ᠬᠤᠭᠤᠴᠠᠭᠠᠨ᠎ᠳᠤ ᠬᠡᠷᠪᠡ ᠣᠨᠳᠣᠣ ᠰᠠᠨᠠᠯ᠎ᠲᠠᠢ ᠪᠠᠢᠪᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠳᠦ ᠪᠢᠴᠢᠭ᠎ᠢᠶᠡᠷ ᠲᠤᠰᠬᠠᠵᠤ᠂ ᠨᠢᠭᠡᠴᠢ᠎ᠶᠢᠨ ᠨᠡᠷ᠎ᠡ᠎ᠪᠡᠷ ᠪᠠᠢᠳᠠᠯ᠎ᠢ ᠲᠤᠰᠬᠠᠭᠰᠠᠨ ᠮᠠᠲᠧᠷᠢᠶᠠᠯ ᠪᠦᠬᠦᠨ᠎ᠳᠦ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ᠎ᠦ ᠨᠡᠷ᠎ᠡ᠎ᠪᠡᠷ ᠪᠠᠢᠳᠠᠯ᠎ᠢ ᠲᠤᠰᠬᠠᠭᠰᠠᠨ ᠮᠠᠲᠧᠷᠢᠶᠠᠯ᠎ᠳᠦ ᠦᠨᠡᠨ ᠨᠡᠷ᠎ᠡ᠎ᠪᠡᠨ ᠪᠢᠴᠢᠬᠦ᠎ᠶᠢᠨ ᠬᠠᠮᠲᠤ ᠬᠠᠷᠢᠯᠴᠠᠬᠤ ᠠᠷᠭ᠎ᠠ ᠮᠠᠶᠢᠭ᠋᠎ᠢᠶᠠᠨ ᠳᠠᠭᠠᠯᠳᠤᠭᠤᠯᠬᠤ ᠬᠡᠷᠡᠭᠲᠡᠢ᠃

      ᠬᠢᠨᠠᠯᠲᠠ ᠲᠠᠯᠪᠢᠬᠤ ᠤᠲᠠᠰᠤ᠄ 0471-6944230

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ 
            ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            