ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠦᠨ ᠴᠢᠳᠠᠪᠤᠷᠢᠲᠠᠨ᠎ᠢ ᠢᠯᠡ ᠨᠡᠢᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2026-01-03

      《 〈 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 〉 ᠢᠨᠵᠧᠨᠧᠷᠢᠩ᠎ᠦᠨ ᠲᠥᠷᠥ᠎ᠶᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠠᠯᠪᠠᠨ ᠲᠢᠩᠬᠢᠮ᠎ᠦᠨ ᠰᠠᠨᠠᠯ 》 ( ᠥᠪᠥᠷ ᠨᠠᠮ ᠠᠯᠪᠠᠨ ᠲᠠᠷᠬᠠᠭᠠᠭᠰᠠᠨ 〔2024〕18 ᠳ᠋ᠤᠭᠠᠷ ᠲᠣᠭᠠᠲᠤ )᠂ 《 ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢᠯᠡᠰ᠎ᠦᠨ ᠨᠢᠭᠡᠴᠢ᠎ᠶᠢᠨ 〈 ᠰᠠᠭᠠᠳ ᠦᠭᠡᠢ ᠨᠡᠪᠲᠡᠷᠡᠬᠦ ᠵᠠᠮ 〉᠎ᠢᠶᠠᠷ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠣᠯᠪᠣᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠭᠤᠯᠤᠮᠵᠢ᠎ᠶᠢᠨ ᠣᠷᠣᠨ ᠲᠣᠭᠠᠨ᠎ᠤ ᠵᠥᠪᠯᠡᠯ᠎ᠦᠨ ᠠᠯᠪᠠᠨ ᠭᠡᠷ᠎ᠦᠨ ᠮᠡᠳᠡᠭᠳᠡᠯ 》 ( ᠥᠪᠥᠷ ᠬᠥᠮᠥᠨ ᠨᠡᠢᠭᠡᠮ ᠲᠠᠷᠬᠠᠭᠠᠭᠰᠠᠨ 〔2025〕 10 ᠳ᠋ᠤᠭᠠᠷ

ᠲᠣᠭᠠᠲᠤ )᠎ᠦᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠴᠢᠳᠠᠪᠤᠷᠢᠲᠠᠨ ᠣᠷᠣᠭᠤᠯᠬᠤ ᠠᠯᠪᠠᠨ ᠵᠠᠷ ᠨᠡᠢᠲᠡᠯᠡᠬᠦ᠂ ᠵᠣᠬᠢᠶᠠᠨ ᠪᠠᠢᠭᠤᠯᠤᠨ ᠨᠡᠷ᠎ᠡ ᠮᠡᠳᠡᠭᠦᠯᠵᠦ ᠬᠢᠨᠠᠨ ᠪᠠᠢᠴᠠᠭᠠᠬᠤ᠂ ᠲᠤᠰᠬᠠᠢ ᠮᠡᠷᠭᠡᠵᠢᠯᠲᠡᠨ᠎ᠡᠴᠡ ᠦᠨᠡᠯᠡᠨ ᠵᠢᠱ᠌ᠢᠵᠦ ᠮᠠᠭᠠᠳᠯᠠᠨ ᠲᠣᠭᠲᠠᠭᠠᠬᠤ᠂ ᠬᠢᠨᠠᠨ ᠪᠠᠢᠴᠠᠭᠠᠬᠤ᠂ ᠪᠡᠶ᠎ᠡ᠎ᠶᠢᠨ ᠪᠠᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ᠎ᠢᠶᠠᠷ ᠳᠡᠮᠵᠢᠨ᠂ ᠨᠡᠶ᠋ᠢᠲᠡ 2 ᠬᠥᠮᠥᠨ ᠣᠷᠣᠭᠤᠯᠤᠨ ᠠᠪᠴᠢᠷᠠᠬᠤ᠎ᠪᠠᠷ ᠪᠠᠢᠭ᠎ᠠ ᠴᠢᠳᠠᠪᠤᠷᠢᠲᠠᠨ᠎ᠤ ᠬᠡᠪᠴᠢᠶᠡᠨ᠎ᠳᠦ ᠣᠷᠣᠵᠤ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠠᠵᠢᠯᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠢᠭ᠎ᠠ ᠨᠢᠭᠡᠴᠢ᠎ᠶᠢ ᠢᠯᠡ ᠨᠡᠢᠲᠡᠯᠡᠨ᠎ᠡ᠃
      ᠨᠢᠭᠡ᠂ ᠢᠯᠡ ᠨᠡᠢᠲᠡᠯᠡᠬᠦ ᠡᠲᠡᠭᠡᠳ
      ᠵᠠᠩ ᠪᠢ ᠷᠦ᠍᠂ ᠡᠮᠡᠭᠲᠡᠢ᠂ ᠬᠢᠲᠠᠳ ᠦᠨᠳᠦᠰᠦᠲᠡᠨ᠂ 1998 ᠣᠨ᠎ᠤ 1 ᠰᠠᠷ᠎ᠠ᠎ᠳᠤ ᠲᠦᠷᠦᠵᠠᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠤᠳᠠ᠎ᠶᠢᠨ ᠬᠥᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠳ᠋ᠣᠺᠲ᠋ᠣᠷ  ( ᠲᠠᠷᠢᠶᠠᠯᠠᠩ᠎ᠤᠨ ᠤᠬᠠᠭᠠᠨ᠎ᠤ ᠳ᠋ᠣᠺᠲ᠋ᠣᠷ )᠂ 2025 ᠣᠨ᠎ᠳᠤ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠲᠠᠷᠢᠮᠠᠯ᠎ᠤᠨ ᠤᠬᠠᠭᠠᠨ᠎ᠤ ᠲᠤᠰᠬᠠᠢ ᠮᠡᠷᠭᠡᠵᠢᠯ᠎ᠡᠴᠡ ᠲᠡᠭᠦᠰᠴᠡᠢ; ᠳᠡᠭᠡᠳᠦ ᠰᠤᠷᠭᠠᠭᠤᠯᠢ᠎ᠶᠢᠨ ᠴᠡᠴᠡᠷᠯᠢᠭ᠎ᠦᠨ ᠤᠷ᠎ᠠ ᠮᠡᠷᠭᠡᠵᠢᠯ᠎ᠦᠨ ᠰᠠᠯᠪᠤᠷᠢ᠎ᠶᠢᠨ ᠲᠤᠰᠬᠠᠢ ᠪᠠᠭ᠍ᠰᠢ᠎ᠶᠢᠨ ᠠᠵᠢᠯ᠎ᠤᠨ ᠪᠠᠢᠷᠢ᠎ᠳᠤ ᠤᠷᠢᠬᠤ᠎ᠪᠠᠷ ᠪᠤᠢ᠃
      ᠦ᠋ ᡁᠢ ᠶᠣᠣ᠂ ᠡᠮᠡᠭᠲᠡᠢ᠂ ᠬᠢᠲᠠᠳ ᠦᠨᠳᠦᠰᠦᠲᠡᠨ᠂ 1997 ᠣᠨ᠎ᠤ 7 ᠰᠠᠷ᠎ᠠ᠎ᠳᠤ ᠲᠦᠷᠦᠵᠠᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠤᠳᠠ᠎ᠶᠢᠨ ᠡᠵᠡᠨ ᠬᠣᠷᠣᠭ᠎ᠠ ᠬᠣᠰᠢᠭᠤᠨ᠎ᠤ ᠬᠥᠮᠥᠨ᠂ ᠤᠯᠠᠨ ᠲᠦᠮᠡᠨ᠂ ᠳ᠋ᠣᠺᠲ᠋ᠣᠷ ( ᠦᠢᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠎ᠶᠢᠨ ᠤᠬᠠᠭᠠᠨ᠎ᠤ ᠳ᠋ᠣᠺᠲ᠋ᠣᠷ )᠂ 2025 ᠣᠨ᠎ᠳᠤ ᠺᠣᠷᠢᠶᠠ᠎ᠶᠢᠨ ᠬᠤᠨᠠᠨ ᠶᠡᠬᠡ ᠰᠤᠷᠭᠠᠭᠤᠯᠢ᠎ᠶᠢᠨ ᠦᠢᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠎ᠶᠢᠨ ᠲᠤᠰᠬᠠᠢ ᠮᠡᠷᠭᠡᠵᠢᠯ᠎ᠦᠨ ᠠᠩᠭᠢ᠎ᠠᠴᠠ ᠲᠡᠭᠦᠰᠴᠡᠢ; ᠳᠡᠭᠡᠳᠦ ᠰᠤᠷᠭᠠᠭᠤᠯᠢ᠎ᠶᠢᠨ ᠵᠢᠭᠤᠯᠴᠢᠯᠠᠯ᠎ᠤᠨ ᠬᠠᠮᠢᠶᠠᠷᠤᠯᠲᠠ᠎ᠶᠢᠨ ᠰᠠᠯᠪᠤᠷᠢ᠎ᠶᠢᠨ ᠲᠤᠰᠬᠠᠢ ᠪᠠᠭ᠍ᠰᠢ᠎ᠶᠢᠨ ᠠᠵᠢᠯ᠎ᠤᠨ ᠪᠠᠢᠷᠢ᠎ᠳᠤ ᠤᠷᠢᠬᠤ᠎ᠪᠠᠷ ᠪᠣᠢ᠃
      ᠬᠣᠶᠠᠷ᠂ ᠢᠯᠡ ᠨᠡᠢᠲᠡᠯᠡᠬᠦ ᠴᠠᠭ
      2025 ᠣᠨ᠎ᠤ 12 ᠰᠠᠷ᠎ᠠ᠎ᠶᠢᠨ 17᠎ᠤ ᠡᠳᠦᠷ᠎ᠡᠴᠡ 2025 ᠣᠨ᠎ᠤ 12 ᠰᠠᠷ᠎ᠠ᠎ᠶᠢᠨ 23᠎ᠤ ᠡᠳᠦᠷ ᠪᠤᠯᠳᠠᠯ᠎ᠠ
      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶᠢᠭ᠋
      ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ ᠨᠡᠢᠲᠡᠯᠡᠭᠰᠡᠨ ᠡᠲᠡᠭᠡᠳ᠎ᠦᠨ ᠬᠣᠯᠪᠣᠭᠳᠠᠯ ᠪᠦᠬᠦᠢ ᠪᠠᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠲᠤᠰᠬᠠᠭᠰᠠᠨ ᠮᠠᠲᠧᠷᠢᠶᠠᠯ᠎ᠳᠦ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ ᠨᠡᠷ᠎ᠡ᠎ᠪᠡᠨ ᠪᠢᠴᠢᠬᠦ᠎ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠡᠨ ᠬᠠᠩᠭᠠᠬᠤ ᠬᠡᠷᠡᠭᠲᠡᠢ᠃
      ᠬᠦᠯᠢᠶᠡᠨ ᠠᠪᠬᠤ ᠴᠠᠭ᠄ ᠦᠳᠡ᠎ᠶᠢᠨ ᠡᠮᠦᠨ᠎ᠡ 9 ᠄ 00 ︱ 12 ᠄ 00 ᠂ ᠦᠳᠡ᠎ᠶᠢᠨ ᠬᠣᠢᠨ᠎ᠠ 14 ᠄ 30 ︱ 17 ᠄ 00
      ᠬᠦᠯᠢᠶᠡᠨ ᠠᠪᠬᠤ ᠤᠲᠠᠰᠤ᠄ 0472-4896229
            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ 
            ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ
                        2025 ᠣᠨ᠎ᠤ 12 ᠰᠠᠷ᠎ᠠ᠎ᠶᠢᠨ 16᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            