ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 2021 ᠣᠨ᠎ᠤ ᠳᠡᠭᠡᠷ᠎ᠡ ᠬᠠᠭ᠋ᠠᠰ ᠵᠢᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠠᠬᠢᠴᠠ ᠵᠢᠨ ᠪᠠᠶ᠋ᠢᠳᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ

ᠥᠪᠥᠷ ᠮᠣᠩᠭᠣᠯ᠎ᠤᠨ ᠷᠠᠳᠢᠤ᠋ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ᠄ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠵᠠᠰᠠᠬᠤ ᠪᠠᠶ᠋ᠢᠩᠭᠤ ᠵᠢᠨ ᠪᠠᠶ᠋ᠢᠳᠠᠯ ᠳᠣᠣᠷ᠎ᠠ᠂ ᠳᠡᠭᠡᠷ᠎ᠡ ᠬᠠᠭ᠋ᠠᠰ ᠵᠢᠯ᠎ᠳᠤ ᠪᠦᠬᠦ ᠣᠷᠣᠨ᠎ᠤ ᠠᠵᠢᠯ ᠣᠯᠭᠣᠯᠲᠠ ᠵᠢᠨ ᠭᠣᠣᠯ ᠭᠦᠢ᠍ᠴᠡᠳᠬᠡᠯ ᠲᠣᠭ᠎ᠠ ᠴᠥᠮ ᠴᠠᠭ᠎ᠤᠨ ᠲᠠᠷᠠᠭ᠋ᠠᠯᠠᠯ᠎ᠳᠤ ᠠᠬᠢᠴᠠ ᠵᠢ ᠳᠠᠪᠠᠵᠤ᠂ ᠠᠵᠢᠯ ᠣᠯᠭᠣᠯᠲᠠ ᠵᠢᠨ ᠪᠠᠶ᠋ᠢᠳᠠᠯ᠎ᠢ ᠲᠣᠭᠲᠠᠭᠤᠨ ᠪᠠᠶ᠋ᠢᠯᠭ᠋ᠠᠪᠠ᠃ ᠳᠣᠣᠷ᠎ᠠ ᠬᠠᠭ᠋ᠠᠰ ᠵᠢᠯ᠎ᠳᠤ ᠥᠪᠡᠷᠲᠡᠭᠡᠨ ᠵᠠᠰᠠᠬᠤ ᠣᠷᠣᠨ ᠲᠣᠭᠲᠠᠪᠤᠷᠢᠲᠠᠢ ᠠᠵᠢᠯ ᠤᠯᠭᠤᠬᠤ᠂ ᠰᠠᠭᠤᠭ᠋ᠠᠯᠢ ᠠᠷᠠᠳ᠎ᠤᠨ ᠠᠵᠢᠯ ᠤᠯᠭᠤᠬᠤ ᠵᠢ ᠪᠠᠲᠤᠯᠠᠬᠤ᠎ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠢ?

ᠬᠠᠷᠢᠭᠤᠯᠲᠠ (ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ ᠶᠠᠩ ᠱᠦᠸᠧ ᠷᠦᠩ)᠄
ᠰᠤᠷᠪᠤᠯᠵᠢᠯᠠᠭᠴᠢ ᠠᠰᠠᠭᠤᠭᠰᠠᠨ᠎ᠳᠤ ᠲᠠᠯᠠᠷᠬᠠᠵᠤ ᠪᠠᠶ᠋ᠢᠨ᠎ᠠ᠃ ᠳᠡᠭᠡᠷ᠎ᠡ ᠬᠠᠭ᠋ᠠᠰ ᠵᠢᠯ᠎ᠳᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠦᠬᠦ ᠣᠷᠣᠨ᠎ᠤ ᠠᠵᠢᠯ ᠣᠯᠭᠣᠯᠲᠠ ᠵᠢᠨ ᠪᠠᠶ᠋ᠢᠳᠠᠯ ᠶᠡᠷᠦᠩᠬᠡᠢ᠎ᠳᠡᠭᠡᠨ ᠲᠣᠭᠲᠠᠭᠤᠨ ᠪᠠᠶ᠋ᠢᠵᠤ᠂ ᠠᠵᠢᠯ ᠣᠯᠭᠣᠬᠤ ᠠᠵᠢᠯ ᠢᠳᠡᠪᠬᠢᠲᠡᠢ ᠠᠬᠢᠴᠠ᠎ᠲᠠᠢ ᠪᠣᠯᠵᠤ᠂ ᠡᠨᠡ ᠵᠢᠯ᠎ᠤᠨ 1 — 6 ᠰᠠᠷ᠎ᠠ᠎ᠳᠤ᠂ ᠪᠦᠬᠦ ᠣᠷᠣᠨ᠎ᠤ ᠬᠣᠲᠠ ᠪᠠᠯᠭ᠋ᠠᠰᠤ ᠵᠢᠨ 11.72 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠤᠯᠭᠤᠵᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 0.74 ᠲᠦᠮᠡᠨ ᠬᠥᠮᠦᠨ ᠨᠡᠮᠡᠭᠳᠡᠵᠦ᠂ ᠴᠠᠭ᠎ᠤᠨ ᠲᠠᠷᠠᠭ᠋ᠠᠯᠠᠯ᠎ᠳᠤ ᠠᠬᠢᠴᠠ᠎ᠨᠢ 2019 ᠣᠨ᠎ᠤ ᠠᠳᠠᠯᠢ ᠬᠤᠭᠤᠴᠠᠭ᠋ᠠᠨ᠎ᠤ᠎ᠬᠢ᠎ᠲᠠᠢ ᠦᠨᠳᠦᠰᠦᠨ᠎ᠳᠡᠭᠡᠨ ᠠᠳᠠᠯᠢ ᠪᠣᠯᠪᠠ᠃ ᠭᠡᠪᠡᠴᠦ᠂ ᠰᠢᠨ᠎ᠡ ᠲᠢᠳᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ ᠪᠣᠯᠤᠨ ᠳᠡᠯᠡᠬᠡᠢ ᠵᠢᠨ ᠪᠠᠶ᠋ᠢᠳᠠᠯ᠎ᠤᠨ ᠨᠦᠯᠦᠭᠡ᠎ᠠᠴᠠ ᠪᠣᠯᠵᠤ ᠠᠵᠢᠯ ᠣᠯᠭᠣᠬᠤ ᠶᠠᠪᠤᠳᠠᠯ ᠮᠦᠨ ᠯᠠ ᠮᠠᠰᠢ ᠣᠯᠠᠨ ᠠᠶᠤᠯ ᠲᠦᠭᠰᠢᠭᠦᠷᠢ ᠵᠢᠨ ᠥᠷᠢᠰᠦᠯᠳᠦᠭᠡᠨ᠎ᠳᠤ ᠲᠤᠯᠭ᠋ᠠᠷᠠᠵᠤ ᠪᠠᠶ᠋ᠢᠨ᠎ᠠ᠃ ᠳᠠᠷᠠᠭ᠋ᠠᠴᠢ ᠵᠢᠨ ᠠᠯᠬᠤᠮ᠎ᠳᠤ ᠪᠢᠳᠡ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯ ᠣᠯᠭᠣᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠰᠠᠭᠤᠭ᠋ᠠᠯᠢ ᠠᠷᠠᠳ᠎ᠲᠤ ᠠᠵᠢᠯ ᠣᠯᠭᠣᠬᠤ ᠡᠭᠦᠷᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢ ᠡᠬᠢᠯᠡᠬᠦᠯᠬᠦ᠎ᠳᠤ ᠪᠠᠲᠤ ᠪᠡᠬᠢ ᠰᠠᠭᠤᠷᠢ ᠵᠢ ᠲᠠᠯᠪᠢᠬᠤ ᠪᠣᠯᠤᠨ᠎ᠠ᠃ ᠪᠠᠭᠴᠠᠯᠠᠭ᠋ᠠᠳ ᠬᠡᠯᠡᠪᠡᠯ 《ᠳᠣᠯᠣᠭ᠋ᠠᠨ ᠲᠠᠯ᠎ᠠ᠎ᠪᠠᠷ ᠴᠢᠷᠮᠠᠢ᠌ᠨ᠎ᠠ》᠃
ᠨᠢᠭᠡ᠂ ᠠᠵᠢᠯ ᠣᠯᠭᠣᠬᠤ ᠲᠥᠷᠥ ᠵᠢᠨ ᠪᠣᠳᠣᠯᠭ᠎ᠠ ᠵᠢᠨ ᠳᠦᠷᠢᠮ᠎ᠤᠨ ᠲᠤᠭᠳᠠᠯᠴᠠᠭ᠎ᠠ ᠵᠢ ᠲᠡᠭᠦᠯᠳᠡᠷᠵᠢᠭᠦᠯᠬᠦ ᠲᠠᠯ᠎ᠠ᠎ᠪᠠᠷ ᠬᠦᠴᠦᠯᠡᠬᠦ ᠬᠡᠷᠡᠭᠲᠡᠢ᠃ ᠠᠵᠤ ᠠᠬᠤᠢ ᠵᠢᠨ ᠬᠥᠭᠵᠢᠯᠲᠡ ᠠᠵᠢᠯ ᠣᠯᠭᠣᠯᠲᠠ ᠵᠢᠨ ᠤᠳᠤᠷᠢᠳᠤᠮᠵᠢ ᠵᠢ ᠪᠠᠷᠢᠮᠲᠠᠯᠠᠵᠤ᠂ ᠠᠵᠤ ᠠᠬᠤᠢ ᠵᠢᠨ ᠲᠥᠷᠥ ᠵᠢᠨ ᠪᠣᠳᠣᠯᠭ᠎ᠠ᠂ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠂ ᠣᠷᠣᠨ ᠪᠦᠰᠡ ᠵᠢᠨ ᠲᠥᠷᠥ ᠵᠢᠨ ᠪᠣᠳᠣᠯᠭ᠎ᠠ᠂ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ ᠬᠢᠭᠡᠳ ᠠᠵᠢᠯ ᠣᠯᠭᠣᠯᠲᠠ ᠵᠢᠨ ᠲᠥᠷᠥ ᠵᠢᠨ ᠪᠣᠳᠣᠯᠭ᠎ᠠ ᠵᠢ ᠵᠤᠬᠢᠴᠠᠯᠳᠤᠭᠤᠯᠤᠨ ᠬᠦᠴᠦᠯᠡᠬᠦ ᠶᠠᠪᠤᠳᠠᠯ᠎ᠢ ᠴᠢᠩᠭ᠋ᠠᠳᠬᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ ᠵᠢᠴᠢ ᠢᠵᠢ ᠪᠦᠷᠢᠨ ᠲᠥᠷᠥ ᠵᠢᠨ ᠪᠣᠳᠣᠯᠭ᠎ᠠ ᠵᠢ ᠨᠡᠶ᠋ᠢᠲᠡᠯᠡᠨ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ ᠵᠢ ᠪᠠᠶ᠋ᠢᠭᠤᠯᠤᠨ᠂ ᠬᠢᠨᠠᠯᠲᠠ ᠲᠠᠯᠪᠢᠵᠤ ᠬᠠᠷᠢᠭᠤ ᠲᠤᠰᠬᠠᠬᠤ ᠠᠷᠭ᠎ᠠ ᠵᠠᠮ᠎ᠢ ᠰᠠᠭ᠋ᠠᠳ ᠥᠬᠡᠢ ᠨᠡᠪᠲᠡᠷᠡᠭᠦᠯᠵᠦ᠂ ᠠᠵᠢᠯ ᠣᠯᠭᠣᠬᠤ ᠲᠥᠷᠥ ᠵᠢᠨ ᠪᠣᠳᠣᠯᠭ᠎ᠠ ᠵᠢ ᠪᠣᠳᠠᠲᠠᠢ ᠨᠠᠶ᠋ᠢᠳᠠᠪᠤᠷᠢᠵᠢᠭᠤᠯᠬᠤ ᠵᠢ ᠲᠦᠯᠬᠢᠨ ᠠᠬᠢᠭᠤᠯᠵᠤ᠂ ᠪᠦᠬᠦ ᠵᠢᠯ᠎ᠳᠤ ᠬᠣᠲᠠ ᠪᠠᠯᠭ᠋ᠠᠰᠤᠨ᠎ᠤ 20 ᠲᠦᠮᠨ᠎ᠠᠴᠠ ᠲᠡᠭᠡᠭᠰᠢ ᠬᠦᠮᠦᠨ᠎ᠳᠤ ᠰᠢᠨ᠎ᠡ᠎ᠪᠠᠷ ᠠᠵᠢᠯ ᠤᠯᠭᠤᠬᠤ ᠵᠢ ᠦᠨᠡᠨᠬᠦ ᠪᠠᠲᠤᠯᠠᠨ᠎ᠠ᠃
ᠬᠣᠶᠠᠷ᠂ ᠭᠣᠣᠯᠳᠠᠯᠭ᠎ᠠ᠎ᠲᠠᠢ ᠬᠥᠮᠦᠰ᠎ᠤᠨ ᠠᠵᠢᠯ ᠣᠯᠭᠣᠯᠲᠠ ᠵᠢ ᠴᠢᠩᠭ᠋ᠠᠳᠬᠠᠬᠤ ᠲᠠᠯ᠎ᠠ᠎ᠳᠤ ᠬᠦᠴᠦ ᠲᠠᠯᠪᠢᠨ᠎ᠠ᠃ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠵᠢ ᠠᠬᠢᠭᠤᠯᠬᠤ 《1+7》᠎ᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠬᠠᠮᠢᠶᠠᠷᠤᠯᠲᠠ ᠪᠣᠯᠤᠨ ᠨᠡᠶ᠋ᠢᠭᠡᠮ᠎ᠤᠨ ᠦᠢ᠍ᠯᠡᠴᠢᠯᠡᠭᠡᠨ᠎ᠤ ᠠᠵᠢᠯ᠎ᠤᠨ ᠪᠠᠶ᠋ᠢᠷᠢ ᠵᠢ ᠨᠡᠭᠡᠭᠡᠨ ᠬᠦᠭᠵᠢᠬᠦᠯᠬᠦ ᠡᠷᠴᠢᠮ᠎ᠢ ᠴᠢᠩᠭ᠋ᠠᠷᠠᠭᠤᠯᠵᠦ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠤᠯᠬᠤ ᠪᠠᠶ᠋ᠢᠳᠠᠯ ᠶᠡᠷᠦᠩᠬᠡᠢ᠎ᠳᠡᠭᠡᠨ ᠲᠣᠭᠲᠠᠭᠤᠨ ᠪᠠᠶ᠋ᠢᠬᠤ ᠵᠢ ᠦᠨᠡᠨᠬᠦ ᠪᠠᠲᠤᠯᠠᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠬᠥᠳᠡᠯᠮᠦᠷᠢ ᠬᠦᠴᠦᠨ᠎ᠤ ᠠᠵᠢᠯ ᠤᠯᠬᠤ ᠦᠢ᠍ᠯᠡᠰ ᠪᠣᠰᠬᠠᠬᠤ ᠠᠵᠢᠯᠯᠠᠭ᠎ᠠ ᠵᠢ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠬᠥᠳᠡᠯᠮᠦᠷᠢ ᠬᠦᠴᠦᠨ᠎ᠤ ᠡᠮᠬᠢ ᠵᠢᠷᠤᠮ᠎ᠲᠠᠢ᠎ᠪᠠᠷ ᠭᠠᠳᠠᠭᠰᠢ ᠭᠠᠷᠴᠤ ᠠᠵᠢᠯ ᠣᠯᠬᠤ ᠵᠢ ᠠᠬᠢᠭᠤᠯᠬᠤ ᠬᠡᠷᠡᠭᠲᠡᠢ᠃ ᠠᠵᠢᠯ ᠣᠯᠬᠤ᠎ᠳᠤ ᠬᠦᠴᠢᠷᠲᠡᠢ ᠡᠯ᠎ᠡ ᠲᠥᠷᠥᠯ᠎ᠤᠨ ᠬᠥᠮᠦᠰ᠎ᠢ ᠲᠥᠷᠥᠯ ᠬᠤᠪᠢᠶᠠᠨ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠠᠵᠢᠯ ᠠᠯᠳᠠᠬᠤ ᠵᠢ ᠳᠠᠩᠰᠠᠯᠠᠨ ᠲᠡᠮᠳᠡᠭᠯᠡᠬᠦ ᠰᠦᠯᠵᠢᠶᠡᠨ ᠳᠡᠭᠡᠷ᠎ᠡ ᠭᠦᠢ᠍ᠴᠡᠳᠬᠡᠬᠦ ᠲᠠᠪᠴᠠᠩ᠎ᠢ ᠳᠡᠯᠭᠡᠷᠡᠭᠦᠯᠵᠦ᠂ ᠠᠵᠢᠯ ᠠᠯᠳᠠᠯᠲᠠ ᠵᠢ ᠳᠠᠩᠰᠠᠯᠠᠨ ᠲᠡᠮᠳᠡᠭᠯᠡᠬᠦ ᠵᠢ 《ᠮᠣᠵᠢ ᠠᠯᠤᠰᠯᠠᠨ ᠪᠦᠬᠦᠨ᠎ᠢ ᠭᠦᠢ᠍ᠴᠡᠳᠬᠡᠬᠦ》 ᠵᠢ ᠲᠦᠯᠬᠢᠨ ᠠᠬᠢᠭᠤᠯᠵᠤ᠂ ᠭᠣᠣᠯᠳᠠᠯᠭ᠎ᠠ᠎ᠲᠠᠢ ᠬᠥᠮᠦᠰ᠎ᠤᠨ ᠨᠠᠭ᠋ᠠᠳᠤ ᠵᠠᠬ᠎ᠠ ᠵᠢᠨ ᠪᠠᠷᠢᠮᠵᠢᠶ᠎ᠠ ᠵᠢ ᠪᠠᠳᠤᠯᠠᠵᠦ᠂ ᠪᠦᠬᠦ ᠵᠢᠯ᠎ᠳᠤ ᠠᠵᠢᠯ ᠣᠯᠬᠤ᠎ᠳᠤ ᠬᠦᠴᠢᠷᠲᠡᠢ 4 ᠲᠦᠮᠨ᠎ᠠᠴᠠ ᠳᠡᠭᠡᠭᠰᠢ ᠬᠥᠮᠦᠨ᠎ᠳᠤ ᠠᠵᠢᠯ ᠣᠯᠭᠣᠵᠤ᠂ ᠠᠵᠢᠯ ᠠᠯᠳᠠᠭᠰᠠᠳ᠎ᠠᠴᠠ 5 ᠲᠦᠮᠨ᠎ᠠᠴᠠ ᠳᠡᠭᠡᠭᠰᠢ ᠬᠦᠮᠦᠨ᠎ᠳᠤ ᠳᠠᠬᠢᠨ ᠠᠵᠢᠯ ᠤᠯᠭᠤᠬᠤ ᠵᠢ ᠦᠨᠡᠨᠬᠦ ᠪᠡᠶᠡᠯᠡᠬᠦᠯᠦᠨ᠎ᠡ᠃
ᠭᠤᠷᠪᠠ᠂ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ ᠣᠯᠭᠣᠯᠲᠠ ᠵᠢ ᠥᠷᠭᠡᠳᠬᠡᠬᠦ ᠲᠠᠯ᠎ᠠ᠎ᠳᠤ ᠬᠦᠴᠦ ᠲᠠᠯᠪᠢᠨ᠎ᠠ᠃ ᠳᠠᠷᠤᠭ᠋ᠠᠰᠤ ᠵᠢ ᠬᠥᠩᠭᠡᠷᠡᠭᠦᠯᠦᠨ ᠠᠵᠢᠯ᠎ᠤᠨ ᠪᠠᠶ᠋ᠢᠷᠢ ᠵᠢ ᠲᠣᠭᠲᠠᠭᠤᠨ ᠪᠠᠶ᠋ᠢᠯᠭ᠋ᠠᠵᠤ ᠠᠵᠢᠯ ᠣᠯᠭᠣᠯᠲᠠ ᠵᠢ ᠥᠷᠭᠡᠳᠬᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠦᠷᠭᠡᠳᠬᠡᠨ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ ᠳᠠᠭ᠋ᠠᠳᠬᠠᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠬᠡᠷᠡᠭᠯᠡᠨ ᠲᠥᠷᠥ ᠵᠢᠨ ᠪᠣᠳᠣᠯᠭ᠎ᠠ ᠵᠢ ᠬᠦᠷᠳᠡᠬᠦ ᠨᠥᠬᠥᠴᠡᠯ᠎ᠳᠤ ᠨᠡᠶ᠋ᠢᠴᠡᠬᠦ ᠬᠥᠮᠦᠨ ᠬᠡᠷᠡᠭᠯᠡᠬᠦ ᠨᠢᠭᠡᠴᠡ ᠪᠣᠯᠤᠨ ᠬᠤᠪᠢ ᠬᠥᠮᠦᠨ᠎ᠢ ᠰᠢᠭᠰᠢᠨ ᠪᠠᠶ᠋ᠢᠴᠠᠭ᠋ᠠᠵᠤ᠂ 《ᠲᠥᠷᠥ ᠵᠢᠨ ᠪᠣᠳᠣᠯᠭ᠎ᠠ᠎ᠪᠠᠷ ᠠᠵᠤ ᠠᠬᠤᠶ᠋ᠢᠯᠠᠯ ᠡᠷᠢᠬᠦ᠂ ᠲᠥᠷᠥ ᠵᠢᠨ ᠪᠣᠳᠣᠯᠭ᠎ᠠ᠎ᠪᠠᠷ ᠬᠥᠮᠦᠨ ᠡᠷᠢᠬᠦ》 ᠵᠡᠷᠭᠡ ᠠᠷᠠᠳ᠎ᠲᠤ ᠳᠥᠭᠥᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡᠨ᠎ᠢ ᠶᠡᠬᠡᠪᠡᠷ ᠲᠡᠯᠭᠡᠷᠡᠬᠦᠯᠵᠦ᠂ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ 《ᠠᠵᠤ ᠠᠬᠤᠶ᠋ᠢᠯᠠᠯ᠎ᠳᠤ ᠤᠴᠢᠬᠤ᠂ ᠲᠠᠷᠢᠶᠠᠯᠠᠬᠤ ᠮᠠᠯᠵᠢᠬᠤ ᠣᠷᠣᠨ᠎ᠳᠤ ᠤᠴᠢᠬᠤ》 ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠥᠷᠥ ᠵᠢᠨ ᠪᠣᠳᠣᠯᠭ᠎ᠠ ᠵᠢᠨ ᠬᠠᠮᠤᠷᠬᠤ ᠬᠡᠪᠴᠢᠶ᠎ᠡ᠂ ᠤᠢ᠌ᠯᠠᠭ᠋ᠠᠵᠦ ᠮᠡᠳᠡᠬᠦ ᠬᠡᠮᠵᠢᠶ᠎ᠡ ᠵᠢ ᠥᠷᠭᠡᠳᠬᠡᠨ᠂ ᠲᠥᠷᠥ ᠵᠢᠨ ᠪᠣᠳᠣᠯᠭ᠎ᠠ ᠵᠢᠨ ᠬᠦᠷᠲᠡᠬᠦ ᠶᠣᠰᠣᠲᠠᠢ ᠪᠦᠬᠦᠨ᠎ᠢ ᠬᠦᠷᠲᠡᠬᠦ ᠵᠢ ᠠᠬᠢᠭᠤᠯᠤᠨ᠎ᠠ᠃
ᠳᠥᠷᠪᠡ᠂ ᠠᠵᠢᠯ ᠣᠯᠭᠣᠯᠲᠠ ᠵᠢᠨ ᠪᠦᠲᠦᠴᠡ ᠵᠢᠨ ᠴᠢᠨᠠᠷᠲᠠᠢ ᠵᠥᠷᠢᠴᠡᠯ᠎ᠢ ᠨᠠᠮᠳᠠᠭᠤᠯᠬᠤ ᠲᠠᠯ᠎ᠠ᠎ᠳᠤ ᠬᠦᠴᠦ ᠲᠠᠯᠪᠢᠨ᠎ᠠ᠃ ᠠᠵᠢᠯ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠢᠨᠲ᠋ᠧᠷ ᠰᠦᠯᠵᠢᠶ᠎ᠡ + ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠎ᠢ ᠶᠡᠬᠡᠪᠡᠷ ᠠᠬᠢᠭᠤᠯᠵᠤ᠂ ᠠᠵᠢᠯ ᠣᠯᠭᠣᠬᠤ ᠭᠣᠣᠯᠳᠠᠯᠭ᠎ᠠ᠎ᠲᠠᠢ ᠬᠥᠮᠦᠰ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠎ᠢ ᠴᠢᠩᠭ᠋ᠠᠳᠬᠠᠨ᠂ ᠪᠤᠯᠪᠠᠰᠤᠷᠠᠯ᠎ᠤᠨ ᠶᠠᠰᠤ ᠴᠢᠨᠠᠷ ᠪᠠ ᠪᠤᠯᠪᠠᠰᠤᠷᠠᠯ᠎ᠤᠨ ᠳᠡᠰ ᠳᠠᠪᠬᠤᠷᠭ᠎ᠠ ᠵᠢ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ᠎ᠤᠨ ᠴᠢᠳᠠᠪᠤᠷᠢ ᠵᠢᠨ ᠳᠡᠰ ᠵᠡᠷᠭᠡ ᠵᠢ ᠬᠢᠨᠠᠨ ᠲᠣᠭᠲᠠᠭ᠋ᠠᠵᠤ ᠶᠠᠰᠤ ᠴᠢᠨᠠᠷ᠎ᠢ ᠳᠡᠭᠡᠭᠰᠢᠯᠡᠭᠦᠯᠦᠨ ᠬᠡᠪᠴᠢᠶ᠎ᠡ ᠵᠢ ᠥᠷᠭᠡᠳᠬᠡᠬᠦ ᠠᠵᠢᠯᠯᠠᠭ᠎ᠠ ᠪᠠ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠦᠨᠡᠮᠯᠡᠯ ᠡᠵᠡᠮᠰᠢᠬᠦ ᠢᠨᠵᠧᠨᠧᠷᠢᠩ᠎ᠢ ᠬᠡᠷᠡᠭᠵᠢᠭᠦᠯᠵᠦ᠂ ᠦᠨᠡᠯᠡᠬᠦ ᠦᠢ᠍ᠯᠡᠴᠢᠯᠡᠭᠡᠨ᠎ᠢ ᠨᠡᠩ ᠣᠯᠠᠨ ᠮᠡᠷᠭᠡᠵᠢᠯ ᠴᠢᠳᠠᠪᠤᠷᠢ᠎ᠲᠠᠢ ᠬᠦᠳᠡᠯᠮᠦᠷᠢᠯᠡᠭᠴᠢᠳ᠎ᠲᠤ ᠬᠦᠷᠲᠡᠭᠡᠬᠦ ᠵᠢ ᠠᠬᠢᠭᠤᠯᠤᠨ᠎ᠠ᠂ ᠪᠦᠬᠦ ᠣᠷᠣᠨ᠎ᠤ ᠶᠡᠷᠦᠩᠬᠡᠶ᠋ᠢᠯᠡᠭᠰᠡᠨ ᠠᠵᠢᠯ ᠮᠡᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠳᠠ ᠵᠢᠨ ᠡᠯ᠎ᠡ ᠲᠦᠷᠦᠯ᠎ᠤᠨ ᠠᠵᠢᠯ᠎ᠤᠨ ᠤᠷᠤᠯᠳᠤᠭ᠋ᠠᠨ᠎ᠤ ᠠᠵᠢᠯᠯᠠᠭ᠎ᠠ ᠥᠷᠨᠢᠭᠦᠯᠬᠦ ᠵᠢ ᠵᠢᠯᠣᠭᠣᠳᠤᠨ ᠵᠣᠬᠢᠴᠠᠭᠤᠯᠵᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ 3 ᠲᠦᠮᠡᠨ ᠬᠥᠮᠦᠨ ᠰᠢᠨ᠎ᠡ᠎ᠪᠠᠷ ᠬᠥᠮᠦᠵᠢᠭᠦᠯᠬᠦ ᠬᠠᠷᠠᠯᠲᠠ ᠵᠢ ᠴᠢᠷᠮᠠᠶ᠋ᠢᠨ ᠪᠡᠶᠡᠯᠡᠭᠦᠯᠦᠨ᠎ᠡ᠃
ᠲᠠᠪᠤ᠂ ᠦᠢ᠍ᠯᠡᠰ ᠪᠤᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠵᠢ ᠠᠬᠢᠭᠤᠯᠬᠤ ᠲᠠᠯ᠎ᠠ᠎ᠪᠠᠷ ᠴᠢᠷᠮᠠᠶ᠋ᠢᠨ᠎ᠠ᠃ 《 ᠦᠢ᠍ᠯᠡᠰ ᠪᠤᠰᠬᠠᠬᠤ ᠥᠪᠥᠷ ᠮᠣᠩᠭᠣᠯ》᠎ᠤᠨ ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ ᠲᠥᠷᠥ ᠵᠢᠨ ᠪᠣᠳᠣᠯᠭ᠎ᠠ ᠵᠢ ᠲᠥᠪᠯᠡᠷᠡᠭᠦᠯᠦᠨ ᠨᠠᠶ᠋ᠢᠳᠠᠪᠤᠷᠢᠵᠢᠭᠤᠯᠵᠤ᠂ ᠦᠢ᠍ᠯᠡᠰ ᠪᠤᠰᠬᠠᠬᠤ ᠠᠴᠢᠶᠠᠯᠠᠪᠤᠷᠢ ᠵᠢ ᠰᠢᠯᠢᠳᠡᠭᠵᠢᠭᠦᠯᠦᠨ᠂ ᠰᠠᠶ᠋ᠢᠨ ᠰᠠᠶ᠋ᠢᠬᠠᠨ ᠣᠷᠴᠢᠨ ᠲᠣᠭᠣᠷᠢᠨ᠎ᠢ ᠪᠣᠢ ᠪᠣᠯᠭ᠋ᠠᠨ᠎ᠠ᠂ ᠦᠢ᠍ᠯᠡᠰ ᠪᠤᠰᠬᠠᠬᠤ ᠳᠠᠭ᠋ᠠᠭ᠋ᠠᠯᠲᠠᠲᠤ ᠵᠢᠭᠡᠯᠡᠯᠭᠡ ᠵᠢᠨ ᠳᠠᠮ ᠬᠦᠦ ᠵᠢᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠪᠠᠭ᠎ᠠ ᠵᠢᠵᠢᠭ ᠠᠵᠤ ᠠᠬᠤᠶ᠋ᠢᠯᠠᠯ᠎ᠤᠨ ᠵᠢᠭᠡᠯᠡᠯᠭᠡ ᠭᠤᠶᠤᠴᠢᠯᠠᠬᠤ ᠪᠠᠷᠢᠮᠵᠢᠶ᠎ᠠ ᠵᠢ ᠲᠤᠷᠤᠭᠰᠢᠯᠠᠭᠤᠯᠤᠨ᠂ ᠪᠠᠭ᠎ᠠ ᠵᠢᠵᠢᠭ ᠠᠵᠤ ᠠᠬᠤᠶ᠋ᠢᠯᠠᠯ᠎ᠤᠨ ᠵᠢᠭᠡᠯᠡᠯᠭᠡ ᠲᠠᠯᠪᠢᠬᠤ ᠬᠡᠪᠴᠢᠶ᠎ᠡ ᠵᠢ ᠥᠷᠭᠡᠳᠬᠡᠨ᠎ᠡ᠃ ᠦᠢ᠍ᠯᠡᠰ ᠪᠤᠰᠬᠠᠬᠤ ᠪᠤᠯᠪᠠᠰᠤᠷᠠᠯ᠎ᠤᠨ 《ᠴᠠᠬᠢᠯᠳᠠᠭ ᠲᠥᠯᠥᠪᠯᠡᠭᠡ》 ᠵᠢ ᠡᠬᠢᠯᠡᠭᠦᠯᠵᠦ᠂ ᠠᠵᠢᠯ ᠣᠯᠭᠣᠬᠤ ᠭᠣᠣᠯᠳᠠᠯᠭ᠎ᠠ᠎ᠲᠠᠢ ᠬᠥᠮᠦᠰ᠎ᠤᠨ ᠦᠢ᠍ᠯᠡᠰ ᠪᠤᠰᠬᠠᠬᠤ ᠪᠤᠯᠪᠠᠰᠤᠷᠠᠯ᠎ᠢ ᠰᠠᠶ᠋ᠢᠲᠤᠷ ᠠᠳᠬᠤᠵᠤ᠂ ᠦᠢ᠍ᠯᠡᠰ ᠪᠤᠰᠬᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃
ᠵᠢᠷᠭᠤᠭ᠎ᠠ᠂ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠢ ᠴᠢᠩᠭ᠋ᠠᠳᠬᠠᠬᠤ ᠲᠠᠯ᠎ᠠ᠎ᠪᠠᠷ ᠬᠦᠴᠦᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮᠤᠷ᠎ᠤᠨ ᠤᠯᠠᠷᠢᠯ᠎ᠤᠨ ᠲᠣᠮᠣ ᠬᠡᠯᠪᠡᠷᠢ ᠵᠢᠨ ᠤᠷᠢᠨ ᠬᠡᠷᠡᠭᠯᠡᠬᠦ ᠠᠵᠢᠯᠯᠠᠭ᠎ᠠ᠎ᠪᠠᠷ ᠶᠡᠷᠦᠩᠬᠡᠶ᠋ᠢᠯᠡᠨ ᠵᠢᠯᠣᠭᠣᠳᠤᠭᠤᠯᠵᠤ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠦᠢ᠍ᠯᠡᠴᠢᠯᠡᠭᠡ᠂ ᠠᠯᠲᠠᠨ ᠨᠠᠮᠤᠷ᠎ᠤᠨ ᠤᠷᠢᠨ ᠬᠡᠷᠡᠭᠯᠡᠬᠦ ᠰᠠᠷ᠎ᠠ ᠵᠡᠷᠭᠡ᠎ᠪᠠᠷ ᠢᠵᠢ ᠪᠦᠷᠢᠳᠦᠭᠰᠡᠨ《11+N》ᠰᠦᠯᠵᠢᠶᠡᠨ ᠳᠡᠭᠡᠷᠡᠬᠢ ᠪᠠ ᠰᠦᠯᠵᠢᠶᠡᠨ᠎ᠤ ᠪᠤᠰᠤ ᠴᠤᠪᠤᠷᠠᠯ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠯ᠎ᠡ ᠲᠥᠷᠥᠯ᠎ᠤᠨ ᠬᠠᠮᠳᠤ ᠴᠤᠭᠴᠠᠳᠤ ᠪᠦᠬᠦ ᠲᠠᠯ᠎ᠠ ᠵᠢᠨ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠢ ᠬᠠᠩᠭ᠋ᠠᠨ᠎ᠠ᠃ 《ᠳᠥᠷᠪᠡ ᠵᠢ ᠨᠢᠭᠡ ᠴᠣᠭᠴᠠᠵᠢᠭᠤᠯᠬᠤ》ᠠᠵᠢᠯ ᠣᠯᠭᠣᠬᠤ ᠦᠢ᠍ᠯᠡᠴᠢᠯᠡᠭᠡᠨ᠎ᠤ ᠡᠭᠦᠯᠡᠨ ᠲᠠᠪᠴᠠᠩ᠎ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠪᠤᠯᠪᠠᠰᠤᠷᠠᠯ᠎ᠢ ᠲᠤᠶ᠋ᠢᠯ᠎ᠤᠨ ᠣᠨᠣᠪᠴᠢᠲᠠᠢ ᠵᠣᠯᠭ᠋ᠠᠭᠤᠯᠬᠤ᠂ ᠠᠵᠢᠯᠲᠠᠨ ᠪᠠ ᠠᠵᠢᠯ᠎ᠤᠨ ᠪᠠᠶ᠋ᠢᠷᠢ ᠵᠢ ᠲᠤᠶ᠋ᠢᠯ᠎ᠤᠨ ᠣᠨᠣᠪᠴᠢᠲᠠᠢ ᠵᠣᠯᠭ᠋ᠠᠭᠤᠯᠬᠤ ᠵᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ᠃
ᠳᠣᠯᠣᠭ᠎ᠠ᠂ ᠠᠵᠢᠯ ᠣᠯᠭᠣᠵᠤ ᠶᠠᠳᠠᠭᠤ ᠵᠢ ᠲᠡᠳᠬᠦᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠵᠢᠭᠦᠯᠬᠦ ᠲᠠᠯ᠎ᠠ᠎ᠪᠠᠷ ᠬᠦᠴᠦ ᠲᠠᠯᠪᠢᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ᠎ᠲᠠᠢ ᠤᠶᠠᠯᠳᠤᠭᠤᠯᠤᠨ᠂ ᠬᠥᠳᠡᠭᠡ ᠲᠣᠰᠬᠣᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠷᠥᠯ᠎ᠤᠨ ᠠᠵᠢᠯ᠎ᠤᠨ ᠪᠠᠶ᠋ᠢᠷᠢ ᠵᠢ ᠨᠡᠭᠡᠭᠡᠨ ᠬᠥᠭᠵᠢᠭᠦᠯᠵᠦ᠂ 《ᠰᠢᠶᠠᠩ᠎ᠠᠴᠠ ᠰᠠᠯᠵᠤ ᠴᠢᠳᠠᠬᠤ ᠥᠬᠡᠢ᠂ ᠠᠵᠢᠯ ᠥᠬᠡᠢ ᠪᠣᠯ ᠲᠡᠳᠬᠦᠵᠦ ᠳᠡᠶ᠋ᠢᠯᠬᠦ ᠥᠬᠡᠢ》 ᠮᠥᠷᠲᠡᠭᠡᠨ ᠠᠵᠢᠯ ᠡᠭᠦᠷᠭᠡᠯᠡᠬᠦ ᠴᠢᠳᠠᠪᠤᠷᠢ᠎ᠲᠠᠢ ᠶᠠᠳᠠᠭᠤ᠎ᠠᠴᠠ ᠠᠩᠭᠢᠵᠢᠷᠠᠭᠰᠠᠨ ᠬᠦᠳᠡᠯᠮᠦᠷᠢ ᠬᠦᠴᠦᠨ᠎ᠢ ᠡᠩ ᠲᠡᠷᠢᠭᠦᠨ᠎ᠳᠤ ᠲᠣᠬᠢᠷᠠᠭᠤᠯᠬᠤ ᠬᠡᠷᠡᠭᠲᠡᠢ᠃ ᠶᠠᠳᠠᠭᠤ ᠵᠢ ᠲᠡᠳᠭᠦᠵᠦ ᠣᠨᠳᠣᠣ ᠭᠠᠵᠠᠷ ᠨᠡᠬᠦᠯᠭᠡᠬᠦ ᠲᠥᠪᠯᠡᠷᠡᠭᠦᠯᠦᠨ ᠲᠥᠪᠬᠢᠨᠡᠭᠦᠯᠬᠦ ᠴᠢᠭᠲᠠ᠎ᠬᠢ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠎ᠢ ᠪᠦᠬᠦᠨ᠎ᠢ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠦᠨᠡᠨ ᠨᠡᠷ᠎ᠡ ᠵᠢᠨ ᠳᠦᠷᠢᠮ᠎ᠤᠨ ᠠᠮᠢᠳᠤᠯᠢᠭ ᠬᠠᠮᠢᠶᠠᠷᠤᠯᠲᠠ ᠵᠢᠨ ᠡᠬᠡ ᠳᠠᠩᠰᠠ ᠵᠢ ᠪᠠᠶ᠋ᠢᠭᠤᠯᠵᠤ᠂ 《ᠨᠡᠬᠦᠵᠦ ᠲᠡᠢ᠌ᠯᠬᠦ᠂ ᠲᠣᠭᠲᠠᠭᠤᠨ ᠪᠠᠢ᠌ᠵᠦ ᠴᠢᠳᠠᠬᠤ᠂ ᠪᠠᠶᠠᠵᠢᠵᠤ ᠳᠡᠶ᠋ᠢᠯᠬᠦ》 ᠵᠢ ᠪᠡᠶᠡᠯᠡᠭᠦᠯᠬᠦ ᠬᠡᠷᠡᠭᠲᠡᠢ᠃

ᠥᠪᠥᠷ ᠮᠣᠩᠭᠣᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ᠄ ᠲᠠᠨ᠎ᠤ ᠰᠠᠶᠢ ᠵᠢᠨ ᠶᠠᠷᠢᠭᠰᠠᠨ᠎ᠠᠴᠠ ᠦᠵᠡᠪᠡᠯ᠂ ᠮᠠᠨ᠎ᠤ ᠣᠷᠣᠨ ᠨᠢᠭᠡᠨᠲᠡ ᠬᠡᠰᠡᠭ ᠭᠠᠵᠠᠷ ᠣᠷᠣᠨ᠎ᠳᠤ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠲᠡᠮᠳᠡᠭᠲᠦ ᠵᠢᠨ ᠲᠤᠷᠰᠢᠯᠲᠠ ᠵᠢᠨ ᠴᠢᠭ ᠥᠷᠨᠢᠭᠦᠯᠦᠭᠰᠡᠨ ᠪᠠᠶ᠋ᠢᠨ᠎ᠠ᠂ ᠡᠨᠡᠬᠦ ᠪᠣᠯᠪᠠᠰᠤᠷᠠᠯ᠎ᠤᠨ ᠲᠡᠮᠳᠡᠭᠲᠦ᠎ᠨᠢ ᠶᠠᠮᠠᠷ ᠬᠡᠳᠦᠨ ᠭᠣᠣᠯ ᠴᠢᠳᠠᠮᠵᠢ᠎ᠲᠠᠢ ᠪᠤᠯᠤᠨ ᠶᠠᠮᠠᠷ ᠬᠥᠮᠦᠨ ᠭᠤᠶᠤᠴᠢᠯᠠᠨ ᠠᠪᠴᠤ ᠪᠣᠯᠬᠤ᠂ ᠭᠤᠶᠤᠴᠢᠯᠠᠨ ᠠᠪᠬᠤ ᠠᠷᠭ᠎ᠠ ᠵᠠᠮ᠎ᠨᠢ ᠶᠠᠮᠠᠷ ᠪᠠᠶ᠋ᠢᠬᠤ ᠵᠢ ᠲᠠᠨᠢᠯᠴᠠᠭᠤᠯᠵᠤ ᠪᠣᠯᠬᠤ ᠪᠣᠢ?

ᠬᠠᠷᠢᠭᠤᠯᠲᠠ᠄ ᠠᠵᠢᠯ ᠮᠡᠷᠭᠡᠵᠢᠯ᠎ᠤᠨ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢᠨ ᠭᠠᠵᠠᠷ᠎ᠤᠨ ᠳᠠᠷᠤᠭ᠎ᠠ ᠵᠠᠩ ᠰᠢᠶᠣᠤ ᠳ᠋ᠦᠩ᠄
ᠰᠤᠷᠪᠤᠯᠵᠢᠯᠠᠭᠴᠢ ᠠᠰᠠᠭᠤᠭᠰᠠᠨ᠎ᠳᠤ ᠲᠠᠯᠠᠷᠬᠠᠵᠤ ᠪᠠᠶ᠋ᠢᠨ᠎ᠠ᠃ ᠠᠵᠢᠯ ᠮᠡᠷᠭᠡᠵᠢᠯ᠎ᠤᠨ ᠪᠤᠯᠪᠠᠰᠤᠷᠠᠯ᠎ᠤᠨ ᠲᠡᠮᠳᠡᠭᠲᠦ ᠪᠣᠯ ᠨᠡᠶ᠋ᠢᠭᠡᠮ᠎ᠤᠨ ᠪᠠᠲᠤᠯᠠᠭ᠎ᠠ ᠵᠢᠨ ᠡᠯᠸᠺᠲᠷᠤᠨ ᠺᠠᠷᠲ᠎ᠲᠤ ᠲᠦᠰᠢᠭᠯᠡᠨ᠂ ᠨᠥᠬᠥᠴᠡᠯ᠎ᠳᠤ ᠨᠡᠶ᠋ᠢᠴᠡᠬᠦ ᠬᠥᠳᠡᠯᠮᠦᠷᠢᠯᠡᠭᠴᠢ᠎ᠳᠤ ᠣᠯᠭᠣᠭᠰᠠᠨ ᠦᠨᠡᠨ ᠨᠡᠷ᠎ᠡ᠎ᠪᠠᠷ ᠭᠡᠷᠡᠴᠢᠯᠡᠭᠦᠯᠬᠦ᠂ ᠪᠤᠯᠪᠠᠰᠤᠷᠠᠯ ᠤᠨ ᠨᠥᠬᠥᠪᠥᠷᠢ ᠵᠢ ᠳ᠋ᠦᠩᠨᠡᠨ ᠪᠣᠳᠣᠬᠤ᠂ ᠪᠤᠯᠪᠠᠰᠤᠷᠠᠯ᠎ᠤᠨ ᠶᠠᠰᠤ ᠴᠢᠨᠠᠷ᠎ᠢ ᠬᠢᠨᠠᠨ ᠬᠠᠮᠢᠶᠠᠷᠬᠤ ᠵᠡᠷᠭᠡ ᠴᠢᠳᠠᠮᠵᠢ᠎ᠲᠠᠢ ᠪᠥᠭᠡᠳ ᠪᠤᠯᠪᠠᠰᠤᠷᠠᠯ ᠤᠨ ᠡᠬᠢ ᠪᠠᠶᠠᠯᠢᠭ ᠬᠢᠭᠡᠳ ᠪᠤᠯᠪᠠᠰᠤᠷᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠲᠤᠶ᠋ᠢᠯ᠎ᠤᠨ ᠣᠨᠣᠪᠴᠢᠲᠠᠢ᠎ᠪᠠᠷ ᠵᠤᠯᠭ᠋ᠠᠭᠤᠯᠤᠭᠰᠠᠨ ᠨᠢᠭᠡ ᠵᠦᠢ᠍ᠯ᠎ᠤᠨ ᠡᠯᠸᠺᠲᠷᠤᠨ ᠭᠡᠷᠡᠴᠢ ᠪᠠᠷᠢᠮᠲᠠ ᠪᠣᠯᠬᠤ ᠪᠥᠭᠡᠳ ᠮᠥᠨᠴᠥ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠠᠵᠢᠯ ᠮᠡᠷᠭᠡᠵᠢᠯ᠎ᠤᠨ ᠪᠤᠯᠪᠠᠰᠤᠷᠠᠯ ᠤᠨ ᠠᠵᠢᠯ᠎ᠤᠨ ᠮᠡᠳᠡᠭᠡ ᠵᠠᠩᠭᠢᠵᠢᠯᠲᠠ ᠵᠢ ᠲᠦᠷᠭᠡᠳᠬᠡᠬᠦ᠂ ᠳᠥᠭᠥᠮ ᠲᠦᠳᠡ ᠪᠣᠯᠭ᠋ᠠᠬᠤ ᠰᠢᠨ᠎ᠡ ᠠᠷᠭ᠎ᠠ ᠬᠡᠮᠵᠢᠶ᠎ᠡ ᠪᠣᠯᠤᠨ᠎ᠠ᠃
ᠭᠣᠣᠯ ᠴᠢᠳᠠᠮᠵᠢ᠎ᠨᠢ᠄ ᠨᠢᠭᠡ᠎ᠳᠤ ᠬᠦᠳᠡᠯᠮᠦᠷᠢᠯᠡᠭᠴᠢ ᠪᠤᠯᠪᠠᠰᠤᠷᠠᠯ᠎ᠤᠨ ᠲᠥᠷᠥᠯ ᠵᠦᠢ᠍ᠯ ᠪᠠ ᠪᠤᠯᠪᠠᠰᠤᠷᠠᠯ ᠤᠨ ᠪᠠᠶ᠋ᠢᠭᠤᠯᠤᠮᠵᠢ ᠵᠢ ᠡᠵᠡᠨ ᠮᠡᠳᠡᠨ ᠰᠣᠩᠭᠣᠬᠤ ᠪᠤᠯᠪᠠᠰᠤᠷᠠᠯ ᠳᠤ ᠤᠷᠤᠯᠴᠠᠬᠤ ᠵᠢ ᠪᠡᠶᠡᠯᠡᠬᠦᠯᠦᠨ᠎ᠡ; ᠬᠣᠶᠠᠷ᠎ᠲᠤ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠲᠡᠮᠳᠡᠭᠳᠦ᠎ᠲᠠᠢ ᠬᠥᠳᠡᠯᠮᠦᠷᠢᠯᠡᠭᠴᠢ ᠪᠤᠯᠪᠠᠰᠤᠷᠠᠯ ᠳᠤ ᠣᠷᠣᠯᠴᠠᠬᠤ᠎ᠳᠤ᠎ᠪᠠᠨ ᠪᠤᠯᠪᠠᠰᠤᠷᠠᠯ ᠤᠨ ᠵᠠᠷᠤᠳᠠᠯ᠎ᠢ ᠤᠷᠢᠳᠠᠪᠠᠷ ᠲᠤᠰᠢᠶᠠᠭᠰᠠᠨ᠎ᠤ ᠬᠡᠷᠡᠭ ᠦᠭᠡᠢ᠂ ᠪᠤᠯᠪᠠᠰᠤᠷᠠᠯ ᠳᠤ ᠬᠢᠷᠢ ᠲᠡᠩᠴᠡᠭᠰᠡᠨ᠎ᠤ ᠳᠠᠷᠠᠭ᠎ᠠ᠂ ᠪᠤᠯᠪᠠᠰᠤᠷᠠᠯ᠎ᠤᠨ ᠪᠠᠶ᠋ᠢᠭᠤᠯᠤᠮᠵᠢ᠎ᠠᠴᠠ ᠠᠵᠢᠯ ᠮᠡᠷᠭᠡᠵᠢᠯ᠎ᠤᠨ ᠪᠤᠯᠪᠠᠰᠤᠷᠠᠯ ᠤᠨ ᠲᠡᠮᠳᠡᠭᠳᠦ ᠵᠢ ᠦᠨᠳᠦᠰᠦᠯᠡᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠲᠠᠢ ᠨᠥᠬᠥᠪᠥᠷᠢ ᠪᠡᠯᠡ ᠮᠥᠩᠭᠥ ᠵᠢ ᠳ᠋ᠦᠩᠨᠡᠨ ᠪᠣᠳᠣᠵᠤ᠂ ᠬᠤᠢ᠌ᠨ᠎ᠠ᠎ᠨᠢ ᠳᠠᠩᠰᠠ ᠴᠠᠢ᠌ᠷᠠᠭᠤᠯᠬᠤ ᠭᠣᠭᠴᠣᠭ᠎ᠠ ᠵᠢ ᠬᠠᠰᠤᠵᠦ᠂ ᠬᠥᠳᠡᠯᠮᠦᠷᠢᠯᠡᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠎ᠳᠤ ᠣᠷᠣᠯᠴᠠᠬᠤ᠎ᠳᠤ ᠳᠥᠭᠥᠮ ᠨᠥᠬᠥᠴᠡᠯ ᠬᠠᠩᠭ᠋ᠠᠭᠰᠠᠨ ᠪᠠᠶ᠋ᠢᠬᠤ ᠬᠡᠷᠡᠭᠲᠡᠢ ᠃ ᠭᠤᠷᠪᠠ᠎ᠳᠤ᠂ ᠬᠦᠳᠡᠯᠮᠦᠷᠢᠯᠡᠭᠴᠢ ᠵᠢᠨ ᠨᠠᠰᠤᠨ ᠲᠤᠷᠰᠢᠲᠠ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ ᠤᠨ ᠡᠯᠸᠺᠲᠷᠤᠨ ᠳᠠᠩᠰᠠ ᠡᠪᠬᠡᠮᠡᠯ᠎ᠢ ᠠᠯᠬᠤᠮ ᠠᠯᠬᠤᠮ ᠵᠶ᠋ᠠᠷ ᠪᠦᠷᠢᠯᠳᠦᠬᠦᠯᠵᠦ᠂ ᠪᠤᠯᠪᠠᠰᠤᠷᠠᠯ᠎ᠤᠨ ᠮᠡᠳᠡᠭᠡ ᠵᠠᠩᠭᠢ᠂ ᠨᠡᠶ᠋ᠢᠭᠡᠮ᠎ᠤᠨ ᠪᠠᠲᠤᠯᠠᠭ᠎ᠠ ᠵᠢᠨ ᠮᠡᠳᠡᠭᠡ ᠵᠠᠩᠭᠢ ᠵᠢ ᠬᠠᠮᠲᠤᠳᠤᠨᠢ ᠡᠳ᠋ᠯᠡᠬᠦ ᠵᠢ ᠪᠡᠶᠡᠯᠡᠭᠦᠯᠦᠨ᠂ ᠬᠦᠳᠡᠯᠮᠦᠷᠢᠯᠡᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ ᠳᠤ ᠣᠷᠣᠯᠴᠠᠬᠤ᠎ᠳᠤᠨᠢ ᠨᠡᠩ ᠣᠨᠣᠪᠴᠢᠲᠠᠢ᠂ ᠨᠡᠩ ᠳᠥᠭᠥᠮ ᠲᠦᠳᠡ᠂ ᠨᠡᠩ ᠥᠪᠡᠷᠮᠢᠴᠡ ᠦᠢ᠍ᠯᠡᠴᠢᠯᠡᠭᠡ ᠬᠠᠩᠭ᠋ᠠᠨ᠎ᠠ᠃
ᠠᠵᠢᠯ ᠮᠡᠷᠭᠡᠵᠢᠯ᠎ᠤᠨ ᠪᠤᠯᠪᠠᠰᠤᠷᠠᠯ᠎ᠤᠨ ᠦᠨᠡᠮᠯᠡᠯ ᠣᠯᠭᠣᠬᠤ ᠡᠲᠡᠭᠡᠳ᠎ᠨᠢ ᠨᠥᠬᠥᠪᠥᠷᠢ ᠵᠢᠨ ᠴᠢᠨᠠᠷᠲᠠᠢ ᠪᠤᠯᠪᠠᠰᠤᠷᠠᠯ ᠳᠤ ᠣᠷᠣᠯᠴᠠᠬᠤ ᠨᠥᠬᠥᠴᠡᠯ᠎ᠳᠤ ᠨᠡᠶ᠋ᠢᠴᠡᠬᠦ ᠬᠥᠮᠦᠰ᠂ ᠭᠤᠤᠯᠳᠠᠭᠤ ᠠᠵᠦ ᠠᠬᠤᠢ᠌ᠯᠠᠯ᠎ᠤᠨ ᠠᠵᠢᠯᠳᠠᠨ ᠠᠵᠢᠯᠴᠢᠨ ᠪᠤᠯᠤᠨ ᠰᠢᠯᠵᠢᠭᠦᠯᠦᠨ ᠠᠵᠢᠯ ᠣᠯᠭᠣᠬᠤ ᠬᠦᠳᠡᠭᠡ ᠲᠤᠰᠬᠤᠨ᠎ᠤ ᠬᠦᠳᠡᠯᠮᠦᠷᠢᠯᠡᠭᠴᠢ ᠢᠯᠠᠩᠭᠤᠶ᠎ᠠ ᠰᠢᠨ᠎ᠡ ᠨᠢᠭᠡ ᠦᠶ᠎ᠡ ᠵᠢᠨ ᠬᠥᠯᠥᠰᠥᠨ ᠠᠵᠢᠯᠴᠢᠨ᠂ ᠬᠣᠲᠠ ᠬᠥᠳᠡᠭᠡ ᠵᠢᠨ ᠦᠷᠭᠦᠯᠵᠢᠯᠡᠨ ᠰᠤᠷᠭ᠋ᠠᠭᠤᠯᠢ ᠲᠠᠪᠰᠢᠭᠰᠠᠨ ᠦᠭᠡᠢ ᠠᠩᠬ᠎ᠠ ᠵᠡᠷᠭᠡ ᠵᠢᠨ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠦᠭᠰᠡᠳ (ᠳᠣᠷᠣᠭᠰᠢ 《ᠬᠣᠶᠠᠷ ᠬᠤᠢ᠌ᠴᠢᠰ》 ᠭᠡᠵᠦ ᠨᠠᠷᠠᠯᠠᠨ᠎ᠠ) ᠵᠡᠷᠭᠡ ᠵᠠᠯᠠᠭᠤᠴᠤᠳ᠂ ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ᠂ ᠠᠵᠢᠯ ᠣᠯᠬᠤ᠎ᠳᠤ ᠬᠦᠴᠢᠷᠲᠡᠢ ᠬᠥᠮᠦᠰ (ᠵᠡᠮᠳᠡᠭᠴᠦᠳ ᠪᠠᠭᠲᠠᠨ᠎ᠠ)᠂ ᠠᠮᠢᠳᠤᠯᠢᠭ ᠵᠶ᠋ᠠᠷ ᠠᠵᠢᠯ ᠣᠯᠤᠭᠰᠠᠨ ᠬᠥᠮᠦᠰ ᠵᠡᠷᠭᠡ ᠭᠤᠤᠯᠳᠠᠯᠭ᠎ᠠ᠎ᠲᠠᠢ ᠠᠵᠢᠯ ᠤᠯᠭᠤᠬᠤ ᠬᠠᠮᠳᠤ ᠴᠤᠭᠴᠠ ᠪᠠᠭᠳᠠᠨ᠎ᠠ᠃
ᠨᠥᠬᠥᠴᠡᠯ᠎ᠳᠤ ᠨᠡᠶ᠋ᠢᠴᠡᠭᠰᠡᠨ ᠬᠥᠳᠡᠯᠮᠦᠷᠢᠯᠡᠭᠴᠢ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠲᠡᠮᠳᠡᠭᠳᠦ ᠭᠤᠶᠤᠴᠢᠯᠠᠨ ᠠᠪᠬᠤ ᠠᠷᠭ᠎ᠠ ᠬᠡᠯᠪᠡᠷᠢ᠎ᠨᠢ ᠭᠣᠣᠯᠳᠠᠭᠤ ᠬᠣᠶᠠᠷ ᠵᠦᠢ᠍ᠯ ᠪᠣᠢ᠂ ᠨᠢᠭᠡ᠎ᠳᠤ ᠭᠠᠷ ᠤᠲᠠᠰᠤᠨ ᠳᠡᠭᠡᠷ᠎ᠡ 《ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠳᠤᠯᠠᠭ᠎ᠠ ᠵᠢᠨ ᠲᠣᠪᠴᠢᠶ᠎ᠠ》 ᠵᠢᠨ APP ᠵᠢ ᠪᠠᠭᠤᠯᠭ᠋ᠠᠨ ᠠᠪᠴᠤ᠂ ᠦᠨᠡᠨ ᠨᠡᠷ᠎ᠡ᠎ᠪᠠᠷ ᠵᠶ᠋ᠡᠨ ᠭᠡᠷᠡᠴᠢᠯᠡᠭᠡᠳ᠂ ᠨᠡᠶ᠋ᠢᠭᠡᠮ᠎ᠤᠨ ᠪᠠᠳᠤᠯᠠᠭ᠎ᠠ ᠵᠢᠨ ᠡᠯᠸᠺᠲᠷᠤᠨ ᠺᠠᠷᠲ ᠵᠶ᠋ᠠᠷ ᠳᠠᠮᠵᠢᠨ ᠡᠯᠸᠺᠲᠷᠤᠨ ᠪᠣᠯᠪᠠᠰᠤᠷᠠᠯ᠎ᠤᠨ ᠲᠡᠮᠳᠡᠭ ᠠᠪᠴᠤ᠂ ᠭᠠᠷ ᠤᠲᠠᠰᠤᠨ ᠳᠡᠭᠡᠷ᠎ᠡ ᠮᠡᠷᠭᠡᠨ ᠴᠤᠬᠤᠷ ᠵᠢ ᠢᠯᠡᠷᠡᠬᠦᠯᠵᠦ᠂ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠨᠣᠮᠧᠷ᠎ᠢ ᠰᠢᠷᠪᠢᠵᠦ ᠬᠡᠷᠡᠭᠯᠡᠵᠦ ᠪᠣᠯᠤᠨ᠎ᠠ; ᠬᠣᠶᠠᠷ᠎ᠲᠤ᠂ ᠸᠢᠴᠠᠲ ᠪᠤᠶᠤ ᠲᠤᠭ᠋ᠠᠴᠠᠭ᠎ᠠ ᠬᠢᠬᠦ ᠵᠦᠭᠡᠯᠡᠨ ᠲᠤᠨᠤᠭ ᠵᠶ᠋ᠠᠷ ᠳᠠᠮᠵᠢᠨ ᠨᠡᠶ᠋ᠢᠭᠡᠮ᠎ᠤᠨ ᠳᠠᠭ᠋ᠠᠳᠬᠠᠯ᠎ᠤᠨ ᠡᠯᠸᠺᠲᠷᠤᠨ ᠺᠠᠷᠲ᠎ᠢ ᠭᠤᠶᠤᠴᠢᠯᠠᠨ ᠠᠪᠤᠭᠰᠠᠨ᠎ᠤ ᠳᠠᠷᠠᠭ᠎ᠠ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠲᠡᠮᠳᠡᠭᠲᠦ ᠠᠪᠴᠤ ᠪᠣᠯᠤᠨ᠎ᠠ᠃
ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠱᠠᠭ᠋ᠠᠷᠳᠠᠯᠭ᠎ᠠ ᠶᠣᠰᠣᠭ᠋ᠠᠷ᠂ ᠳᠡᠭᠡᠷ᠎ᠡ ᠬᠠᠭ᠋ᠠᠰ ᠵᠢᠯ᠎ᠳᠤ ᠪᠢᠳᠡ ᠪᠤᠭᠤᠲᠤ ᠬᠣᠲᠠ ᠪᠣᠯᠤᠨ ᠬᠢᠩᠭ᠋ᠠᠨ ᠠᠶ᠋ᠢᠮᠠᠭ᠎ᠲᠤ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠲᠡᠮᠳᠡᠭᠲᠦ ᠵᠢᠨ ᠲᠤᠷᠰᠢᠯᠲᠠ ᠵᠢᠨ ᠴᠢᠭ᠎ᠤᠨ ᠠᠵᠢᠯ᠎ᠢ ᠥᠷᠨᠢᠭᠦᠯᠵᠦ᠂ ᠭᠣᠣᠯᠳᠠᠭᠤ ᠲᠡᠭᠦᠰᠬᠦ ᠣᠨ᠎ᠤ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠂ ᠰᠢᠯᠵᠢᠭᠦᠯᠦᠨ ᠠᠵᠢᠯ ᠤᠯᠭᠤᠬᠤ ᠮᠠᠯᠴᠢᠨ ᠲᠠᠷᠢᠶᠠᠴᠢᠨ ᠬᠦᠳᠡᠯᠮᠦᠷᠢᠯᠡᠭᠴᠢ ᠪᠣᠯᠤᠨ ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠭᠰᠠᠳ᠎ᠲᠤ ᠬᠠᠨᠳᠤᠭᠤᠯᠵᠤ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠲᠡᠮᠳᠡᠭᠲᠦ ᠵᠢ ᠬᠠᠨᠳᠤᠯᠭ᠎ᠠ᠎ᠲᠠᠢ᠎ᠪᠠᠷ ᠲᠠᠷᠬᠠᠭ᠋ᠠᠪᠠ᠃ 6 ᠰᠠᠷ᠎ᠠ ᠵᠢᠨ 16᠎ᠤ ᠡᠳᠦᠷ᠂ 17᠎ᠤ ᠡᠳᠦᠷ᠂ ᠬᠢᠩᠭ᠋ᠠᠨ ᠠᠶ᠋ᠢᠮᠠᠭ᠂ ᠪᠤᠭᠤᠲᠤ ᠬᠣᠲᠠ ᠠᠩᠬᠠᠳᠠᠭᠴᠢ ᠪᠦᠯᠦᠭ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠲᠡᠮᠳᠡᠭᠲᠦ ᠵᠢ ᠲᠤᠰ ᠲᠤᠰ ᠠᠮᠵᠢᠯᠲᠠ᠎ᠲᠠᠢ ᠲᠠᠷᠬᠠᠭ᠋ᠠᠪᠠ᠂ ᠡᠨᠡ᠎ᠨᠢ ᠮᠠᠨ᠎ᠤ ᠣᠷᠣᠨ᠎ᠤ ᠬᠣᠶᠠᠷ ᠲᠤᠷᠰᠢᠯᠲᠠ ᠵᠢᠨ ᠭᠠᠵᠠᠷ ᠣᠷᠣᠨ ᠪᠦᠬᠦ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠺᠠᠷᠲ᠎ᠤᠨ ᠦᠢ᠍ᠯᠡᠴᠢᠯᠡᠭᠡᠨ᠎ᠤ ᠲᠠᠪᠴᠠᠩ᠎ᠲᠠᠢ ᠵᠤᠯᠭ᠋ᠠᠭᠤᠯᠤᠨ ᠰᠠᠢ᠌ᠵᠢᠷᠠᠭᠤᠯᠬᠤ ᠠᠵᠢᠯ ᠵᠶ᠋ᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠲᠡᠮᠳᠡᠭᠲᠦ ᠵᠢ ᠮᠠᠨ᠎ᠤ ᠣᠷᠣᠨ᠎ᠳᠤ ᠣᠯᠭᠣᠬᠤ ᠪᠠ ᠬᠡᠷᠡᠭᠯᠡᠬᠦ ᠵᠢ ᠤᠷᠤᠭᠰᠢᠲᠠᠢ ᠪᠡᠶᠡᠯᠡᠭᠦᠯᠵᠡᠢ᠃ 6 ᠰᠠᠷ᠎ᠠ ᠵᠢᠨ ᠰᠡᠭᠦᠯᠴᠢ ᠪᠣᠯᠲᠠᠯ᠎ᠠ᠂ ᠬᠣᠶᠠᠷ ᠠᠶ᠋ᠢᠮᠠᠭ ᠬᠣᠲᠠ ᠨᠢᠭᠡᠨᠲᠡ ᠠᠵᠢᠯ ᠮᠡᠷᠭᠡᠵᠢᠯ᠎ᠤᠨ ᠪᠣᠯᠪᠠᠰᠤᠷᠠᠯ᠎ᠤᠨ 4 ᠲᠦᠮᠡ ᠭᠠᠷᠤᠢ ᠪᠢᠯᠧᠲ ᠲᠠᠷᠬᠠᠭ᠋ᠠᠨ᠂ 5000 ᠭᠠᠷᠤᠢ ᠬᠠᠭᠤᠳᠠᠰᠤ ᠬᠡᠷᠡᠭᠯᠡᠪᠡ᠃ ᠵᠠᠯᠭ᠋ᠠᠭ᠋ᠠᠳ᠂ ᠪᠢᠳᠡ ᠪᠦᠬᠦ ᠣᠷᠣᠨ᠎ᠤ ᠡᠯ᠎ᠡ ᠠᠶ᠋ᠢᠮᠠᠭ ᠬᠣᠲᠠ᠎ᠳᠤ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠲᠡᠮᠳᠡᠭᠲᠦ ᠵᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠵᠢᠯ᠎ᠤᠨ ᠡᠴᠦᠰ᠎ᠠᠴᠠ ᠡᠮᠦᠨ᠎ᠡ 14.5 ᠲᠦᠮᠡᠨ ᠬᠠᠭᠤᠳᠠᠰᠤ ᠲᠠᠷᠬᠠᠭ᠋ᠠᠵᠤ᠂ 1.45 ᠲᠦᠮᠡᠨ ᠬᠠᠭᠤᠳᠠᠰᠤ᠎ᠠᠴᠠ ᠲᠡᠭᠡᠭᠰᠢ ᠬᠡᠷᠡᠭᠯᠡᠬᠦ ᠠᠵᠢᠯ᠎ᠤᠨ ᠬᠠᠷᠠᠯᠲᠠ᠎ᠪᠠᠨ ᠪᠡᠶᠡᠯᠡᠭᠦᠯᠦᠨ᠎ᠡ᠃
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠰᠤᠷᠪᠤᠯᠵᠢᠯᠠᠭᠴᠢ᠄ ᠮᠡᠷᠭᠡᠵᠢᠯ᠎ᠤᠨ ᠴᠣᠯᠠ ᠵᠢᠨ ᠳᠦᠷᠢᠮ᠎ᠤᠨ ᠥᠭᠡᠷᠡᠴᠢᠯᠡᠯᠲᠡ ᠵᠢᠨ ᠠᠵᠢᠯ᠎ᠢ ᠨᠡᠶ᠋ᠢᠭᠡᠮ ᠨᠡᠶ᠋ᠢᠲᠡ᠎ᠪᠠᠷ ᠵᠶ᠋ᠡᠨ ᠠᠩᠬᠠᠷᠴᠤ ᠪᠠᠶ᠋ᠢᠨ᠎ᠠ᠂ ᠡᠨᠡ ᠵᠢᠯ ᠬᠡᠷᠬᠢᠨ ᠲᠣᠬᠢᠷᠠᠭᠤᠯᠵᠤ ᠪᠠᠶ᠋ᠢᠬᠤ ᠪᠣᠢ?

ᠬᠠᠷᠢᠭᠤᠯᠲᠠ (ᠲᠤᠰᠬᠠᠢ ᠮᠡᠷᠭᠡᠵᠢᠯ᠎ᠤᠨ ᠠᠵᠢᠯᠲᠠᠨ᠎ᠤ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠸᠠᠩ ᠯᠢ ᠮᠧᠢ)᠄
ᠡᠨᠡ ᠰᠤᠷᠪᠤᠯᠵᠢᠯᠠᠭᠴᠢ ᠠᠰᠠᠭᠤᠭᠰᠠᠨ᠎ᠳᠤ ᠲᠠᠯᠠᠷᠬᠠᠵᠤ ᠪᠠᠶ᠋ᠢᠨ᠎ᠠ᠃ ᠶᠠᠭ ᠲᠠᠨ᠎ᠤ ᠬᠡᠯᠡᠭᠰᠡᠨ ᠵᠶ᠋ᠠᠷ᠂ ᠮᠡᠷᠭᠡᠵᠢᠯ᠎ᠤᠨ ᠴᠣᠯᠠ ᠵᠢᠨ ᠳᠦᠷᠢᠮ᠎ᠤᠨ ᠥᠭᠡᠷᠡᠴᠢᠯᠡᠯᠲᠡ᠎ᠨᠢ ᠥᠷᠭᠡᠨ ᠣᠯᠠᠨ ᠲᠤᠰᠬᠠᠢ ᠮᠡᠷᠭᠡᠵᠢᠯ᠎ᠤᠨ ᠠᠵᠢᠯᠲᠠᠨ᠎ᠤ ᠲᠤᠰ ᠪᠡᠶ᠎ᠡ ᠵᠢᠨ ᠠᠰᠢᠭ ᠲᠤᠰᠠᠲᠠᠢ ᠬᠣᠯᠪᠣᠭᠳᠠᠵᠤ᠂ ᠨᠡᠶ᠋ᠢᠭᠡᠮ ᠨᠡᠢ᠌ᠳᠡ ᠵᠢᠨ ᠠᠩᠬᠠᠷᠤᠯ᠎ᠢ ᠶᠡᠭᠡ᠎ᠪᠠᠷ ᠲᠠᠳᠠᠵᠦ ᠲᠥᠷᠥ ᠵᠢᠨ ᠪᠣᠳᠣᠯᠭ᠎ᠠ ᠵᠢᠨ ᠴᠢᠨᠠᠷ ᠵᠶ᠋ᠠᠷ ᠴᠢᠩᠭ᠎ᠠ ᠪᠠᠶ᠋ᠢᠳᠠᠭ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠡᠭᠦᠨ᠎ᠤ ᠲᠤᠬᠠᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠡᠨᠡ ᠵᠢᠯ᠎ᠤᠨ 5 ᠳ᠋ᠤᠭ᠋ᠠᠷ ᠰᠠᠷ᠎ᠠ᠎ᠳᠤ 2021 ᠣᠨ᠎ᠤ ᠪᠦᠬᠦ ᠣᠷᠣᠨ᠎ᠤ ᠮᠡᠷᠭᠡᠵᠢᠯ᠎ᠤᠨ ᠴᠣᠯᠠ ᠵᠢᠨ ᠥᠭᠡᠷᠡᠴᠢᠯᠡᠯᠲᠡ ᠵᠢᠨ ᠠᠵᠢᠯ᠎ᠤᠨ ᠲᠣᠬᠢᠷᠠᠭᠤᠯᠤᠯᠲᠠ ᠵᠢᠨ ᠰᠠᠨᠠᠯ᠎ᠢ ᠳᠠᠷᠤᠮᠠᠯᠯᠠᠨ ᠲᠠᠷᠬᠠᠭ᠋ᠠᠵᠤ᠂ ᠡᠨᠡ ᠵᠢᠯ᠎ᠤᠨ ᠮᠡᠷᠭᠡᠵᠢᠯ᠎ᠤᠨ ᠴᠣᠯᠠ ᠵᠢᠨ ᠥᠭᠡᠷᠡᠴᠢᠯᠡᠯᠲᠡ ᠵᠢᠨ ᠠᠵᠢᠯ᠎ᠳᠤ ᠪᠠᠶ᠋ᠢᠷᠢᠯᠠᠭᠤᠯᠤᠯᠲᠠ ᠬᠢᠪᠡ᠃ ᠶᠡᠷᠦᠩᠬᠡᠢ ᠱᠠᠭ᠋ᠠᠷᠳᠠᠯᠭ᠎ᠠ ᠭᠡᠪᠡᠯ᠂ ᠮᠡᠷᠭᠡᠵᠢᠯ᠎ᠤᠨ ᠴᠣᠯᠠ ᠵᠢᠨ ᠳᠦᠷᠢᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠦᠨᠡᠯᠡᠬᠦ ᠪᠠᠷᠢᠮᠵᠢᠶ᠎ᠠ ᠵᠢ ᠲᠡᠭᠦᠯᠳᠡᠷᠵᠢᠭᠦᠯᠬᠦ᠂ ᠦᠨᠡᠯᠡᠬᠦ ᠠᠷᠭ᠎ᠠ ᠮᠠᠶᠢᠭ᠎ᠢ ᠥᠭᠡᠷᠡᠴᠢᠯᠡᠬᠦ᠂ ᠬᠢᠨᠠᠨ ᠲᠣᠭᠲᠠᠭ᠋ᠠᠬᠤ ᠡᠷᠬᠡ ᠵᠢ ᠵᠦᠢ ᠵᠣᠬᠢᠰᠲᠠᠢ᠎ᠪᠠᠷ ᠳᠣᠷᠣᠭᠰᠢ ᠲᠠᠯᠪᠢᠬᠤ ᠵᠡᠷᠭᠡ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ᠎ᠪᠠᠷ ᠳᠠᠮᠵᠢᠨ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠨᠡᠩ ᠰᠢᠨᠵᠢᠯᠡᠬᠦ ᠤᠬᠠᠭ᠋ᠠᠨᠴᠢ᠂ ᠪᠤᠰᠤᠳᠴᠢ ᠪᠥᠭᠡᠳ ᠭᠣᠣᠯᠴᠢ᠎ᠪᠠᠷ ᠦᠨᠡᠯᠡᠵᠦ᠂ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠵᠢ ᠴᠢᠳᠠᠪᠤᠷᠢᠲᠠᠨ᠎ᠤ ᠦᠨᠡᠯᠡᠯᠲᠡ ᠵᠢᠨ 《ᠵᠢᠯᠤᠭᠤᠳᠤᠮᠵᠢ》 ᠪᠠ 《ᠰᠠᠯᠬᠢᠨ᠎ᠤ ᠵᠦᠭᠯᠡᠬᠦᠷ》 ᠪᠤᠯᠭ᠋ᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠲᠤᠰᠬᠠᠢ ᠮᠡᠷᠭᠡᠵᠢᠯ᠎ᠤᠨ ᠤᠷᠤᠯᠳᠤᠯᠭᠠᠳᠤᠪᠠᠨ ᠨᠡᠩ ᠶᠡᠭᠡ ᠬᠦᠴᠦ ᠲᠠᠯᠪᠢᠬᠤ ᠪᠤᠯᠭ᠋ᠠᠵᠦ᠂ ᠬᠤᠪᠢ ᠨᠡᠮᠡᠷᠢ ᠦᠵᠡᠭᠦᠯᠦᠭᠰᠡᠨ ᠴᠢᠳᠠᠪᠤᠷᠢᠲᠠᠨ᠎ᠢ ᠠᠮᠵᠢᠯᠲᠠ ᠲᠡᠭᠦᠯᠳᠡᠷ ᠰᠡᠳᠬᠢᠯᠭᠡ ᠪᠠ ᠤᠯᠤᠯᠳᠠ ᠲᠦᠷᠦᠭᠳᠡᠯ᠎ᠲᠠᠢ ᠪᠣᠯᠭ᠋ᠠᠬᠤ ᠵᠢᠨ ᠤᠯᠠᠮ᠎ᠠᠴᠠ ᠥᠷᠭᠡᠨ ᠣᠯᠠᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠵᠣᠷᠢᠭᠵᠢᠭᠤᠯᠬᠤ ᠪᠠ ᠬᠥᠲᠥᠯᠦᠨ ᠵᠢᠯᠣᠭᠣᠳᠴᠤ ᠪᠠᠶ᠋ᠢᠭ᠋ᠠᠳ ᠴᠢᠳᠠᠪᠤᠷᠢ ᠵᠢᠨ ᠬᠡᠪ ᠴᠢᠨᠠᠷ᠎ᠢ᠎ᠨᠢ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ᠎ᠨᠢ ᠬᠥᠭᠵᠢᠭᠡᠨ᠂ ᠴᠢᠳᠠᠪᠤᠷᠢᠲᠠᠨ᠎ᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠲᠤᠯᠭ᠋ᠠᠭᠤᠷᠢᠯᠠᠬᠤ ᠪᠠᠲᠤᠯᠠᠭ᠎ᠠ ᠵᠢᠨ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃
ᠪᠤᠳᠠᠳᠠᠢ ᠠᠷᠭ᠎ᠠ ᠬᠡᠮᠵᠢᠶ᠎ᠡ᠄
ᠨᠢᠭᠡ᠂ ᠦᠨᠡᠯᠡᠬᠦ ᠪᠠᠷᠢᠮᠵᠢᠶ᠎ᠠ ᠵᠢ ᠲᠡᠭᠦᠯᠳᠡᠷᠵᠢᠭᠦᠯᠬᠦ ᠬᠡᠷᠡᠭᠲᠡᠢ᠃ ᠶᠣᠰᠣ ᠮᠣᠷᠠᠯ᠂ ᠴᠢᠳᠠᠪᠤᠷᠢ ᠪᠣᠯᠤᠨ ᠠᠵᠢᠯ᠎ᠤᠨ ᠠᠮᠵᠢᠯᠲᠠ ᠵᠢ ᠦᠨᠡᠯᠡᠬᠦ ᠤᠳᠤᠷᠢᠳᠤᠮᠵᠢ ᠵᠢ ᠲᠤᠪᠤᠢ᠌ᠯᠭ᠋ᠠᠨ᠎ᠠ᠃ ᠶᠤᠰᠤ ᠮᠣᠷᠠᠯ᠎ᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠲᠡᠷᠢᠭᠦᠨ ᠪᠠᠶ᠋ᠢᠷᠢᠨ᠎ᠳᠤ ᠲᠠᠯᠪᠢᠵᠤ᠂ ᠡᠷᠳᠡᠮ ᠰᠢᠨᠵᠢᠯᠡᠭᠡᠨᠤᠬᠢᠨᠤ ᠬᠠᠭᠤᠷᠮᠠᠭᠯᠠᠯᠢ《ᠨᠢᠭᠡ ᠯᠠ ᠪᠢᠯᠧᠲ ᠵᠶ᠋ᠡᠷ ᠦᠭᠡᠶ᠋ᠢᠰᠬᠡᠬᠦ ᠳᠦᠷᠢᠮ》᠎ᠢ ᠬᠡᠷᠡᠭᠵᠢᠭᠦᠯᠵᠦ᠂ ᠰᠠᠬᠢᠯᠭ᠎ᠠ ᠪᠠᠲᠤ ᠳᠦᠷᠢᠮ ᠵᠥᠷᠢᠴᠡᠭᠰᠡᠨ ᠦᠢ᠍ᠯᠡ ᠠᠵᠢᠯᠯᠠᠭ᠎ᠠ᠎ᠪᠠᠷ ᠳᠠᠮᠵᠢᠨ ᠣᠯᠤᠭᠰᠠᠨ ᠮᠡᠷᠭᠡᠵᠢᠯ᠎ᠤᠨ ᠴᠣᠯᠠ ᠵᠢ᠎ᠨᠢ ᠴᠥᠮ ᠬᠦᠴᠦᠨ ᠥᠬᠡᠢ ᠪᠣᠯᠭ᠋ᠠᠵᠤ᠂ ᠢᠲᠡᠭᠡᠯ ᠠᠯᠳᠠᠭᠰᠠᠨ ᠬᠥᠮᠦᠰ᠎ᠢ ᠭᠤᠷᠪᠠᠨ ᠵᠢᠯ᠎ᠤᠨ ᠳᠣᠲᠣᠷ᠎ᠠ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠵᠦ ᠬᠢᠨᠠᠨ ᠲᠣᠭᠲᠠᠭ᠋ᠠᠬᠤ᠎ᠳᠤ ᠣᠷᠣᠯᠴᠠᠭᠤᠯᠬᠤ ᠥᠬᠡᠢ᠃ ᠴᠢᠳᠠᠪᠤᠷᠢ᠂ ᠠᠵᠢᠯ᠎ᠤᠨ ᠪᠦᠲᠦᠮᠵᠢ ᠵᠢᠨ ᠲᠠᠯ᠎ᠠ᠎ᠪᠠᠷ ᠭᠠᠭᠴᠠ᠎ᠬᠦ ᠥᠭᠦᠯᠡᠯ᠂ ᠭᠠᠭᠴᠠ᠎ᠬᠦ ᠰᠤᠷᠤᠯᠭ᠎ᠠ ᠵᠢᠨ ᠨᠠᠮᠲᠠᠷ᠂ ᠭᠠᠭᠴᠠ᠎ᠬᠦ ᠬᠢᠷᠢ ᠭᠡᠮ᠎ᠢ ᠯᠡ ᠦᠵᠡᠬᠦ᠂ ᠭᠠᠭᠴᠠ᠎ᠬᠦ ᠱᠠᠩᠨᠠᠯ᠎ᠢ ᠯᠡ ᠡᠷᠬᠢᠮᠯᠡᠬᠦ ᠵᠡᠷᠭᠡ ᠬᠡᠯᠪᠡᠷᠢᠯ᠎ᠢ ᠲᠡᠪᠴᠢᠵᠦ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠲᠤᠰᠬᠠᠢ ᠮᠡᠷᠭᠡᠵᠢᠯ᠎ᠤᠨ ᠴᠢᠨᠠᠷ᠂ ᠮᠡᠷᠭᠡᠵᠢᠯ᠎ᠤᠨ ᠴᠢᠨᠠᠷ᠂ ᠦᠢ᠍ᠯᠡᠳᠦᠯᠭᠡ᠎ᠲᠦ ᠴᠢᠨᠠᠷ᠂ ᠪᠦᠲᠦᠭᠡᠯᠴᠢ ᠴᠢᠨᠠᠷ᠎ᠢ ᠪᠠᠶ᠋ᠢᠴᠠᠭ᠋ᠠᠨ ᠰᠢᠨᠵᠢᠬᠦ ᠵᠢ ᠴᠢᠬᠤᠯᠠᠴᠢᠯᠠᠬᠤ ᠬᠡᠷᠡᠭᠲᠡᠢ᠃ ᠦᠢ᠍ᠯᠡᠳᠦᠯᠭᠡ᠎ᠳᠦ ᠴᠢᠨᠠᠷ᠂ ᠠᠵᠢᠯᠯᠠᠬᠤ ᠴᠢᠨᠠᠷ ᠵᠶ᠋ᠠᠷ ᠴᠢᠩᠭ᠎ᠠ᠂ ᠰᠤᠳᠤᠯᠭ᠋ᠠᠨ᠎ᠤ ᠰᠢᠨᠵᠢ ᠴᠢᠨᠠᠷ᠎ᠨᠢ ᠢᠯᠡᠷᠬᠡᠢ ᠪᠤᠰᠤ ᠮᠡᠷᠭᠡᠵᠢᠯ᠎ᠤᠨ ᠴᠣᠯᠠ ᠵᠢᠨ ᠰᠢᠷᠢᠰ᠎ᠲᠤ ᠥᠭᠦᠯᠡᠯ᠎ᠤᠨ ᠱᠠᠭ᠋ᠠᠷᠳᠠᠯᠭ᠎ᠠ ᠵᠢ ᠳᠠᠬᠢᠵᠤ ᠬᠢᠬᠦ ᠦᠭᠡᠢ᠂ ᠪᠤᠰᠤᠳ ᠦᠷ᠎ᠡ ᠪᠦᠲᠦᠭᠡᠯ᠎ᠤᠨ ᠬᠡᠯᠪᠡᠷᠢ᠎ᠪᠠᠷ ᠥᠭᠦᠯᠡᠯ᠎ᠤᠨ ᠱᠠᠭ᠋ᠠᠷᠳᠠᠯᠭ᠎ᠠ ᠵᠢ ᠣᠷᠣᠯᠠᠭᠤᠯᠬᠤ ᠵᠢ ᠬᠠᠶ᠋ᠢᠨ ᠰᠦᠪᠡᠭᠴᠢᠯᠡᠨ᠎ᠡ᠃ ᠥᠭᠦᠯᠡᠯ᠎ᠤᠨ ᠱᠠᠭ᠋ᠠᠷᠳᠠᠯᠭ᠎ᠠ ᠲᠠᠢ ᠰᠢᠷᠢᠰ᠎ᠲᠤ᠂ ᠲᠦᠯᠦᠭᠡᠯᠡᠬᠦ ᠪᠦᠳᠦᠭᠡᠯ᠎ᠤᠨ ᠳᠦᠷᠢᠮ᠎ᠢ ᠬᠡᠷᠡᠭᠵᠢᠬᠦᠯᠵᠦ᠂ ᠦᠷ᠎ᠡ ᠪᠦᠲᠦᠭᠡᠯ᠎ᠤᠨ ᠶᠠᠰᠤ ᠴᠢᠨᠠᠷ᠎ᠢ ᠭᠣᠣᠯᠳᠠᠯᠭ᠎ᠠ᠎ᠲᠠᠢ ᠰᠢᠨᠵᠢᠯᠡᠨ ᠪᠠᠶ᠋ᠢᠴᠠᠭ᠋ᠠᠵᠤ᠂ ᠥᠭᠦᠯᠡᠯ᠎ᠤᠨ ᠲᠣᠭ᠎ᠠ ᠬᠡᠮᠵᠢᠶ᠎ᠡ ᠵᠢᠨ ᠱᠠᠭ᠋ᠠᠷᠳᠠᠯᠭ᠎ᠠ ᠵᠢ ᠪᠠᠭᠤᠷᠠᠭᠤᠯᠤᠨ᠎ᠠ᠃ ᠮᠡᠷᠭᠡᠵᠢᠯ᠎ᠤᠨ ᠰᠢᠨ᠎ᠡ ᠵᠢ ᠡᠭᠦᠳᠬᠦ᠂ ᠲᠤᠰᠬᠠᠢ ᠠᠰᠢᠭ᠂ ᠮᠡᠷᠭᠡᠵᠢᠯ᠎ᠢ ᠳᠡᠯᠭᠡᠷᠡᠭᠦᠯᠬᠦ᠂ ᠪᠠᠷᠢᠮᠵᠢᠶ᠎ᠠ ᠲᠣᠭᠲᠠᠭ᠋ᠠᠬᠤ ᠵᠡᠷᠭᠡ ᠦᠨᠡᠯᠡᠯᠲᠡ ᠵᠢᠨ ᠭᠦᠢ᠍ᠴᠡᠳᠬᠡᠬᠦ ᠲᠣᠭ᠎ᠠ ᠵᠢᠨ ᠡᠵᠡᠯᠡᠮᠵᠢ ᠵᠢ ᠨᠡᠮᠡᠭᠳᠡᠭᠦᠯᠦᠨ᠂ ᠠᠵᠤ ᠠᠬᠤᠢ ᠵᠢᠨ ᠦᠷ᠎ᠡ ᠠᠰᠢᠭ ᠪᠠ ᠨᠡᠶ᠋ᠢᠭᠡᠮ᠎ᠤᠨ ᠦᠷ᠎ᠡ ᠠᠰᠢᠭ᠎ᠢ ᠪᠠᠶ᠋ᠢᠴᠠᠭ᠋ᠠᠨ ᠰᠢᠨᠵᠢᠯᠡᠬᠦ ᠵᠢ ᠴᠢᠬᠤᠯᠠᠴᠢᠯᠠᠨ᠎ᠠ᠃ ᠴᠢᠬᠤᠯᠠ ᠶᠡᠬᠡ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠤᠯ ᠰᠢᠭᠤᠳ ᠯᠠ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠳᠤ ᠮᠡᠳᠡᠬᠦᠯᠵᠦ ᠪᠤᠯᠤᠨ᠎ᠠ᠃
ᠬᠣᠶᠠᠷ᠂ ᠦᠨᠡᠯᠡᠬᠦ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠬᠡᠷᠡᠭᠲᠡᠢ᠃ ᠠᠵᠢᠯ ᠨᠢᠭᠡᠳᠡᠨᠤ ᠲᠤᠰᠬᠠᠢ ᠮᠡᠷᠭᠡᠵᠢᠯᠲᠡᠨ ᠵᠶ᠋ᠡᠷ ᠬᠢᠨᠠᠨ ᠲᠣᠭᠲᠠᠭ᠋ᠠᠯᠭ᠋ᠠᠬᠤ᠎ᠪᠠᠷ ᠰᠠᠭᠤᠷᠢ ᠪᠣᠯᠭ᠋ᠠᠭᠰᠠᠨ ᠠᠵᠢᠯ ᠲᠥᠷᠥᠯ᠎ᠤᠨ ᠳᠣᠲᠣᠷ᠎ᠠ᠎ᠪᠠᠨ ᠦᠨᠡᠯᠡᠬᠦ ᠲᠣᠭᠲᠠᠴᠠ ᠵᠢ ᠪᠠᠶ᠋ᠢᠭᠤᠯᠤᠨ᠎ᠠ᠃ ᠡᠭᠦᠨ᠎ᠤ ᠬᠠᠮᠲᠤ᠂ ᠰᠢᠯᠭ᠋ᠠᠨ ᠦᠨᠡᠯᠡᠬᠦ ᠵᠢ ᠤᠶᠠᠯᠳᠤᠭᠤᠯᠬᠤ᠂ ᠰᠢᠯᠭ᠋ᠠᠯᠲᠠ᠎ᠪᠠᠷ ᠦᠨᠡᠯᠡᠭᠳᠡᠬᠦ ᠵᠢ ᠣᠷᠣᠯᠠᠭᠤᠯᠬᠤ᠂ ᠨᠢᠭᠤᠷᠳᠠᠨ ᠰᠢᠯᠭ᠋ᠠᠵᠦ ᠨᠤᠮ ᠬᠠᠶᠠᠯᠴᠠᠬᠤ ᠵᠡᠷᠭᠡ ᠦᠨᠡᠯᠡᠯᠲᠡ ᠵᠢᠨ ᠣᠯᠠᠨ ᠵᠦᠢ᠍ᠯ᠎ᠤᠨ ᠠᠷᠭ᠎ᠠ ᠬᠡᠯᠪᠡᠷᠢ ᠵᠢ ᠬᠡᠷᠡᠭᠵᠢᠭᠦᠯᠵᠦ᠂ ᠮᠡᠷᠭᠡᠵᠢᠯ᠎ᠤᠨ ᠴᠣᠯᠠ ᠦᠨᠡᠯᠡᠬᠦ ᠬᠠᠨᠳᠤᠯᠭ᠋ᠠᠲᠤ ᠴᠢᠨᠠᠷ ᠪᠠ ᠰᠢᠨᠵᠢᠯᠡᠬᠦ ᠤᠬᠠᠭ᠋ᠠᠨᠴᠢ ᠴᠢᠨᠠᠷ᠎ᠢ ᠳᠡᠭᠡᠭᠰᠢᠯᠡᠭᠦᠯᠦᠨ᠎ᠡ᠃ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠬᠥᠭᠵᠢᠯᠲᠡ ᠵᠢᠨ ᠵᠠᠮ᠎ᠢ ᠤᠯᠠᠮ ᠨᠢᠭᠡ ᠠᠯᠬᠤᠮ ᠨᠡᠪᠲᠡᠷᠡᠭᠦᠯᠵᠦ᠂ ᠨᠡᠪᠳᠡᠷᠡᠬᠦᠯᠬᠦ ᠬᠦᠷᠢᠶ᠎ᠡ ᠴᠠᠷ᠎ᠠ ᠵᠢ ᠪᠠᠷᠢᠯᠭ᠎ᠠ᠂ ᠲᠠᠷᠢᠶᠠᠯᠠᠩ᠂ ᠭᠠᠷ ᠤᠷᠠᠯᠠᠯ ᠵᠡᠷᠭᠡ 8 ᠰᠢᠷᠢᠰ(ᠲᠤᠰᠬᠠᠢ ᠮᠡᠷᠭᠡᠵᠢᠯ) ᠪᠣᠯᠭ᠋ᠠᠨ ᠥᠷᠭᠡᠳᠬᠡᠨ᠎ᠡ᠃
ᠭᠤᠷᠪᠠ᠂ ᠬᠢᠨᠠᠨ ᠲᠣᠭᠲᠠᠭ᠋ᠠᠬᠤ ᠡᠷᠬᠡ ᠵᠢᠨ ᠬᠢᠵᠠᠭ᠋ᠠᠷᠯᠠᠯ᠎ᠢ ᠳᠣᠷᠣᠭᠰᠢ ᠪᠠᠭᠤᠯᠭ᠋ᠠᠨ᠎ᠠ᠃ ᠬᠥᠮᠦᠨ ᠬᠡᠷᠡᠭᠯᠡᠬᠦ ᠭᠣᠣᠯ ᠴᠣᠭᠴᠠ ᠵᠢᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠠᠵᠢᠯ᠎ᠳᠠᠬᠢ ᠭᠣᠣᠯᠯᠠᠬᠤ ᠦᠢ᠍ᠯᠡᠳᠦᠯ᠎ᠢ ᠪᠠᠳᠠᠷᠠᠭᠤᠯᠵᠤ᠂ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠡᠷᠬᠡ ᠵᠢ ᠨᠥᠬᠥᠴᠡᠯ᠎ᠳᠤ ᠨᠡᠶ᠋ᠢᠴᠡᠬᠦ ᠠᠶ᠋ᠢᠮᠠᠭ ᠬᠣᠲᠠ ᠪᠣᠯᠤᠨ ᠬᠥᠮᠦᠨ ᠬᠡᠷᠡᠭᠯᠡᠬᠦ ᠨᠢᠭᠡᠴᠡ᠎ᠳᠤ ᠠᠯᠬᠤᠮ ᠠᠯᠬᠤᠮ ᠵᠶ᠋ᠠᠷ ᠪᠠᠭᠤᠯᠭ᠋ᠠᠵᠦ ᠥᠭᠭᠦᠨ᠎ᠡ᠃ ᠡᠨᠡ ᠵᠢᠯ 15 ᠭᠣᠣᠯᠯᠠᠭᠴᠢ ᠵᠢᠱ᠌ᠢᠶ᠎ᠡ ᠦᠵᠡᠭᠦᠯᠬᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠶᠡᠭᠡ ᠲᠡᠭᠡᠳᠦ ᠰᠤᠷᠭ᠋ᠠᠭᠤᠯᠢ ᠵᠢᠨ ᠪᠠᠭᠰᠢ ᠵᠢᠨ ᠵᠢᠩᠬᠢᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠡᠷᠬᠡ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠲᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠳᠡᠳ᠋ ᠳᠡᠭᠡᠳᠦ ᠵᠡᠷᠭᠡ ᠵᠢᠨ (ᠳᠤᠮᠳᠠ ᠠᠩᠬ᠎ᠠ ᠳᠡᠰ ᠪᠠᠭᠲᠠᠨ᠎ᠠ) ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠡᠷᠬᠡ ᠵᠢ ᠰᠤᠷᠭ᠋ᠠᠭᠤᠯᠢ᠎ᠳᠤ ᠪᠠᠭᠤᠯᠭ᠋ᠠᠵᠤ᠂ ᠰᠤᠷᠭ᠋ᠠᠭᠤᠯᠢ᠎ᠨᠢ ᠪᠡᠶ᠎ᠡ᠎ᠪᠠᠨ ᠳᠠᠭ᠋ᠠᠭ᠋ᠠᠵᠤ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠦᠨ᠎ᠡ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠠᠭᠰᠢ ᠵᠢᠨ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠡᠷᠬᠡ ᠵᠢ ᠨᠥᠬᠥᠴᠡᠯ ᠪᠦᠷᠢᠳᠦᠬᠦᠯᠦᠰᠡᠨ ᠠᠶ᠋ᠢᠮᠠᠭ ᠬᠣᠲᠠ᠎ᠳᠤ ᠪᠠᠭᠤᠯᠭ᠋ᠠᠨ᠎ᠠ᠃
ᠳᠥᠷᠪᠡ᠂ ᠰᠠᠭ᠋ᠠᠳ ᠥᠬᠡᠢ ᠨᠡᠪᠲᠡᠷᠡᠬᠦ ᠵᠠᠮ᠎ᠢ ᠨᠡᠭᠡᠭᠡᠬᠦ ᠬᠡᠷᠡᠭᠲᠡᠢ᠃ ᠣᠷᠣᠭᠤᠯᠤᠨ ᠠᠪᠴᠢᠷᠠᠭᠰᠠᠨ ᠳᠡᠭᠡᠳᠦ ᠳᠡᠰ ᠤᠨ ᠴᠢᠳᠠᠪᠤᠷᠢᠲᠠᠨ ᠪᠠ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠶ᠋ᠢᠭ᠎ᠠ ᠴᠢᠳᠠᠪᠤᠷᠢᠲᠠᠨ᠎ᠤ ᠬᠢᠷᠢ ᠭᠡᠮ᠂ ᠴᠠᠭ ᠬᠤᠭᠤᠴᠠᠭ᠎ᠠ ᠵᠡᠷᠭᠡ ᠨᠥᠬᠥᠴᠡᠯ᠎ᠤᠨ ᠬᠢᠵᠠᠭ᠋ᠠᠷᠯᠠᠯ᠎ᠢ ᠠᠭᠤᠵᠢᠭᠤ ᠲᠠᠯᠪᠢᠵᠤ᠂ ᠨᠢᠭᠡ ᠶᠠᠪᠤᠳᠠᠯ᠎ᠢ ᠨᠢᠭᠡ ᠵᠥᠪᠯᠡᠵᠦ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠰᠠᠭ᠋ᠠᠳ ᠥᠬᠡᠢ ᠨᠡᠪᠲᠡᠷᠡᠬᠦ ᠵᠠᠮ᠎ᠢ ᠪᠠᠶ᠋ᠢᠭᠤᠯᠬᠤ ᠬᠡᠷᠡᠭᠲᠡᠢ᠃
ᠲᠠᠪᠤ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ ᠲᠡᠢ᠌ᠰᠢ ᠬᠡᠯᠪᠡᠶ᠋ᠢᠯᠭᠡᠬᠦ ᠬᠡᠷᠡᠭᠲᠡᠢ᠃ ᠠᠯᠤᠰ ᠬᠢᠵᠠᠭ᠋ᠠᠷ ᠭᠠᠵᠠᠷ ᠣᠷᠣᠨ ᠪᠣᠯᠤᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠠᠵᠢᠯᠯᠠᠵᠤ ᠪᠠᠶ᠋ᠢᠭ᠎ᠠ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠳᠤ ᠪᠣᠯ ᠪᠣᠳᠠᠲᠠᠢ ᠠᠵᠢᠯ᠎ᠤᠨ ᠪᠦᠳᠦᠮᠵᠢ ᠵᠢ᠎ᠨᠢ ᠭᠣᠣᠯᠳᠠᠯᠭ᠎ᠠ᠎ᠲᠠᠢ ᠰᠢᠯᠭ᠋ᠠᠨ ᠪᠠᠶ᠋ᠢᠴᠠᠭ᠋ᠠᠵᠤ᠂ ᠥᠭᠦᠯᠡᠯ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠷ᠎ᠡ ᠪᠦᠲᠦᠭᠡᠯ᠎ᠤᠨ ᠱᠠᠭ᠋ᠠᠷᠳᠠᠯᠭ᠎ᠠ ᠲᠠᠯᠪᠢᠬᠤ ᠥᠬᠡᠢ ᠪᠠᠶ᠋ᠢᠬᠤ ᠬᠡᠷᠡᠭᠲᠡᠢ᠃ ᠨᠢᠭᠡᠳᠦᠭᠡᠷ ᠹᠷᠣᠨᠲ᠎ᠲᠤ ᠤᠷᠲᠤ ᠬᠤᠭᠤᠴᠠᠭ᠎ᠠ᠎ᠪᠠᠷ ᠠᠵᠢᠯᠯᠠᠭᠰᠠᠨ ᠲᠤᠰᠬᠠᠢ ᠮᠡᠷᠭᠡᠵᠢᠯ᠎ᠤᠨ ᠠᠵᠢᠯᠲᠠᠨ ᠰᠤᠷᠤᠯᠭ᠎ᠠ ᠵᠢᠨ ᠨᠠᠮᠲᠠᠷ᠂ ᠲᠤᠰᠬᠠᠢ ᠮᠡᠷᠭᠡᠵᠢᠯ ᠵᠡᠷᠭᠡ ᠨᠦᠬᠦᠴᠡᠯ᠎ᠳᠤ ᠬᠢᠵᠠᠭ᠋ᠠᠷᠯᠠᠭᠳᠠᠬᠤ ᠦᠬᠡᠢ᠎ᠪᠠᠷ ᠳᠡᠭᠡᠳᠦ ᠨᠢᠭᠡ ᠳᠡᠰ᠎ᠤᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠳᠤ ᠣᠷᠣᠯᠴᠠᠨ᠎ᠠ᠃ ᠡᠭᠦᠨ᠎ᠤ ᠬᠠᠮᠲᠤ᠂ ᠡᠨᠡ ᠵᠢᠯ ᠰᠢᠨ᠎ᠡ ᠬᠡᠯᠪᠡᠷᠢ ᠵᠢᠨ ᠠᠵᠢᠯ ᠮᠡᠷᠭᠡᠵᠢᠯ᠎ᠤᠨ ᠮᠠᠯᠴᠢᠨ ᠲᠠᠷᠢᠶᠠᠴᠢᠨ᠎ᠢ ᠰᠢᠯᠭ᠋ᠠᠷᠠᠭᠤᠯᠬᠤ ᠲᠤᠷᠰᠢᠯᠲᠠ ᠵᠢᠨ ᠴᠡᠭ᠎ᠢ ᠥᠷᠨᠢᠭᠦᠯᠵᠦ᠂ ᠰᠢᠯᠢᠳᠡᠭ ᠴᠢᠳᠠᠪᠤᠷᠢᠲᠠᠨ᠎ᠤ ᠦᠨᠳᠦᠰᠦᠨ ᠱᠠᠲᠤᠨ᠎ᠳᠤ ᠦᠨᠳᠦᠰᠦ ᠬᠠᠳᠬᠤᠨ᠂ ᠭᠠᠪᠢᠶ᠎ᠠ ᠵᠢᠳᠬᠦᠯ ᠭᠠᠷᠭ᠋ᠠᠨ ᠦᠢ᠍ᠯᠡᠰ ᠪᠦᠲᠦᠭᠡᠬᠦ ᠵᠢ ᠵᠣᠷᠢᠭᠵᠢᠭᠤᠯᠬᠤ ᠪᠣᠯᠤᠨ᠎ᠠ᠃
ᠴᠠᠭ᠎ᠤᠨ ᠬᠠᠷᠠᠭ᠋ᠠᠰᠤ᠎ᠠᠴᠠ ᠥᠨᠥᠳᠥᠷ ᠡᠳᠡᠭᠡᠷ ᠠᠭᠤᠯᠭ᠎ᠠ ᠵᠢ ᠳᠥᠬᠥᠮᠬᠡᠨ ᠲᠠᠨᠢᠯᠴᠠᠭᠤᠯᠤᠶ᠎ᠠ᠃ ᠮᠡᠷᠭᠡᠵᠢᠯ᠎ᠤᠨ ᠴᠣᠯᠠ ᠵᠢᠨ ᠥᠭᠡᠷᠡᠴᠢᠯᠡᠯᠲᠡ ᠵᠢᠨ ᠠᠵᠢᠯ᠎ᠢ ᠲᠣᠬᠢᠷᠠᠭᠤᠯᠬᠤ ᠰᠠᠨᠠᠯ᠎ᠢ ᠨᠢᠭᠡᠨᠳᠡ ᠮᠠᠨ᠎ᠤ ᠲᠢᠩᠬᠢᠮ᠎ᠤᠨ ᠫᠤᠷᠲ᠋ᠧᠯ ᠰᠦᠯᠵᠢᠶᠡᠨ ᠳᠡᠭᠡᠷ᠎ᠡ ᠨᠡᠶ᠋ᠢᠲᠡᠯᠡᠭᠰᠡᠨ ᠪᠥᠭᠡᠳ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠵᠡᠢ᠂ ᠪᠣᠳᠠᠲᠠᠢ ᠪᠠᠶ᠋ᠢᠳᠠᠯ᠎ᠢ ᠮᠠᠨ᠎ᠤ ᠲᠢᠩᠬᠢᠮ᠎ᠤᠨ ᠰᠦᠯᠵᠢᠶᠡᠨ᠎ᠠᠴᠠ ᠯᠠᠪᠯᠠᠵᠤ ᠪᠣᠯᠤᠨ᠎ᠠ᠃
ᠰᠣᠨᠢᠨ ᠮᠡᠳᠡᠭᠡ ᠨᠡᠢ᠌ᠳᠡᠯᠡᠭᠰᠡᠨ ᠴᠠᠭ᠄
2021 - 07—15 15 : 26