ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠤᠨ ᠬᠦᠷᠢᠶᠡᠯᠡᠩ᠎ᠤᠨ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢᠲᠡᠯᠡᠬᠦ᠌ ᠲᠤᠬᠠᠶ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-07-22

    《〈ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠤᠯ᠎ᠢᠶᠠᠨ ᠬᠦᠭ᠌ᠵᠢᠬᠦᠯᠬᠦ᠌〉 ᠢᠨᠵᠧᠨᠧᠷᠢᠩ᠎ᠤᠨ ᠲᠥᠷᠥ᠎ᠶ᠋ᠢᠨ ᠪᠣᠳᠣᠯᠭ᠎ᠠ᠎ᠨᠤᠭᠤᠳ᠎ᠢ ᠬᠡᠷᠡᠭ᠌ᠵᠢᠭᠦᠯᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ》 (ᠥᠪᠥᠷ ᠨᠠᠮ ᠠᠯᠪᠠᠨ ᠲᠠᠷᠬᠠᠭᠠᠭ᠍ᠰᠠᠨ [2024] 18 ᠳ᠋ᠤᠭᠠᠷ ᠲᠣᠭᠠᠲᠤ) ᠎ᠤᠨ ᠬᠤᠯᠪᠣᠭ᠍ᠳᠠᠯ ᠪᠥᠬᠦᠶ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠳᠤ ᠬᠠᠷᠢᠶᠠᠯᠠᠭ᠍ᠳᠠᠬᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠤᠨ ᠬᠦᠷᠢᠶᠡᠯᠡᠩ ᠴᠢᠳᠠᠪᠤᠷᠢᠲᠠᠨ ᠡᠯᠰᠡᠬᠦ᠌ ᠠᠯᠪᠠᠨ ᠵᠠᠷ ᠨᠡᠢᠲᠡᠯᠡᠬᠦ᠂ ᠵᠣᠬᠢᠶᠠᠨ ᠪᠠᠢᠭᠤᠯᠵᠤ ᠨᠡᠷ᠎ᠡ ᠮᠡᠳᠡᠭᠦᠯᠵᠦ᠍ ᠬᠢᠨᠠᠨ ᠪᠠᠢᠴᠠᠭᠠᠬᠤ᠂ ᠲᠤᠰᠭᠠᠶ ᠮᠡᠷᠭᠡᠵᠢᠯᠲᠡᠨ᠎ᠠᠴᠠ ᠦᠨᠡᠯᠡᠨ ᠵᠢᠱ᠌ᠢᠵᠦ᠍ ᠮᠠᠭᠠᠳᠯᠠᠨ ᠲᠣᠭ᠍ᠲᠠᠭᠠᠬᠤ᠂ ᠬᠢᠨᠠᠨ ᠪᠠᠢᠴᠠᠭᠠᠬᠤ᠂ ᠪᠡᠶ᠎ᠡ᠎ᠶ᠋ᠢᠨ ᠪᠠᠢᠴᠠᠭᠠᠯᠲᠠ ᠬᠢᠬᠦ᠌ ᠵᠡᠷᠭᠡ ᠲᠠᠰ ᠳᠠᠷᠠᠭᠠᠯᠠᠯ᠎ᠢᠶᠠᠷ ᠳᠡᠮᠵᠢᠨ᠂ ᠨᠡᠢᠲᠡ 2 ᠬᠥᠮᠦᠨ ᠣᠷᠣᠭᠤᠯᠤᠨ ᠠᠪᠴᠢᠷᠠᠬᠤ᠎ᠪᠠᠷ ᠪᠠᠢᠭ᠎ᠠ ᠴᠢᠳᠠᠪᠤᠷᠢᠲᠠᠨ᠎ᠤ ᠬᠡᠪᠴᠢᠶᠡᠨ᠎ᠳᠤ ᠣᠷᠣᠵᠤ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠠᠵᠢᠯᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠢᠭ᠎ᠠ ᠨᠢᠭᠡᠴᠢ᠎ᠶ᠋ᠢ ᠢᠯᠡ ᠨᠡᠢᠲᠡᠯᠡᠨ᠎ᠡ᠃
    ᠨᠢᠭᠡ᠂ ᠢᠯᠡ ᠨᠡᠢᠲᠡᠯᠡᠬᠦ᠌ ᠡᠲᠡᠭᠡᠳ
    ᠸᠠᠩ ᠭᠠᠩ᠂ ᠡᠷᠡᠭ᠌ᠲᠡᠶ᠂ 1994 ᠣᠨ᠎ᠤ 9 ᠰᠠᠷ᠎ᠠ᠎ᠳᠤ ᠲᠥᠷᠥᠵᠡᠢ᠂ ᠳ᠋ᠣᠺᠲ᠋ᠣᠷᠠᠨᠲ (ᠠᠮᠢᠳᠤ ᠪᠣᠳᠠᠰ᠎ᠤᠨ ᠡᠮ᠎ᠤᠨ ᠤᠬᠠᠭᠠᠨ᠎ᠤ ᠳ᠋ᠣᠺᠲ᠋ᠣᠷ)᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠤᠨ ᠬᠦᠷᠢᠶᠡᠯᠡᠩ᠎ᠤᠨ ᠲᠤᠰᠭᠠᠶ ᠮᠡᠷᠭᠡᠵᠢᠯ᠎ᠤᠨ ᠠᠵᠢᠯ᠎ᠤᠨ ᠪᠠᠢᠷᠢ᠎ᠳᠤ ᠤᠷᠢᠭ᠍ᠳᠠᠬᠤ᠎ᠪᠠᠷ ᠪᠣᠶ᠃
    ᠰᠢ ᠢᠦᠶ᠂ ᠡᠮᠡᠭ᠌ᠲᠡᠶ᠂ 1990 ᠣᠨ᠎ᠤ 6 ᠰᠠᠷ᠎ᠠ᠎ᠳᠤ ᠲᠥᠷᠥᠵᠡᠢ᠂ ᠳ᠋ᠣᠺᠲ᠋ᠣᠷᠠᠨᠲ (ᠮᠢᠺᠷᠣᠪ᠎ᠤᠨ ᠰᠤᠳᠤᠯᠤᠯ᠎ᠤᠨ ᠳ᠋ᠣᠺᠲ᠋ᠣᠷ)᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠤᠨ ᠬᠦᠷᠢᠶᠡᠯᠡᠩ᠎ᠤᠨ ᠲᠤᠰᠭᠠᠶ ᠮᠡᠷᠭᠡᠵᠢᠯ᠎ᠤᠨ ᠠᠵᠢᠯ᠎ᠤᠨ ᠪᠠᠢᠷᠢ᠎ᠳᠤ ᠤᠷᠢᠭ᠍ᠳᠠᠬᠤ᠎ᠪᠠᠷ ᠪᠣᠶ᠃
    ᠬᠤᠶᠠᠷ᠂ ᠢᠯᠡ ᠨᠡᠢᠲᠡᠯᠡᠬᠦ᠌ ᠴᠠᠭ
    2025 ᠣᠨ᠎ᠤ 5 ᠰᠠᠷ᠎ᠠ᠎ᠶ᠋ᠢᠨ 28 ᠎ᠠᠴᠠ 2025 ᠣᠨ᠎ᠤ 6 ᠰᠠᠷ᠎ᠠ᠎ᠶ᠋ᠢᠨ 4 ᠎ᠤ ᠡᠳᠦᠷ ᠪᠣᠯᠲᠠᠯ᠎ᠠ᠃
    ᠭᠤᠷᠪᠠ᠂ ᠬᠦᠯᠢᠶᠡᠨ ᠠᠪᠬᠤ ᠬᠡᠯᠪᠡᠷᠢ ᠵᠢᠴᠢ ᠬᠦᠯᠢᠶᠡᠨ ᠠᠪᠬᠤ ᠴᠠᠭ
    ᠨᠢᠭᠡᠴᠢ ᠪᠠ ᠬᠤᠪᠢ ᠬᠥᠮᠦᠨ ᠤᠳᠠᠰᠤ ᠢᠷᠡᠭᠦᠯᠬᠦ᠂ ᠵᠠᠬᠢᠳᠠᠯ ᠢᠷᠡᠭᠦᠯᠬᠦ᠌ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭ᠍ᠰᠠᠨ ᠢᠯᠡ ᠨᠡᠢᠳᠡᠯᠡᠭ᠌ᠰᠡᠨ ᠡᠲᠡᠭᠡᠳ᠎ᠤᠨ ᠬᠤᠯᠪᠣᠭ᠍ᠳᠠᠯ ᠪᠦᠬᠦᠢ ᠪᠠᠢᠳᠠᠯ ᠪᠠ ᠠᠰᠠᠭᠤᠳᠠᠯ᠎ᠢ ᠲᠤᠰᠭᠠᠵᠤ ᠪᠣᠯᠤᠨ᠎ᠠ᠃ ᠲᠤᠰᠭᠠᠭ᠍ᠰᠠᠨ ᠠᠰᠠᠭᠤᠳᠠᠯ᠎ᠢ ᠪᠠᠢᠴᠠᠭᠠᠨ ᠬᠠᠷᠭᠤᠭᠤᠯᠬᠤ᠎ᠳᠤ ᠲᠥᠬᠦᠮ ᠦᠵᠡᠭᠦᠯᠬᠦ᠌᠎ᠶ᠋ᠢᠨ ᠲᠥᠯᠥᠭᠡ᠂ ᠠᠰᠠᠭᠤᠳᠠᠯ᠎ᠢ ᠲᠤᠰᠭᠠᠬᠤ᠎ᠳᠠᠭᠠᠨ ᠬᠤᠯᠪᠣᠭ᠍ᠳᠠᠯ ᠪᠥᠬᠦᠶ ᠰᠦᠪᠡᠭ᠌ᠴᠢ ᠵᠢᠴᠢ ᠲᠣᠰ ᠬᠥᠮᠦᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠢᠭ᠎ᠠ ᠨᠢᠭᠡᠴᠢ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠶ᠂ ᠪᠢᠳᠡ ᠨᠢᠭᠤᠴᠠ᠎ᠶ᠋ᠢ ᠬᠠᠮᠠᠭᠠᠯᠠᠬᠤ ᠰᠠᠬᠢᠯᠭ᠎ᠠ ᠪᠠᠲᠤ᠎ᠶ᠋ᠢ ᠴᠢᠩᠭ᠎ᠠ ᠵᠢᠷᠤᠮᠯᠠᠨ᠂ ᠨᠢᠭᠤᠴᠠ᠎ᠶ᠋ᠢ ᠬᠠᠮᠠᠭᠠᠯᠠᠬᠤ ᠡᠭᠦᠷᠭᠡ᠎ᠪᠠᠨ ᠭᠦᠶ᠋ᠴᠡᠳᠭᠡᠵᠦ᠍᠂ ᠬᠢᠨᠠᠨ ᠬᠠᠷᠭᠤᠭᠤᠯᠵᠤ ᠱᠢᠶ᠋ᠳᠪᠦᠷᠢᠯᠡᠭ᠌ᠰᠡᠨ ᠪᠠᠢᠳᠠᠯ᠎ᠢᠶᠠᠨ ᠴᠠᠭ ᠲᠤᠬᠠᠶ᠎ᠳᠤᠨᠢ ᠬᠠᠷᠢᠭᠤ ᠲᠤᠰᠭᠠᠨ᠎ᠠ᠃
    ᠬᠦᠯᠢᠶᠡᠨ ᠠᠪᠬᠤ ᠴᠠᠭ᠄ ᠦᠳᠡ᠎ᠶ᠋ᠢᠨ ᠡᠮᠦᠨᠡᠬᠢ 9᠄ 00 — 12᠄ 00᠂ ᠦᠳᠡ᠎ᠶ᠋ᠢᠨ ᠬᠤᠢᠨᠠᠬᠢ 14᠄ 30 — 17᠄ 00᠃
    ᠬᠦᠯᠢᠶᠡᠨ ᠠᠪᠬᠤ ᠤᠲᠠᠰᠤ᠄ 0471-6946229
            ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ

            ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠳᠤᠯᠠᠭ᠎ᠠ᠎ᠶ᠋ᠢᠨ ᠲᠢᠩᠬᠢᠮ
                       2025 ᠣᠨ᠎ᠤ 5 ᠰᠠᠷ᠎ᠠ᠎ᠶ᠋ᠢᠨ 27 ᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            