ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
2025 ᠣᠨ᠎ᠤ ᠪᠥᠬᠦ᠌ ᠣᠷᠣᠨ᠎ᠤ ᠪᠠᠢᠭᠤᠯᠭ᠎ᠠ ᠠᠵᠢᠯ ᠦᠶ᠋ᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ
ᠨᠡᠶ᠋ᠢᠲᠡᠯᠡᠭᠰᠡᠨ ᠴᠠᠭ᠄ 2025-07-15

ᠡᠯ᠎ᠡ ᠠᠢᠮᠠᠭ ᠬᠤᠲᠠ᠎ᠶ᠋ᠢᠨ ᠪᠠᠢᠭᠤᠯᠭ᠎ᠠ ᠠᠵᠢᠯ ᠦᠶ᠋ᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ᠎ᠶ᠋ᠢ ᠬᠠᠮᠵᠢᠨ ᠭᠦᠶ᠋ᠴᠡᠳᠭᠡᠬᠦ᠌ ᠨᠢᠭᠡᠴᠢ᠂ ᠡᠯ᠎ᠡ ᠬᠤᠯᠪᠣᠭ᠍ᠳᠠᠯ ᠪᠥᠬᠦᠶ ᠨᠢᠭᠡᠴᠢ᠎ᠳᠤ᠄
    《ᠪᠥᠬᠦ᠌ ᠣᠷᠣᠨ᠎ᠤ ᠪᠠᠢᠭᠤᠯᠭ᠎ᠠ ᠠᠵᠢᠯ ᠦᠶ᠋ᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 (ᠥᠪᠥᠷ ᠬᠥᠮᠦᠨ ᠨᠡᠢᠭᠡᠮ ᠠᠯᠪᠠᠨ ᠲᠠᠷᠬᠠᠭᠠᠭ᠍ᠰᠠᠨ [2024] 113 ᠳ᠋ᠤᠭᠠᠷ ᠲᠣᠭᠠᠲᠤ) ᠎ᠢ ᠦᠨᠳᠦᠰᠦᠯᠡᠨ᠂ ᠠᠵᠢᠯ᠎ᠤᠨ ᠲᠣᠬᠢᠷᠠᠭᠤᠯᠤᠯᠲᠠ ᠶᠣᠰᠣᠭᠠᠷ᠂ 6 ᠰᠠᠷ᠎ᠠ᠎ᠶ᠋ᠢᠨ 15 ᠎ᠤ ᠡᠳᠦᠷ 2025 ᠣᠨ᠎ᠤ ᠪᠥᠬᠦ᠌ ᠣᠷᠣᠨ᠎ᠤ ᠪᠠᠢᠭᠤᠯᠭ᠎ᠠ ᠠᠵᠢᠯ ᠦᠶ᠋ᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ ᠠᠵᠢᠯ᠎ᠢ ᠥᠷᠨᠢᠭᠦᠯᠬᠦ᠌᠎ᠪᠠᠷ ᠲᠥᠯᠥᠪᠯᠡᠵᠦ᠍᠂ ᠡᠳᠦᠭᠡ ᠬᠠᠮᠢᠶ᠎ᠠ ᠪᠥᠬᠦᠶ ᠠᠵᠢᠯ᠎ᠢ ᠳᠣᠥᠷᠠᠬᠢ ᠮᠡᠲᠦ ᠮᠡᠳᠡᠭ᠌ᠳᠡᠶ᠎ᠡ᠄
    ᠨᠢᠭᠡ᠂ ᠠᠵᠢᠯ ᠮᠡᠷᠭᠡᠵᠢᠯ᠎ᠤᠨ ᠬᠦᠷᠢᠶ᠎ᠡ ᠬᠡᠪᠴᠢᠶ᠎ᠡ
    2025 ᠣᠨ᠎ᠤ ᠪᠥᠬᠦ᠌ ᠣᠷᠣᠨ᠎ᠤ ᠪᠠᠢᠭᠤᠯᠭ᠎ᠠ ᠠᠵᠢᠯ ᠦᠶ᠋ᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ ᠠᠵᠢᠯ ᠮᠡᠷᠭᠡᠵᠢᠯ᠎ᠤᠨ ᠭᠠᠷᠴᠠᠭ (ᠳᠠᠭᠠᠯᠳᠤᠭᠤᠯᠤᠯ 1 ᠎ᠢ ᠦᠵᠡ) ᠎ᠤᠨ ᠶᠣᠰᠣᠭᠠᠷ ᠭᠤᠶᠤᠴᠢᠯᠠᠨ ᠮᠡᠳᠡᠭᠦᠯᠵᠦ᠍᠂ ᠪᠣᠳᠠᠲᠠᠶ ᠨᠡᠷ᠎ᠡ ᠮᠡᠳᠡᠭᠦᠯᠦᠭ᠌ᠰᠡᠨ ᠪᠠᠢᠳᠠᠯ᠎ᠢ ᠦᠨᠳᠦᠰᠦᠯᠡᠨ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠨ᠎ᠠ᠃
    ᠬᠤᠶᠠᠷ᠂ ᠮᠡᠳᠡᠭᠦᠯᠬᠦ᠌ ᠬᠡᠪᠴᠢᠶ᠎ᠡ ᠵᠢᠴᠢ ᠮᠡᠳᠡᠭᠦᠯᠬᠦ᠌ ᠨᠥᠬᠦᠴᠡᠯ
    (ᠨᠢᠭᠡ) ᠮᠡᠳᠡᠭᠦᠯᠬᠦ᠌ ᠬᠡᠪᠴᠢᠶ᠎ᠡ
    ᠪᠥᠬᠦ᠌ ᠣᠷᠣᠨ᠎ᠤ ᠬᠡᠪᠴᠢᠶᠡᠨ᠎ᠳᠠᠬᠢ ᠠᠯᠪᠠᠨ ᠪᠠᠢᠭᠤᠯᠭ᠎ᠠ ᠠᠵᠢᠯ ᠦᠶ᠋ᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠬᠥᠮᠦᠰ ᠴᠥᠮ ᠭᠤᠶᠤᠴᠢᠯᠠᠨ ᠮᠡᠳᠡᠬᠦᠯᠵᠦ᠍ ᠪᠣᠯᠣᠨ᠎ᠠ᠃
    (ᠬᠤᠶᠠᠷ) ᠮᠡᠳᠡᠭᠦᠯᠬᠦ᠌ ᠨᠥᠬᠦᠴᠡᠯ
    1. ᠠᠩᠬ᠎ᠠ ᠤᠳᠠᠭ᠎ᠠ ᠮᠡᠳᠡᠭᠦᠯᠬᠦ᠌ ᠪᠠ ᠲᠡᠰ ᠳᠡᠪᠱᠢᠬᠦ᠌᠎ᠪᠠᠷ ᠮᠡᠳᠡᠭᠦᠯᠬᠦ᠃ ᠮᠡᠳᠡᠭᠦᠯᠬᠦ᠌ ᠨᠥᠬᠦᠴᠡᠯ 《ᠤᠯᠤᠰ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ᠎ᠶ᠋ᠢ ᠨᠠᠢᠷᠠᠭᠤᠯᠤᠨ ᠵᠣᠬᠢᠶᠠᠬᠤ ᠮᠡᠷᠭᠡᠵᠢᠯ᠎ᠤᠨ ᠲᠦᠷᠢᠮ (2023 ᠣᠨ᠎ᠤ ᠬᠡᠪᠯᠡᠯ)》 ᠎ᠤᠨ ᠳᠠᠭᠠᠯᠳᠤᠭᠤᠯᠤᠯ 5 《ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠦᠨᠡᠯᠡᠯᠲᠡ᠎ᠳᠤ ᠣᠷᠣᠯᠴᠠᠬᠤ᠎ᠪᠠᠷ ᠭᠤᠶᠤᠴᠢᠯᠠᠬᠤ ᠨᠥᠬᠦᠴᠡᠯ》 ᠎ᠢ ᠬᠡᠷᠡᠭ᠌ᠵᠢᠭᠦᠯᠦᠨ᠎ᠡ᠃ 《ᠤᠯᠤᠰ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ᠎ᠶ᠋ᠢ ᠨᠠᠢᠷᠠᠭᠤᠯᠤᠨ ᠵᠣᠬᠢᠶᠠᠬᠤ ᠮᠡᠷᠭᠡᠵᠢᠯ᠎ᠤᠨ ᠲᠦᠷᠢᠮ (2023 ᠣᠨ᠎ᠤ ᠬᠡᠪᠯᠡᠯ)》 ᠎ᠢ ᠤᠷ᠎ᠠ ᠴᠢᠳᠠᠪᠤᠷᠢᠲᠠᠨ᠎ᠤ ᠦᠨᠡᠯᠡᠯᠲᠡ᠎ᠶ᠋ᠢᠨ ᠠᠵᠢᠯ᠎ᠤᠨ ᠰᠦᠯᠵᠢᠶ᠎ᠡ (http://www.osta.org.cn) ᠎ᠳᠤ ᠣᠷᠣᠭᠤᠯᠵᠤ ᠪᠠᠢᠴᠠᠭᠠᠨ ᠯᠠᠪᠯᠠᠵᠤ ᠪᠣᠯᠤᠨ᠎ᠠ᠃
    2. ᠱᠢᠯᠭᠠᠭᠤᠯᠤᠭ᠍ᠰᠠᠳ 《ᠲᠡᠭ᠌ᠰᠢ ᠱᠢᠯᠵᠢᠭᠦᠯᠬᠦ᠌᠎ᠪᠠᠷ ᠮᠡᠳᠡᠭᠦᠯᠬᠦ᠌》 ᠎ᠪᠠᠷ ᠳᠡᠮᠵᠢᠨ᠂ ᠬᠢᠷᠢ ᠲᠡᠩᠴᠡᠭ᠌ᠰᠡᠨ᠎ᠤ ᠳᠠᠷᠠᠭ᠎ᠠ ᠡᠨᠡ ᠵᠢᠯ ᠲᠠᠰ ᠳᠡᠪᠱᠢᠭᠦᠯᠦᠨ ᠮᠡᠳᠡᠭᠦᠯᠵᠦ᠍ ᠪᠣᠯᠤᠨ᠎ᠠ᠂ ᠲᠣᠰ ᠠᠵᠢᠯ (ᠠᠵᠢᠯ ᠲᠥᠷᠥᠯ) ᠎ᠢ ᠡᠷᠭᠢᠯᠡᠭ᠌ᠰᠡᠨ ᠨᠡᠢᠲᠡ ᠵᠢᠯ ᠬᠤᠭᠤᠴᠠᠭ᠎ᠠ᠎ᠶ᠋ᠢ ᠲᠡᠭ᠌ᠰᠢ ᠱᠢᠯᠵᠢᠭᠦᠯᠬᠦ᠌᠎ᠠᠴᠠ ᠡᠮᠦᠨ᠎ᠡ ᠦᠨᠡᠮᠯᠡᠯ ᠣᠯᠤᠭ᠍ᠰᠠᠨ ᠴᠠᠭ᠎ᠠᠴᠠ ᠡᠬᠢᠯᠡᠵᠦ᠍ ᠪᠤᠳᠤᠨ᠎ᠠ᠃
    3. ᠱᠢᠯᠭᠠᠭᠤᠯᠤᠭ᠍ᠰᠠᠳ 《ᠴᠡᠷᠢᠭ᠎ᠤᠨ ᠠᠯᠪᠠᠨ᠎ᠠᠴᠠ ᠪᠠᠭᠤᠭ᠍ᠰᠠᠳ᠎ᠤᠨ ᠭᠤᠶᠤᠴᠢᠯᠠᠯ》 ᠎ᠢᠶᠠᠷ ᠳᠡᠮᠵᠢᠨ᠂ ᠬᠢᠷᠢ ᠲᠡᠩᠴᠡᠭ᠌ᠰᠡᠨ᠎ᠤ ᠳᠠᠷᠠᠭ᠎ᠠ ᠡᠨᠡ ᠵᠢᠯ ᠲᠠᠰ ᠳᠡᠪᠱᠢᠵᠦ᠍ ᠪᠣᠯᠤᠨ᠎ᠠ᠂ ᠲᠣᠰ ᠠᠵᠢᠯ (ᠠᠵᠢᠯ ᠲᠥᠷᠥᠯ) ᠎ᠤᠨ ᠵᠢᠯ ᠬᠤᠭᠤᠴᠠᠭ᠎ᠠ᠎ᠶ᠋ᠢ ᠨᠡᠢᠯᠡᠭᠦᠯᠵᠦ᠍ ᠠᠩᠬ᠎ᠠ ᠵᠡᠷᠭᠡ᠎ᠶ᠋ᠢᠨ ᠠᠵᠢᠯᠴᠢᠨ᠂ ᠳᠤᠮᠳᠠ ᠵᠡᠷᠭᠡ᠎ᠶ᠋ᠢᠨ ᠠᠵᠢᠯᠴᠢᠨ᠂ ᠳᠡᠭᠡᠳᠦ ᠵᠡᠷᠭᠡ᠎ᠶ᠋ᠢᠨ ᠠᠵᠢᠯᠴᠢᠨ᠎ᠤ ᠣᠯᠭᠤᠮᠵᠢ᠎ᠶ᠋ᠢ ᠲᠤᠬᠠᠶ᠎ᠶ᠋ᠢᠨ ᠵᠢᠯ᠎ᠠᠴᠠ᠎ᠨᠢ ᠡᠬᠢᠯᠡᠵᠦ᠍ ᠪᠤᠳᠤᠨ᠎ᠠ᠃
    ᠭᠤᠷᠪᠠ᠂ ᠲᠤᠱᠢᠶᠠᠬᠤ ᠮᠠᠲ᠋ᠧᠷᠢᠶᠠᠯ
    ᠮᠡᠳᠡᠭᠦᠯᠬᠦ᠌ ᠠᠵᠢᠯᠲᠠᠨ ᠳᠣᠥᠷᠠᠬᠢ ᠮᠠᠲ᠋ᠧᠷᠢᠶᠠᠯ᠎ᠤᠳ᠎ᠢ ᠲᠤᠱᠢᠶᠠᠬᠤ ᠬᠡᠷᠡᠭ᠌ᠲᠡᠶ᠄
    (ᠨᠢᠭᠡ) 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠪᠠᠢᠭᠤᠯᠭ᠎ᠠ ᠠᠵᠢᠯ ᠦᠶ᠋ᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ᠎ᠪᠠᠷ ᠮᠡᠳᠡᠭᠦᠯᠬᠦ᠌ ᠬᠦᠰᠦᠨᠦᠭ᠌ᠲᠦ》 (ᠳᠠᠭᠠᠯᠳᠤᠭᠤᠯᠤᠯ 2 ᠎ᠢ ᠦᠵᠡ) ᠨᠢᠭᠡ ᠬᠡᠯᠪᠡᠷᠢ᠎ᠶ᠋ᠢᠨ ᠬᠤᠶᠠᠷ ᠬᠤᠪᠢ ᠪᠠᠢᠵᠤ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠰᠠᠨᠠᠯ᠎ᠢᠶᠠᠨ ᠪᠢᠴᠢᠬᠦ᠌᠎ᠶ᠋ᠢᠨ ᠬᠠᠮᠲᠤ ᠠᠯᠪᠠᠨ ᠲᠠᠮᠠᠭ᠎ᠠ᠎ᠪᠠᠨ ᠳᠠᠷᠤᠨ᠎ᠠ᠃
    (ᠬᠤᠶᠠᠷ) ᠮᠡᠳᠡᠭᠦᠯᠦᠭ᠌ᠴᠢ᠎ᠨᠢ ᠰᠤᠷᠤᠯᠭ᠎ᠠ᠎ᠶ᠋ᠢᠨ ᠨᠠᠮᠲᠠᠷ᠎ᠤᠨ ᠦᠨᠡᠮᠯᠡᠯ᠂ ᠪᠡᠶ᠎ᠡ᠎ᠶ᠋ᠢᠨ ᠦᠨᠡᠮᠯᠡᠯ᠎ᠤᠨ ᠵᠥᠪ ᠪᠤᠷᠤᠭᠤ ᠲᠠᠯ᠎ᠠ᠂ ᠦᠨᠡᠨᠴᠢ ᠢᠲᠡᠭᠡᠮᠵᠢ᠎ᠶ᠋ᠢᠨ ᠠᠮᠠᠯᠠᠯᠲᠠ᠎ᠶ᠋ᠢᠨ ᠪᠢᠴᠢᠭ (ᠳᠠᠭᠠᠯᠳᠤᠭᠤᠯᠤᠯ 3 ᠎ᠢ ᠦᠵᠡ) ᠎ᠤᠨ ᠡᠯᠧᠺᠲᠷᠣᠨ ᠱᠢᠷᠪᠢᠯᠲᠡ᠎ᠶ᠋ᠢᠨ ᠮᠠᠲ᠋ᠧᠷᠢᠶᠠᠯ᠂ ᠨᠢᠭᠡ ᠢᠮᠠᠬᠤ᠎ᠶ᠋ᠢᠨ ᠴᠠᠭᠠᠨ ᠥᠩᠭᠡ᠎ᠲᠠᠢ ᠡᠯᠧᠺᠲᠷᠣᠨ ᠬᠡᠪ᠎ᠤᠨ ᠬᠡᠷᠡᠯ ᠵᠢᠷᠤᠭ (ᠬᠡᠯᠪᠡᠷᠢ᠎ᠨᠢ jpeg ᠪᠤᠶᠤ jpg᠂ ᠬᠡᠷᠡᠯ ᠵᠢᠷᠤᠭ᠎ᠤᠨ ᠨᠡᠷᠡᠢᠳᠦᠯ᠎ᠨᠢ ᠨᠢᠭᠡᠳᠦᠯᠲᠡᠶ᠄ ᠣᠪᠣᠭ ᠨᠡᠷ᠎ᠡ — ᠪᠡᠶ᠎ᠡ᠎ᠶ᠋ᠢᠨ ᠦᠨᠡᠮᠯᠡᠯ᠎ᠤᠨ ᠨᠣᠮᠧᠷ) ᠎ᠢᠶᠠᠨ ᠬᠠᠩᠭᠠᠬᠤ ᠬᠡᠷᠡᠭ᠌ᠲᠡᠶ᠃ ᠲᠠᠰ ᠳᠡᠪᠱᠢᠬᠦ᠌᠎ᠪᠠᠷ ᠮᠡᠳᠡᠭᠦᠯᠬᠦ᠌᠎ᠳᠤ ᠪᠠᠰᠠ ᠳᠡᠭᠡᠷ᠎ᠡ ᠨᠢᠭᠡ ᠱᠠᠲᠤᠨ᠎ᠤ ᠦᠨᠡᠮᠯᠡᠯ ᠵᠢᠴᠢ ᠰᠦᠯᠵᠢᠶᠡᠨ ᠳᠡᠭᠡᠷ᠎ᠡ᠎ᠠᠴᠠ ᠯᠠᠪᠯᠠᠯᠲᠠ᠎ᠶ᠋ᠢᠨ ᠬᠡᠷᠴᠢᠮ ᠵᠢᠷᠤᠭ᠎ᠤᠨ ᠱᠢᠷᠪᠢᠯᠲᠡ᠎ᠶ᠋ᠢᠨ ᠮᠠᠲ᠋ᠧᠷᠢᠶᠠᠯ᠎ᠢ ᠬᠠᠩᠭᠠᠬᠤ ᠬᠡᠷᠡᠭ᠌ᠲᠡᠶ᠃
    (ᠭᠤᠷᠪᠠ) ᠮᠠᠰᠲ᠋ᠧᠷ᠎ᠤᠨ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ᠎ᠪᠠᠷ ᠮᠡᠳᠡᠭᠦᠯᠬᠦ᠌᠎ᠳᠤ ᠡᠷᠬᠡᠪᠰᠢ ᠡᠯᠧᠺᠲᠷᠣᠨ ᠬᠡᠪᠯᠡᠯ (PDF ᠬᠡᠯᠪᠡᠷᠢ) ᠎ᠤᠨ ᠲᠤᠰᠭᠠᠶ ᠮᠡᠷᠭᠡᠵᠢᠯ᠎ᠤᠨ ᠳ᠋ᠦᠩᠨᠡᠯᠲᠡ (1000 ᠥᠰᠥᠭ᠎ᠠᠴᠠ ᠳᠤᠲᠠᠭᠤ ᠥᠬᠡᠶ) ᠲᠤᠱᠢᠶᠠᠵᠤ᠂ ᠠᠭᠤᠯᠭ᠎ᠠ᠎ᠶ᠋ᠢᠨ ᠱᠠᠭᠠᠷᠳᠠᠯᠭ᠎ᠠ᠎ᠨᠢ ᠣᠢᠷ᠎ᠠ᠎ᠶ᠋ᠢᠨ ᠭᠤᠷᠪᠠᠨ ᠵᠢᠯ᠎ᠤᠨ ᠲᠤᠬᠠᠢᠯᠠᠭ᠍ᠰᠠᠨ ᠠᠵᠢᠯ᠎ᠤᠨ ᠬᠢᠷᠢ ᠬᠡᠮᠵᠢᠶ᠎ᠡ᠂ ᠤᠷ᠎ᠠ ᠮᠡᠷᠭᠡᠵᠢᠯ᠎ᠤᠨ ᠠᠰᠠᠭᠤᠳᠠᠯ᠎ᠢ ᠱᠢᠶ᠋ᠳᠪᠦᠷᠢᠯᠡᠬᠦ᠌ ᠪᠠ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠠᠶᠤᠯᠬᠦᠢ ᠦᠶ᠋ᠯᠡᠳᠪᠦᠷᠢᠯᠡᠯ᠂ ᠥᠪᠡᠷ᠎ᠢᠶᠠᠨ ᠰᠣᠷᠣᠯᠴᠠᠭ᠍ᠰᠠᠨ ᠵᠢᠴᠢ ᠤᠷᠤᠯᠳᠤᠭᠠᠨ᠎ᠳᠤ ᠣᠷᠣᠯᠴᠠᠭ᠍ᠰᠠᠨ ᠵᠡᠷᠭᠡ ᠲᠠᠯ᠎ᠠ᠎ᠶ᠋ᠢᠨ ᠠᠭᠤᠯᠭ᠎ᠠ ᠪᠣᠯᠤᠨ᠎ᠠ᠃
    (ᠳᠥᠷᠪᠡ) ᠳᠡᠭᠡᠳᠦ ᠵᠡᠷᠭᠡ᠎ᠶ᠋ᠢᠨ ᠮᠠᠰᠲ᠋ᠧᠷ᠎ᠤᠨ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ᠎ᠪᠠᠷ ᠮᠡᠳᠡᠭᠦᠯᠬᠦ᠌᠎ᠳᠤ ᠡᠷᠬᠡᠪᠰᠢ ᠡᠯᠧᠺᠲᠷᠣᠨ ᠬᠡᠪᠯᠡᠯ (PDF ᠬᠡᠯᠪᠡᠷᠢ) ᠎ᠤᠨ ᠲᠤᠰᠭᠠᠶ ᠮᠡᠷᠭᠡᠵᠢᠯ᠎ᠤᠨ ᠳ᠋ᠦᠩᠨᠡᠯᠲᠡ (1000 ᠥᠰᠥᠭ᠎ᠠᠴᠠ ᠳᠤᠲᠠᠭᠤ ᠥᠬᠡᠶ) ᠲᠤᠱᠢᠶᠠᠬᠤ ᠬᠡᠷᠡᠭ᠌ᠲᠡᠶ᠂ ᠠᠭᠤᠯᠭ᠎ᠠ᠎ᠶ᠋ᠢᠨ ᠱᠠᠭᠠᠷᠳᠠᠯᠭ᠎ᠠ᠎ᠨᠢ ᠣᠢᠷ᠎ᠠ᠎ᠶ᠋ᠢᠨ ᠭᠤᠷᠪᠠᠨ ᠵᠢᠯ᠎ᠤᠨ ᠲᠤᠬᠠᠢᠯᠠᠭ᠍ᠰᠠᠨ ᠠᠵᠢᠯ᠎ᠤᠨ ᠬᠢᠷᠢ ᠬᠡᠮᠵᠢᠶ᠎ᠡ᠂ ᠮᠡᠷᠭᠡᠵᠢᠯ᠎ᠤᠨ ᠠᠰᠠᠭᠤᠳᠠᠯ᠎ᠢ ᠱᠢᠶ᠋ᠳᠪᠦᠷᠢᠯᠡᠬᠦ᠌ ᠪᠠ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠠᠶᠤᠯᠬᠦᠢ ᠦᠶ᠋ᠯᠡᠳᠪᠦᠷᠢᠯᠡᠬᠦ᠂ ᠥᠪᠡᠷ᠎ᠢᠶᠠᠨ ᠰᠣᠷᠣᠯᠴᠠᠭ᠍ᠰᠠᠨ ᠵᠢᠴᠢ ᠤᠷ᠎ᠠ ᠮᠡᠷᠭᠡᠵᠢᠯ ᠤᠯᠠᠮᠵᠢᠯᠠᠭ᠍ᠰᠠᠨ᠂ ᠤᠷᠤᠯᠳᠤᠭᠠᠨ᠎ᠳᠤ ᠣᠷᠣᠯᠴᠠᠭ᠍ᠰᠠᠨ ᠵᠡᠷᠭᠡ ᠲᠠᠯ᠎ᠠ᠎ᠶ᠋ᠢᠨ ᠠᠭᠤᠯᠭ᠎ᠠ ᠪᠣᠯᠤᠨ᠎ᠠ᠃ ᠡᠭᠦᠨ᠎ᠤ ᠬᠠᠮᠲᠤ ᠡᠯᠧᠺᠲᠷᠣᠨ ᠬᠡᠪᠯᠡᠯ (PDF ᠬᠡᠯᠪᠡᠷᠢ) ᠎ᠤᠨ ᠲᠤᠰᠭᠠᠶ ᠠᠱᠢᠭ᠎ᠤᠨ ᠦᠷ᠎ᠡ ᠪᠦᠲᠦᠭᠡᠯ ᠪᠤᠶᠤ ᠲᠥᠷᠥᠯ ᠵᠦᠶ᠋ᠯ᠎ᠤᠨ ᠮᠡᠳᠡᠭᠦᠯᠦᠯᠲᠡ ᠪᠤᠶᠤ ᠮᠡᠷᠭᠡᠵᠢᠯ᠎ᠤᠨ ᠥᠭᠦᠯᠡᠯ (3000 ᠥᠰᠥᠭ᠎ᠠᠴᠠ ᠳᠤᠲᠠᠭᠤ ᠥᠬᠡᠶ) ᠲᠤᠱᠢᠶᠠᠵᠤ᠂ ᠠᠭᠤᠯᠭ᠎ᠠ᠎ᠶ᠋ᠢᠨ ᠲᠣᠭᠤᠷᠢᠨ᠎ᠳᠤ ᠣᠢᠷ᠎ᠠ᠎ᠶ᠋ᠢᠨ ᠭᠤᠷᠪᠠᠨ ᠵᠢᠯ᠎ᠤᠨ ᠦᠶ᠋ᠯᠡᠳᠪᠦᠷᠢᠯᠡᠯ᠎ᠤᠨ ᠠᠵᠢᠯ᠎ᠤᠨ ᠳᠤᠮᠳᠠ ᠱᠢᠶ᠋ᠳᠪᠦᠷᠢᠯᠡᠭ᠌ᠰᠡᠨ ᠮᠡᠷᠭᠡᠵᠢᠯ᠎ᠤᠨ ᠪᠡᠷᠬᠡ ᠰᠡᠳᠦᠪ ᠪᠠ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠰᠡᠳᠦᠪ᠎ᠤᠨ ᠲᠤᠰᠭᠠᠶ ᠠᠱᠢᠭ᠎ᠤᠨ ᠦᠷ᠎ᠡ ᠪᠦᠲᠦᠭᠡᠯ ᠪᠤᠶᠤ ᠲᠥᠷᠥᠯ ᠵᠦᠶ᠋ᠯ᠎ᠤᠨ ᠮᠡᠳᠡᠭᠦᠯᠦᠯᠲᠡ ᠪᠤᠶᠤ ᠮᠡᠷᠭᠡᠵᠢᠯ᠎ᠤᠨ ᠥᠭᠦᠯᠡᠯ᠎ᠤᠨ ᠲᠣᠭᠤᠷᠢᠨ᠎ᠳᠤ ᠠᠭᠤᠯᠭ᠎ᠠ᠎ᠪᠠᠨ ᠲᠤᠱᠢᠶᠠᠨ᠎ᠠ᠃
    ᠳᠥᠷᠪᠡ᠂ ᠦᠨᠡᠯᠡᠬᠦ᠌ ᠠᠷᠭ᠎ᠠ ᠮᠠᠶᠢᠭ
    ᠦᠨᠡᠯᠡᠬᠦ᠌ ᠠᠭᠤᠯᠭ᠎ᠠ᠎ᠳᠤ ᠤᠨᠤᠯ᠎ᠤᠨ ᠮᠡᠳᠡᠯᠭᠡ᠂ ᠠᠵᠢᠯᠯᠠᠬᠤ ᠤᠷ᠎ᠠ ᠴᠢᠳᠠᠪᠤᠷᠢ ᠪᠠ ᠶᠡᠷᠦᠩᠬᠡᠢᠯᠡᠨ ᠬᠢᠨᠠᠨ ᠲᠣᠭ᠍ᠲᠠᠭᠠᠬᠤ ᠭᠤᠷᠪᠠᠨ ᠵᠦᠢᠯ ᠪᠠᠭ᠍ᠲᠠᠨ᠎ᠠ᠃ ᠣᠨᠣᠯ᠎ᠤᠨ ᠮᠡᠳᠡᠯᠭᠡ᠎ᠶ᠋ᠢᠨ ᠱᠢᠯᠭᠠᠯᠲᠠ᠎ᠶ᠋ᠢ ᠪᠢᠷ ᠴᠠᠭᠠᠰᠤ᠎ᠪᠠᠷ ᠬᠠᠷᠢᠭᠤᠯᠬᠤ ᠠᠷᠭ᠎ᠠ ᠮᠠᠶᠢᠭ᠎ᠢᠶᠠᠷ ᠶᠠᠪᠤᠭ᠍ᠳᠠᠭᠤᠯᠵᠤ᠂ ᠠᠵᠢᠯᠯᠠᠬᠤ ᠮᠡᠷᠭᠡᠵᠢᠯ᠎ᠤᠨ ᠴᠢᠳᠠᠪᠤᠷᠢ᠎ᠶ᠋ᠢᠨ ᠬᠢᠨᠠᠨ ᠱᠢᠯᠭᠠᠯᠲᠠ᠎ᠶ᠋ᠢ ᠪᠢᠷ᠎ᠤᠨ ᠱᠢᠯᠭᠠᠯᠲᠠ ᠪᠤᠶᠤ ᠪᠣᠳᠠᠲᠠᠶ ᠬᠢᠬᠦ᠌ ᠠᠷᠭ᠎ᠠ ᠮᠠᠶᠢᠭ᠎ᠢᠶᠠᠷ ᠶᠠᠪᠤᠭ᠍ᠳᠠᠭᠤᠯᠵᠤ᠂ ᠶᠡᠷᠦᠩᠬᠡᠢᠯᠡᠨ ᠬᠢᠨᠠᠨ ᠲᠣᠭ᠍ᠲᠠᠭᠠᠬᠤ᠎ᠶ᠋ᠢ ᠵᠠᠷᠴᠢᠮ ᠳᠡᠭᠡᠷ᠎ᠡ᠎ᠪᠠᠨ ᠲᠤᠰᠭᠠᠶ ᠮᠡᠷᠭᠡᠵᠢᠯᠲᠡᠨ᠎ᠠᠴᠠ ᠬᠢᠨᠠᠨ ᠲᠣᠭ᠍ᠲᠠᠭᠠᠬᠤ ᠠᠷᠭ᠎ᠠ ᠮᠠᠶᠢᠭ᠎ᠢᠶᠠᠷ ᠶᠠᠪᠤᠭ᠍ᠳᠠᠭᠤᠯᠤᠨ᠎ᠠ᠃
    ᠠᠩᠬ᠎ᠠ᠂ ᠳᠤᠮᠳᠠ᠂ ᠳᠡᠭᠡᠳᠦ ᠵᠡᠷᠭᠡ᠎ᠶ᠋ᠢᠨ ᠠᠵᠢᠯᠴᠢᠨ᠎ᠳᠤ ᠵᠥᠪᠬᠡᠨ ᠣᠨᠣᠯ᠎ᠤᠨ ᠮᠡᠳᠡᠯᠭᠡ᠎ᠶ᠋ᠢᠨ ᠱᠢᠯᠭᠠᠯᠲᠠ ᠪᠠ ᠠᠵᠢᠯᠯᠠᠬᠤ ᠮᠡᠷᠭᠡᠵᠢᠯ᠎ᠤᠨ ᠴᠢᠳᠠᠪᠤᠷᠢ᠎ᠶ᠋ᠢᠨ ᠬᠢᠨᠠᠨ ᠱᠢᠯᠭᠠᠯᠲᠠ ᠬᠢᠵᠦ᠍᠂ ᠮᠠᠰᠲ᠋ᠧᠷ ᠪᠠ ᠳᠡᠭᠡᠳᠦ ᠵᠡᠷᠭᠡ᠎ᠶ᠋ᠢᠨ ᠮᠠᠰᠲ᠋ᠧᠷ᠎ᠲᠤ ᠶᠡᠷᠦᠩᠬᠡᠢᠯᠡᠭ᠌ᠰᠡᠨ ᠬᠢᠨᠠᠨ ᠲᠣᠭ᠍ᠲᠠᠭᠠᠯᠲᠠ ᠨᠡᠮᠡᠵᠦ᠍᠂ ᠬᠠᠷᠢᠶ᠎ᠠ ᠭᠠᠵᠠᠷ᠎ᠤᠨ ᠬᠠᠮᠢᠶᠠᠷᠤᠯᠲᠠ᠎ᠶ᠋ᠢᠨ ᠵᠠᠷᠴᠢᠮ ᠶᠣᠰᠣᠭᠠᠷ ᠠᠢᠮᠠᠭ ᠬᠤᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ (ᠳᠠᠭᠠᠯᠳᠤᠭᠤᠯᠤᠯ 4 ᠎ᠢ ᠦᠵᠡ) ᠎ᠠᠴᠠ ᠤᠷ᠎ᠠ ᠮᠡᠷᠭᠡᠵᠢᠯ᠎ᠤᠨ ᠬᠢᠨᠠᠨ ᠲᠣᠭ᠍ᠲᠠᠭᠠᠬᠤ ᠭᠡᠱᠢᠭᠦᠨ᠎ᠢ ᠵᠣᠬᠢᠶᠠᠨ ᠪᠠᠢᠭᠤᠯᠬᠤ ᠪᠤᠶᠤ ᠨᠠᠢᠳᠠᠵᠤ ᠪᠠᠢᠭᠠᠳ ᠮᠠᠲ᠋ᠧᠷᠢᠶᠠᠯ᠎ᠢ ᠬᠢᠨᠠᠨ ᠦᠵᠡᠬᠦ᠌ ᠵᠡᠷᠭᠡ ᠠᠷᠭ᠎ᠠ ᠮᠠᠶᠢᠭ᠎ᠢ ᠠᠪᠴᠤ᠌ ᠪᠠᠢᠭᠠᠳ ᠪᠥᠬᠦ᠌ ᠲᠠᠯ᠎ᠠ᠎ᠪᠠᠷ ᠦᠨᠡᠯᠡᠨ ᠲᠣᠭ᠍ᠲᠠᠭᠠᠬᠤ ᠪᠠ ᠬᠢᠨᠠᠨ ᠪᠠᠢᠴᠠᠭᠠᠨ᠎ᠠ᠃ ᠣᠨᠣᠯ᠎ᠤᠨ ᠮᠡᠳᠡᠯᠭᠡ᠎ᠶ᠋ᠢᠨ ᠱᠢᠯᠭᠠᠯᠲᠠ᠂ ᠠᠵᠢᠯᠯᠠᠬᠤ ᠤᠷ᠎ᠠ ᠴᠢᠳᠠᠪᠤᠷᠢ᠎ᠶ᠋ᠢᠨ ᠬᠢᠨᠠᠨ ᠱᠢᠯᠭᠠᠯᠲᠠ ᠪᠠ ᠶᠡᠷᠦᠩᠬᠡᠢᠯᠡᠭ᠌ᠰᠡᠨ ᠬᠢᠨᠠᠨ ᠱᠢᠯᠭᠠᠷᠠᠭᠤᠯᠤᠯᠲᠠ᠎ᠳᠤ ᠴᠥᠮ ᠵᠠᠭᠤᠨ᠎ᠤ ᠬᠤᠪᠢ᠎ᠶ᠋ᠢᠨ ᠲᠦᠷᠢᠮ᠎ᠢ ᠬᠡᠷᠡᠭ᠌ᠵᠢᠭᠦᠯᠵᠦ᠍᠂ ᠬᠢᠷᠢ ᠪᠦᠲᠦᠮᠵᠢ᠎ᠨᠢ ᠴᠥᠮ 60 ᠬᠤᠪᠢ (ᠪᠠᠭ᠍ᠲᠠᠨ᠎ᠠ) ᠎ᠠᠴᠠ ᠳᠡᠭᠡᠭ᠌ᠰᠢ ᠪᠠᠢᠪᠠᠯ ᠬᠢᠷᠢ ᠲᠡᠩᠴᠡᠭ᠌ᠰᠡᠨ᠎ᠳᠤ ᠲᠣᠭᠠᠴᠠᠨ᠎ᠠ᠃
    ᠲᠠᠪᠤ᠂ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌
    (ᠨᠢᠭᠡ) ᠨᠡᠷ᠎ᠡ ᠮᠡᠳᠡᠭᠦᠯᠬᠦ᠌
    ᠠᠢᠮᠠᠭ ᠬᠤᠲᠠ᠎ᠶ᠋ᠢᠨ ᠬᠠᠮᠵᠢᠯᠴᠠᠨ ᠭᠦᠶ᠋ᠴᠡᠳᠭᠡᠬᠦ᠌ ᠨᠢᠭᠡᠴᠢ (ᠳᠠᠭᠠᠯᠳᠤᠭᠤᠯᠤᠯ 5 ᠎ᠶ᠋ᠢ ᠦᠵᠡ) ᠎ᠠᠴᠠ ᠬᠠᠷᠢᠭᠤᠴᠠᠨ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠨᠢᠭᠡᠴᠢ᠎ᠶ᠋ᠢ ᠬᠥᠬᠡᠬᠤᠲᠠ᠎ᠶ᠋ᠢᠨ ᠬᠠᠮᠵᠢᠯᠴᠠᠨ ᠭᠦᠶ᠋ᠴᠡᠳᠭᠡᠬᠦ᠌ ᠨᠢᠭᠡᠴᠢ᠎ᠠᠴᠠ ᠨᠢᠭᠡᠳᠦᠯᠲᠡᠶ ᠵᠣᠬᠢᠶᠠᠨ ᠪᠠᠢᠭᠤᠯᠤᠨ ᠬᠡᠷᠡᠭ᠌ᠵᠢᠭᠦᠯᠦᠨ᠎ᠡ᠃
    ᠨᠡᠷ᠎ᠡ ᠮᠡᠳᠡᠭᠦᠯᠬᠦ᠌ ᠴᠠᠭ᠄ 4 ᠰᠠᠷ᠎ᠠ᠎ᠶ᠋ᠢᠨ 14 ᠎ᠤ ᠡᠳᠦᠷ᠎ᠤᠨ 8᠄ 00 — 5 ᠰᠠᠷ᠎ᠠ᠎ᠶ᠋ᠢᠨ 13 ᠎ᠤ ᠡᠳᠦᠷ᠎ᠤᠨ 18᠄ 00
    ᠨᠡᠷ᠎ᠡ ᠮᠡᠳᠡᠭᠦᠯᠬᠦ᠌ ᠠᠷᠭ᠎ᠠ ᠮᠠᠶᠢᠭ᠄ 《ᠥᠪᠥᠷ ᠮᠣᠩᠭᠤᠯ᠎ᠤᠨ ᠠᠵᠢᠯ ᠮᠡᠷᠭᠡᠵᠢᠯ᠎ᠤᠨ ᠪᠣᠯᠪᠠᠰᠤᠷᠠᠯ ᠬᠢᠭᠡᠳ ᠠᠵᠢᠯ ᠣᠯᠭᠤᠯᠲᠠ᠎ᠶ᠋ᠢ ᠠᠬᠢᠭᠤᠯᠬᠤ ᠨᠡᠢᠭᠡᠮᠯᠢᠭ》 ᠎ᠤᠨ ᠰᠦᠯᠵᠢᠶᠡᠨ᠎ᠳᠤ ᠭᠠᠷᠴᠤ᠌ ᠨᠡᠷ᠎ᠡ ᠮᠡᠳᠡᠭᠦᠯᠦᠨ᠎ᠡ᠃ 
    (ᠬᠤᠶᠠᠷ) ᠬᠢᠷᠢ ᠬᠡᠮ᠎ᠢ ᠬᠢᠨᠠᠨ ᠬᠠᠷᠭᠤᠭᠤᠯᠬᠤ
    ᠡᠯ᠎ᠡ ᠠᠢᠮᠠᠭ ᠬᠤᠲᠠ᠎ᠶ᠋ᠢᠨ ᠬᠠᠮᠵᠢᠯᠴᠠᠨ ᠭᠦᠶ᠋ᠴᠡᠳᠭᠡᠬᠦ᠌ ᠨᠢᠭᠡᠴᠢ᠎ᠨᠢ ᠮᠡᠳᠡᠭᠦᠯᠦᠭ᠌ᠰᠡᠳ᠎ᠲᠤ ᠬᠢᠷᠢ ᠬᠡᠮ᠎ᠤᠨ ᠬᠢᠨᠠᠨ ᠬᠠᠷᠭᠤᠭᠤᠯᠤᠯᠲᠠ ᠬᠢᠵᠦ᠍᠂ ᠬᠢᠨᠠᠨ ᠬᠠᠷᠭᠤᠭᠤᠯᠬᠤ᠎ᠳᠠᠭᠠᠨ ᠳᠡᠭᠡᠷ᠎ᠡ ᠨᠢᠭᠡ ᠱᠠᠲᠤᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠪᠤᠶᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠤᠨ ᠦᠨᠡᠮᠯᠡᠯ᠎ᠢ ᠬᠠᠩᠭᠠᠬᠤ ᠴᠢᠬᠤᠯᠠ᠎ᠲᠠᠢ ᠪᠣᠯ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠦᠨᠡᠯᠡᠯᠲᠡ᠎ᠶ᠋ᠢᠨ ᠦᠨᠡᠮᠯᠡᠯ᠎ᠢ ᠪᠥᠬᠦ᠌ ᠤᠯᠤᠰ᠎ᠤᠨ ᠰᠦᠯᠵᠢᠶ᠎ᠡ᠎ᠪᠠᠷ ᠪᠠᠢᠴᠠᠭᠠᠨ ᠯᠠᠪᠯᠠᠬᠤ ᠱᠢᠰᠲ᠋ᠧᠮ (http://zscx.osta.org.cn/) ᠎ᠤᠨ ᠪᠠᠢᠴᠠᠭᠠᠨ ᠯᠠᠪᠯᠠᠭ᠍ᠰᠠᠨ ᠦᠷ᠎ᠡ ᠳ᠋ᠦᠩ᠎ᠢᠶᠠᠷ ᠪᠠᠷᠢᠮᠵᠢᠶ᠎ᠠ ᠪᠣᠯᠭᠠᠨ᠎ᠠ᠃
    ᠡᠯ᠎ᠡ ᠠᠢᠮᠠᠭ ᠬᠤᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠨᠢ ᠡᠯ᠎ᠡ ᠠᠢᠮᠠᠭ ᠬᠤᠲᠠ᠎ᠶ᠋ᠢᠨ ᠬᠠᠮᠵᠢᠯᠴᠠᠨ ᠭᠦᠶ᠋ᠴᠡᠳᠭᠡᠬᠦ᠌ ᠨᠢᠭᠡᠴᠢ᠎ᠶ᠋ᠢᠨ ᠬᠢᠨᠠᠨ ᠬᠠᠷᠭᠤᠭᠤᠯᠤᠭ᠍ᠰᠠᠨ ᠠᠵᠢᠯᠲᠠᠨ᠎ᠳᠤ ᠬᠢᠷᠢ ᠬᠡᠮ᠎ᠤᠨ ᠳᠠᠬᠢᠨ ᠬᠢᠨᠠᠯᠲᠠ ᠬᠢᠨ᠎ᠠ᠃
    (ᠭᠤᠷᠪᠠ) ᠰᠦᠶ᠋ᠳᠭᠡᠯ ᠲᠤᠱᠢᠶᠠᠬᠤ
    ᠰᠦᠢᠳᠭᠡᠯ ᠲᠤᠱᠢᠶᠠᠬᠤ ᠴᠠᠭ᠄ 5 ᠰᠠᠷ᠎ᠠ᠎ᠶ᠋ᠢᠨ 22 ᠎ᠤᠨ ᠡᠳᠦᠷ᠎ᠤᠨ 8᠄ 00 — 5 ᠰᠠᠷ᠎ᠠ᠎ᠶ᠋ᠢᠨ 24 ᠎ᠤ ᠡᠳᠦᠷ᠎ᠤᠨ 18᠄ 00
    ᠬᠢᠷᠢ ᠬᠡᠮ᠎ᠤᠨ ᠳᠠᠬᠢᠨ ᠬᠢᠨᠠᠯᠲᠠ᠎ᠶ᠋ᠢ ᠪᠠᠲᠤᠯᠠᠭ᠍ᠰᠠᠨ᠎ᠤ ᠳᠠᠷᠠᠭ᠎ᠠ᠂ ᠨᠡᠷ᠎ᠡ ᠮᠡᠳᠡᠭᠦᠯᠬᠦ᠌ ᠱᠢᠰᠲ᠋ᠧᠮ᠎ᠤᠨ ᠲᠦᠷᠦᠭᠦᠸ᠋ ᠨᠢᠭᠤᠷ᠎ᠲᠤ 《ᠮᠢᠨᠦ᠍ ᠨᠡᠷ᠎ᠡ ᠮᠡᠳᠡᠭᠦᠯᠬᠦ᠌》 ᠎ᠶ᠋ᠢ ᠰᠣᠩᠭᠤᠵᠤ᠂ ᠨᠢᠭᠡᠨᠲᠡ ᠨᠡᠷ᠎ᠡ ᠮᠡᠳᠡᠭᠦᠯᠦᠭ᠌ᠰᠡᠨ ᠮᠡᠳᠡᠭᠡ ᠵᠠᠩᠭᠢ᠎ᠠᠴᠠ ᠠᠵᠢᠯ ᠮᠡᠷᠭᠡᠵᠢᠯ᠂ ᠵᠡᠷᠭᠡ ᠳᠡᠰ᠎ᠢ᠎ᠨᠢ ᠬᠠᠷᠭᠤᠭᠤᠯᠤᠨ ᠳᠣᠲᠣᠯᠠᠵᠤ᠂ ᠳᠠᠷᠠᠭ᠎ᠠ᠎ᠨᠢ 《ᠨᠡᠷ᠎ᠡ ᠮᠡᠳᠡᠭᠦᠯᠬᠦ᠌ ᠰᠦᠶ᠋ᠳᠭᠡᠯ ᠲᠤᠱᠢᠶᠠᠬᠤ》 ᠸᠢᠴᠠᠲ᠎ᠤᠨ ᠺᠣᠳ᠋ ᠱᠢᠷᠪᠢᠵᠦ᠍ ᠳᠥᠯᠥᠬᠦ᠌ (ᠰᠦᠶ᠋ᠳᠭᠡᠯ ᠲᠤᠱᠢᠶᠠᠬᠤ ᠶᠠᠪᠤᠴᠠ᠎ᠶ᠋ᠢ ᠳᠠᠭᠠᠯᠳᠤᠭᠤᠯᠤᠯ 6 ᠎ᠶ᠋ᠢ ᠦᠵᠡ) ᠎ᠶ᠋ᠢ ᠲᠣᠪᠴᠢᠳᠠᠨ᠎ᠠ᠃
    ᠰᠦᠶ᠋ᠳᠭᠡᠯ ᠬᠤᠷᠢᠶᠠᠬᠤ ᠪᠠᠷᠢᠮᠵᠢᠶ᠎ᠠ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ ᠪᠠ ᠬᠢᠨᠠᠨ ᠲᠣᠭ᠍ᠲᠠᠭᠠᠵᠤ ᠰᠦᠶ᠋ᠳᠭᠡᠯ ᠬᠤᠷᠢᠶᠠᠬᠤ ᠪᠠᠷᠢᠮᠵᠢᠶ᠎ᠠ᠎ᠶ᠋ᠢ ᠵᠢᠷᠤᠮᠵᠢᠭᠤᠯᠬᠤ ᠵᠡᠷᠭᠡ ᠬᠤᠯᠪᠣᠭ᠍ᠳᠠᠯ ᠪᠥᠬᠦᠶ ᠠᠰᠠᠭᠤᠳᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠡᠳ᠋᠎ᠤᠨ ᠵᠠᠰᠠᠭ᠎ᠤᠨ ᠲᠢᠩᠬᠢᠮ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠢᠩᠬᠢᠮ᠎ᠤᠨ ᠮᠡᠳᠡᠭ᠌ᠳᠡᠯ》 (ᠥᠪᠥᠷ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠰᠦᠶ᠋ᠳᠭᠡᠯ ᠥᠰᠥᠭ [2015] 1552 ᠳ᠋ᠤᠭᠠᠷ ᠲᠣᠭᠠᠲᠤ) ᠎ᠤᠨ ᠪᠠᠷᠢᠮᠵᠢᠶ᠎ᠠ᠎ᠪᠠᠷ ᠯᠠᠪᠯᠠᠯᠲᠠ ᠪᠣᠯᠭᠠᠵᠤ ᠬᠡᠷᠡᠭ᠌ᠵᠢᠭᠦᠯᠦᠨ᠎ᠡ᠃ ᠣᠨᠣᠯ᠎ᠤᠨ ᠮᠡᠳᠡᠯᠭᠡ᠎ᠶ᠋ᠢᠨ ᠱᠢᠯᠭᠠᠯᠲᠠ ᠪᠠ ᠠᠵᠢᠯᠯᠠᠬᠤ ᠤᠷ᠎ᠠ ᠮᠡᠷᠭᠡᠵᠢᠯ᠎ᠤᠨ ᠬᠢᠨᠠᠨ ᠱᠢᠯᠭᠠᠯᠲᠠ᠎ᠳᠤ ᠲᠣᠰ ᠲᠣᠰ ᠰᠦᠶ᠋ᠳᠭᠡᠯ ᠬᠤᠷᠢᠶᠠᠨ᠎ᠠ᠃
    (ᠳᠥᠷᠪᠡ) ᠱᠢᠯᠭᠠᠯᠲᠠ᠎ᠶ᠋ᠢᠨ ᠴᠠᠭ
    ᠣᠨᠣᠯ᠎ᠤᠨ ᠮᠡᠳᠡᠯᠭᠡ᠎ᠶ᠋ᠢᠨ ᠱᠢᠯᠭᠠᠯᠲᠠ᠎ᠶ᠋ᠢᠨ ᠪᠢᠷ᠎ᠤᠨ ᠱᠢᠯᠭᠠᠯᠲᠠ᠎ᠶ᠋ᠢᠨ ᠴᠠᠭ᠄ 6 ᠰᠠᠷ᠎ᠠ᠎ᠶ᠋ᠢᠨ 15 ᠎ᠤ ᠡᠳᠦᠷ᠎ᠤᠨ 8᠄ 30 — 10᠄ 00
    ᠠᠵᠢᠯᠯᠠᠬᠤ ᠤᠷ᠎ᠠ ᠮᠡᠷᠭᠡᠵᠢᠯ᠎ᠤᠨ ᠬᠢᠨᠠᠨ ᠱᠢᠯᠭᠠᠯᠲᠠ᠎ᠶ᠋ᠢᠨ ᠪᠢᠷ᠎ᠤᠨ ᠱᠢᠯᠭᠠᠯᠲᠠ᠎ᠶ᠋ᠢᠨ ᠴᠠᠭ᠄ 6 ᠰᠠᠷ᠎ᠠ᠎ᠶ᠋ᠢᠨ 15 ᠎ᠤ ᠡᠳᠦᠷ᠎ᠤᠨ 10᠄ 30 — 12᠄ 30
    ᠠᠵᠢᠯᠯᠠᠭᠤᠯᠬᠤ ᠤᠷ᠎ᠠ ᠮᠡᠷᠭᠡᠵᠢᠯ᠎ᠤᠨ ᠬᠢᠨᠠᠨ ᠱᠢᠯᠭᠠᠯᠲᠠ᠎ᠶ᠋ᠢᠨ ᠪᠣᠳᠠᠲᠠᠶ ᠠᠵᠢᠯᠯᠠᠭᠤᠯᠬᠤ ᠱᠢᠯᠭᠠᠯᠲᠠ᠎ᠶ᠋ᠢᠨ ᠴᠠᠭ᠄ 6 ᠰᠠᠷ᠎ᠠ᠎ᠶ᠋ᠢᠨ 15 ᠎ᠤ ᠡᠳᠦᠷ᠎ᠤᠨ 14᠄ 00 ᠴᠠᠭ᠎ᠲᠤ ᠡᠬᠢᠯᠡᠨ᠎ᠡ
    (ᠲᠠᠪᠤ) ᠱᠢᠯᠭᠠᠭᠤᠯᠬᠤ ᠵᠥᠪᠱᠢᠶᠡᠷᠡᠯ᠎ᠤᠨ ᠦᠨᠡᠮᠯᠡᠯ᠎ᠢ ᠳᠠᠷᠤᠮᠠᠯᠯᠠᠬᠤ ᠴᠠᠭ
    6 ᠰᠠᠷ᠎ᠠ᠎ᠶ᠋ᠢᠨ 9 ᠎ᠤ ᠡᠳᠦᠷ᠎ᠠᠴᠠ 6 ᠰᠠᠷ᠎ᠠ᠎ᠶ᠋ᠢᠨ 14 ᠎ᠤ ᠡᠳᠦᠷ ᠪᠣᠯᠲᠠᠯ᠎ᠠ ᠱᠢᠯᠭᠠᠭᠤᠯᠤᠭ᠍ᠴᠢ 《ᠥᠪᠥᠷ ᠮᠣᠩᠭᠤᠯ᠎ᠤᠨ ᠠᠵᠢᠯ ᠮᠡᠷᠭᠡᠵᠢᠯ᠎ᠤᠨ ᠪᠣᠯᠪᠠᠰᠤᠷᠠᠯ ᠬᠢᠭᠡᠳ ᠠᠵᠢᠯ ᠣᠯᠭᠤᠯᠲᠠ᠎ᠶ᠋ᠢ ᠠᠬᠢᠭᠤᠯᠬᠤ ᠨᠡᠢᠭᠡᠮᠯᠢᠭ》 ᠎ᠤᠨ ᠰᠦᠯᠵᠢᠶᠡᠨ᠎ᠳᠤ ᠭᠠᠷᠴᠤ᠌᠂ 《ᠤᠷ᠎ᠠ ᠮᠡᠷᠭᠡᠵᠢᠯ᠎ᠤᠨ ᠲᠠᠰ᠎ᠢ ᠮᠠᠭᠠᠳᠯᠠᠨ ᠲᠣᠭ᠍ᠲᠠᠭᠠᠬᠤ ᠨᠡᠷ᠎ᠡ ᠮᠡᠳᠡᠭᠦᠯᠬᠦ᠌ ᠡᠭᠦᠳᠡ》 ᠎ᠶ᠋ᠢ ᠲᠣᠪᠴᠢᠳᠠᠨ᠂ 《ᠱᠢᠯᠭᠠᠭᠤᠯᠬᠤ ᠵᠥᠪᠱᠢᠶᠡᠷᠡᠯ᠎ᠤᠨ ᠦᠨᠡᠮᠯᠡᠯ᠎ᠢ ᠳᠠᠷᠤᠮᠠᠯᠯᠠᠬᠤ》 ᠎ᠶ᠋ᠢ ᠰᠣᠩᠭᠤᠵᠤ᠂ ᠣᠪᠣᠭ ᠨᠡᠷ᠎ᠡ ᠪᠠ ᠪᠡᠶ᠎ᠡ᠎ᠶ᠋ᠢᠨ ᠦᠨᠡᠮᠯᠡᠯ᠎ᠤᠨ ᠨᠣᠮᠧᠷ᠎ᠢᠶᠠᠨ ᠣᠷᠣᠭᠤᠯᠤᠭ᠍ᠰᠠᠨ᠎ᠤ ᠳᠠᠷᠠᠭ᠎ᠠ ᠡᠯᠧᠺᠲᠷᠣᠨ ᠬᠡᠪᠯᠡᠯ᠎ᠤᠨ ᠱᠢᠯᠭᠠᠭᠤᠯᠬᠤ ᠦᠨᠡᠮᠯᠡᠯ᠎ᠢ ᠪᠠᠭᠤᠯᠭᠠᠨ ᠠᠪᠴᠤ᠌ ᠳᠠᠷᠤᠮᠠᠯᠯᠠᠨ᠎ᠠ᠃
    (ᠵᠢᠷᠭᠤᠭ᠎ᠠ) ᠬᠢᠷᠢ ᠪᠦᠲᠦᠮᠵᠢ᠎ᠶ᠋ᠢ ᠢᠯᠡ ᠨᠡᠢᠲᠡᠯᠡᠬᠦ᠌
    6 ᠰᠠᠷ᠎ᠠ᠎ᠶ᠋ᠢᠨ 21 ᠎ᠤ ᠡᠳᠦᠷ᠎ᠠᠴᠠ 6 ᠰᠠᠷ᠎ᠠ᠎ᠶ᠋ᠢᠨ 25 ᠎ᠤ ᠡᠳᠦᠷ ᠪᠣᠯᠲᠠᠯ᠎ᠠ ᠱᠢᠯᠭᠠᠭᠤᠯᠤᠭ᠍ᠴᠢᠳ 《ᠥᠪᠥᠷ ᠮᠣᠩᠭᠤᠯ᠎ᠤᠨ ᠠᠵᠢᠯ ᠮᠡᠷᠭᠡᠵᠢᠯ᠎ᠤᠨ ᠪᠣᠯᠪᠠᠰᠤᠷᠠᠯ ᠬᠢᠭᠡᠳ ᠠᠵᠢᠯ ᠣᠯᠭᠤᠯᠲᠠ᠎ᠶ᠋ᠢ ᠠᠬᠢᠭᠤᠯᠬᠤ ᠨᠡᠢᠭᠡᠮᠯᠢᠭ》 ᠎ᠤᠨ ᠰᠦᠯᠵᠢᠶᠡᠨ᠎ᠳᠤ ᠭᠠᠷᠴᠤ᠌᠂ 《ᠤᠷ᠎ᠠ ᠮᠡᠷᠭᠡᠵᠢᠯ᠎ᠤᠨ ᠲᠠᠰ᠎ᠢ ᠮᠠᠭᠠᠳᠯᠠᠨ ᠲᠣᠭ᠍ᠲᠠᠭᠠᠬᠤ ᠨᠡᠷ᠎ᠡ ᠮᠡᠳᠡᠭᠦᠯᠬᠦ᠌ ᠡᠭᠦᠳᠡ》 ᠎ᠶ᠋ᠢ ᠲᠣᠪᠴᠢᠳᠠᠨ᠂ 《ᠬᠢᠷᠢ ᠪᠦᠲᠦᠮᠵᠢ᠎ᠶ᠋ᠢ ᠢᠯᠡ ᠨᠡᠢᠲᠡᠯᠡᠬᠦ᠌》 ᠎ᠶ᠋ᠢ ᠰᠣᠩᠭᠤᠵᠤ᠂ ᠣᠪᠣᠭ ᠨᠡᠷ᠎ᠡ ᠬᠢᠭᠡᠳ ᠪᠡᠶ᠎ᠡ᠎ᠶ᠋ᠢᠨ ᠦᠨᠡᠮᠯᠡᠯ᠎ᠤᠨ ᠨᠣᠮᠧᠷ᠎ᠢᠶᠠᠨ ᠣᠷᠣᠭᠤᠯᠵᠤ ᠱᠢᠯᠭᠠᠯᠲᠠ᠎ᠶ᠋ᠢᠨ ᠬᠢᠷᠢ ᠪᠦᠲᠦᠮᠵᠢ᠎ᠪᠠᠨ ᠯᠠᠪᠯᠠᠵᠤ ᠪᠣᠯᠤᠨ᠎ᠠ᠃
    ᠵᠢᠷᠭᠤᠭ᠎ᠠ᠂ ᠱᠢᠯᠭᠠᠯᠲᠠ᠎ᠶ᠋ᠢᠨ ᠶᠠᠪᠤᠳᠠᠯ᠎ᠤᠨ ᠲᠣᠬᠢᠷᠠᠭᠤᠯᠤᠯᠲᠠ
    (ᠨᠢᠭᠡ) ᠱᠢᠯᠭᠠᠯᠲᠠ᠎ᠶ᠋ᠢᠨ ᠲᠠᠯᠠᠪᠤᠷ᠂ ᠱᠢᠯᠭᠠᠯᠲᠠ᠎ᠶ᠋ᠢᠨ ᠶᠠᠪᠤᠳᠠᠯ᠎ᠤᠨ ᠲᠣᠬᠢᠷᠠᠭᠤᠯᠤᠯᠲᠠ
    ᠠᠢᠮᠠᠭ ᠬᠤᠲᠠ᠎ᠪᠠᠷ ᠨᠢᠭᠡᠴᠢ ᠪᠣᠯᠭᠠᠨ ᠱᠢᠯᠭᠠᠯᠲᠠ᠎ᠶ᠋ᠢᠨ ᠴᠡᠭ ᠳᠣᠭᠢᠷᠠᠭᠤᠯᠵᠤ᠂ ᠬᠠᠮᠵᠢᠯᠴᠠᠨ ᠭᠦᠶ᠋ᠴᠡᠳᠭᠡᠬᠦ᠌ ᠨᠢᠭᠡᠴᠢ᠎ᠨᠢ ᠡᠯ᠎ᠡ ᠠᠢᠮᠠᠭ ᠬᠤᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠬᠢᠨᠠᠯᠲᠠ ᠵᠢᠯᠣᠭᠤᠳᠣᠯᠭ᠎ᠠ ᠳᠣᠥᠷ᠎ᠠ᠂ 6 ᠰᠠᠷ᠎ᠠ᠎ᠶ᠋ᠢᠨ 4 ᠎ᠤ ᠡᠳᠦᠷ᠎ᠠᠴᠠ ᠡᠮᠦᠨ᠎ᠡ ᠥᠪᠥᠷ ᠮᠣᠩᠭᠤᠯ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠵᠦ᠍ ᠬᠢᠨᠠᠨ ᠬᠠᠮᠢᠶᠠᠷᠬᠤ ᠦᠶ᠋ᠯᠡᠴᠢᠯᠡᠭᠡᠨ᠎ᠤ ᠲᠠᠪᠴᠠᠩ (https://nmdjrd.csidd.com) ᠎ᠢᠶᠠᠷ ᠳᠠᠮᠵᠢᠭᠤᠯᠤᠨ ᠱᠢᠯᠭᠠᠯᠲᠠ᠎ᠶ᠋ᠢᠨ ᠲᠠᠯᠠᠪᠤᠷ᠎ᠤᠨ ᠨᠠᠢᠷᠠᠭᠤᠯᠤᠨ ᠵᠢᠭ᠍ᠰᠠᠭᠠᠬᠤ᠂ ᠱᠢᠯᠭᠠᠯᠲᠠ᠎ᠶ᠋ᠢᠨ ᠶᠠᠪᠤᠳᠠᠯ᠎ᠤᠨ ᠲᠣᠬᠢᠷᠠᠭᠤᠯᠤᠯᠲᠠ ᠵᠡᠷᠭᠡ ᠠᠵᠢᠯ᠎ᠢ ᠪᠡᠶᠡᠯᠡᠭᠦᠯᠬᠦ᠌᠎ᠶ᠋ᠢᠨ ᠬᠠᠮᠲᠤ ᠱᠢᠯᠭᠠᠯᠲᠠ᠎ᠠᠴᠠ ᠡᠮᠦᠨ᠎ᠡ 5 ᠠᠵᠢᠯᠯᠠᠬᠤ ᠡᠳᠦᠷ᠎ᠲᠤ 《ᠱᠢᠯᠭᠠᠯᠲᠠ᠎ᠶ᠋ᠢᠨ ᠶᠠᠪᠤᠳᠠᠯ᠎ᠤᠨ ᠭᠠᠷ ᠳᠡᠪᠲᠡᠷ》 ᠎ᠢᠶᠠᠨ ᠲᠤᠱᠢᠶᠠᠨ᠎ᠠ᠃
    (ᠬᠤᠶᠠᠷ) ᠱᠢᠯᠭᠠᠯᠳᠠ᠎ᠶ᠋ᠢ ᠬᠢᠨᠠᠬᠤ᠂ ᠶᠡᠷᠦᠩᠬᠡᠢᠯᠡᠨ ᠬᠢᠨᠠᠨ ᠲᠣᠭ᠍ᠲᠠᠭᠠᠬᠤ
    ᠲᠣᠰ ᠤᠳᠠᠭ᠎ᠠ᠎ᠶ᠋ᠢᠨ ᠱᠢᠯᠭᠠᠯᠲᠠ᠎ᠶ᠋ᠢ ᠬᠢᠨᠠᠬᠤ ᠪᠠ ᠶᠡᠷᠦᠩᠬᠡᠢᠯᠡᠨ ᠬᠢᠨᠠᠨ ᠲᠣᠭ᠍ᠲᠠᠭᠠᠬᠤ ᠠᠵᠢᠯ᠎ᠢ ᠡᠯ᠎ᠡ ᠠᠢᠮᠠᠭ ᠬᠤᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠠᠴᠠ ᠬᠠᠷᠢᠭᠤᠴᠠᠨ ᠵᠣᠬᠢᠶᠠᠨ ᠪᠠᠢᠭᠤᠯᠤᠨ ᠶᠠᠪᠤᠭ᠍ᠳᠠᠭᠤᠯᠵᠤ᠂ ᠡᠯ᠎ᠡ ᠠᠢᠮᠠᠭ ᠬᠤᠲᠠ᠎ᠨᠢ 6 ᠰᠠᠷ᠎ᠠ᠎ᠶ᠋ᠢᠨ 30 ᠎ᠤ ᠡᠳᠦᠷ᠎ᠠᠴᠠ ᠡᠮᠦᠨ᠎ᠡ ᠦᠨᠡᠮᠯᠡᠯ᠎ᠤᠨ ᠲᠤᠭ᠎ᠠ ᠪᠠᠷᠢᠮᠲᠠ᠎ᠶ᠋ᠢ ᠲᠠᠩᠰᠠ ᠡᠪᠬᠡᠮᠡᠯ᠎ᠳᠤ ᠣᠷᠣᠭᠤᠯᠬᠤ ᠠᠵᠢᠯ᠎ᠢ ᠳᠠᠭᠤᠰᠭᠠᠬᠤ᠎ᠶ᠋ᠢᠨ ᠬᠠᠮᠲᠤ᠌᠂ ᠬᠤᠷᠢᠶᠠᠩᠭᠤᠢᠯᠠᠭ᠍ᠰᠠᠨ ᠬᠦᠰᠦᠨᠦᠭ᠌ᠲᠦ᠍᠎ᠳᠤ ᠭᠠᠷ᠎ᠤᠨ ᠥᠰᠥᠭ ᠵᠢᠷᠤᠵᠤ ᠲᠠᠮᠠᠭ᠎ᠠ ᠳᠠᠷᠤᠭ᠍ᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠳᠤ ᠳᠡᠪᠱᠢᠭᠦᠯᠦᠨ ᠲᠤᠱᠢᠶᠠᠬᠤ ᠬᠡᠷᠡᠭ᠌ᠲᠡᠶ᠃
    (ᠭᠤᠷᠪᠠ) ᠱᠢᠯᠭᠠᠯᠲᠠ᠎ᠶ᠋ᠢᠨ ᠬᠠᠭᠤᠳᠠᠰᠤ᠎ᠶ᠋ᠢ ᠲᠠᠩᠰᠠ ᠡᠪᠬᠡᠮᠡᠯ᠎ᠳᠤ ᠣᠷᠣᠭᠤᠯᠬᠤ
    ᠲᠣᠰ ᠤᠳᠠᠭ᠎ᠠ ᠪᠣᠶ ᠪᠥᠬᠦᠶ ᠱᠢᠯᠭᠠᠯᠲᠠ᠎ᠶ᠋ᠢᠨ ᠬᠠᠭᠤᠳᠠᠰᠤ᠎ᠶ᠋ᠢ ᠮᠠᠭᠠᠳᠯᠠᠨ ᠲᠣᠭ᠍ᠲᠠᠭᠠᠬᠤ᠎ᠳᠤ ᠡᠯ᠎ᠡ ᠠᠢᠮᠠᠭ ᠬᠤᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠠᠴᠠ ᠲᠠᠩᠰᠠ ᠡᠪᠬᠡᠮᠡᠯ᠎ᠤᠨ ᠬᠠᠮᠢᠶᠠᠷᠤᠯᠲᠠ᠎ᠶ᠋ᠢᠨ ᠱᠠᠭᠠᠷᠳᠠᠯᠭ᠎ᠠ ᠶᠣᠰᠣᠭᠠᠷ ᠡᠮᠬᠢᠯᠡᠵᠦ᠍ ᠲᠠᠩᠰᠠ ᠡᠪᠬᠡᠮᠡᠯ᠎ᠳᠤ ᠣᠷᠣᠭᠤᠯᠤᠨ ᠬᠠᠳᠠᠭᠠᠯᠠᠬᠤ᠎ᠶ᠋ᠢᠨ ᠬᠠᠮᠲᠤ ᠪᠠᠢᠴᠠᠭᠠᠬᠤ᠎ᠳᠤ ᠪᠡᠯᠡᠳᠭᠡᠬᠦ᠌ ᠪᠡᠯᠡᠳᠭᠡᠯ᠎ᠢ ᠰᠠᠢᠲᠤᠷ ᠬᠢᠨ᠎ᠠ᠃
    ᠳᠣᠯᠤᠭ᠎ᠠ᠂ ᠦᠨᠡᠮᠯᠡᠯ᠎ᠢ ᠪᠠᠢᠴᠠᠭᠠᠨ ᠯᠠᠪᠯᠠᠬᠤ ᠵᠢᠴᠢ ᠣᠯᠭᠤᠬᠤ
    ᠬᠢᠷᠢ ᠪᠦᠲᠦᠮᠵᠢ᠎ᠨᠢ ᠬᠢᠷᠢ ᠲᠡᠩᠴᠡᠭ᠌ᠰᠡᠳ᠎ᠲᠤ ᠥᠪᠡᠷᠲᠡᠭᠡᠨ ᠵᠠᠰᠠᠬᠤ ᠣᠷᠣᠨ᠎ᠠᠴᠠ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠤᠨ ᠦᠨᠡᠮᠯᠡᠯ᠎ᠢ ᠨᠢᠭᠡᠳᠦᠯᠲᠡᠶ ᠦᠶ᠋ᠯᠡᠳᠦᠨ ᠣᠯᠭᠤᠵᠤ᠂ ᠡᠯ᠎ᠡ ᠠᠢᠮᠠᠭ ᠬᠤᠲᠠ᠎ᠶ᠋ᠢᠨ ᠬᠠᠮᠵᠢᠯᠴᠠᠨ ᠭᠦᠶ᠋ᠴᠡᠳᠭᠡᠬᠦ᠌ ᠨᠢᠭᠡᠴᠢ᠎ᠠᠴᠠ ᠱᠢᠯᠭᠠᠭᠤᠯᠤᠭ᠍ᠴᠢ᠎ᠶ᠋ᠢᠨ ᠨᠢᠭᠡᠴᠢ ᠪᠤᠶᠤ ᠬᠤᠪᠢ ᠬᠥᠮᠦᠨ᠎ᠳᠤ ᠮᠡᠳᠡᠭ᠌ᠳᠡᠵᠦ᠍ ᠠᠪᠤᠭᠤᠯᠤᠨ᠎ᠠ᠃ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠤᠨ ᠦᠨᠡᠮᠯᠡᠯ᠎ᠢ ᠪᠠᠢᠴᠠᠭᠠᠨ ᠯᠠᠪᠯᠠᠬᠤ ᠰᠦᠯᠵᠢᠶᠡᠨ᠎ᠤ ᠬᠠᠶᠢᠭ᠄ http://jndj.osta.org.cn/http://jndj.osta.org.cn/
    ᠨᠠᠢ᠍ᠮᠠ᠂ ᠱᠢᠯᠭᠠᠯᠲᠠ᠎ᠠᠴᠠ ᠡᠮᠦᠨ᠎ᠡ ᠰᠣᠷᠣᠯᠴᠠᠬᠤ
    ᠲᠣᠰ ᠤᠳᠠᠭ᠎ᠠ᠎ᠶ᠋ᠢᠨ ᠮᠠᠭᠠᠳᠯᠠᠨ ᠲᠣᠭ᠍ᠲᠠᠭᠠᠯᠲᠠ᠎ᠳᠤ ᠥᠪᠡᠷᠲᠡᠭᠡᠨ ᠵᠠᠰᠠᠬᠤ ᠣᠷᠣᠨ᠎ᠶ᠋ᠢᠨ ᠠᠵᠢᠯ ᠤᠯᠭᠤᠯᠳᠠ᠎ᠶ᠋ᠢ ᠠᠬᠢᠭᠤᠯᠬᠤ ᠨᠡᠢᠭᠡᠮᠯᠢᠭ᠎ᠠᠴᠠ ᠱᠢᠯᠭᠠᠯᠲᠠ᠎ᠶ᠋ᠢᠨ ᠬᠠᠪᠰᠤᠷᠤᠨ ᠵᠢᠯᠣᠭᠤᠳᠭᠤ᠎ᠳᠤ ᠬᠡᠷᠡᠭ᠌ᠯᠡᠬᠦ᠌ ᠪᠢᠴᠢᠭ᠎ᠢ ᠵᠢᠭᠠᠨ ᠲᠣᠭ᠍ᠲᠠᠭᠠᠬᠤ ᠥᠬᠡᠶ᠂ ᠶᠠᠮᠠᠷᠪᠠ ᠪᠠᠢᠭᠤᠯᠤᠮᠵᠢ᠎ᠳᠤ ᠨᠠᠢᠳᠠᠵᠤ ᠱᠢᠯᠭᠠᠯᠲᠠ᠎ᠶ᠋ᠢᠨ ᠬᠠᠪᠰᠤᠷᠤᠨ ᠵᠢᠯᠣᠭᠤᠳᠴᠤ᠌ ᠰᠤᠷᠤᠯᠴᠠᠬᠤ ᠠᠩᠭᠢ ᠡᠷᠭᠢᠯᠡᠬᠦ᠌ ᠥᠬᠡᠶ᠂ ᠬᠡᠰᠡᠭ ᠠᠵᠢᠯ ᠮᠡᠷᠭᠡᠵᠢᠯ᠎ᠢ ᠰᠦᠯᠵᠢᠶᠡᠨ ᠳᠡᠭᠡᠷ᠎ᠡ ᠰᠤᠷᠤᠯᠴᠠᠬᠤ ᠠᠷᠭ᠎ᠠ ᠮᠠᠶᠢᠭ᠎ᠢᠶᠠᠷ ᠶᠠᠪᠤᠭ᠍ᠳᠠᠭᠤᠯᠵᠤ᠂ ᠮᠡᠳᠡᠭᠦᠯᠦᠭ᠌ᠰᠡᠳ᠎ᠨᠢ ᠰᠠᠢᠨ ᠳᠤᠷ᠎ᠠ᠎ᠠᠴᠠ᠎ᠪᠠᠨ ᠣᠷᠣᠯᠴᠠᠵᠤ ᠪᠣᠯᠤᠨ᠎ᠠ᠂ ᠪᠣᠳᠠᠲᠠᠶ ᠴᠠᠭ᠎ᠢ ᠠᠰ᠎ᠲᠤᠨᠢ ᠮᠡᠳᠡᠭ᠌ᠳᠡᠨ᠎ᠡ᠃
    ᠶᠢᠰᠦ᠂ ᠠᠵᠢᠯ᠎ᠤᠨ ᠱᠠᠭᠠᠷᠳᠠᠯᠭ᠎ᠠ
    (ᠨᠢᠭᠡ) ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠲᠤᠰ ᠭᠠᠵᠠᠷ ᠣᠷᠣᠨ᠎ᠤ᠎ᠪᠠᠨ ᠪᠠᠢᠭᠤᠯᠭ᠎ᠠ ᠠᠵᠢᠯ ᠦᠢᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠴᠢᠳᠠᠪᠤᠷᠢᠳᠠᠨ᠎ᠤ ᠡᠷᠬᠢᠯᠡᠭ᠌ᠰᠡᠨ ᠠᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠦᠨᠡᠯᠡᠬᠦ᠌ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠬᠢᠨᠠᠯᠲᠠ ᠲᠠᠯᠪᠢᠯᠲᠠ ᠵᠢᠯᠤᠭᠤᠳᠤᠯᠭ᠎ᠠ᠎ᠶ᠋ᠢᠨ ᠳᠣᠣᠷ᠎ᠠ᠂ ᠡᠯ᠎ᠡ ᠬᠠᠮᠵᠢᠯᠴᠠᠨ ᠭᠦᠢᠴᠡᠳᠭᠡᠬᠦ᠌ ᠨᠢᠭᠡᠴᠢ᠎ᠨᠦᠭᠦᠳ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠶ᠋ᠢ ᠰᠠᠢᠲᠤᠷ ᠬᠢᠵᠦ᠍᠂ ᠦᠨᠡᠯᠡᠬᠦ᠌ ᠠᠵᠢᠯ᠎ᠤᠨ ᠤᠷᠤᠭ᠍ᠰᠢᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
    (ᠬᠤᠶᠠᠷ) ᠮᠡᠳᠡᠭᠦᠯᠦᠭ᠌ᠴᠢ᠎ᠨᠢ ᠲᠤᠱᠢᠶᠠᠭ᠍ᠰᠠᠨ ᠮᠠᠲ᠋ᠧᠷᠢᠶᠠᠯ᠎ᠤᠨ᠎ᠢᠶᠠᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ᠎ᠲᠤ ᠬᠠᠷᠢᠭᠤᠴᠠᠬᠤ ᠬᠡᠷᠡᠭ᠌ᠲᠡᠶ᠂ ᠬᠠᠮᠢᠶ᠎ᠠ ᠪᠥᠬᠦᠶ ᠮᠡᠳᠡᠭᠡ ᠵᠠᠩᠭᠢ᠎ᠶ᠋ᠢᠨ ᠮᠠᠲ᠋ᠧᠷᠢᠶᠠᠯ᠎ᠢ ᠬᠠᠭᠤᠷᠮᠠᠭ᠍ᠯᠠᠨ ᠵᠣᠬᠢᠶᠠᠭ᠍ᠰᠠᠨ᠂ ᠮᠡᠳᠡᠭᠦᠯᠬᠦ᠌ ᠥᠬᠡᠶ ᠨᠢᠭᠤᠭ᠍ᠰᠠᠨ᠂ ᠠᠳᠡᠭᠦᠸ᠋ ᠮᠡᠳᠡᠭᠦᠯᠦᠭ᠌ᠰᠡᠳ᠎ᠲᠤ ᠱᠢᠯᠭᠠᠯᠲᠠ᠎ᠶ᠋ᠢᠨ ᠬᠢᠷᠢ ᠬᠡᠮ ᠪᠤᠶᠤ ᠬᠢᠷᠢ ᠪᠦᠲᠦᠮᠵᠢ᠂ ᠦᠨᠡᠮᠯᠡᠯ᠎ᠢ᠎ᠨᠢ ᠬᠦᠴᠦᠨ ᠥᠬᠡᠶ ᠪᠣᠯᠭᠠᠵᠤ᠂ ᠦᠷ᠎ᠡ ᠳ᠋ᠦᠩ᠎ᠢ ᠮᠡᠳᠡᠭᠦᠯᠦᠭ᠌ᠰᠡᠳ ᠥᠪᠡᠷ᠎ᠢᠶᠠᠨ ᠡᠭᠦᠷᠭᠡᠯᠡᠨ᠎ᠡ᠃
    (ᠭᠤᠷᠪᠠ) ᠮᠠᠭᠠᠳᠯᠠᠨ ᠲᠤᠭ᠍ᠳᠠᠭᠠᠬᠤ ᠠᠵᠢᠯ ᠳᠠᠭᠤᠰᠤᠭ᠍ᠰᠠᠨ᠎ᠤ ᠳᠠᠷᠠᠭ᠎ᠠ ᠡᠯ᠎ᠡ ᠠᠢᠮᠠᠭ ᠬᠤᠲᠠ᠎ᠨᠤᠭᠤᠳ ᠮᠠᠭᠠᠳᠯᠠᠨ ᠲᠤᠭ᠍ᠳᠠᠭᠠᠭ᠍ᠰᠠᠨ ᠬᠤᠷᠢᠶᠠᠩᠭᠤᠶ ᠬᠦᠰᠦᠨᠦᠭ᠌ᠲᠦ᠍᠎ᠶ᠋ᠢᠨ ᠲᠠᠮᠠᠭ᠎ᠠ᠎ᠪᠠᠨ ᠳᠠᠷᠤᠭ᠍ᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠠᠵᠢᠯ ᠤᠯᠭᠤᠯᠳᠠ᠎ᠶ᠋ᠢᠨ ᠠᠬᠢᠭᠤᠯᠬᠤ ᠨᠡᠢᠭᠡᠮᠯᠢᠭ᠎ᠲᠤ ᠲᠤᠱᠢᠶᠠᠨ᠎ᠠ᠃
    ᠬᠠᠷᠢᠯᠴᠠᠬᠤ ᠬᠡᠯᠪᠡᠷᠢ᠄ ᠦ᠋ ᠯᠸᠢ 15754971507
    ᠮᠠ ᠴᠧᠨ 15148202355
    ᠲᠣᠭ᠍ᠲᠠᠮᠠᠯ ᠤᠲᠠᠰᠤ᠄ 0471-3956299
    ᠳᠠᠭᠠᠯᠳᠤᠭᠤᠯᠤᠯ᠄ 1.2025 ᠣᠨ᠎ᠤ ᠪᠥᠬᠦ᠌ ᠣᠷᠣᠨ᠎ᠤ ᠪᠠᠢᠭᠤᠯᠭ᠎ᠠ ᠠᠵᠢᠯ ᠦᠶ᠋ᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ ᠠᠵᠢᠯ ᠮᠡᠷᠭᠡᠵᠢᠯ᠎ᠤᠨ ᠭᠠᠷᠴᠠᠭ
    2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠪᠠᠢᠭᠤᠯᠭ᠎ᠠ ᠠᠵᠢᠯ ᠦᠶ᠋ᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠲᠡᠰ᠎ᠢ ᠮᠠᠭᠠᠳᠯᠠᠨ ᠲᠤᠭ᠍ᠳᠠᠭᠠᠬᠤ ᠮᠡᠳᠡᠬᠦᠯᠬᠦ᠌ ᠬᠦᠰᠦᠨᠦᠭ᠌ᠳᠦ
    3. ᠦᠨᠡᠨᠴᠢ ᠢᠲᠡᠭᠡᠮᠵᠢ᠎ᠶ᠋ᠢᠨ ᠠᠮᠠᠯᠠᠯᠲᠠ᠎ᠶ᠋ᠢᠨ ᠪᠢᠴᠢᠭ
    4. ᠪᠥᠬᠦ᠌ ᠣᠷᠣᠨ᠎ᠤ ᠪᠠᠢᠭᠤᠯᠭ᠎ᠠ ᠠᠵᠢᠯ ᠦᠶ᠋ᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ ᠬᠢᠨᠠᠯᠳᠠ ᠬᠠᠮᠢᠶᠠᠷᠤᠯᠳᠠ᠎ᠶ᠋ᠢᠨ ᠰᠠᠯᠠᠭ᠎ᠠ ᠮᠥᠴᠢᠷ᠎ᠤᠨ ᠬᠤᠷᠢᠶᠠᠩᠭᠤᠢ ᠬᠦᠰᠦᠨᠦᠭ᠌ᠲᠦ
    5. ᠡᠯ᠎ᠡ ᠠᠢᠮᠠᠭ ᠬᠤᠲᠠ᠎ᠶ᠋ᠢᠨ ᠠᠯᠪᠠᠨ ᠪᠠᠢᠭᠤᠯᠭ᠎ᠠ ᠠᠵᠢᠯ ᠦᠶ᠋ᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ᠎ᠶ᠋ᠢ ᠬᠠᠮᠵᠢᠨ ᠭᠦᠶ᠋ᠴᠡᠳᠭᠡᠬᠦ᠌ ᠪᠠᠢᠭᠤᠯᠭ᠎ᠠ᠎ᠶ᠋ᠢᠨ ᠨᠡᠷᠡᠰ
    6. ᠪᠥᠬᠦ᠌ ᠣᠷᠣᠨ᠎ᠤ ᠪᠠᠢᠭᠤᠯᠭ᠎ᠠ ᠠᠵᠢᠯ ᠦᠶ᠋ᠯᠡᠰ᠎ᠤᠨ ᠨᠢᠭᠡᠴᠢ᠎ᠶ᠋ᠢᠨ ᠦᠶ᠋ᠯᠡᠴᠢᠯᠡᠭᠡᠨ᠎ᠤ ᠠᠵᠢᠯ᠎ᠤᠨ ᠤᠷ᠎ᠠ ᠮᠡᠷᠭᠡᠵᠢᠯᠳᠦ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ ᠠᠵᠢᠯᠯᠠᠬᠤ ᠲᠡᠰ ᠲᠠᠷᠠᠭᠠᠯᠠᠯ
           ᠥᠪᠥᠷ ᠮᠣᠩᠭᠤᠯ᠎ᠤᠨ ᠠᠵᠢᠯ ᠮᠡᠷᠭᠡᠵᠢᠯ᠎ᠤᠨ ᠪᠣᠯᠪᠠᠰᠤᠷᠠᠯ

           ᠬᠢᠭᠡᠳ ᠠᠵᠢᠯ ᠣᠯᠭᠤᠯᠲᠠ᠎ᠶ᠋ᠢ ᠠᠬᠢᠭᠤᠯᠬᠤ ᠨᠡᠢᠭᠡᠮᠯᠢᠭ
                    2025 ᠣᠨ᠎ᠤ 4 ᠰᠠᠷ᠎ᠠ᠎ᠶ᠋ᠢᠨ 12 ᠎ᠤᠨ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            