ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ ᠎ᠤᠨ ᠲᠦᠯᠦᠪᠵᠢᠬᠦᠯᠬᠡ》 ᠵᠢᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠲᠡᠬᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2021-12-02

     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ ᠎ᠤᠨ ᠲᠦᠯᠦᠪᠵᠢᠬᠦᠯᠬᠡ》 ᠵᠢᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ  ᠲᠡᠬᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ

内蒙古自治区“十四五”就业促进规划新闻发布会答记者问-1.jpg

   

    ᠥᠪᠥᠷ ᠮᠣᠩᠭᠣᠯ᠎ᠤᠨ  ᠷᠠᠳᠢᠤ᠋ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ᠄ ᠭᠣᠣᠯᠳᠠᠯᠭ᠎ᠠ᠎ᠲᠠᠢ ᠬᠥᠮᠦᠰ᠎ᠤᠨ ᠠᠵᠢᠯ ᠣᠯᠭᠣᠯᠲᠠ᠎ᠨᠢ ᠨᠡᠶ᠋ᠢᠭᠡᠮ᠎ᠤᠨ ᠡᠶ᠎ᠡ ᠵᠣᠬᠢᠴᠠᠩᠭᠤᠢ ᠲᠣᠭᠲᠠᠭᠤᠨ ᠪᠠᠶ᠋ᠢᠳᠠᠯ᠎ᠲᠠᠢ ᠬᠣᠯᠪᠣᠭᠳᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ ᠎ᠤᠨ ᠲᠦᠯᠦᠪᠵᠢᠬᠦᠯᠬᠡ》 ᠵᠢᠨ ᠬᠤᠭᠤᠴᠠᠭ᠋ᠠᠨ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠳᠡᠭᠡᠳᠦ ᠰᠤᠷᠭ᠋ᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠠᠵᠢᠯ ᠠᠯᠳᠠᠭᠰᠠᠳ ᠵᠡᠷᠭᠡ ᠭᠣᠣᠯᠳᠠᠯᠭ᠎ᠠ᠎ᠲᠠᠢ  ᠬᠦᠮᠤᠰ᠎ᠲᠤ ᠠᠵᠢᠯ ᠣᠯᠭᠣᠬᠤ ᠠᠵᠢᠯ᠎ᠢ ᠬᠡᠷᠬᠢᠨ ᠰᠠᠶ᠋ᠢᠲᠤᠷ ᠬᠢᠬᠦ ᠪᠣᠢ?

内蒙古自治区“十四五”就业促进规划新闻发布会答记者问-2.jpg

   

    ᠬᠠᠷᠢᠭᠤᠯᠲᠠ᠄ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠣᠯᠭᠣᠯᠲᠠ ᠵᠢ ᠠᠬᠢᠭᠤᠯᠬᠤ ᠭᠠᠵᠠᠷ᠎ᠤᠨ ᠳᠠᠷᠤᠭ᠎ᠠ ᠹᠦ᠋ ᠯᠢᠩ ᠲᠤᠤ )

    ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠭᠣᠣᠯᠳᠠᠯᠭ᠎ᠠ᠎ᠲᠠᠢ ᠬᠥᠮᠦᠰ᠎ᠤᠨ ᠠᠵᠢᠯ ᠣᠯᠭᠣᠯᠲᠠ ᠵᠢ ᠠᠬᠢᠭᠤᠯᠬᠤ ᠶᠠᠪᠤᠳᠠᠯ᠎ᠢ ᠠᠵᠢᠯ ᠣᠯᠭᠣᠯᠲᠠ ᠵᠢᠨ ᠠᠵᠢᠯ᠎ᠤᠨ  ᠴᠢᠬᠤᠯᠠ᠎ᠠᠴᠠ ᠴᠢᠬᠤᠯᠠ ᠵᠦᠢ᠍ᠯ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠪᠰᠤᠷᠤᠨ ᠲᠡᠳᠬᠦᠬᠦ ᠵᠢ ᠴᠢᠩᠭ᠋ᠠᠷᠠᠭᠤᠯᠤᠨ᠂ ᠳᠡᠭᠡᠳᠦ ᠰᠤᠷᠭ᠋ᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠠᠵᠢᠯ ᠠᠯᠳᠠᠭᠰᠠᠳ ᠵᠡᠷᠭᠡ ᠭᠣᠣᠯᠳᠠᠯᠭ᠎ᠠ᠎ᠲᠠᠢ ᠠᠵᠢᠯ ᠣᠯᠭᠣᠯᠲᠠ ᠵᠢᠨ ᠬᠦᠮᠤᠰ᠎ᠲᠤ ᠳᠡᠮᠵᠢᠯᠭᠡ ᠦᠵᠡᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠠᠵᠢᠯ ᠣᠯᠭᠣᠯᠲᠠ ᠵᠢᠨ ᠦᠨᠳᠦᠰᠦᠨ ᠪᠠᠶ᠋ᠢᠳᠠᠯ᠎ᠢ ᠡᠷᠡᠰ ᠲᠣᠭᠲᠠᠭᠤᠨ ᠪᠠᠢ᠌ᠯᠭ᠋ᠠᠨ᠎ᠠ᠃

    ᠳᠡᠭᠡᠳᠦ ᠰᠤᠷᠭ᠋ᠠᠭᠤᠯᠢ ᠲᠡᠭᠦᠰᠦᠭᠰᠡᠨ ᠰᠤᠷᠤᠭᠴᠢᠳ᠎ᠲᠤ ᠠᠵᠢᠯ ᠣᠯᠭᠣᠬᠤ ᠲᠠᠯ᠎ᠠ᠎ᠪᠠᠷ᠄
    《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ ᠎ᠤᠨ ᠲᠦᠯᠦᠪᠵᠢᠬᠦᠯᠬᠡ〉 ᠵᠢᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ》᠎ᠳᠤ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠬᠦ ᠵᠢ ᠴᠢᠬᠤᠯᠠᠴᠢᠯᠠᠬᠤ ᠵᠢᠨ ᠬᠠᠮᠲᠤ  《ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠲᠤ ᠠᠵᠢᠯ ᠤᠯᠭᠤᠬᠤ ᠵᠢ ᠲᠤᠪᠤᠢ᠌ᠯᠭ᠋ᠠᠬᠤ》 ᠵᠢ ᠠᠩᠬ᠎ᠠ ᠤᠳᠠᠭ᠎ᠠ ᠲᠣᠳᠣᠷᠬᠠᠢ  ᠲᠤᠷᠠᠳᠤᠵᠤ ᠭᠠᠷᠭ᠋ᠠᠭᠰᠠᠨ ᠪᠥᠭᠡᠳ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠶᠠᠪᠤᠳᠠᠯ᠎ᠢ ᠠᠵᠢᠯ ᠣᠯᠭᠣᠬᠤ ᠠᠵᠢᠯ᠎ᠤᠨ ᠳᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠲᠤᠰᠠᠭ᠋ᠠᠷ ᠪᠠᠶ᠋ᠢᠷᠢᠯᠠᠭᠤᠯᠤᠯᠲᠠ ᠬᠢᠵᠦ ᠲᠣᠬᠢᠷᠠᠭᠤᠯᠤᠨ᠂ ᠬᠠᠩᠭ᠋ᠠᠯᠭ᠎ᠠ ᠬᠡᠷᠡᠭᠴᠡᠭᠡ ᠵᠢᠨ ᠬᠣᠶᠠᠷ ᠲᠠᠯ᠎ᠠ ᠎ᠠᠴᠠ ᠬᠦᠴᠦᠯᠡᠬᠦ᠂ ᠲᠥᠷᠥ ᠵᠢᠨ ᠪᠣᠳᠣᠯᠭ᠎ᠠ ᠦᠢ᠍ᠯᠡᠴᠢᠯᠡᠬᠡ᠎ᠪᠠᠷ ᠲᠤᠯᠭ᠋ᠠᠭᠤᠷᠢᠯᠠᠬᠤ᠎ᠪᠠᠷ ᠳᠠᠮᠵᠢᠭᠤᠯᠤᠨ᠂ ᠵᠠᠯᠠᠭᠤᠴᠤᠳ᠎ᠤᠨ ᠠᠵᠢᠯ ᠣᠯᠵᠤ  ᠦᠢ᠍ᠯᠡᠰ ᠪᠤᠰᠬᠠᠬᠤ ᠵᠢ ᠣᠯᠠᠨ ᠠᠷᠭ᠎ᠠ ᠵᠠᠮ ᠵᠶ᠋ᠠᠷ  ᠠᠬᠢᠭᠤᠯᠵᠠᠢ᠃  ᠳᠣᠣᠷᠠᠬᠢ ᠬᠡᠳᠦᠨ ᠲᠠᠯ᠎ᠠ ᠵᠢᠨ ᠪᠤᠳᠠᠳᠠᠢ ᠠᠷᠭ᠎ᠠ ᠬᠡᠮᠵᠢᠶ᠎ᠡ ᠪᠤᠢ᠃  ᠨᠢᠭᠡ᠎ᠳᠤ᠂ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠲᠤ ᠨᠡᠩ ᠣᠯᠠᠨ ᠠᠵᠢᠯ ᠣᠯᠬᠤ ᠲᠣᠬᠢᠶᠠᠯ᠎ᠢ ᠪᠣᠢ ᠪᠣᠯᠭ᠋ᠠᠨ᠎ᠠ᠃ ᠨᠡᠩ ᠣᠯᠠᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠂ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ᠎ᠤ ᠦᠢ᠍ᠯᠡᠳᠬᠦ ᠦᠢ᠍ᠯᠡᠰ ᠵᠡᠷᠭᠡ ᠪᠠᠶ᠋ᠢᠯᠳᠤᠬᠤ ᠪᠣᠳᠣᠯᠭ᠎ᠠ ᠵᠢᠨ ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠪᠣᠯᠤᠨ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠢᠴᠢ ᠰᠢᠨ᠎ᠡ  ᠦᠢ᠍ᠯᠡᠰ᠎ᠤᠨ ᠬᠡᠯᠪᠡᠷᠢ ᠪᠦᠬᠦᠢ ᠬᠦᠷᠢᠶᠡᠨ᠎ᠳᠤ ᠣᠴᠢᠵᠤ ᠠᠵᠢᠯ ᠣᠯᠵᠤ  ᠦᠢ᠍ᠯᠡᠰ ᠪᠤᠰᠬᠠᠬᠤ ᠵᠢ ᠵᠣᠷᠢᠭᠵᠢᠭᠤᠯᠬᠤ ᠪᠠ ᠬᠥᠲᠥᠯᠦᠨ ᠵᠢᠯᠣᠭᠣᠳᠤᠨ᠎ᠠ᠃ ᠬᠣᠶᠠᠷ᠎ᠲᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠦᠨᠳᠦᠰᠦᠨ ᠱᠠᠲᠤᠨ᠎ᠳᠤ ᠣᠴᠢᠵᠤ ᠠᠵᠢᠯ ᠣᠯᠬᠤ ᠵᠢ  ᠵᠤᠷᠢᠭᠵᠢᠭᠤᠯᠵᠤ ᠬᠥᠲᠥᠯᠦᠨ ᠵᠢᠯᠣᠭᠣᠳᠤᠨ᠎ᠠ᠃ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》᠂ ᠨᠡᠶ᠋ᠢᠭᠡᠮ ᠲᠣᠭᠣᠷᠢᠭ᠎ᠤᠨ ᠠᠷᠠᠳ᠎ᠤᠨ ᠠᠮᠢᠳᠤᠷᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠥᠯᠥᠪᠯᠡᠭᠡ᠂ ᠲᠠᠷᠢᠶᠠᠯᠠᠬᠤ ᠮᠠᠯᠵᠢᠬᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠳᠤᠨ᠎ᠤ ᠰᠤᠷᠭ᠋ᠠᠭᠤᠯᠢ ᠵᠢᠨ ᠪᠠᠭᠰᠢ ᠨᠠᠷ᠎ᠲᠤ ᠣᠨᠴᠣᠭᠣᠢ ᠠᠵᠢᠯ᠎ᠤᠨ ᠪᠠᠶ᠋ᠢᠷᠢ ᠭᠠᠷᠭ᠋ᠠᠬᠤ ᠲᠥᠯᠥᠪᠯᠡᠭᠡ ᠪᠣᠯᠤᠨ ᠪᠠᠷᠠᠭᠤᠨ ᠣᠷᠣᠨ᠎ᠳᠤ ᠰᠠᠶ᠋ᠢᠨ ᠳᠤᠷ᠎ᠠ᠎ᠠᠴᠠ᠎ᠪᠠᠨ ᠦᠢ᠍ᠯᠡᠴᠢᠯᠡᠬᠦ ᠲᠥᠯᠥᠪᠯᠡᠭᠡ ᠵᠡᠷᠭᠡ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢᠨ ᠬᠠᠮᠢᠶᠠᠷᠤᠯᠲᠠ ᠪᠣᠯᠤᠨ ᠨᠡᠶ᠋ᠢᠭᠡᠮ᠎ᠤᠨ ᠦᠢ᠍ᠯᠡᠴᠢᠯᠡᠭᠡ  ᠵᠢᠨ ᠠᠵᠢᠯ᠎ᠤᠨ ᠪᠠᠶ᠋ᠢᠷᠢ ᠵᠢ ᠬᠤᠳᠠᠯᠳᠤᠨ ᠠᠪᠬᠤ ᠡᠷᠴᠢᠮ᠎ᠢ ᠨᠡᠮᠡᠭᠳᠡᠭᠦᠯᠦᠨ᠎ᠡ᠃ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠠᠵᠢᠯ ᠮᠡᠷᠭᠡᠵᠢᠯ᠎ᠤᠨ ᠬᠥᠭᠵᠢᠯᠲᠡ ᠬᠢᠭᠡᠳ ᠠᠵᠢᠯ ᠣᠯᠭᠣᠯᠲᠠ ᠵᠢ ᠵᠢᠯᠣᠭᠣᠳᠬᠤ ᠬᠢᠴᠢᠶᠡᠯ᠎ᠢ ᠪᠦᠬᠦᠢ᠍ᠯᠡ ᠴᠢᠳᠠᠪᠤᠷᠢᠲᠠᠨ ᠬᠥᠮᠦᠵᠢᠭᠦᠯᠬᠦ ᠰᠢᠰᠲᠸᠮ᠎ᠳᠤ ᠲᠤᠤᠱᠯᠠᠭᠤᠯᠵᠤ᠂ ᠠᠵᠢᠯ᠎ᠤᠨ ᠵᠠᠮ᠎ᠢ᠎ᠨᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ᠂ ᠠᠵᠢᠯ ᠡᠷᠢᠵᠦ ᠠᠵᠢᠯ ᠣᠯᠬᠤ ᠴᠢᠳᠠᠪᠤᠷᠢ ᠵᠢ᠎ᠨᠢ ᠲᠡᠬᠡᠭᠰᠢᠯᠡᠬᠦᠯᠤᠨ᠎ᠠ᠃ ᠭᠤᠷᠪᠠ᠎ᠳᠤ᠂ ᠵᠠᠯᠠᠭᠤᠴᠤᠳ᠎ᠤᠨ ᠠᠵᠢᠯ ᠤᠯᠭᠤᠯᠳᠠ ᠵᠢ ᠡᠬᠢᠯᠡᠬᠦᠯᠬᠦ ᠲᠥᠯᠥᠪᠯᠡᠭᠡ ᠵᠢ ᠬᠡᠷᠡᠭᠵᠢᠭᠦᠯᠵᠦ᠂ ᠵᠠᠯᠠᠭᠤᠴᠤᠳ᠎ᠤᠨ ᠣᠨᠴᠠᠯᠢᠭ᠎ᠲᠤ ᠲᠣᠬᠢᠷᠠᠭᠰᠠᠨ ᠠᠵᠢᠯ ᠣᠯᠭᠣᠬᠤ ᠦᠢ᠍ᠯᠡᠴᠢᠯᠡᠭᠡᠨ᠎ᠤ ᠵᠠᠭᠪᠤᠷ᠎ᠢ ᠬᠠᠶ᠋ᠢᠨ ᠰᠦᠪᠡᠭᠴᠢᠯᠡᠵᠦ᠂ ᠦᠢ᠍ᠯᠡᠳᠦᠯᠭᠡ᠎ᠪᠠᠷ ᠬᠥᠲᠥᠯᠦᠨ ᠵᠢᠯᠣᠭᠣᠳᠬᠤ᠂ ᠲᠥᠷᠥᠯ ᠬᠤᠪᠢᠶᠠᠨ ᠵᠢᠯᠣᠭᠣᠳᠬᠤ ᠪᠠ ᠮᠥᠷᠳᠡᠨ ᠬᠠᠪᠰᠤᠷᠬᠤ᠎ᠪᠠᠷ ᠳᠠᠮᠵᠢᠭᠤᠯᠤᠨ᠂ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠳᠠᠳᠤᠯᠭ᠎ᠠ ᠬᠢᠬᠦ ᠪᠠ ᠤᠷ᠎ᠠ ᠴᠢᠳᠠᠪᠤᠷᠢ ᠵᠢᠨ ᠪᠣᠯᠪᠠᠰᠤᠷᠠᠯ᠎ᠳᠤ ᠣᠷᠣᠯᠴᠠᠬᠤ ᠵᠢ ᠳᠡᠮᠵᠢᠵᠦ᠂ ᠵᠠᠯᠠᠭᠤᠴᠤᠳ᠎ᠤᠨ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠣᠯᠲᠠ ᠵᠢ ᠪᠡᠶᠡᠯᠡᠭᠦᠯᠬᠦ ᠵᠢ  ᠬᠠᠪᠰᠤᠷᠤᠨ᠎ᠠ᠃ ᠳᠥᠷᠪᠡ᠎ᠳᠤ᠂ ᠵᠠᠯᠠᠭᠤᠴᠤᠳ ᠎ᠤᠨ ᠠᠵᠢᠯ ᠣᠯᠵᠤ ᠦᠢ᠍ᠯᠡᠰ ᠪᠣᠰᠬᠠᠬᠤ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠦᠨ᠎ᠡ᠃  ᠰᠦᠯᠵᠢᠶᠡᠨ ᠳᠡᠭᠡᠷ᠎ᠡ ᠪᠠ ᠰᠦᠯᠵᠢᠶᠡᠨ᠋᠎ᠠᠴᠠ ᠭᠠᠳᠠᠨᠠᠬᠢ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠠᠵᠢᠯᠯᠠᠭ᠎ᠠ ᠵᠢ  ᠪᠠᠢ᠌ᠩᠭᠤ ᠵᠣᠬᠢᠶᠠᠨ ᠪᠠᠶ᠋ᠢᠭᠤᠯᠵᠤ᠂ ᠠᠵᠢᠯ ᠣᠯᠭᠣᠬᠤ ᠬᠠᠩᠭ᠋ᠠᠯᠭ᠎ᠠ ᠬᠡᠷᠡᠭᠴᠡᠭᠡ ᠵᠢ  ᠣᠨᠣᠪᠴᠢᠲᠠᠢ᠎ᠪᠠᠷ ᠵᠣᠯᠭ᠋ᠠᠭᠤᠯᠬᠤ ᠵᠢ ᠠᠬᠢᠭᠤᠯᠤᠨ᠎ᠠ᠃  ᠰᠤᠷᠭ᠋ᠠᠭᠤᠯᠢ᠎ᠠᠴᠠ᠎ᠪᠠᠨ ᠰᠠᠯᠤᠭ᠋ᠠᠳ ᠠᠵᠢᠯ ᠣᠯᠤᠭ᠋ᠠᠳᠤᠢ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠦᠨᠡᠨ ᠨᠡᠷ᠎ᠡ ᠵᠢᠨ ᠦᠢ᠍ᠯᠡᠴᠢᠯᠡᠭᠡ ᠬᠢᠬᠦ᠂ ᠬᠦᠴᠢᠷᠳᠡᠯᠲᠡᠢ ᠰᠤᠷᠭ᠋ᠠᠭᠤᠯᠢ ᠲᠡᠭᠦᠰᠦᠭᠰᠡᠳ᠎ᠲᠤ  ᠲᠤᠰᠠᠯᠠᠵᠤ ᠠᠵᠢᠯ ᠣᠯᠭᠣᠬᠤ  ᠪᠠ ᠤᠷᠲᠤ ᠬᠤᠭᠤᠴᠠᠭ᠎ᠠ᠎ᠪᠠᠷ ᠠᠵᠢᠯ ᠠᠯᠳᠠᠭᠰᠠᠨ ᠵᠠᠯᠠᠭᠤᠴᠤᠳ᠎ᠲᠤ ᠠᠵᠢᠯ ᠣᠯᠭᠣᠬᠤ ᠵᠢ ᠬᠠᠪᠰᠤᠷᠤᠨ ᠲᠡᠳᠬᠦᠬᠦ ᠲᠣᠭᠲᠠᠴᠠ ᠵᠢ ᠪᠦᠷᠢᠨᠰᠢᠭᠦᠯᠵᠦ᠂  ᠰᠤᠷᠭ᠋ᠠᠭᠤᠯᠢ᠎ᠠᠴᠠ᠎ᠪᠠᠨ ᠰᠠᠯᠤᠭ᠋ᠠᠳ ᠠᠵᠢᠯ ᠣᠯᠤᠭ᠋ᠠᠳᠤᠢ ᠲᠡᠭᠦᠰᠦᠭᠰᠡᠳ᠂ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠶ᠋ᠢᠭ᠎ᠠ ᠭᠡᠷ ᠪᠦᠯᠢ᠂ ᠠᠵᠢᠯ ᠣᠯᠤᠭᠰᠠᠨ  ᠬᠦᠮᠤᠨ ᠥᠬᠡᠢ ᠭᠡᠷ ᠪᠦᠯᠢ ᠪᠣᠯᠤᠨ ᠵᠡᠮᠳᠡᠭ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠲᠤ ᠠᠵᠢᠯ ᠣᠯᠭᠣᠬᠤ ᠵᠢ ᠬᠠᠪᠰᠤᠷᠤᠨ ᠲᠡᠳᠬᠦᠬᠦ ᠵᠢ ᠴᠢᠩᠭ᠋ᠠᠷᠠᠭᠤᠯᠤᠨ᠎ᠠ᠃

    ᠡᠭᠦᠨ᠎ᠲᠠᠢ ᠬᠠᠮᠲᠤ᠂ ᠪᠢᠳᠡ ᠲᠥᠷᠥᠯ ᠵᠦᠢ᠍ᠯ ᠵᠶ᠋ᠠᠷ ᠲᠤᠯᠭ᠋ᠠᠭᠤᠷᠢᠯᠠᠬᠤ᠎ᠪᠠᠷ ᠲᠠᠮᠵᠢᠵᠤ ᠳᠡᠭᠡᠳᠦ ᠰᠤᠷᠭ᠋ᠠᠭᠤᠯᠢ ᠲᠡᠬᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠣᠯᠲᠠ ᠵᠢᠨ ᠠᠵᠢᠯ᠎ᠤᠨ ᠡᠭᠦᠷᠭᠡ ᠵᠢ ᠲᠦᠯᠬᠢᠨ ᠠᠬᠢᠭᠤᠯᠤᠨ᠎ᠠ᠃  ᠳᠡᠭᠡᠳᠦ ᠰᠤᠷᠭ᠋ᠠᠭᠤᠯᠢ ᠎ᠠᠴᠠ ᠲᠡᠬᠦᠰᠦᠭᠰᠡᠳ᠎ᠤᠨ ᠠᠵᠢᠯ᠎ᠤᠨ ᠪᠠᠶ᠋ᠢᠷᠢ ᠵᠢ ᠥᠷᠭᠡᠳᠬᠡᠬᠦ ᠲᠥᠷᠥᠯ ᠵᠦᠢ᠍ᠯ᠂  ᠰᠤᠷᠭ᠋ᠠᠭᠤᠯᠢ᠎ᠪᠠᠨ ᠰᠠᠯᠤᠭ᠋ᠠᠳ ᠠᠵᠢᠯ ᠤᠯᠤᠭ᠎ᠠ ᠦᠬᠡᠢ ᠲᠡᠬᠡᠳᠤ ᠰᠤᠷᠭ᠋ᠠᠭᠤᠯᠢ ᠲᠡᠬᠦᠰᠦᠭᠰᠡᠳ᠎ᠲᠤ  ᠦᠨᠡᠨ ᠨᠡᠷ᠎ᠡ ᠵᠢᠨ ᠳᠦᠷᠢᠮᠲᠦ ᠦᠢ᠍ᠯᠡᠴᠢᠯᠡᠭᠡ ᠬᠠᠩᠭ᠋ᠠᠬᠤ 2 ᠲᠥᠷᠥᠯ ᠵᠦᠢ᠍ᠯ ᠎ᠢ ᠲᠤᠬᠢᠷᠠᠭᠤᠯᠵᠤ᠂ ᠵᠠᠯᠠᠭᠤᠴᠤᠳ᠎ᠤᠨ ᠠᠵᠢᠯ ᠣᠯᠵᠤ  ᠦᠢ᠍ᠯᠡᠰ ᠪᠤᠰᠬᠠᠬᠤ᠎ᠳᠤ ᠨᠥᠬᠥᠴᠡᠯ ᠪᠦᠷᠢᠯᠳᠦᠭᠦᠯᠦᠨ᠂ ᠲᠡᠳᠡᠨᠡᠷ᠎ᠤᠨ ᠰᠡᠴᠡᠨ ᠰᠡᠷᠭᠦᠯᠡᠩ ᠠᠪᠢᠶᠠᠰ ᠪᠢᠯᠢᠭ ᠵᠶ᠋ᠡᠷ ᠤᠯᠤᠰ ᠣᠷᠣᠨ᠎ᠳᠤ ᠬᠤᠪᠢ ᠨᠡᠮᠡᠷᠢ᠎ᠪᠠᠨ ᠦᠵᠡᠬᠦᠯᠵᠤ᠂  ᠡᠬᠦᠳᠤᠨ  ᠲᠠᠪᠰᠢᠵᠤ ᠨᠡᠢ᠌ᠬᠡᠮ᠎ᠳᠤ ᠦᠢ᠍ᠯᠡᠴᠢᠯᠡᠬᠦ᠎ᠳᠤ ᠲᠤᠰᠠᠯᠠᠵᠠᠢ᠃

    ᠬᠥᠯᠥᠰᠥᠨ ᠠᠵᠢᠯᠴᠢᠨ᠎ᠤ ᠠᠵᠢᠯ ᠣᠯᠭᠣᠯᠲᠠ ᠵᠢ ᠠᠬᠢᠭᠤᠯᠬᠤ ᠲᠠᠯ᠎ᠠ᠎ᠪᠠᠷ᠄
    《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ ᠎ᠤᠨ ᠲᠦᠯᠦᠪᠵᠢᠬᠦᠯᠬᠡ〉 ᠵᠢᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ》᠎ᠳᠤ ᠲᠠᠷᠢᠶᠠᠴᠢᠨ ᠮᠠᠯᠴᠢᠨ ᠬᠦᠴᠦ ᠶᠠᠪᠤᠭᠰᠠᠳ᠎ᠤᠨ ᠠᠵᠢᠯ ᠣᠯᠭᠣᠯᠲᠠ ᠵᠢ ᠠᠬᠢᠭᠤᠯᠬᠤ ᠴᠢᠬᠤᠯᠠ ᠪᠠᠶ᠋ᠢᠷᠢ ᠰᠠᠭᠤᠷᠢ ᠵᠢ ᠤᠯᠠᠮ ᠨᠢᠭᠡ ᠠᠯᠬᠤᠮ ᠳᠣᠪᠣᠶ᠋ᠢᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠣᠯᠠᠨ  ᠪᠠᠢ᠌ᠷᠢᠰᠢᠯ᠎ᠠᠴᠠ ᠲᠠᠷᠢᠶᠠᠴᠢᠨ ᠮᠠᠯᠴᠢᠨ ᠬᠦᠴᠦ ᠶᠠᠪᠤᠭᠰᠠᠳ᠎ᠤᠨ ᠠᠵᠢᠯ ᠣᠯᠭᠣᠯᠲᠠ ᠵᠢ ᠦᠷᠭᠦᠯᠵᠢᠯᠡᠨ  ᠬᠦᠴᠤᠯᠡᠵᠤ ᠠᠬᠢᠭᠤᠯᠤᠨ᠎ᠠ ᠬᠡᠵᠤ ᠲᠤᠷᠠᠳᠴᠠᠢ᠃ ᠨᠢᠭᠡ᠎ᠳᠤ᠂ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ ᠪᠠ ᠰᠢᠯᠢᠳᠡᠭᠵᠢᠭᠦᠯᠬᠦ᠎ᠪᠠᠷ ᠳᠠᠮᠵᠢᠭᠤᠯᠤᠨ ᠠᠵᠢᠯ ᠣᠯᠭᠣᠬᠤ ᠠᠷᠭ᠎ᠠ ᠵᠠᠮ᠎ᠢ ᠥᠷᠭᠡᠵᠢᠭᠦᠯᠦᠨ᠎ᠡ᠃  ᠰᠢᠶᠠᠨ᠎ᠤ ᠬᠡᠪᠴᠢᠶᠡᠨ᠎ᠤ ᠠᠵᠤ ᠠᠬᠤᠢ ᠪᠣᠯᠤᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠲᠣᠭᠣᠷᠢᠨ᠎ᠳᠤ ᠠᠵᠢᠯ ᠣᠯᠭᠣᠬᠤ ᠠᠷᠭ᠎ᠠ ᠵᠠᠮ᠎ᠢ  ᠦᠷᠬᠡᠵᠢᠬᠦᠯᠤᠨ᠎ᠠ᠃ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠵᠢ ᠶᠡᠬᠡᠪᠡᠷ ᠬᠥᠭᠵᠢᠭᠦᠯᠵᠦ᠂ ᠰᠢᠨ᠎ᠡ ᠮᠠᠶᠢᠭ᠎ᠤᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠣᠣᠯ ᠴᠣᠭᠴᠠ ᠵᠢᠨ ᠬᠥᠭᠵᠢᠯᠲᠡ ᠵᠢ ᠳᠡᠮᠵᠢᠵᠦ᠂ ᠰᠢᠨ᠎ᠡ ᠦᠢ᠍ᠯᠡᠰ᠎ᠤᠨ ᠬᠡᠯᠪᠡᠷᠢ ᠪᠦᠬᠦᠢ ᠬᠥᠭᠵᠢᠯᠲᠡ ᠵᠡᠷᠭᠡ ᠵᠢ ᠵᠣᠷᠢᠭᠵᠢᠭᠤᠯᠤᠨ ᠵᠢᠷᠤᠮᠵᠢᠭᠤᠯᠵᠤ ᠂ ᠲᠠᠷᠢᠶᠠᠴᠢᠨ  ᠮᠠᠯᠴᠢᠨ ᠬᠦᠴᠦ ᠶᠠᠪᠤᠭᠰᠠᠳ᠎ᠢ ᠬᠦᠯᠢᠶᠡᠨ ᠠᠪᠴᠤ ᠠᠵᠢᠯ ᠣᠯᠭᠣᠨ᠎ᠠ᠃ ᠬᠣᠶᠠᠷ᠎ᠲᠤ᠂ ᠬᠥᠳᠡᠯᠮᠦᠷᠢ ᠦᠢ᠍ᠯᠡᠴᠢᠯᠡᠭᠡᠨ᠎ᠤ  ᠨᠡᠷ᠎ᠡ ᠲᠡᠮᠳᠡᠭ ᠵᠶ᠋ᠡᠷ ᠠᠵᠢᠯ ᠣᠯᠭᠣᠯᠲᠠ ᠵᠢ ᠠᠬᠢᠭᠤᠯᠬᠤ ᠲᠥᠯᠥᠪᠯᠡᠭᠡ ᠵᠢ ᠬᠡᠷᠡᠭᠵᠢᠭᠦᠯᠦᠨ᠎ᠡ᠃ ᠣᠷᠣᠨ ᠪᠦᠰᠡ ᠵᠢᠨ ᠣᠨᠴᠠᠯᠢᠭ᠎ᠲᠠᠢ᠂ ᠠᠵᠢᠯ ᠲᠥᠷᠥᠯ᠎ᠤᠨ ᠣᠨᠴᠠᠯᠢᠭ᠎ᠲᠠᠢ᠂ ᠮᠡᠷᠭᠡᠵᠢᠯ᠎ᠤᠨ ᠴᠢᠳᠠᠪᠤᠷᠢ ᠵᠢᠨ ᠣᠨᠴᠠᠯᠢᠭ᠎ᠲᠠᠢ ᠨᠢᠭᠡ ᠪᠦᠯᠦᠭ ᠲᠠᠷᠢᠶᠠᠯᠠᠬᠤ ᠮᠠᠯᠵᠢᠬᠤ ᠣᠷᠣᠨ᠎ᠤ ᠬᠥᠳᠡᠯᠮᠦᠷᠢ ᠬᠦᠴᠦᠨ᠎ᠤ ᠠᠵᠢᠯ ᠣᠯᠭᠣᠯᠲᠠ ᠵᠢᠨ ᠦᠷ᠎ᠡ ᠪᠦᠲᠦᠮᠵᠢ᠎ᠪᠠᠷ ᠰᠠᠶ᠋ᠢᠨ ᠬᠥᠳᠡᠯᠮᠦᠷᠢ ᠦᠢ᠍ᠯᠡᠴᠢᠯᠡᠭᠡᠨ᠎ᠤ  ᠨᠡᠷ᠎ᠡ ᠲᠡᠮᠳᠡᠭ᠎ᠢ ᠳᠠᠶ᠋ᠢᠴᠢᠯᠠᠵᠤ᠂ ᠬᠥᠳᠡᠯᠮᠦᠷᠢ ᠦᠢ᠍ᠯᠡᠴᠢᠯᠡᠭᠡᠨ᠎ᠤ ᠭᠠᠷᠭ᠋ᠠᠯᠲᠠ ᠵᠢ  ᠵᠤᠬᠢᠶᠠᠨ ᠪᠠᠢ᠌ᠭᠤᠯᠬᠤ ᠬᠡᠮᠵᠢᠶ᠎ᠡ ᠵᠢ ᠳᠡᠭᠡᠭᠰᠢᠯᠡᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠬᠥᠳᠡᠯᠮᠦᠷᠢ ᠬᠦᠴᠦᠨ᠎ᠤ ᠰᠢᠯᠵᠢᠵᠦ ᠠᠵᠢᠯ ᠣᠯᠬᠤ ᠵᠢ  ᠠᠬᠢᠭᠤᠯᠤᠨ᠎ᠠ᠃ ᠭᠤᠷᠪᠠ᠎ᠳᠤ ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠮᠡᠳᠡᠯᠭᠡ ᠪᠣᠯᠪᠠᠰᠤᠷᠠᠯ᠎ᠢ ᠳᠡᠭᠡᠭᠰᠢᠯᠡᠭᠦᠯᠬᠦ ᠢᠨᠵᠧᠨᠧᠷᠢᠩ ᠪᠣᠯᠤᠨ ᠥᠨᠳᠥᠷ ᠮᠡᠳᠡᠯᠭᠡ ᠪᠣᠯᠪᠠᠰᠤᠷᠠᠯ᠎ᠲᠠᠢ ᠮᠠᠯᠴᠢᠨ ᠲᠠᠷᠢᠶᠠᠴᠢᠳ᠎ᠢ ᠬᠥᠮᠦᠵᠢᠭᠦᠯᠬᠦ ᠲᠥᠯᠥᠪᠯᠡᠭᠡ ᠵᠢ  ᠬᠡᠷᠡᠭᠵᠢᠬᠦᠯᠤᠨ᠎ᠠ᠃ ᠰᠢᠨ᠎ᠡ ᠴᠠᠭ ᠦᠶ᠎ᠡ ᠵᠢᠨ ᠲᠠᠷᠢᠶᠠᠴᠢᠨ ᠮᠠᠯᠴᠢᠨ ᠬᠦᠴᠦ ᠶᠠᠪᠤᠭᠰᠠᠳ᠎ᠤᠨ ᠡᠷᠬᠢᠯᠡᠭᠰᠡᠨ ᠠᠵᠢᠯ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠲᠥᠯᠥᠪᠯᠡᠭᠡ ᠵᠢ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠲᠤᠰ ᠪᠡᠶ᠎ᠡ ᠵᠢᠨ ᠶᠡᠷᠦᠩᠬᠡᠶ᠋ᠢᠯᠡᠭᠰᠡᠨ ᠬᠡᠪ  ᠪᠤᠯᠪᠠᠰᠤᠷᠠᠯ᠎ᠢ᠎ᠨᠢ ᠳᠡᠭᠡᠭᠰᠢᠯᠡᠭᠦᠯᠦᠨ᠂  ᠪᠤᠯᠪᠠᠰᠤᠷᠠᠯ᠎ᠤᠨ ᠳᠠᠷᠠᠭ᠎ᠠ ᠠᠵᠢᠯ ᠣᠯᠬᠤ ᠨᠣᠷᠮ᠎ᠠ ᠵᠢ  ᠲᠡᠬᠡᠭᠰᠢᠯᠡᠬᠦᠯᠤᠨ᠎ᠠ᠃ ᠳᠥᠷᠪᠡ᠎ᠳᠤ᠂ ᠠᠵᠢᠯ ᠣᠯᠭᠣᠬᠤ ᠦᠢ᠍ᠯᠡᠴᠢᠯᠡᠭᠡᠨ᠎ᠤ ᠴᠢᠳᠠᠮᠵᠢ ᠵᠢ ᠲᠡᠭᠦᠯᠳᠡᠷᠵᠢᠭᠦᠯᠦᠨ᠎ᠡ᠃ ᠭᠠᠳᠠᠭᠰᠢ ᠭᠠᠷᠴᠤ ᠬᠦᠴᠦ ᠶᠠᠪᠤᠬᠤ ᠦᠢ᠍ᠯᠡᠴᠢᠯᠡᠭᠡᠨ᠎ᠤ ᠲᠥᠪ᠂ ᠬᠥᠳᠡᠯᠮᠦᠷᠢ ᠦᠢ᠍ᠯᠡᠴᠢᠯᠡᠭᠡᠨ᠎ᠤ ᠵᠠᠬ᠎ᠠ ᠳᠡᠯᠭᠡᠭᠦᠷ ᠪᠤᠶᠤ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠢ ᠪᠦᠲᠦᠭᠡᠨ ᠪᠠᠶ᠋ᠢᠭᠤᠯᠵᠤ᠂ ᠦᠢ᠍ᠯᠡᠴᠢᠯᠡᠭᠡᠨ᠎ᠤ ᠴᠢᠳᠠᠮᠵᠢ ᠵᠢ᠎ᠨᠢ ᠲᠡᠭᠦᠯᠳᠡᠷᠵᠢᠭᠦᠯᠦᠨ᠂ ᠭᠠᠵᠠᠷ ᠣᠷᠣᠨ᠎ᠤ ᠬᠣᠭᠣᠷᠣᠨᠳᠣᠬᠢ ᠬᠥᠳᠡᠯᠮᠦᠷᠢ ᠦᠢ᠍ᠯᠡᠴᠢᠯᠡᠭᠡᠨ᠎ᠤ ᠵᠣᠯᠭ᠋ᠠᠯᠲᠠ ᠵᠢ  ᠴᠢᠩᠭ᠋ᠠᠷᠠᠭᠤᠯᠤᠨ᠎ᠠ᠃ ᠲᠠᠪᠤ᠎ᠳᠤ ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠎ᠤᠨ ᠣᠶ᠋ᠢᠷ᠎ᠠ ᠬᠠᠪᠢ᠎ᠳᠠᠭᠠᠨ  ᠪᠤᠶᠤ ᠲᠤᠬᠠᠢ ᠵᠢᠨ ᠭᠠᠵᠠᠷ ᠎ᠲᠠᠭᠠᠨ ᠠᠵᠢᠯ ᠣᠯᠬᠤ ᠵᠢ ᠠᠬᠢᠭᠤᠯᠤᠨ᠎ᠠ᠃  ᠠᠩᠬᠢᠵᠢᠷᠠᠭᠤᠯᠵᠤ ᠪᠣᠭᠣᠮᠲᠠ ᠰᠢᠪᠲᠤᠯᠬᠤ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠰᠢᠯᠵᠢᠯᠲᠡ ᠵᠢᠨ ᠬᠤᠭᠤᠴᠠᠭ᠎ᠠ ᠵᠢ ᠠᠳᠬᠤᠵᠤ᠂ ᠲᠠᠷᠢᠶᠠᠯᠠᠬᠤ ᠮᠠᠯᠵᠢᠬᠤ ᠣᠷᠣᠨ᠎ᠤ ᠰᠠᠭᠤᠷᠢ ᠪᠡᠯᠡᠳᠬᠡᠮᠵᠢ᠂ ᠲᠠᠷᠢᠶᠠᠯᠠᠬᠤ ᠮᠠᠯᠵᠢᠬᠤ ᠣᠷᠣᠨ᠎ᠤ ᠠᠵᠤ ᠦᠢ᠍ᠯᠡᠰ᠎ᠤᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠪᠣᠯᠤᠨ ᠣᠢ ᠰᠢᠭᠤᠢ ᠵᠢᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠲᠠᠷᠢᠶᠠᠯᠠᠬᠤ ᠮᠠᠯᠵᠢᠬᠤ ᠣᠷᠣᠨ᠎ᠤ ᠬᠥᠳᠡᠯᠮᠦᠷᠢ ᠬᠦᠴᠦᠨ᠎ᠤ ᠣᠶ᠋ᠢᠷ᠎ᠠ ᠬᠠᠪᠢ᠎ᠳᠠᠭᠠᠨ  ᠪᠤᠶᠤ ᠲᠤᠬᠠᠢ ᠵᠢᠨ ᠭᠠᠵᠠᠷ ᠎ᠲᠠᠭᠠᠨ ᠠᠵᠢᠯ ᠣᠯᠬᠤ ᠵᠢ ᠲᠦᠯᠬᠢᠨ ᠠᠬᠢᠭᠤᠯᠤᠨ᠎ᠠ᠃ ᠵᠢᠷᠭᠤᠭ᠎ᠠ᠎ᠳᠤ᠂  ᠲᠠᠷᠢᠶᠠᠯᠠᠬᠤ ᠮᠠᠯᠵᠢᠬᠤ ᠣᠷᠣᠨ᠎ᠤ ᠬᠥᠳᠡᠯᠮᠦᠷᠢ ᠬᠦᠴᠦᠨ᠎ᠤ ᠨᠤᠲᠤᠭ᠎ᠲᠠᠭᠠᠨ ᠪᠤᠴᠠᠵᠤ   ᠦᠢ᠍ᠯᠡᠰ  ᠪᠤᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠵᠢ ᠠᠬᠢᠭᠤᠯᠤᠨ᠎ᠠ᠃  《ᠠᠷᠪᠠᠨ ᠳᠥᠷᠪᠡᠳᠦᠭᠡᠷ ᠲᠠᠪᠤᠨ ᠵᠢᠯ ᠎ᠤᠨ ᠲᠦᠯᠦᠪᠵᠢᠬᠦᠯᠬᠡ 》 ᠵᠢᠨ ᠬᠤᠭᠤᠴᠠᠭ᠋ᠠᠨ᠎ᠤ ᠰᠡᠭᠦᠯᠴᠢ ᠪᠣᠯᠬᠤ᠎ᠳᠤ᠂ ᠠᠶ᠋ᠢᠮᠠᠭ ᠬᠣᠲᠠ ᠨᠢᠭᠡᠪᠦᠷᠢ  ᠲᠠᠷᠢᠶᠠᠴᠢᠨ ᠮᠠᠯᠴᠢᠨ ᠬᠦᠴᠦ ᠶᠠᠪᠤᠭᠰᠠᠳ᠎ᠤᠨ ᠨᠤᠲᠤᠭ᠎ᠲᠠᠭᠠᠨ ᠪᠤᠴᠠᠵᠤ ᠦᠢ᠍ᠯᠡᠰ  ᠪᠤᠰᠬᠠᠭᠰᠠᠨ ᠵᠢᠱ᠌ᠢᠶ᠎ᠡ ᠦᠵᠡᠭᠦᠯᠬᠦ ᠬᠣᠰᠢᠭᠤ  ᠰᠢᠶᠠᠨ᠎ᠢ ᠠᠳᠠᠭ᠎ᠲᠠᠭᠠᠨ 1 ᠵᠢ ᠪᠠᠶ᠋ᠢᠭᠤᠯᠬᠤ᠎ᠪᠠᠷ  ᠴᠢᠷᠮᠠᠢ᠌ᠨ᠎ᠠ᠃

    ᠠᠵᠢᠯ ᠠᠯᠳᠠᠭᠰᠠᠳ ᠪᠠ ᠠᠵᠢᠯ ᠣᠯᠬᠤ᠎ᠳᠤ ᠬᠦᠴᠢᠷᠲᠡᠢ ᠬᠥᠮᠦᠰ᠎ᠲᠤ ᠠᠵᠢᠯ ᠣᠯᠭᠣᠬᠤ ᠵᠢ ᠠᠬᠢᠭᠤᠯᠬᠤ ᠲᠠᠯ᠎ᠠ᠎ᠪᠠᠷ᠄
    《ᠥᠪᠡᠷᠲᠡᠭᠡᠨ ᠵᠠᠰᠠᠬᠤ ᠣᠷᠣᠨ᠎ᠤ  〈ᠠᠷᠪᠠᠨ ᠳᠥᠷᠪᠡᠳᠦᠭᠡᠷ ᠲᠠᠪᠤᠨ ᠵᠢᠯ ᠲᠦᠯᠦᠪᠵᠢᠬᠦᠯᠬᠡ》 ᠵᠢᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ》᠎ᠳᠤ᠂ ᠠᠵᠢᠯ ᠠᠯᠳᠠᠭᠰᠠᠳ᠎ᠤᠨ ᠲᠤᠰᠠᠯᠠᠮᠵᠢ ᠣᠯᠬᠤ ᠠᠷᠭ᠎ᠠ ᠵᠠᠮ᠎ᠢ ᠰᠢᠯᠤᠭᠤᠳᠬᠠᠵᠤ᠂ ᠠᠵᠢᠯ ᠠᠯᠳᠠᠭᠰᠠᠳ᠎ᠤᠨ ᠪᠠᠢ᠌ᠩᠭᠤᠵᠢᠭᠤᠯᠤᠭᠰᠠᠨ ᠬᠠᠪᠰᠤᠷᠤᠨ ᠲᠡᠳᠬᠦᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠢ ᠭᠡᠵᠦ ᠲᠣᠳᠣᠷᠬᠠᠶ᠋ᠢᠯᠠᠪᠠ᠃ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ᠂ ᠲᠥᠷᠥᠯ ᠬᠤᠪᠢᠶᠠᠨ ᠪᠠᠲᠤᠯᠠᠵᠤ᠂ ᠣᠯᠠᠨ ᠴᠢᠭ ᠵᠶ᠋ᠡᠷ ᠬᠦᠴᠦᠯᠡᠵᠦ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠶ᠋ᠢᠷᠢ᠎ᠪᠠᠷ ᠨᠠᠭ᠋ᠠᠳᠤ ᠵᠠᠬ᠎ᠠ ᠎ᠳᠤᠨᠢ ᠲᠥᠪᠬᠢᠨᠡᠭᠦᠯᠬᠦ ᠵᠡᠷᠭᠡ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠠᠵᠢᠯ ᠣᠯᠬᠤ᠎ᠳᠤ ᠬᠦᠴᠢᠷᠲᠡᠢ ᠬᠥᠮᠦᠰ᠎ᠲᠤ ᠴᠠᠭ ᠲᠤᠬᠠᠢ᠎ᠳᠤᠨᠢ ᠪᠦᠲᠦᠮᠵᠢᠲᠡᠢ ᠎ᠪᠠᠷ ᠠᠵᠢᠯ ᠣᠯᠬᠤ  ᠬᠠᠪᠰᠤᠷᠤᠯᠭ᠎ᠠ ᠲᠡᠮᠵᠢᠯᠬᠡ ᠬᠠᠩᠭ᠋ᠠᠨ᠎ᠠ  ᠃ ᠨᠢᠭᠡ᠎ᠳᠤ᠂ ᠠᠵᠢᠯ ᠠᠯᠳᠠᠭᠰᠠᠨ᠎ᠢ ᠳᠠᠩᠰᠠᠯᠠᠨ ᠲᠡᠮᠳᠡᠭᠯᠡᠬᠦ  ᠦᠢ᠍ᠯᠡᠴᠢᠯᠡᠬᠡ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠪᠦᠬᠦ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠠᠵᠢᠯ ᠠᠯᠳᠠᠯᠲᠠ ᠵᠢ ᠳᠠᠩᠰᠠᠯᠠᠨ ᠲᠡᠮᠳᠡᠭᠯᠡᠬᠦ  ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ ᠲᠠᠪᠴᠠᠩ᠎ᠢ ᠲᠦᠬᠡᠮᠡᠯᠵᠢᠬᠦᠯᠵᠤ᠂ ᠠᠵᠢᠯ ᠠᠯᠳᠠᠭᠰᠠᠳ᠎ᠤᠨ ᠭᠦᠢ᠍ᠴᠡᠳᠬᠡᠬᠦ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠠᠵᠢᠯ ᠠᠯᠳᠠᠭᠰᠠᠨ᠎ᠢ ᠳᠠᠩᠰᠠᠯᠠᠨ ᠲᠡᠮᠳᠡᠭᠯᠡᠬᠦ ᠵᠢᠨ  《ᠮᠣᠵᠢ ᠠᠯᠤᠰᠯᠠᠨ ᠰᠢᠭᠤᠳ ᠭᠦᠢ᠍ᠴᠡᠳᠬᠡᠬᠦ 》 ᠵᠢ ᠭᠦᠨᠵᠡᠭᠡᠢ ᠲᠦᠯᠬᠢᠨ ᠠᠬᠢᠭᠤᠯᠵᠤ᠂ ᠠᠵᠢᠯ ᠠᠯᠳᠠᠭᠰᠠᠳ ᠭᠠᠷ ᠤᠲᠠᠰᠤ ᠵᠡᠷᠭᠡ᠎ᠪᠠᠷ ᠳᠠᠮᠵᠢᠭᠤᠯᠤᠨ ᠠᠵᠢᠯ ᠠᠯᠳᠠᠭᠰᠠᠨ ᠵᠶ᠋ᠠᠨ ᠳᠠᠩᠰᠠᠯᠠᠭᠤᠯᠬᠤ ᠬᠠᠮᠢᠶ᠎ᠠ ᠪᠦᠬᠦᠢ  ᠡᠷᠬᠦᠳᠡᠯ ᠵᠶ᠋ᠠᠨ ᠲᠤᠰᠢᠶᠠᠵᠤ᠂ ᠬᠦᠢ᠍ᠴᠡᠳᠬᠡᠵᠤ ᠪᠠᠢ᠌ᠭ᠎ᠠ ᠬᠤᠯᠪᠤᠭᠳᠠᠯ ᠪᠦᠬᠦᠢ ᠠᠬᠢᠴᠠ ᠵᠢ ᠪᠠᠶ᠋ᠢᠴᠠᠭ᠋ᠠᠨ ᠯᠠᠪᠯᠠᠵᠤ᠂ ᠭᠡᠷ ᠊ᠡ᠊᠎ᠠᠴᠠ᠎ᠪᠠᠨ ᠭᠠᠷᠬᠤ ᠦᠭᠡᠢ᠎ᠪᠠᠷ ᠠᠵᠢᠯ ᠠᠯᠳᠠᠭᠰᠠᠨ ᠵᠶ᠋ᠠᠨ ᠲᠠᠩᠰᠠᠯᠠᠭᠤᠯᠵᠤ ᠪᠣᠯᠤᠨ᠎ᠠ᠃ ᠠᠵᠢᠯ ᠠᠯᠳᠠᠭᠰᠠᠨ ᠵᠶ᠋ᠠᠷ  ᠲᠠᠩᠰᠠᠯᠠᠭᠤᠯᠤᠭᠰᠠᠳ᠎ᠲᠤ᠂  ᠠᠵᠢᠯ ᠣᠯᠵᠤ  ᠦᠢ᠍ᠯᠡᠰ ᠪᠤᠰᠬᠠᠬᠤ  ᠲᠤᠬᠠᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠯᠠᠪᠯᠠᠯᠭ᠎ᠠ᠂  ᠠᠵᠢᠯ᠎ᠤᠨ ᠲᠠᠨᠢᠯᠴᠠᠭᠤᠯᠭ᠎ᠠ ᠵᠢᠴᠢ ᠬᠠᠮᠢᠶ᠎ᠠ ᠪᠦᠬᠦᠢ ᠲᠡᠳᠬᠦᠬᠦ ᠲᠥᠷᠥ ᠵᠢᠨ ᠪᠣᠳᠣᠯᠭ᠎ᠠ ᠵᠢᠨ ᠬᠦᠯᠢᠶᠡᠨ ᠠᠪᠬᠤ  ᠦᠢ᠍ᠯᠡᠴᠢᠯᠡᠬᠡ ᠵᠢ ᠴᠠᠭ ᠲᠤᠬᠠᠢ᠎ᠳᠤᠨᠢ  ᠬᠠᠩᠭ᠋ᠠᠨ᠎ᠠ᠃ ᠬᠣᠶᠠᠷ᠎ᠲᠤ᠂ ᠠᠵᠢᠯ ᠣᠯᠬᠤ᠎ᠳᠤ  ᠬᠦᠴᠢᠷᠳᠠᠢ ᠬᠥᠮᠦᠰ᠎ᠤᠨ  ᠦᠷᠬᠦᠯᠵᠢ  ᠠᠵᠢᠯ ᠡᠷᠢᠬᠦ᠎ᠳᠤᠨᠢ ᠲᠤᠰᠠᠯᠠᠬᠤ ᠪᠠ ᠲᠤᠰᠬᠠᠢ ᠠᠵᠢᠯᠯᠠᠭ᠎ᠠ᠎ᠪᠠᠷ ᠬᠠᠪᠰᠣᠷᠬᠤ ᠵᠢ ᠬᠠᠷᠢᠯᠴᠠᠨ ᠤᠶᠠᠯᠳᠤᠭᠤᠯᠤᠭᠰᠠᠨ ᠤᠷᠲᠤ ᠬᠤᠭᠤᠴᠠᠭ᠋ᠠᠨ᠎ᠤ ᠪᠦᠲᠦᠮᠵᠢᠲᠡᠢ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠠᠵᠢᠯ ᠣᠯᠬᠤ᠎ᠳᠤ ᠲᠤᠰᠠᠯᠠᠮᠵᠢ ᠦᠵᠡᠭᠦᠯᠬᠦ ᠳᠦᠷᠢᠮ᠎ᠤᠨ  ᠬᠡᠷᠡᠭᠵᠢᠬᠦᠯᠦᠭᠳᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠨᠡᠶ᠋ᠢᠭᠡᠮ᠎ᠤᠨ ᠳᠠᠭ᠋ᠠᠳᠬᠠᠯ᠎ᠤᠨ ᠨᠥᠬᠥᠪᠥᠷᠢ᠂ ᠠᠵᠢᠯ᠎ᠤᠨ ᠪᠠᠶ᠋ᠢᠷᠢ ᠵᠢᠨ ᠨᠥᠬᠥᠪᠥᠷᠢ ᠵᠡᠷᠭᠡ ᠠᠵᠢᠯ ᠣᠯᠬᠤ᠎ᠳᠤ ᠲᠡᠳᠬᠦᠮᠵᠢ ᠦᠵᠡᠭᠦᠯᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠠᠵᠢᠯ ᠣᠯᠬᠤ᠎ᠳᠤ ᠬᠦᠴᠢᠷᠲᠡᠢ ᠬᠥᠮᠦᠰ᠎ᠲᠤ ᠴᠠᠭ ᠲᠤᠬᠠᠢ᠎ᠳᠤᠨᠢ ᠪᠦᠲᠦᠮᠵᠢᠲᠡᠢ ᠎ᠪᠠᠷ ᠠᠵᠢᠯ ᠣᠯᠭᠣᠬᠤ ᠬᠠᠪᠰᠤᠷᠤᠯᠭ᠎ᠠ ᠬᠠᠩᠭ᠋ᠠᠵᠤ᠂ ᠠᠵᠢᠯ ᠣᠯᠬᠤ᠎ᠳᠤ ᠬᠦᠴᠢᠷᠲᠡᠢ ᠬᠥᠮᠦᠰ᠎ᠤᠨ ᠠᠵᠢᠯ ᠣᠯᠬᠤ  ᠲᠤᠤᠷᠠᠳᠤ  ᠱᠤᠭᠤᠮ᠎ᠢ ᠴᠢᠩᠭ᠎ᠠ  ᠰᠠᠬᠢᠨ᠎ᠠ᠃  《ᠬᠡᠷᠡᠭᠴᠡᠭᠡ᠎ᠪᠠᠷ᠎ᠨᠢ ᠠᠵᠢᠯ᠎ᠤᠨ ᠪᠠᠶ᠋ᠢᠷᠢ ᠲᠣᠬᠢᠷᠠᠭᠤᠯᠬᠤ᠂ ᠠᠵᠢᠯ᠎ᠤᠨ ᠪᠠᠶ᠋ᠢᠷᠢ᠎ᠪᠠᠷ ᠤᠷᠢᠨ ᠲᠣᠮᠢᠯᠠᠬᠤ᠂ ᠠᠵᠢᠯ᠎ᠤᠨ ᠪᠠᠶ᠋ᠢᠷᠢ᠎ᠳᠤ ᠨᠥᠬᠥᠪᠥᠷᠢ ᠥᠭᠬᠦ᠂ ᠡᠮᠬᠢ ᠵᠢᠷᠤᠮ᠎ᠲᠠᠢ᠎ᠪᠠᠷ ᠠᠵᠢᠯ᠎ᠤᠨ ᠪᠠᠢ᠌ᠷᠢ᠎ᠠᠴᠠ ᠪᠠᠭᠤᠬᠤ 》 ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠠᠵᠢᠯ ᠣᠯᠤᠭᠰᠠᠨ ᠬᠥᠮᠦᠨ ᠥᠬᠡᠢ ᠭᠡᠷ ᠪᠦᠯᠢ ᠵᠢᠨ ᠬᠥᠳᠡᠯᠦᠩᠭᠦᠢ ᠬᠠᠮᠢᠶᠠᠷᠤᠯᠲᠠ ᠵᠢ ᠴᠢᠩᠭ᠋ᠠᠳᠬᠠᠨ 《ᠨᠢᠬᠡ ᠵᠢ ᠨᠢᠬᠡ᠎ᠲᠠᠢ ᠬᠠᠷᠠᠭ᠋ᠠᠯᠵᠠᠭᠤᠯᠬᠤ》 ᠠᠵᠢᠯ ᠣᠯᠭᠣᠬᠤ ᠲᠤᠰᠠᠯᠠᠮᠵᠢ ᠬᠠᠩᠭ᠋ᠠᠵᠤ᠂ ᠠᠵᠢᠯ ᠣᠯᠤᠭᠰᠠᠨ ᠬᠥᠮᠦᠨ ᠥᠬᠡᠢ ᠭᠡᠷ ᠪᠦᠯᠢ ᠎ᠢ ᠬᠥᠳᠡᠯᠦᠩᠭᠦᠢ ᠪᠠᠶ᠋ᠢᠳᠠᠯ ᠎ᠪᠠᠷ ᠪᠦᠬᠦᠨ᠎ᠢ ᠠᠵᠢᠯ ᠣᠯᠭᠣᠬᠤ ᠵᠢ ᠦᠨᠡᠨᠬᠦ ᠪᠠᠲᠤᠯᠠᠨ᠎ᠠ᠃

内蒙古自治区“十四五”就业促进规划新闻发布会答记者问-3.jpg

   

     《ᠸᠠᠩ ᠢ》  ᠰᠦᠯᠵᠢᠶ᠎ᠡ ᠵᠢᠨ ᠥᠪᠥᠷ ᠮᠣᠩᠭᠣᠯ᠎ᠤᠨ ᠰᠤᠷᠪᠤᠯᠵᠢᠯᠠᠭᠴᠢ᠄ 《ᠠᠷᠪᠠᠨ ᠳᠥᠷᠪᠡᠳᠦᠭᠡᠷ ᠲᠠᠪᠤᠨ ᠵᠢᠯ ᠎ᠤᠨ ᠲᠥᠯᠥᠪᠵᠢᠭᠦᠯᠭᠡ》 ᠵᠢᠨ ᠬᠤᠭᠤᠴᠠᠭ᠋ᠠᠨ᠎ᠤ ᠲᠣᠭᠣᠷᠢᠨ᠎ᠳᠤ ᠵᠠᠬ᠎ᠠ ᠳᠡᠯᠭᠡᠭᠦᠷ᠂ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ ᠪᠣᠳᠠᠲᠤ ᠬᠡᠷᠡᠭᠴᠡᠭᠡ᠎ᠳᠤ ᠬᠠᠨᠳᠤᠵᠤ᠂ ᠨᠡᠩ ᠭᠦᠢ᠍ᠴᠡᠳ᠂ ᠨᠡᠩ ᠥᠨᠳᠥᠷ  ᠴᠢᠨᠠᠷ ᠴᠢᠨᠰᠠᠭ᠎ᠠ᠎ᠲᠠᠢ ᠠᠵᠢᠯ ᠣᠯᠭᠣᠯᠲᠠ ᠵᠢ ᠠᠬᠢᠭᠤᠯᠤᠨ᠂ ᠠᠵᠢᠯ ᠮᠡᠷᠭᠡᠵᠢᠯ᠎ᠤᠨ  ᠴᠢᠳᠠᠪᠤᠷᠢ ᠵᠢᠨ ᠪᠣᠯᠪᠠᠰᠤᠷᠠᠯ᠎ᠤᠨ ᠠᠵᠢᠯ᠎ᠤᠨ ᠲᠠᠯ᠎ᠠ᠎ᠪᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶ᠋ᠢᠬᠤ ᠪᠣᠢ? ᠲᠠᠯᠠᠷᠬᠠᠯ᠎ᠠ᠃

内蒙古自治区“十四五”就业促进规划新闻发布会答记者问-4.jpg

   

    ᠬᠠᠷᠢᠭᠤᠯᠲᠠ᠄ (  ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ  ᠪᠠᠳᠤᠯᠠᠭ᠎ᠠ ᠵᠢᠨ ᠲᠢᠩᠬᠢᠮ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ  ᠪᠠᠶ᠋ᠢᠭᠤᠯᠤᠯᠲᠠ ᠵᠢᠨ ᠭᠠᠵᠠᠷ᠎ᠤᠨ ᠳᠠᠷᠤᠭ᠎ᠠ )

    ᠲᠠᠨ᠎ᠤ ᠠᠰᠠᠭᠤᠯᠲᠠ᠎ᠳᠤ ᠲᠠᠯᠠᠷᠬᠠᠵᠤ ᠪᠠᠶ᠋ᠢᠨ᠎ᠠ᠃ ᠣᠯᠠᠨ᠎ᠤ ᠮᠡᠳᠡᠭᠡᠵᠢ᠎ᠪᠠᠷ᠂ ᠠᠵᠢᠯ ᠮᠡᠷᠭᠡᠵᠢᠯ᠎ᠤᠨ ᠴᠢᠳᠠᠪᠤᠷᠢ ᠵᠢᠨ  ᠪᠤᠯᠪᠠᠰᠤᠷᠠᠯ ᠪᠣᠯ ᠬᠥᠳᠡᠯᠮᠦᠷᠢᠯᠡᠭᠴᠢᠳ᠎ᠤᠨ ᠠᠵᠢᠯ ᠣᠯᠵᠤ   ᠦᠢ᠍ᠯᠡᠰ ᠪᠤᠰᠬᠠᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠂ ᠪᠦᠲᠦᠴᠡ ᠵᠢᠨ ᠴᠢᠨᠠᠷᠲᠠᠢ ᠠᠵᠢᠯ ᠣᠯᠭᠣᠯᠲᠠ ᠵᠢᠨ ᠵᠥᠷᠢᠴᠡᠯ᠎ᠢ ᠰᠢᠢ᠍ᠳᠪᠦᠷᠢᠯᠡᠬᠦ᠂ ᠠᠵᠢᠯ ᠣᠯᠭᠣᠬᠤ  ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠵᠢᠨ ᠨᠢᠭᠡᠨ ᠴᠢᠬᠤᠯᠠ ᠠᠷᠭ᠎ᠠ ᠪᠠᠷᠢᠯ ᠪᠣᠯᠬᠤ ᠪᠥᠭᠡᠳ ᠬᠥᠳᠡᠯᠮᠦᠷᠢᠯᠡᠭᠴᠢᠳ᠎ᠤᠨ ᠥᠨᠳᠥᠷ ᠴᠢᠨᠠᠷ ᠴᠢᠨᠰᠠᠭ᠎ᠠ ᠪᠦᠬᠦᠢ ᠠᠵᠢᠯ ᠣᠯᠭᠣᠯᠲᠠ ᠵᠢ ᠪᠡᠶᠡᠯᠡᠭᠦᠯᠬᠦ᠎ᠳᠤ ᠮᠠᠰᠢ ᠴᠢᠬᠤᠯᠠ ᠦᠢ᠍ᠯᠡᠳᠦᠯ᠎ᠲᠠᠢ ᠶᠦ᠍ᠮ᠃

   《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠬᠤᠭᠤᠴᠠᠭ᠋ᠠᠨ᠎ᠳᠤ᠂ ᠨᠠᠰᠤᠨ ᠲᠤᠷᠰᠢᠲᠠ ᠠᠵᠢᠯ ᠮᠡᠷᠭᠡᠵᠢᠯ᠎ᠤᠨ   ᠴᠢᠳᠠᠪᠤᠷᠢ ᠵᠢᠨ ᠪᠤᠯᠪᠠᠰᠤᠷᠠᠯ ᠬᠢᠬᠦ ᠳᠦᠷᠢᠮ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠠᠵᠢᠯ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠠᠵᠤ ᠠᠬᠤᠶ᠋ᠢᠯᠠᠯ᠎ᠤᠨ ᠰᠢᠨ᠎ᠡ ᠬᠡᠯᠪᠡᠷᠢ ᠵᠢᠨ ᠱᠠᠪᠢ ᠡᠯᠰᠡᠬᠦ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠎ᠤᠨ ᠨᠥᠬᠥᠪᠥᠷᠢ᠂ ᠠᠵᠢᠯ ᠮᠡᠷᠭᠡᠵᠢᠯ᠎ᠤᠨ  ᠴᠢᠳᠠᠪᠤᠷᠢ ᠵᠢᠨ ᠪᠤᠯᠪᠠᠰᠤᠷᠠᠯ᠎ᠤᠨ ᠤᠨᠴᠠᠯᠢᠭ᠎ᠲᠠᠢ ᠨᠡᠷ᠎ᠡ ᠲᠡᠮᠳᠡᠭ᠎ᠢ ᠪᠤᠢ ᠪᠤᠯᠭ᠋ᠠᠬᠤ ᠵᠡᠷᠭᠡ ᠣᠯᠠᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠪᠦᠬᠦ ᠣᠷᠣᠨ᠎ᠤ ᠮᠡᠷᠭᠡᠵᠢᠯ᠎ᠤᠨ  ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠲᠦᠷᠭᠡᠨ ᠬᠥᠭᠵᠢᠵᠦ᠂ ᠪᠦᠬᠦ ᠣᠷᠣᠨ᠎ᠤ ᠨᠥᠬᠥᠪᠥᠷᠢ ᠵᠢᠨ ᠴᠢᠨᠠᠷᠲᠠᠢ ᠠᠵᠢᠯ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠣᠷᠠᠭᠤᠯᠤᠯ ᠨᠡᠶ᠋ᠢᠲᠡ 146.2 ᠲᠦᠮᠡᠨ ᠬᠥᠮᠦᠨ ᠤᠳᠠᠭ᠎ᠠ᠎ᠳᠤ ᠬᠦᠷᠴᠦ᠂ ᠮᠡᠷᠭᠡᠵᠢᠯ᠎ᠤᠨ ᠴᠢᠳᠠᠪᠤᠷᠢ᠎ᠲᠠᠢ ᠬᠦᠳᠡᠯᠮᠦᠷᠢᠯᠡᠭᠴᠢᠳ᠎ᠤᠨ ᠶᠡᠷᠦᠩᠬᠡᠢ ᠬᠡᠮᠵᠢᠶ᠎ᠡ 279.6 ᠲᠦᠮᠡᠨ ᠬᠥᠮᠦᠨ᠎ᠳᠤ ᠬᠦᠷᠴᠦ᠂ ᠡᠭᠦᠨ᠎ᠳᠤ ᠳᠡᠭᠡᠳᠦ ᠮᠡᠷᠭᠡᠵᠢᠯ᠎ᠤᠨ ᠴᠢᠳᠠᠪᠤᠷᠢ᠎ᠲᠠᠢ ᠴᠢᠳᠠᠪᠤᠷᠢᠲᠠᠨ 74 ᠲᠦᠮᠡᠨ ᠬᠥᠮᠦᠨ ᠪᠠᠶ᠋ᠢᠵᠤ᠂ ᠠᠵᠢᠯ ᠣᠯᠭᠣᠯᠲᠠ ᠵᠢ ᠲᠣᠭᠲᠠᠭᠤᠨ ᠪᠠᠶ᠋ᠢᠯᠭ᠋ᠠᠬᠤ ᠪᠠ ᠥᠷᠭᠡᠳᠬᠡᠬᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ᠃
   《ᠠᠷᠪᠠᠨ ᠲᠦᠷᠪᠡᠳᠤᠬᠡᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠬᠤᠭᠤᠴᠠᠭ᠋ᠠᠨ᠎ᠳᠤ᠂ ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠎ᠨᠢ ᠠᠵᠢᠯ ᠣᠯᠭᠣᠯᠲᠠ ᠵᠢ ᠠᠬᠢᠭᠤᠯᠬᠤ᠎ᠪᠠᠷ ᠤᠳᠤᠷᠢᠳᠤᠮᠵᠢ ᠪᠣᠯᠭ᠋ᠠᠵᠤ᠂ ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠎ᠢ ᠶᠡᠬᠡ ᠬᠡᠪᠴᠢᠶ᠎ᠡ᠎ᠪᠠᠷ ᠣᠯᠠᠨ ᠳᠡᠰ ᠳᠠᠪᠬᠤᠷᠭ᠎ᠠ᠎ᠪᠠᠷ ᠥᠷᠨᠢᠭᠦᠯᠬᠦ᠎ᠪᠠᠷ ᠳᠠᠮᠵᠢᠭᠤᠯᠤᠨ᠂ ᠲᠣᠭ᠎ᠠ ᠬᠡᠮᠵᠢᠶ᠎ᠡ᠎ᠨᠢ ᠭᠦᠢ᠍ᠴᠡᠳ᠂ ᠪᠦᠲᠦᠴᠡ᠎ᠨᠢ ᠵᠦᠢ ᠵᠣᠬᠢᠰᠲᠠᠢ᠂ ᠮᠡᠳᠡᠯᠭᠡ ᠵᠢᠨ ᠬᠡᠯᠪᠡᠷᠢ ᠵᠢᠨ᠂ ᠴᠢᠳᠠᠪᠤᠷᠢ ᠵᠢᠨ ᠬᠡᠯᠪᠡᠷᠢ ᠵᠢᠨ᠂ ᠰᠢᠨ᠎ᠡ ᠵᠢ ᠡᠭᠦᠳᠬᠦ ᠬᠡᠯᠪᠡᠷᠢ ᠵᠢᠨ ᠤᠷ᠎ᠠ ᠴᠢᠳᠠᠪᠤᠷᠢ᠎ᠲᠠᠢ ᠬᠦᠳᠡᠯᠮᠦᠷᠢᠯᠡᠭᠴᠢᠳ᠎ᠢ  ᠬᠤᠷᠳᠤᠨ ᠬᠥᠮᠦᠵᠢᠭᠦᠯᠵᠦ᠂ ᠮᠠᠨ᠎ᠤ ᠣᠷᠣᠨ᠎ᠤ ᠠᠮᠢ ᠠᠬᠤᠢ ᠵᠢ ᠲᠡᠷᠢᠭᠦᠨ᠎ᠳᠤ  ᠲᠠᠯᠪᠢᠵᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ᠎ᠳᠤ᠂ ᠬᠦᠴᠦᠨ ᠲᠡᠭᠦᠯᠳᠡᠷ ᠮᠡᠷᠭᠡᠵᠢᠯ᠎ᠤᠨ ᠴᠢᠳᠠᠪᠤᠷᠢᠲᠠᠨ᠎ᠤ ᠳᠡᠮᠵᠢᠯᠭᠡ  ᠬᠠᠩᠭ᠋ᠠᠨ᠎ᠠ᠃
    《ᠲᠥᠯᠥᠪᠵᠢᠭᠦᠯᠭᠡ》᠎ᠳᠤ ᠠᠵᠢᠯ ᠮᠡᠷᠭᠡᠵᠢᠯ᠎ᠤᠨ  ᠴᠢᠳᠠᠪᠤᠷᠢ ᠵᠢ᠊ ᠪᠤᠯᠪᠠᠰᠤᠷᠠᠯ᠎ᠤᠨ ᠰᠢᠰᠲ᠋ᠧᠮ᠎ᠢ ᠲᠡᠭᠦᠯᠳᠡᠷᠵᠢᠭᠦᠯᠬᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠳᠣᠬᠢᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠡᠩ᠎ᠤᠨ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ᠎ᠢ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ᠂  ᠮᠡᠷᠬᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠡᠷᠭᠡ ᠳᠥᠷᠪᠡᠨ  ᠲᠠᠯ᠎ᠠ᠎ᠠᠴᠠ ᠠᠵᠢᠯ᠎ᠤᠨ ᠡᠭᠦᠷᠭᠡ ᠪᠠ  ᠬᠠᠷᠠᠭ᠋ᠠᠯᠵᠠᠭᠰᠠᠨ ᠠᠷᠭ᠎ᠠ ᠬᠡᠮᠵᠢᠶ᠎ᠡ ᠵᠢ ᠳᠤᠷᠠᠳᠤᠨ  ᠭᠠᠷᠭ᠋ᠠᠵᠠᠢ ᠃ ᠬᠣᠶᠠᠷ ᠠᠵᠢᠯᠯᠠᠭ᠎ᠠ ᠵᠢ ᠬᠡᠷᠡᠭᠵᠢᠭᠦᠯᠵᠦ᠂ ᠲᠠᠪᠤᠨ ᠠᠷᠭ᠎ᠠ ᠬᠡᠮᠵᠢᠶ᠎ᠡ ᠠᠪᠴᠤ᠂ ᠭᠤᠷᠪᠠᠨ ᠴᠢᠳᠠᠪᠤᠷᠢ ᠵᠢ ᠳᠡᠭᠡᠭᠰᠢᠯᠡᠭᠦᠯᠦᠨ᠎ᠡ ᠭᠡᠵᠦ ᠬᠤᠷᠢᠶᠠᠩᠭᠤᠶ᠋ᠢᠯᠠᠵᠤ ᠪᠣᠯᠤᠨ᠎ᠠ᠃

     ᠬᠣᠶᠠᠷ ᠠᠵᠢᠯᠯᠠᠭ᠎ᠠ᠄ ᠠᠵᠢᠯ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠪᠠ  《ᠮᠡᠷᠭᠡᠵᠢᠯ ᠴᠢᠳᠠᠪᠤᠷᠢ᠎ᠲᠠᠢ ᠳᠤᠮᠳᠠᠳᠤ ᠤᠯᠤᠰ》᠎ᠤᠨ ᠥᠪᠥᠷ ᠮᠣᠩᠭᠣᠯ᠎ᠤᠨ ᠠᠵᠢᠯᠯᠠᠭ᠎ᠠ ᠵᠢ ᠬᠡᠷᠡᠭᠵᠢᠭᠦᠯᠵᠦ᠂ ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ ᠎ᠤᠨ ᠰᠢᠰᠲᠸᠮ ᠪᠠ ᠮᠡᠷᠬᠡᠵᠢᠯ ᠎ᠤᠨ  ᠴᠢᠳᠠᠪᠤᠷᠢᠲᠠᠨ᠎ᠢ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠤᠯᠪᠠᠰᠤᠷᠠᠯ᠎ᠤᠨ ᠠᠷᠭ᠎ᠠ ᠮᠠᠶᠢᠭ᠎ᠢ ᠰᠢᠨᠡᠴᠢᠯᠡᠵᠤ᠂  ᠪᠤᠯᠪᠠᠰᠤᠷᠠᠯ᠎ᠤᠨ ᠠᠭᠤᠯᠭ᠎ᠠ᠎ᠪᠠᠨ ᠪᠠᠶᠠᠯᠢᠭᠵᠢᠭᠤᠯᠤᠨ᠂ ᠬᠦᠳᠡᠯᠮᠦᠷᠢᠯᠡᠭᠴᠢᠳ᠎ᠤᠨ ᠠᠵᠢᠯ ᠣᠯᠵᠤ ᠦᠢ᠍ᠯᠡᠰ ᠪᠤᠰᠬᠠᠬᠤ ᠴᠢᠳᠠᠪᠤᠷᠢ ᠪᠠ ᠬᠢᠷᠢ ᠬᠡᠮᠵᠢᠶ᠎ᠡ ᠵᠢ  ᠲᠡᠬᠡᠭᠰᠢᠯᠡᠬᠦᠯᠤᠨ᠎ᠠ᠃ ᠭᠣᠣᠯᠳᠠᠯᠭ᠎ᠠ᠎ᠲᠠᠢ ᠭᠠᠵᠠᠷ ᠣᠷᠣᠨ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠪᠠᠴᠢᠮ ᠱᠠᠭ᠋ᠠᠷᠳᠠᠯᠭ᠎ᠠ᠎ᠲᠠᠢ ᠳᠤᠲᠠᠭᠳᠠᠵᠤ ᠪᠠᠶ᠋ᠢᠭ᠎ᠠ   ᠮᠡᠷᠭᠡᠵᠢᠯ ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠵᠢ ᠲᠦᠷᠭᠡᠳᠬᠡᠵᠦ᠂ ᠮᠡᠷᠭᠡᠵᠢᠯ᠎ᠤᠨ ᠴᠢᠳᠠᠪᠤᠷᠢᠲᠠᠨ᠎ᠢ ᠣᠯᠠᠨ ᠡᠰᠢᠵᠢᠬᠦᠯᠵᠤ ᠦᠨᠡᠯᠡᠬᠦ  ᠰᠢᠰᠲᠸᠮ ᠵᠢ ᠪᠠᠶ᠋ᠢᠭᠤᠯᠤᠨ ᠪᠦᠷᠢᠨᠰᠢᠭᠦᠯᠵᠦ᠂ ᠨᠥᠬᠥᠪᠥᠷᠢ ᠵᠢᠨ ᠴᠢᠨᠠᠷᠲᠠᠢ  ᠪᠤᠯᠪᠠᠰᠤᠷᠠᠯ᠎ᠢ 125 ᠲᠦᠮᠡᠨ ᠬᠥᠮᠦᠨ  ᠤᠳᠠᠭ᠎ᠠ᠎ᠠᠴᠠ ᠳᠡᠭᠡᠭᠰᠢ ᠥᠷᠨᠢᠭᠦᠯᠦᠨ᠎ᠡ᠃

   ᠲᠠᠪᠤᠨ ᠵᠦᠢ᠍ᠯ᠎ᠤᠨ ᠠᠷᠭ᠎ᠠ ᠬᠡᠮᠵᠢᠶ᠎ᠡ᠄

   ᠨᠢᠭᠡ᠎ᠳᠤ ᠠᠵᠤ ᠠᠬᠤᠶ᠋ᠢᠯᠠᠯ᠎ᠤᠨ ᠬᠥᠭᠵᠢᠯᠲᠡ᠎ᠳᠤ ᠦᠢ᠍ᠯᠡᠴᠢᠯᠡᠨ᠂  《ᠮᠡᠷᠭᠡᠵᠢᠯ ᠴᠢᠳᠠᠪᠤᠷᠢ᠎ᠪᠠᠷ ᠠᠵᠤ ᠠᠬᠤᠶ᠋ᠢᠯᠠᠯ᠎ᠢ ᠬᠦᠴᠦᠷᠬᠡᠭᠵᠢᠭᠦᠯᠬᠦ 》 ᠠᠵᠢᠯᠯᠠᠭ᠎ᠠ ᠵᠢ ᠬᠡᠷᠡᠭᠵᠢᠭᠦᠯᠵᠦ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠬᠦ᠂ ᠠᠵᠢᠯ᠎ᠤᠨ ᠪᠠᠶ᠋ᠢᠷᠢ ᠰᠢᠯᠵᠢᠭᠦᠯᠦᠨ ᠠᠵᠢᠯ ᠣᠯᠭᠣᠬᠤ ᠪᠤᠯᠪᠠᠰᠤᠷᠠᠯ᠎ᠢ ᠶᠡᠬᠡᠪᠡᠷ ᠥᠷᠨᠢᠭᠦᠯᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠠᠵᠤ ᠠᠬᠤᠶ᠋ᠢᠯᠠᠯ᠎ᠤᠨ ᠰᠢᠨ᠎ᠡ ᠮᠠᠶᠢᠭ᠎ᠤᠨ ᠱᠠᠪᠢ ᠡᠯᠰᠡᠬᠦ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ᠂ ᠪᠤᠯᠪᠠᠰᠤᠷᠠᠯ ᠬᠢᠬᠦ᠂ ᠠᠵᠢᠯ ᠣᠯᠭᠣᠬᠤ ᠬᠠᠩᠭ᠋ᠠᠯᠭ᠎ᠠ ᠬᠡᠷᠡᠭᠴᠡᠭᠡ ᠵᠢ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠤᠨ᠎ᠠ᠃

   ᠬᠣᠶᠠᠷ᠎ᠲᠤ ᠭᠣᠣᠯᠳᠠᠯᠭ᠎ᠠ᠎ᠲᠠᠢ  ᠬᠦᠮᠤᠰ᠎ᠲᠤ ᠦᠢ᠍ᠯᠡᠴᠢᠯᠡᠵᠦ᠂  ᠲᠤᠰᠬᠠᠢ᠌ᠯᠠᠨ ᠪᠤᠯᠪᠠᠰᠤᠷᠠᠭᠤᠯᠬᠤ ᠲᠥᠯᠥᠪᠯᠡᠭᠡ ᠵᠢ ᠬᠡᠷᠡᠭᠵᠢᠭᠦᠯᠦᠨ᠎ᠡ᠃ ᠳᠡᠭᠡᠳᠦ ᠰᠤᠷᠭ᠋ᠠᠭᠤᠯᠢ ᠲᠡᠭᠦᠰᠦᠭᠰᠡᠳ᠂ ᠬᠣᠲᠠ ᠪᠠᠯᠭ᠋ᠠᠰᠤ ᠵᠢᠨ ᠵᠠᠯᠠᠭᠤᠴᠤᠳ᠂ ᠲᠠᠷᠢᠶᠠᠯᠠᠬᠤ ᠮᠠᠯᠵᠢᠬᠤ ᠣᠷᠣᠨ᠎ᠤ ᠰᠢᠯᠵᠢᠭᠰᠡᠨ ᠬᠥᠳᠡᠯᠮᠦᠷᠢ ᠬᠦᠴᠦᠨ᠂ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠡᠷᠭᠡ ᠠᠵᠢᠯ ᠣᠯᠭᠣᠬᠤ ᠭᠣᠣᠯᠳᠠᠯᠭ᠎ᠠ᠎ᠲᠠᠢ  ᠬᠦᠮᠤᠰ ᠪᠣᠯᠤᠨ ᠰᠢᠨ᠎ᠡ  ᠦᠢ᠍ᠯᠡᠰ᠎ᠤᠨ ᠬᠡᠯᠪᠡᠷᠢ   ᠰᠢᠨ᠎ᠡ ᠬᠡᠪ ᠵᠠᠭᠪᠤᠷ᠎ᠤᠨ ᠠᠵᠢᠯ ᠡᠷᠬᠢᠯᠡᠭᠰᠡᠳ᠎ᠲᠤ ᠬᠠᠨᠳᠤᠭᠤᠯᠤᠨ᠂ ᠠᠵᠢᠯ  ᠤᠯᠬᠤ  ᠴᠢᠳᠠᠪᠤᠷᠢ ᠪᠣᠯᠤᠨ ᠦᠢ᠍ᠯᠡᠰ ᠪᠤᠰᠬᠠᠵᠤ ᠰᠢᠨ᠎ᠡ ᠵᠢ ᠡᠭᠦᠳᠬᠦ ᠪᠤᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃

   ᠭᠤᠷᠪᠠ᠎ᠳᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠳᠣᠬᠢᠴᠢᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠦᠢ᠍ᠯᠡᠴᠢᠯᠡᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠰᠢᠯᠢᠳᠡᠭ᠎ᠢ᠎ᠨᠢ ᠬᠥᠮᠦᠵᠢᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂  ᠰᠣᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ ᠪᠣᠯᠤᠨ  ᠪᠤᠯᠪᠠᠰᠤᠷᠠᠯ᠎ᠢ ᠵᠡᠷᠭᠡᠪᠡᠷ ᠴᠢᠬᠤᠯᠠᠴᠢᠯᠠᠬᠤ ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ  ᠰᠢᠰᠲᠸᠮ᠎ᠢ ᠪᠠᠶ᠋ᠢᠭᠤᠯᠵᠤ᠂ ᠠᠵᠢᠯ ᠮᠡᠷᠭᠡᠵᠢᠯ᠎ᠤᠨ  ᠪᠤᠯᠤᠨ ᠡᠩ᠎ᠤᠨ  ᠦᠨᠳᠤᠷ ᠵᠡᠷᠬᠡ ᠵᠢᠨ ᠲᠤᠮᠳᠠᠳᠤ ᠰᠤᠷᠭ᠋ᠠᠭᠤᠯᠢ ᠵᠢ ᠠᠭᠤᠰᠤᠯᠴᠠᠭᠤᠯᠤᠨ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠵᠢ  ᠠᠭᠤᠰᠤᠯᠴᠠᠭᠤᠯᠵᠤ᠂ ᠰᠤᠷᠭ᠋ᠠᠭᠤᠯᠢ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠎ᠡ᠃ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠢ ᠶᠡᠬᠡᠪᠡᠷ ᠬᠥᠭᠵᠢᠭᠦᠯᠵᠦ᠂  ᠮᠡᠷᠬᠡᠵᠢᠯ᠎ᠤᠨ ᠪᠠᠭᠰᠢ ᠵᠢᠨ ᠳᠡᠭᠡᠳᠦ ᠰᠤᠷᠭ᠋ᠠᠭᠤᠯᠢ᠂ ᠳᠡᠭᠡᠳᠦ ᠵᠡᠷᠭᠡ ᠵᠢᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ᠂ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠵᠢᠨ ᠱᠠᠲᠤ ᠳᠠᠷᠠᠭ᠋ᠠᠯᠠᠨ ᠬᠥᠭᠵᠢᠬᠦ  ᠵᠢ ᠠᠬᠢᠭᠤᠯᠵᠤ᠂ ᠡᠮᠬᠢ ᠵᠢᠷᠤᠮ᠎ᠲᠠᠢ  ᠵᠤᠯᠭ᠋ᠠᠭᠤᠯᠤᠨ᠂ ᠵᠦᠢ ᠵᠣᠬᠢᠰᠲᠠᠢ  ᠪᠠᠢ᠌ᠷᠢᠯᠠᠭᠤᠯᠤᠯ᠎ᠲᠠᠢ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠰᠢᠰᠲᠸᠮ ᠪᠦᠷᠢᠯᠳᠦᠬᠦ ᠵᠢ ᠲᠦᠯᠬᠢᠨ ᠠᠬᠢᠭᠤᠯᠤᠨ᠎ᠠ᠃

    ᠳᠥᠷᠪᠡ᠎ᠳᠤ᠂ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ ᠬᠥᠮᠦᠵᠢᠭᠦᠯᠬᠦ᠎ᠳᠤ ᠦᠢ᠍ᠯᠡᠴᠢᠯᠡᠵᠦ᠂ ᠰᠤᠷᠭ᠋ᠠᠨ ᠬᠥᠮᠦᠵᠢᠯ᠎ᠤᠨ  ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠥᠷᠭᠡᠳᠬᠡᠬᠦ ᠢᠨᠵᠧᠨᠧᠷᠢᠩ᠎ᠢ ᠬᠡᠷᠡᠭᠵᠢᠭᠦᠯᠵᠦ᠂ ᠪᠦᠬᠦ ᠠᠷᠠᠳ᠎ᠤᠨ ᠨᠠᠰᠤᠨ ᠲᠤᠷᠰᠢᠲᠠ ᠰᠤᠷᠤᠯᠴᠠᠬᠤ᠎ᠳᠤ ᠦᠢ᠍ᠯᠡᠴᠢᠯᠡᠬᠦ ᠰᠤᠷᠭ᠋ᠠᠨ ᠬᠥᠮᠦᠵᠢᠯ᠎ᠤᠨ  ᠰᠢᠰᠲᠸᠮ᠎ᠢ ᠪᠠᠶ᠋ᠢᠭᠤᠯᠤᠨ᠂ ᠥᠨᠳᠥᠷ ᠬᠢᠷᠢ ᠬᠡᠮᠵᠢᠶ᠎ᠡ᠎ᠲᠠᠢ ᠶᠡᠬᠡ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠨᠡᠭᠡᠭᠡᠬᠦ ᠵᠢ ᠠᠬᠢᠭᠤᠯᠵᠤ᠂ ᠰᠢᠨ᠎ᠡ ᠵᠢ ᠡᠭᠦᠳᠬᠦ ᠬᠡᠯᠪᠡᠷᠢ ᠵᠢᠨ᠂ ᠬᠡᠷᠡᠭᠯᠡᠭᠡᠨ᠎ᠤ ᠬᠡᠯᠪᠡᠷᠢ ᠵᠢᠨ᠂ ᠮᠡᠷᠭᠡᠵᠢᠯ  ᠴᠢᠳᠠᠪᠤᠷᠢ ᠵᠢᠨ ᠬᠡᠯᠪᠡᠷᠢ ᠵᠢᠨ ᠴᠢᠳᠠᠪᠤᠷᠢᠲᠠᠨ᠎ᠢ ᠬᠦᠴᠦᠯᠡᠨ ᠬᠥᠮᠦᠵᠢᠭᠦᠯᠦᠨ᠎ᠡ᠃

    ᠲᠠᠪᠤ᠎ᠳᠤ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ᠎ᠳᠤ ᠦᠢ᠍ᠯᠡᠴᠢᠯᠡᠵᠦ᠂  《ᠵᠠᠭᠤ ᠮᠢᠩᠭ᠎ᠠ ᠲᠦᠮᠡ》 ᠵᠢ ᠬᠥᠮᠦᠵᠢᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠂ ᠤᠷᠠᠨ ᠳᠠᠷᠬᠠᠳ᠂ ᠲᠣᠮᠣ ᠤᠯᠤᠰ᠎ᠤᠨ ᠤᠷᠠᠨ ᠳᠠᠷᠬᠠᠨ᠎ᠢ ᠬᠥᠮᠦᠵᠢᠭᠦᠯᠬᠦ᠎ᠪᠠᠷ ᠤᠳᠤᠷᠢᠳᠤᠮᠵᠢ ᠪᠣᠯᠭ᠋ᠠᠵᠤ᠂ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ  ᠱᠠᠳᠤᠴᠢ ᠬᠥᠭᠵᠢᠯᠲᠡ ᠵᠢ ᠳᠠᠶ᠋ᠢᠴᠢᠯᠠᠨ᠎ᠠ᠃ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ ᠪᠠ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠨᠡᠩ ᠣᠯᠠᠨ ᠬᠦᠷᠢᠶᠡᠨ᠎ᠳᠤ ᠳᠡᠭᠡᠳᠦ ᠤᠷ᠎ᠠ ᠮᠡᠷᠭᠡᠵᠢᠯ᠎ᠲᠠᠢ ᠴᠢᠳᠠᠪᠤᠷᠢᠲᠠᠨ ᠪᠠ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠬᠠᠷᠢᠯᠴᠠᠨ ᠦᠨᠡᠯᠡᠯᠲᠡ ᠬᠢᠵᠦ ᠬᠠᠷᠢᠯᠴᠠᠨ ᠨᠡᠪᠲᠡᠷᠡᠯᠴᠡᠬᠦ ᠵᠢ ᠪᠡᠶᠡᠯᠡᠭᠦᠯᠦᠨ᠎ᠡ᠃ 2025 ᠣᠨ ᠪᠣᠯᠬᠤ᠎ᠳᠤ᠂ ᠪᠦᠬᠦ ᠣᠷᠣᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ ᠵᠢ 88 ᠲᠦᠮᠡ᠎ᠠᠴᠠ ᠳᠡᠭᠡᠭᠰᠢ᠎ᠳᠤ ᠬᠦᠷᠦᠭᠦᠯᠦᠨ᠎ᠡ᠃

   ᠭᠤᠷᠪᠠᠨ ᠵᠦᠢ᠍ᠯ᠎ᠤᠨ ᠴᠢᠳᠠᠪᠤᠷᠢ᠄

   ᠨᠢᠭᠡ᠎ᠳᠤ᠂ ᠪᠣᠯᠪᠠᠰᠤᠷᠠᠯ ᠬᠦᠷᠲᠡᠭᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠣᠯᠠᠨ ᠨᠡᠶ᠋ᠢᠲᠡ ᠵᠢᠨ ᠳᠠᠳᠤᠯᠭ᠎ᠠ  ᠪᠤᠯᠪᠠᠰᠤᠷᠠᠯ᠎ᠤᠨ ᠰᠠᠭᠤᠷᠢᠨ ᠭᠠᠵᠠᠷ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠵᠢ ᠠᠭᠤᠰᠤᠯᠴᠠᠭᠤᠯᠬᠤ ᠰᠠᠭᠤᠷᠢᠨ ᠭᠠᠵᠠᠷ ᠪᠣᠯᠤᠨ  ᠮᠡᠷᠭᠡᠵᠢᠯ ᠴᠢᠳᠠᠪᠤᠷᠢ ᠵᠢᠨ ᠳᠠᠳᠤᠯᠭ᠎ᠠ  ᠪᠤᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠨᠢᠭᠡ ᠪᠦᠯᠦᠭ ᠥᠨᠳᠥᠷ ᠬᠢᠷᠢ ᠬᠡᠮᠵᠢᠶ᠎ᠡ᠎ᠲᠠᠢ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠣᠯᠤᠨ ᠥᠨᠳᠥᠷ ᠬᠢᠷᠢ ᠬᠡᠮᠵᠢᠶ᠎ᠡ᠎ᠲᠠᠢ ᠲᠤᠰᠬᠠᠢ ᠮᠡᠷᠭᠡᠵᠢᠯ᠎ᠢ ᠪᠤᠢ ᠪᠤᠯᠭ᠋ᠠᠵᠤ᠂ ᠰᠢᠨ᠎ᠡ ᠠᠵᠢᠯ ᠮᠡᠷᠭᠡᠵᠢᠯ᠎ᠤᠨ ᠲᠣᠭ᠋ᠠᠴᠠᠯᠬᠠᠰᠠᠨ ᠡᠬᠢ ᠪᠠᠶᠠᠯᠢᠭ᠎ᠤᠨ  ᠪᠤᠯᠪᠠᠰᠤᠷᠠᠯ᠎ᠤᠨ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠲᠠᠪᠴᠠᠩ᠎ᠢ ᠪᠠᠶᠢᠭᠤᠯᠵᠦ᠂ ᠵᠠᠰᠠᠭ᠎ᠤᠨ ᠣᠷᠳᠣᠨ᠎ᠠᠴᠠ ᠨᠦᠬᠦᠪᠤᠷᠢ ᠤᠯᠭᠤᠭᠰᠠᠨ ᠮᠡᠷᠭᠡᠵᠢᠯ ᠴᠢᠳᠠᠪᠤᠷᠢ ᠵᠢᠨ  ᠪᠤᠯᠪᠠᠰᠤᠷᠠᠯ᠎ᠤᠨ ᠪᠦᠬᠦ ᠲᠥᠷᠥᠯ ᠵᠤᠶᠢᠯ᠎ᠢ ᠬᠢᠷᠢ ᠬᠡᠮ ᠪᠦᠷᠢᠳᠤᠬᠦᠯᠦᠭᠰᠡᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠴᠢᠯᠥᠭᠡᠲᠡᠢ ᠪᠣᠯᠭ᠋ᠠᠵᠤ᠂ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠢᠨ ᠬᠠᠩᠭ᠋ᠠᠯᠭ᠎ᠠ ᠵᠢᠨ ᠴᠢᠳᠠᠪᠤᠷᠢ ᠵᠢ ᠲᠠᠰᠤᠷᠠᠯᠲᠠ ᠦᠭᠡᠢ ᠲᠡᠬᠡᠭᠰᠢᠯᠡᠬᠦᠯᠤᠨ᠎ᠠ᠃ 《ᠠᠷᠪᠠᠨ ᠲᠦᠷᠪᠡᠳᠤᠬᠡᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠬᠤᠭᠤᠴᠠᠭ᠋ᠠᠨ᠎ᠳᠤ᠂ ᠪᠦᠬᠦ ᠣᠷᠣᠨ᠎ᠳᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠢᠱ᠌ᠢᠶ᠎ᠡ ᠦᠵᠡᠭᠦᠯᠬᠦ ᠴᠢᠨᠠᠷᠲᠠᠢ ᠠᠵᠢᠯ ᠮᠡᠷᠭᠡᠵᠢᠯ᠎ᠤᠨ ᠴᠢᠳᠠᠪᠤᠷᠢ ᠵᠢᠨ ᠳᠠᠳᠤᠯᠭ᠎ᠠ  ᠪᠤᠯᠪᠠᠰᠤᠷᠠᠯ᠎ᠤᠨ ᠰᠠᠭᠤᠷᠢᠨ ᠭᠠᠵᠠᠷ 10 ᠵᠢ ᠪᠠᠶ᠋ᠢᠭᠤᠯᠬᠤ᠎ᠪᠠᠷ ᠲᠥᠯᠥᠪᠯᠡᠵᠦ᠂ ᠠᠶ᠋ᠢᠮᠠᠭ ᠬᠣᠲᠠ ᠵᠢᠨ ᠱᠠᠲᠤᠨ᠎ᠤ ᠵᠢᠱ᠌ᠢᠶ᠎ᠡ ᠦᠵᠡᠭᠦᠯᠬᠦ ᠴᠢᠨᠠᠷᠲᠠᠢ ᠠᠵᠢᠯ ᠮᠡᠷᠭᠡᠵᠢᠯ᠎ᠤᠨ ᠴᠢᠳᠠᠪᠤᠷᠢ ᠵᠢᠨ ᠳᠠᠳᠤᠯᠭ᠎ᠠ ᠪᠤᠯᠪᠠᠰᠤᠷᠠᠯ᠎ᠤᠨ ᠰᠠᠭᠤᠷᠢᠨ ᠭᠠᠵᠠᠷ 20 ᠵᠢ  ᠪᠠᠢ᠌ᠭᠤᠯᠤᠨ᠎ᠠ᠃

   ᠬᠣᠶᠠᠷ᠎ᠲᠤ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠤᠯᠤᠰ᠎ᠤᠨ ᠳᠡᠰ᠎ᠤᠨ 20 ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠎ᠢ ᠰᠢᠨ᠎ᠡ᠎ᠪᠠᠷ 20 ᠪᠠᠶ᠋ᠢᠭᠤᠯᠵᠤ᠂ ᠤᠯᠤᠰ᠎ᠤᠨ ᠳᠡᠰ᠎ᠤᠨ 25᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ 50 ᠶᠡᠬᠡ ᠮᠠᠰᠲ᠋ᠧᠷ᠎ᠤᠨ ᠠᠵᠢᠯ᠎ᠤᠨ ᠦᠷᠤᠬᠡ ᠵᠢ ᠰᠢᠨ᠎ᠡ᠎ᠪᠠᠷ ᠪᠠᠶ᠋ᠢᠭᠤᠯᠤᠨ᠎ᠠ᠃

   ᠭᠤᠷᠪᠠ᠎ᠳᠤ᠂  ᠠᠵᠢᠯ ᠮᠡᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠤ ᠲᠥᠪᠯᠡᠷᠡᠭᠦᠯᠦᠨ ᠪᠤᠯᠪᠠᠰᠤᠷᠠᠭᠤᠯᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠪᠦᠬᠦ ᠣᠷᠣᠨ᠎ᠳᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠷᠬᠢᠯᠡᠭᠰᠡᠨ ᠠᠵᠢᠯ ᠮᠡᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠤ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ᠎ᠢ 10  ᠰᠢᠬᠠᠮ᠎ᠢ ᠪᠠᠶ᠋ᠢᠭᠤᠯᠬᠤ᠎ᠪᠠᠷ ᠲᠥᠯᠥᠪᠯᠡᠵᠦ᠂  ᠠᠵᠢᠯ ᠮᠡᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠤ  《ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠬᠤ 》  ᠵᠢᠨ ᠳᠠᠭ᠋ᠠᠭᠤᠯᠤᠨ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠮᠠᠨ᠎ᠤ ᠣᠷᠣᠨ᠎ᠤ  ᠠᠵᠢᠯ ᠮᠡᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠲᠤᠰᠬᠠᠶ᠋ᠢᠵᠢᠯᠲᠠ ᠵᠢᠨ ᠬᠢᠷᠢ ᠬᠡᠮᠵᠢᠶ᠎ᠡ ᠵᠢ ᠲᠠᠰᠤᠷᠠᠯᠲᠠ ᠤᠶ᠋ᠢᠭᠡᠢ  ᠲᠡᠬᠡᠭᠰᠢᠯᠡᠬᠦᠯᠤᠨ᠎ᠠ᠃

内蒙古自治区“十四五”就业促进规划新闻发布会答记者问-5.jpg

 

     ᠤᠮᠠᠷᠠᠲᠤ ᠵᠢᠨ ᠰᠢᠨ᠎ᠡ ᠰᠣᠨᠢᠨ᠎ᠤ ᠰᠤᠷᠪᠤᠯᠵᠢᠯᠠᠭᠴᠢ᠄ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ ᠪᠣᠯ ᠵᠠᠰᠠᠭ᠎ᠤᠨ ᠣᠷᠳᠣᠨ᠎ᠤ ᠠᠵᠢᠯ ᠣᠯᠭᠣᠯᠲᠠ ᠵᠢ ᠠᠬᠢᠭᠤᠯᠬᠤ ᠭᠣᠣᠯ ᠠᠷᠭ᠎ᠠ  ᠪᠠᠷᠢᠯ  ᠂ ᠠᠵᠢᠯ ᠣᠯᠭᠣᠯᠲᠠ ᠲᠦᠪ ᠭᠤᠤᠯᠴᠢ ᠪᠠᠶ᠋ᠢᠬᠤ ᠵᠢ ᠠᠬᠢᠭᠤᠯᠬᠤ ᠴᠢᠬᠤᠯᠠ ᠪᠠᠲᠤᠯᠠᠭ᠎ᠠ ᠮᠥᠨ᠂ ᠬᠥᠮᠦᠨ ᠬᠡᠷᠡᠭᠯᠡᠬᠦ  ᠨᠢᠬᠡᠴᠠ ᠪᠠ  ᠬᠦᠳᠡᠯᠮᠤᠷᠢᠴᠢᠳ ᠨᠡᠯᠢᠶᠡᠳ ᠥᠨᠳᠥᠷ ᠬᠦᠰᠡᠯ ᠡᠷᠡᠮᠡᠯᠵᠡᠯ  ᠲᠠᠯᠪᠢᠵᠤ ᠪᠠᠢ᠌ᠨ᠎ᠠ᠃ 《ᠠᠷᠪᠠᠨ ᠲᠦᠷᠪᠡᠳᠤᠬᠡᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠬᠤᠭᠤᠴᠠᠭ᠋ᠠᠨ᠎ᠳᠤ᠂ ᠣᠯᠠᠨ ᠨᠡᠶ᠋ᠢᠲᠡ ᠵᠢᠨ ᠠᠵᠢᠯ ᠤᠯᠭᠤᠯᠳᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠲᠠᠯ᠎ᠠ᠎ᠪᠠᠷ ᠶᠠᠮᠠᠷ ᠶᠠᠮᠠᠷ ᠠᠷᠭ᠎ᠠ  ᠬᠡᠮᠵᠢᠶ᠎ᠡ ᠪᠠᠶ᠋ᠢᠬᠤ ᠪᠣᠢ?

内蒙古自治区“十四五”就业促进规划新闻发布会答记者问-6.jpg

 

    ᠬᠠᠷᠢᠭᠤᠯᠲᠠ᠄  (ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠦᠢ᠍ᠯᠡᠴᠢᠯᠡᠭᠡᠨ᠎ᠤ ᠲᠥᠪ᠎ᠤᠨ ᠬᠣᠲᠠ ᠪᠠᠯᠭ᠋ᠠᠰᠤ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠭᠠᠵᠠᠷ᠎ᠤᠨ ᠬᠠᠷᠢᠭᠤᠴᠠᠯᠭ᠋ᠠᠲᠠᠨ ᠯᠢᠶᠠᠩ ᠬᠣᠣ ᠯᠢ )
    ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠬᠡ ᠪᠣᠯ ᠵᠠᠰᠠᠭ᠎ᠤᠨ ᠣᠷᠳᠣᠨ᠎ᠤ ᠠᠵᠢᠯ ᠣᠯᠭᠣᠯᠲᠠ ᠵᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠬᠤ ᠪᠥᠭᠡᠳ ᠠᠵᠢᠯ ᠣᠯᠭᠣᠬᠤ ᠲᠤᠰᠠᠯᠠᠮᠵᠢ ᠵᠢ ᠬᠡᠷᠡᠭᠵᠢᠭᠦᠯᠬᠦ ᠴᠢᠬᠤᠯᠠ ᠠᠴᠢᠶᠠᠯᠠᠪᠤᠷᠢ  ᠮᠥᠨ ᠴᠦ᠍ ᠠᠵᠢᠯ ᠤᠯᠭᠤᠯᠳᠠ ᠲᠥᠪ ᠭᠣᠣᠯᠴᠢ ᠪᠠᠶ᠋ᠢᠬᠤ ᠵᠢ ᠲᠦᠯᠬᠢᠨ ᠠᠬᠢᠭᠤᠯᠬᠤ ᠴᠢᠬᠤᠯᠠ ᠪᠠᠲᠤᠯᠠᠭ᠎ᠠ ᠪᠣᠯᠤᠨ᠎ᠠ᠃ ᠨᠡᠩ ᠥᠨᠳᠥᠷ  ᠴᠢᠨᠠᠷ ᠴᠢᠨᠰᠠᠭ᠎ᠠ᠎ᠲᠠᠢ ᠠᠵᠢᠯ ᠣᠯᠭᠣᠯᠲᠠ ᠵᠢ ᠪᠡᠶᠡᠯᠡᠭᠦᠯᠬᠦ ᠪᠣᠯ ᠥᠷᠭᠡᠨ ᠣᠯᠠᠨ ᠬᠦᠳᠡᠯᠮᠦᠷᠢᠯᠡᠭᠴᠢᠳ᠎ᠤᠨ ᠬᠠᠮᠤᠭ᠎ᠠᠴᠠ  ᠠᠩᠬᠠᠷᠴᠤ ᠪᠠᠶ᠋ᠢᠭ᠎ᠠ ᠂ ᠬᠠᠮᠤᠭ᠎ᠤᠨ ᠰᠢᠭᠤᠳ ᠬᠠᠮᠤᠭ᠎ᠠᠴᠠ  ᠪᠤᠳᠠᠳᠠᠢ ᠠᠰᠢᠭ ᠲᠤᠰᠠ ᠵᠢᠨ ᠠᠰᠠᠭᠤᠳᠠᠯ ᠪᠣᠯᠤᠨ᠎ᠠ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠪᠣᠯᠤᠨ ᠠᠷᠠᠳ᠎ᠤᠨ ᠠᠮᠢᠳᠤᠷᠠᠯ᠎ᠤᠨ ᠬᠢᠷᠢ ᠲᠦᠪᠰᠢᠨ ᠳᠡᠭᠡᠭᠰᠢᠯᠡᠬᠦ ᠵᠢ ᠳᠠᠭ᠋ᠠᠯᠳᠤᠨ᠂ ᠨᠡᠩ ᠰᠠᠶ᠋ᠢᠨ᠂ ᠨᠡᠩ ᠲᠣᠭᠲᠠᠭᠤᠨ ᠠᠵᠢᠯ ᠤᠯᠬᠤ᠎ᠨᠢ  ᠬᠦᠳᠡᠯᠮᠦᠷᠢᠯᠡᠭᠴᠢᠳ ᠨᠢᠭᠡᠪᠦᠷᠢ ᠵᠢᠨ ᠬᠦᠰᠡᠯ ᠪᠣᠯᠤᠨ᠎ᠠ᠂ ᠵᠠᠰᠠᠭ᠎ᠤᠨ ᠣᠷᠳᠣᠨ ᠡᠷᠬᠡᠪᠰᠢ ᠪᠦᠬᠦ ᠲᠠᠯ᠎ᠠ ᠵᠢᠨ ᠣᠯᠠᠨ ᠨᠡᠶ᠋ᠢᠲᠡ ᠵᠢᠨ ᠠᠵᠢᠯ ᠣᠯᠭᠣᠬᠤ  ᠦᠢ᠍ᠯᠡᠴᠢᠯᠡᠬᠡ ᠬᠠᠩᠭ᠋ᠠᠵᠤ᠂ ᠪᠦᠬᠦ ᠲᠠᠯ᠎ᠠ ᠵᠢᠨ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠰᠢᠯᠢᠳᠡᠭᠵᠢᠯᠲᠡ ᠵᠢ ᠲᠦᠯᠬᠢᠨ ᠠᠬᠢᠭᠤᠯᠬᠤ ᠬᠡᠷᠡᠭᠲᠡᠢ᠃  《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  〈ᠠᠷᠪᠠᠨ ᠲᠦᠷᠪᠡᠳᠤᠬᠡᠷ ᠲᠠᠪᠤᠨ ᠵᠢᠯ᠎ᠤᠨ ᠲᠥᠯᠥᠪᠵᠢᠭᠦᠯᠭᠡ〉 ᠵᠢᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ 》᠎ᠳᠤ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠴᠢᠩᠭ᠋ᠠᠳᠬᠠᠵᠤ᠂ ᠪᠦᠬᠦ ᠶᠠᠪᠤᠴᠠ᠎ᠳᠤ ᠲᠤᠤᠱᠯᠠᠭᠳᠠᠭᠰᠠᠨ᠂ ᠪᠦᠬᠦ ᠣᠷᠣᠨ᠎ᠢ ᠨᠥᠯᠥᠭᠡᠯᠡᠭᠰᠡᠨ᠂ ᠳᠥᠭᠥᠮ ᠲᠦᠳᠡ ᠥᠨᠳᠥᠷ ᠦᠷ᠎ᠡ ᠪᠦᠲᠦᠮᠵᠢᠲᠡᠢ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠦᠬᠦ ᠬᠦᠴᠦᠨ ᠵᠶ᠋ᠡᠷ ᠵᠶ᠋ᠡᠨ ᠪᠣᠢ ᠪᠣᠯᠭ᠋ᠠᠨ᠎ᠠ ᠭᠡᠵᠦ ᠲᠣᠳᠣᠷᠬᠠᠢ ᠳᠤᠷᠠᠳᠤᠨ ᠭᠠᠷᠭ᠋ᠠᠪᠠ᠃ ᠡᠨᠡᠬᠦ ᠬᠠᠷᠠᠯᠲᠠ ᠵᠢᠨ ᠲᠣᠭᠣᠷᠢᠨ᠎ᠳᠤ᠂ ᠪᠢᠳᠡ ᠳᠣᠣᠷᠠᠬᠢ ᠭᠤᠷᠪᠠᠨ  ᠲᠠᠯ᠎ᠠ᠎ᠪᠠᠷ ᠣᠯᠠᠨ ᠨᠡᠶ᠋ᠢᠲᠡ ᠵᠢᠨ ᠠᠵᠢᠯ ᠣᠯᠭᠣᠬᠤ  ᠦᠢ᠍ᠯᠡᠴᠢᠯᠡᠬᠡ ᠵᠢ ᠭᠣᠣᠯᠴᠢᠯᠠᠨ ᠴᠢᠩᠭ᠋ᠠᠳᠬᠠᠨ᠎ᠠ᠃

    ᠨᠢᠭᠡ᠎ᠳᠤ᠂ ᠣᠯᠠᠨ ᠨᠡᠶ᠋ᠢᠲᠡ ᠵᠢᠨ ᠠᠵᠢᠯ ᠣᠯᠭᠣᠬᠤ  ᠦᠢ᠍ᠯᠡᠴᠢᠯᠡᠬᠡ ᠵᠢ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠠᠷᠠᠳ᠎ᠲᠤ ᠳᠥᠭᠥᠮ ᠦᠵᠡᠭᠦᠯᠵᠦ ᠠᠷᠠᠳ᠎ᠲᠤ ᠠᠰᠢᠭᠲᠠᠢ ᠪᠠᠶ᠋ᠢᠯᠭ᠋ᠠᠬᠤ ᠵᠠᠷᠴᠢᠮ᠎ᠤᠨ ᠶᠣᠰᠣᠭ᠋ᠠᠷ᠂ ᠣᠯᠠᠨ ᠨᠡᠶ᠋ᠢᠲᠡ ᠵᠢᠨ ᠠᠵᠢᠯ ᠣᠯᠭᠣᠬᠤ ᠦᠨᠳᠦᠰᠦᠨ ᠦᠢ᠍ᠯᠡᠴᠢᠯᠡᠭᠡᠨ᠎ᠤ ᠪᠠᠷᠢᠮᠵᠢᠶ᠎ᠠ ᠵᠢᠨ ᠵᠢᠷᠤᠮᠵᠢᠯ᠎ᠢ ᠪᠠᠶ᠋ᠢᠭᠤᠯᠤᠨ᠂ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ  ᠰᠢᠰᠲᠸᠮ ᠎ᠢ  ᠪᠦᠷᠢᠨᠰᠢᠭᠦᠯᠦᠨ᠎ᠡ᠃ ᠪᠦᠬᠦ ᠣᠷᠣᠨ᠎ᠤ ᠪᠣᠢ ᠪᠦᠬᠦᠢ ᠰᠤᠮᠤ ᠰᠢᠶᠠᠩ ᠪᠠᠯᠭ᠋ᠠᠰᠤ   (ᠵᠡᠭᠡᠯᠢ ) ᠪᠣᠯᠤᠨ ᠵᠠᠰᠠᠭ ᠵᠠᠬᠢᠷᠭ᠋ᠠᠨ᠎ᠤ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ)᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠭᠠᠵᠠᠷ᠎ᠲᠤ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠲᠠᠪᠴᠠᠩ  (ᠴᠤᠩᠬᠤ) ᠎ᠢ ᠪᠠᠶ᠋ᠢᠭᠤᠯᠵᠤ᠂ ᠣᠯᠠᠨ ᠨᠡᠶ᠋ᠢᠲᠡ ᠵᠢᠨ ᠠᠵᠢᠯ ᠣᠯᠭᠣᠬᠤ  ᠦᠢ᠍ᠯᠡᠴᠢᠯᠡᠬᠡ ᠵᠢ ᠲᠠᠪᠴᠠᠩ᠎ᠤᠨ ᠦᠢ᠍ᠯᠡᠴᠢᠯᠡᠭᠡᠨ᠎ᠤ ᠨᠠᠷᠢᠨ  ᠲᠠᠩᠰᠠ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ  ᠰᠢᠶᠠᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠲᠠᠪᠤᠨ ᠱᠠᠲᠤ ᠵᠢ ᠬᠠᠮᠤᠷᠤᠭᠰᠠᠨ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ   ᠰᠦᠯᠵᠢᠶ᠎ᠡ ᠵᠢ ᠪᠠᠶ᠋ᠢᠭᠤᠯᠤᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠬᠡᠷᠡᠭᠵᠢᠭᠦᠯᠦᠯᠲᠡ᠎ᠲᠠᠢ ᠤᠶᠠᠯᠳᠤᠭᠤᠯᠤᠨ᠂ ᠨᠡᠶ᠋ᠢᠭᠡᠮ᠎ᠤᠨ ᠬᠥᠷᠥᠩᠭᠡ ᠪᠠ ᠴᠢᠨᠠᠷ ᠰᠠᠶ᠋ᠢᠲᠠᠢ ᠡᠬᠢ ᠪᠠᠶᠠᠯᠢᠭ᠎ᠤᠨ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠡᠵᠡᠩᠨᠡᠯᠲᠡ ᠬᠠᠮᠢᠶᠠᠷᠤᠯᠲᠠ᠎ᠳᠤ ᠣᠷᠣᠯᠴᠠᠬᠤ ᠵᠢ ᠢᠳᠡᠪᠬᠢᠲᠡᠢ᠎ᠪᠠᠷ ᠰᠦᠪᠡᠭᠴᠢᠯᠡᠵᠦ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠤ ᠠᠵᠢᠯ ᠣᠯᠵᠤ  ᠦᠢ᠍ᠯᠡᠰ ᠪᠤᠰᠬᠠᠬᠤ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠢ  ᠴᠢᠩᠭ᠋ᠠᠳᠬᠠᠨ᠎ᠠ᠃ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠪᠣᠯᠤᠨ  ᠠᠵᠢᠯᠯᠠᠭ᠎ᠠ ᠰᠤᠷᠲᠠᠯ᠎ᠤᠨ ᠪᠠᠶ᠋ᠢᠭᠤᠯᠤᠯᠲᠠ ᠵᠢ ᠭᠦᠨᠵᠡᠭᠡᠢ ᠲᠦᠯᠬᠢᠨ ᠠᠬᠢᠭᠤᠯᠵᠤ᠂ ᠦᠢ᠍ᠯᠡᠴᠢᠯᠡᠭᠡᠨ᠎ᠤ  ᠠᠯᠬᠤᠮ ᠲᠠᠷᠠᠭ᠎ᠠ ᠵᠢ ᠤᠯᠠᠮ ᠨᠢᠭᠡ ᠠᠯᠬᠤᠮ ᠳᠥᠭᠥᠮᠴᠢᠯᠡᠨ ᠰᠢᠯᠢᠳᠡᠭᠵᠢᠭᠦᠯᠵᠦ᠂ ᠪᠦᠬᠦ ᠣᠷᠣᠨ᠎ᠤ ᠨᠢᠭᠡᠳᠦᠯᠲᠡᠢ ᠦᠢ᠍ᠯᠡᠴᠢᠯᠡᠭᠡᠨ᠎ᠤ  ᠠᠯᠬᠤᠮ ᠲᠠᠷᠠᠭ᠎ᠠ᠂ ᠦᠢ᠍ᠯᠡᠴᠢᠯᠡᠭᠡᠨ᠎ᠤ ᠪᠠᠷᠢᠮᠵᠢᠶ᠎ᠠ ᠵᠢ ᠬᠡᠷᠡᠭᠵᠢᠭᠦᠯᠦᠨ᠂ ᠣᠯᠠᠨ ᠨᠡᠶ᠋ᠢᠲᠡ ᠵᠢᠨ ᠠᠵᠢᠯ ᠣᠯᠭᠣᠬᠤ  ᠦᠢ᠍ᠯᠡᠴᠢᠯᠡᠬᠡ ᠵᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠶᠠᠪᠤᠳᠠᠯ᠎ᠢ  ᠪᠡᠶᠡᠯᠡᠬᠦᠯᠤᠨ᠎ᠠ᠃

    ᠬᠣᠶᠠᠷ᠎ᠲᠤ᠂ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠮᠡᠳᠡᠭᠡ ᠵᠠᠩᠭᠢᠴᠢᠯᠠᠬᠤ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠰᠦᠯᠵᠢᠶᠡᠨ ᠭᠠᠳᠠᠨᠠᠬᠢ ᠪᠣᠳᠠᠲᠤ ᠴᠣᠭᠴᠠ ᠵᠢᠨ ᠰᠦᠯᠵᠢᠶᠡᠨ ᠴᠡᠭ᠎ᠤᠨ ᠦᠢ᠍ᠯᠡᠴᠢᠯᠡᠭᠡ ᠬᠢᠭᠡᠳ ᠰᠦᠯᠵᠢᠶᠡᠨ ᠳᠡᠭᠡᠷᠡᠬᠢ ᠢᠨᠲᠸᠷᠨ᠋ᠸᠲ ᠵᠢᠨ ᠦᠢ᠍ᠯᠡᠴᠢᠯᠡᠭᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠠᠳᠠᠯᠢ  ᠠᠳᠠᠯᠢ ᠲᠦᠷᠤᠯ᠎ᠢ ᠣᠯᠠᠨ ᠠᠷᠭ᠎ᠠ ᠵᠠᠮ ᠵᠶ᠋ᠠᠷ ᠬᠦᠯᠢᠶᠡᠨ ᠠᠪᠴᠤ  ᠰᠢᠢ᠍ᠳᠪᠤᠷᠢᠯᠡᠬᠦ᠂ ᠶᠠᠮᠠᠷᠪᠠ ᠨᠢᠭᠡᠨ ᠠᠷᠭ᠎ᠠ᠎ᠪᠠᠷ ᠰᠢᠢ᠍ᠳᠪᠦᠷᠢᠯᠡᠵᠦ  ᠲᠠᠭᠤᠰᠬᠠᠬᠤ ᠵᠢ ᠪᠡᠶᠡᠯᠡᠭᠦᠯᠦᠨ᠎ᠡ᠃ ᠪᠦᠬᠦ ᠣᠷᠣᠨ᠎ᠤ ᠲᠥᠪᠯᠡᠷᠡᠩᠭᠦᠢ ᠮᠠᠶᠢᠭ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠮᠡᠳᠡᠭᠡ ᠵᠠᠩᠭᠢᠵᠢᠭᠤᠯᠤᠯᠲᠠ ᠪᠠ ᠬᠡᠷᠡᠭᠯᠡᠭᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠬᠡᠯᠬᠢᠶ᠎ᠡ ᠵᠢ ᠤᠷᠲᠤᠳᠬᠠᠵᠤ᠂ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠠᠵᠢᠯ ᠲᠦᠷᠤᠯ᠎ᠢ 《  ᠪᠦᠬᠦᠨ᠎ᠢ ᠰᠦᠯᠵᠢᠶᠡᠨ᠎ᠳᠤ ᠭᠠᠷᠭ᠋ᠠᠵᠤ᠂ ᠪᠦᠬᠦ ᠶᠠᠪᠤᠴᠠ ᠵᠢ᠎ᠨᠢ ᠨᠡᠪᠲᠡᠷᠡᠭᠦᠯᠦᠨ᠂ ᠪᠦᠬᠦ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ 》 ᠵᠢ ᠲᠦᠯᠬᠢᠨ ᠠᠬᠢᠭᠤᠯᠤᠨ᠎ᠠ᠃ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠠᠬᠢᠭᠤᠯᠤᠨ᠂ ᠮᠡᠳᠡᠭᠡ ᠵᠠᠩᠭᠢ ᠵᠢᠨ ᠲᠦᠭᠵᠢᠭᠳᠡᠮᠡᠯ ᠪᠠᠢ᠌ᠳᠠᠯ᠎ᠢ ᠡᠪᠳᠡᠵᠦ᠂ ᠴᠢᠯᠥᠭᠡᠲᠡᠢ ᠲᠠᠯᠪᠢᠨ ᠬᠠᠮᠲᠤᠪᠠᠷ ᠡᠳ᠋ᠯᠡᠵᠦ᠂  《ᠨᠢᠬᠡ ᠲᠠᠷᠤᠪᠴᠢ᠎ᠪᠠᠷ ᠬᠤᠯᠪᠤᠭᠳᠠᠵᠤ᠂ ᠪᠦᠬᠦ ᠣᠷᠣᠨ ᠎ᠳᠤ ᠪᠠᠶ᠋ᠢᠴᠠᠭ᠋ᠠᠨ ᠯᠠᠪᠯᠠᠬᠤ 》 ᠵᠢ ᠪᠡᠶᠡᠯᠡᠭᠦᠯᠦᠨ᠎ᠡ᠃ ᠣᠶᠤᠨᠲᠤ ᠠᠵᠢᠯ ᠣᠯᠭᠣᠬᠤ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ ᠵᠢ ᠬᠠᠶ᠋ᠢᠨ ᠰᠦᠪᠡᠭᠴᠢᠯᠡᠵᠦ᠂ ᠮᠡᠳᠡᠭᠡ ᠵᠠᠩᠭᠢ ᠴᠤᠭᠯᠠᠭᠤᠯᠬᠤ᠂  ᠪᠤᠯᠪᠠᠰᠤᠷᠠᠯ ᠬᠢᠬᠦ ᠵᠢ ᠵᠣᠯᠭ᠋ᠠᠭᠤᠯᠬᠤ᠂ ᠠᠵᠢᠯ ᠣᠯᠭᠣᠬᠤ ᠵᠢ ᠵᠣᠯᠭ᠋ᠠᠭᠤᠯᠬᠤ᠂  ᠮᠦᠷᠳᠡᠵᠤ ᠦᠢ᠍ᠯᠡᠴᠢᠯᠡᠬᠦ《ᠳᠥᠷᠪᠡ ᠵᠢ ᠨᠢᠭᠡ ᠴᠣᠭᠴᠠᠵᠢᠭᠤᠯᠬᠤ》 ᠠᠵᠢᠯ  ᠤᠯᠭᠤᠬᠤ ᠦᠢ᠍ᠯᠡᠴᠢᠯᠡᠭᠡᠨ᠎ᠤ ᠡᠭᠦᠯᠡᠨ ᠲᠠᠪᠴᠠᠩ᠎ᠢ ᠲᠡᠭᠦᠯᠳᠡᠷᠵᠢᠭᠦᠯᠦᠨ ᠳᠡᠯᠭᠡᠷᠡᠭᠦᠯᠵᠦ᠂ ᠮᠡᠷᠭᠡᠵᠢᠯ ᠴᠢᠳᠠᠪᠤᠷᠢ ᠵᠢᠨ ᠪᠤᠯᠪᠠᠰᠤᠷᠠᠯ ᠪᠣᠯᠤᠨ ᠠᠵᠢᠯ ᠣᠯᠭᠣᠬᠤ ᠬᠠᠩᠭ᠋ᠠᠯᠭ᠎ᠠ ᠬᠡᠷᠡᠭᠴᠡᠭᠡ ᠵᠢ ᠣᠨᠣᠪᠴᠢᠲᠠᠢ ᠵᠣᠯᠭ᠋ᠠᠭᠤᠯᠬᠤ ᠵᠢ ᠪᠦᠲᠦᠮᠵᠢᠲᠡᠢ ᠠᠬᠢᠭᠤᠯᠤᠨ᠎ᠠ᠃

    ᠭᠤᠷᠪᠠ᠎ᠳᠤ᠂ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠲᠤᠰᠬᠠᠶ᠋ᠢᠵᠢᠭᠰᠠᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠭᠠᠷᠳᠠᠨ ᠬᠢᠬᠦ ᠴᠢᠳᠠᠪᠤᠷᠢ ᠵᠢ ᠳᠡᠭᠡᠭᠰᠢᠯᠡᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠦᠨᠳᠦᠰᠦᠨ ᠱᠠᠲᠤᠨ᠎ᠤ ᠲᠠᠪᠴᠠᠩ᠎ᠤᠨ ᠠᠵᠢᠯᠲᠠᠨ᠎ᠤ ᠲᠥᠷᠥ ᠵᠢᠨ ᠪᠣᠳᠣᠯᠭ᠎ᠠ ᠪᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢᠨ  ᠪᠤᠯᠪᠠᠰᠤᠷᠠᠯ᠎ᠢ ᠥᠷᠨᠢᠭᠦᠯᠵᠦ᠂ ᠠᠵᠢᠯᠲᠠᠨ᠎ᠳᠤ ᠪᠣᠳᠠᠲᠠᠢ ᠭᠠᠷᠳᠠᠨ ᠬᠢᠬᠦ ᠳᠡᠰ ᠳᠠᠷᠠᠭ᠋ᠠᠯᠠᠯ ᠪᠠ ᠠᠵᠢᠯᠯᠠᠭᠤᠯᠬᠤ ᠵᠢᠷᠤᠮᠵᠢᠯ᠎ᠢ ᠮᠡᠳᠡᠭᠦᠯᠵᠦ᠂ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠬᠡᠪ  ᠪᠤᠯᠪᠠᠰᠤᠷᠠᠯ ᠪᠣᠯᠤᠨ ᠲᠤᠬᠠᠶ᠋ᠢᠯᠠᠭᠰᠠᠨ ᠠᠵᠢᠯ᠎ᠤᠨ ᠭᠠᠷᠳᠠᠨ ᠬᠢᠬᠦ ᠴᠢᠳᠠᠪᠤᠷᠢ ᠵᠢ ᠪᠦᠬᠦ ᠲᠠᠯ᠎ᠠ᠎ᠪᠠᠷ  ᠲᠡᠬᠡᠭᠰᠢᠯᠡᠬᠦᠯᠤᠨ᠎ᠠ᠃ ᠰᠢᠨ᠎ᠡ᠎ᠪᠠᠷ ᠠᠵᠢᠯ᠎ᠤᠨ ᠪᠠᠶ᠋ᠢᠷᠢ᠎ᠳᠤ ᠭᠠᠷᠤᠭᠰᠠᠳ᠎ᠲᠤ ᠎ᠢ ᠲᠦᠪᠯᠡᠷᠡᠬᠦᠯᠤᠨ ᠪᠤᠯᠪᠠᠰᠤᠷᠠᠭᠤᠯᠵᠤ  ᠂ ᠣᠳᠣ ᠪᠠᠶ᠋ᠢᠭ᠎ᠠ ᠬᠥᠮᠦᠰ᠎ᠲᠤ ᠵᠢᠯ ᠪᠦᠷᠢ ᠠᠳᠠᠭ᠎ᠲᠠᠭᠠᠨ ᠨᠢᠭᠡ ᠤᠳᠠᠭ᠎ᠠ  ᠪᠤᠯᠪᠠᠰᠤᠷᠠᠯ ᠬᠦᠷᠳᠡᠬᠡᠨ᠎ᠠ᠃ ᠠᠵᠢᠯ ᠮᠡᠷᠭᠡᠵᠢᠯ᠎ᠤᠨ ᠵᠢᠭ᠋ᠠᠨ ᠵᠢᠯᠣᠭᠣᠳᠤᠭᠴᠢ᠂ ᠠᠵᠢᠯ ᠮᠡᠷᠭᠡᠵᠢᠯ᠎ᠤᠨ ᠮᠡᠳᠡᠭᠡ ᠵᠠᠩᠭᠢ ᠵᠢᠨ ᠵᠠᠳᠠᠯᠤᠭᠴᠢ᠂  ᠦᠢ᠍ᠯᠡᠰ ᠪᠣᠰᠬᠠᠬᠤ ᠵᠢᠭ᠋ᠠᠨ ᠵᠢᠯᠣᠭᠣᠳᠤᠭᠴᠢ᠂ ᠬᠥᠳᠡᠯᠮᠦᠷᠢ ᠪᠠᠲᠤᠯᠠᠭ᠎ᠠ ᠵᠢᠨ ᠬᠠᠪᠰᠤᠷᠤᠭᠴᠢ ᠵᠡᠷᠭᠡ ᠲᠤᠰᠬᠠᠶ᠋ᠢᠵᠢᠭᠰᠠᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠷᠠᠭᠤᠯᠵᠤ᠂  ᠬᠠᠨᠳᠤᠯᠭ᠋ᠠᠳᠤ ᠴᠢᠨᠠᠷᠲᠠᠢ  ᠦᠢ᠍ᠯᠡᠴᠢᠯᠡᠬᠡ ᠬᠠᠩᠭ᠋ᠠᠨ᠎ᠠ᠃  ᠤᠷᠢᠵᠤ ᠬᠡᠷᠡᠭᠯᠡᠬᠦ ᠬᠤᠷᠠᠯ᠎ᠤᠨ ᠵᠣᠬᠢᠶᠠᠨ ᠪᠠᠶ᠋ᠢᠭᠤᠯᠬᠤ ᠬᠡᠯᠪᠡᠷᠢ ᠵᠢ ᠲᠡᠭᠦᠯᠳᠡᠷᠵᠢᠭᠦᠯᠵᠦ᠂ ᠲᠤᠬᠠᠢ ᠵᠢᠨ ᠭᠠᠵᠠᠷ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠪᠦᠲᠦᠴᠡ ᠵᠢᠨ ᠣᠨᠴᠠᠯᠢᠭ᠎ᠢ ᠦᠨᠳᠦᠰᠦᠯᠡᠨ᠂ ᠰᠢᠭᠤᠳ ᠨᠡᠪᠲᠡᠷᠡᠭᠦᠯᠭᠡ ᠎ᠪᠠᠷ ᠠᠵᠢᠯ᠎ᠤᠨ ᠪᠠᠢ᠌ᠷᠢ ᠵᠦᠭ ᠬᠦᠳᠤᠯᠬᠦ   ᠵᠡᠷᠭᠡ ᠨᠡᠩ ᠣᠯᠠᠨ ᠲᠤᠰᠬᠠᠶ᠋ᠢᠵᠢᠭᠰᠠᠨ᠂ ᠵᠢᠵᠢᠭ ᠬᠡᠯᠪᠡᠷᠢᠴᠢᠯᠡᠭᠰᠡᠨ ᠴᠢᠭᠯᠡᠯᠳᠤ ᠴᠢᠨᠠᠷ᠎ᠲᠠᠢ ᠪᠤᠶᠤ ᠲᠤᠰᠬᠠᠢ ᠲᠠᠯᠠᠪᠤᠷ᠎ᠤᠨ  ᠤᠷᠢᠵᠤ ᠬᠡᠷᠡᠭᠯᠡᠬᠦ ᠬᠤᠷᠠᠯ᠎ᠢ ᠵᠣᠬᠢᠶᠠᠨ ᠪᠠᠶ᠋ᠢᠭᠤᠯᠤᠨ᠎ᠠ᠃ ᠠᠵᠢᠯ ᠣᠯᠭᠣᠬᠤ  ᠦᠢ᠍ᠯᠡᠰ ᠪᠤᠰᠬᠠᠬᠤ ᠎ᠳᠤ ᠦᠢ᠍ᠯᠡᠴᠢᠯᠡᠬᠦ ᠨᠦᠬᠦᠪᠤᠷᠢ ᠲᠡᠳᠬᠦᠮᠵᠢ ᠵᠢᠨ ᠲᠥᠷᠥ ᠵᠢᠨ ᠪᠣᠳᠣᠯᠭ᠎ᠠ ᠪᠠ ᠵᠠᠰᠠᠭ᠎ᠤᠨ ᠣᠷᠳᠣᠨ ᠨᠡᠶ᠋ᠢᠭᠡᠮ᠎ᠤᠨ ᠬᠦᠴᠦᠨ᠋᠎ᠠᠴᠠ ᠦᠢ᠍ᠯᠡᠴᠢᠯᠡᠭᠡ ᠬᠤᠳᠠᠯᠳᠤᠨ ᠠᠪᠬᠤ ᠲᠣᠭᠲᠠᠴᠠ ᠵᠢ ᠭᠦᠢ᠍ᠴᠡᠳ ᠬᠡᠷᠡᠭᠯᠡᠵᠦ᠂ ᠡᠵᠡᠩᠨᠡᠯᠲᠡ ᠵᠢᠨ ᠴᠢᠨᠠᠷᠲᠠᠢ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠡᠷᠭᠡ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠠᠵᠢᠯ ᠣᠯᠭᠣᠬᠤ ᠦᠨᠳᠦᠰᠦᠨ ᠦᠢ᠍ᠯᠡᠴᠢᠯᠡᠬᠡ ᠵᠢ ᠳᠠᠭ᠋ᠠᠭ᠋ᠠᠨ ᠠᠪᠬᠤ ᠵᠢ ᠳᠡᠮᠵᠢᠵᠦ᠂ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠥᠷᠭᠡᠳᠬᠡᠨ᠂ ᠦᠢ᠍ᠯᠡᠴᠢᠯᠡᠭᠡᠨ᠎ᠤ ᠲᠤᠰᠬᠠᠶ᠋ᠢᠵᠢᠭᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃

内蒙古自治区“十四五”就业促进规划新闻发布会答记者问-7.jpg

 

    ᠥᠪᠥᠷ ᠮᠣᠩᠭᠣᠯ᠎ᠤᠨ ᠬᠤᠳᠠᠯᠳᠤᠭ᠋ᠠᠨ᠎ᠤ ᠰᠣᠨᠢᠨ᠎ᠤ ᠰᠤᠷᠪᠤᠯᠵᠢᠯᠠᠭᠴᠢ᠄ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶ᠎ᠠ ᠦᠢ᠍ᠯᠡᠰ ᠪᠤᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠠᠵᠢᠯ᠎ᠢ  ᠢᠮᠠᠭᠳᠠ ᠮᠠᠰᠢ ᠴᠢᠬᠤᠯᠠᠴᠢᠯᠠᠭᠰᠠᠭ᠋ᠠᠷ  ᠢᠷᠡᠵᠠᠢ ᠂  《  ᠠᠷᠪᠠᠨ ᠲᠦᠷᠪᠡᠳᠤᠬᠡᠷ ᠲᠠᠪᠤᠨ ᠵᠢᠯ᠎ᠤᠨ ᠲᠥᠯᠥᠪᠵᠢᠭᠦᠯᠭᠡ 》 ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ  ᠦᠢ᠍ᠯᠡᠰ ᠪᠤᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠠᠵᠢᠯ᠎ᠤᠨ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ?

内蒙古自治区“十四五”就业促进规划新闻发布会答记者问-8.jpg

 

    ᠬᠠᠷᠢᠭᠤᠯᠲᠠ᠄ (ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠦᠢ᠍ᠯᠡᠴᠢᠯᠡᠭᠡᠨ᠎ᠤ ᠲᠥᠪ᠎ᠤᠨ  ᠦᠢ᠍ᠯᠡᠰ ᠪᠣᠰᠬᠠᠬᠤ ᠵᠢ ᠵᠢᠯᠣᠭᠣᠳᠬᠤ ᠭᠠᠵᠠᠷ᠎ᠤᠨ ᠬᠠᠷᠢᠭᠤᠴᠠᠯᠭ᠋ᠠᠲᠠᠨ ᠯᠢᠦ ᠷᠦᠢ ᠮᠢᠨ )

    ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ  ᠦᠢ᠍ᠯᠡᠰ ᠪᠣᠰᠬᠠᠬᠤ᠎ᠪᠠᠷ ᠠᠵᠢᠯ ᠣᠯᠭᠣᠬᠤ ᠵᠢ ᠳᠠᠶ᠋ᠢᠴᠢᠯᠠᠬᠤ ᠲᠠᠯ᠎ᠠ᠎ᠪᠠᠷ ᠭᠣᠣᠯᠳᠠᠭᠤ ᠳᠣᠣᠷᠠᠬᠢ ᠠᠷᠭ᠎ᠠ ᠬᠡᠮᠵᠢᠶ᠎ᠡ ᠵᠢ ᠠᠪᠤᠨ᠎ᠠ᠃

    ᠨᠢᠭᠡ᠎ᠳᠤ᠂ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠰᠢᠰᠲᠸᠮ᠎ᠢ ᠲᠡᠭᠦᠯᠳᠡᠷᠵᠢᠭᠦᠯᠦᠨ᠎ᠡ᠃  《  ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠲᠦᠭ ᠲᠦᠮᠡᠨ ᠵᠶ᠋ᠡᠷ ᠵᠶ᠋ᠡᠨ ᠦᠢ᠍ᠯᠡᠰ ᠪᠤᠰᠬᠠᠵᠤ ᠲᠦᠮᠡᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠵᠢ ᠶᠡᠬᠡᠪᠡᠷ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠢ ᠬᠡᠷᠡᠭᠵᠢᠭᠦᠯᠬᠦ ᠲᠤᠬᠠᠢ  ᠰᠠᠨᠠᠯ 》 (  ᠲᠦᠷᠤ ᠵᠢᠨ ᠶᠠᠪᠤᠳᠠᠯ᠎ᠤᠨ ᠬᠤᠷᠢᠶ᠎ᠠ᠎ᠠᠴᠠ ᠲᠠᠷᠬᠠᠭ᠋ᠠᠭᠰᠠᠨ  〈2015〉 32 ᠳ᠋ᠤᠭ᠋ᠠᠷ ᠲᠣᠭ᠋ᠠᠲᠤ) ᠪᠠ  《ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠣᠳᠣᠬᠠᠨ᠎ᠤ ᠪᠠ ᠬᠣᠶ᠋ᠢᠰᠢᠳᠠ ᠵᠢᠨ  ᠬᠤᠭᠤᠴᠠᠭ᠋ᠠᠨ᠎ᠤ ᠠᠵᠢᠯ ᠣᠯᠵᠤ  ᠦᠢ᠍ᠯᠡᠰ ᠪᠤᠰᠬᠠᠬᠤ ᠠᠵᠢᠯ᠎ᠢ ᠰᠠᠶ᠋ᠢᠲᠤᠷ ᠬᠢᠬᠦ ᠲᠤᠬᠠᠢ  ᠰᠠᠨᠠᠯ》 (  ᠲᠦᠷᠤ ᠵᠢᠨ ᠶᠠᠪᠤᠳᠠᠯ᠎ᠤᠨ ᠬᠤᠷᠢᠶ᠎ᠠ᠎ᠠᠴᠠ ᠲᠠᠷᠬᠠᠭ᠋ᠠᠭᠰᠠᠨ  〈2017〉 32 ᠳ᠋ᠤᠭ᠋ᠠᠷ ᠲᠣᠭ᠋ᠠᠲᠤ)   ᠪᠢᠴᠢᠭ ᠮᠠᠲ᠋ᠧᠷᠢᠶᠠᠯ᠂  《  〈  ᠦᠢ᠍ᠯᠡᠰ ᠪᠤᠰᠬᠠᠬᠤ  ᠥᠪᠥᠷ ᠮᠣᠩᠭᠣᠯ〉᠎ᠤᠨ ᠠᠵᠢᠯᠯᠠᠭ᠎ᠠ ᠵᠢᠨ ᠲᠥᠯᠥᠪᠯᠡᠭᠡ》 ᠵᠢ ᠦᠷᠭᠦᠯᠵᠢᠯᠡᠨ ᠲᠤᠤᠱᠯᠠᠭᠤᠯᠤᠨ ᠨᠠᠶ᠋ᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ  《  ᠦᠢ᠍ᠯᠡᠰ ᠪᠤᠰᠬᠠᠬᠤ ᠦᠢ᠍ᠯᠡᠴᠢᠯᠡᠭᠡᠨ᠎ᠤ  ᠰᠢᠰᠲᠸᠮ᠎ᠤᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠰᠠᠨᠠᠯ 》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ  (2019 — 2021 ) 》᠂   ᠲᠠᠮᠵᠢᠭᠤᠯᠵᠤ ᠲᠠᠷᠬᠠᠭ᠋ᠠᠭᠰᠠᠨ ᠡᠳ᠋᠎ᠤᠨ ᠵᠠᠰᠠᠭ᠎ᠤᠨ ᠶᠠᠮᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ  《ᠠᠵᠢᠯ ᠣᠯᠭᠣᠬᠤ ᠨᠥᠬᠥᠪᠥᠷᠢ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ 》  (ᠥᠪᠥᠷ ᠮᠤᠩᠭᠤᠯ᠎ᠤᠨ ᠡᠳ᠋᠎ᠤᠨ ᠵᠠᠰᠠᠭ᠎ᠤᠨ ᠲᠢᠩᠬᠢᠮ᠂  ᠬᠦᠮᠤᠨ᠎ᠤ ᠬᠦᠴᠤᠨ᠎ᠤ ᠡᠬᠢ ᠪᠠᠶᠠᠯᠢᠭ ᠪᠠ ᠨᠡᠢ᠌ᠬᠡᠮ ᠵᠢᠨ  ᠪᠠᠳᠤᠯᠠᠭ᠎ᠠ ᠵᠢᠨ ᠲᠢᠩᠬᠢᠮ 〈2019 〉 289 ᠳ᠋ᠦ᠍ᠭᠡᠷ ᠲᠣᠭ᠋ᠠᠲᠤ) ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠠᠷᠠᠳ᠎ᠤᠨ ᠪᠠᠩᠬᠢ ᠵᠢᠨ ᠬᠥᠬᠡᠬᠣᠲᠠ᠎ᠳᠠᠬᠢ ᠲᠥᠪ ᠰᠠᠯᠪᠤᠷᠢ ᠪᠠᠩᠬᠢ᠎ᠠᠴᠠ  ᠲᠠᠮᠵᠢᠭᠤᠯᠵᠤ ᠲᠠᠷᠬᠠᠭ᠋ᠠᠭᠰᠠᠨ 《  ᠦᠢ᠍ᠯᠡᠰ ᠪᠤᠰᠬᠠᠬᠤ ᠪᠠᠳᠤᠯᠠᠭ᠋ᠠᠳᠤ ᠵᠢᠭᠡᠯᠡᠯᠭᠡ ᠵᠢᠨ ᠳᠠᠮ ᠬᠦᠦ ᠮᠥᠩᠭᠥ ᠵᠢᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ ᠭᠣᠣᠯᠳᠠᠯᠭ᠎ᠠ᠎ᠲᠠᠢ ᠬᠥᠮᠦᠰ᠎ᠤᠨ  ᠦᠢ᠍ᠯᠡᠰ ᠪᠤᠰᠬᠠᠬᠤ ᠠᠵᠢᠯ  ᠤᠯᠬᠤ ᠵᠢ ᠪᠦᠬᠦ ᠬᠦᠴᠦᠨ ᠵᠶ᠋ᠡᠷ ᠳᠡᠮᠵᠢᠬᠦ ᠲᠤᠬᠠᠢ ᠮᠡᠳᠡᠭᠳᠡᠯ 》 (ᠥᠪᠥᠷ ᠮᠤᠩᠭᠤᠯ᠎ᠤᠨ ᠡᠳ᠋᠎ᠤᠨ ᠵᠠᠰᠠᠭ᠎ᠤᠨ ᠲᠢᠩᠬᠢᠮ᠂  ᠬᠦᠮᠤᠨ᠎ᠤ ᠬᠦᠴᠤᠨ᠎ᠤ ᠡᠬᠢ ᠪᠠᠶᠠᠯᠢᠭ ᠪᠠ ᠨᠡᠢ᠌ᠬᠡᠮ ᠵᠢᠨ  ᠪᠠᠳᠤᠯᠠᠭ᠎ᠠ ᠵᠢᠨ ᠲᠢᠩᠬᠢᠮ᠂ ᠠᠷᠠᠳ᠎ᠤᠨ ᠪᠠᠩᠬᠢ ᠵᠢᠨ ᠬᠥᠬᠡᠬᠣᠲᠠ᠎ᠳᠠᠬᠢ ᠲᠥᠪ ᠰᠠᠯᠪᠤᠷᠢ ᠪᠠᠩᠬᠢ 〈2020〉 502 ᠳ᠋ᠤᠭ᠋ᠠᠷ ᠲᠤᠭ᠋ᠠᠳᠤ )  ᠵᠡᠷᠭᠡ ᠲᠥᠷᠥ ᠵᠢᠨ ᠪᠣᠳᠣᠯᠭ᠎ᠠ ᠵᠢᠨ ᠪᠢᠴᠢᠭ  ᠮᠠᠲᠸᠷᠢᠶᠠᠯ᠎ᠢ ᠦᠷᠬᠦᠯᠵᠢᠯᠡᠨ ᠲᠤᠤᠱ᠌ᠠᠯᠠᠭᠤᠯᠵᠤ ᠨᠠᠢ᠌ᠳᠠᠪᠤᠷᠢᠵᠢᠭᠤᠯᠤᠨ᠎ᠠ᠃

    ᠡᠨᠡ ᠵᠢᠯ ᠪᠠᠰᠠ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠷᠠᠳ᠎ᠤᠨ ᠪᠠᠩᠬᠢ ᠵᠢᠨ ᠬᠥᠬᠡᠬᠣᠲᠠ ᠎ᠳᠠᠬᠢ ᠲᠥᠪ ᠰᠠᠯᠪᠤᠷᠢ ᠪᠠᠩᠬᠢ ᠵᠢᠨ 《  ᠦᠢ᠍ᠯᠡᠰ ᠪᠤᠰᠬᠠᠬᠤ ᠪᠠᠳᠤᠯᠠᠭ᠋ᠠᠳᠤ ᠵᠢᠭᠡᠯᠡᠯᠭᠡ ᠎ᠲᠠᠢ ᠬᠠᠮᠢᠶᠠᠳᠠᠢ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ   ᠲᠤᠬᠠᠢ ᠮᠡᠳᠡᠭᠳᠡᠯ》 (ᠥᠪᠥᠷ  ᠮᠤᠩᠭᠤᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠲᠢᠩᠬᠢᠮ 〈2021 〉 22 ᠳ᠋ᠤᠭ᠋ᠠᠷ ᠲᠣᠭ᠋ᠠᠲᠤ ) ᠵᠢ  ᠪᠠᠭᠤᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠲᠢᠩᠬᠢᠮ ᠎ᠠᠴᠠ 《ᠠᠵᠢᠯ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢᠨ  ᠦᠢ᠍ᠯᠡᠰ ᠪᠤᠰᠬᠠᠬᠤ ᠪᠤᠯᠪᠠᠰᠤᠷᠠᠯ᠎ᠤᠨ 〈ᠴᠠᠬᠢᠯᠳᠠᠭ  ᠲᠥᠯᠥᠪᠯᠡᠭᠡ 〉 ᠵᠢ ᠬᠡᠷᠡᠭᠵᠢᠭᠦᠯᠬᠦ ᠲᠤᠬᠠᠢ ᠮᠡᠳᠡᠭᠳᠡᠯ》 (ᠥᠪᠥᠷ  ᠮᠤᠩᠭᠤᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠲᠢᠩᠬᠢᠮ ᠎ᠤᠨ ᠵᠠᠬᠢᠳᠠᠯ 〈2021 〉) ᠵᠢ   ᠪᠠᠭᠤᠯᠭ᠋ᠠᠨ  ᠂ ᠠᠳᠠᠯ ᠦᠢ᠍ᠯᠡᠰ ᠪᠣᠰᠬᠠᠬᠤ ᠵᠢᠯᠣᠭᠣᠳᠤᠯᠭ᠎ᠠ᠂   ᠦᠢ᠍ᠯᠡᠰ ᠪᠣᠰᠬᠠᠬᠤ  ᠪᠤᠯᠪᠠᠰᠤᠷᠠᠯ᠂   ᠦᠢ᠍ᠯᠡᠰ ᠪᠣᠰᠬᠠᠬᠤ  ᠪᠠᠳᠤᠯᠠᠭ᠋ᠠᠳᠤ ᠵᠢᠭᠡᠯᠡᠯᠭᠡ᠂  ᠦᠢ᠍ᠯᠡᠰ ᠪᠣᠰᠬᠠᠬᠤ ᠬᠦᠷᠢᠶᠡᠯᠡᠩ  (  ᠨᠡᠪᠴᠢᠬᠦᠯᠤᠬᠦᠷ᠎ᠤᠨ ᠰᠠᠭᠤᠷᠢᠨ ᠭᠠᠵᠠᠷ) ᠵᠡᠷᠭᠡ ᠠᠯᠢ ᠣᠯᠠᠨ ᠨᠡᠯᠢᠶᠡᠳ ᠪᠦᠷᠢᠨ ᠲᠡᠭᠦᠯᠳᠡᠷ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ  ᠰᠢᠰᠲᠸᠮ᠎ᠢ   ᠠᠯᠬᠤᠮ ᠠᠯᠬᠤᠮ ᠵᠶ᠋ᠠᠷ ᠪᠣᠢ ᠪᠣᠯᠭ᠋ᠠᠵᠤ᠂  ᠦᠢ᠍ᠯᠡᠰ ᠪᠣᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠲᠥᠷᠥ ᠵᠢᠨ ᠪᠣᠳᠣᠯᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃

    ᠬᠣᠶᠠᠷ᠂ ᠦᠢ᠍ᠯᠡᠰ ᠪᠤᠰᠬᠠᠬᠤ ᠠᠴᠢᠶᠠᠯᠠᠪᠤᠷᠢ ᠵᠢᠨ ᠦᠢ᠍ᠯᠡᠴᠢᠯᠡᠭᠡᠨ᠎ᠤ  ᠴᠢᠳᠠᠪᠬᠢ ᠵᠢ   ᠳᠡᠭᠡᠭᠰᠢᠯᠡᠭᠦᠯᠦᠨ᠎ᠡ᠃ ᠨᠢᠭᠡ᠎ᠳᠤ ᠂ ᠡᠯ᠎ᠡ ᠠᠶ᠋ᠢᠮᠠᠭ ᠬᠣᠲᠠ  ᠂ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠳᠡᠭᠡᠳᠦ ᠰᠢᠨ᠎ᠡ ᠮᠡᠷᠭᠡᠵᠢᠯ᠎ᠤᠨ ᠬᠦᠷᠢᠶᠡᠯᠡᠩ ᠲᠣᠭᠣᠷᠢᠭ᠂ ᠶᠡᠬᠡ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ ᠲᠣᠭᠣᠷᠢᠭ᠂ ᠵᠢᠵᠢᠭ ᠠᠵᠤ ᠠᠬᠤᠶ᠋ᠢᠯᠠᠯ᠎ᠤᠨ ᠨᠡᠪᠴᠢᠭᠦᠯᠬᠦ ᠬᠦᠷᠢᠶᠡᠯᠡᠩ ᠵᠡᠷᠭᠡ᠎ᠳᠤ ᠲᠦᠰᠢᠭᠯᠡᠨ᠂  ᠦᠢ᠍ᠯᠡᠰ ᠪᠤᠰᠬᠠᠬᠤ ᠬᠦᠷᠢᠶᠡᠯᠡᠩ ᠪᠠ  ᠦᠢ᠍ᠯᠡᠰ ᠪᠤᠰᠬᠠᠬᠤ ᠨᠡᠪᠴᠢᠬᠦᠯᠤᠬᠦᠷ᠎ᠤᠨ ᠰᠠᠭᠤᠷᠢᠨ ᠭᠠᠵᠠᠷ᠎ᠢ ᠡᠭᠦᠳᠦᠨ ᠪᠠᠶ᠋ᠢᠭᠤᠯᠬᠤ ᠵᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠠᠵᠢᠯ ᠣᠯᠬᠤ᠎ᠳᠤ ᠬᠦᠴᠢᠷᠲᠡᠢ ᠬᠥᠮᠦᠰ᠂ ᠠᠵᠢᠯ ᠠᠯᠳᠠᠭᠰᠠᠳ᠂ ᠴᠡᠷᠢᠭ᠎ᠠᠴᠠ ᠬᠠᠯᠠᠭᠳᠠᠭᠰᠠᠳ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠢᠯᠠᠩᠭᠤᠶ᠎ᠠ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠠᠩᠬ᠎ᠠ  ᠦᠢ᠍ᠯᠡᠰ  ᠪᠤᠰᠬᠠᠭᠴᠢᠳ᠎ᠢ ᠭᠣᠣᠯᠳᠠᠯᠭ᠎ᠠ᠎ᠲᠠᠢ ᠦᠢ᠍ᠯᠡᠴᠢᠯᠡᠬᠦ ᠡᠲᠡᠭᠡᠳ ᠪᠤᠯᠭ᠋ᠠᠨ᠎ᠠ; ᠬᠣᠶᠠᠷ᠎ᠲᠤ᠂ ᠦᠢ᠍ᠯᠡᠰ ᠪᠣᠰᠬᠠᠬᠤ ᠠᠴᠢᠶᠠᠯᠠᠪᠤᠷᠢ ᠵᠢᠨ ᠦᠢ᠍ᠯᠡᠴᠢᠯᠡᠭᠡᠨ᠎ᠤ ᠴᠢᠳᠠᠪᠬᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠦᠷ᠎ᠡ ᠪᠦᠲᠦᠮᠵᠢ ᠵᠢ ᠦᠨᠡᠯᠡᠬᠦ ᠲᠣᠭᠲᠠᠴᠠ ᠵᠢ ᠪᠠᠶ᠋ᠢᠭᠤᠯᠬᠤ ᠵᠢ ᠠᠬᠢᠭᠤᠯᠵᠤ᠂ ᠦᠢ᠍ᠯᠡᠰ ᠪᠣᠰᠬᠠᠬᠤ ᠨᠡᠪᠴᠢᠭᠦᠯᠦᠭᠦᠷ᠎ᠤᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠭᠤᠷᠪᠠ᠎ᠳᠤ᠂ ᠦᠢ᠍ᠯᠡᠰ ᠪᠣᠰᠬᠠᠬᠤ ᠬᠦᠷᠢᠶᠡᠯᠡᠩ ᠪᠠ ᠦᠢ᠍ᠯᠡᠰ ᠪᠣᠰᠬᠠᠬᠤ  ᠨᠡᠪᠴᠢᠬᠦᠯᠤᠬᠦᠷ᠎ᠤᠨ ᠰᠠᠭᠤᠷᠢᠨ ᠭᠠᠵᠠᠷ᠎ᠤᠨ 《ᠱᠠᠩᠨᠠᠬᠤ᠎ᠪᠠᠷ ᠨᠥᠬᠥᠪᠥᠷᠢ ᠵᠢ ᠣᠷᠣᠯᠠᠭᠤᠯᠬᠤ》 ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠳᠥᠷᠪᠡ᠎ᠳᠤ᠂ ᠦᠢ᠍ᠯᠡᠰ ᠪᠣᠰᠬᠠᠬᠤ ᠬᠦᠷᠢᠶᠡᠯᠡᠩ ᠪᠠ ᠦᠢ᠍ᠯᠡᠰ ᠪᠣᠰᠬᠠᠬᠤ ᠨᠡᠪᠴᠢᠭᠦᠯᠦᠭᠦᠷ᠎ᠤᠨ ᠰᠠᠭᠤᠷᠢᠨ ᠭᠠᠵᠠᠷ᠂ 《ᠳᠥᠷᠪᠡᠨ ᠣᠯᠠᠨ》 ᠦᠢ᠍ᠯᠡᠰ ᠪᠣᠰᠬᠠᠬᠤ  ᠵᠢ ᠲᠤᠯᠭ᠋ᠠᠭᠤᠷᠢᠯᠠᠬᠤ ᠲᠠᠪᠴᠠᠩ᠂ ᠦᠢ᠍ᠯᠡᠰ  ᠪᠤᠰᠬᠠᠯᠳᠠ ᠵᠢᠨ ᠵᠢᠱ᠌ᠢᠶ᠎ᠡ ᠦᠵᠡᠭᠦᠯᠬᠦ ᠳᠡᠯᠭᠡᠭᠦᠷ ᠪᠠᠶ᠋ᠢᠭᠤᠯᠬᠤ  ᠵᠢ ᠵᠢᠯᠣᠭᠣᠳᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠨ᠎ᠡ; ᠲᠠᠪᠤ᠎ᠳᠤ᠂ ᠤᠯᠤᠰ᠎ᠤᠨ  ᠦᠢ᠍ᠯᠡᠰ  ᠪᠤᠰᠬᠠᠬᠤ ᠨᠡᠪᠴᠢᠭᠦᠯᠦᠭᠦᠷ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ ᠥᠪᠡᠷᠲᠡᠭᠡᠨ ᠵᠠᠰᠠᠬᠤ ᠣᠷᠣᠨ᠎ᠤ  ᠦᠢ᠍ᠯᠡᠰ ᠪᠤᠰᠬᠠᠬᠤ ᠬᠦᠷᠢᠶᠡᠯᠡᠩ  (  ᠨᠡᠪᠴᠢᠬᠦᠯᠤᠬᠦᠷ᠎ᠤᠨ ᠰᠠᠭᠤᠷᠢᠨ ᠭᠠᠵᠠᠷ ) ᠎ᠤᠨ ᠭᠤᠶᠤᠴᠢᠯᠠᠨ ᠮᠡᠳᠡᠭᠦᠯᠬᠦ ᠠᠵᠢᠯ᠎ᠢ ᠵᠣᠬᠢᠶᠠᠨ ᠪᠠᠶ᠋ᠢᠭᠤᠯᠵᠤ᠂  ᠦᠢ᠍ᠯᠡᠰ ᠪᠤᠰᠬᠠᠬᠤ ᠠᠴᠢᠶᠠᠯᠠᠪᠤᠷᠢ ᠵᠢᠨ ᠴᠢᠨᠠᠷ ᠰᠠᠶ᠋ᠢᠲᠠᠢ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ  ᠲᠡᠬᠡᠭᠰᠢᠯᠡᠬᠦᠯᠤᠨ᠎ᠠ᠃

    ᠭᠤᠷᠪᠠ᠂ ᠦᠢ᠍ᠯᠡᠰ ᠪᠤᠰᠬᠠᠬᠤ ᠪᠤᠯᠪᠠᠰᠤᠷᠠᠯ᠎ᠤᠨ ᠦᠢ᠍ᠯᠡᠴᠢᠯᠡᠭᠡᠨ᠎ᠤ ᠪᠣᠳᠠᠲᠤ ᠦᠷ᠎ᠡ ᠪᠦᠲᠦᠮᠵᠢ ᠵᠢ  ᠴᠢᠩᠭ᠋ᠠᠷᠠᠭᠤᠯᠤᠨ᠎ᠠ᠃ ᠦᠢ᠍ᠯᠡᠰ ᠪᠤᠰᠬᠠᠬᠤ ᠎ᠤᠨ 《ᠴᠠᠬᠢᠯᠳᠠᠭ ᠲᠦᠯᠦᠪᠯᠡᠬᠡ》 ᠵᠢ ᠥᠷᠨᠢᠭᠦᠯᠵᠦ᠂ ᠳᠡᠭᠡᠳᠦ ᠰᠤᠷᠭ᠋ᠠᠭᠤᠯᠢ ᠲᠡᠭᠦᠰᠦᠭᠰᠡᠳ᠂ ᠠᠵᠢᠯ ᠣᠯᠬᠤ᠎ᠳᠤ ᠬᠦᠴᠢᠷᠲᠡᠢ ᠬᠥᠮᠦᠰ᠂ ᠮᠠᠯᠵᠢᠬᠤ ᠲᠠᠷᠢᠶᠠᠯᠠᠬᠤ ᠣᠷᠣᠨ᠎ᠤ ᠰᠢᠯᠵᠢᠭᠰᠡᠨ ᠬᠥᠳᠡᠯᠮᠦᠷᠢ ᠬᠦᠴᠦᠨ ᠵᠡᠷᠭᠡ ᠭᠣᠣᠯᠳᠠᠯᠭ᠎ᠠ᠎ᠲᠠᠢ ᠬᠥᠮᠦᠰ᠎ᠤᠨ  ᠦᠢ᠍ᠯᠡᠰ ᠪᠤᠰᠬᠠᠬᠤ᠎ᠢ ᠴᠢᠬᠤᠯᠠᠴᠢᠯᠠᠨ ᠰᠠᠶ᠋ᠢᠲᠤᠷ ᠠᠳᠬᠤᠨ᠎ᠠ᠃ ᠵᠠᠰᠠᠭ᠎ᠤᠨ ᠣᠷᠳᠣᠨ ᠬᠥᠲᠥᠯᠦᠨ ᠵᠢᠯᠣᠭᠣᠳᠬᠤ᠂ ᠨᠡᠶ᠋ᠢᠭᠡᠮ ᠨᠡᠶ᠋ᠢᠲᠡ᠎ᠪᠠᠷ ᠵᠶ᠋ᠡᠨ ᠣᠷᠣᠯᠴᠠᠬᠤ᠂  ᠦᠢ᠍ᠯᠡᠰ ᠪᠤᠰᠬᠠᠭᠴᠢᠳ᠎ᠤᠨ ᠡᠵᠡᠨ ᠮᠡᠳᠡᠵᠦ  ᠰᠤᠩᠭᠤᠭᠰᠠᠨ ᠦᠢ᠍ᠯᠡᠰ ᠪᠤᠰᠬᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃   ᠦᠢ᠍ᠯᠡᠰ ᠪᠣᠰᠬᠠᠬᠤ ᠬᠦᠰᠡᠯ ᠡᠷᠡᠮᠡᠯᠵᠡᠯ᠎ᠲᠠᠢ ᠪᠠ  ᠪᠤᠯᠪᠠᠰᠤᠷᠠᠯ ᠬᠦᠷᠲᠡᠭᠡᠬᠦ ᠱᠠᠭ᠋ᠠᠷᠳᠠᠯᠭ᠎ᠠ᠎ᠲᠠᠢ ᠬᠣᠲᠠ ᠬᠥᠳᠡᠭᠡ ᠵᠢᠨ ᠡᠯ᠎ᠡ ᠲᠥᠷᠥᠯ᠎ᠤᠨ ᠬᠥᠳᠡᠯᠮᠦᠷᠢᠯᠡᠭᠴᠢᠳ᠎ᠲᠤ  ᠪᠤᠯᠪᠠᠰᠤᠷᠠᠯ ᠬᠦᠷᠳᠡᠬᠡᠨ᠎ᠠ᠃ ᠠᠵᠢᠯ ᠣᠯᠵᠤ  ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠬᠥᠮᠦᠰ᠎ᠤᠨ ᠪᠤᠯᠪᠠᠰᠤᠷᠠᠯ᠎ᠤᠨ ᠠᠩᠭᠢ ᠪᠣᠯᠤᠨ  ᠦᠢ᠍ᠯᠡᠰ ᠪᠣᠰᠬᠠᠬᠤ  ᠪᠤᠯᠪᠠᠰᠤᠷᠠᠯ ᠎ᠲᠤ ᠪᠠᠭᠰᠢᠯᠠᠭᠴᠢᠳ᠎ᠤᠨ ᠪᠤᠯᠪᠠᠰᠤᠷᠠᠯ᠎ᠤᠨ ᠠᠩᠬᠢ ᠵᠢ ᠡᠷᠬᠢᠯᠡᠨ᠎ᠠ᠃ ᠦᠢ᠍ᠯᠡᠰ ᠪᠤᠰᠬᠠᠬᠤ  ᠵᠢᠯᠣᠭᠣᠳᠤᠭᠴᠢ ᠪᠠᠭᠰᠢ ᠵᠢᠨ ᠮᠡᠷᠬᠡᠵᠢᠯᠳᠡᠨ᠎ᠤ ᠬᠥᠮᠥᠷᠭᠡ ᠵᠢ ᠪᠡᠯᠡᠳᠬᠡᠨ ᠪᠠᠶ᠋ᠢᠭᠤᠯᠵᠤ᠂  ᠦᠢ᠍ᠯᠡᠰ ᠪᠤᠰᠬᠠᠬᠤ  ᠵᠢᠯᠣᠭᠣᠳᠤᠭᠴᠢ ᠪᠠᠭᠰᠢ ᠵᠢᠨ ᠦᠷᠤᠬᠡ ᠵᠢ   ᠪᠣᠢ ᠪᠣᠯᠭ᠋ᠠᠵᠤ᠂  ᠦᠢ᠍ᠯᠡᠰ ᠪᠤᠰᠬᠠᠬᠤ  ᠪᠤᠯᠪᠠᠰᠤᠷᠠᠯ᠎ᠤᠨ ᠡᠬᠢ ᠪᠠᠶᠠᠯᠢᠭ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠦᠨ᠂  ᠦᠢ᠍ᠯᠡᠰ ᠪᠤᠰᠬᠠᠬᠤ ᠪᠤᠯᠪᠠᠰᠤᠷᠠᠯ᠎ᠤᠨ ᠪᠠᠶ᠋ᠢᠭᠤᠯᠤᠮᠵᠢ ᠵᠢᠨ ᠡᠷᠡᠭᠦᠯ ᠵᠶ᠋ᠡᠷ ᠬᠥᠭᠵᠢᠬᠦ ᠵᠢ ᠠᠬᠢᠭᠤᠯᠵᠤ᠂ ᠦᠢ᠍ᠯᠡᠰ ᠪᠤᠰᠬᠠᠬᠤ ᠪᠤᠯᠪᠠᠰᠤᠷᠠᠯ᠎ᠤᠨ ᠴᠢᠨᠠᠷ ᠴᠢᠨᠰᠠᠭ᠎ᠠ ᠵᠢ ᠬᠢᠨᠠᠨ ᠡᠵᠡᠮᠳᠡᠬᠦ  ᠰᠢᠰᠲᠸᠮ᠎ᠢ ᠲᠡᠭᠦᠯᠳᠡᠷᠵᠢᠭᠦᠯᠦᠨ᠂  ᠦᠢ᠍ᠯᠡᠰ ᠪᠤᠰᠬᠠᠬᠤ  ᠪᠤᠯᠪᠠᠰᠤᠷᠠᠯ᠎ᠤᠨ ᠵᠠᠯᠭ᠋ᠠᠮᠵᠢ ᠦᠢ᠍ᠯᠡᠴᠢᠯᠡᠭᠡᠨ᠎ᠤ ᠠᠵᠢᠯ᠎ᠢ ᠴᠢᠩᠭ᠋ᠠᠷᠠᠭᠤᠯᠤᠨ᠎ᠠ᠃

    ᠳᠥᠷᠪᠡ᠂ ᠦᠢ᠍ᠯᠡᠰ ᠪᠤᠰᠬᠠᠬᠤ ᠪᠠᠳᠤᠯᠠᠭ᠋ᠠᠳᠤ ᠵᠢᠭᠡᠯᠡᠯᠭᠡ᠎ᠪᠠᠷ ᠲᠡᠳᠬᠦᠬᠦ ᠡᠷᠴᠢᠮ᠎ᠢ  ᠨᠡᠮᠡᠭᠳᠡᠬᠦᠯᠤᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠬᠥᠬᠡᠬᠣᠲᠠ᠎ᠳᠠᠬᠢ ᠲᠥᠪ ᠰᠠᠯᠪᠤᠷᠢ ᠪᠠᠩᠬᠢ  (ᠥᠪᠥᠷ ᠮᠤᠩᠭᠤᠯ᠎ᠤᠨ ᠡᠳ᠋᠎ᠤᠨ ᠵᠠᠰᠠᠭ᠎ᠤᠨ ᠲᠢᠩᠬᠢᠮ᠂  ᠬᠦᠮᠤᠨ᠎ᠤ ᠬᠦᠴᠤᠨ᠎ᠤ ᠡᠬᠢ ᠪᠠᠶᠠᠯᠢᠭ ᠪᠠ ᠨᠡᠢ᠌ᠬᠡᠮ ᠵᠢᠨ  ᠪᠠᠳᠤᠯᠠᠭ᠎ᠠ ᠵᠢᠨ ᠲᠢᠩᠬᠢᠮ᠂ ᠠᠷᠠᠳ᠎ᠤᠨ ᠪᠠᠩᠬᠢ ᠵᠢᠨ ᠬᠥᠬᠡᠬᠣᠲᠠ᠎ᠳᠠᠬᠢ ᠲᠥᠪ ᠰᠠᠯᠪᠤᠷᠢ ᠪᠠᠩᠬᠢ 〈2020〉 502 ᠳ᠋ᠤᠭ᠋ᠠᠷ ᠲᠤᠭ᠋ᠠᠳᠤ ) ᠵᠢᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠦᠢ᠍ᠯᠡᠰ ᠪᠤᠰᠬᠠᠬᠤ  ᠪᠠᠳᠤᠯᠠᠭ᠋ᠠᠳᠤ ᠵᠢᠭᠡᠯᠡᠯᠭᠡ ᠭᠤᠶᠤᠴᠢᠯᠠᠬᠤ ᠨᠥᠬᠥᠴᠡᠯ᠎ᠢ ᠪᠠᠭᠤᠷᠠᠭᠤᠯᠤᠨ᠂ ᠦᠢ᠍ᠯᠡᠰ ᠪᠤᠰᠬᠠᠬᠤ ᠪᠠᠳᠤᠯᠠᠭ᠋ᠠᠳᠤ ᠵᠢᠭᠡᠯᠡᠯᠭᠡ ᠵᠢᠨ ᠬᠡᠪᠴᠢᠶ᠎ᠡ ᠵᠢ ᠥᠷᠭᠡᠳᠬᠡᠨ᠎ᠡ᠃ ᠦᠢ᠍ᠯᠡᠰ  ᠪᠤᠰᠬᠠᠬᠤ ᠪᠠᠳᠤᠯᠠᠭ᠋ᠠᠳᠤ ᠵᠢᠭᠡᠯᠡᠯᠭᠡ᠎ᠳᠤ ᠳᠠᠮ ᠬᠦᠦ ᠥᠭᠬᠦ ᠵᠢ ᠳᠡᠮᠵᠢᠬᠦ ᠡᠷᠴᠢᠮ ᠵᠶ᠋ᠡᠨ ᠨᠡᠮᠡᠭᠳᠡᠭᠦᠯᠦᠨ᠂  ᠦᠢ᠍ᠯᠡᠰ ᠪᠤᠰᠬᠠᠬᠤ ᠬᠦᠷᠢᠶᠡᠯᠡᠩ᠂ ᠦᠢ᠍ᠯᠡᠰ ᠪᠤᠰᠬᠠᠬᠤ  ᠨᠡᠪᠴᠢᠬᠦᠯᠤᠬᠦᠷ ᠎ᠤᠨ ᠰᠠᠭᠤᠷᠢᠨ ᠭᠠᠵᠠᠷ᠎ᠢ ᠲᠠᠨᠢᠯᠴᠠᠭᠤᠯᠬᠤ ᠎ᠳᠤ ᠪᠠᠳᠤᠯᠠᠭ᠎ᠠ ᠭᠠᠷᠭ᠋ᠠᠬᠤ ᠦᠬᠡᠢ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠬᠤᠪᠢ ᠬᠥᠮᠦᠨ᠎ᠤ 10 ᠲᠦᠮᠡᠨ  ᠲᠦᠬᠦᠷᠢᠭ᠎ᠠᠴᠠ  ᠲᠤᠭᠤᠭᠰᠢᠬᠢ ᠦᠢ᠍ᠯᠡᠰ ᠪᠤᠰᠬᠠᠬᠤ ᠪᠠᠳᠤᠯᠠᠭ᠋ᠠᠳᠤ ᠵᠢᠭᠡᠯᠡᠯᠭᠡ ᠵᠢᠨ ᠭᠡᠳᠡᠷᠭᠦ ᠪᠠᠳᠤᠯᠠᠭ᠎ᠠ ᠵᠢ ᠬᠡᠯᠲᠦᠷᠢᠭᠦᠯᠬᠦ᠂ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠭᠤᠶᠤᠴᠢᠯᠠᠬᠤ ᠬᠣᠷᠢᠭ᠎ᠠ ᠵᠢ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠲᠠᠯᠪᠢᠬᠤ ᠬᠡᠪᠴᠢᠶ᠎ᠡ ᠵᠢ ᠥᠷᠭᠡᠳᠬᠡᠵᠦ᠂ ᠬᠤᠪᠢ ᠬᠥᠮᠦᠨ᠎ᠤ  ᠦᠢ᠍ᠯᠡᠰ ᠪᠤᠰᠬᠠᠬᠤ ᠪᠠᠳᠤᠯᠠᠭ᠋ᠠᠳᠤ ᠵᠢᠭᠡᠯᠡᠯᠭᠡ ᠵᠢ 20 ᠲᠦᠮᠡᠨ ᠲᠥᠭᠥᠷᠢᠭ ᠪᠣᠯᠲᠠᠯ᠎ᠠ ᠳᠡᠭᠡᠭᠰᠢᠯᠡᠭᠦᠯᠦᠨ᠎ᠡ᠃

    ᠲᠠᠪᠤ᠂ ᠠᠵᠢᠯ  ᠤᠯᠭᠤᠵᠤ ᠦᠢ᠍ᠯᠡᠰ ᠪᠤᠰᠬᠠᠬᠤ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ  ᠲᠡᠬᠡᠭᠰᠢᠯᠡᠬᠦᠯᠤᠨ᠎ᠠ᠃ ᠠᠵᠢᠯ  ᠤᠯᠭᠤᠵᠤ ᠦᠢ᠍ᠯᠡᠰ ᠪᠤᠰᠬᠠᠬᠤ  ᠵᠢᠨ ᠲᠤᠰᠬᠠᠶ᠋ᠢᠵᠢᠭᠰᠠᠨ᠂ ᠪᠠᠷᠢᠮᠵᠢᠶᠠᠵᠢᠭᠰᠠᠨ  ᠦᠢ᠍ᠯᠡᠴᠢᠯᠡᠬᠡ ᠵᠢ ᠢᠳᠡᠪᠬᠢᠲᠡᠢ᠎ᠪᠠᠷ ᠥᠷᠨᠢᠭᠦᠯᠦᠨ᠎ᠡ᠃ ᠲᠥᠷᠥ ᠵᠢᠨ ᠪᠣᠳᠣᠯᠭ᠎ᠠ ᠵᠢᠨ ᠯᠠᠪᠯᠠᠯᠭ᠎ᠠ ᠥᠭᠬᠦ᠂ ᠲᠥᠷᠥᠯ ᠵᠦᠢ᠍ᠯ ᠎ᠢ   ᠲᠠᠨᠢᠯᠴᠠᠭᠤᠯᠬᠤ᠂  ᠦᠢ᠍ᠯᠡᠰ ᠪᠣᠰᠬᠠᠬᠤ  ᠪᠤᠯᠪᠠᠰᠤᠷᠠᠯ ᠂ ᠠᠵᠢᠯ ᠡᠬᠢᠯᠡᠭᠦᠯᠬᠦ ᠵᠢᠯᠣᠭᠣᠳᠤᠯᠭ᠎ᠠ  ᠂ ᠪᠡᠯᠡ ᠴᠤᠭᠯᠠᠭᠤᠯᠬᠤ ᠦᠢ᠍ᠯᠡᠴᠢᠯᠡᠬᠡ᠂ ᠲᠦᠭᠰᠢᠭᠦᠷᠢ ᠵᠢ ᠦᠨᠡᠯᠡᠨ ᠵᠢᠱ᠌ᠢᠬᠦ᠂ ᠮᠥᠷᠳᠡᠨ ᠵᠢᠯᠣᠭᠣᠳᠬᠤ ᠵᠢ ᠬᠡᠯᠬᠢᠶᠡᠵᠢᠭᠦᠯᠦᠭᠰᠡᠨ ᠦᠢ᠍ᠯᠡᠴᠢᠯᠡᠬᠡ ᠵᠢ ᠪᠠᠢ᠌ᠭᠤᠯᠤᠨ᠎ᠠ᠃ ᠭᠠᠷᠳᠠᠨ ᠭᠦᠢ᠍ᠴᠡᠳᠬᠡᠬᠦ ᠲᠤᠬᠠᠶ᠋ᠢᠯᠠᠭᠰᠠᠨ ᠠᠵᠢᠯ᠎ᠤᠨ ᠠᠭᠤᠯᠭ᠎ᠠ᠎ᠲᠠᠢ ᠤᠶᠠᠯᠳᠤᠭᠤᠯᠤᠨ ᠠᠵᠢᠯ ᠣᠯᠭᠣᠵᠤ  ᠦᠢ᠍ᠯᠡᠰ ᠪᠤᠰᠬᠠᠬᠤ  ᠦᠢ᠍ᠯᠡᠴᠢᠯᠡᠬᠡ ᠵᠢ ᠲᠤᠰᠬᠠᠶ᠋ᠢᠵᠢᠭᠤᠯᠬᠤ᠂ ᠪᠠᠷᠢᠮᠵᠢᠶᠠᠵᠢᠭᠤᠯᠬᠤ ᠱᠠᠭ᠋ᠠᠷᠳᠠᠯᠭ᠎ᠠ ᠶᠣᠰᠣᠭ᠋ᠠᠷ᠂  ᠦᠢ᠍ᠯᠡᠴᠢᠯᠡᠬᠡ ᠵᠢ ᠪᠠᠷᠢᠮᠵᠢᠶᠠᠵᠢᠭᠤᠯᠬᠤ᠂ ᠠᠷᠠᠳ᠎ᠲᠤ ᠳᠥᠭᠥᠮ ᠦᠵᠡᠭᠦᠯᠬᠦ ᠵᠢ ᠶᠡᠬᠡᠪᠡᠷ ᠲᠦᠯᠬᠢᠨ ᠠᠬᠢᠭᠤᠯᠤᠨ᠎ᠠ᠃ ᠪᠠᠷᠢᠮᠵᠢᠶᠠᠵᠢᠭᠤᠯᠬᠤ ᠦᠢ᠍ᠯᠡᠴᠢᠯᠡᠭᠡᠨ᠎ᠤ ᠲᠥᠷᠥᠯ ᠵᠦᠢ᠍ᠯ ᠪᠠ ᠠᠭᠤᠯᠭ᠎ᠠ ᠵᠢ ᠴᠠᠭ ᠲᠤᠬᠠᠢ᠎ᠳᠤᠨᠢ ᠨᠡᠶ᠋ᠢᠭᠡᠮ ᠨᠡᠶ᠋ᠢᠲᠡ᠎ᠳᠤ ᠨᠡᠶ᠋ᠢᠲᠡᠯᠡᠵᠦ᠂ ᠠᠵᠢᠯ ᠡᠷᠬᠢᠯᠡᠬᠦ  ᠠᠯᠬᠤᠮ ᠲᠠᠷᠠᠭ᠎ᠠ ᠵᠢ ᠲᠦᠬᠦᠮᠴᠢᠯᠡᠵᠤ   ᠪᠦᠷᠢᠨᠰᠢᠭᠦᠯᠦᠨ᠎ᠡ᠃ ᠬᠤᠳᠠᠯᠳᠤᠭ᠎ᠠ ᠡᠷᠬᠢᠯᠡᠭᠴᠢᠳ᠎ᠲᠤ   ᠥᠷᠲᠡᠭ ᠵᠶ᠋ᠡᠷ ᠳᠣᠣᠷ᠎ᠠ᠂ ᠬᠦᠴᠦᠨ ᠵᠦᠢ᠍ᠯ   ᠪᠦᠷᠢᠳᠦᠭᠰᠡᠨ᠂ ᠬᠢᠯᠪᠠᠷ ᠳᠥᠭᠥᠮ ᠦᠢ᠍ᠯᠡᠴᠢᠯᠡᠭᠡ  ᠬᠠᠩᠭ᠋ᠠᠨ᠎ᠠ᠃

    ᠵᠢᠷᠭᠤᠭ᠎ᠠ᠂  ᠦᠢ᠍ᠯᠡᠰ ᠪᠤᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠡᠯ᠎ᠡ ᠵᠦᠢ᠍ᠯ᠎ᠤᠨ ᠠᠵᠢᠯᠯᠠᠭ᠎ᠠ ᠵᠢ ᠢᠳᠡᠪᠬᠢᠲᠡᠢ᠎ᠪᠠᠷ ᠦᠷᠨᠢᠬᠦᠯᠤᠨ᠎ᠠ᠃ ᠠᠳᠠᠯᠢ ᠪᠤᠰᠤ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠠᠭ᠎ᠲᠤ  《ᠦᠢ᠍ᠯᠡᠰ ᠪᠤᠰᠬᠠᠬᠤ ᠭᠠᠷᠠᠭ》 《ᠦᠢ᠍ᠯᠡᠰ  ᠪᠤᠰᠬᠠᠭᠰᠠᠨ ᠦᠷ᠎ᠡ ᠪᠦᠲᠦᠭᠡᠯ᠎ᠤᠨ ᠦᠵᠡᠭᠦᠯᠦᠯᠭᠡ 》 《ᠦᠢ᠍ᠯᠡᠰ ᠪᠤᠰᠬᠠᠭᠰᠠᠨ ᠤᠷᠤᠯᠳᠤᠭ᠋ᠠᠨ 》 《ᠦᠢ᠍ᠯᠡᠰ ᠪᠤᠰᠬᠠᠭᠰᠠᠨ ᠲᠠᠢ᠌ᠯᠤᠮᠵᠢ ᠵᠢᠨ  ᠤᠷᠤᠯᠳᠤᠭ᠋ᠠᠨ》 ᠵᠡᠷᠭᠡ ᠠᠵᠢᠯᠯᠠᠭ᠎ᠠ ᠵᠢ ᠥᠷᠨᠢᠭᠦᠯᠵᠦ᠂ ᠬᠥᠳᠡᠯᠮᠦᠷᠢᠴᠢᠳ᠎ᠤᠨ ᠦᠢ᠍ᠯᠡᠰ ᠪᠤᠰᠬᠠᠬᠤ ᠤᠷᠮ᠎ᠠ ᠵᠣᠷᠢᠭ᠎ᠢ ᠬᠥᠭᠵᠢᠭᠡᠵᠦ  《ᠣᠯᠠᠨ ᠵᠶ᠋ᠠᠷ ᠵᠶ᠋ᠠᠨ ᠦᠢ᠍ᠯᠡᠰ ᠪᠤᠰᠬᠠᠨ᠂ ᠨᠡᠶ᠋ᠢᠲᠡ᠎ᠪᠠᠷ ᠵᠶ᠋ᠡᠨ ᠰᠢᠨ᠎ᠡ ᠵᠢ ᠡᠭᠦᠳᠬᠦ 》 ᠰᠠᠶ᠋ᠢᠨ ᠰᠠᠶ᠋ᠢᠬᠠᠨ ᠣᠷᠴᠢᠨ ᠠᠬᠤᠢ ᠵᠢ ᠪᠣᠢ  ᠪᠤᠯᠭ᠋ᠠᠨ᠎ᠠ᠃

  ᠰᠣᠨᠢᠨ ᠮᠡᠳᠡᠭᠡ  ᠨᠡᠢ᠌ᠳᠡᠯᠡᠭᠰᠡᠨ ᠴᠠᠭ᠄
  ᠭᠠᠷᠠᠭ᠎ᠤᠨ ᠭᠤᠷᠪᠠᠨ᠂ 11 / 17 / 2021 —10 : 00
  ᠰᠣᠨᠢᠨ ᠮᠡᠳᠡᠭᠡ ᠨᠡᠢ᠌ᠳᠡᠯᠡᠭᠰᠡᠨ ᠭᠠᠵᠠᠷ᠄
  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠰᠣᠨᠢᠨ ᠮᠡᠳᠡᠭᠡ ᠨᠡᠶ᠋ᠢᠲᠡᠯᠡᠬᠦ ᠲᠢᠩᠬᠢᠮ
  ᠰᠣᠨᠢᠨ ᠮᠡᠳᠡᠭᠡ  ᠨᠡᠢ᠌ᠳᠡᠯᠡᠭᠰᠡᠨ ᠨᠢᠬᠡᠴᠠ᠄
  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
  ᠰᠣᠨᠢᠨ ᠮᠡᠳᠡᠭᠡ ᠨᠡᠶ᠋ᠢᠲᠡᠯᠡᠭᠴᠢ᠄ ᠸᠠᠩ ᠯᠢᠨ

 

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠦᠷᠪᠡᠳᠣᠭᠡᠷ ᠲᠠᠪᠣᠨ ᠵᠢᠯ》᠎ᠤᠨ ᠲᠦᠯᠦᠪᠵᠢᠬᠦᠯᠬᠡ ᠵᠢᠨ ᠬᠣᠭᠣᠴᠠᠭ᠋ᠠᠨ ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 2021 ᠣᠨ᠎ᠤ ᠳᠡᠭᠡᠷ᠎ᠡ ᠬᠠᠭ᠋ᠠᠰ ᠵᠢᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠠᠬᠢᠴᠠ ᠵᠢᠨ ᠪᠠᠶ᠋ᠢᠳᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ᠎ᠬᠢᠨ 2021 ᠣᠨ᠎ᠤ ᠳᠡᠭᠡᠷ᠎ᠡ ᠬᠠᠭ᠋ᠠᠰ ᠵᠢᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠠᠵᠢᠯ᠎ᠤᠨ ᠠᠬᠢᠴᠠ ᠵᠢᠨ ᠪᠠᠶ᠋ᠢᠳᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠡ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠠᠴᠠ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
 
            