ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢᠲᠡᠯᠡᠬᠦ᠌ ᠲᠤᠬᠠᠶ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-07-18

    《〈ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠤᠯ᠎ᠢᠶᠠᠨ ᠬᠦᠭ᠌ᠵᠢᠬᠦᠯᠬᠦ᠌〉 ᠢᠨᠵᠧᠨᠧᠷᠢᠩ᠎ᠤᠨ ᠲᠥᠷᠥ᠎ᠶ᠋ᠢᠨ ᠪᠣᠳᠣᠯᠭ᠎ᠠ᠎ᠨᠤᠭᠤᠳ᠎ᠢ ᠬᠡᠷᠡᠭ᠌ᠵᠢᠭᠦᠯᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ》 (ᠥᠪᠥᠷ ᠨᠠᠮ ᠠᠯᠪᠠᠨ ᠲᠠᠷᠬᠠᠭᠠᠭ᠍ᠰᠠᠨ [2024] 18 ᠳ᠋ᠤᠭᠠᠷ ᠲᠣᠭᠠᠲᠤ) ᠎ᠤᠨ ᠬᠤᠯᠪᠣᠭ᠍ᠳᠠᠯ ᠪᠥᠬᠦᠶ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ ᠴᠢᠳᠠᠪᠤᠷᠢᠲᠠᠨ ᠡᠯᠰᠡᠬᠦ᠌ ᠠᠯᠪᠠᠨ ᠵᠠᠷ ᠨᠡᠢᠲᠡᠯᠡᠬᠦ᠂ ᠵᠣᠬᠢᠶᠠᠨ ᠪᠠᠢᠭᠤᠯᠵᠤ ᠨᠡᠷ᠎ᠡ ᠮᠡᠳᠡᠭᠦᠯᠵᠦ᠍ ᠬᠢᠨᠠᠨ ᠪᠠᠢᠴᠠᠭᠠᠬᠤ᠂ ᠲᠤᠰᠭᠠᠶ ᠮᠡᠷᠭᠡᠵᠢᠯᠲᠡᠨ ᠦᠨᠡᠯᠡᠨ ᠵᠢᠱ᠌ᠢᠵᠦ᠍ ᠮᠠᠭᠠᠳᠯᠠᠨ ᠲᠣᠭ᠍ᠲᠠᠭᠠᠬᠤ᠂ ᠬᠢᠨᠠᠨ ᠪᠠᠢᠴᠠᠭᠠᠬᠤ᠂ ᠪᠡᠶ᠎ᠡ᠎ᠶ᠋ᠢᠨ ᠪᠠᠢᠴᠠᠭᠠᠯᠲᠠ ᠬᠢᠬᠦ᠌ ᠵᠡᠷᠭᠡ ᠲᠠᠰ ᠳᠠᠷᠠᠭᠠᠯᠠᠯ᠎ᠢᠶᠠᠷ ᠳᠡᠮᠵᠢᠨ᠂ ᠨᠡᠢᠲᠡ 2 ᠬᠥᠮᠦᠨ ᠤᠷᠢᠵᠤ ᠣᠷᠣᠭᠤᠯᠬᠤ᠎ᠪᠠᠷ ᠪᠠᠢᠭ᠎ᠠ ᠴᠢᠳᠠᠪᠤᠷᠢᠲᠠᠨ᠎ᠤ ᠬᠡᠪᠴᠢᠶᠡᠨ᠎ᠳᠤ ᠣᠷᠣᠵᠤ᠂ ᠣᠲᠣ ᠤᠷᠢᠵᠤ ᠣᠷᠣᠭᠤᠯᠬᠤ᠎ᠪᠠᠷ ᠪᠠᠢᠭ᠎ᠠ ᠳᠡᠭᠡᠳᠦ ᠲᠠᠰ᠎ᠤᠨ ᠠᠵᠢᠯᠲᠠᠨ ᠵᠢᠴᠢ ᠤᠷᠢᠵᠤ ᠣᠷᠣᠭᠤᠯᠬᠤ᠎ᠪᠠᠷ ᠪᠠᠢᠭ᠎ᠠ ᠨᠢᠭᠡᠴᠢ᠎ᠶ᠋ᠢ ᠢᠯᠡ ᠨᠡᠢᠲᠡᠯᠡᠨ᠎ᠡ᠃
    ᠨᠢᠭᠡ᠂ ᠢᠯᠡ ᠨᠡᠢᠲᠡᠯᠡᠬᠦ᠌ ᠡᠲᠡᠭᠡᠳ
    ᠵᠧᠩ ᠱᠢᠨ ᠮᠢᠩ᠂ ᠡᠷᠡᠭ᠌ᠲᠡᠶ᠂ 1993 ᠣᠨ᠎ᠤ 8 ᠰᠠᠷ᠎ᠠ᠎ᠳᠤ ᠳᠦᠷᠦᠵᠡᠶ᠂ ᠳ᠋ᠣᠺᠲ᠋ᠣᠷᠠᠨᠲ᠂ ᠬᠢᠮᠢ ᠬᠢᠭᠡᠳ ᠣᠷᠴᠢᠨ ᠲᠣᠭᠤᠷᠢᠨ᠎ᠤ ᠱᠢᠨᠵᠢᠯᠡᠬᠦ᠌ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯ᠎ᠤᠨ ᠠᠵᠢᠯ᠎ᠤᠨ ᠪᠠᠢᠷᠢ᠎ᠳᠤ ᠤᠷᠢᠭ᠍ᠳᠠᠬᠤ᠎ᠪᠠᠷ ᠪᠣᠶ᠃
    ᠴᠡᠯᠡᠭᠡᠷ᠂ ᠡᠮᠡᠭ᠌ᠲᠡᠢ᠂ 1996 ᠣᠨ᠎ᠤ 11 ᠰᠠᠷ᠎ᠠ᠎ᠳᠤ ᠲᠦᠷᠦᠵᠠᠢ᠂ ᠳ᠋ᠣᠺᠲ᠋ᠣᠷᠠᠨᠲ᠂ ᠮᠣᠩᠭᠤᠯ ᠰᠤᠳᠤᠯᠤᠯ᠎ᠤᠨ ᠳᠡᠭᠡᠳᠦ ᠰᠤᠷᠭᠠᠭᠤᠯᠢ᠎ᠶ᠋ᠢᠨ ᠲᠤᠰᠭᠠᠢ ᠮᠡᠷᠭᠡᠵᠢᠯ᠎ᠤᠨ ᠠᠵᠢᠯ᠎ᠤᠨ ᠪᠠᠢᠷᠢ᠎ᠳᠤ ᠤᠷᠢᠭ᠍ᠳᠠᠬᠤ᠎ᠪᠠᠷ ᠪᠤᠢ᠃
    ᠬᠤᠶᠠᠷ᠂ ᠢᠯᠡ ᠨᠡᠢᠲᠡᠯᠡᠬᠦ᠌ ᠴᠠᠭ
    2025 ᠣᠨ᠎ᠤ 5 ᠰᠠᠷ᠎ᠠ᠎ᠶ᠋ᠢᠨ 22 ᠎ᠤᠨ ᠡᠳᠦᠷ᠎ᠠᠴᠠ 2025 ᠣᠨ᠎ᠤ 5 ᠰᠠᠷ᠎ᠠ᠎ᠶ᠋ᠢᠨ 28 ᠎ᠤ ᠡᠳᠦᠷ
    ᠭᠤᠷᠪᠠ᠂ ᠬᠦᠯᠢᠶᠡᠨ ᠠᠪᠴᠤ᠌ ᠱᠢᠶ᠋ᠳᠪᠦᠷᠢᠯᠡᠬᠦ᠌ ᠠᠷᠭ᠎ᠠ ᠮᠠᠶᠢᠭ
    ᠨᠢᠭᠡᠴᠢ ᠪᠣᠯᠤᠨ ᠬᠤᠪᠢ ᠬᠥᠮᠦᠨ ᠤᠳᠠᠰᠤ ᠢᠷᠡᠭᠦᠯᠬᠦ᠂ ᠵᠠᠬᠢᠳᠠᠯ ᠢᠷᠡᠭᠦᠯᠬᠦ᠌ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭ᠍ᠰᠠᠨ ᠢᠯᠡ ᠨᠡᠢᠳᠡᠯᠡᠭ᠌ᠰᠡᠨ ᠡᠲᠡᠭᠡᠳ᠎ᠤᠨ ᠬᠤᠯᠪᠣᠭ᠍ᠳᠠᠯ ᠪᠦᠬᠦᠢ ᠪᠠᠢᠳᠠᠯ ᠪᠣᠯᠤᠨ ᠠᠰᠠᠭᠤᠳᠠᠯ᠎ᠢ ᠲᠤᠰᠭᠠᠵᠤ ᠪᠣᠯᠤᠨ᠎ᠠ᠂ ᠲᠤᠰᠭᠠᠭ᠍ᠰᠠᠨ ᠮᠠᠲ᠋ᠧᠷᠢᠶᠠᠯ᠎ᠳᠤ ᠨᠢᠭᠡᠴᠢ᠎ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠦᠨᠡᠨ ᠨᠡᠷ᠎ᠡ᠎ᠪᠠᠨ ᠪᠢᠴᠢᠬᠦ᠌᠎ᠶ᠋ᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭᠠᠬᠤ ᠬᠡᠷᠡᠭ᠌ᠲᠡᠶ᠃
    ᠬᠦᠯᠢᠶᠡᠨ ᠠᠪᠬᠤ ᠴᠠᠭ᠄ ᠦᠳᠡ᠎ᠶ᠋ᠢᠨ ᠡᠮᠦᠨ᠎ᠡ 9᠄ 00 — 12᠄ 00᠂ ᠦᠳᠡ᠎ᠶ᠋ᠢᠨ ᠬᠤᠢᠨ᠎ᠠ 14᠄ 30 — 17᠄ 00
    ᠬᠦᠯᠢᠶᠡᠨ ᠠᠪᠬᠤ ᠤᠲᠠᠰᠤ᠄ 0471-6946229


               ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ

               ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠳᠤᠯᠠᠭ᠎ᠠ᠎ᠶ᠋ᠢᠨ ᠲᠢᠩᠬᠢᠮ
                         2025 ᠣᠨ᠎ᠤ 5 ᠰᠠᠷ᠎ᠠ᠎ᠶ᠋ᠢᠨ 21 ᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            