ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠦᠷᠪᠡᠳᠣᠭᠡᠷ ᠲᠠᠪᠣᠨ ᠵᠢᠯ》᠎ᠤᠨ ᠲᠦᠯᠦᠪᠵᠢᠬᠦᠯᠬᠡ ᠵᠢᠨ ᠬᠣᠭᠣᠴᠠᠭ᠋ᠠᠨ ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠨᠡᠶ᠋ᠢᠲᠡᠯᠡᠭᠰᠡᠨ ᠴᠠᠭ᠄ 2021-12-02

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠦᠷᠪᠡᠳᠣᠭᠡᠷ ᠲᠠᠪᠣᠨ ᠵᠢᠯ》᠎ᠤᠨ ᠲᠦᠯᠦᠪᠵᠢᠬᠦᠯᠬᠡ ᠵᠢᠨ ᠬᠣᠭᠣᠴᠠᠭ᠋ᠠᠨ ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ

内蒙古自治区“十四五”人力资源和社会保障事业发展规划新闻发布会召开-1.jpg

   

    10 ᠰᠠᠷ᠎ᠠ ᠵᠢᠨ 20᠎ᠤ ᠦᠳᠡ ᠵᠢᠨ ᠡᠮᠦᠨ᠎ᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠦᠷᠪᠡᠳᠣᠭᠡᠷ ᠲᠠᠪᠣᠨ ᠵᠢᠯ〉᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠰᠣᠨᠢᠨ ᠮᠡᠳᠡᠭᠡ ᠨᠡᠶ᠋ᠢᠲᠡᠯᠡᠬᠦ ᠲᠢᠩᠬᠢᠮ᠎ᠳᠤ ᠶᠠᠪᠤᠭᠳᠠᠪᠠ᠃ ᠥᠪᠥᠷ ᠮᠣᠩᠭᠣᠯ᠎ᠤᠨ ᠦᠪᠡᠷᠳᠡᠬᠡᠨ ᠵᠠᠰᠠᠬᠣ ᠣᠷᠣᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ  ᠪᠠᠳᠣᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠠᠵᠢᠯ ᠣᠯᠭᠣᠯᠳᠠ ᠵᠢᠨ ᠦᠢ᠍ᠯᠡᠴᠢᠯᠡᠭᠡᠨ᠎ᠤ ᠲᠥᠪ᠎ᠤᠨ ᠡᠷᠬᠢᠯᠡᠭᠴᠢ ᠸᠠᠩ  ᠯᠢᠨ  ᠬᠠᠮᠢᠶ᠎ᠠ ᠪᠦᠬᠦᠢ ᠪᠠᠶ᠋ᠢᠳᠠᠯ᠎ᠢ ᠲᠠᠨᠢᠯᠴᠠᠭᠤᠯᠪᠠ᠃  ᠬᠦᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ  ᠪᠠᠳᠣᠯᠠᠭ᠎ᠠ ᠵᠢᠨ ᠲᠢᠩᠬᠢᠮ᠎ᠤᠨ  ᠠᠵᠢᠯ ᠣᠯᠭᠣᠯᠳᠠ ᠵᠢ ᠠᠬᠢᠭᠣᠯᠬᠣ ᠭᠠᠵᠠᠷ᠎ᠤᠨ ᠲᠠᠷᠣᠭ᠎ᠠ ᠹᠦ᠋ ᠯᠢᠩ ᠲᠣᠥ᠂  ᠵᠠᠰᠠᠭ᠎ᠤᠨ ᠶᠠᠪᠣᠳᠠᠯ᠎ᠤ ᠦᠢ᠍ᠯᠡᠴᠢᠯᠡᠬᠡᠨ᠎ᠤ ᠭᠠᠵᠠᠷ᠎ᠤᠨ ᠲᠠᠷᠣᠭ᠎ᠠ ᠵᠠᠩ ᠬᠠᠢ ᠲᠣᠥ᠂ ᠦᠪᠡᠷᠳᠡᠬᠡᠨ ᠵᠠᠰᠠᠬᠣ ᠣᠷᠣᠨ᠎ᠤ ᠨᠡᠢ᠌ᠬᠡᠮ᠎ᠤᠨ ᠪᠠᠳᠣᠯᠠᠭ᠎ᠠ ᠵᠢᠨ ᠦᠢ᠍ᠯᠡᠴᠢᠯᠡᠬᠡᠨ᠎ᠤ ᠲᠦᠪ᠎ᠤᠨ ᠲᠡᠳ᠋ ᠡᠷᠬᠢᠯᠡᠭᠴᠢ ᠸᠠᠩ ᠵᠢᠶᠠᠨ ᠬᠤᠸᠠ ᠨᠡᠷ ᠬᠣᠷᠠᠯ᠎ᠳᠤ ᠣᠷᠣᠯᠴᠠᠵᠦ᠂ ᠰᠣᠷᠪᠣᠯᠵᠢᠯᠠᠬ᠍ᠴᠢ ᠵᠢᠨ ᠠᠰᠠᠭᠣᠯᠳᠠ ᠵᠢ ᠬᠠᠷᠢᠭᠣᠯᠪᠠ᠃

内蒙古自治区“十四五”人力资源和社会保障事业发展规划新闻发布会召开-2.jpg

 

    ᠨᠢᠭᠡ᠂ ᠭᠣᠣᠯ ᠣᠨᠴᠠᠯᠢᠭ
    ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠦᠷᠪᠡᠳᠣᠭᠡᠷ ᠲᠠᠪᠣᠨ ᠵᠢᠯ》᠎ᠤᠨ ᠲᠦᠯᠦᠪᠵᠢᠬᠦᠯᠬᠡ ᠵᠢ ᠨᠠᠶ᠋ᠢᠷᠠᠭᠤᠯᠤᠨ ᠵᠣᠬᠢᠶᠠᠬᠤ ᠲᠤᠬᠠᠢ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ 2020 ᠣᠨ᠎ᠤ 6 ᠰᠠᠷ᠎ᠠ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ  ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠨᠢ ᠲᠢᠩᠬᠢᠮ᠎ᠤᠨ ᠳᠠᠷᠤᠭ᠎ᠠ᠎ᠪᠠᠷ ᠲᠣᠯᠣᠭ᠋ᠠᠢ᠌ᠯᠠᠭᠣᠯᠣᠬᠰᠠᠨ 《ᠲᠥᠯᠥᠪᠵᠢᠭᠦᠯᠭᠡ》ᠵᠢ ᠨᠠᠶ᠋ᠢᠷᠠᠭᠤᠯᠤᠨ ᠵᠣᠬᠢᠶᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠢ᠌ᠭᠣᠯᠵᠠᠢ᠃ 《ᠲᠥᠯᠥᠪᠵᠢᠭᠦᠯᠭᠡ》᠎ᠨᠢ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠬᠦ᠂ ᠢᠯᠡ᠎ᠪᠠᠷ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠨᠤᠲᠠᠯᠠᠬᠤ᠂ ᠬᠠᠤᠯᠢ ᠶᠣᠰᠣᠴᠢ ᠴᠢᠨᠠᠷᠲᠠᠢ ᠬᠢᠨᠠᠨ ᠪᠠᠶ᠋ᠢᠴᠠᠭ᠋ᠠᠯᠲᠠ ᠬᠢᠬᠦ ᠪᠠ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠎ᠪᠠᠷ ᠳᠠᠮᠵᠢᠨ᠂ ᠳᠠᠬᠢᠨ ᠳᠠᠪᠲᠠᠨ ᠲᠤᠩᠭ᠋ᠠᠨ ᠪᠣᠳᠣᠯᠬᠢᠯᠠᠬᠰᠠᠨ᠎ᠤ ᠡᠴᠣᠰ᠎ᠲᠤ ᠦᠨᠦ ᠵᠢᠯ᠎ᠤᠨ 9 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠵᠢᠨ ᠲᠤᠰᠬᠠᠢ ᠰᠡᠳᠦᠪᠲᠦ  ᠬᠣᠷᠠᠯ᠎ᠠᠴᠠ ᠵᠦᠪᠯᠡᠨ ᠪᠠᠳᠣᠯᠠᠵᠦ᠂ 9 ᠰᠠᠷ᠎ᠠ ᠵᠢᠨ 30᠎ᠤ ᠡᠳᠦᠷ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠪᠠ᠃ 《ᠲᠥᠯᠥᠪᠵᠢᠭᠦᠯᠭᠡ》᠎ᠨᠢ ᠳᠥᠷᠪᠡᠨ ᠣᠨᠴᠠᠯᠢᠭ᠎ᠢ ᠳᠣᠪᠣᠶ᠋ᠢᠯᠭ᠋ᠠᠵᠠᠢ᠃

    (ᠨᠢᠭᠡ)  ᠲᠡᠭᠡᠳᠣ ᠲᠡᠰ᠎ᠤᠨ ᠵᠢᠷᠤᠭ ᠲᠥᠯᠥᠪᠯᠡᠭᠡ ᠵᠢ ᠲᠣᠪᠣᠢ᠌ᠯᠭ᠋ᠠᠵᠠᠢ᠃ 《ᠲᠥᠯᠥᠪᠵᠢᠭᠦᠯᠭᠡ》᠎ᠨᠢ ᠨᠠᠮ᠎ᠤᠨ ᠠᠷᠪᠠ ᠶᠢᠰᠦᠳᠣᠭᠡᠷ ᠬᠤᠭᠤᠴᠠᠭ᠋ᠠᠨ᠎ᠤ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠦᠷᠪᠡᠳᠣᠭᠡᠷ ᠲᠠᠪᠣᠨ ᠵᠢᠯ》᠎ᠤᠨ ᠤᠯᠤᠰ ᠠᠷᠠᠳ᠎ᠤᠨ ᠠᠵᠤ ᠠᠬᠤᠢ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠬᠦᠳᠦᠯᠪᠤᠷᠢ ᠵᠢ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ᠎ᠯᠦᠭᠡ ᠨᠢᠬᠳᠠ ᠵᠣᠯᠭ᠋ᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠠᠯᠬᠠᠪᠴᠢ》᠂ 《ᠬᠣᠶᠠᠷ ᠰᠠᠭᠤᠷᠢᠨ ᠭᠠᠵᠠᠷ》 ᠪᠠ 《ᠨᠢᠭᠡ  ᠪᠡᠬᠢᠯᠡᠯᠲᠡ》 ᠵᠢᠨ ᠪᠠᠶ᠋ᠢᠯᠳᠤᠬᠤ ᠪᠣᠳᠣᠯᠭ᠎ᠠ᠎ᠳᠤ ᠰᠠᠭᠤᠷᠢᠯᠠᠨ᠂  ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠳᠣᠯᠠᠭ᠎ᠠ ᠵᠢᠨ ᠠᠵᠢᠯ᠎ᠳᠤ ᠬᠢᠭᠰᠡᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ  ᠪᠦᠬᠦᠨ᠎ᠢ《ᠲᠥᠯᠥᠪᠵᠢᠭᠦᠯᠭᠡ》᠎ᠳᠤ ᠣᠷᠣᠭᠤᠯᠵᠤ᠂ 《ᠲᠥᠯᠥᠪᠵᠢᠭᠦᠯᠭᠡ》 ᠵᠢᠨ ᠣᠨᠣᠪᠴᠢᠲᠤ ᠴᠢᠨᠠᠷ᠎ᠢ ᠢᠯᠡᠷᠡᠭᠦᠯᠪᠡ᠃
   (ᠬᠣᠶᠠᠷ) ᠠᠰᠠᠭᠣᠳᠠᠯ ᠵᠶ᠋ᠠᠷ ᠣᠳᠣᠷᠢᠳᠣᠮᠵᠢ ᠪᠣᠯᠭ᠋ᠠᠬᠣ ᠵᠢ ᠲᠣᠪᠣᠢ᠌ᠯᠭ᠋ᠠᠵᠠᠢ᠃   《ᠠᠷᠪᠠᠨ ᠭᠣᠷᠪᠠᠳᠣᠭ᠋ᠠᠷ ᠲᠠᠪᠣᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠲᠠᠯ᠎ᠠ᠎ᠪᠠᠷ ᠣᠷᠣᠰᠢᠵᠤ ᠪᠠᠶ᠋ᠢᠭ᠎ᠠ ᠭᠣᠣᠯ ᠠᠰᠠᠭᠤᠳᠠᠯ᠂  ᠣᠨᠴᠠᠭ᠋ᠠᠢ᠌ᠯᠠᠨ ᠪᠦᠲᠦᠴᠡ ᠵᠢᠨ ᠴᠢᠨᠠᠷᠲᠠᠢ ᠠᠵᠢᠯ ᠣᠯᠭᠣᠯᠲᠠ ᠵᠢᠨ ᠵᠥᠷᠢᠴᠡᠯ ᠳᠣᠪᠣᠶ᠋ᠢᠮ᠎ᠠ ᠂ ᠨᠡᠶ᠋ᠢᠭᠡᠮ᠎ᠤᠨ ᠪᠠᠲᠤᠯᠠᠭ᠎ᠠ ᠵᠢᠨ  ᠰᠢᠰᠲᠸᠮ ᠪᠦᠷᠢᠨ ᠪᠤᠰᠤ᠂ ᠴᠢᠳᠠᠪᠤᠷᠢᠲᠠᠨ᠎ᠤ ᠬᠥᠭᠵᠢᠯᠲᠡ ᠵᠢᠨ ᠪᠠᠶ᠋ᠢᠭᠤᠯᠤᠯ᠎ᠤᠨ ᠲᠣᠭᠲᠠᠴᠠ ᠬᠦᠯᠢᠶᠡᠰᠦᠯᠡᠭᠳᠡᠵᠦ᠂ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠬᠤ ᠡᠭᠦᠷᠭᠡ ᠬᠠᠲᠠᠭᠤ ᠪᠡᠷᠬᠡ᠂ ᠣᠯᠠᠨ ᠨᠡᠶ᠋ᠢᠲᠡ ᠵᠢᠨ  ᠦᠢ᠍ᠯᠡᠴᠢᠯᠡᠬᠡ ᠳᠥᠭᠥᠮ ᠲᠦᠳᠡ ᠥᠨᠳᠥᠷ ᠠᠰᠢᠬᠯᠠᠮᠵᠢ᠎ᠲᠠᠢ ᠪᠢᠰᠢ ᠵᠡᠷᠭᠡ ᠠᠰᠠᠭᠤᠳᠠᠯ᠎ᠳᠤ ᠴᠢᠭᠯᠡᠭᠦᠯᠦᠨ᠂ 《ᠠᠷᠪᠠᠨ ᠲᠦᠷᠪᠡᠳᠣᠭᠡᠷ ᠲᠠᠪᠣᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠭᠣᠣᠯᠳᠠᠯᠭ᠎ᠠ᠎ᠲᠠᠢ ᠡᠭᠦᠷᠭᠡ ᠪᠠ ᠪᠣᠳᠠᠲᠠᠢ ᠠᠷᠭ᠎ᠠ ᠬᠡᠮᠵᠢᠶ᠎ᠡ ᠵᠢ ᠲᠣᠳᠣᠷᠬᠠᠢ ᠳᠤᠷᠠᠳᠴᠤ᠂ 《ᠲᠥᠯᠥᠪᠵᠢᠭᠦᠯᠭᠡ》 ᠵᠢᠨ ᠠᠭᠤᠯᠭ᠎ᠠ ᠵᠢᠨ ᠬᠠᠨᠳᠤᠯᠭ᠋ᠠᠲᠤ ᠴᠢᠨᠠᠷ᠎ᠢ ᠢᠯᠡᠷᠡᠭᠦᠯᠪᠡ᠃
   (ᠭᠤᠷᠪᠠ) ᠣᠯᠠᠨ᠎ᠤ ᠰᠠᠨᠠᠯ᠎ᠢ ᠲᠥᠪᠯᠡᠷᠡᠭᠦᠯᠬᠦ ᠵᠢ ᠲᠣᠪᠣᠢ᠌ᠯᠭ᠋ᠠᠵᠠᠢ᠃ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠵᠦ᠂ ᠲᠤᠬᠠᠶ᠋ᠢᠯᠠᠭᠰᠠᠨ ᠠᠵᠢᠯ᠎ᠤᠨ ᠲᠤᠰᠬᠠᠢ ᠵᠦᠢ᠍ᠯ᠎ᠤᠨ ᠪᠠᠶ᠋ᠢᠴᠠᠭ᠋ᠠᠨ ᠰᠤᠳᠤᠯᠤᠯᠲᠠ ᠵᠢ ᠥᠷᠨᠢᠭᠦᠯᠵᠦ ᠂ ᠡᠭᠦᠳᠡ᠎ᠪᠠᠨ ᠨᠡᠭᠡᠭᠡᠨ ᠠᠷᠭ᠎ᠠ  ᠰᠠᠮᠪᠠᠭ᠎ᠠ ᠭᠠᠷᠭ᠋ᠠᠵᠦ᠂ ᠠᠷᠠᠳ᠎ᠤᠨ ᠭᠡᠷᠡᠭᠴᠡᠭᠡ ᠵᠢ ᠣᠢ᠌ᠯᠠᠭ᠋ᠠᠵᠦ᠂ ᠠᠷᠠᠳ᠎ᠠᠴᠠ ᠰᠠᠨᠠᠯ ᠠᠰᠠᠭᠣᠨ᠂ ᠡᠯ᠎ᠡ ᠲᠠᠯ᠎ᠠ ᠵᠢᠨ᠎ᠬᠢᠨ᠎ᠤ ᠰᠠᠨᠠᠯ ᠰᠠᠨᠠᠭᠤᠯᠭ᠎ᠠ ᠵᠢ ᠭᠦᠢ᠍ᠴᠡᠳ ᠰᠢᠩᠭᠡᠭᠡᠵᠡᠢ᠃ ᠠᠶ᠋ᠢᠮᠠᠭ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠠᠯᠪᠠᠨ ᠲᠢᠩᠬᠢᠮ ᠲᠣᠪᠴᠢᠶ᠎ᠠ᠎ᠠᠴᠠ ᠤᠷᠢᠳ ᠬᠣᠵᠢᠳ ᠬᠣᠶᠠᠷ ᠤᠳᠠᠭ᠎ᠠ ᠰᠠᠨᠠᠯ ᠬᠤᠷᠢᠶᠠᠵᠤ᠂ ᠬᠠᠮᠢᠶ᠎ᠠ ᠪᠦᠬᠦᠢ ᠵᠥᠪᠯᠡᠯ ᠠᠯᠪᠠᠨ ᠲᠢᠩᠬᠢᠮ ᠲᠣᠪᠴᠢᠶ᠎ᠠ ᠪᠣᠯᠤᠨ ᠦᠨᠳᠦᠰᠦᠨ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠨᠥᠬᠥᠳ ᠣᠷᠣᠯᠴᠠᠭᠰᠠᠨ ᠰᠠᠭᠤᠳᠠᠯ᠎ᠤᠨ ᠬᠤᠷᠠᠯ᠎ᠢ ᠬᠣᠶᠠᠷ ᠤᠳᠠᠭ᠎ᠠ ᠬᠤᠷᠠᠯᠳᠤᠭᠤᠯᠬᠤ ᠵᠢᠨ ᠬᠠᠮᠲᠤ᠂ ᠬᠡᠰᠡᠭ ᠠᠵᠤ ᠠᠬᠤᠶ᠋ᠢᠯᠠᠯ᠎ᠠᠴᠠ ᠰᠠᠨᠠᠯ ᠬᠤᠷᠢᠶᠠᠭᠰᠠᠨ ᠪᠥᠭᠡᠳ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠰᠦᠯᠵᠢᠶ᠎ᠠ ᠲᠡᠭᠡᠷ᠎ᠡ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠭᠰᠠᠨ  ᠬᠣᠷᠢᠶᠡᠪᠡ᠃ ᠡᠯ᠎ᠡ ᠲᠠᠯ᠎ᠠ ᠵᠢᠨ ᠰᠠᠨᠠᠯ᠎ᠢ ᠬᠤᠷᠢᠶᠠᠭᠰᠠᠨ ᠰᠠᠭᠤᠷᠢᠨ ᠳᠡᠭᠡᠷ᠎ᠡ᠂  ᠲᠣᠮᠳᠠᠳᠣ ᠣᠯᠣᠰ᠎ᠤᠨ ᠬᠥᠳᠡᠯᠮᠦᠷᠢ ᠪᠣᠯᠣᠨ ᠨᠡᠶ᠋ᠢᠭᠡᠮ᠎ᠤᠨ ᠪᠠᠳᠣᠯᠠᠭ᠎ᠠ ᠵᠢᠨ ᠰᠢᠨᠵᠢᠯᠡᠬᠦ ᠤᠬᠠᠭ᠋ᠠᠨ ᠰᠣᠳᠣᠯᠭ᠋ᠠᠨ᠎ᠤ ᠬᠦᠷᠢᠶᠠᠯᠠᠩ᠂  ᠦᠪᠡᠷᠳᠡᠬᠡᠨ ᠵᠠᠰᠠᠬᠣ ᠣᠷᠣᠨ᠎ᠤ ᠶᠡᠬᠡ ᠳᠡᠭᠡᠳᠦ ᠰᠤᠷᠭ᠋ᠠᠭᠤᠯᠢ᠂  ᠦᠪᠡᠷᠳᠡᠬᠡᠨ ᠵᠠᠰᠠᠬᠣ ᠣᠷᠣᠨ᠎ᠤ ᠦᠭᠡᠷᠡᠴᠢᠯᠡᠯᠳᠡ ᠬᠦᠭᠵᠢᠬᠦᠯᠦᠯᠳᠡ ᠵᠢᠨ ᠵᠥᠪᠯᠡᠯ᠎ᠤᠨ ᠮᠡᠷᠭᠡᠵᠢᠯᠲᠡᠨ᠎ᠢ ᠤᠷᠢᠵᠤ ᠨᠣᠳᠠᠯᠠᠭᠣᠯᠵᠠᠢ᠃ ᠡᠨᠡᠬᠦ ᠬᠤᠭᠤᠴᠠᠭ᠋ᠠᠨ᠎ᠳᠤ᠂ 70 ᠭᠠᠷᠤᠢ ᠵᠣᠷᠪᠣᠰ ᠰᠠᠨᠠᠯ ᠰᠠᠨᠠᠭᠤᠯᠭ᠎ᠠ ᠵᠢ ᠬᠦᠯᠢᠶᠡᠨ ᠠᠪᠴᠤ᠂ 60 ᠭᠠᠷᠤᠢ ᠵᠢ᠎ᠨᠢ ᠬᠡᠷᠡᠭᠯᠡᠵᠦ᠂ 《ᠲᠥᠯᠥᠪᠵᠢᠭᠦᠯᠭᠡ》 ᠵᠢᠨ ᠰᠠᠨᠠᠯ ᠬᠤᠷᠢᠶᠠᠬᠤ ᠲᠠᠯ᠎ᠠ ᠵᠢᠨ ᠥᠷᠭᠡᠨ ᠳᠡᠯᠭᠡᠷ ᠴᠢᠨᠠᠷ᠎ᠢ ᠢᠯᠡᠷᠡᠭᠦᠯᠪᠡ᠃
   (ᠳᠥᠷᠪᠡ) ᠲᠥᠷᠥᠯ ᠵᠦᠢ᠍ᠯ᠎ᠤᠨ ᠲᠤᠯᠭ᠋ᠠᠭᠤᠷᠢᠯᠠᠯ᠎ᠢ ᠲᠣᠪᠣᠢ᠌ᠯᠭ᠋ᠠᠵᠠᠢ᠃  《ᠲᠥᠯᠥᠪᠵᠢᠭᠦᠯᠭᠡ》᠎ᠳᠤ ᠭᠣᠣᠯᠳᠠᠯᠭ᠎ᠠ᠎ᠲᠠᠢ ᠡᠭᠦᠷᠭᠡ ᠪᠣᠯᠭ᠋ᠠᠨ᠎ᠳᠤ ᠬᠠᠷᠠᠯᠲᠠ ᠪᠣᠯᠤᠨ ᠪᠣᠳᠠᠲᠠᠢ  ᠠᠷᠭ᠎ᠠ ᠬᠡᠮᠵᠢᠶ᠎ᠠ ᠲᠣᠬᠳᠠᠭ᠋ᠠᠪᠠ᠃ 16 ᠠᠵᠢᠯᠯᠠᠭ᠎ᠠ᠂ ᠲᠥᠯᠥᠪᠯᠡᠭᠡ᠂ ᠢᠨᠵᠧᠨᠧᠷᠢᠩ᠎ᠤᠨ ᠲᠤᠰᠬᠠᠢ ᠪᠤᠯᠤᠩ  ᠪᠠᠢ᠌ᠭᠣᠯᠵᠦ᠂  ᠠᠵᠢᠯᠯᠠᠭ᠎ᠠ᠂ ᠲᠥᠯᠥᠪᠯᠡᠭᠡ᠂ ᠢᠨᠵᠧᠨᠧᠷᠢᠩ ᠪᠣᠯᠭ᠋ᠠᠨ᠎ᠳᠤ ᠡᠳᠦᠢ ᠲᠡᠳᠦᠢ ᠲᠥᠷᠥᠯ ᠵᠦᠢ᠍ᠯ ᠪᠠᠭᠲᠠᠵᠤ᠂ ᠲᠥᠷᠥᠯ ᠵᠦᠢ᠍ᠯ ᠪᠦᠷᠢ ᠎ᠳᠤ ᠬᠠᠷᠠᠯᠲᠠ ᠡᠭᠦᠷᠭᠡ᠂ ᠪᠣᠳᠠᠲᠠᠢ ᠠᠷᠭ᠎ᠠ ᠬᠡᠮᠵᠢᠶ᠎ᠡ ᠪᠠ ᠬᠡᠷᠡᠭᠵᠢᠭᠦᠯᠦᠯᠲᠡ ᠵᠢᠨ ᠦᠷ᠎ᠡ ᠪᠦᠲᠦᠮᠵᠢ ᠵᠢ  ᠲᠣᠳᠣᠷᠬᠠᠢ᠌ᠯᠠᠵᠠᠢ᠃ ᠲᠥᠯᠥᠪᠯᠡᠭᠡ ᠵᠢᠨ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ  ᠰᠢᠪᠳᠣᠯᠣᠯᠳᠠ ᠪᠣᠯᠭ᠋ᠠᠨ᠂ ᠭᠣᠣᠯᠳᠠᠯᠭ᠎ᠠ᠎ᠲᠠᠢ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ 《ᠲᠥᠯᠥᠪᠵᠢᠭᠦᠯᠭᠡ》 ᠵᠢ ᠬᠡᠷᠡᠭᠵᠢᠭᠦᠯᠬᠦ ᠪᠣᠯᠤᠮᠵᠢᠲᠤ ᠴᠢᠨᠠᠷ᠎ᠢ ᠴᠢᠩᠭ᠋ᠠᠳᠬᠠᠪᠠ᠃

    ᠬᠣᠶᠠᠷ᠂ ᠶᠡᠷᠦᠩᠬᠡᠢ  ᠲᠦᠯᠦᠪ
   《ᠲᠥᠯᠥᠪᠵᠢᠭᠦᠯᠭᠡ 》 ᠎ᠨᠢ 3  ᠪᠦᠯᠦᠭ ᠂ 8 ᠬᠡᠰᠡᠭ  ᠂ 39  ᠵᠣᠢ᠌ᠯ ᠵᠶ᠋ᠠᠷ ᠪᠦᠷᠢᠯᠳᠦᠵᠡᠢ᠃
    ᠨᠢᠭᠡᠳᠦᠭᠡᠷ ᠪᠦᠯᠦᠭ᠎ᠨᠢ ᠨᠢᠭᠡᠳᠦᠭᠡᠷ ᠬᠡᠰᠡᠭ ᠪᠠᠶ᠋ᠢᠵᠤ᠂ ᠬᠥᠭᠵᠢᠯᠲᠡ ᠵᠢᠨ ᠰᠠᠭᠤᠷᠢ᠂ ᠲᠤᠯᠭ᠋ᠠᠷᠠᠵᠤ ᠪᠠᠶ᠋ᠢᠭ᠎ᠠ ᠪᠠᠶ᠋ᠢᠳᠠᠯ᠂ ᠵᠢᠯᠣᠭᠣᠳᠬᠤ ᠦᠵᠡᠯ ᠰᠠᠨᠠᠭ᠎ᠠ᠂ ᠭᠣᠣᠯ ᠬᠠᠷᠠᠯᠲᠠ ᠵᠢ ᠪᠠᠭᠲᠠᠭ᠋ᠠᠵᠤ᠂ ᠭᠣᠣᠯᠳᠠᠭᠤ 《ᠠᠷᠪᠠᠨ ᠭᠣᠷᠪᠠᠳᠣᠭ᠋ᠠᠷ ᠲᠠᠪᠣᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠬᠥᠭᠵᠢᠯᠲᠡ ᠵᠢᠨ ᠠᠮᠵᠢᠯᠲᠠ ᠪᠦᠲᠦᠮᠵᠢ ᠵᠢ ᠳ᠋ᠦ᠍ᠩᠨᠡᠵᠦ᠂ ᠲᠤᠯᠭ᠋ᠠᠷᠠᠵᠤ ᠪᠠᠶ᠋ᠢᠭ᠎ᠠ ᠪᠠᠶ᠋ᠢᠳᠠᠯ᠎ᠢ ᠵᠠᠳᠠᠯᠵᠤ᠂ 《ᠠᠷᠪᠠ ᠲᠦᠷᠪᠡᠳᠣᠭᠡᠷ ᠲᠠᠪᠣᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠵᠢᠯᠣᠭᠣᠳᠬᠤ ᠦᠵᠡᠯ ᠰᠠᠨᠠᠭ᠎ᠠ᠂ ᠭᠣᠣᠯ ᠬᠠᠷᠠᠯᠲᠠ ᠪᠠ ᠦᠨᠳᠦᠰᠦᠨ ᠵᠠᠷᠴᠢᠮ᠎ᠢ ᠳᠤᠷᠠᠳᠤᠨ ᠭᠠᠷᠭ᠋ᠠᠪᠠ᠃
    ᠬᠣᠶᠠᠳᠤᠭ᠋ᠠᠷ ᠪᠦᠯᠦᠭ᠎ᠨᠢ ᠬᠣᠶᠠᠳᠤᠭ᠋ᠠᠷ ᠬᠡᠰᠡᠭ᠎ᠠᠴᠠ ᠳᠣᠯᠣᠳᠤᠭ᠋ᠠᠷ ᠬᠡᠰᠡᠭ ᠪᠣᠯᠳᠠᠯ᠎ᠠ᠂ ᠨᠡᠩ  ᠴᠢᠨᠠᠷᠯᠢᠭ ᠠᠵᠢᠯ ᠣᠯᠭᠣᠯᠲᠠ ᠵᠢ ᠪᠡᠶᠡᠯᠡᠭᠦᠯᠬᠦ ᠵᠢ ᠠᠬᠢᠭᠤᠯᠬᠤ᠂  ᠨᠡᠶ᠋ᠢᠭᠡᠮ᠎ᠤᠨ ᠪᠠᠲᠤᠯᠠᠭ᠎ᠠ ᠵᠢᠨ ᠣᠯᠠᠨ ᠳᠡᠰ ᠲᠠᠪᠬᠣᠷᠭ᠋ᠠᠳᠣ ᠰᠢᠰᠲ᠋ᠧᠮ᠎ᠢ ᠲᠡᠭᠦᠯᠳᠡᠷᠵᠢᠭᠦᠯᠬᠦ᠂᠂ᠴᠢᠳᠠᠪᠤᠷᠢᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠵᠢᠨ ᠴᠠᠯᠢᠩ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠡᠶ᠎ᠡ ᠵᠣᠬᠢᠴᠠᠩᠭᠤᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠬᠤ᠂  ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠡᠷᠭᠡ 6 ᠲᠠᠯ᠎ᠠ ᠵᠢᠨ ᠠᠭᠤᠯᠭ᠎ᠠ ᠵᠢ ᠪᠠᠬᠳᠠᠭ᠋ᠠᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠳᠣᠯᠠᠭ᠎ᠠ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠭᠣᠣᠯ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠪᠠ᠃
    ᠭᠤᠷᠪᠠᠳᠤᠭ᠋ᠠᠷ ᠪᠦᠯᠦᠭ᠎ᠨᠢ ᠨᠠᠢ᠍ᠮᠠᠳᠤᠭ᠋ᠠᠷ ᠬᠡᠰᠡᠭ ᠪᠠᠶ᠋ᠢᠵᠤ᠂ ᠲᠥᠯᠥᠪᠵᠢᠭᠦᠯᠭᠡ ᠵᠢᠨ ᠬᠡᠷᠡᠭᠵᠢᠭᠦᠯᠦᠯᠲᠡ ᠵᠢ ᠴᠢᠩᠭ᠋ᠠᠳᠬᠠᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠬᠤ᠂ ᠡᠳ᠋᠎ᠤᠨ ᠬᠦᠴᠦᠨ᠎ᠤ ᠪᠠᠲᠤᠯᠠᠭ᠎ᠠ ᠵᠢ ᠴᠢᠩᠭ᠋ᠠᠷᠠᠭᠤᠯᠬᠤ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠴᠢᠩᠭ᠋ᠠᠷᠠᠭᠤᠯᠬᠤ᠂ ᠬᠢᠨᠠᠨ ᠬᠡᠮᠵᠢᠵᠦ ᠦᠨᠡᠯᠡᠨ ᠵᠢᠱ᠌ᠢᠬᠦ ᠵᠢ ᠰᠠᠶ᠋ᠢᠲᠤᠷ ᠬᠢᠬᠦ ᠵᠡᠷᠭᠡ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠪᠠᠭᠲᠠᠭ᠋ᠠᠭᠰᠠᠨ ᠪᠥᠭᠡᠳ ᠪᠣᠳᠠᠲᠠᠢ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠭᠰᠠᠨ ᠪᠠᠶ᠋ᠢᠨ᠎ᠠ᠃

    ᠭᠤᠷᠪᠠ᠂ ᠭᠣᠣᠯ ᠬᠠᠷᠠᠯᠲᠠ ᠪᠠ ᠭᠦᠢ᠍ᠴᠡᠳᠬᠡᠬᠦ ᠲᠣᠭ᠎ᠠ
 《ᠲᠥᠯᠥᠪᠵᠢᠭᠦᠯᠭᠡ》᠎ᠳᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠪᠦᠬᠦ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠳᠣᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠵᠢᠷᠭᠤᠭ᠋ᠠᠨ ᠲᠠᠯ᠎ᠠ ᠵᠢᠨ ᠭᠣᠣᠯ ᠬᠠᠷᠠᠯᠲᠠ ᠪᠣᠯᠤᠨ 24 ᠵᠦᠢ᠍ᠯ᠎ᠤᠨ ᠪᠣᠳᠠᠲᠠᠢ ᠭᠦᠢ᠍ᠴᠡᠳᠬᠡᠬᠦ ᠲᠣᠭ᠎ᠠ ᠵᠢ ᠲᠣᠷᠠᠳᠴᠠᠢ᠃ ᠡᠭᠦᠨ᠎ᠳᠤ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠬᠦ ᠲᠣᠭ᠎ᠠ 2 ᠵᠦᠢ᠍ᠯ (ᠠᠵᠢᠯ ᠠᠯᠳᠠᠯᠲᠠ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ ᠪᠣᠯᠤᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ)᠂ ᠵᠢᠱ᠌ᠢᠭᠰᠡᠨ ᠴᠢᠨᠠᠷᠲᠠᠢ ᠭᠦᠢ᠍ᠴᠡᠳᠬᠡᠬᠦ ᠲᠣᠭ᠎ᠠ 22 ᠵᠦᠢ᠍ᠯ ᠪᠠᠶ᠋ᠢᠵᠤ᠂ ᠡᠳᠡᠭᠡᠷ ᠬᠠᠷᠠᠯᠲᠠ ᠪᠣᠯᠤᠨ ᠭᠦᠢ᠍ᠴᠡᠳᠬᠡᠬᠦ ᠲᠣᠭ᠎ᠠ ᠵᠢ ᠴᠥᠮ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠥᠯᠥᠪᠵᠢᠭᠦᠯᠭᠡ᠎ᠯᠦᠭᠡ  ᠵᠣᠯᠭ᠋ᠠᠴᠠᠭᠣᠯᠪᠠ᠃ ᠡᠳᠡᠭᠡᠷ ᠬᠠᠷᠠᠯᠲᠠ ᠵᠢ ᠪᠡᠶᠡᠯᠡᠭᠦᠯᠬᠦ᠎ᠳᠤ᠂ ᠳᠡᠭᠡᠷ᠎ᠡ ᠳᠤᠷᠠᠳᠤᠭᠰᠠᠨ ᠪᠣᠳᠠᠲᠠᠢ ᠭᠦᠢ᠍ᠴᠡᠳᠬᠡᠬᠦ ᠲᠣᠭ᠎ᠠ ᠵᠢ ᠪᠡᠶᠡᠯᠡᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠳᠣᠯᠠᠭ᠎ᠠ ᠵᠢᠨ ᠦᠢ᠍ᠯᠡᠰ᠎ᠤᠨ  ᠴᠢᠨᠠᠷᠯᠢᠭ ᠬᠥᠭᠵᠢᠯᠲᠡ ᠵᠢ ᠪᠡᠶᠡᠯᠡᠭᠦᠯᠬᠦ ᠵᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ᠃
    (ᠨᠢᠭᠡ) ᠠᠵᠢᠯ ᠣᠯᠭᠣᠯᠲᠠ ᠵᠢ ᠨᠡᠩ ᠲᠡᠭᠦᠯᠳᠡᠷ ᠴᠢᠨᠠᠷᠯᠢᠭ ᠪᠣᠯᠭ᠋ᠠᠨ᠎ᠠ᠃ ᠠᠵᠢᠯ ᠣᠯᠭᠣᠯᠲᠠ ᠵᠢ ᠲᠡᠷᠢᠭᠦᠨ᠎ᠳᠤ  ᠲᠠᠯᠪᠢᠬᠣ ᠲᠥᠷᠥ ᠵᠢᠨ ᠪᠣᠳᠣᠯᠭ᠎ᠠ ᠪᠥᠬᠥ ᠲᠠᠯ᠎ᠠ᠎ᠪᠠᠷ ᠴᠢᠩᠭ᠋ᠠᠷᠠᠵᠤ᠂ ᠠᠵᠢᠯ ᠣᠯᠭᠣᠯᠲᠠ ᠵᠢ ᠠᠬᠢᠭᠤᠯᠬᠤ ᠲᠣᠭᠲᠠᠴᠠ ᠨᠡᠩ ᠲᠡᠭᠦᠯᠳᠡᠷᠵᠢᠨ᠂ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠰᠢᠰᠲ᠋ᠧᠮ ᠪᠥᠬᠥ ᠲᠠᠯ᠎ᠠ᠎ᠪᠠᠷ ᠲᠡᠭᠦᠯᠳᠡᠷᠵᠢᠵᠦ᠂ ᠬᠥᠳᠡᠯᠮᠦᠷᠢᠴᠢᠳ᠎ᠤᠨ ᠠᠵᠢᠯ ᠣᠯᠬᠣ ᠴᠢᠳᠠᠪᠤᠷᠢ ᠲᠣᠭᠲᠠᠭᠤᠨ ᠵᠶ᠋ᠠᠷ ᠳᠡᠭᠡᠭᠰᠢᠯᠡᠨ᠂ ᠠᠵᠢᠯ ᠣᠯᠭᠣᠯᠲᠠ ᠵᠢᠨ ᠪᠠᠭᠲᠠᠭ᠋ᠠᠮᠵᠢ ᠲᠠᠰᠤᠷᠠᠯᠲᠠ ᠦᠭᠡᠢ ᠥᠷᠭᠡᠳᠴᠦ᠂ ᠠᠵᠢᠯ ᠣᠯᠭᠣᠯᠲᠠ ᠵᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠠᠵᠢᠯ ᠣᠯᠭᠣᠯᠲᠠ ᠵᠢᠨ ᠶᠠᠰᠤ ᠴᠢᠨᠠᠷ ᠲᠣᠭᠲᠠᠭᠤᠨ ᠵᠶ᠋ᠠᠷ ᠳᠡᠭᠡᠭᠰᠢᠯᠡᠨ᠂ ᠠᠵᠢᠯ ᠣᠯᠭᠣᠯᠲᠠ ᠵᠢᠨ ᠪᠠᠶ᠋ᠢᠳᠠᠯ ᠶᠡᠷᠦᠩᠬᠡᠢ᠎ᠳᠡᠭᠡᠨ ᠲᠣᠭᠲᠠᠭᠤᠨ ᠪᠣᠯᠪᠠ᠃ 《ᠠᠷᠪᠠᠨ ᠲᠦᠷᠪᠡᠳᠣᠭᠡᠷ ᠲᠠᠪᠣᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠦᠬᠦ ᠣᠷᠣᠨ᠎ᠤ ᠬᠣᠲᠠ ᠪᠠᠯᠭ᠋ᠠᠰᠤ ᠵᠢᠨ ᠠᠵᠢᠯ ᠣᠯᠭᠣᠯᠲᠠ᠎ᠳᠤ 100 ᠲᠦᠮᠡᠨ ᠬᠥᠮᠦᠨ ᠰᠢᠨ᠎ᠡ᠎ᠪᠠᠷ  ᠨᠡᠮᠡᠭᠳᠡᠵᠡᠢ᠃ ᠳᠡᠭᠡᠳᠦ ᠰᠤᠷᠭ᠋ᠠᠭᠤᠯᠢ  ᠲᠡᠬᠦᠰᠦᠭᠰᠡᠨ 65 ᠲᠦᠮᠡᠨ ᠬᠥᠮᠦᠨ᠂ ᠬᠣᠲᠠ ᠪᠠᠯᠭ᠋ᠠᠰᠤ ᠵᠢᠨ ᠠᠵᠢᠯ ᠠᠯᠳᠠᠬᠰᠠᠨ 25 ᠲᠦᠮᠡᠨ ᠬᠥᠮᠦᠨ᠂ ᠠᠵᠢᠯ ᠣᠯᠬᠤ᠎ᠳᠤ ᠬᠦᠴᠢᠷᠲᠡᠢ 25 ᠲᠦᠮᠡᠨ ᠬᠥᠮᠦᠨ᠂ ᠰᠢᠯᠵᠢᠭᠦᠯᠦᠨ ᠠᠵᠢᠯ ᠣᠯᠭᠣᠬᠤ 1000  ᠲᠦᠮᠡᠨ ᠮᠠᠯᠴᠢᠨ ᠲᠠᠷᠢᠶᠠᠴᠢᠳ ᠠᠵᠢᠯ ᠣᠯᠪᠠ᠃ 125 ᠲᠦᠮᠡᠨ ᠬᠥᠮᠦᠨ ᠎ᠳᠤ ᠨᠥᠬᠥᠪᠥᠷᠢ ᠵᠢᠨ ᠴᠢᠨᠠᠷᠲᠠᠢ ᠴᠢᠳᠠᠪᠤᠷᠢ ᠵᠢᠨ  ᠪᠣᠯᠪᠠᠰᠣᠷᠠᠯ  ᠬᠦᠷᠳᠡᠬᠡᠵᠦ᠂ ᠬᠣᠲᠠ ᠪᠠᠯᠭ᠋ᠠᠰᠤ ᠵᠢᠨ ᠠᠵᠢᠯ ᠠᠯᠳᠠᠯᠲᠠ ᠵᠢᠨ ᠪᠠᠶ᠋ᠢᠴᠠᠭ᠋ᠠᠯᠲᠠ ᠵᠢᠨ ᠨᠣᠷᠮ᠎ᠠ ᠪᠣᠯᠤᠨ ᠬᠣᠲᠠ ᠪᠠᠯᠭ᠋ᠠᠰᠤ ᠵᠢᠨ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ ᠵᠢ ᠲᠤᠰ ᠲᠤᠰ 6% ᠣᠷᠴᠢᠮ ᠪᠠ 5%᠎ᠤ ᠳᠣᠲᠣᠷ᠎ᠠ ᠬᠢᠵᠠᠭ᠋ᠠᠷᠯᠠᠨ᠎ᠠ᠃
   (ᠬᠣᠶᠠᠷ) ᠨᠡᠶ᠋ᠢᠭᠡᠮ᠎ᠤᠨ ᠪᠠᠲᠤᠯᠠᠭ᠎ᠠ ᠵᠢᠨ ᠰᠢᠰᠲᠸᠮ᠎ᠢ ᠨᠡᠩ ᠲᠡᠭᠦᠯᠳᠡᠷᠵᠢᠭᠦᠯᠦᠨ᠎ᠡ᠃ ᠪᠦᠬᠦ ᠠᠷᠠᠳ᠎ᠢ ᠬᠠᠮᠤᠷᠤᠭᠰᠠᠨ᠂ ᠬᠣᠲᠠ ᠬᠥᠳᠡᠭᠡ ᠵᠢ ᠨᠢᠭᠡᠳᠦᠯᠲᠡᠢ ᠲᠥᠯᠥᠪᠵᠢᠭᠦᠯᠦᠭᠰᠡᠨ᠂ ᠡᠷᠬᠡ ᠲᠡᠭᠰᠢ ᠨᠢᠭᠡᠳᠦᠯᠲᠡᠢ᠂ ᠣᠯᠠᠨ ᠳᠡᠰ ᠳᠠᠪᠬᠤᠷᠭ᠎ᠠ ᠵᠢᠨ ᠨᠡᠶ᠋ᠢᠭᠡᠮ᠎ᠤᠨ ᠪᠠᠲᠤᠯᠠᠭ᠎ᠠ ᠵᠢᠨ ᠦᠷᠬᠦᠯᠵᠢᠯᠡᠬᠦᠢ ᠵᠢᠨ ᠰᠢᠰᠲᠸᠮ᠎ᠢ  ᠨᠡᠩ  ᠪᠦᠷᠢᠨᠰᠢᠬᠦᠯᠵᠦ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠳ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠢ ᠪᠦᠬᠦ ᠤᠯᠤᠰ᠎ᠲᠤ ᠨᠢᠭᠡᠳᠦᠯᠲᠡᠢ ᠲᠥᠯᠥᠪᠯᠡᠬᠦ ᠵᠢ ᠪᠡᠶᠡᠯᠡᠭᠦᠯᠦᠨ᠂ ᠠᠵᠢᠯ ᠠᠯᠳᠠᠯᠲᠠ ᠵᠢᠨ ᠳᠠᠭ᠋ᠠᠳᠬᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠢ ᠲᠥᠯᠥᠪᠯᠡᠬᠦ ᠵᠢ ᠪᠡᠶᠡᠯᠡᠭᠦᠯᠵᠦ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠥᠪᠡᠷᠲᠡᠭᠡᠨ ᠵᠠᠰᠠᠬᠤ ᠣᠷᠣᠨ᠎ᠤ  ᠬᠡᠪᠴᠢᠶᠠᠨ᠎ᠳᠤ ᠨᠢᠭᠡᠳᠦᠯᠲᠡᠢ ᠲᠥᠯᠥᠪᠯᠡᠬᠦ ᠳᠦᠷᠢᠮ᠎ᠢ ᠨᠡᠩ ᠲᠡᠭᠦᠯᠳᠡᠷᠵᠢᠭᠦᠯᠦᠨ᠂ ᠨᠡᠶ᠋ᠢᠭᠡᠮ᠎ᠤᠨ ᠪᠠᠲᠤᠯᠠᠭ᠎ᠠ ᠵᠢᠨ ᠬᠠᠮᠤᠷᠬᠤ ᠬᠡᠪᠴᠢᠶ᠎ᠡ ᠵᠢ ᠲᠠᠰᠤᠷᠠᠯᠲᠠ ᠤᠶ᠋ᠢᠭᠡᠢ ᠥᠷᠭᠡᠳᠬᠡᠵᠦ᠂ ᠣᠯᠭᠣᠮᠵᠢ ᠵᠢᠨ ᠬᠢᠷᠢ ᠬᠡᠮᠵᠢᠶ᠎ᠡ ᠵᠢ ᠲᠣᠭᠲᠠᠭᠤᠨ ᠵᠶ᠋ᠠᠷ ᠳᠡᠭᠡᠭᠰᠢᠯᠡᠭᠦᠯᠦᠨ᠂ ᠨᠡᠶ᠋ᠢᠭᠡᠮ᠎ᠤᠨ ᠳᠠᠭ᠋ᠠᠳᠬᠠᠯ᠎ᠢ ᠰᠢᠯᠵᠢᠭᠦᠯᠦᠨ ᠵᠠᠯᠭ᠋ᠠᠯᠳᠤᠭᠤᠯᠬᠤ ᠵᠢ ᠨᠡᠩ ᠰᠠᠭ᠋ᠠᠳ ᠦᠭᠡᠢ ᠪᠣᠯᠭ᠋ᠠᠵᠤ᠂ ᠰᠠᠭᠤᠷᠢ ᠮᠥᠩᠭᠥ ᠵᠢᠨ ᠠᠮᠤᠷ ᠲᠦᠪᠰᠢᠨ᠎ᠢ ᠦᠷᠭᠦᠯᠵᠢᠯᠡᠨ ᠨᠡᠮᠡᠭᠳᠡᠭᠦᠯᠦᠨ᠎ᠡ᠃ 《  ᠠᠷᠪᠠᠨ ᠲᠦᠷᠪᠡᠳᠣᠭᠡᠷ ᠲᠠᠪᠣᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠰᠡᠭᠦᠯᠴᠢ ᠪᠣᠯᠬᠤ᠎ᠳᠤ᠂ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ ᠵᠢ 90%᠎ᠠᠴᠠ ᠳᠡᠭᠡᠭᠰᠢ᠎ᠳᠤ ᠬᠦᠷᠦᠭᠦᠯᠵᠦ᠂ ᠠᠵᠢᠯ ᠠᠯᠳᠠᠯᠲᠠ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ ᠵᠢ 293 ᠲᠦᠮᠡ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ ᠵᠢ 345  ᠲᠦᠮᠡ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠨᠠᠶ᠋ᠢᠳᠠᠯᠭ᠎ᠠ ᠵᠢᠨ ᠪᠡᠯᠡ ᠣᠷᠣᠭᠤᠯᠤᠯᠲᠠ ᠵᠢᠨ ᠪᠡᠯᠡ ᠮᠥᠩᠭᠥ ᠵᠢᠨ ᠶᠡᠷᠦᠩᠬᠡᠢ ᠲᠣᠭ᠎ᠠ ᠵᠢ 50 ᠳ᠋ᠦ᠍ᠩᠰᠢᠭᠤᠷ ᠲᠥᠭᠥᠷᠢᠭ᠎ᠢ ᠳᠠᠪᠠᠭᠤᠯᠵᠤ᠂ ᠨᠠᠰᠤᠵᠢᠯ᠎ᠤᠨ ᠳᠠᠭ᠋ᠠᠳᠬᠠᠯ᠎ᠤᠨ ᠰᠠᠭᠤᠷᠢ ᠮᠥᠩᠭᠥ᠎ᠳᠤ ᠨᠦᠬᠦᠪᠦᠷᠢᠯᠡᠬᠦ ᠬᠡᠮᠵᠢᠶ᠎ᠠ ᠵᠢ 580 ᠳ᠋ᠦ᠍ᠩᠰᠢᠭᠤᠷ ᠲᠥᠭᠥᠷᠢᠭ᠎ᠢ ᠳᠠᠪᠠᠭᠤᠯᠤᠨ᠎ᠠ᠃
    (ᠭᠤᠷᠪᠠ) ᠴᠢᠳᠠᠪᠤᠷᠢᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ  ᠪᠠᠳᠠᠷᠠᠨ᠎ᠠ᠃ ᠴᠢᠳᠠᠪᠤᠷᠢᠲᠠᠨ᠎ᠢ ᠬᠥᠭᠵᠢᠭᠦᠯᠬᠦ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ  ᠠᠬᠢᠭᠤᠯᠵᠤ᠂ ᠴᠢᠳᠠᠪᠤᠷᠢᠲᠠᠨ᠎ᠢ ᠬᠥᠮᠦᠵᠢᠭᠦᠯᠬᠦ᠂  ᠣᠷᠣᠭᠣᠯᠵᠦ ᠠᠪᠴᠢᠷᠠᠬᠤ᠂ ᠬᠡᠷᠡᠭᠯᠡᠬᠦ᠂ ᠦᠨᠡᠯᠡᠬᠦ᠂ ᠰᠢᠯᠵᠢᠭᠦᠯᠬᠦ ᠪᠠ ᠤᠷᠮᠠᠰᠢᠭᠤᠯᠬᠤ ᠵᠡᠷᠭᠡ ᠲᠣᠭᠲᠠᠴᠠ ᠵᠢ ᠨᠡᠩ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠪᠣᠯᠤᠨ ᠬᠥᠮᠦᠨ ᠬᠡᠷᠡᠭᠯᠡᠬᠦ ᠪᠡᠶᠡᠴᠢ ᠴᠣᠭᠴᠠ ᠵᠢᠨ ᠦᠢ᠍ᠯᠡᠳᠦᠯ᠎ᠢ ᠪᠦᠲᠦᠮᠵᠢᠲᠡᠢ᠎ᠪᠠᠷ ᠪᠠᠳᠠᠷᠠᠭᠤᠯᠤᠨ᠂ ᠴᠢᠳᠠᠪᠤᠷᠢᠲᠠᠨ᠎ᠤ ᠰᠢᠨ᠎ᠡ ᠵᠢ ᠡᠭᠦᠳᠴᠦ ᠦᠢ᠍ᠯᠡᠰ ᠪᠣᠰᠬᠠᠬᠣ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠵᠦ᠂ ᠴᠢᠳᠠᠪᠤᠷᠢᠲᠠᠨ᠎ᠤ ᠡᠩᠨᠡᠬᠡ ᠵᠢ ᠲᠠᠰᠤᠷᠠᠯᠲᠠ ᠦᠭᠡᠢ ᠥᠷᠭᠡᠳᠬᠡᠨ᠂ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠦᠬᠦᠯᠢ ᠴᠣᠭᠴᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ 《ᠠᠷᠪᠠᠨ ᠲᠦᠷᠪᠡᠳᠣᠭᠡᠷ ᠲᠠᠪᠣᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠰᠡᠭᠦᠯᠴᠢ ᠪᠣᠯᠬᠤ᠎ᠳᠤ᠂ 30 ᠲᠦᠮᠡᠨ ᠬᠦᠮᠦᠨ᠎ᠳᠤ ᠲᠤᠰᠬᠠᠢ ᠮᠡᠷᠭᠡᠵᠢᠯ᠎ᠤᠨ ᠲᠣᠬᠠᠢ᠌ᠯᠠᠬᠰᠠᠨ ᠠᠵᠢᠯ᠎ᠤᠨ ᠬᠢᠷᠢ ᠭᠡᠮ᠎ᠤᠨ ᠦᠨᠡᠮᠯᠡᠯ ᠣᠯᠭᠣᠵᠦ᠂  ᠲᠣᠬᠠᠢ᠌ᠯᠠᠬᠰᠠᠨ ᠠᠵᠢᠯ᠎ᠤᠨ ᠬᠢᠷᠢ ᠭᠡᠮ᠎ᠤᠨ ᠦᠨᠡᠮᠯᠡᠯ ᠪᠤᠶᠤ ᠡᠷᠬᠢᠯᠡᠭᠰᠡᠨ ᠠᠵᠢᠯ᠎ᠤᠨ ᠮᠡᠷᠭᠡᠵᠢᠯ᠎ᠤᠨ ᠴᠢᠳᠠᠪᠤᠷᠢ ᠵᠢᠨ ᠵᠡᠷᠭᠡ ᠳᠡᠰ᠎ᠤᠨ ᠦᠨᠡᠮᠯᠡᠯ᠎ᠢ 75 ᠲᠦᠮᠡᠨ ᠬᠥᠮᠦᠨ ᠤᠳᠠᠭ᠎ᠠ ᠎ᠳᠤ ᠬᠦᠷᠭᠡᠨ᠎ᠡ᠃
   (ᠳᠥᠷᠪᠡ) ᠴᠠᠯᠢᠩ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠨᠡᠩ ᠲᠡᠭᠦᠯᠳᠡᠷᠵᠢᠭᠦᠯᠦᠨ᠎ᠡ᠃ ᠠᠵᠤ ᠠᠬᠤᠶ᠋ᠢᠯᠠᠯ᠎ᠤᠨ ᠴᠠᠯᠢᠩ᠎ᠤᠨ ᠬᠤᠪᠢᠶᠠᠷᠢᠯᠠᠯᠲᠠ ᠵᠢᠨ ᠳᠦᠷᠢᠮ᠎ᠢ ᠨᠡᠩ ᠲᠡᠭᠦᠯᠳᠡᠷᠵᠢᠭᠦᠯᠦᠨ᠂ ᠴᠠᠯᠢᠩ᠎ᠤᠨ ᠵᠦᠢ ᠵᠣᠬᠢᠰᠲᠠᠢ ᠨᠡᠮᠡᠭᠳᠡᠬᠦ ᠲᠣᠭᠲᠠᠴᠠ ᠵᠢ ᠨᠡᠩ ᠪᠦᠷᠢᠨᠰᠢᠭᠦᠯᠵᠦ᠂ ᠠᠩᠬᠠᠨ᠎ᠤ ᠬᠤᠪᠢᠶᠠᠷᠢᠯᠠᠯᠲᠠ᠎ᠳᠠᠬᠢ ᠬᠥᠳᠡᠯᠮᠦᠷᠢ ᠵᠢᠨ ᠬᠥᠯᠥᠰᠥ ᠣᠯᠭᠣᠮᠵᠢ ᠵᠢᠨ ᠬᠤᠪᠢ ᠵᠢᠨ ᠵᠢᠩ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠂ ᠴᠠᠯᠢᠩ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢᠨ ᠪᠦᠲᠦᠴᠡ ᠵᠢ ᠢᠯᠡᠳᠲᠡ ᠰᠠᠶ᠋ᠢᠵᠢᠷᠠᠭᠤᠯᠤᠨ᠎ᠠ᠃ ᠮᠡᠳᠡᠯᠭᠡ ᠵᠢᠨ ᠥᠷᠲᠡᠭ᠎ᠢ ᠨᠡᠮᠡᠭᠳᠡᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠣᠷᠣᠯᠭ᠎ᠠ ᠵᠢᠨ ᠬᠤᠪᠢᠶᠠᠷᠢᠯᠠᠯᠲᠠ ᠵᠢᠨ ᠲᠥᠷᠥ ᠵᠢᠨ ᠪᠣᠳᠣᠯᠭ᠎ᠠ ᠵᠢ ᠨᠡᠩ ᠲᠡᠭᠦᠯᠳᠡᠷᠵᠢᠭᠦᠯᠵᠦ᠂ ᠠᠵᠢᠯ ᠦᠢ᠍ᠯᠡᠰ᠎ᠤᠨ ᠨᠢᠭᠡᠴᠢ ᠵᠢᠨ ᠣᠨᠴᠠᠯᠢᠭ᠎ᠲᠤ ᠨᠡᠶ᠋ᠢᠴᠡᠭᠰᠡᠨ ᠴᠠᠯᠢᠩ᠎ᠤᠨ ᠬᠤᠪᠢᠶᠠᠷᠢᠯᠠᠯᠲᠠ ᠵᠢᠨ ᠳᠦᠷᠢᠮ᠎ᠢ ᠦᠨᠳᠦᠰᠦᠨ᠎ᠳᠡᠭᠡᠨ ᠪᠠᠶ᠋ᠢᠭᠤᠯᠤᠨ᠎ᠠ᠃
    (ᠲᠠᠪᠤ) ᠬᠥᠳᠡᠯᠮᠦᠷᠢ ᠵᠢᠨ ᠬᠠᠷᠢᠴᠠᠭ᠎ᠠ ᠨᠡᠩ ᠡᠶ᠎ᠡ ᠵᠣᠬᠢᠴᠠᠯ᠎ᠲᠠᠢ ᠲᠣᠭᠲᠠᠭᠤᠨ ᠪᠣᠯᠪᠠ᠃ ᠠᠵᠢᠯ ᠣᠯᠭᠣᠯᠳᠠ ᠵᠢᠨ ᠣᠯᠠᠨ ᠡᠰᠢᠵᠢᠭᠰᠡᠨ ᠬᠦᠭᠵᠢᠯᠳᠡ ᠵᠢᠨ ᠬᠠᠨᠳᠤᠰᠢ᠎ᠳᠤ ᠵᠣᠬᠢᠴᠠᠭᠤᠯᠤᠨ᠂ ᠬᠥᠳᠡᠯᠮᠦᠷᠢ ᠵᠢᠨ ᠬᠠᠷᠢᠴᠠᠭ᠎ᠠ ᠵᠢ ᠵᠣᠬᠢᠴᠠᠭᠤᠯᠬᠤ ᠲᠣᠭᠲᠠᠴᠠ ᠵᠢ ᠲᠠᠰᠤᠷᠠᠯᠲᠠ ᠦᠭᠡᠢ ᠪᠦᠷᠢᠨᠰᠢᠭᠦᠯᠵᠦ᠂ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠵᠢᠭᠤᠷᠠᠯᠳᠤᠭ᠋ᠠᠨ᠎ᠢ ᠡᠶᠡᠳᠡᠭᠦᠯᠵᠦ ᠬᠦᠨᠳᠡᠯᠡᠨ᠎ᠠᠴᠠ ᠲᠠᠰᠤᠯᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠴᠠᠯᠢᠩ ᠥᠷᠢᠲᠦᠬᠦ ᠵᠢ ᠦᠨᠳᠣᠰᠦᠨ᠎ᠠᠴᠠ᠎ᠨᠢ ᠰᠢᠢ᠍ᠳᠪᠣᠷᠢᠯᠡᠵᠦ᠂ ᠬᠥᠳᠡᠯᠮᠦᠷᠢ ᠵᠢᠨ ᠬᠠᠷᠢᠴᠠᠭ᠎ᠠ ᠵᠢ ᠰᠢᠢ᠍ᠳᠪᠣᠷᠢᠯᠡᠬᠦ ᠴᠢᠳᠠᠪᠤᠷᠢ ᠵᠢ ᠢᠯᠡᠳᠲᠡ ᠳᠡᠭᠡᠭᠰᠢᠯᠡᠭᠦᠯᠵᠦ᠂ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ  ᠬᠦᠴᠦᠯᠡᠴᠡ ᠵᠢ ᠪᠦᠲᠦᠮᠵᠢᠲᠡᠢ ᠳᠡᠭᠡᠭᠰᠢᠯᠡᠭᠦᠯᠦᠨ᠂ ᠬᠦᠳᠡᠯᠮᠦᠷᠢᠯᠡᠭᠴᠢᠳ᠎ᠤᠨ ᠡᠷᠬᠡ ᠠᠰᠢᠭ᠎ᠢ ᠪᠦᠲᠦᠮᠵᠢᠲᠡᠢ ᠬᠠᠮᠠᠭ᠋ᠠᠯᠠᠵᠤ᠂ ᠬᠥᠳᠡᠯᠮᠦᠷᠢ ᠵᠢᠨ ᠬᠠᠷᠢᠴᠠᠭ᠎ᠠ ᠵᠢ ᠶᠡᠷᠦᠩᠬᠡᠢ᠎ᠳᠤᠨᠢ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠯᠭ᠋ᠠᠨ᠎ᠠ᠃ 《  ᠠᠷᠪᠠᠨ ᠲᠦᠷᠪᠡᠳᠣᠭᠡᠷ ᠲᠠᠪᠣᠨ ᠵᠢᠯ》᠎ᠤᠨ ᠲᠦᠯᠦᠪᠵᠢᠬᠦᠯᠬᠡ ᠵᠢᠨ ᠬᠤᠭᠤᠴᠠᠭ᠋ᠠᠨ᠎ᠳᠤ᠂ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠭᠡᠳ ᠠᠮᠵᠢᠯᠲᠠ ᠣᠯᠤᠭᠰᠠᠨ ᠨᠣᠷᠮ᠎ᠠ᠂ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ  ᠬᠦᠨᠳᠡᠯᠡᠨ᠎ᠠᠴᠠ ᠲᠠᠰᠤᠯᠵᠤ ᠰᠢᠢ᠍ᠳᠪᠦᠷᠢᠯᠡᠭᠰᠡᠨ ᠨᠣᠷᠮ᠎ᠠ ᠪᠠ ᠬᠥᠳᠡᠯᠮᠦᠷᠢ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠵᠤ ᠢᠯᠡᠴᠢᠯᠡᠨ ᠵᠠᠭ᠋ᠠᠯᠳᠤᠭᠰᠠᠨ ᠬᠡᠷᠡᠭ᠎ᠢ  ᠰᠢᠢ᠍ᠳᠪᠣᠷᠢᠯᠡᠭᠰᠡᠨ ᠨᠣᠷᠮ᠎ᠠ ᠲᠤᠰ ᠲᠤᠰ 60%᠂ 90% ᠪᠠ 96% ᠵᠢ  ᠲᠠᠪᠠᠬᠤ ᠪᠤᠯᠤᠨ᠎ᠠ᠃
    (ᠵᠢᠷᠭᠤᠭ᠎ᠠ) ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ  ᠴᠢᠳᠡᠮᠵᠢ ᠢᠯᠡᠳᠲᠡ ᠲᠡᠭᠡᠭᠰᠢᠯᠡᠨ᠎ᠡ᠃ ᠪᠦᠬᠦ ᠣᠷᠣᠨ᠎ᠤ ᠨᠢᠭᠡᠳᠦᠯᠲᠡᠢ᠂ ᠬᠣᠲᠠ ᠬᠥᠳᠡᠭᠡ ᠵᠢ ᠬᠠᠮᠤᠷᠤᠭᠰᠠᠨ᠂ ᠥᠨᠳᠥᠷ ᠦᠷ᠎ᠡ ᠪᠦᠲᠦᠮᠵᠢᠲᠡᠢ ᠪᠥᠭᠡᠳ ᠳᠥᠭᠥᠮ ᠲᠦᠳᠡ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠢ ᠨᠡᠩ ᠲᠡᠭᠦᠯᠳᠡᠷᠵᠢᠭᠦᠯᠦᠨ᠂ ᠣᠯᠠᠨ ᠨᠡᠶ᠋ᠢᠲᠡ ᠵᠢᠨ ᠦᠢ᠍ᠯᠡᠴᠢᠯᠡᠬᠡ ᠵᠢ ᠪᠠᠷᠢᠮᠵᠢᠶᠠᠵᠢᠭᠤᠯᠬᠤ᠂ ᠮᠡᠳᠡᠭᠡ ᠵᠠᠩᠭᠢᠴᠢᠯᠠᠬᠤ᠂ ᠲᠡᠩᠴᠡᠭᠦᠷᠢᠰᠢᠭᠦᠯᠬᠦ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠵᠦ᠂ ᠨᠡᠶ᠋ᠢᠭᠡᠮ᠎ᠤᠨ ᠪᠠᠲᠤᠯᠠᠭ᠎ᠠ ᠵᠢᠨ《ᠨᠢᠭᠡ ᠺᠠᠷᠲ ᠵᠶ᠋ᠠᠷ ᠨᠡᠪᠲᠡᠷᠡᠭᠦᠯᠬᠦ》᠎ᠢ ᠥᠷᠭᠡᠨ ᠵᠶ᠋ᠡᠷ ᠬᠡᠷᠡᠭᠯᠡᠨ᠂ ᠠᠷᠠᠳ ᠣᠯᠠᠨ᠎ᠢ ᠬᠠᠨᠣᠮᠵᠢᠳᠠᠢ ᠪᠣᠯᠭ᠋ᠠᠨ᠎ᠠ᠃《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠬᠦᠯᠦᠭᠡ ᠵᠢᠨ ᠰᠡᠭᠦᠯᠴᠢ ᠪᠣᠯᠬᠤ᠎ᠳᠤ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠵᠶ᠋ᠠᠷ ᠳᠠᠭ᠋ᠠᠳᠬᠠᠯ᠎ᠳᠤ  ᠣᠷᠣᠬᠣ ᠬᠥᠮᠦᠨ᠎ᠤ ᠲᠣᠭ᠎ᠠ 2270  ᠲᠦᠮᠡ᠎ᠳᠤ ᠬᠦᠷᠴᠦ᠂ ᠨᠡᠶ᠋ᠢᠭᠡᠮ᠎ᠤᠨ ᠪᠠᠲᠤᠯᠠᠭ᠎ᠠ ᠵᠢᠨ  ᠡᠯᠸᠺᠲᠷᠣᠨ ᠺᠠᠷᠲ  ᠭᠣᠶᠣᠴᠢᠯᠠᠬᠣ ᠬᠦᠮᠦᠨ᠎ᠤ ᠨᠣᠷᠮ᠎ᠠ 67%᠎ᠳᠤ ᠬᠦᠷᠬᠦ ᠪᠣᠯᠣᠨ᠎ᠠ᠃
    ᠳᠥᠷᠪᠡ᠂ ᠴᠢᠬᠤᠯᠠ ᠠᠷᠭ᠎ᠠ ᠬᠡᠮᠵᠢᠶ᠎ᠡ
    ᠮᠠᠨ᠎ᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠭᠣᠣᠯ ᠬᠠᠷᠠᠯᠲᠠ᠎ᠯᠤᠭ᠎ᠠ ᠬᠠᠷᠢᠴᠠᠭᠤᠯᠤᠨ᠂ 《ᠲᠥᠯᠥᠪᠵᠢᠭᠦᠯᠭᠡ》᠎ᠳᠤ ᠵᠢᠷᠭᠤᠭ᠋ᠠᠨ ᠲᠠᠯ᠎ᠠ ᠵᠢᠨ ᠭᠣᠣᠯᠳᠠᠯᠭ᠎ᠠ᠎ᠲᠠᠢ ᠡᠭᠦᠷᠭᠡ ᠵᠢᠨ ᠲᠣᠭᠣᠷᠢᠨ᠎ᠳᠤ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ  ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠤ ᠰᠢᠨ᠎ᠡ ᠬᠥᠭᠵᠢᠯᠲᠡ ᠵᠢᠨ ᠱᠠᠲᠤ ᠦᠶ᠎ᠡ᠂ ᠰᠢᠨ᠎ᠡ ᠬᠥᠭᠵᠢᠯᠲᠡ ᠵᠢᠨ ᠣᠬᠠᠬᠳᠠᠬᠣᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠦᠬᠦᠯᠢ ᠴᠣᠭᠴᠠ᠎ᠪᠠᠷ ᠡᠵᠡᠮᠳᠡᠬᠦ᠂ ᠰᠢᠰᠲ᠋ᠧᠮ᠎ᠲᠠᠢ᠎ᠪᠠᠷ ᠲᠤᠤᠱᠯᠠᠭᠤᠯᠬᠤ ᠪᠠ ᠨᠢᠭᠡ ᠴᠣᠭᠴᠠᠵᠢᠭᠤᠯᠤᠨ ᠨᠠᠶ᠋ᠢᠳᠠᠪᠤᠷᠢᠵᠢᠭᠤᠯᠬᠤ ᠵᠢ ᠬᠠᠷᠠᠭᠤᠯᠵᠠᠢ᠃
    (ᠨᠢᠭᠡ)  ᠨᠠᠩ ᠴᠢᠨᠠᠷᠯᠢᠭ ᠠᠵᠢᠯ ᠣᠯᠭᠣᠯᠲᠠ ᠵᠢ  ᠪᠡᠶᠡᠯᠡᠬᠦᠯᠦᠨ᠎ᠡ᠃ ᠠᠵᠢᠯ ᠣᠯᠭᠣᠯᠲᠠ ᠵᠢᠨ ᠳᠠᠷᠤᠯᠲᠠ᠂ ᠬᠥᠳᠡᠯᠮᠦᠷᠢ ᠬᠦᠴᠦᠨ᠎ᠤ ᠬᠠᠩᠭ᠋ᠠᠯᠭ᠎ᠠ ᠬᠡᠷᠡᠭᠴᠡᠭᠡᠨ᠎ᠤ ᠵᠥᠷᠢᠴᠡᠯ᠂ ᠠᠵᠢᠯ ᠣᠯᠭᠣᠯᠲᠠ ᠵᠢᠨ ᠤᠷ᠎ᠠ ᠴᠢᠳᠠᠪᠤᠷᠢ ᠵᠢᠨ ᠬᠡᠪ ᠴᠢᠨᠠᠷ᠎ᠢ ᠳᠡᠭᠡᠭᠰᠢᠯᠡᠭᠦᠯᠬᠦ᠂ ᠠᠵᠢᠯ ᠣᠯᠭᠣᠯᠲᠠ ᠵᠢᠨ ᠪᠦᠲᠦᠴᠡ ᠵᠢᠨ ᠴᠢᠨᠠᠷᠲᠠᠢ ᠵᠥᠷᠢᠴᠡᠯ ᠵᠡᠷᠭᠡ ᠠᠰᠠᠭᠤᠳᠠᠯ᠎ᠳᠤ ᠴᠢᠭᠯᠡᠬᠦᠯᠦᠨ ᠠᠵᠢᠯ ᠣᠯᠭᠣᠯᠳᠠ ᠵᠢ ᠲᠡᠷᠢᠭᠦᠨ᠎ᠳᠤ  ᠲᠠᠯᠪᠢᠬᠣ ᠲᠥᠷᠥ ᠵᠢᠨ ᠪᠣᠳᠣᠯᠭ᠎ᠠ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠬᠦᠮᠦᠰ᠎ᠤᠨ ᠠᠵᠢᠯ ᠣᠯᠭᠣᠯᠲᠠ ᠵᠢ ᠳᠡᠮᠵᠢᠬᠦ ᠰᠢᠰᠲᠸᠮ᠎ᠢ ᠲᠡᠭᠦᠯᠳᠡᠷᠵᠢᠭᠦᠯᠵᠦ᠂ ᠬᠥᠳᠡᠯᠮᠦᠷᠢᠴᠢᠳ᠎ᠤᠨ ᠠᠵᠢᠯ ᠣᠯᠬᠤ ᠪᠠ ᠦᠢ᠍ᠯᠡᠰ  ᠪᠣᠰᠬᠠᠬᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂  ᠦᠢ᠍ᠯᠡᠰ  ᠪᠣᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠵᠢ ᠲᠦᠯᠬᠢᠨ ᠠᠬᠢᠭᠤᠯᠵᠤ᠂ ᠣᠯᠠᠨ ᠠᠷᠭ᠎ᠠ ᠵᠠᠮ ᠵᠶ᠋ᠠᠷ ᠠᠮᠢᠳᠤᠯᠢᠭ ᠵᠶ᠋ᠠᠷ ᠠᠵᠢᠯ ᠣᠯᠬᠤ ᠵᠢ ᠳᠡᠮᠵᠢᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠦᠢ᠍ᠯᠡᠴᠢᠯᠡᠬᠦ  ᠠᠵᠢᠯ᠎ᠢ ᠴᠢᠩᠭ᠋ᠠᠳᠬᠠᠵᠤ᠂ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠰ ᠪᠣᠰᠬᠠᠬᠤ ᠦᠢ᠍ᠯᠡᠴᠢᠯᠡᠬᠡ ᠵᠢᠨ ᠰᠢᠰᠲᠸᠮ᠎ᠢ ᠲᠡᠭᠦᠯᠳᠡᠷᠵᠢᠭᠦᠯᠪᠡ᠃
   (ᠬᠣᠶᠠᠷ) ᠨᠡᠶ᠋ᠢᠭᠡᠮ᠎ᠤᠨ ᠳᠠᠭ᠋ᠠᠳᠬᠠᠯ᠎ᠤᠨ ᠳᠦᠷᠢᠮ᠎ᠢ ᠲᠡᠭᠦᠯᠳᠡᠷᠵᠢᠭᠦᠯᠦᠨ᠎ᠡ᠃ ᠬᠥᠮᠦᠨ ᠠᠮᠠ ᠵᠢᠨ ᠨᠠᠰᠤᠵᠢᠯᠲᠠ ᠵᠢᠨ ᠬᠡᠮᠵᠢᠶ᠎ᠡ  ᠬᠡᠴᠡᠬᠦᠳᠡᠵᠦ᠂ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠣᠷᠣᠯᠭ᠎ᠠ ᠵᠠᠷᠤᠯᠭ᠎ᠠ ᠵᠢᠨ ᠵᠥᠷᠢᠴᠡᠯ ᠡᠳᠦᠷ ᠢᠷᠡᠬᠦᠶ᠎ᠡ ᠳᠣᠪᠣᠶ᠋ᠢᠮ᠎ᠠ ᠪᠣᠯᠵᠤ᠂ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠵᠠᠷᠢᠮ᠎ᠨᠢ ᠮᠥᠨ ᠯᠡ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠠᠴᠠ  ᠰᠠᠯᠣᠩᠬᠢᠷᠠᠵᠦ  ᠪᠠᠢ᠌ᠬᠣ᠂ ᠨᠡᠶ᠋ᠢᠭᠡᠮ᠎ᠤᠨ ᠪᠠᠲᠤᠯᠠᠭ᠎ᠠ ᠵᠢᠨ ᠣᠯᠠᠨ ᠳᠡᠰ  ᠲᠠᠪᠬᠣᠷᠭ᠋ᠠᠳᠣ ᠰᠢᠰᠲᠸᠮ᠎ᠢ ᠲᠡᠭᠦᠯᠳᠡᠷᠵᠢᠭᠦᠯᠬᠦ ᠴᠢᠬᠤᠯᠠᠲᠠᠢ ᠪᠠᠶ᠋ᠢᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠨᠡᠶ᠋ᠢᠭᠡᠮ᠎ᠤᠨ ᠳᠠᠭ᠋ᠠᠳᠬᠠᠯ᠎ᠤᠨ ᠳᠦᠷᠢᠮ᠎ᠢ ᠲᠡᠭᠦᠯᠳᠡᠷᠵᠢᠭᠦᠯᠬᠦ᠂ ᠨᠡᠶ᠋ᠢᠭᠡᠮ᠎ᠤᠨ ᠳᠠᠭ᠋ᠠᠳᠬᠠᠯ᠎ᠤᠨ ᠣᠯᠭᠣᠮᠵᠢ ᠵᠢ ᠲᠣᠬᠢᠷᠠᠭᠤᠯᠬᠤ ᠲᠣᠭᠲᠠᠴᠠ ᠵᠢ ᠪᠦᠷᠢᠨᠰᠢᠭᠦᠯᠵᠦ᠂ ᠨᠡᠶ᠋ᠢᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠳᠠᠭ᠋ᠠᠳᠬᠠᠯ᠎ᠤᠨ ᠭᠠᠷᠳᠠᠨ ᠬᠦᠢ᠍ᠴᠡᠳᠬᠡᠬᠦ  ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠪᠡ᠃
   (ᠭᠤᠷᠪᠠ) ᠴᠢᠳᠠᠪᠤᠷᠢᠲᠠᠨ᠎ᠤ ᠰᠢᠨ᠎ᠡ ᠵᠢ ᠡᠭᠦᠳᠬᠦ ᠵᠢ ᠬᠥᠭᠵᠢᠭᠡᠨ᠎ᠡ᠃ ᠴᠢᠳᠠᠪᠤᠷᠢᠲᠠᠨ᠎ᠤ ᠬᠥᠭᠵᠢᠯᠲᠡ ᠵᠢ ᠬᠢᠵᠠᠭ᠋ᠠᠷᠯᠠᠵᠤ ᠨᠥᠯᠥᠭᠡᠯᠡᠵᠦ ᠪᠠᠶ᠋ᠢᠭ᠎ᠠ ᠪᠠᠶ᠋ᠢᠭᠤᠯᠤᠯ ᠲᠣᠭᠲᠠᠴᠠ ᠵᠢᠨ ᠬᠠᠷᠰᠢ ᠰᠠᠭ᠋ᠠᠳ᠎ᠢ ᠬᠠᠷᠠᠬᠠᠨ  ᠠᠷᠢᠯᠭ᠋ᠠᠭ᠋ᠠᠳᠤᠢ᠂ ᠴᠢᠳᠠᠪᠤᠷᠢᠲᠠᠨ᠎ᠤ ᠲᠦᠰᠢᠭ ᠲᠤᠯᠭ᠋ᠠᠭᠤᠷᠢ ᠪᠣᠯᠤᠨ  ᠴᠢᠨᠠᠷᠯᠢᠭ ᠬᠥᠭᠵᠢᠯᠲᠡ ᠵᠢᠨ ᠠᠪᠴᠠᠯᠳᠤᠩᠭᠤᠢ ᠬᠡᠮᠵᠢᠶ᠎ᠡ ᠥᠨᠳᠥᠷ ᠪᠤᠰᠤ᠂ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ ᠭᠦᠢ᠍ᠴᠡᠳ ᠦᠭᠡᠢ᠂ ᠪᠦᠲᠦᠴᠡ᠎ᠨᠢ ᠵᠣᠬᠢᠰ ᠦᠭᠡᠢ ᠵᠡᠷᠭᠡ ᠠᠰᠠᠭᠤᠳᠠᠯ᠎ᠳᠤ ᠴᠢᠭᠯᠡᠭᠦᠯᠦᠨ᠂ ᠴᠢᠳᠠᠪᠤᠷᠢᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠷ᠎ᠠ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠢᠳᠠᠪᠤᠷᠢᠲᠠᠨ᠎ᠤ ᠰᠣᠯᠢᠯᠴᠠᠭ᠎ᠠ ᠶᠠᠪᠣᠯᠴᠠᠭ᠎ᠠ ᠵᠢ ᠠᠬᠢᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠰᠢᠰᠲᠸᠮ᠎ᠢ ᠪᠦᠷᠢᠨᠰᠢᠭᠦᠯᠬᠦ ᠎ᠪᠠᠷ  ᠲᠣᠷᠠᠳᠪᠠ᠃
    (ᠳᠥᠷᠪᠡ) ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠢ ᠵᠢᠨ ᠣᠷᠣᠯᠭ᠎ᠠ ᠵᠢᠨ ᠬᠤᠪᠢᠶᠠᠷᠢᠯᠠᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠳᠤᠮᠳᠠ ᠵᠡᠷᠭᠡ ᠵᠢᠨ ᠣᠷᠣᠯᠭ᠎ᠠ᠎ᠲᠠᠢ  ᠬᠦᠮᠦᠰ᠎ᠤᠨ ᠬᠤᠪᠢ ᠵᠢᠨ ᠵᠢᠩ ᠳᠣᠣᠷ᠎ᠠ᠂ ᠴᠠᠯᠢᠩ᠎ᠢ ᠲᠣᠭᠲᠠᠭ᠋ᠠᠬᠤ ᠲᠣᠭᠲᠠᠴᠠ ᠰᠢᠨᠵᠢᠯᠡᠬᠦ ᠤᠬᠠᠭ᠋ᠠᠨᠴᠢ ᠪᠢᠰᠢ᠂ ᠮᠡᠳᠡᠯᠭᠡ᠂ ᠮᠡᠷᠭᠡᠵᠢᠯ᠂ ᠬᠤᠪᠢ ᠨᠡᠮᠡᠷᠢ ᠵᠡᠷᠭᠡ  ᠡᠯᠸᠮᠸᠨ᠋ᠲ᠎ᠤᠨ ᠬᠤᠪᠢᠶᠠᠷᠢᠯᠠᠯᠲᠠ᠎ᠳᠤ ᠣᠷᠣᠯᠴᠠᠬᠤ ᠳᠦᠷᠢᠮ ᠲᠡᠭᠦᠯᠳᠡᠷ ᠪᠤᠰᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠠᠵᠢᠯ ᠦᠢ᠍ᠯᠡᠰ᠎ᠤᠨ ᠨᠢᠭᠡᠴᠢ ᠵᠢᠨ ᠴᠠᠯᠢᠩ᠎ᠤᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠵᠤ ᠠᠬᠤᠶ᠋ᠢᠯᠠᠯ᠎ᠤᠨ ᠴᠠᠯᠢᠩ᠎ᠤᠨ ᠬᠤᠪᠢᠶᠠᠷᠢᠯᠠᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂  ᠬᠦᠮᠦᠰ᠎ᠤᠨ ᠣᠷᠣᠯᠭ᠎ᠠ ᠵᠢ ᠨᠡᠮᠡᠭᠳᠡᠬᠦᠯᠦᠨ᠎ᠡ᠃
    (ᠲᠠᠪᠤ) ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠤᠨ᠎ᠠ᠃ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠲᠡᠪᠰᠢᠬᠦ᠂ ᠠᠵᠢᠯ ᠣᠯᠭᠣᠬᠤ ᠠᠷᠭ᠎ᠠ ᠮᠠᠶᠢᠭ᠎ᠢ ᠣᠯᠠᠨ ᠶᠠᠩᠵᠣ ᠵᠢᠨ ᠪᠣᠯᠭ᠋ᠠᠬᠣ ᠬᠦᠭᠵᠢᠬᠦᠯᠬᠦ᠎ᠪᠠᠨ ᠲᠦᠷᠭᠡᠳᠬᠡᠵᠦ᠂ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢᠨ ᠴᠣᠭᠴᠠᠯᠠᠨ ᠪᠠᠶ᠋ᠢᠭᠤᠯᠬᠤ ᠬᠠᠲᠠᠭᠤ ᠪᠥᠭᠡᠳ ᠬᠦᠨᠳᠦ ᠪᠠᠶ᠋ᠢᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠬᠥᠳᠡᠯᠮᠦᠷᠢ ᠵᠢᠨ ᠬᠠᠷᠢᠴᠠᠭ᠎ᠠ ᠵᠢ ᠵᠣᠬᠢᠴᠠᠭᠤᠯᠬᠤ ᠲᠣᠭᠲᠠᠴᠠ ᠵᠢ ᠪᠦᠷᠢᠨᠰᠢᠭᠦᠯᠬᠦ᠂ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠡᠶᠡᠳᠡᠭᠦᠯᠦᠨ ᠬᠦᠨᠳᠡᠯᠡᠨ᠎ᠠᠴᠠ ᠲᠠᠰᠤᠯᠬᠤ ᠲᠣᠭᠲᠠᠴᠠ ᠵᠢ ᠲᠡᠬᠦᠯᠳᠡᠷᠵᠢᠬᠦᠯᠬᠦ᠂ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ ᠡᠷᠴᠢᠮ ᠵᠶ᠋ᠠᠨ ᠨᠡᠮᠡᠭᠳᠡᠭᠦᠯᠦᠨ᠂ ᠬᠥᠮᠦᠨ᠎ᠤ ᠬᠦᠴᠦᠨ᠎ᠤ ᠡᠬᠢ ᠪᠠᠶᠠᠯᠢᠭ  ᠪᠣᠯᠣᠨ ᠨᠡᠶ᠋ᠢᠭᠡᠮ᠎ᠤᠨ ᠪᠠᠳᠣᠯᠠᠭ᠎ᠠ ᠵᠢᠨ ᠦᠢ᠍ᠯᠡᠰ᠎ᠤᠨ  ᠬᠦᠷᠢᠶᠠᠨ ᠎ᠳᠠᠬᠢ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠴᠢᠩᠭ᠋ᠠᠷᠠᠭᠤᠯᠵᠤ᠂ ᠰᠢᠨ᠎ᠡ᠎ᠪᠠᠷ ᠠᠵᠢᠯ ᠣᠯᠭᠣᠬᠤ ᠬᠡᠯᠪᠡᠷᠢ ᠪᠦᠬᠦᠢ ᠬᠥᠳᠡᠯᠮᠦᠷᠢᠯᠡᠭᠴᠢᠳ᠎ᠤᠨ ᠬᠥᠳᠡᠯᠮᠦᠷᠢ ᠵᠢᠨ ᠡᠷᠬᠡ ᠠᠰᠢᠭ᠎ᠢ ᠪᠠᠲᠤᠯᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠰᠢᠨ᠎ᠡ᠎ᠪᠠᠷ ᠠᠵᠢᠯ ᠣᠯᠭᠣᠬᠤ ᠬᠡᠯᠪᠡᠷᠢ ᠪᠦᠬᠦᠢ ᠬᠥᠳᠡᠯᠮᠦᠷᠢᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠨ᠂ ᠣᠯᠠᠨ ᠲᠦᠮᠡᠨ᠎ᠤ ᠭᠣᠮᠣᠳᠠᠯ ᠱᠠᠭ᠋ᠠᠷᠳᠠᠯᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
   (ᠵᠢᠷᠭᠤᠭ᠎ᠠ) ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠶᠠᠷᠰᠢᠭ ᠲᠦᠪᠡᠭ᠎ᠲᠠᠢ ᠪᠦᠭᠡᠳ ᠪᠦᠳᠦᠮᠵᠢ᠎ᠪᠠᠷ ᠠᠨᠠᠢ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ  ᠰᠦᠯᠵᠢᠶ᠎ᠠ ᠵᠢᠨ ᠴᠢᠳᠠᠮᠵᠢ ᠲᠡᠭᠦᠯᠳᠡᠷ ᠪᠤᠰᠤ᠂ ᠠᠷᠠᠳ ᠣᠯᠠᠨ᠎ᠤ ᠣᠯᠠᠨ ᠶᠠᠩᠵᠣ ᠵᠢᠨ᠂  ᠦᠪᠡᠷᠮᠢᠴᠡ᠂ ᠳᠥᠭᠥᠮ ᠲᠦᠳᠡ  ᠪᠣᠯᠭ᠋ᠠᠬᠣ ᠬᠡᠷᠡᠭᠴᠡᠭᠡ ᠱᠠᠭ᠋ᠠᠷᠳᠠᠯᠭ᠎ᠠ᠎ᠯᠤᠭ᠎ᠠ ᠨᠡᠯᠢᠶᠡᠳ ᠶᠡᠬᠡ ᠵᠥᠷᠢᠶ᠎ᠡ᠎ᠲᠠᠢ ᠪᠠᠢ᠌ᠬᠣ ᠵᠡᠷᠭᠡ ᠠᠰᠠᠭᠤᠳᠠᠯ᠎ᠳᠤ  ᠴᠢᠭᠯᠡᠬᠦᠯᠦᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠳᠦᠷᠢᠮ᠎ᠢ ᠪᠦᠷᠢᠨᠰᠢᠭᠦᠯᠵᠦ᠂  ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠂ ᠪᠥᠬᠥ ᠠᠷᠠᠳ᠎ᠢ ᠬᠠᠮᠤᠷᠤᠭᠰᠠᠨ᠂ ᠬᠣᠲᠠ ᠬᠥᠳᠡᠭᠡ ᠵᠢ ᠨᠢᠭᠡ ᠴᠣᠭᠴᠠᠵᠢᠭᠤᠯᠤᠭᠰᠠᠨ᠂ ᠠᠳᠠᠯᠢ ᠲᠡᠭᠰᠢ᠂  ᠴᠢᠨᠠᠷᠯᠢᠭ  ᠦᠢ᠍ᠯᠡᠴᠢᠯᠡᠭᠡᠨ᠎ᠤ  ᠰᠢᠰᠲᠸᠮ᠎ᠢ  ᠪᠠᠶ᠋ᠢᠭᠤᠯᠵᠤ᠂ ᠰᠠᠭᠤᠭ᠋ᠠᠯᠢ ᠠᠷᠠᠳ᠎ᠤᠨ 《ᠨᠢᠭᠡ ᠺᠠᠷᠲ ᠵᠶ᠋ᠠᠷ ᠨᠡᠪᠲᠡᠷᠡᠭᠦᠯᠬᠦ》 ᠦᠢ᠍ᠯᠡᠴᠢᠯᠡᠬᠡ ᠵᠢ ᠪᠠᠶ᠋ᠢᠭᠤᠯᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠦᠷᠭᠡᠨ ᠭᠦᠢ᠍ᠴᠡᠳᠬᠡᠬᠦ ᠠᠵᠢᠯᠯᠠᠭ᠎ᠠ ᠵᠢ ᠬᠡᠷᠡᠭᠵᠢᠭᠦᠯᠵᠦ᠂  ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ  ᠲᠡᠩᠴᠡᠬᠦᠷᠢ᠎ᠲᠠᠢ᠂ ᠲᠦᠭᠡᠮᠡᠯ᠂ ᠳᠥᠭᠥᠮ ᠲᠦᠳᠡ ᠪᠣᠯᠭ᠋ᠠᠬᠤ ᠵᠢ ᠠᠬᠢᠭᠤᠯᠤᠨ᠎ᠠ᠃

    ᠰᠣᠨᠢᠨ ᠮᠡᠳᠡᠬᠡ ᠨᠡᠢ᠌ᠳᠡᠯᠡᠬᠦ ᠴᠠᠭ᠄ ᠭᠠᠷᠠᠭ᠎ᠤᠨ ᠭᠣᠷᠪᠠᠨ   2021 ᠣᠨ᠎ᠤ 10 ᠰᠠᠷ᠎ᠠ ᠵᠢᠨ 20᠎ᠤ ᠡᠳᠣᠷ 09᠄58
    ᠰᠣᠨᠢᠨ ᠮᠡᠳᠡᠬᠡ ᠨᠡᠢ᠌ᠳᠡᠯᠡᠬᠦ ᠭᠠᠵᠠᠷ᠄  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠢᠨᠲ᠋ᠧᠷ ᠰᠦᠯᠵᠢᠶ᠎ᠡ ᠮᠡᠳᠡᠭᠡ ᠵᠠᠩᠭᠢ ᠵᠢᠨ ᠠᠯᠪᠠᠨ ᠭᠡᠷ᠎ᠤᠨ ᠰᠣᠨᠢᠨ ᠮᠡᠳᠡᠭᠡ ᠨᠡᠶ᠋ᠢᠲᠡᠯᠡᠬᠦ ᠲᠢᠩᠬᠢᠮ
   ᠰᠣᠨᠢᠨ ᠮᠡᠳᠡᠬᠡ ᠨᠡᠢ᠌ᠳᠡᠯᠡᠬᠦ ᠨᠢᠬᠡᠴᠢ᠄ ᠦᠪᠣᠷ ᠮᠣᠩᠭᠣᠯ᠎ᠤᠨ ᠦᠪᠡᠷᠳᠡᠬᠡᠨ ᠵᠠᠰᠠᠬᠤ ᠣᠷᠣᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠢ᠌ᠬᠡᠮ᠎ᠤᠨ ᠪᠠᠳᠣᠯᠠᠭ᠎ᠠ ᠵᠢᠨ ᠲᠢᠩᠬᠢᠮ
   ᠰᠣᠨᠢᠨ ᠮᠡᠳᠡᠬᠡ ᠨᠡᠢ᠌ᠳᠡᠯᠡᠬᠦ ᠬᠦᠮᠦᠨ ᠄ ᠸᠠᠩ ᠯᠢᠨ

 

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 2021 ᠣᠨ᠎ᠤ ᠳᠡᠭᠡᠷ᠎ᠡ ᠬᠠᠭ᠋ᠠᠰ ᠵᠢᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠠᠬᠢᠴᠠ ᠵᠢᠨ ᠪᠠᠶ᠋ᠢᠳᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ᠎ᠬᠢᠨ 2021 ᠣᠨ᠎ᠤ ᠳᠡᠭᠡᠷ᠎ᠡ ᠬᠠᠭ᠋ᠠᠰ ᠵᠢᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠠᠵᠢᠯ᠎ᠤᠨ ᠠᠬᠢᠴᠠ ᠵᠢᠨ ᠪᠠᠶ᠋ᠢᠳᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠡ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠠᠴᠠ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠤᠬᠠᠢ ᠮᠡᠳᠡᠭᠡ ᠨᠡᠶ᠋ᠢᠲᠡᠯᠡᠬᠦ ᠬᠤᠷᠠᠯ ᠥᠨᠥᠳᠦᠷ ᠬᠤᠷᠠᠯᠳᠤᠪᠠ
ᠲᠠᠪᠤᠳᠤᠭ᠋ᠠᠷ ᠬᠤᠭᠤᠴᠠᠭ᠋ᠠᠨ᠎ᠤ《ᠳᠤᠮᠳᠠᠳᠤ ᠤᠯᠤᠰ᠎ᠤᠨ ᠪᠦᠳᠦᠭᠡᠯᠴᠢ ᠭᠠᠷ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ《ᠬᠣᠷᠴᠢᠨ ᠬᠤᠨᠳᠠᠭ᠋ᠠᠲᠤ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ᠎ᠠᠴᠠ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
 
            