ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠪᠦᠭᠦ ᠤᠯᠤᠰ᠎ᠤᠨ ᠠᠵᠢᠯ ᠣᠯᠭᠣᠯᠲᠠ ᠬᠢᠭᠡᠳ ᠨᠡᠢᠭᠡᠮ᠎ᠦᠨ ᠪᠠᠲᠤᠯᠠᠭ᠎ᠠ᠎ᠶᠢᠨ ᠲᠡᠷᠢᠭᠦᠨ᠎ᠦ ᠠᠷᠠᠳ᠎ᠠᠴᠠ ᠡᠵᠡᠩᠨᠡᠭᠰᠡᠨ ᠠᠵᠤ ᠠᠬᠤᠢᠯᠠᠯ ᠵᠢᠴᠢ ᠠᠵᠢᠯᠲᠠᠨ ᠠᠵᠢᠯᠴᠢᠨ᠎ᠢᠶᠠᠨ ᠬᠠᠯᠠᠮᠵᠢᠯᠠᠨ ᠬᠠᠢᠷᠠᠯᠠᠵᠤ ᠬᠣᠶᠠᠷ ᠲᠠᠯ᠎ᠠ᠎ᠪᠠᠷ᠎ᠢᠶᠠᠨ ᠠᠰᠢᠭ᠋ ᠭᠦᠷᠳᠡᠭᠦ᠎ᠶᠢ ᠪᠡᠶᠡᠯᠡᠭᠦᠯᠦᠭᠰᠡᠨ᠎ᠢ ᠬᠥᠬᠢᠭᠦᠯᠦᠨ ᠰᠠᠢᠰᠢᠶᠠᠬᠤ ᠠᠵᠢᠯᠯᠠᠭ᠎ᠠ᠎ᠶᠢᠨ ᠰᠣᠩᠭᠣᠨ ᠲᠠᠨᠢᠯᠴᠠᠭᠤᠯᠬᠤ᠎ᠪᠠᠷ ᠪᠠᠢᠭ᠎ᠠ ᠨᠡᠷᠡᠰ᠎ᠦᠨ ᠵᠢᠭ᠍ᠰᠠᠭᠠᠯᠲᠠ᠎ᠶᠢᠨ ᠲᠤᠬᠠᠢ ᠢᠯᠡ ᠨᠡᠢᠲᠡᠯᠡᠯ
ᠨᠡᠶ᠋ᠢᠲᠡᠯᠡᠭᠰᠡᠨ ᠴᠠᠭ᠄ 2026-01-03

      《 ᠪᠦᠭᠦ ᠤᠯᠤᠰ᠎ᠤᠨ ᠠᠵᠤ ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠪᠦᠭᠦ ᠤᠯᠤᠰ᠎ᠤᠨ ᠠᠵᠢᠯ ᠣᠯᠭᠣᠯᠲᠠ ᠬᠢᠭᠡᠳ ᠨᠡᠢᠭᠡᠮ᠎ᠦᠨ ᠪᠠᠲᠤᠯᠠᠭ᠎ᠠ᠎ᠶᠢᠨ ᠲᠡᠷᠢᠭᠦᠨ᠎ᠦ ᠠᠷᠠᠳ᠎ᠠᠴᠠ ᠡᠵᠡᠩᠨᠡᠭᠰᠡᠨ ᠠᠵᠤ ᠠᠬᠤᠢᠯᠠᠯ ᠵᠢᠴᠢ ᠠᠵᠢᠯᠲᠠᠨ ᠠᠵᠢᠯᠴᠢᠨ᠎ᠢᠶᠠᠨ ᠬᠠᠯᠠᠮᠵᠢᠯᠠᠨ ᠬᠠᠢᠷᠠᠯᠠᠵᠤ ᠬᠣᠶᠠᠷ ᠲᠠᠯ᠎ᠠ᠎ᠪᠠᠷ᠎ᠢᠶᠠᠨ ᠠᠰᠢᠭ᠋ ᠭᠦᠷᠳᠡᠭᠦ᠎ᠶᠢ ᠪᠡᠶᠡᠯᠡᠭᠦᠯᠦᠭᠰᠡᠨ᠎ᠢ ᠬᠥᠬᠢᠭᠦᠯᠦᠨ ᠰᠠᠢᠰᠢᠶᠠᠬᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ 》 ( ᠪᠦᠭᠦ ᠬᠣᠯᠪᠤᠭ᠎ᠠ ᠲᠠᠷᠬᠠᠭᠠᠭᠰᠠᠨ [ 2025 ] 14 ᠳ᠋ᠦ᠍ᠭᠡᠷ ᠲᠣᠭᠠᠲᠤ )᠎ᠤᠨ ᠱᠠᠭᠠᠷᠳᠠᠯᠭ᠎ᠠ᠎ᠶᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠮᠠᠨ᠎ᠤ ᠣᠷᠣᠨ᠎ᠤ ᠪᠠᠲᠤᠯᠠᠨ ᠲᠠᠨᠢᠯᠴᠠᠭᠤᠯᠵᠤ ᠰᠢᠯᠭᠠᠷᠠᠭᠤᠯᠬᠤ ᠠᠵᠢᠯ᠎ᠢ ᠬᠢᠨᠠᠮᠠᠭᠠᠢ ᠵᠣᠬᠢᠶᠠᠨ ᠪᠠᠢᠭᠤᠯᠤᠨ ᠥᠷᠨᠢᠭᠦᠯᠪᠡ᠃ ᠮᠡᠳᠡᠭᠦᠯᠬᠦ᠂ ᠠᠩᠬ᠎ᠠ ᠬᠢᠨᠠᠬᠤ ᠪᠠ ᠳᠠᠭᠢᠨ ᠬᠢᠨᠠᠬᠤ ᠵᠡᠷᠭᠡ ᠶᠠᠪᠤᠴᠠ᠎ᠪᠠᠷ ᠳᠡᠮᠵᠢᠨ᠂ ᠪᠦᠭᠦ ᠤᠯᠤᠰ᠎ᠤᠨ ᠠᠵᠢᠯ ᠣᠯᠭᠣᠯᠲᠠ ᠪᠠ ᠨᠡᠢᠭᠡᠮ᠎ᠦᠨ ᠪᠠᠲᠤᠯᠠᠭ᠎ᠠ᠎ᠶᠢᠨ ᠲᠡᠷᠢᠭᠦᠨ᠎ᠦ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠵᠢᠱ᠌ᠢᠭᠳᠡᠭᠴᠢ 2᠂ ᠪᠦᠭᠦ ᠤᠯᠤᠰ᠎ᠤᠨ ᠬᠣᠶᠠᠷ᠎ᠢ ᠬᠠᠢᠷᠠᠯᠠᠵᠤ ᠬᠣᠶᠠᠷ᠎ᠢ ᠰᠢᠯᠭᠠᠷᠠᠭᠤᠯᠬᠤ ᠲᠡᠷᠢᠭᠦᠨ᠎ᠦ ᠠᠵᠤ ᠠᠬᠤᠢᠯᠠᠯ᠎ᠤᠨ ᠠᠵᠢᠯᠴᠢᠨ᠎ᠤ ᠡᠪᠯᠡᠯ᠎ᠦᠨ ᠵᠢᠱ᠌ᠢᠭᠳᠡᠭᠴᠢ 1᠂ ᠪᠦᠭᠦ ᠤᠯᠤᠰ᠎ᠤᠨ ᠠᠵᠢᠯᠲᠠᠨ ᠠᠵᠢᠯᠴᠢᠨ᠎ᠢ ᠬᠠᠯᠠᠮᠵᠢᠯᠠᠨ ᠬᠠᠢᠷᠠᠯᠠᠬᠤ ᠰᠢᠯᠢᠳᠡᠭ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯᠲᠠᠨ᠎ᠤ ᠵᠢᠱ᠌ᠢᠭᠳᠡᠭᠴᠢ 1᠂ ᠪᠦᠭᠦ ᠤᠯᠤᠰ᠎ᠤᠨ ᠠᠵᠤ ᠠᠬᠤᠢᠯᠠᠯ᠎ᠢᠶᠠᠨ ᠬᠠᠢᠷᠠᠯᠠᠬᠤ ᠰᠢᠯᠢᠳᠡᠭ ᠠᠵᠢᠯᠲᠠᠨ ᠠᠵᠢᠯᠴᠢᠨ᠎ᠤ ᠵᠢᠱ᠌ᠢᠭᠳᠡᠭᠴᠢ 1 ᠪᠤᠶ ᠪᠣᠯᠵᠠᠢ᠂ ᠣᠲᠣ᠌ ᠢᠯᠡ ᠨᠡᠢᠲᠡᠯᠡᠶ᠎ᠡ᠂ ᠨᠡᠢᠭᠡᠮ᠎ᠦᠨ ᠬᠢᠨᠠᠯᠲᠠ᠎ᠶᠢ ᠬᠦᠯᠢᠶᠡᠨ᠎ᠡ᠂ ᠢᠯᠡ ᠨᠡᠢᠲᠡᠯᠡᠬᠦ ᠴᠠᠭ ᠨᠢ 2025 ᠣᠨ᠎ᠤ 12 ᠰᠠᠷ᠎ᠠ᠎ᠶᠢᠨ 15᠎ᠤ ᠡᠳᠦᠷ᠎ᠡᠴᠡ 12 ᠰᠠᠷ᠎ᠠ᠎ᠶᠢᠨ 19᠎ᠦ ᠡᠳᠦᠷ ᠳᠠᠭᠤᠰᠤᠨ᠎ᠠ᠃

      ᠬᠢᠨᠠᠯᠲᠠ ᠲᠠᠯᠪᠢᠬᠤ ᠤᠲᠠᠰᠤ ᠄ 0471-4982013

      ᠳᠠᠭᠠᠯᠳᠤᠭᠤᠯᠤᠯ᠄ ᠪᠦᠭᠦ ᠤᠯᠤᠰ᠎ᠤᠨ ᠠᠵᠢᠯ ᠣᠯᠭᠣᠯᠲᠠ ᠬᠢᠭᠡᠳ ᠨᠡᠢᠭᠡᠮ᠎ᠦᠨ ᠪᠠᠲᠤᠯᠠᠭ᠎ᠠ᠎ᠶᠢᠨ ᠲᠡᠷᠢᠭᠦᠨ᠎ᠦ ᠠᠷᠠᠳ᠎ᠠᠴᠠ ᠡᠵᠡᠩᠨᠡᠭᠰᠡᠨ ᠠᠵᠤ ᠠᠬᠤᠢᠯᠠᠯ ᠵᠢᠴᠢ ᠠᠵᠢᠯᠲᠠᠨ ᠠᠵᠢᠯᠴᠢᠨ᠎ᠢᠶᠠᠨ ᠬᠠᠯᠠᠮᠵᠢᠯᠠᠨ ᠬᠠᠢᠷᠠᠯᠠᠵᠤ ᠬᠣᠶᠠᠷ ᠲᠠᠯ᠎ᠠ᠎ᠪᠠᠷ᠎ᠢᠶᠠᠨ ᠠᠰᠢᠭ᠋ ᠭᠦᠷᠳᠡᠭᠦ᠎ᠶᠢ ᠪᠡᠶᠡᠯᠡᠭᠦᠯᠦᠭᠰᠡᠨ᠎ᠢ ᠬᠥᠬᠢᠭᠦᠯᠦᠨ ᠰᠠᠢᠰᠢᠶᠠᠬᠤ ᠠᠵᠢᠯᠯᠠᠭ᠎ᠠ᠎ᠶᠢᠨ ᠰᠣᠩᠭᠣᠨ ᠲᠠᠨᠢᠯᠴᠠᠭᠤᠯᠬᠤ᠎ᠪᠠᠷ ᠪᠠᠢᠭ᠎ᠠ ᠨᠡᠷᠡᠰ᠎ᠦᠨ ᠵᠢᠭ᠍ᠰᠠᠭᠠᠯᠲᠠ


      ᠪᠦᠭᠦ ᠤᠯᠤᠰ᠎ᠤᠨ ᠠᠵᠢᠯ ᠣᠯᠭᠣᠯᠲᠠ ᠬᠢᠭᠡᠳ ᠨᠡᠢᠭᠡᠮ᠎ᠦᠨ ᠪᠠᠲᠤᠯᠠᠭ᠎ᠠ᠎ᠶᠢᠨ ᠲᠡᠷᠢᠭᠦᠨ᠎ᠦ ᠠᠷᠠᠳ᠎ᠠᠴᠠ ᠡᠵᠡᠩᠨᠡᠭᠰᠡᠨ ᠠᠵᠤ ᠠᠬᠤᠢᠯᠠᠯ ᠵᠢᠴᠢ ᠠᠵᠢᠯᠲᠠᠨ ᠠᠵᠢᠯᠴᠢᠨ᠎ᠢᠶᠠᠨ ᠬᠠᠯᠠᠮᠵᠢᠯᠠᠨ ᠬᠠᠢᠷᠠᠯᠠᠵᠤ ᠬᠣᠶᠠᠷ ᠲᠠᠯ᠎ᠠ᠎ᠪᠠᠷ᠎ᠢᠶᠠᠨ ᠠᠰᠢᠭ᠋ ᠭᠦᠷᠳᠡᠭᠦ᠎ᠶᠢ ᠪᠡᠶᠡᠯᠡᠭᠦᠯᠦᠭᠰᠡᠨ᠎ᠢ ᠬᠥᠬᠢᠭᠦᠯᠦᠨ ᠰᠠᠢᠰᠢᠶᠠᠬᠤ ᠠᠵᠢᠯ᠎ᠤᠨ ᠤᠳᠤᠷᠢᠳᠬᠤ ᠳᠤᠭᠤᠢᠯᠠᠩ

                        2025 ᠣᠨ᠎ᠤ 12 ᠰᠠᠷ᠎ᠠ᠎ᠶᠢᠨ 15᠎ᠤ ᠡᠳᠦᠷ


      ᠳᠠᠭᠠᠯᠳᠤᠭᠤᠯᠤᠯ᠄
      ᠪᠦᠭᠦ ᠤᠯᠤᠰ᠎ᠤᠨ ᠠᠵᠢᠯ ᠣᠯᠭᠣᠯᠲᠠ ᠬᠢᠭᠡᠳ ᠨᠡᠢᠭᠡᠮ᠎ᠦᠨ ᠪᠠᠲᠤᠯᠠᠭ᠎ᠠ᠎ᠶᠢᠨ ᠲᠡᠷᠢᠭᠦᠨ᠎ᠦ ᠠᠷᠠᠳ᠎ᠠᠴᠠ ᠡᠵᠡᠩᠨᠡᠭᠰᠡᠨ ᠠᠵᠤ ᠠᠬᠤᠢᠯᠠᠯ ᠵᠢᠴᠢ ᠠᠵᠢᠯᠲᠠᠨ ᠠᠵᠢᠯᠴᠢᠨ᠎ᠢᠶᠠᠨ ᠬᠠᠯᠠᠮᠵᠢᠯᠠᠨ ᠬᠠᠢᠷᠠᠯᠠᠵᠤ ᠬᠣᠶᠠᠷ ᠲᠠᠯ᠎ᠠ᠎ᠪᠠᠷ᠎ᠢᠶᠠᠨ ᠠᠰᠢᠭ᠋ ᠭᠦᠷᠳᠡᠭᠦ᠎ᠶᠢ ᠪᠡᠶᠡᠯᠡᠭᠦᠯᠦᠭᠰᠡᠨ᠎ᠢ ᠬᠥᠬᠢᠭᠦᠯᠦᠨ ᠰᠠᠢᠰᠢᠶᠠᠬᠤ ᠠᠵᠢᠯᠯᠠᠭ᠎ᠠ᠎ᠶᠢᠨ ᠰᠣᠩᠭᠣᠨ ᠲᠠᠨᠢᠯᠴᠠᠭᠤᠯᠬᠤ᠎ᠪᠠᠷ ᠪᠠᠢᠭ᠎ᠠ ᠨᠡᠷᠡᠰ᠎ᠦᠨ ᠵᠢᠭ᠍ᠰᠠᠭᠠᠯᠲᠠ

      ᠨᠢᠭᠡ᠂ ᠪᠦᠭᠦ ᠤᠯᠤᠰ᠎ᠤᠨ ᠠᠵᠢᠯ ᠣᠯᠭᠣᠯᠲᠠ ᠪᠠ ᠨᠡᠢᠭᠡᠮ᠎ᠦᠨ ᠪᠠᠲᠤᠯᠠᠭ᠎ᠠ᠎ᠶᠢᠨ ᠲᠡᠷᠢᠭᠦᠨ᠎ᠦ ᠠᠷᠠᠳ᠎ᠠᠴᠠ ᠡᠵᠡᠩᠨᠡᠭᠰᠡᠨ ᠠᠵᠤ ᠠᠬᠤᠢᠯᠠᠯ
      ᠥᠪᠥᠷ ᠮᠣᠩᠭᠣᠯ᠎ᠤᠨ ᠣᠷᠳᠣᠰ᠎ᠤᠨ ᠪᠡᠯᠡ ᠣᠷᠣᠭᠤᠯᠤᠯᠲᠠ᠎ᠶᠢᠨ ᠬᠤᠪᠢ ᠡᠵᠡᠮᠳᠡᠬᠦ ᠪᠦᠯᠦᠭᠯᠡᠯ᠎ᠦᠨ ᠬᠢᠵᠠᠭᠠᠷᠲᠤ ᠺᠤᠮᠫᠠᠨᠢ
      ᠥᠪᠥᠷ ᠮᠣᠩᠭᠣᠯ᠎ᠤᠨ ᠢ᠎ᠲᠠᠢ ᠪᠦᠯᠦᠭᠯᠡᠯ᠎ᠦᠨ ᠬᠢᠵᠠᠭᠠᠷᠲᠤ ᠺᠤᠮᠫᠠᠨᠢ
      ᠬᠣᠶᠠᠷ᠂ ᠪᠦᠭᠦ ᠤᠯᠤᠰ᠎ᠤᠨ ᠬᠣᠶᠠᠷ᠎ᠢ ᠬᠠᠢᠷᠠᠯᠠᠵᠤ ᠬᠣᠶᠠᠷ᠎ᠢ ᠦᠨᠡᠯᠡᠬᠦ ᠲᠡᠷᠢᠭᠦᠨ᠎ᠦ ᠠᠵᠤ ᠠᠬᠤᠢᠯᠠᠯ᠎ᠤᠨ ᠠᠵᠢᠯᠴᠢᠨ᠎ᠤ ᠡᠪᠯᠡᠯ
      ᠪᠤᠭᠤᠲᠤ ᠬᠣᠲᠠ᠎ᠶᠢᠨ ᠶᠢᠩ ᠰᠧ ᠲᠧ ᠬᠣᠪᠣᠷ ᠰᠢᠷᠣᠢ ᠰᠣᠷᠢᠨᠵᠢᠨ ᠰᠢᠨ᠎ᠡ ᠮᠠᠲᠧᠷᠢᠶᠠᠯ᠎ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ᠎ᠶᠢᠨ ᠠᠵᠢᠯᠴᠢᠨ᠎ᠤ ᠡᠪᠯᠡᠯ᠎ᠦᠨ ᠵᠥᠪᠯᠡᠯ
      ᠭᠤᠷᠪᠠ᠂ ᠪᠦᠭᠦ ᠤᠯᠤᠰ᠎ᠤᠨ ᠠᠵᠢᠯᠲᠠᠨ ᠠᠵᠢᠯᠴᠢᠨ᠎ᠢᠶᠠᠨ ᠬᠠᠯᠠᠮᠵᠢᠯᠠᠨ ᠬᠠᠢᠷᠠᠯᠠᠭᠰᠠᠨ ᠰᠢᠯᠢᠳᠡᠭ ᠠᠷᠠᠳ᠎ᠠᠴᠠ ᠡᠵᠡᠩᠨᠡᠭᠰᠡᠨ ᠠᠵᠤ ᠠᠬᠤᠢᠯᠠᠯᠲᠠᠨ
      ᠯᠢᠦ ᠴᠦᠨ ᠰᠢ ᠥᠪᠥᠷ ᠮᠣᠩᠭᠣᠯ᠎ᠤᠨ ᠢᠯᠢ ᠠᠵᠤ ᠦᠢᠯᠡᠰ᠎ᠦᠨ ᠪᠦᠯᠦᠭᠯᠡᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ᠎ᠶᠢᠨ ᠳᠡᠭᠡᠳᠦ ᠵᠡᠷᠭᠡ᠎ᠶᠢᠨ ᠭᠦᠢᠴᠡᠳᠬᠡᠬᠦ ᠶᠡᠷᠦᠩᠬᠡᠢ ᠵᠠᠬᠢᠷᠤᠯ
      ᠳᠥᠷᠪᠡ᠂ ᠪᠦᠭᠦ ᠤᠯᠤᠰ᠎ᠤᠨ ᠠᠵᠤ ᠠᠬᠤᠢᠯᠠᠯ᠎ᠢᠶᠠᠨ ᠬᠠᠢᠷᠠᠯᠠᠬᠤ ᠰᠢᠯᠢᠳᠡᠭ ᠠᠵᠢᠯᠲᠠᠨ ᠠᠵᠢᠯᠴᠢᠨ
      ᠶᠦᠨ ᠮᠧᠶ ᠯᠢᠩ ᠥᠪᠥᠷ ᠮᠣᠩᠭᠣᠯ᠎ᠤᠨ ᠣᠲᠠᠴᠢ ᠮᠣᠩᠭᠣᠯ ᠡᠮ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ᠎ᠶᠢᠨ ᠶᠠᠰᠤ ᠴᠢᠨᠠᠷ᠎ᠢ ᠪᠠᠲᠤᠯᠠᠬᠤ ᠬᠡᠯᠲᠡᠰ᠎ᠦᠨ ᠡᠳ᠋ ᠮᠠᠲᠧᠷᠢᠶᠠᠯ᠎ᠤᠨ ᠶᠠᠰᠤ ᠴᠢᠨᠠᠷ᠎ᠢ ᠪᠠᠲᠤᠯᠠᠭ᠍ᠴᠢ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            