7 ᠳ᠋ᠤᠭ᠋ᠠᠷ ᠰᠠᠷ᠎ᠠ ᠵᠢᠨ 15᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ᠎ᠬᠢᠨ 2021 ᠣᠨ᠎ᠤ ᠳᠡᠭᠡᠷ᠎ᠡ ᠬᠠᠭ᠋ᠠᠰ ᠵᠢᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠠᠬᠢᠴᠠ ᠵᠢᠨ ᠪᠠᠶ᠋ᠢᠳᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ᠂ ᠲᠢᠩᠬᠢᠮ᠎ᠤᠨ ᠰᠣᠨᠢᠨ ᠮᠡᠳᠡᠭᠡ ᠨᠡᠶ᠋ᠢᠲᠡᠯᠡᠭᠴᠢ ᠪᠢ ᠲᠤᠤ ᠬᠠᠮᠢᠶ᠎ᠠ ᠪᠦᠬᠦᠢ ᠪᠠᠶ᠋ᠢᠳᠠᠯ᠎ᠢ ᠲᠠᠨᠢᠯᠴᠠᠭᠤᠯᠪᠠ᠃ ᠠᠵᠢᠯ ᠮᠡᠷᠭᠡᠵᠢᠯ᠎ᠤᠨ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢᠨ ᠭᠠᠵᠠᠷ᠎ᠤᠨ ᠳᠠᠷᠤᠭ᠎ᠠ ᠵᠠᠩ ᠰᠢᠶᠣᠤ ᠳ᠋ᠦᠩ᠂ ᠲᠤᠰᠬᠠᠢ ᠮᠡᠷᠭᠡᠵᠢᠯ᠎ᠤᠨ ᠠᠵᠢᠯᠲᠠᠨ᠎ᠤ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠸᠠᠩ ᠯᠢ ᠮᠧᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠦᠢ᠍ᠯᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ ᠶᠠᠩ ᠱᠦᠸᠧ ᠷᠦᠩ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠵᠤ᠂ ᠲᠣᠭᠲᠠᠭᠤᠨ ᠠᠵᠢᠯ ᠣᠯᠭᠣᠯᠲᠠ᠂ ᠰᠠᠭᠤᠭ᠋ᠠᠯᠢ ᠠᠷᠠᠳ᠎ᠤᠨ ᠠᠵᠢᠯ ᠣᠯᠭᠣᠯᠲᠠ ᠵᠢ ᠪᠠᠲᠤᠯᠠᠬᠤ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠲᠡᠮᠳᠡᠭᠲᠦ᠂ ᠮᠡᠷᠭᠡᠵᠢᠯ᠎ᠤᠨ ᠴᠣᠯᠠ ᠵᠢᠨ ᠳᠦᠷᠢᠮ᠎ᠤᠨ ᠥᠭᠡᠷᠡᠴᠢᠯᠡᠯᠲᠡ ᠵᠡᠷᠭᠡ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


ᠨᠢᠭᠡ᠂ ᠠᠵᠢᠯ ᠣᠯᠭᠣᠬᠤ ᠵᠢ ᠲᠡᠷᠢᠭᠦᠨ ᠪᠠᠶ᠋ᠢᠷᠢᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠵᠢᠯ ᠣᠯᠭᠣᠬᠤ ᠪᠠᠶ᠋ᠢᠳᠠᠯ᠎ᠢ ᠶᠡᠷᠦᠩᠬᠡᠢ᠎ᠳᠤ᠎ᠨᠢ ᠲᠣᠭᠲᠠᠭᠤᠨ ᠪᠠᠶ᠋ᠢᠯᠭ᠋ᠠᠪᠠ᠃
ᠠᠵᠢᠯ ᠣᠯᠭᠣᠯᠲᠠ ᠵᠢ ᠲᠣᠭᠲᠠᠭᠤᠨ ᠪᠠᠶ᠋ᠢᠯᠭ᠋ᠠᠬᠤ ᠪᠠ ᠰᠠᠭᠤᠭ᠋ᠠᠯᠢ ᠠᠷᠠᠳ᠎ᠤᠨ ᠠᠵᠢᠯ ᠣᠯᠭᠣᠯᠲᠠ ᠵᠢ ᠪᠠᠲᠤᠯᠠᠬᠤ ᠶᠠᠪᠤᠳᠠᠯ᠎ᠢ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠠᠵᠤ ᠠᠬᠤᠢ ᠵᠢᠨ ᠨᠡᠮᠡᠭᠳᠡᠯ᠎ᠢ ᠠᠬᠢᠭᠤᠯᠬᠤ ᠪᠠ ᠨᠡᠶ᠋ᠢᠭᠡᠮ᠎ᠤᠨ ᠡᠶ᠎ᠡ ᠵᠣᠬᠢᠴᠠᠯ ᠲᠣᠭᠲᠠᠭᠤᠨ ᠪᠠᠶ᠋ᠢᠳᠠᠯ᠎ᠢ ᠪᠠᠲᠤᠯᠠᠬᠤ ᠵᠢᠨ ᠴᠢᠬᠤᠯᠠ᠎ᠠᠴᠠ ᠴᠢᠬᠤᠯᠠ ᠵᠦᠢ᠍ᠯ ᠪᠣᠯᠭ᠋ᠠᠬᠤ ᠵᠢ ᠪᠠᠷᠢᠮᠲᠠᠯᠠᠵᠤ᠂ ᠬᠠᠳᠠᠭ᠋ᠠᠯᠠᠯᠲᠠ ᠵᠢᠨ ᠬᠡᠮᠵᠢᠶ᠎ᠡ ᠵᠢ ᠲᠣᠭᠲᠠᠪᠤᠷᠢᠵᠢᠭᠤᠯᠤᠨ᠂ ᠨᠡᠮᠡᠭᠳᠡᠯ᠎ᠢ ᠠᠬᠢᠭᠤᠯᠵᠦ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠪᠠ ᠦᠢ᠍ᠯᠡᠴᠢᠯᠡᠭᠡ ᠵᠢ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠨ᠎ᠠ᠃ 1 — 6 ᠰᠠᠷ᠎ᠠ᠎ᠳᠤ᠂ ᠪᠦᠬᠦ ᠣᠷᠣᠨ᠎ᠤ ᠬᠣᠲᠠ ᠪᠠᠯᠭ᠋ᠠᠰᠤ ᠵᠢᠨ 11.72 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠤᠯᠭᠤᠵᠦ᠂ ᠣᠨ᠎ᠤ ᠲᠥᠯᠥᠪᠯᠡᠭᠡ᠎ᠪᠠᠨ 59%᠎ᠪᠠᠷ ᠪᠡᠶᠡᠯᠡᠭᠦᠯᠪᠡ; ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ 3.96%᠎ᠳᠤ ᠬᠦᠷᠴᠦ᠂ ᠣᠨ᠎ᠤ ᠬᠢᠵᠠᠭ᠋ᠠᠷᠯᠠᠬᠤ ᠬᠠᠷᠠᠯᠲᠠ᠎ᠠᠴᠠ 1.04 ᠵᠠᠭᠤᠨ᠎ᠤ ᠬᠤᠪᠢ ᠳᠣᠣᠷ᠎ᠠ ᠪᠠᠶ᠋ᠢᠨ᠎ᠠ᠃ 〈ᠨᠢᠭᠡ〉᠂ ᠭᠣᠣᠯᠳᠠᠯᠭ᠎ᠠ᠎ᠲᠠᠢ ᠬᠥᠮᠦᠰ᠎ᠲᠤ ᠠᠵᠢᠯ ᠣᠯᠭᠣᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ᠃ 《2021 ᠣᠨ᠎ᠤ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠤᠯᠬᠤ ᠠᠳᠠᠯ ᠦᠢ᠍ᠯᠡᠰ ᠪᠣᠰᠬᠠᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠤᠯᠬᠤ ᠠᠳᠠᠯ ᠦᠢ᠍ᠯᠡᠰ ᠪᠣᠰᠬᠠᠬᠤ ᠵᠢ ᠠᠬᠢᠭᠤᠯᠬᠤ ᠲᠥᠯᠥᠪᠯᠡᠭᠡ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠪᠣᠳᠠᠲᠤ ᠨᠡᠷ᠎ᠡ ᠵᠢᠨ ᠦᠢ᠍ᠯᠡᠴᠢᠯᠡᠭᠡ ᠵᠡᠷᠭᠡ 《1+7》 ᠲᠤᠰᠬᠠᠢ ᠵᠦᠢ᠍ᠯ᠎ᠤᠨ ᠠᠵᠢᠯᠯᠠᠭ᠎ᠠ ᠵᠢ ᠥᠷᠨᠢᠭᠦᠯᠵᠦ᠂ 2021 ᠣᠨ᠎ᠤ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》᠂ ᠨᠡᠶ᠋ᠢᠭᠡᠮ ᠲᠣᠭᠣᠷᠢᠭ᠎ᠤᠨ ᠠᠷᠠᠳ᠎ᠤᠨ ᠠᠮᠢᠳᠤᠷᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠤᠷᠢᠬᠤ ᠠᠵᠢᠯ᠎ᠢ ᠡᠬᠢᠯᠡᠭᠦᠯᠵᠦ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠬᠤ ᠵᠢ ᠪᠡᠶᠡᠯᠡᠭᠦᠯᠦᠭᠰᠡᠨ ᠪᠤᠶᠤ ᠠᠵᠢᠯ ᠣᠯᠬᠤ ᠬᠠᠨᠳᠤᠯᠭ᠎ᠠ᠎ᠲᠠᠢ 6.86 ᠲᠦᠮᠡᠨ ᠬᠥᠮᠦᠨ᠎ᠢ ᠨᠠᠶ᠋ᠢᠳᠠᠪᠤᠷᠢᠵᠢᠭᠤᠯᠵᠤ᠂ ᠣᠨ᠎ᠤ ᠲᠥᠯᠥᠪᠯᠡᠭᠡ ᠵᠢᠨ 13 ᠲᠦᠮᠡᠨ ᠬᠥᠮᠦᠨ᠎ᠤ 52.7% ᠵᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠤ ᠣᠯᠠᠨ ᠠᠷᠭ᠎ᠠ ᠵᠠᠮ ᠵᠶ᠋ᠠᠷ ᠠᠵᠢᠯ ᠣᠯᠬᠤ ᠪᠠ ᠲᠣᠭᠲᠠᠭᠤᠨ ᠠᠵᠢᠯ ᠣᠯᠬᠤ ᠵᠢ ᠵᠣᠷᠢᠭᠵᠢᠭᠤᠯᠤᠨ᠂ 《 ᠨᠢᠭᠡ ᠵᠢ ᠨᠢᠭᠡ᠎ᠳᠤ ᠬᠠᠷᠠᠭ᠋ᠠᠯᠵᠠᠭᠤᠯᠬᠤ》 ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠥᠷᠨᠢᠭᠦᠯᠵᠦ᠂ 《ᠴᠠᠭ᠋ᠠᠨ ᠰᠠᠷ᠎ᠠ᠎ᠪᠠᠨ ᠤᠭᠲᠤᠵᠤ ᠬᠠᠶ᠋ᠢᠷ᠎ᠠ ᠬᠠᠯᠠᠮᠵᠢ ᠬᠦᠷᠭᠡᠬᠦ᠂ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯᠴᠢᠨ᠎ᠢ ᠦᠯᠡᠳᠡᠭᠡᠬᠦ》 ᠲᠤᠰᠬᠠᠢ ᠠᠵᠢᠯᠯᠠᠭ᠎ᠠ ᠵᠢ ᠪᠡᠶᠡᠯᠡᠭᠦᠯᠦᠨ᠂ ᠪᠦᠬᠦ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ 206.5 ᠲᠦᠮᠡᠨ ᠬᠥᠮᠦᠨ᠎ᠢ ᠰᠢᠯᠵᠢᠭᠦᠯᠦᠨ ᠠᠵᠢᠯ ᠣᠯᠭᠣᠵᠤ᠂ ᠡᠭᠦᠨ᠎ᠳᠤ 6 ᠰᠠᠷ᠎ᠠ᠎ᠠᠴᠠ ᠳᠡᠭᠡᠭᠰᠢ 164.4 ᠲᠦᠮᠡᠨ ᠬᠥᠮᠦᠨ᠎ᠢ ᠰᠢᠯᠵᠢᠭᠦᠯᠵᠦ᠂ ᠣᠨ᠎ᠤ ᠲᠥᠯᠥᠪᠯᠡᠭᠡ ᠵᠢᠨ 86% ᠪᠠ 82.2%᠎ᠢ ᠲᠤᠰ ᠲᠤᠰ ᠪᠡᠶᠡᠯᠡᠬᠦᠯᠪᠡ᠃ ᠠᠵᠢᠯ ᠣᠯᠬᠤ᠎ᠳᠤ ᠬᠦᠴᠢᠷᠲᠡᠢ ᠬᠥᠮᠦᠰ᠎ᠤᠨ ᠦᠨᠳᠦᠰᠦᠨ ᠠᠮᠢᠳᠤᠷᠠᠯ᠎ᠢ ᠪᠠᠲᠤᠯᠠᠬᠤ ᠵᠢ ᠴᠢᠩᠭ᠋ᠠᠳᠬᠠᠵᠤ᠂ ᠠᠵᠢᠯ ᠣᠯᠬᠤ᠎ᠳᠤ ᠬᠦᠴᠢᠷᠲᠡᠢ 2.99 ᠲᠦᠮᠡᠨ ᠬᠥᠮᠦᠨ᠎ᠳᠤ ᠠᠵᠢᠯ ᠣᠯᠭᠣᠵᠤ᠂ ᠠᠵᠢᠯ ᠠᠯᠳᠠᠭᠰᠠᠨ 4.75 ᠲᠦᠮᠡᠨ ᠬᠥᠮᠦᠨ᠎ᠳᠤ ᠳᠠᠬᠢᠨ ᠠᠵᠢᠯ ᠣᠯᠭᠣᠵᠤ᠂ ᠲᠤᠰ ᠲᠤᠰ ᠵᠢᠯ᠎ᠤᠨ ᠲᠥᠯᠥᠪᠯᠡᠭᠡ ᠵᠢᠨ ᠵᠶ᠋ᠡᠨ 75%᠂ 95% ᠵᠢ ᠪᠡᠶᠡᠯᠡᠬᠦᠯᠵᠦ᠂ ᠨᠡᠶ᠋ᠢᠲᠡ 《ᠠᠵᠢᠯ᠎ᠲᠠᠢ ᠬᠦᠮᠦᠨ ᠦᠭᠡᠢ》255 ᠭᠡᠷ ᠪᠦᠯᠢ ᠵᠢᠨ 254 ᠬᠦᠮᠦᠨ᠎ᠳᠤ ᠠᠵᠢᠯ ᠤᠯᠭᠤᠵᠦ᠂ 《ᠠᠵᠢᠯ᠎ᠲᠠᠢ ᠬᠦᠮᠦᠨ ᠦᠭᠡᠢ》 ᠭᠡᠷ ᠪᠦᠯᠢ ᠵᠢᠨ᠎ᠬᠢᠨ᠎ᠳᠤ ᠠᠵᠢᠯ ᠤᠯᠭᠤᠬᠤ ᠵᠢ ᠪᠡᠶᠡᠯᠡᠬᠦᠯᠪᠡ᠃
〈ᠬᠣᠶᠠᠷ〉᠂ ᠳᠠᠷᠤᠭ᠋ᠠᠰᠤ᠎ᠨᠢ ᠬᠥᠩᠭᠡᠷᠡᠭᠦᠯᠵᠦ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ ᠣᠯᠭᠣᠯᠲᠠ ᠵᠢ ᠥᠷᠭᠡᠳᠬᠡᠬᠦ ᠬᠡᠰᠡᠭ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠦᠷᠭᠦᠯᠵᠢᠯᠡᠨ ᠬᠡᠷᠡᠭᠵᠢᠭᠦᠯᠦᠨ᠎ᠡ᠃ ᠠᠵᠢᠯ ᠠᠯᠳᠠᠯᠲᠠ ᠵᠢᠨ ᠳᠠᠭ᠋ᠠᠳᠬᠠᠯ᠎ᠤᠨ ᠵᠠᠷᠤᠳᠠᠯ᠎ᠤᠨ ᠨᠣᠷᠮ᠎ᠠ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠵᠠᠷᠤᠳᠠᠯ᠎ᠤᠨ ᠨᠣᠷᠮ᠎ᠠ ᠵᠢ ᠱᠠᠳᠤᠴᠢ ᠴᠢᠨᠠᠷᠲᠠᠢ᠎ᠪᠠᠷ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ 2022 ᠣᠨ᠎ᠤ 4 ᠰᠠᠷ᠎ᠠ ᠵᠢᠨ 30᠎ᠤ ᠡᠳᠦᠷ ᠪᠣᠯᠲᠠᠯ᠎ᠠ ᠤᠷᠲᠤᠳᠬᠠᠵᠤ᠂ ᠡᠨᠡ ᠵᠢᠯ᠎ᠤᠨ 6 ᠰᠠᠷ᠎ᠠ ᠵᠢᠨ ᠡᠴᠦᠰ ᠪᠣᠯᠲᠠᠯ᠎ᠠ᠂ ᠬᠥᠮᠦᠨ ᠬᠡᠷᠡᠭᠯᠡᠬᠦ ᠨᠢᠭᠡᠴᠡ ᠵᠢᠨ 11.2 ᠳ᠋ᠦᠩᠰᠢᠭᠤᠷ ᠲᠥᠭᠥᠷᠢᠭ ᠲᠤᠰᠢᠶᠠᠬᠤ ᠲᠠᠷᠤᠭ᠋ᠠᠰᠤ ᠵᠢ ᠬᠥᠩᠭᠡᠯᠡᠪᠡ᠃ ᠮᠡᠷᠭᠡᠵᠢᠯ ᠴᠢᠳᠠᠪᠤᠷᠢ᠎ᠪᠠᠨ ᠳᠡᠭᠡᠭᠰᠢᠯᠡᠭᠦᠯᠬᠦ᠎ᠳᠤ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ 1.09 ᠲᠦᠮᠡᠨ ᠬᠥᠮᠦᠨ ᠤᠳᠠᠭ᠎ᠠ᠎ᠳᠤ ᠮᠡᠷᠭᠡᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ 1706.2 ᠲᠦᠮᠡᠨ ᠲᠥᠭᠥᠷᠢᠭ᠎ᠤᠨ ᠨᠥᠬᠥᠪᠥᠷᠢ ᠲᠠᠷᠬᠠᠭ᠋ᠠᠪᠠ᠃ ᠠᠵᠢᠯ ᠠᠯᠳᠠᠯᠲᠠ ᠵᠢᠨ ᠳᠠᠭ᠋ᠠᠳᠬᠠᠯ᠎ᠤᠨ ᠬᠡᠪᠴᠢᠶ᠎ᠡ ᠵᠢ ᠥᠷᠭᠡᠳᠬᠡᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢ ᠬᠦᠷᠲᠡᠬᠦ ᠨᠥᠬᠥᠴᠡᠯ᠎ᠳᠤ ᠨᠡᠶ᠋ᠢᠴᠡᠬᠦ ᠬᠥᠮᠦᠰ᠎ᠢ ᠰᠢᠭᠰᠢᠨ ᠪᠠᠢ᠌ᠴᠠᠭ᠋ᠠᠬᠤ᠎ᠲᠠᠢ ᠠᠳᠠᠯᠢᠳᠬᠠᠪᠠᠯ᠂ 《ᠬᠥᠮᠦᠨ ᠲᠥᠷᠥ ᠵᠢᠨ ᠪᠣᠳᠣᠯᠭ᠎ᠠ ᠵᠢ ᠡᠷᠢᠬᠦ》᠎ᠠᠴᠠ 《ᠲᠥᠷᠥ ᠵᠢᠨ ᠪᠣᠳᠣᠯᠭ᠎ᠠ ᠬᠥᠮᠦᠨ᠎ᠢ ᠡᠷᠢᠬᠦ》 ᠲᠡᠢ᠌ᠰᠢ ᠬᠤᠪᠢᠷᠠᠭᠤᠯᠬᠤ ᠵᠢ ᠪᠡᠶᠡᠯᠡᠭᠦᠯᠵᠦ᠂ ᠲᠥᠷᠥ ᠵᠢᠨ ᠪᠣᠳᠣᠯᠭ᠎ᠠ ᠵᠢ ᠬᠦᠷᠳᠡᠪᠡᠰᠦ ᠵᠣᠬᠢᠬᠤ ᠵᠢ᠎ᠨᠢ ᠪᠦᠷᠢᠨ ᠬᠦᠷᠳᠡᠭᠡᠬᠦ ᠵᠢ ᠠᠬᠢᠭᠤᠯᠤᠨ᠎ᠠ᠃ 6 ᠰᠠᠷ᠎ᠠ ᠵᠢᠨ ᠰᠡᠭᠦᠯᠴᠢ ᠪᠣᠯᠲᠠᠯ᠎ᠠ᠂ ᠳᠠᠭ᠋ᠠᠳᠬᠠᠯ᠎ᠳᠤ ᠣᠷᠣᠯᠴᠠᠭᠰᠠᠨ 1.83 ᠲᠦᠮᠡᠨ ᠠᠵᠢᠯ ᠠᠯᠳᠠᠭᠰᠠᠳ᠎ᠲᠤ ᠠᠵᠢᠯ ᠠᠯᠳᠠᠭᠰᠠᠨ ᠨᠥᠬᠥᠪᠥᠷᠢ ᠮᠥᠩᠭᠥ 1.16 ᠳ᠋ᠦ᠍ᠩᠰᠢᠭᠤᠷ ᠲᠥᠭᠥᠷᠢᠭ ᠲᠠᠷᠬᠠᠭ᠋ᠠᠪᠠ᠃
〈ᠭᠤᠷᠪᠠ 〉᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠤᠯᠪᠠᠰᠤᠷᠠᠯ᠎ᠢ ᠦᠷᠭᠦᠯᠵᠢᠯᠡᠨ ᠴᠢᠩᠭ᠋ᠠᠳᠬᠠᠨ᠎ᠠ᠃ 《 ᠠᠵᠢᠯ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠶᠠᠰᠤ ᠴᠢᠨᠠᠷ᠎ᠤᠨ ᠣᠨ》᠎ᠤ ᠠᠵᠢᠯᠯᠠᠭ᠎ᠠ ᠵᠢ ᠪᠦᠬᠦ ᠲᠠᠯ᠎ᠠ᠎ᠪᠠᠷ ᠡᠬᠢᠯᠡᠭᠦᠯᠵᠦ᠂ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠂ ᠠᠵᠢᠯᠯᠠᠬᠤ ᠵᠢᠨ ᠲᠠᠭ᠋ᠠᠤ᠎ᠳᠤ ᠪᠤᠯᠪᠠᠰᠤᠷᠠᠯ ᠬᠦᠷᠳᠡᠬᠦ ᠵᠢ ᠶᠡᠬᠡ ᠬᠡᠪᠴᠢᠶ᠎ᠡ᠎ᠪᠠᠷ ᠥᠷᠨᠢᠭᠦᠯᠵᠦ᠂ 《ᠴᠠᠭ᠋ᠠᠨ ᠰᠠᠷ᠎ᠠ᠎ᠪᠠᠨ ᠤᠭᠳᠤᠭᠰᠠᠨ ᠠᠵᠢᠯ᠎ᠤᠨ ᠪᠠᠶ᠋ᠢᠷᠢ ᠵᠢ ᠲᠣᠭᠲᠠᠭᠤᠨ ᠪᠠᠶ᠋ᠢᠯᠭ᠋ᠠᠵᠤ ᠠᠵᠢᠯᠴᠢᠨ᠎ᠢ ᠦᠯᠡᠳᠡᠭᠡᠬᠦ ᠪᠤᠯᠪᠠᠰᠤᠷᠠᠯ ᠬᠦᠷᠭᠡᠬᠦ》 ᠵᠡᠷᠭᠡ ᠲᠤᠰᠬᠠᠢ ᠵᠦᠢ᠍ᠯ᠎ᠤᠨ ᠠᠵᠢᠯ᠎ᠢ ᠥᠷᠨᠢᠭᠦᠯᠦᠨ᠂ ᠡᠯ᠎ᠡ ᠭᠠᠵᠠᠷ᠎ᠢ ᠵᠢᠯᠣᠭᠣᠳᠴᠤ ᠪᠠᠶ᠋ᠢᠭ᠋ᠠᠳ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ ᠤᠨ ᠲᠥᠷᠥᠯ ᠲᠡᠮᠳᠡᠭ᠎ᠢ ᠪᠣᠢ ᠪᠣᠯᠭ᠋ᠠᠵᠤ᠂ ᠠᠵᠢᠯ ᠮᠡᠷᠭᠡᠵᠢᠯ᠎ᠤᠨ ᠪᠤᠯᠪᠠᠰᠤᠷᠠᠯ᠎ᠤᠨ ᠲᠡᠮᠳᠡᠭᠲᠦ ᠵᠢᠨ ᠲᠤᠷᠰᠢᠯᠲᠠ ᠵᠢᠨ ᠠᠵᠢᠯ᠎ᠢ ᠥᠷᠨᠢᠭᠦᠯᠪᠡ᠃ 6 ᠰᠠᠷ᠎ᠠ ᠵᠢᠨ ᠰᠡᠭᠦᠯᠴᠢ ᠪᠣᠯᠲᠠᠯ᠎ᠠ᠂ ᠪᠦᠬᠦ ᠣᠷᠣᠨ᠎ᠳᠤ 74.7 ᠲᠦᠮᠡᠨ ᠬᠥᠮᠦᠨ ᠤᠳᠠᠭ᠎ᠠ ᠵᠢᠨ ᠨᠥᠬᠥᠪᠥᠷᠢ ᠵᠢᠨ ᠴᠢᠨᠠᠷᠲᠠᠢ ᠪᠣᠯᠪᠠᠰᠤᠷᠠᠯ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠦᠯᠦᠪᠯᠡᠭᠰᠡᠨ 32 ᠲᠦᠮᠡᠨ ᠬᠥᠮᠦᠨ ᠤᠳᠠᠭ᠎ᠠ ᠵᠢᠨ 233% ᠵᠢ ᠪᠡᠶᠡᠯᠡᠬᠦᠯᠵᠦ ᠤᠯᠤᠰ᠎ᠤᠨ ᠲᠥᠯᠥᠪᠯᠡᠭᠰᠡᠨ 29 ᠲᠦᠮᠡᠨ ᠬᠥᠮᠦᠨ ᠤᠳᠠᠭ᠎ᠠ ᠵᠢᠨ 258% ᠵᠢ ᠪᠡᠶᠡᠯᠡᠭᠦᠯᠵᠦ᠂ ᠨᠡᠶ᠋ᠢᠲᠡ 4.68 ᠳ᠋ᠦᠩᠰᠢᠭᠤᠷ ᠲᠥᠭᠥᠷᠢᠭ ᠪᠡᠯᠡ ᠮᠥᠩᠭᠥ ᠪᠠᠭᠤᠯᠭ᠋ᠠᠵᠦ ᠦᠭᠪᠡ ᠃
〈ᠳᠥᠷᠪᠡ〉 ᠣᠯᠠᠨ ᠨᠡᠶ᠋ᠢᠲᠡ ᠵᠢᠨ ᠠᠵᠢᠯ ᠤᠯᠭᠤᠬᠤ ᠦᠢ᠍ᠯᠡᠰ ᠪᠤᠰᠬᠠᠬᠤ ᠦᠢ᠍ᠯᠡᠴᠢᠯᠡᠭᠡ ᠵᠢ ᠲᠠᠰᠤᠷᠠᠯᠲᠠ ᠦᠭᠡᠢ ᠰᠢᠯᠢᠳᠡᠭᠵᠢᠬᠦᠯᠦᠨ᠎ᠡ᠃ 《ᠦᠢ᠍ᠯᠡᠰ ᠪᠤᠰᠬᠠᠭᠰᠠᠨ ᠥᠪᠥᠷ ᠮᠣᠩᠭᠣᠯ》᠎ᠤᠨ ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ ᠦᠢ᠍ᠯᠡᠰ ᠪᠤᠰᠬᠠᠬᠤ ᠪᠤᠯᠪᠠᠰᠤᠷᠠᠯ᠎ᠤᠨ 《ᠴᠠᠬᠢᠯᠳᠠᠭ ᠲᠥᠯᠥᠪᠯᠡᠭᠡ》 ᠵᠢ ᠡᠬᠢᠯᠡᠭᠦᠯᠵᠦ᠂ 6 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠦᠬᠦ ᠣᠷᠣᠨ᠎ᠤ ᠦᠢ᠍ᠯᠡᠰ ᠪᠤᠰᠬᠠᠬᠤ ᠪᠤᠯᠪᠠᠰᠤᠷᠠᠯ᠎ᠳᠤ 1.5 ᠲᠦᠮᠡᠨ ᠬᠥᠮᠦᠨ᠎ᠢ ᠣᠷᠣᠯᠴᠠᠭᠤᠯᠵᠤ᠂ ᠦᠢ᠍ᠯᠡᠰ ᠪᠤᠰᠬᠠᠬᠤ ᠳᠠᠭ᠋ᠠᠭ᠋ᠠᠯᠲᠠᠲᠤ ᠵᠢᠭᠡᠯᠡᠯᠭᠡ ᠵᠢ 5.27 ᠳ᠋ᠦ᠍ᠩᠰᠢᠭᠤᠷ ᠲᠥᠭᠥᠷᠢᠭ ᠲᠠᠷᠬᠠᠭ᠋ᠠᠪᠠ᠃ ᠪᠦᠬᠦ ᠣᠷᠣᠨ᠎ᠢ ᠬᠠᠮᠤᠷᠤᠭᠰᠠᠨ᠂ ᠬᠣᠲᠠ ᠬᠥᠳᠡᠭᠡ ᠵᠢ ᠨᠢᠭᠡ ᠴᠣᠭᠴᠠᠵᠢᠭᠤᠯᠤᠭᠰᠠᠨ᠂ ᠲᠡᠩᠴᠡᠭᠦᠷᠢᠲᠡᠢ ᠬᠥᠭᠵᠢᠭᠦᠯᠦᠭᠰᠡᠨ ᠣᠯᠠᠨ ᠨᠡᠶ᠋ᠢᠲᠡ ᠵᠢᠨ ᠠᠵᠢᠯ ᠤᠯᠬᠤ ᠦᠢ᠍ᠯᠡᠰ ᠪᠤᠰᠬᠠᠬᠤ ᠦᠢ᠍ᠯᠡᠴᠢᠯᠡᠭᠡᠨ᠎ᠤ ᠲᠤᠭᠳᠠᠯᠴᠠᠭ᠎ᠠ ᠵᠢ ᠪᠠᠶ᠋ᠢᠭᠤᠯᠬᠤ ᠲᠣᠭᠣᠷᠢᠨ᠎ᠳᠤ᠂ ᠮᠡᠳᠡᠭᠡ ᠵᠠᠩᠭᠢᠴᠢᠯᠠᠭᠰᠠᠨ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠰᠢᠨ᠎ᠡ ᠵᠢ ᠡᠭᠦᠳᠦᠨ ᠳᠡᠭᠡᠭᠰᠢᠯᠡᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ 《11+N》 ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ 《ᠳᠥᠷᠪᠡ ᠵᠢ ᠨᠢᠭᠡ ᠴᠣᠭᠴᠠᠵᠢᠭᠤᠯᠤᠭᠰᠠᠨ》 ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠡᠭᠦᠯᠡᠨ ᠲᠠᠪᠴᠠᠩ᠎ᠤᠨ ᠬᠡᠷᠡᠭᠯᠡᠯᠲᠡ ᠳᠡᠯᠭᠡᠷᠡᠭᠦᠯᠦᠯᠲᠡ ᠪᠠ ᠲᠣᠭ᠎ᠠ ᠪᠠᠷᠢᠮᠲᠠ ᠵᠢ ᠴᠤᠭᠯᠠᠭᠤᠯᠤᠨ ᠣᠷᠣᠭᠤᠯᠬᠤ ᠠᠵᠢᠯ᠎ᠢ ᠴᠢᠩᠭ᠋ᠠᠳᠬᠠᠪᠠ᠃ 《ᠪᠦᠬᠦ ᠣᠷᠣᠨ᠎ᠤ ᠠᠵᠢᠯ ᠤᠯᠭᠤᠬᠤ ᠦᠢ᠍ᠯᠡᠰ ᠪᠤᠰᠬᠠᠬᠤ ᠵᠢ ᠠᠬᠢᠭᠤᠯᠬᠤ ᠬᠤᠷᠠᠯ ᠵᠢᠴᠢ ᠬᠠᠪᠤᠷ᠎ᠤᠨ ᠤᠯᠠᠷᠢᠯ᠎ᠤᠨ ᠤᠷᠢᠬᠤ ᠬᠤᠷᠠᠯ》《ᠵᠠᠭᠤᠨ ᠡᠳᠦᠷ᠎ᠤᠨ ᠮᠢᠩᠭ᠋ᠠᠨ ᠲᠦᠮᠡᠨ ᠠᠵᠢᠯ᠎ᠤᠨ ᠪᠠᠢ᠌ᠷᠢ ᠬᠠᠩᠭ᠋ᠠᠬᠤ ᠰᠦᠯᠵᠢᠶ᠎ᠡ᠎ᠪᠠᠷ ᠤᠷᠢᠬᠤ ᠲᠤᠰᠬᠠᠢ ᠠᠵᠢᠯᠯᠠᠭ᠎ᠠ》 ᠵᠡᠷᠭᠡ ᠰᠦᠯᠵᠢᠶᠡᠨ᠎ᠤ ᠪᠠ ᠰᠦᠯᠵᠢᠶᠡᠨ᠎ᠤ ᠪᠤᠰᠤ ᠠᠵᠢᠯᠯᠠᠭ᠎ᠠ᠎ᠳᠤ ᠬᠤᠯᠪᠤᠭ᠋ᠠᠯᠠᠵᠦ᠂ ᠪᠦᠬᠦ ᠲᠠᠯ᠎ᠠ᠎ᠪᠠᠷ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠦᠬᠦ ᠣᠷᠣᠨ᠎ᠳᠤ ᠡᠯ᠎ᠡ ᠲᠥᠷᠥᠯ᠎ᠤᠨ ᠤᠷᠢᠬᠤ ᠬᠤᠷᠠᠯ᠎ᠢ ᠨᠡᠶ᠋ᠢᠲᠡ 560 ᠲᠠᠯᠠᠪᠠᠢ ᠡᠷᠬᠢᠯᠡᠵᠦ᠂ 73.95 ᠲᠦᠮᠡᠨ ᠠᠵᠢᠯ᠎ᠤᠨ ᠪᠠᠶ᠋ᠢᠷᠢ ᠬᠠᠩᠭ᠋ᠠᠵᠤ᠂ 8 ᠲᠦᠮᠡᠨ ᠬᠥᠮᠦᠨ ᠤᠳᠠᠭ᠎ᠠ ᠰᠠᠨᠠᠯ ᠨᠢᠭᠡᠳᠴᠡᠢ᠃
ᠬᠣᠶᠠᠷ᠂ ᠨᠡᠶ᠋ᠢᠭᠡᠮ᠎ᠤᠨ ᠳᠠᠭ᠋ᠠᠳᠬᠠᠯ᠎ᠤᠨ ᠳᠦᠷᠢᠮ᠎ᠢ ᠲᠣᠭᠲᠠᠭᠤᠨ ᠪᠠᠢ᠌ᠯᠭ᠋ᠠᠵᠦ᠂ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠦ ᠥᠭᠡᠷᠡᠴᠢᠯᠡᠯᠲᠡ ᠵᠢ ᠬᠦᠴᠦᠯᠡᠨ ᠠᠳᠬᠤᠵᠤ᠂ ᠬᠡᠪᠴᠢᠶ᠎ᠡ ᠵᠢ ᠥᠷᠭᠡᠳᠬᠡᠨ᠂ ᠲᠦᠭᠰᠢᠭᠦᠷᠢ ᠵᠢ ᠰᠡᠷᠭᠡᠶ᠋ᠢᠯᠡᠵᠦ᠂ ᠲᠠᠷᠬᠠᠭ᠋ᠠᠬᠤ ᠵᠢ ᠪᠠᠳᠤᠯᠠᠵᠦ᠂ ᠨᠡᠶ᠋ᠢᠭᠡᠮ᠎ᠤᠨ ᠪᠠᠲᠤᠯᠠᠭ᠎ᠠ ᠵᠢᠨ ᠳᠦᠷᠢᠮ᠎ᠤᠨ ᠰᠢᠰᠲᠸᠮ᠎ᠢ ᠲᠠᠰᠤᠷᠠᠯᠲᠠ ᠦᠭᠡᠢ ᠲᠡᠭᠦᠯᠳᠡᠷᠵᠢᠬᠦᠯᠦᠨ᠎ᠡ᠃
〈ᠨᠢᠭᠡ〉 ᠨᠡᠶ᠋ᠢᠭᠡᠮ᠎ᠤᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠤᠯᠠᠮ ᠨᠢᠭᠡ ᠠᠯᠬᠤᠮ ᠦᠷᠭᠡᠳᠭᠡᠨ᠎ᠡ᠃ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠣᠭ᠎ᠠ ᠪᠠᠷᠢᠮᠲᠠ ᠵᠢᠨ ᠬᠡᠷᠡᠭᠯᠡᠯᠲᠡ ᠵᠢ ᠴᠢᠩᠭ᠋ᠠᠳᠬᠠᠵᠤ᠂ ᠳᠠᠭ᠋ᠠᠳᠬᠠᠯ᠎ᠳᠤ ᠤᠷᠤᠯᠴᠠᠭᠰᠠᠨ ᠪᠠᠢ᠌ᠳᠠᠯ᠎ᠢ ᠪᠥᠬᠥ ᠲᠠᠯ᠎ᠠ᠎ᠪᠠᠷ ᠵᠠᠳᠠᠯᠤᠨ᠂ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠭᠦᠨᠵᠡᠭᠡᠢ ᠠᠬᠢᠭᠤᠯᠵᠤ᠂ ᠨᠠᠰᠤᠵᠢᠯ᠎ᠤᠨ ᠳᠠᠭ᠋ᠠᠳᠬᠠᠯ᠎ᠤᠨ ᠬᠦᠷᠢᠶ᠎ᠡ ᠬᠡᠪᠴᠢᠶ᠎ᠡ ᠵᠢ ᠥᠷᠭᠡᠳᠬᠡᠬᠦ ᠲᠤᠰᠬᠠᠢ ᠠᠵᠢᠯᠯᠠᠭ᠎ᠠ ᠵᠢ ᠥᠷᠨᠢᠭᠦᠯᠵᠦ᠂ ᠲᠤᠭᠤᠰᠤ ᠪᠤᠷᠳᠠᠭ᠎ᠤᠨ ᠡᠪᠡᠳᠴᠢᠨ᠎ᠢ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠭᠤᠯᠬᠤ ᠵᠢ ᠨᠢᠭᠡᠳᠦᠯᠲᠡᠢ ᠲᠥᠯᠥᠪᠯᠡᠬᠦ ᠠᠵᠢᠯ᠎ᠢ ᠭᠦᠨᠵᠡᠭᠡᠢ ᠠᠬᠢᠭᠤᠯᠤᠨ᠎ᠠ᠃ 6 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠦᠬᠦ ᠣᠷᠣᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠂ ᠠᠵᠢᠯ ᠠᠯᠳᠠᠯᠳᠠ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ ᠲᠤᠰ ᠲᠤᠰ 1581.9 ᠲᠦᠮᠡ᠂ 335.3 ᠲᠦᠮᠡᠨ ᠬᠥᠮᠦᠨ ᠪᠠ 281.4 ᠲᠦᠮᠡᠨ ᠬᠥᠮᠦᠨ᠎ᠳᠤ ᠬᠦᠷᠪᠡ᠃ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠦᠷᠭᠡᠳᠭᠡᠭᠰᠡᠨ ᠬᠡᠪᠴᠢᠶ᠎ᠡ ᠨᠢᠭᠡᠨᠳᠡ ᠤᠯᠤᠰ᠎ᠠᠴᠠ ᠪᠠᠭᠤᠯᠭ᠋ᠠᠭᠰᠠᠨ ᠲᠥᠯᠥᠪᠯᠡᠭᠡ ᠵᠢᠨ ᠬᠠᠷᠠᠯᠲᠠ ᠵᠢ ᠪᠡᠶᠡᠯᠡᠭᠦᠯᠵᠦ᠂ ᠠᠵᠢᠯ ᠠᠯᠳᠠᠯᠲᠠ ᠵᠢᠨ ᠳᠠᠭ᠋ᠠᠳᠬᠠᠯ᠎ᠨᠢ ᠨᠢᠭᠡᠨᠳᠡ ᠤᠯᠤᠰ᠎ᠠᠴᠠ ᠪᠠᠭᠤᠯᠭ᠋ᠠᠭᠰᠠᠨ ᠲᠦᠯᠦᠪᠯᠡᠭᠡ ᠵᠢᠨ 99.8% ᠵᠢ ᠪᠡᠶᠡᠯᠡᠭᠦᠯᠪᠡ᠃
〈ᠬᠣᠶᠠᠷ 〉 ᠨᠡᠶ᠋ᠢᠭᠡᠮ᠎ᠤᠨ ᠪᠠᠲᠤᠯᠠᠭ᠎ᠠ ᠵᠢᠨ ᠳᠦᠷᠢᠮ᠎ᠢ ᠲᠡᠭᠦᠯᠳᠡᠷᠵᠢᠭᠦᠯᠦᠨ᠎ᠡ᠃ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠲᠡᠰ᠎ᠠᠴᠠ ᠨᠢᠭᠡᠳᠦᠯᠲᠡᠢ ᠬᠤᠷᠢᠶᠠᠵᠦ ᠨᠢᠭᠡᠳᠦᠯᠳᠡᠢ ᠵᠠᠷᠤᠬᠤ ᠵᠢ ᠤᠷᠤᠭᠰᠢᠲᠠᠢ ᠬᠡᠷᠡᠭᠵᠢᠭᠦᠯᠵᠦ᠂ 2021 ᠤᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠰᠠᠭᠤᠷᠢ ᠮᠥᠩᠭᠥ ᠵᠢ ᠪᠦᠬᠦ ᠣᠷᠣᠨ᠎ᠳᠤ ᠨᠢᠭᠡᠳᠦᠯᠲᠡᠢ ᠲᠥᠪᠯᠡᠷᠡᠭᠦᠯᠦᠨ ᠬᠠᠮᠢᠶᠠᠷᠬᠤ ᠵᠢ ᠪᠡᠶᠡᠯᠡᠭᠦᠯᠵᠦ᠂ ᠪᠦᠬᠦ ᠴᠤᠪᠤᠷᠠᠯ᠎ᠤᠨ《ᠣᠷᠣᠯᠭ᠎ᠠ ᠵᠠᠷᠤᠯᠭ᠎ᠠ ᠵᠢ ᠠᠰᠲᠤᠨᠢ ᠪᠠᠢ᠌ᠯᠭ᠋ᠠᠵᠦ ᠪᠦᠬᠦ ᠲᠣᠭ᠎ᠠ᠎ᠪᠠᠷ᠎ᠨᠢ ᠲᠤᠰᠢᠶᠠᠬᠤ ᠪᠤᠶᠤ ᠥᠭᠭᠦᠨ᠎ᠡ᠃ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠢ ᠥᠪᠡᠷᠲᠡᠭᠡᠨ ᠵᠠᠰᠠᠬᠤ ᠣᠷᠣᠨ᠎ᠤ ᠲᠡᠰ᠎ᠠᠴᠠ ᠨᠢᠭᠡᠳᠦᠯᠲᠡᠢ ᠲᠥᠯᠥᠪᠯᠡᠬᠦ ᠵᠢ ᠲᠡᠭᠦᠯᠳᠡᠷᠵᠢᠭᠦᠯᠵᠦ᠂ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠶ᠋ᠢᠯᠡᠬᠦ ᠠᠵᠢᠯ᠎ᠢ ᠭᠦᠨᠵᠡᠭᠡᠢ ᠲᠦᠯᠬᠢᠨ ᠠᠬᠢᠭᠤᠯᠤᠨ᠎ᠠ᠃
〈ᠭᠤᠷᠪᠠ 〉᠂ ᠨᠡᠶ᠋ᠢᠭᠡᠮ᠎ᠤᠨ ᠳᠠᠭ᠋ᠠᠳᠬᠠᠯ᠎ᠤᠨ ᠬᠠᠷᠠᠭ᠋ᠠᠯᠵᠠᠬᠤ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠎ᠡ᠃ ᠤᠯᠤᠰ᠎ᠤᠨ 2021 ᠣᠨ᠎ᠤ ᠠᠵᠢᠯ᠎ᠠᠴᠠ᠎ᠪᠠᠨ ᠠᠮᠠᠷᠠᠭᠰᠠᠨ ᠬᠥᠮᠦᠰ᠎ᠤᠨ ᠦᠨᠳᠦᠰᠦᠨ ᠨᠠᠰᠤᠵᠢᠯ᠎ᠤᠨ ᠮᠥᠩᠭᠥ᠎ᠳᠤ ᠲᠣᠬᠢᠷᠠᠭᠤᠯᠤᠯᠲᠠ ᠬᠢᠬᠦ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ 2021 ᠣᠨ᠎ᠤ ᠨᠠᠰᠤᠵᠢᠯ᠎ᠤᠨ ᠮᠥᠩᠭᠥ᠎ᠳᠤ ᠲᠣᠬᠢᠷᠠᠭᠤᠯᠤᠯᠲᠠ ᠬᠢᠬᠦ ᠲᠥᠰᠦᠯ᠎ᠢ ᠲᠣᠭᠲᠠᠭ᠋ᠠᠵᠤ᠂ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠦᠬᠦᠨ᠎ᠢ ᠪᠣᠳᠠᠲᠠᠶ᠋ᠢᠵᠢᠭᠤᠯᠤᠨ᠂ ᠰᠠᠷ᠎ᠠ ᠪᠦᠷᠢ ᠬᠥᠮᠦᠨ ᠪᠦᠷᠢ ᠵᠢᠨ ᠲᠡᠭᠰᠢᠳᠭᠡᠭᠰᠡᠨ ᠴᠠᠯᠢᠩ᠎ᠢ 4.5%᠎ᠪᠠᠷ ᠨᠡᠮᠡᠭᠳᠡᠭᠦᠯᠵᠦ᠂ ᠪᠦᠬᠦ ᠣᠷᠣᠨ᠎ᠤ ᠠᠵᠢᠯ᠎ᠠᠴᠠ᠎ᠪᠠᠨ ᠠᠮᠠᠷᠠᠭᠰᠠᠨ 310 ᠭᠠᠷᠤᠢ ᠲᠦᠮᠡᠨ ᠬᠥᠮᠦᠨ᠎ᠳᠤ ᠠᠰᠢᠭ ᠬᠦᠷᠲᠡᠭᠡᠪᠡ᠃
〈ᠳᠥᠷᠪᠡ 〉 ᠨᠡᠶ᠋ᠢᠭᠡᠮ᠎ᠤᠨ ᠳᠠᠭ᠋ᠠᠳᠬᠠᠯ᠎ᠤᠨ ᠭᠠᠷᠳᠠᠨ ᠬᠢᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠯᠠᠪᠳᠠᠭᠤᠨ ᠵᠶ᠋ᠠᠷ ᠳᠡᠭᠡᠭᠰᠢᠯᠡᠭᠦᠯᠦᠨ᠎ᠡ᠃ ᠨᠠᠰᠤᠵᠢᠯ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠵᠠᠯᠭ᠋ᠠᠭᠤᠯᠵᠦ ᠰᠢᠯᠤᠭᠤᠳᠬᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢ ᠥᠷᠨᠢᠭᠦᠯᠦᠨ᠂ ᠬᠦᠢ᠍ᠴᠡᠳᠭᠡᠵᠦ ᠪᠦᠬᠦᠢ ᠪᠤᠢ ᠪᠦᠬᠦᠢ ᠲᠤᠬᠠᠢ᠌ᠯᠠᠭᠰᠠᠨ ᠠᠵᠢᠯ᠎ᠢ ᠪᠦᠬᠦ ᠲᠠᠯ᠎ᠠ᠎ᠪᠠᠷ ᠮᠥᠷᠳᠡᠨ ᠪᠠᠶ᠋ᠢᠴᠠᠭ᠋ᠠᠵᠤ᠂ 6 ᠰᠠᠷ᠎ᠠ ᠵᠢᠨ ᠰᠡᠭᠦᠯᠴᠢ ᠪᠣᠯᠲᠠᠯ᠎ᠠ 6.26 ᠲᠦᠮᠡᠨ ᠲᠤᠬᠠᠶ᠋ᠢᠯᠠᠭᠰᠠᠨ ᠠᠵᠢᠯ᠎ᠢ ᠰᠢᠯᠤᠭᠤᠳᠬᠠᠵᠦ ᠵᠠᠰᠠᠨ ᠴᠡᠭᠴᠡᠯᠡᠵᠦ᠂ ᠬᠠᠷᠠᠯᠲᠠ ᠵᠢᠨ ᠵᠶ᠋ᠠᠨ 62.2% ᠢ ᠪᠡᠶᠡᠯᠡᠭᠦᠯᠪᠡ᠃ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠢ ᠳᠡᠯᠭᠡᠷᠡᠭᠦᠯᠦᠨ ᠬᠡᠷᠡᠭᠯᠡᠬᠦ ᠠᠵᠢᠯ᠎ᠢ ᠴᠢᠩᠭ᠋ᠠᠳᠬᠠᠵᠤ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠢ 2160.8 ᠲᠦᠮᠡᠨ ᠬᠤᠪᠢ ᠦᠢ᠍ᠯᠡᠳᠴᠦ ᠲᠠᠷᠬᠠᠭ᠋ᠠᠵᠤ᠂ ᠺᠠᠷᠲ ᠪᠦᠷᠬᠦᠬᠦᠯᠦᠭᠰᠡᠨ ᠨᠣᠷᠮ᠎ᠠ 90%᠎ᠳᠤ ᠬᠦᠷᠴᠦ᠂ ᠵᠠᠰᠠᠭ᠎ᠤᠨ ᠶᠠᠪᠤᠳᠠᠯ᠎ᠤᠨ ᠲᠥᠷᠥᠯ᠂ ᠪᠠᠩᠬᠢ ᠵᠢᠨ ᠲᠥᠷᠥᠯ ᠵᠢᠴᠢ ᠸᠢᠴᠠᠲ ᠲᠤᠭ᠋ᠠᠴᠠᠭ᠎ᠠ ᠬᠢᠬᠦ ᠵᠦᠭᠡᠯᠡᠨ ᠲᠤᠨᠤᠭ ᠵᠡᠷᠭᠡ ᠨᠡᠶ᠋ᠢᠭᠡᠮ᠎ᠤᠨ ᠪᠠᠲᠤᠯᠠᠭ᠎ᠠ ᠵᠢᠨ ᠡᠯᠸᠺᠲᠷᠤᠨ ᠺᠠᠷᠲ᠎ᠢ ᠭᠠᠷᠤᠨ ᠦᠰᠦᠭ ᠵᠢᠷᠤᠵᠤ ᠲᠠᠷᠬᠠᠭ᠋ᠠᠬᠤ ᠠᠷᠭ᠎ᠠ ᠵᠠᠮ᠎ᠢ ᠨᠡᠶ᠋ᠢᠲᠡ 26 ᠵᠢ ᠨᠡᠪᠳᠡᠷᠡᠬᠦᠯᠵᠦ᠂ ᠨᠡᠶ᠋ᠢᠲᠡ 562.2 ᠲᠦᠮᠡᠨ ᠬᠤᠪᠢ ᠨᠡᠶ᠋ᠢᠭᠡᠮ᠎ᠤᠨ ᠪᠠᠲᠤᠯᠠᠭ᠎ᠠ ᠵᠢᠨ ᠡᠯᠸᠺᠲᠷᠤᠨ ᠺᠠᠷᠲ᠎ᠢ ᠭᠠᠷᠤᠨ ᠦᠰᠦᠭ ᠵᠢᠷᠤᠵᠤ ᠲᠠᠷᠬᠠᠭ᠋ᠠᠪᠠ᠃
ᠭᠤᠷᠪᠠ᠂ ᠮᠡᠷᠭᠡᠵᠢᠯ ᠪᠠ ᠤᠷ᠎ᠠ ᠴᠢᠳᠠᠪᠤᠷᠢ ᠵᠢᠨ ᠬᠤᠶᠠᠷ ᠰᠠᠯᠠᠭ᠎ᠠ ᠴᠢᠳᠠᠪᠤᠷᠢᠳᠠᠨ᠎ᠤ ᠡᠩᠨᠡᠭᠡ ᠵᠢᠨ ᠪᠠᠶ᠋ᠢᠭᠤᠯᠤᠯᠲᠠ᠎ᠳᠤ ᠠᠩᠬᠠᠷᠤᠯ ᠲᠦᠪᠯᠡᠷᠡᠬᠦᠯᠵᠦ᠂ ᠴᠢᠳᠠᠪᠤᠷᠢᠲᠠᠨ᠎ᠤ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠪᠦᠲᠦᠮᠵᠢᠲᠡᠢ ᠬᠥᠭᠵᠢᠭᠡᠨ᠎ᠡ᠃
ᠬᠥᠳᠡᠭᠡ ᠲᠣᠰᠬᠣᠨ᠎ᠤ ᠴᠢᠳᠠᠪᠤᠷᠢᠲᠠᠨ᠎ᠢ ᠬᠥᠭᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠦᠪᠦᠷ ᠮᠣᠩᠭᠣᠯ ᠢ ᠮᠠᠨᠳᠤᠭᠤᠯᠬᠤ ᠠᠵᠢᠯᠯᠠᠭ᠎ᠠ ᠵᠢ ᠬᠦᠴᠦᠯᠡᠨ ᠠᠬᠢᠭᠤᠯᠵᠤ᠂ ᠴᠢᠳᠠᠪᠤᠷᠢᠲᠠᠨ᠎ᠢ ᠬᠥᠮᠦᠵᠢᠭᠦᠯᠬᠦ᠂ ᠤᠷᠤᠭᠤᠯᠵᠦ ᠠᠪᠴᠢᠷᠠᠬᠤ᠂ ᠦᠨᠡᠯᠡᠬᠦ᠂ ᠬᠡᠷᠡᠭᠯᠡᠬᠦ ᠬᠡᠯᠬᠢᠶᠡᠰᠦ ᠵᠢ ᠬᠦᠴᠦᠯᠡᠨ ᠨᠡᠪᠲᠡᠷᠡᠭᠦᠯᠵᠦ᠂ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠬᠠᠩᠭ᠋ᠠᠨ᠎ᠠ᠃
〈ᠨᠢᠭᠡ 〉 ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ 2021 ᠣᠨ᠎ᠤ ᠮᠡᠷᠭᠡᠵᠢᠯ᠎ᠤᠨ ᠴᠣᠯᠠ ᠵᠢᠨ ᠥᠭᠡᠷᠡᠴᠢᠯᠡᠯᠲᠡ ᠵᠢᠨ ᠠᠵᠢᠯ᠎ᠤᠨ ᠲᠣᠬᠢᠷᠠᠭᠤᠯᠤᠯᠲᠠ ᠵᠢ ᠳᠠᠷᠤᠮᠠᠯᠯᠠᠨ ᠲᠠᠷᠬᠠᠭ᠋ᠠᠵᠤ᠂ ᠭᠣᠣᠯᠳᠠᠯᠭ᠎ᠠ᠎ᠪᠠᠨ ᠠᠵᠢᠯ᠎ᠤᠨ ᠠᠮᠵᠢᠯᠲᠠ᠎ᠪᠠᠷ ᠳᠣᠪᠣᠶ᠋ᠢᠮ᠎ᠠ ᠲᠤᠰᠬᠠᠢ ᠮᠡᠷᠭᠡᠵᠢᠯ᠎ᠤᠨ ᠴᠢᠳᠠᠪᠤᠷᠢᠲᠠᠨ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠂ ᠨᠡᠶ᠋ᠢᠲᠡ ᠵᠢᠨ ᠥᠮᠴᠢᠯᠡᠯ᠎ᠤᠨ ᠪᠤᠰᠤ ᠬᠦᠷᠢᠶᠡᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠨᠢᠭᠡᠳᠦᠭᠡᠷ ᠹᠷᠣᠨᠲ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠲᠡᠢ᠌ᠰᠢ ᠬᠡᠯᠪᠡᠶ᠋ᠢᠯᠭᠡᠨ᠎ᠡ᠃ ᠵᠢᠷᠭᠤᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠲᠤᠰᠬᠠᠢ ᠮᠡᠷᠭᠡᠵᠢᠯ᠎ᠤᠨ ᠭᠠᠷᠮᠠᠭ᠋ᠠᠢ ᠴᠢᠳᠠᠪᠤᠷᠢᠲᠠᠨ᠎ᠢ ᠰᠠᠶ᠋ᠢᠰᠢᠶᠠᠨ ᠬᠦᠬᠢᠬᠦᠯᠵᠦ ᠲᠠᠨᠢᠯᠴᠠᠭᠤᠯᠬᠤ ᠠᠵᠢᠯ᠎ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠭᠠᠷᠮᠠᠭ᠋ᠠᠢ ᠴᠢᠳᠠᠪᠤᠷᠢᠲᠠᠨ᠎ᠤ ᠱᠠᠩᠨᠠᠯ᠂ ᠳᠣᠪᠣᠶ᠋ᠢᠮ᠎ᠠ ᠵᠢᠳᠭᠦᠯ ᠦᠵᠡᠬᠦᠯᠦᠭᠰᠡᠨ ᠲᠤᠰᠬᠠᠢ ᠮᠡᠷᠭᠡᠵᠢᠯᠲᠡᠨ᠎ᠢ ᠰᠢᠯᠭ᠋ᠠᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠮᠡᠳᠡᠭᠡ ᠵᠠᠩᠭᠢ ᠵᠢ ᠴᠤᠭᠯᠠᠭᠤᠯᠤᠨ ᠳᠠᠩᠰᠠᠯᠠᠬᠤ ᠠᠵᠢᠯ᠎ᠢ ᠥᠷᠨᠢᠭᠦᠯᠵᠦ᠂ 2010 — 2020 ᠣᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠮᠡᠳᠡᠭᠡ ᠵᠠᠩᠭᠢ ᠵᠢ ᠪᠢᠴᠢᠵᠦ ᠣᠷᠣᠭᠤᠯᠬᠤ ᠡᠭᠦᠷᠭᠡ ᠵᠢ ᠪᠡᠶᠡᠯᠡᠭᠦᠯᠦᠨ᠂ ᠨᠡᠶ᠋ᠢᠲᠡ 47.5 ᠲᠦᠮᠡᠨ ᠵᠤᠷᠪᠤᠰ ᠮᠡᠳᠡᠭᠡ ᠵᠠᠩᠭᠢ ᠵᠢ ᠪᠢᠴᠢᠵᠦ ᠣᠷᠣᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠂ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠰᠦᠯᠵᠢᠶᠡᠨ ᠳᠡᠭᠡᠷᠡᠬᠢ ᠬᠡᠷᠡᠭ ᠡᠷᠬᠢᠯᠡᠬᠦ ᠲᠢᠩᠬᠢᠮ᠂ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠳᠤᠯᠠᠭ᠎ᠠ ᠵᠢᠨ APP ᠭᠤᠷᠪᠠᠨ ᠠᠷᠭ᠎ᠠ ᠵᠠᠮ ᠵᠶ᠋ᠠᠷ ᠳᠠᠮᠵᠢᠭᠤᠯᠤᠨ᠂ ᠲᠤᠰ ᠬᠥᠮᠦᠨ᠎ᠤ ᠦᠨᠡᠮᠯᠡᠯ᠎ᠤᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠵᠤ᠂ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠮᠡᠳᠡᠭᠡ ᠵᠠᠩᠭᠢ ᠵᠢ ᠭᠠᠵᠠᠷ ᠣᠷᠣᠨ ᠠᠯᠤᠰᠯᠠᠨ ᠪᠠᠶ᠋ᠢᠴᠠᠭ᠋ᠠᠨ ᠰᠢᠯᠭ᠋ᠠᠬᠤ ᠵᠢ ᠪᠡᠶᠡᠯᠡᠭᠦᠯᠪᠡ᠃
〈ᠬᠣᠶᠠᠷ 〉᠂ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ 《ᠵᠠᠭᠤ ᠮᠢᠩᠭ᠎ᠠ ᠲᠦᠮᠡ》 ᠵᠢᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠵᠢᠷᠭᠤᠳᠤᠭ᠋ᠠᠷ ᠬᠤᠭᠤᠴᠠᠭ᠋ᠠᠨ᠎ᠤ ᠮᠠᠰᠲ᠋ᠧᠷ ᠳᠡᠭᠡᠳᠦ ᠵᠡᠷᠭᠡ ᠵᠢᠨ ᠮᠠᠰᠲ᠋ᠧᠷ᠎ᠤᠨ ᠳᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠯ᠎ᠢ ᠬᠢᠨᠠᠨ ᠲᠤᠭᠳᠠᠭ᠋ᠠᠬᠤ ᠠᠵᠢᠯ᠎ᠢ ᠥᠷᠨᠢᠭᠦᠯᠪᠡ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ ᠵᠡᠷᠭᠡ ᠵᠢ ᠬᠢᠨᠠᠨ ᠲᠣᠭᠲᠠᠭ᠋ᠠᠬᠤ ᠥᠭᠡᠷᠡᠴᠢᠯᠡᠯᠲᠡ ᠵᠢ ᠲᠦᠷᠭᠡᠪᠴᠢᠯᠡᠨ ᠠᠬᠢᠭᠤᠯᠵᠤ᠂ ᠠᠵᠤ ᠠᠬᠤᠶ᠋ᠢᠯᠠᠯ᠎ᠤᠨ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠦᠨᠡᠯᠡᠬᠦ ᠬᠡᠪᠴᠢᠶ᠎ᠡ ᠵᠢ ᠥᠷᠭᠡᠳᠬᠡᠵᠦ᠂ 147 ᠨᠢᠭᠡᠴᠡ ᠵᠢ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ ᠲᠣᠭᠲᠠᠭ᠋ᠠᠵᠤ ᠦᠨᠡᠯᠡᠬᠦ ᠪᠠᠶ᠋ᠢᠭᠤᠯᠤᠮᠵᠢ ᠭᠡᠵᠦ ᠰᠢᠨ᠎ᠡ᠎ᠪᠠᠷ ᠬᠢᠨᠠᠨ ᠲᠣᠭᠲᠠᠭ᠋ᠠᠪᠠ᠃ ᠡᠨᠡ ᠵᠢᠯ᠎ᠤᠨ 1 — 6 ᠰᠠᠷ᠎ᠠ᠎ᠳᠤ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ 1.86 ᠲᠦᠮᠡᠨ ᠬᠥᠮᠦᠨ ᠰᠢᠨ᠎ᠡ᠎ᠪᠠᠷ ᠨᠡᠮᠡᠭᠳᠡᠵᠦ᠂ ᠵᠢᠯ᠎ᠤᠨ ᠬᠠᠷᠠᠯᠲᠠ ᠵᠢᠨ ᠵᠶ᠋ᠠᠨ 62% ᠵᠢ ᠪᠡᠶᠡᠯᠡᠭᠦᠯᠵᠡᠢ᠃
〈ᠭᠤᠷᠪᠠ〉 ᠳᠡᠭᠡᠳᠦ ᠳᠡᠰ᠎ᠤᠨ ᠴᠢᠳᠠᠪᠤᠷᠢᠲᠠᠨ ᠬᠦᠮᠦᠵᠢᠬᠦᠯᠬᠦ ᠪᠠ ᠣᠷᠣᠭᠤᠯᠤᠨ ᠠᠪᠴᠢᠷᠠᠬᠤ ᠡᠷᠴᠢᠮ ᠵᠶ᠋ᠡᠨ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠳᠡᠭᠡᠳᠦ ᠳᠡᠰ ᠳᠠᠪᠬᠤᠷᠭ᠎ᠠ ᠵᠢᠨ ᠪᠠᠴᠢᠮ ᠬᠡᠷᠡᠭᠰᠡᠬᠦ ᠳᠤᠲᠠᠭᠳᠠᠵᠤ ᠪᠠᠶ᠋ᠢᠭ᠎ᠠ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠭᠠᠷᠴᠠᠭ᠎ᠢ ᠤᠷᠢᠳ ᠬᠣᠵᠢᠳ 3 ᠤᠳᠠᠭ᠎ᠠ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠲᠠᠢ ᠬᠠᠮᠲᠤᠷᠠᠨ ᠴᠢᠩᠬᠤᠸᠠ᠂ ᠪᠡᠭᠡᠵᠢᠩ ᠶᠡᠬᠡ ᠰᠤᠷᠭ᠋ᠠᠭᠤᠯᠢ᠎ᠳᠤ ᠬᠦᠷᠴᠦ 《ᠴᠢᠳᠠᠪᠤᠷᠢᠲᠠᠨ᠎ᠢ ᠤᠷᠢᠵᠦ᠂ ᠲᠠᠯ᠎ᠠ ᠨᠤᠲᠤᠭ ᠵᠶ᠋ᠠᠨ ᠬᠦᠭᠵᠢᠬᠦᠯᠬᠦ〉 ᠥᠪᠥᠷ ᠮᠣᠩᠭᠣᠯ᠎ᠤᠨ ᠲᠤᠰᠬᠠᠢ ᠤᠷᠢᠵᠦ ᠬᠡᠷᠡᠭᠯᠡᠬᠦ ᠬᠤᠷᠠᠯ᠎ᠢ ᠥᠷᠨᠢᠭᠦᠯᠵᠦ᠂ 1 — 6 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠳᠤ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ 102 ᠨᠡᠷᠡᠰ᠎ᠢ ᠤᠷᠢᠨ ᠣᠷᠣᠭᠤᠯᠪᠠ᠃ 2020 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯ ᠦᠢ᠍ᠯᠡᠰ᠎ᠤᠨ ᠨᠢᠭᠡᠴᠡ ᠵᠢᠨ ᠰᠢᠯᠢᠳᠡᠭ ᠴᠢᠳᠠᠪᠤᠷᠢᠲᠠᠨ ᠣᠷᠣᠭᠤᠯᠤᠨ ᠠᠪᠴᠢᠷᠠᠬᠤ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯᠠᠯᠢ ᠨᠠᠶ᠋ᠢᠳᠠᠪᠤᠷᠢᠵᠢᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ 87 ᠴᠢᠳᠠᠪᠤᠷᠢᠲᠠᠨ᠎ᠳᠤ 1600 ᠲᠦᠮᠡᠨ ᠲᠥᠭᠥᠷᠢᠭ ᠣᠯᠭᠣᠵᠤ᠂ ᠳᠡᠮᠵᠢᠬᠦ ᠬᠥᠮᠦᠨ᠎ᠤ ᠲᠣᠭ᠎ᠠ᠂ ᠪᠡᠯᠡ ᠮᠥᠩᠭᠥ ᠵᠢᠨ ᠶᠡᠷᠦᠩᠬᠡᠢ ᠬᠡᠮᠵᠢᠶ᠎ᠡ᠎ᠨᠢ ᠲᠤᠰ ᠲᠤᠰ 2019 ᠣᠨ᠎ᠤ 2.1 ᠳᠠᠬᠢᠨ᠂ 2.67 ᠳᠠᠬᠢᠨ ᠪᠣᠯᠪᠠ᠃ ᠡᠭᠦᠨ᠎ᠤ ᠬᠠᠮᠲᠤ᠂ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠠᠮᠤᠷ ᠲᠦᠪᠰᠢᠨ᠎ᠢ ᠴᠢᠩᠭ᠋ᠠᠳᠬᠠᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠲᠣᠭᠲᠠᠴᠠ ᠵᠢ ᠪᠠᠶ᠋ᠢᠭᠤᠯᠵᠤ᠂ ᠳᠡᠭᠡᠷ᠎ᠡ ᠬᠠᠭ᠋ᠠᠰ ᠵᠢᠯ᠎ᠳᠤ ᠡᠯ᠎ᠡ ᠲᠥᠷᠥᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢ ᠠᠮᠤᠷ ᠲᠦᠪᠰᠢᠨ ᠲᠣᠭᠲᠠᠭᠤᠨ ᠶᠠᠪᠤᠭᠳᠠᠭᠤᠯᠵᠦ᠂ ᠨᠡᠷ᠎ᠡ ᠮᠡᠳᠡᠭᠦᠯᠦᠭᠰᠡᠨ ᠬᠥᠮᠦᠨ᠎ᠤ ᠲᠣᠭ᠎ᠠ 35 ᠲᠦᠮᠡᠨ ᠬᠥᠮᠦᠨ ᠤᠳᠠᠭ᠎ᠠ᠎ᠳᠤ ᠬᠦᠷᠴᠡᠢ᠃
ᠳᠥᠷᠪᠡ᠂ ᠬᠥᠳᠡᠯᠮᠦᠷᠢ ᠵᠢᠨ ᠬᠠᠷᠢᠴᠠᠭ᠎ᠠ ᠵᠢ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠦᠴᠦᠲᠡᠢ ᠬᠠᠮᠠᠭ᠋ᠠᠯᠠᠨ᠎ᠠ᠃
ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠬᠤ ᠵᠢ ᠠᠷᠠᠳ ᠲᠦᠮᠡᠨ ᠵᠶ᠋ᠡᠷ ᠭᠣᠣᠯ ᠪᠣᠯᠭ᠋ᠠᠭᠰᠠᠨ ᠬᠥᠭᠵᠢᠯᠲᠡ ᠵᠢᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠬᠦ ᠵᠢᠨ ᠪᠣᠳᠠᠲᠠᠢ ᠦᠢ᠍ᠯᠡᠳᠦᠯᠭᠡ ᠪᠣᠯᠭ᠋ᠠᠵᠤ᠂ ᠵᠠᠰᠠᠬᠤ ᠵᠢ ᠴᠢᠩᠭ᠋ᠠᠳᠬᠠᠬᠤ᠂ ᠬᠤᠪᠢᠶᠠᠷᠢᠯᠠᠬᠤ ᠵᠢ ᠰᠢᠯᠢᠳᠡᠭᠵᠢᠭᠦᠯᠬᠦ᠂ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠵᠦ ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠦᠴᠦᠲᠡᠢ ᠬᠠᠮᠠᠭ᠋ᠠᠯᠠᠪᠠ᠃
〈ᠨᠢᠭᠡ〉 ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠭᠦᠨᠵᠡᠭᠡᠢ ᠲᠦᠯᠬᠢᠨ ᠠᠬᠢᠭᠤᠯᠤᠨ᠎ᠠ᠃ 2020 ᠣᠨ᠎ᠤ ᠠᠶ᠋ᠢᠮᠠᠭ ᠬᠣᠲᠠ ᠵᠢᠨ ᠨᠠᠮ ᠵᠠᠰᠠᠭ᠎ᠤᠨ ᠤᠳᠤᠷᠢᠳᠬᠤ ᠪᠠᠭ᠎ᠤᠨ ᠡᠶ᠎ᠡ ᠵᠣᠬᠢᠴᠠᠩᠭᠤᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠬᠤ ᠵᠢᠨ ᠬᠢᠨᠠᠨ ᠰᠢᠯᠭ᠋ᠠᠬᠤ ᠠᠵᠢᠯ᠎ᠢ ᠪᠡᠶᠡᠯᠡᠭᠦᠯᠪᠡ᠃ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢᠨ ᠨᠢᠭᠡᠴᠡ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠬᠢᠨᠠᠨ ᠲᠤᠭᠳᠠᠭ᠋ᠠᠬᠤ᠂ ᠬᠠᠮᠢᠶᠠᠷᠬᠤ ᠠᠵᠢᠯ᠎ᠢ ᠴᠢᠩᠭ᠋ᠠᠳᠬᠠᠨ᠂ 6 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠦᠬᠦ ᠣᠷᠣᠨ᠎ᠤ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢᠨ ᠨᠢᠭᠡᠴᠡ ᠵᠢ 1952 ᠡᠷᠦᠬᠡ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ 23 ᠵᠢ ᠨᠢᠭᠡᠨᠲᠡ ᠬᠢᠨᠠᠨ ᠲᠤᠭᠳᠠᠭ᠋ᠠᠭᠰᠠᠨ ᠪᠠᠶ᠋ᠢᠨ᠎ᠠ᠃
〈ᠬᠣᠶᠠᠷ〉 ᠠᠵᠤ ᠠᠬᠤᠶ᠋ᠢᠯᠠᠯ᠎ᠤᠨ ᠴᠠᠯᠢᠩ ᠣᠷᠣᠯᠭ᠎ᠠ ᠵᠢᠨ ᠬᠣᠷᠸ᠎ᠠ ᠲᠣᠬᠢᠷᠠᠭᠤᠯᠭ᠎ᠠ ᠡᠵᠡᠮᠰᠢᠯ᠎ᠢ ᠴᠢᠩᠭ᠋ᠠᠳᠬᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠵᠢᠯ᠎ᠲᠠᠢ ᠴᠢᠳᠠᠪᠤᠷᠢᠲᠠᠨ᠎ᠤ ᠬᠥᠯᠥᠰᠥ ᠣᠯᠭᠣᠮᠵᠢ ᠵᠢᠨ ᠬᠤᠪᠢᠶᠠᠷᠢᠯᠠᠯᠲᠠ ᠵᠢ ᠬᠥᠲᠥᠯᠦᠨ ᠵᠢᠯᠣᠭᠣᠳᠬᠤ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠴᠠᠯᠢᠩ ᠬᠥᠯᠥᠰᠥ ᠵᠢᠨ ᠬᠤᠪᠢᠶᠠᠷᠢᠯᠠᠯᠲᠠ ᠵᠢᠨ ᠳᠦᠷᠢᠮ᠎ᠢ ᠰᠢᠯᠢᠳᠡᠭᠵᠢᠭᠦᠯᠬᠦ ᠵᠢ ᠠᠬᠢᠭᠤᠯᠤᠨ᠎ᠠ᠃ 2021 ᠣᠨ᠎ᠤ ᠴᠠᠯᠢᠩ᠎ᠤᠨ ᠵᠢᠯᠤᠭᠤᠳᠤᠯ ᠱᠤᠭᠤᠮ᠎ᠢ ᠲᠥᠰᠦᠭᠡᠯᠡᠨ ᠪᠣᠳᠣᠭᠰᠠᠨ ᠪᠠ ᠨᠡᠶ᠋ᠢᠲᠡᠯᠡᠵᠦ᠂ ᠠᠵᠤ ᠠᠬᠤᠶ᠋ᠢᠯᠠᠯ᠎ᠤᠨ ᠴᠠᠯᠢᠩ᠎ᠤᠨ ᠨᠡᠮᠡᠭᠳᠡᠯ᠎ᠤᠨ ᠰᠠᠭᠤᠷᠢ ᠱᠤᠭᠤᠮ 3.6%᠂ ᠰᠡᠷᠡᠮᠵᠢᠯᠡᠭᠦᠯᠬᠦ ᠱᠤᠭᠤᠮ 6.8% ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠤᠨ ᠴᠠᠯᠢᠩ ᠬᠥᠯᠥᠰᠥ ᠵᠢᠨ ᠪᠠᠶ᠋ᠢᠴᠠᠭ᠋ᠠᠯᠲᠠ ᠵᠢᠨ ᠠᠵᠢᠯ᠎ᠢ ᠥᠷᠨᠢᠭᠦᠯᠦᠨ᠂ ᠠᠵᠤ ᠠᠬᠤᠶ᠋ᠢᠯᠠᠯ᠎ᠤᠨ ᠴᠠᠯᠢᠩ ᠬᠥᠯᠥᠰᠥ ᠵᠢᠨ ᠪᠠᠶ᠋ᠢᠴᠠᠭ᠋ᠠᠯᠲᠠ ᠵᠢᠨ ᠬᠡᠪᠴᠢᠶ᠎ᠡ ᠵᠢ 6 ᠠᠶ᠋ᠢᠮᠠᠭ ᠬᠤᠳᠠ᠎ᠠᠴᠠ 12 ᠠᠶ᠋ᠢᠮᠠᠭ ᠬᠣᠲᠠ ᠬᠦᠷᠲᠡᠯ᠎ᠡ ᠥᠷᠭᠡᠳᠬᠡᠵᠦ᠂ ᠠᠵᠤ ᠠᠬᠤᠶ᠋ᠢᠯᠠᠯ᠎ᠤᠨ ᠪᠠᠶ᠋ᠢᠴᠠᠭ᠋ᠠᠯᠲᠠ ᠵᠢᠨ ᠡᠷᠦᠬᠡ ᠵᠢᠨ ᠲᠣᠭ᠎ᠠ ᠵᠢ 2571 ᠡᠷᠦᠭᠡ᠎ᠠᠴᠠ 6614 ᠪᠣᠯᠭ᠋ᠠᠨ ᠨᠡᠮᠡᠭᠳᠡᠭᠦᠯᠪᠡ᠃
〈ᠭᠤᠷᠪᠠ〉 ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠡᠶᠡᠳᠡᠭᠦᠯᠬᠦ ᠪᠠ ᠬᠦᠨᠳᠡᠯᠡᠨ᠎ᠠᠴᠠ ᠲᠠᠰᠤᠯᠬᠤ ᠠᠵᠢᠯ᠎ᠢ ᠴᠢᠩᠭ᠋ᠠᠳᠬᠠᠪᠠ᠃ ᠪᠦᠬᠦ ᠣᠷᠣᠨ᠎ᠤ ᠡᠶᠡᠳᠡᠭᠦᠯᠬᠦ ᠪᠠ ᠬᠦᠨᠳᠡᠯᠡᠨ᠎ᠠᠴᠠ ᠲᠠᠰᠤᠯᠬᠤ ᠪᠠᠶ᠋ᠢᠭᠤᠯᠤᠮᠵᠢ ᠨᠡᠶ᠋ᠢᠲᠡ 1.28 ᠲᠦᠮᠡᠨ ᠵᠦᠢ᠍ᠯ᠎ᠤᠨ ᠮᠠᠷᠭᠤᠭ᠋ᠠᠨ᠎ᠢ ᠰᠢᠢ᠍ᠳᠪᠦᠷᠢᠯᠡᠵᠦ᠂ ᠡᠶᠡᠳᠡᠭᠦᠯᠬᠦ ᠠᠵᠢᠯ ᠠᠮᠵᠢᠯᠲᠠ ᠣᠯᠤᠭᠰᠠᠨ ᠨᠣᠷᠮ᠎ᠠ᠎ᠨᠢ 65.1%᠎ᠳᠤ ᠬᠦᠷᠪᠡ; ᠡᠭᠦᠨ᠎ᠳᠤ ᠬᠦᠨᠳᠡᠯᠡᠨ᠎ᠠᠴᠠ ᠲᠠᠰᠤᠯᠬᠤ ᠪᠠᠶ᠋ᠢᠭᠤᠯᠤᠮᠵᠢ ᠵᠢᠨ ᠬᠡᠷᠡᠭ ᠪᠣᠯᠭ᠋ᠠᠨ ᠳᠠᠩᠰᠠᠯᠠᠭᠰᠠᠨ ᠬᠡᠷᠡᠭ 9478 ᠪᠠᠶ᠋ᠢᠵᠤ᠂ 8359 ᠬᠡᠷᠡᠭ᠎ᠢ ᠰᠢᠭᠦᠨ ᠳᠠᠭᠤᠰᠬᠠᠵᠤ᠂ ᠲᠦᠷᠦᠭᠦᠤ ᠬᠤᠭᠤᠴᠠᠭ᠋ᠠᠨ᠎ᠳᠤ ᠳᠠᠭᠤᠰᠬᠠᠭᠰᠠᠨ ᠦᠭᠡᠢ ᠬᠡᠷᠡᠭ 366 ᠪᠠᠶ᠋ᠢᠵᠤ᠂ ᠬᠡᠷᠡᠭ ᠳᠠᠭᠤᠰᠬᠠᠭᠰᠠᠨ ᠨᠣᠷᠮ᠎ᠠ 88.6%᠎ᠳᠤ ᠬᠦᠷᠴᠦ᠂ ᠬᠦᠨᠳᠡᠯᠡᠨ᠎ᠠᠴᠠ ᠲᠠᠰᠤᠯᠵᠦ ᠳᠠᠭᠤᠰᠬᠠᠭᠰᠠᠨ ᠨᠣᠷᠮ᠎ᠠ 71.4%᠎ᠳᠤ ᠬᠦᠷᠴᠦ᠂ ᠡᠶᠡᠳᠡᠭᠦᠯᠬᠦ ᠵᠣᠬᠢᠶᠠᠨ ᠪᠠᠶ᠋ᠢᠭᠤᠯᠤᠯᠲᠠ 3287 ᠮᠠᠷᠭᠤᠭ᠋ᠠᠨ᠎ᠢ ᠬᠦᠯᠢᠶᠡᠨ ᠠᠪᠴᠤ ᠰᠢᠢ᠍ᠳᠪᠦᠷᠢᠯᠡᠵᠦ᠂ 3145 ᠬᠡᠷᠡᠭ᠎ᠢ ᠰᠢᠢ᠍ᠳᠪᠦᠷᠢᠯᠡᠨ ᠳᠠᠭᠤᠰᠬᠠᠪᠠ᠃
〈ᠳᠥᠷᠪᠡ〉 ᠴᠠᠯᠢᠩ ᠦᠷᠢᠳᠦᠵᠦ ᠪᠠᠶ᠋ᠢᠭ᠎ᠠ ᠪᠠᠶ᠋ᠢᠳᠠᠯ᠎ᠢ ᠦᠨᠳᠦᠰᠦᠨ᠎ᠠᠴᠠ᠎ᠨᠢ ᠵᠠᠰᠠᠬᠤ ᠠᠵᠢᠯ᠎ᠤᠨ ᠡᠷᠴᠢᠮ ᠵᠶ᠋ᠡᠨ ᠴᠢᠩᠭ᠋ᠠᠳᠬᠠᠬᠤ ᠬᠡᠷᠡᠭᠲᠡᠢ᠃ 《ᠬᠥᠯᠥᠰᠥᠨ ᠠᠵᠢᠯᠴᠢᠨ᠎ᠤ ᠴᠠᠯᠢᠩ᠎ᠢ ᠣᠯᠭᠣᠬᠤ ᠳᠦᠷᠢᠮ》᠎ᠢ ᠨᠠᠶ᠋ᠢᠳᠠᠪᠤᠷᠢᠵᠢᠭᠤᠯᠬᠤ᠎ᠪᠠᠷ ᠭᠣᠣᠯᠳᠠᠯᠭ᠎ᠠ ᠪᠣᠯᠭ᠋ᠠᠨ᠂ ᠰᠢᠮᠳᠠᠭᠤᠯᠤᠨ ᠪᠠᠶ᠋ᠢᠴᠠᠭ᠋ᠠᠵᠤ ᠵᠣᠬᠢᠴᠠᠭᠤᠯᠬᠤ᠎ᠪᠠᠨ ᠴᠢᠩᠭ᠋ᠠᠳᠬᠠᠵᠤ᠂ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠷᠠᠭᠤᠯᠤᠨ᠂ ᠴᠠᠯᠢᠩ ᠥᠭᠬᠦ ᠵᠠᠩᠭᠢᠯᠠᠭ᠎ᠠ ᠵᠢᠨ ᠭᠣᠭᠴᠣᠭ᠎ᠠ ᠵᠢ ᠴᠢᠩᠭ᠎ᠠ ᠠᠩᠬᠠᠷᠴᠤ᠂ ᠡᠯ᠎ᠡ ᠵᠦᠢ᠍ᠯ᠎ᠤᠨ ᠳᠦᠷᠢᠮ᠎ᠤᠨ ᠨᠠᠶ᠋ᠢᠳᠠᠪᠤᠷᠢᠵᠢᠭᠤᠯᠤᠯᠲᠠ ᠵᠢ ᠪᠦᠬᠦ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠤᠨ᠎ᠠ᠃ 6 ᠰᠠᠷ᠎ᠠ ᠵᠢᠨ ᠰᠡᠭᠦᠯᠴᠢ ᠪᠣᠯᠲᠠᠯ᠎ᠠ᠂ ᠪᠦᠬᠦ ᠣᠷᠣᠨ᠎ᠤ ᠪᠦᠲᠦᠭᠡᠨ ᠪᠠᠶ᠋ᠢᠭᠤᠯᠵᠤ ᠪᠠᠶ᠋ᠢᠭ᠎ᠠ 1539 ᠲᠥᠷᠥᠯ ᠵᠦᠢ᠍ᠯ᠎ᠤᠨ 《 ᠴᠠᠯᠢᠩ᠎ᠤᠨ ᠪᠠᠳᠤᠯᠠᠭ᠎ᠠ ᠵᠢᠨ ᠮᠦᠩᠭᠦ᠂ ᠪᠠᠴᠢᠮ ᠪᠠᠢ᠌ᠳᠠᠯ᠎ᠢ ᠠᠷᠭ᠋ᠠᠴᠠᠬᠤ ᠡᠷᠬᠢᠯᠳᠡ ᠵᠢᠨ ᠮᠦᠩᠭᠦ ᠪᠤᠯᠤᠨ ᠭᠤᠷᠪᠠᠨ ᠳᠦᠷᠢᠮ》᠎ᠤᠨ ᠪᠦᠷᠬᠦᠴᠡ ᠵᠢᠨ ᠨᠣᠷᠮ᠎ᠠ ᠴᠥᠮ 100%᠎ᠳᠤ ᠬᠦᠷᠪᠡ᠃ ᠡᠯ᠎ᠡ ᠱᠠᠲᠤᠨ᠎ᠤ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ᠎ᠨᠢ ᠬᠥᠮᠦᠨ ᠬᠡᠷᠡᠭᠯᠡᠬᠦ 6094 ᠨᠢᠭᠡᠴᠡ ᠵᠢ ᠰᠠᠨᠠᠭ᠋ᠠᠴᠢᠯᠠᠭ᠎ᠠ᠎ᠠᠴᠠ᠎ᠪᠠᠨ ᠪᠠᠶ᠋ᠢᠴᠠᠭ᠋ᠠᠵᠤ᠂ ᠳᠠᠩᠰᠠᠯᠠᠭᠰᠠᠨ ᠪᠤᠶᠤ ᠵᠣᠬᠢᠴᠠᠭᠤᠯᠬᠤ ᠠᠷᠭ᠎ᠠ ᠮᠠᠶᠢᠭ ᠵᠶ᠋ᠠᠷ ᠳᠠᠮᠵᠢᠨ ᠴᠠᠯᠢᠩ ᠥᠷᠢᠲᠦᠭᠰᠡᠨ ᠬᠡᠷᠡᠭ᠎ᠢ 321 ᠬᠤᠪᠢ ᠪᠠᠶ᠋ᠢᠴᠠᠭ᠋ᠠᠨ ᠰᠢᠢ᠍ᠳᠪᠦᠷᠢᠯᠡᠵᠦ᠂ 3011 ᠨᠡᠷ᠎ᠡ ᠮᠠᠯᠴᠢᠨ ᠲᠠᠷᠢᠶᠠᠴᠢᠨ ᠬᠦᠴᠦ ᠶᠠᠪᠤᠭᠴᠢ ᠵᠢᠨ ᠴᠠᠯᠢᠩ ᠬᠥᠯᠥᠰᠥ ᠵᠢ 3949 ᠲᠦᠮᠡᠨ ᠲᠥᠭᠥᠷᠢᠭ ᠨᠡᠬᠡᠮᠵᠢᠯᠡᠨ ᠠᠪᠴᠤ ᠥᠭᠪᠡ᠃
ᠲᠠᠪᠤ᠂ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡ ᠵᠢ ᠴᠢᠩᠭ᠋ᠠᠳᠬᠠᠭᠰᠠᠨ᠎ᠠᠴᠠ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃
ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ᠂ ᠪᠠᠷᠢᠮᠵᠢᠶᠠᠵᠢᠭᠤᠯᠬᠤ᠂ ᠳᠥᠭᠥᠮ ᠦᠵᠡᠭᠦᠯᠬᠦ ᠵᠢ ᠠᠷᠠᠳ ᠣᠯᠠᠨ᠎ᠤ ᠵᠣᠯ ᠵᠢᠷᠭ᠋ᠠᠯᠲᠤ ᠤᠯᠤᠯᠳᠠ ᠲᠥᠷᠥᠭᠳᠡᠯ ᠪᠠ ᠠᠮᠤᠷ ᠲᠦᠪᠰᠢᠨ᠎ᠤ ᠲᠥᠷᠥᠭᠳᠡᠯ᠎ᠢ ᠨᠡᠮᠡᠭᠳᠡᠭᠦᠯᠬᠦ ᠴᠢᠬᠤᠯᠠ ᠶᠡᠬᠡ ᠡᠭᠦᠷᠭᠡ ᠪᠣᠯᠭ᠋ᠠᠨ ᠠᠳᠬᠤᠵᠤ᠂ ᠲᠤᠲᠠᠭᠤᠳᠠᠯᠢ ᠨᠥᠬᠥᠪᠥᠷᠢᠯᠡᠬᠦ᠂ ᠪᠠᠭᠤᠷᠠᠢ ᠲᠠᠯ᠎ᠠ ᠵᠢ ᠬᠦᠴᠦᠷᠬᠡᠭᠵᠢᠭᠦᠯᠬᠦ ᠵᠢ ᠪᠠᠷᠢᠮᠲᠠᠯᠠᠨ᠂ ᠰᠦᠯᠵᠢᠶᠡᠨ ᠲᠡᠭᠡᠷ᠎ᠡ《ᠪᠦᠬᠦᠨ᠎ᠢ ᠰᠦᠯᠵᠢᠶᠡᠨ ᠲᠡᠭᠡᠷ᠎ᠡ ᠬᠦᠢ᠍ᠴᠡᠳᠭᠡᠬᠦ》᠂ ᠠᠬᠤᠢ ᠲᠠᠯᠠᠪᠠᠢ᠎ᠳᠤ《 ᠨᠢᠭᠡ ᠴᠤᠩᠬᠤᠪᠴᠢ᠎ᠪᠠᠷ ᠭᠦᠢ᠍ᠴᠡᠳᠬᠡᠬᠦ》᠂ 《ᠨᠢᠭᠡ ᠺᠠᠷᠲ ᠵᠶ᠋ᠠᠷ ᠨᠡᠪᠳᠡᠷᠡᠬᠦ》 ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠨ᠎ᠡ᠃ ᠬᠡᠷᠡᠭᠯᠡᠭᠡᠨ᠎ᠤ ᠰᠦᠯᠵᠢᠶᠡᠨ ᠳᠡᠭᠡᠷᠡᠬᠢ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠪᠦᠬᠦ ᠲᠠᠯ᠎ᠠ᠎ᠪᠠᠷ ᠳᠡᠯᠭᠡᠷᠡᠭᠦᠯᠵᠦ᠂ ᠪᠦᠬᠦ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠳᠤᠯᠠᠭ᠎ᠠ ᠵᠢᠨ ᠰᠢᠰᠲ᠋ᠧᠮ᠎ᠤᠨ 190 ᠦᠢ᠍ᠯᠡᠴᠢᠯᠡᠭᠡᠨ᠎ᠤ ᠵᠦᠢ᠍ᠯ᠎ᠳᠤ᠂ ᠰᠦᠯᠵᠢᠶᠡᠨ ᠳᠡᠭᠡᠷ᠎ᠡ ᠭᠦᠢ᠍ᠴᠡᠳᠬᠡᠬᠦ ᠵᠦᠢ᠍ᠯᠡᠰ 152 ᠪᠠᠶ᠋ᠢᠵᠤ᠂ ᠰᠦᠯᠵᠢᠶᠡᠨ ᠳᠡᠭᠡᠷ᠎ᠡ ᠭᠦᠢ᠍ᠴᠡᠳᠬᠡᠬᠦ ᠨᠣᠷᠮ᠎ᠠ 80%᠎ᠳᠤ ᠬᠦᠷᠪᠡ᠃ ᠬᠡᠷᠡᠭᠯᠡᠯᠲᠡ ᠵᠢᠨ ᠪᠠᠶ᠋ᠢᠳᠠᠯ᠎ᠠᠴᠠ ᠦᠵᠡᠪᠡᠯ᠂ ᠪᠦᠬᠦ ᠣᠷᠣᠨ᠎ᠳᠤ ᠨᠡᠶ᠋ᠢᠲᠡ 12.8 ᠲᠦᠮᠡᠨ ᠨᠢᠭᠡᠴᠡ ᠪᠦᠬᠦ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ 《 ᠪᠦᠬᠦᠨ᠎ᠢ ᠰᠦᠯᠵᠢᠶᠡᠨ ᠲᠡᠭᠡᠷ᠎ᠡ ᠭᠦᠢ᠍ᠴᠡᠳᠭᠡᠬᠦ》 ᠲᠠᠪᠴᠠᠩ᠎ᠢ ᠳᠠᠩᠰᠠᠯᠠᠭᠤᠯᠬᠤ ᠵᠢᠨ ᠬᠠᠮᠲᠤ ᠬᠡᠷᠡᠭᠯᠡᠵᠦ᠂ 2021 ᠣᠨ᠎ᠳᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠦᠭᠰᠡᠨ ᠠᠯᠪᠠᠨ ᠪᠢᠴᠢᠭ ᠰᠠᠷ᠎ᠠ ᠪᠦᠷᠢ ᠳᠤᠮᠳᠠᠴᠢ᠎ᠪᠠᠷ 10.3 ᠲᠦᠮᠡᠨ ᠬᠤᠪᠢ᠂ ᠡᠨᠡ᠎ᠨᠢ 2020 ᠣᠨ᠎ᠳᠤ ᠭᠦᠢ᠍ᠴᠡᠳᠬᠡᠭᠰᠡᠨ ᠬᠡᠮᠵᠢᠶ᠎ᠡ ᠵᠢᠨ 3 ᠳᠠᠬᠢᠨ ᠪᠣᠯᠪᠠ᠃
ᠠᠷᠠᠳ᠎ᠲᠤ ᠳᠥᠭᠥᠮ ᠦᠵᠡᠭᠦᠯᠬᠦ《ᠠᠯᠠᠭ᠋ᠠᠨ ᠲᠡᠭᠡᠷ᠎ᠡ᠎ᠪᠠᠨ ᠬᠦᠢ᠍ᠴᠡᠳᠭᠡᠬᠦ》ᠦᠢ᠍ᠯᠡᠴᠢᠯᠡᠭᠡ ᠵᠢ ᠯᠠᠪᠳᠠᠭᠤᠨ ᠪᠠᠲᠤᠲᠠᠢ ᠠᠬᠢᠭᠤᠯᠵᠤ᠂ ᠡᠨᠡ ᠵᠢᠯ᠎ᠤᠨ 1 ᠰᠠᠷ᠎ᠠ᠎ᠳᠤ 《ᠥᠪᠥᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠳᠤᠯᠠᠭ᠎ᠠ ᠵᠢᠨ ᠺᠠᠷᠲ᠎ᠤᠨ ᠭᠠᠷ ᠤᠳᠠᠰᠤᠨ᠎ᠤ APP ᠵᠢ ᠠᠰᠢᠭᠯᠠᠯᠲᠠ᠎ᠳᠤ ᠣᠷᠣᠭᠤᠯᠤᠨ᠂ ᠭᠣᠣᠯᠳᠠᠭᠤ ᠨᠠᠰᠤᠵᠢᠯ᠎ᠤᠨ ᠬᠠᠷᠠᠭ᠋ᠠᠯᠵᠠᠯᠠᠯ᠎ᠤᠨ ᠬᠢᠷᠢ ᠭᠡᠮ᠎ᠢ ᠭᠡᠷᠡᠴᠢᠯᠡᠬᠦ᠂ ᠬᠤᠪᠢ ᠬᠥᠮᠦᠨ᠎ᠤ ᠳᠠᠭ᠋ᠠᠳᠬᠠᠯ᠎ᠳᠤ ᠣᠷᠣᠭᠰᠠᠨ ᠭᠡᠷᠡᠴᠢ ᠵᠢ ᠳᠠᠷᠤᠮᠠᠯᠯᠠᠬᠤ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠥ ᠵᠢ ᠭᠤᠶᠤᠴᠢᠯᠠᠨ ᠠᠪᠬᠤ᠂ ᠲᠤᠰᠬᠠᠢ ᠮᠡᠷᠭᠡᠵᠢᠯ᠎ᠤᠨ ᠮᠡᠷᠭᠡᠵᠢᠯ᠎ᠤᠨ ᠴᠣᠯᠠ ᠵᠢ ᠪᠠᠶ᠋ᠢᠴᠠᠭ᠋ᠠᠨ ᠠᠰᠠᠭᠤᠬᠤ᠂ ᠨᠡᠶ᠋ᠢᠭᠡᠮ᠎ᠤᠨ ᠪᠠᠳᠤᠯᠠᠭ᠎ᠠ ᠵᠢᠨ ᠺᠠᠷᠲ᠎ᠤᠨ ᠲᠤᠬᠠᠶ᠋ᠢᠯᠠᠭᠰᠠᠨ ᠠᠵᠢᠯ ᠵᠡᠷᠭᠡ ᠣᠯᠠᠨ ᠲᠦᠮᠡᠨ᠎ᠤ ᠠᠩᠬᠠᠷᠤᠯ ᠲᠠᠯᠪᠢᠵᠤ ᠪᠠᠶ᠋ᠢᠭ᠎ᠠ 72 ᠵᠦᠢ᠍ᠯ᠎ᠤᠨ ᠦᠢ᠍ᠯᠡᠴᠢᠯᠡᠭᠡ ᠵᠢ ᠬᠠᠩᠭ᠋ᠠᠨ᠎ᠠ᠃ 6 ᠰᠠᠷ᠎ᠠ ᠵᠢᠨ ᠰᠡᠭᠦᠯᠴᠢ ᠪᠣᠯᠲᠠᠯ᠎ᠠ᠂ 《ᠥᠪᠥᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠳᠤᠯᠠᠭ᠎ᠠ ᠵᠢᠨ APP ᠬᠡᠷᠡᠭᠯᠡᠭᠴᠢ ᠨᠢᠭᠡᠨᠳᠡ 214.8 ᠲᠦᠮᠡ᠎ᠳᠤ ᠬᠦᠷᠴᠦ᠂ ᠡᠳᠦᠷ ᠪᠦᠷᠢ 8.5 ᠲᠦᠮᠡᠨ ᠬᠦᠮᠦᠨ ᠢᠳᠡᠪᠬᠢᠳᠡᠢ ᠠᠰᠢᠭᠯᠠᠵᠦ᠂ ᠡᠳᠦᠷ ᠪᠦᠷᠢ 18.3 ᠲᠦᠮᠡᠨ ᠤᠳᠠᠭ᠎ᠠ ᠳᠠᠩᠰᠠᠯᠠᠵᠤ᠂ ᠵᠥᠪᠬᠡᠨ ᠨᠠᠰᠤᠵᠢᠯ᠎ᠤᠨ ᠬᠠᠷᠠᠭ᠋ᠠᠯᠵᠠᠯᠠᠯ᠎ᠤᠨ ᠬᠢᠷᠢ ᠭᠡᠮ᠎ᠤᠨ ᠭᠡᠷᠡᠴᠢᠯᠡᠭᠡ᠎ᠨᠢ 1064.7 ᠲᠦᠮᠡᠨ ᠤᠳᠠᠭ᠎ᠠ᠎ᠳᠤ ᠬᠦᠷᠦᠭᠰᠡᠨ ᠪᠠᠶ᠋ᠢᠨ᠎ᠠ᠃
ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠵᠢ ᠰᠦᠯᠵᠢᠶᠡᠨ ᠲᠡᠭᠡᠷ᠎ᠡ ᠬᠦᠢ᠍ᠴᠡᠳᠭᠡᠬᠦ ᠵᠢ ᠢᠳᠡᠪᠬᠢᠲᠡᠢ ᠠᠬᠢᠭᠤᠯᠵᠤ᠂ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠮᠡᠳᠡᠭᠡ ᠵᠠᠩᠭᠢ ᠵᠢ ᠬᠠᠮᠳᠤ ᠡᠳ᠋ᠯᠡᠬᠦ ᠲᠠᠪᠴᠠᠩ᠎ᠢ ᠪᠠᠶ᠋ᠢᠭᠤᠯᠵᠤ᠂ ᠠᠵᠤ ᠠᠬᠤᠶ᠋ᠢᠯᠠᠯ ᠪᠣᠯᠤᠨ ᠣᠯᠠᠨ ᠲᠦᠮᠡᠨ 《ᠥᠪᠥᠷ ᠮᠣᠩᠭᠣᠯ᠎ᠤᠨ ᠭᠠᠶ᠋ᠢᠯᠢ ᠵᠢᠨ ᠶᠠᠪᠤᠳᠠᠯ》᠎ᠤᠨ APP ᠂ 《ᠥᠪᠥᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠭᠢᠮ》᠎ᠤᠨ APP ᠵᠡᠷᠭᠡ ᠠᠷᠭ᠎ᠠ ᠵᠠᠮ ᠵᠶ᠋ᠠᠷ ᠰᠦᠢ᠍ᠳᠬᠡᠯ ᠲᠤᠰᠢᠶᠠᠵᠤ ᠪᠣᠯᠤᠨ᠎ᠠ᠂ 1 — 6 ᠰᠠᠷ᠎ᠠ ᠵᠢᠨ ᠰᠦᠢ᠍ᠳᠬᠡᠯ ᠲᠤᠰᠢᠶᠠᠭᠰᠠᠨ ᠲᠣᠭ᠎ᠠ ᠪᠠᠷᠢᠮᠳᠠ᠎ᠠᠴᠠ ᠦᠵᠡᠪᠡᠯ᠂ ᠰᠦᠯᠵᠢᠶᠡᠨ ᠳᠡᠭᠡᠷ᠎ᠡ ᠰᠦᠢ᠍ᠳᠬᠡᠯ ᠲᠤᠰᠢᠶᠠᠭᠰᠠᠨ ᠬᠠᠷᠢᠴᠠᠯ 80%᠎ᠠᠴᠠ ᠳᠡᠭᠡᠭᠰᠢ᠎ᠳᠤ ᠬᠦᠷᠴᠦ᠂ ᠠᠵᠤ ᠠᠬᠤᠶ᠋ᠢᠯᠠᠯ᠂ ᠣᠯᠠᠨ ᠲᠦᠮᠡᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠰᠦᠢ᠍ᠳᠬᠡᠯ ᠲᠤᠰᠢᠶᠠᠬᠤ᠎ᠳᠤ ᠲᠤᠶ᠋ᠢᠯ᠎ᠤᠨ ᠳᠥᠭᠥᠮ ᠦᠵᠡᠭᠦᠯᠪᠡ᠃ ᠡᠭᠦᠨ᠎ᠤ ᠬᠠᠮᠲᠤ᠂ 《ᠡᠮᠦᠨ᠎ᠡ ᠲᠠᠪᠴᠠᠩ᠎ᠤᠨ ᠶᠡᠷᠦᠩᠬᠡᠶ᠋ᠢᠯᠡᠨ ᠬᠦᠯᠢᠶᠡᠨ ᠠᠪᠴᠤ ᠰᠢᠢ᠍ᠳᠪᠦᠷᠢᠯᠡᠬᠦ᠂ ᠠᠷᠤ ᠲᠠᠪᠴᠠᠩ᠎ᠤᠨ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶ᠋ᠢᠯᠡᠭᠰᠡᠨ ᠴᠣᠩᠬᠣ᠎ᠪᠠᠷ ᠭᠠᠷᠭ᠋ᠠᠬᠤ》 ᠦᠢ᠍ᠯᠡᠴᠢᠯᠡᠭᠡᠨ᠎ᠤ ᠵᠠᠭᠪᠤᠷ᠎ᠢ ᠢᠳᠡᠪᠬᠢᠲᠡᠢ ᠬᠡᠷᠡᠭᠵᠢᠭᠦᠯᠵᠦ᠂ 6 ᠰᠠᠷ᠎ᠠ ᠵᠢᠨ 1᠎ᠤ ᠡᠳᠦᠷ᠂ ᠪᠦᠬᠦ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠳᠤᠯᠠᠭ᠎ᠠ ᠵᠢᠨ ᠰᠢᠰᠲ᠋ᠧᠮ᠎ᠤᠨ ᠶᠡᠷᠦᠩᠬᠡᠶ᠋ᠢᠯᠡᠭᠰᠡᠨ ᠲᠠᠪᠴᠠᠩ᠎ᠤᠨ 《ᠨᠢᠭᠡ ᠴᠤᠩᠬᠤᠪᠴᠢ᠎ᠪᠠᠷ ᠭᠦᠢ᠍ᠴᠡᠳᠬᠡᠬᠦ》 ᠶᠡᠷᠦᠩᠬᠡᠶ᠋ᠢᠯᠡᠭᠰᠡᠨ ᠲᠠᠪᠴᠠᠩ ᠦᠬᠠᠢ ᠬᠣᠲᠠ᠎ᠳᠤ ᠰᠦᠯᠵᠢᠶᠡᠨ ᠲᠡᠭᠡᠷ᠎ᠡ ᠠᠵᠢᠯᠯᠠᠬᠤ ᠪᠤᠯᠵᠠᠢ᠃
ᠡᠭᠦᠨ᠎ᠤ ᠬᠠᠮᠲᠤ᠂ ᠪᠢᠳᠡ ᠪᠠᠰᠠ ᠲᠥᠪ᠎ᠤᠨ ᠲᠣᠭᠣᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠥᠭᠡᠷᠡᠴᠢᠯᠡᠬᠦ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ᠎ᠲᠠᠢ ᠪᠦᠲᠦᠮᠵᠢᠲᠡᠢ ᠵᠣᠯᠭ᠋ᠠᠭᠤᠯᠬᠤ ᠵᠡᠷᠭᠡ ᠠᠵᠢᠯ᠎ᠢ ᠢᠳᠡᠪᠬᠢᠲᠡᠢ ᠰᠠᠶ᠋ᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠲᠣᠭᠲᠠᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠰᠢᠰᠲ᠋ᠧᠮ᠎ᠤᠨ ᠠᠵᠢᠯ ᠲᠥᠷᠥᠯ᠎ᠤᠨ ᠰᠤᠷᠲᠠᠯ᠎ᠢ ᠦᠷᠭᠦᠯᠵᠢᠯᠡᠨ ᠰᠢᠯᠢᠳᠡᠭᠵᠢᠬᠦᠯᠬᠦ ᠬᠡᠷᠡᠭᠳᠡᠢ᠃ᠳᠠᠷᠠᠭ᠋ᠠᠴᠢ ᠵᠢᠨ ᠠᠯᠬᠤᠮ᠎ᠳᠤ᠂ ᠪᠢᠳᠡ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠭᠦᠨᠵᠡᠭᠡᠢ ᠲᠤᠤᠱᠯᠠᠭᠤᠯᠵᠤ᠂ ᠰᠢᠷᠭ᠋ᠠᠭᠤ ᠠᠵᠢᠯᠯᠠᠵᠤ᠂ ᠪᠣᠳᠠᠲᠠᠢ ᠵᠢ ᠡᠷᠬᠢᠮᠯᠡᠨ ᠰᠢᠨ᠎ᠡ ᠵᠢ ᠡᠭᠦᠳᠴᠦ᠂ ᠪᠥᠬᠥ ᠵᠢᠯ᠎ᠤᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠵᠦ᠂ ᠣᠯᠠᠨ ᠲᠦᠮᠡᠨ ᠰᠠᠨᠠᠭ᠎ᠠ ᠠᠮᠤᠷ᠂ ᠴᠢᠳᠠᠪᠤᠷᠢᠳᠠᠨ᠎ᠨᠢ ᠲᠠᠭ᠋ᠠᠯᠠᠮᠵᠢᠳᠠᠢ᠂ ᠨᠡᠶ᠋ᠢᠭᠡᠮ᠎ᠨᠢ ᠠᠮᠤᠷ ᠲᠤᠭᠳᠠᠭᠤᠨ᠂ ᠺᠠᠳ᠋ᠷ᠎ᠨᠢ ᠴᠢᠷᠮᠠᠢ᠌ᠯᠳᠠ᠎ᠲᠠᠢ᠂ ᠦᠢ᠍ᠯᠡᠴᠢᠯᠡᠭᠡᠨ᠎ᠢ ᠬᠠᠨᠤᠮᠵᠢᠳᠠᠢ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠳᠤᠯᠠᠭ᠎ᠠ ᠵᠢᠨ ᠲᠢᠩᠭᠢᠮᠢ ᠪᠥᠬᠥ ᠬᠦᠴᠦᠨ ᠵᠶ᠋ᠡᠷ ᠵᠶ᠋ᠡᠨ ᠪᠠᠶ᠋ᠢᠭᠤᠯᠵᠤ᠂ 《ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠵᠤ᠂ ᠠᠭᠤᠤ ᠶᠡᠬᠡ ᠳᠤᠮᠳᠠᠳᠤ ᠵᠢᠨ ᠬᠦᠰᠡᠯᠡᠩ ᠵᠶ᠋ᠠᠨ ᠬᠠᠮᠲᠤ᠎ᠪᠠᠷ ᠲᠡᠷᠭᠡᠯᠰᠢᠭᠦᠯᠬᠦ》᠎ᠳᠤ ᠰᠢᠨ᠎ᠡ ᠬᠤᠪᠢ ᠨᠡᠮᠡᠷᠢ ᠦᠵᠡᠭᠦᠯᠦᠶ᠎ᠡ!
