ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠮᠡᠷᠭᠡᠵᠢᠯ᠎ᠤᠨ ᠠᠵᠢᠯᠴᠢᠨ᠎ᠤ ᠰᠤᠷᠭᠠᠭᠤᠯᠢ ᠪᠠᠢᠭᠤᠯᠬᠤ᠎ᠶ᠋ᠢ ᠦᠨᠡᠯᠡᠨ ᠵᠢᠱ᠌ᠢᠭ᠌ᠰᠡᠨ ᠦᠷ᠎ᠡ ᠳ᠋ᠦᠩ᠎ᠤᠨ ᠲᠤᠬᠠᠢ ᠢᠯᠡ ᠨᠡᠢᠳᠡᠯᠡᠯ
ᠨᠡᠶ᠋ᠢᠲᠡᠯᠡᠭᠰᠡᠨ ᠴᠠᠭ᠄ 2025-07-15

    《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭᠠᠭᠤᠯᠢ᠎ᠶ᠋ᠢᠨ ᠬᠢᠨᠠᠨ ᠵᠥᠪᠱᠢᠶᠡᠷᠡᠬᠦ᠌ ᠬᠠᠮᠢᠶᠠᠷᠤᠯᠲᠠ᠎ᠶ᠋ᠢᠨ ᠠᠷᠭ᠎ᠠ〉 ᠎ᠶ᠋ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭ᠌ᠳᠡᠯ》 (ᠥᠪᠥᠷ ᠬᠥᠮᠦᠨ ᠨᠡᠢᠭᠡᠮ ᠲᠠᠷᠬᠠᠭᠠᠭ᠍ᠰᠠᠨ [2013] 138 ᠳ᠋ᠤᠭᠠᠷ ᠲᠣᠭᠠᠲᠤ) ᠎ᠤᠨ ᠬᠠᠮᠢᠶ᠎ᠠ ᠪᠥᠬᠦᠶ ᠲᠣᠭ᠍ᠲᠠᠭᠠᠯ᠎ᠢ ᠦᠨᠳᠦᠰᠦᠯᠡᠨ᠂ ᠪᠤᠭᠤᠲᠤ ᠬᠤᠲᠠ᠎ᠶ᠋ᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠭᠤᠶᠤᠴᠢᠯᠠᠯ᠎ᠢᠶᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠢᠩᠬᠢᠮ᠎ᠠᠴᠠ ᠦᠨᠡᠯᠡᠨ ᠵᠢᠱ᠌ᠢᠬᠦ᠌ ᠳᠤᠭᠤᠢᠯᠠᠩ᠎ᠢ ᠵᠣᠬᠢᠶᠠᠨ ᠪᠠᠢᠭᠤᠯᠤᠨ ᠭᠤᠶᠤᠴᠢᠯᠠᠨ ᠮᠡᠳᠡᠭᠦᠯᠦᠭ᠌ᠰᠡᠨ ᠨᠢᠭᠡᠴᠢ᠎ᠳᠤ ᠲᠤᠬᠠᠶ᠎ᠶ᠋ᠢᠨ ᠲᠠᠯᠠᠪᠤᠷ᠎ᠤᠨ ᠦᠨᠡᠯᠡᠨ ᠵᠢᠱ᠌ᠢᠯᠲᠡ ᠬᠢᠵᠦ᠍᠂ ᠡᠳᠦᠭᠡ ᠦᠨᠡᠯᠡᠨ ᠵᠢᠱ᠌ᠢᠭ᠌ᠰᠡᠨ ᠦᠷ᠎ᠡ ᠳ᠋ᠦᠩ᠎ᠢ ᠳᠣᠥᠷᠠᠬᠢ ᠮᠡᠲᠦ ᠢᠯᠡ ᠨᠡᠢᠳᠡᠯᠡᠨ᠎ᠡ᠄
    ᠨᠢᠭᠡ᠂ ᠥᠪᠥᠷ ᠮᠣᠩᠭᠤᠯ᠎ᠤᠨ ᠲᠡᠮᠦᠷ ᠵᠠᠮ᠎ᠤᠨ ᠠᠵᠢᠯ ᠮᠡᠷᠭᠡᠵᠢᠯ᠎ᠤᠨ ᠰᠤᠷᠭᠠᠭᠤᠯᠢ᠎ᠳᠤ ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠱᠢᠨᠵᠢᠯᠡᠬᠦ᠌ ᠤᠬᠠᠭᠠᠨ ᠮᠡᠷᠭᠡᠵᠢᠯ᠎ᠤᠨ ᠠᠵᠢᠯᠴᠢᠨ᠎ᠤ ᠰᠤᠷᠭᠠᠭᠤᠯᠢ ᠪᠠᠢᠭᠤᠯᠬᠤ᠎ᠶ᠋ᠢ ᠵᠥᠪᠱᠢᠶᠡᠷᠡᠨ᠎ᠡ᠃
    ᠬᠤᠶᠠᠷ᠂ ᠪᠤᠭᠤᠲᠤ ᠬᠤᠲᠠ᠎ᠶ᠋ᠢᠨ ᠵᠠᠯᠠᠭᠤᠴᠤᠳ᠎ᠤᠨ ᠠᠵᠢᠯ ᠮᠡᠷᠭᠡᠵᠢᠯ᠎ᠤᠨ ᠰᠤᠷᠭᠠᠭᠤᠯᠢ᠎ᠳᠤ ᠥᠪᠥᠷ ᠮᠣᠩᠭᠤᠯ᠎ᠤᠨ ᠠᠷᠠᠯᠵᠢᠶ᠎ᠠ ᠬᠤᠳᠠᠯᠳᠤᠭᠠᠨ᠎ᠤ ᠮᠡᠷᠭᠡᠵᠢᠯ᠎ᠤᠨ ᠠᠵᠢᠯᠴᠢᠨ᠎ᠤ ᠰᠤᠷᠭᠠᠭᠤᠯᠢ ᠪᠠᠢᠭᠤᠯᠬᠤ᠎ᠶ᠋ᠢ ᠵᠥᠪᠱᠢᠶᠡᠷᠡᠨ᠎ᠡ᠃
    ᠢᠯᠡ ᠨᠡᠢᠲᠡᠯᠡᠬᠦ᠌ ᠴᠠᠭ᠎ᠨᠢ 5 ᠰᠠᠷ᠎ᠠ᠎ᠶ᠋ᠢᠨ 6 ᠎ᠤ ᠡᠳᠦᠷ᠎ᠠᠴᠠ 12 ᠎ᠤᠨ ᠡᠳᠦᠷ ᠪᠣᠯᠤᠨ᠎ᠠ᠃ ᠢᠯᠡ ᠨᠡᠢᠲᠡᠯᠡᠬᠦ᠌ ᠬᠤᠭᠤᠴᠠᠭᠠᠨ᠎ᠳᠤ᠂ ᠬᠡᠷᠪᠡ ᠢᠯᠡ ᠨᠡᠢᠲᠡᠯᠡᠭ᠌ᠰᠡᠨ ᠡᠲᠡᠭᠡᠳ ᠪᠤᠶᠤ ᠦᠨᠡᠯᠡᠨ ᠵᠢᠱ᠌ᠢᠭ᠌ᠰᠡᠨ ᠦᠷ᠎ᠡ ᠳ᠋ᠦᠩ᠎ᠳᠤ ᠣᠨᠳᠣᠸ᠋ ᠰᠠᠨᠠᠯ᠎ᠲᠠᠢ ᠪᠠᠢᠪᠠᠯ᠂ ᠤᠳᠠᠰᠤ᠂ ᠵᠠᠬᠢᠳᠠᠯ ᠵᠡᠷᠭᠡ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠢᠩᠬᠢᠮ᠎ᠳᠤ ᠲᠤᠰᠭᠠᠭᠠᠷᠠᠢ᠃ ᠪᠠᠢᠳᠠᠯ᠎ᠢ ᠲᠤᠰᠭᠠᠬᠤ᠎ᠳᠠᠭᠠᠨ ᠡᠷᠬᠡᠪᠰᠢ ᠦᠨᠡᠨ᠎ᠠᠴᠠ ᠵᠥᠪ᠎ᠢ ᠡᠷᠢᠬᠦ᠂ ᠪᠤᠰᠤᠳᠴᠢ᠂ ᠲᠥᠪ ᠭᠤᠣᠯᠴᠢ᠂ ᠪᠣᠳᠠᠲᠠᠶ ᠪᠠᠢᠬᠤ ᠬᠡᠷᠡᠭ᠌ᠲᠡᠶ᠂ ᠢᠷᠡᠭᠦᠯᠦᠭ᠌ᠰᠡᠨ ᠤᠳᠠᠰᠤ ᠪᠤᠶᠤ ᠢᠷᠡᠭᠦᠯᠦᠭ᠌ᠰᠡᠨ ᠵᠠᠬᠢᠳᠠᠯ᠎ᠳᠠᠭᠠᠨ ᠡᠷᠬᠡᠪᠰᠢ ᠦᠨᠡᠨ ᠤᠪᠤᠭ ᠨᠡᠷ᠎ᠡ᠎ᠪᠠᠨ ᠪᠢᠴᠢᠬᠦ᠌᠎ᠶ᠋ᠢᠨ ᠬᠠᠮᠳᠤ ᠣᠨᠣᠪᠴᠢᠲᠠᠶ ᠬᠠᠷᠢᠯᠴᠠᠬᠤ ᠠᠷᠭ᠎ᠠ ᠮᠠᠶᠢᠭ᠎ᠢᠶᠠᠨ ᠬᠠᠩᠭᠠᠬᠤ ᠬᠡᠷᠡᠭ᠌ᠲᠡᠶ᠂ ᠡᠰᠡᠪᠡᠰᠦ ᠬᠦᠯᠢᠶᠡᠨ ᠠᠪᠴᠤ᠌ ᠱᠢᠶ᠋ᠳᠪᠦᠷᠢᠯᠡᠬᠦ᠌ ᠦᠭᠡᠢ᠃ ᠬᠦᠯᠢᠶᠡᠨ ᠠᠪᠴᠤ᠌ ᠱᠢᠶ᠋ᠳᠪᠦᠷᠢᠯᠡᠬᠦ᠌ ᠰᠠᠯᠠᠭ᠎ᠠ ᠮᠥᠴᠢᠷ ᠬᠤᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠲᠤᠰᠭᠠᠭ᠍ᠰᠠᠨ ᠪᠠᠢᠳᠠᠯ᠎ᠤᠨ ᠠᠭᠤᠯᠭ᠎ᠠ ᠪᠠ ᠲᠤᠰᠭᠠᠭ᠍ᠰᠠᠨ ᠬᠥᠮᠦᠰ᠎ᠤᠨ ᠬᠤᠯᠪᠣᠭ᠍ᠳᠠᠯ ᠪᠦᠬᠦᠢ ᠮᠡᠳᠡᠭᠡ ᠵᠠᠩᠭᠢ᠎ᠶ᠋ᠢᠨ ᠨᠢᠭᠤᠴᠠ᠎ᠶ᠋ᠢ ᠬᠠᠮᠠᠭᠠᠯᠠᠨ᠎ᠠ᠃
    ᠭᠥᠯᠢᠶᠡᠨ ᠠᠪᠴᠤ᠌ ᠱᠢᠶ᠋ᠳᠪᠦᠷᠢᠯᠡᠬᠦ᠌ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠪᠠ ᠨᠡᠢᠭᠡᠮ᠎ᠤᠨ ᠪᠠᠳᠤᠯᠠᠭ᠎ᠠ᠎ᠶ᠋ᠢᠨ ᠲᠢᠩᠬᠢᠮ
    ᠬᠦᠯᠢᠶᠡᠨ ᠠᠪᠬᠤ ᠤᠲᠠᠰᠤ᠄ (0471)6945881
    ᠬᠠᠷᠢᠯᠴᠠᠬᠤ ᠬᠠᠶᠢᠭ᠄ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠬᠦᠷᠢᠶᠡᠨ᠎ᠤ 6 ᠳ᠋ᠤᠭᠠᠷ ᠠᠰᠠᠷ᠎ᠤᠨ 633 ᠳ᠋ᠤᠭᠠᠷ ᠥᠷᠥᠭᠡ


             ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ

             ᠡᠬᠢ ᠪᠠᠶᠠᠯᠢᠭ ᠪᠠ ᠪᠠ ᠨᠡᠢᠭᠡᠮ᠎ᠤᠨ ᠪᠠᠳᠤᠯᠠᠭ᠎ᠠ᠎ᠶ᠋ᠢᠨ ᠲᠢᠩᠬᠢᠮ
                      2025 ᠣᠨ᠎ᠤ 4 ᠰᠠᠷ᠎ᠠ᠎ᠶ᠋ᠢᠨ 30 ᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            