ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠨᠡᠶ᠋ᠢᠲᠡᠯᠡᠭᠰᠡᠨ ᠴᠠᠭ᠄ 2021-12-02

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ


内蒙古自治区“十四五”人力资源和社会保障事业发展规划新闻发布会答记者问-1.jpg

   

    ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ᠄ ᠠᠵᠢᠯ ᠣᠯᠭᠣᠯᠲᠠ᠎ᠨᠢ ᠠᠷᠠᠳ᠎ᠤᠨ ᠠᠮᠢᠳᠤᠷᠠᠯ᠎ᠤᠨ ᠬᠠᠮᠤᠭ᠎ᠤᠨ ᠶᠡᠬᠡ ᠢᠨᠵᠧᠨᠧᠷᠢᠩ ᠪᠣᠯᠤᠭᠰᠠᠨ᠎ᠤ ᠬᠤᠪᠢ᠎ᠳᠤ ᠨᠡᠶ᠋ᠢᠭᠡᠮ᠎ᠤᠨ ᠡᠯ᠎ᠡ ᠡᠳᠡᠭᠡᠳ᠎ᠤᠨ  ᠠᠩᠬᠠᠷᠤᠯ ᠎ᠳᠤ ᠬᠦᠷᠴᠠᠢ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ  ᠵᠢᠨ   ᠬᠣᠭᠣᠴᠠᠭ᠋ᠠᠨ᠎ᠳᠤ ᠠᠵᠢᠯ  ᠣᠯᠭᠣᠯᠳᠠ ᠵᠢᠨ ᠬᠠᠷᠠᠯᠲᠠ ᠡᠭᠦᠷᠭᠡ᠎ᠨᠢ ᠶᠠᠭᠤ ᠪᠣᠢ ? ᠠᠵᠢᠯ  ᠣᠯᠭᠣᠯᠳᠠ ᠵᠢᠨ ᠠᠵᠢᠯ᠎ᠢ ᠰᠠᠶ᠋ᠢᠲᠤᠷ ᠬᠢᠬᠦ ᠎ᠳᠤ ᠶᠠᠮᠠᠷ ᠶᠠᠮᠠᠷ ᠠᠷᠭ᠎ᠠ ᠬᠡᠮᠵᠢᠶ᠎ᠡ  ᠠᠪᠬᠣ ᠬᠡᠵᠦ ᠪᠠᠢ᠌ᠬᠣ ᠪᠣᠢ?


内蒙古自治区“十四五”人力资源和社会保障事业发展规划新闻发布会答记者问-2.jpg

     ᠬᠠᠷᠢᠭᠣᠯᠬᠣ᠎ᠨᠢ (  ᠠᠵᠢᠯ ᠣᠯᠭᠣᠯᠳᠠ ᠵᠢ ᠠᠬᠢᠭᠣᠯᠬᠣ ᠭᠠᠵᠠᠷ᠎ᠤᠨ ᠲᠠᠷᠣᠭ᠎ᠠ ᠹᠦ᠋ ᠯᠢᠩ ᠲᠣᠥ)᠄ ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠬᠠᠮᠤᠭ᠎ᠤᠨ ᠶᠡᠬᠡ ᠪᠠᠲᠤᠯᠠᠭ᠎ᠠ᠂  ᠮᠦᠨᠴᠦ ᠠᠵᠤ ᠠᠬᠤᠢ ᠵᠢᠨ ᠬᠥᠭᠵᠢᠯᠲᠡ ᠵᠢᠨ ᠬᠠᠮᠤᠭ᠎ᠤᠨ ᠦᠨᠳᠦᠰᠦᠨ ᠲᠤᠯᠭ᠋ᠠᠭᠤᠷᠢ᠂ ᠠᠵᠢᠯ ᠣᠯᠭᠣᠯᠲᠠ ᠵᠢ ᠰᠠᠶ᠋ᠢᠲᠤᠷ ᠬᠢᠬᠦ ᠪᠣᠯ 《ᠵᠢᠷᠭᠤᠭ᠎ᠠ ᠵᠢ ᠲᠣᠭᠲᠠᠭᠤᠨ ᠪᠠᠶ᠋ᠢᠯᠭ᠋ᠠᠬᠤ》 《ᠵᠢᠷᠭᠣᠭ᠎ᠠ ᠵᠢ ᠪᠠᠳᠣᠯᠠᠬᠤ》 ᠵᠢ ᠪᠡᠶᠡᠯᠡᠭᠦᠯᠬᠦ ᠵᠢᠨ ᠵᠠᠩᠭᠢᠯᠠᠭ᠎ᠠ ᠪᠣᠯᠤᠨ᠎ᠠ᠃

    《ᠠᠷᠪᠠᠨ  ᠭᠣᠷᠪᠠᠳᠣᠭ᠋ᠠᠷ ᠲᠠᠪᠤᠨ ᠵᠢᠯ》 ᠎ᠤᠨ ᠲᠥᠯᠥᠪᠵᠢᠭᠦᠯᠭᠡ  ᠵᠢᠨ  ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠠᠵᠢᠯ ᠣᠯᠭᠣᠯᠲᠠ ᠵᠢ ᠤᠯᠤᠰ ᠲᠥᠷᠥ ᠵᠢᠨ ᠴᠢᠬᠣᠯᠠ ᠡᠭᠦᠷᠭᠡ ᠪᠣᠯᠭ᠋ᠠᠨ᠂ ᠪᠣᠭᠣᠮᠲᠠ ᠰᠢᠪᠲᠤᠯᠤᠨ ᠬᠦᠴᠢᠷ᠎ᠢ ᠳᠠᠪᠠᠵᠤ᠂ ᠢᠳᠡᠪᠬᠢᠲᠡᠢ  ᠦᠷ᠎ᠠ ᠪᠦᠳᠦᠮᠵᠢ ᠣᠯᠵᠦ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ ᠵᠢᠨ ᠬᠣᠭᠣᠴᠠᠭ᠋ᠠᠨ᠎ᠤ ᠠᠵᠢᠯ ᠣᠯᠭᠣᠯᠳᠠ ᠵᠢᠨ ᠠᠵᠢᠯ᠎ᠳᠠᠭᠠᠨ ᠪᠠᠲᠤ ᠪᠡᠬᠢ ᠰᠠᠭᠤᠷᠢ ᠲᠠᠯᠪᠢᠵᠠᠢ᠃《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ “ ᠠᠷᠪᠠᠨ ᠳᠥᠷᠪᠡᠳᠦᠭᠡᠷ ᠲᠠᠪᠤᠨ ᠵᠢᠯ ”᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》᠎ᠳᠡᠭᠡᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠣᠭᠣᠴᠠᠭ᠋ᠠᠨ᠎ᠳᠤ᠂ ᠮᠠᠨ᠎ᠤ ᠣᠷᠣᠨ᠎ᠤ ᠠᠵᠢᠯ  ᠣᠯᠭᠣᠯᠳᠠ ᠵᠢᠨ ᠬᠠᠷᠠᠯᠲᠠ ᠪᠣᠯ ᠨᠡᠩ  ᠬᠠᠩᠭ᠋ᠠᠯᠳᠠᠢ  ᠨᠠᠩ ᠴᠢᠨᠠᠷᠯᠢᠭ ᠠᠵᠢᠯ ᠣᠯᠭᠣᠯᠳᠠ ᠵᠢ ᠪᠡᠶᠡᠯᠡᠬᠦᠯᠦᠨ᠎ᠡ ᠬᠡᠵᠦ ᠲᠣᠳᠣᠷᠬᠠᠢ ᠲᠣᠷᠠᠳᠴᠠᠢ᠃ ᠡᠭᠦᠨ᠎ᠳᠤ ᠠᠵᠢᠯ ᠣᠯᠭᠣᠯᠳᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠴᠢᠩᠭ᠋ᠠᠷᠠᠭᠤᠯᠵᠤ᠂ ᠠᠵᠢᠯ ᠣᠯᠭᠣᠯᠳᠠ ᠵᠢ ᠠᠬᠢᠭᠤᠯᠬᠤ ᠲᠣᠭᠲᠠᠴᠠ ᠵᠢ ᠨᠡᠩ ᠲᠡᠭᠦᠯᠳᠡᠷᠵᠢᠭᠦᠯᠵᠦ᠂  ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠬᠦ ᠲᠠᠯ᠎ᠠ ᠎ᠪᠠᠷ ᠲᠠᠰᠤᠷᠠᠯᠲᠠ ᠤᠶ᠋ᠢᠭᠡᠢ ᠪᠦᠷᠢᠨᠰᠢᠭᠦᠯᠵᠦ᠂ ᠬᠥᠳᠡᠯᠮᠦᠷᠢᠯᠡᠭᠴᠢᠳ᠎ᠤᠨ ᠠᠵᠢᠯ ᠣᠯᠬᠣ ᠣᠷ᠎ᠠ ᠴᠢᠳᠠᠪᠤᠷᠢ ᠵᠢ ᠲᠣᠭᠲᠠᠭᠤᠨ ᠵᠶ᠋ᠠᠷ ᠳᠡᠭᠡᠭᠰᠢᠯᠡᠭᠦᠯᠦᠨ᠂ ᠠᠵᠢᠯ  ᠣᠯᠭᠣᠯᠳᠠ ᠵᠢᠨ ᠪᠠᠭᠲᠠᠭ᠋ᠠᠮᠵᠢ ᠵᠢ ᠲᠠᠰᠤᠷᠠᠯᠲᠠ ᠤᠶ᠋ᠢᠭᠡᠢ ᠥᠷᠭᠡᠳᠬᠡᠵᠦ᠂ ᠠᠵᠢᠯ  ᠣᠯᠭᠣᠯᠳᠠ ᠵᠢᠨ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠣᠯᠭᠣᠯᠳᠠ ᠵᠢᠨ ᠶᠠᠰᠤ ᠴᠢᠨᠠᠷ᠎ᠢ ᠲᠣᠭᠲᠠᠭᠤᠨ ᠵᠶ᠋ᠠᠷ  ᠲᠡᠭᠡᠭᠰᠢᠯᠡᠬᠦᠯᠦᠨ᠂ ᠠᠵᠢᠯ  ᠣᠯᠭᠣᠯᠳᠠ ᠵᠢᠨ ᠪᠠᠶ᠋ᠢᠳᠠᠯ᠎ᠢ ᠶᠡᠷᠦᠩᠬᠡᠢ᠎ᠳᠤ᠎ᠨᠢ ᠲᠣᠭᠲᠠᠭᠤᠨ ᠪᠠᠶ᠋ᠢᠯᠭ᠋ᠠᠨ᠎ᠠ᠃ ᠡᠳᠡᠭᠡᠷ ᠡᠭᠦᠷᠭᠡ ᠵᠢ ᠪᠡᠶᠡᠯᠡᠭᠦᠯᠬᠦ ᠵᠢᠨ ᠲᠥᠯᠥᠭᠡ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠠᠨᠳᠤᠰᠢ ᠵᠢ ᠦᠨᠳᠦᠰᠦᠯᠡᠨ᠂ ᠰᠢᠨᠵᠢᠯᠡᠬᠦ ᠤᠬᠠᠭ᠋ᠠᠨᠴᠢ᠎ᠪᠠᠷ  ᠲᠦᠰᠦᠭᠡᠯᠡᠨ ᠪᠣᠳᠣᠯᠳᠠ  ᠬᠢᠵᠦ᠂ ᠠᠷᠪᠠᠨ ᠵᠦᠢ᠍ᠯ᠎ᠤᠨ ᠭᠦᠢ᠍ᠴᠡᠳᠬᠡᠯ ᠲᠣᠭ᠎ᠠ ᠎ᠪᠠᠷ《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠬᠠᠷᠠᠯᠲᠠ ᠪᠣᠯᠭ᠋ᠠᠪᠠ᠄ 2025 ᠣᠨ ᠪᠣᠯᠬᠤ᠎ᠳᠤ᠂ ᠬᠣᠲᠠ ᠪᠠᠯᠭ᠋ᠠᠰᠤᠨ᠎ᠤ ᠠᠵᠢᠯ ᠣᠯᠭᠣᠯᠲᠠ᠎ᠳᠤ 100 ᠲᠦᠮᠡᠨ ᠬᠥᠮᠦᠨ ᠰᠢᠨ᠎ᠡ᠎ᠪᠠᠷ ᠨᠡᠮᠡᠭᠳᠡᠭᠦᠯᠬᠦ᠎ᠪᠠᠷ ᠵᠢᠱ᠌ᠢᠵᠦ ᠪᠣᠢ; ᠭᠣᠣᠯᠳᠠᠯᠭ᠎ᠠ᠎ᠲᠠᠢ ᠬᠥᠮᠦᠰ᠎ᠤᠨ ᠠᠵᠢᠯ ᠣᠯᠭᠣᠯᠲᠠ ᠵᠢᠨ ᠲᠠᠯ᠎ᠠ᠎ᠪᠠᠷ᠂ ᠳᠡᠭᠡᠳᠦ ᠰᠤᠷᠭ᠋ᠠᠭᠤᠯᠢ ᠲᠡᠭᠦᠰᠦᠭᠰᠡᠨ 65 ᠲᠦᠮᠡᠨ ᠬᠥᠮᠦᠨ᠎ᠳᠤ ᠠᠵᠢᠯ ᠣᠯᠭᠣᠵᠤ᠂ ᠬᠣᠲᠠ ᠪᠠᠯᠭ᠋ᠠᠰᠤᠨ᠎ᠤ ᠠᠵᠢᠯ ᠠᠯᠳᠠᠭᠰᠠᠨ 25 ᠲᠦᠮᠡᠨ ᠬᠥᠮᠦᠨ᠎ᠳᠤ ᠳᠠᠬᠢᠨ ᠠᠵᠢᠯ ᠣᠯᠭᠣᠵᠤ᠂ ᠠᠵᠢᠯ ᠣᠯᠬᠤ᠎ᠳᠤ ᠬᠦᠴᠢᠷᠲᠡᠢ 25 ᠲᠦᠮᠡᠨ ᠬᠥᠮᠦᠨ᠎ᠳᠤ ᠠᠵᠢᠯ ᠣᠯᠭᠣᠵᠤ᠂ 1200 ᠲᠦᠮᠡᠨ ᠮᠠᠯᠴᠢᠨ ᠲᠠᠷᠢᠶᠠᠴᠢᠨ᠎ᠢ ᠰᠢᠯᠵᠢᠭᠦᠯᠦᠨ ᠠᠵᠢᠯ ᠣᠯᠭᠣᠵᠤ᠂  6  ᠰᠠᠷ᠎ᠠ  ᠵᠢᠨ ᠲᠣᠳᠣᠷ᠎ᠠ 1000 ᠲᠦᠮᠡᠨ ᠮᠠᠯᠴᠢᠨ ᠲᠠᠷᠢᠶᠠᠴᠢᠨ᠎ᠢ ᠰᠢᠯᠵᠢᠭᠦᠯᠦᠨ ᠠᠵᠢᠯ  ᠣᠯᠭᠣᠨ᠎ᠠ; ᠬᠣᠲᠠ  ᠪᠠᠯᠭ᠋ᠠᠰᠣ ᠵᠢᠨ ᠲᠠᠩᠰᠠᠯᠠᠭᠣᠯᠬᠣ ᠠᠵᠢᠯ ᠠᠯᠳᠠᠯᠲᠠ ᠵᠢᠨ ᠨᠣᠷᠮ᠎ᠠ ᠵᠢ 5% ᠵᠢᠨ ᠳᠣᠲᠣᠷ᠎ᠠ ᠬᠢᠵᠠᠭ᠋ᠠᠷᠯᠠᠵᠤ᠂ ᠬᠣᠲᠠ ᠪᠠᠯᠭ᠋ᠠᠰᠤᠨ᠎ᠤ ᠪᠠᠶ᠋ᠢᠴᠠᠭ᠋ᠠᠭᠰᠠᠨ ᠠᠵᠢᠯ ᠠᠯᠳᠠᠯᠲᠠ ᠵᠢᠨ ᠨᠣᠷᠮ᠎ᠠ ᠵᠢ 6%  ᠲᠣᠳᠣᠷ᠎ᠠ ᠬᠢᠵᠠᠭ᠋ᠠᠷᠯᠠᠨ᠎ᠠ; 125 ᠲᠦᠮᠡᠨ ᠬᠥᠮᠦᠨ᠎ᠳᠤ ᠨᠥᠬᠥᠪᠥᠷᠢ ᠵᠢᠨ ᠴᠢᠨᠠᠷᠲᠠᠢ  ᠠᠵᠢᠯ ᠮᠡᠷᠬᠡᠵᠢᠯ᠎ᠤᠨ  ᠪᠣᠯᠪᠠᠰᠣᠷᠠᠯ ᠬᠦᠷᠳᠡᠬᠡᠵᠦ᠂ 35 ᠲᠦᠮᠡᠨ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ  ᠠᠵᠢᠯ ᠮᠡᠷᠭᠡᠵᠢᠯ᠎ᠤᠨ  ᠪᠣᠯᠪᠠᠰᠣᠷᠠᠯ᠎ᠳᠤ ᠣᠷᠣᠯᠴᠠᠭᠣᠯᠣᠨ᠎ᠠ᠃ ᠳᠡᠭᠡᠷᠡᠬᠢ ᠬᠠᠷᠠᠯᠲᠠ ᠵᠢᠨ ᠲᠣᠭᠣᠷᠢᠨ᠎ᠳᠤ᠂ ᠳᠣᠣᠷᠠᠬᠢ ᠳᠣᠯᠣᠭ᠋ᠠᠨ  ᠲᠠᠯ᠎ᠠ᠎ᠪᠠᠷ ᠠᠵᠢᠯ ᠣᠯᠭᠣᠯᠳᠠ ᠵᠢᠨ ᠠᠵᠢᠯ ᠵᠶ᠋ᠠᠨ ᠠᠬᠢᠭᠣᠯᠣᠨ᠎ᠠ᠃
     ᠨᠢᠭᠡ᠎ᠳᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠴᠢᠩᠭ᠋ᠠᠷᠠᠭᠤᠯᠵᠤ᠂ ᠠᠵᠤ ᠠᠬᠤᠢ ᠨᠡᠶ᠋ᠢᠭᠡᠮ᠎ᠤᠨ ᠲᠥᠷᠥ ᠵᠢᠨ ᠪᠣᠳᠣᠯᠭ᠎ᠠ ᠪᠣᠯᠤᠨ ᠠᠵᠢᠯ ᠣᠯᠭᠣᠯᠲᠠ ᠵᠢᠨ ᠲᠥᠷᠥ ᠵᠢᠨ ᠪᠣᠳᠣᠯᠭ᠎ᠠ ᠵᠢᠨ ᠬᠠᠮᠵᠢᠯᠴᠠᠭ᠎ᠠ ᠪᠠ ᠨᠠᠶ᠋ᠢᠳᠠᠪᠤᠷᠢᠵᠢᠭᠤᠯᠤᠯᠲᠠ ᠵᠢ ᠠᠬᠢᠭᠤᠯᠤᠨ᠎ᠠ᠃ 
    ᠬᠣᠶᠠᠷ᠎ᠲᠤ᠂ ᠬᠥᠳᠡᠯᠮᠦᠷᠢᠴᠢᠳ᠎ᠤᠨ ᠠᠵᠢᠯ ᠣᠯᠬᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠬᠥᠮᠦᠨ᠎ᠤ ᠬᠦᠴᠦᠨ᠎ᠤ ᠬᠥᠷᠥᠩᠭᠡ ᠵᠢᠨ ᠳᠡᠰ ᠲᠠᠪᠰᠢᠯᠲᠠ ᠪᠠ ᠠᠵᠤ ᠦᠢ᠍ᠯᠡᠰ᠎ᠤᠨ ᠬᠡᠯᠪᠡᠷᠢ ᠵᠢᠨ ᠳᠡᠰ ᠲᠠᠪᠰᠢᠯᠲᠠ ᠵᠢᠨ ᠡᠷᠡᠬᠦᠯ ᠶᠠᠪᠤᠯᠴᠠᠭ᠎ᠠ ᠵᠢ ᠠᠬᠢᠭᠤᠯᠤᠨ᠎ᠠ᠃

    ᠭᠤᠷᠪᠠ᠎ᠳᠤ᠂ ᠣᠯᠠᠨ ᠨᠡᠶ᠋ᠢᠲᠡ ᠵᠢᠨ ᠠᠵᠢᠯ ᠣᠯᠵᠤ ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠰᠢᠰᠲᠸᠮ᠎ᠢ ᠪᠦᠷᠢᠨᠰᠢᠭᠦᠯᠵᠦ᠂ ᠵᠠᠬ᠎ᠠ ᠲᠡᠯᠭᠡᠬᠦᠷ ᠵᠶ᠋ᠠᠷ ᠡᠬᠢ ᠪᠠᠶᠠᠯᠢᠭ᠎ᠢ ᠲᠣᠬᠢᠷᠠᠭᠤᠯᠬᠤ ᠪᠦᠲᠦᠮᠵᠢ ᠵᠢ ᠳᠡᠭᠡᠭᠰᠢᠯᠡᠭᠦᠯᠦᠨ᠎ᠡ᠃
    ᠳᠥᠷᠪᠡ᠎ᠳᠤ᠂ ᠭᠣᠣᠯᠳᠠᠯᠭ᠎ᠠ᠎ᠲᠠᠢ ᠬᠥᠮᠦᠰ᠎ᠤᠨ ᠠᠵᠢᠯ ᠣᠯᠭᠣᠯᠲᠠ ᠵᠢ ᠠᠬᠢᠭᠤᠯᠵᠤ᠂ ᠠᠷᠠᠳ᠎ᠤᠨ ᠠᠮᠢᠳᠤᠷᠠᠯ᠎ᠢ  ᠪᠠᠳᠣᠯᠠᠨ᠎ᠠ᠃ 
    ᠲᠠᠪᠤ᠎ᠳᠤ᠂  ᠲᠥᠷᠥ ᠵᠢᠨ ᠪᠣᠳᠣᠯᠭ᠎ᠠ᠎ᠪᠠᠷ ᠲᠡᠳᠬᠦᠬᠦ ᠡᠷᠴᠢᠮ ᠵᠶ᠋ᠡᠨ ᠨᠡᠮᠡᠭᠳᠡᠭᠦᠯᠦᠨ᠂ ᠦᠢ᠍ᠯᠡᠰ ᠪᠣᠰᠬᠠᠬᠤ᠎ᠪᠠᠷ ᠠᠵᠢᠯ ᠣᠯᠭᠣᠯᠲᠠ ᠵᠢ ᠲᠠᠢ᠌ᠴᠢᠯᠠᠨ᠎ᠠ᠃ 
     ᠵᠢᠷᠭᠤᠭ᠎ᠠ᠎ᠳᠤ᠂  ᠰᠢᠨ᠎ᠡ ᠠᠵᠢᠯ ᠣᠯᠭᠣᠬᠤ ᠬᠡᠯᠪᠡᠷᠢ ᠪᠠᠶ᠋ᠢᠳᠠᠯ᠎ᠢ ᠳᠠᠮᠵᠢᠨ ᠵᠢᠷᠤᠮᠵᠢᠭᠤᠯᠵᠤ᠂ ᠣᠯᠠᠨ ᠠᠷᠭ᠎ᠠ ᠵᠠᠮ ᠵᠶ᠋ᠠᠷ ᠠᠮᠢᠳᠤᠯᠢᠭ ᠵᠶ᠋ᠠᠷ ᠠᠵᠢᠯ ᠣᠯᠬᠤ ᠵᠢ ᠵᠣᠷᠢᠭᠵᠢᠭᠤᠯᠤᠨ᠎ᠠ᠃
    ᠳᠣᠯᠣᠭ᠎ᠠ᠎ᠳᠤ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠎ᠲᠤ ᠦᠢ᠍ᠯᠡᠴᠢᠯᠡᠬᠦ ᠠᠵᠢᠯ᠎ᠢ ᠴᠢᠩᠭ᠋ᠠᠳᠬᠠᠵᠤ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ  ᠬᠠᠮᠠᠭ᠋ᠠᠯᠠᠨ᠎ᠠ᠃
    ᠡᠭᠦᠨ᠎ᠤ ᠬᠠᠮᠲᠤ᠂ ᠪᠢᠳᠡ ᠲᠥᠷᠥᠯ ᠵᠦᠢ᠍ᠯ ᠵᠶ᠋ᠠᠷ ᠲᠣᠯᠭ᠋ᠠᠭᠣᠷᠢ ᠪᠣᠯᠭ᠋ᠠᠨ ᠭᠣᠣᠯᠳᠠᠯᠭ᠎ᠠ᠎ᠲᠠᠢ ᠠᠵᠢᠯ ᠣᠯᠭᠣᠯᠲᠠ ᠵᠢᠨ ᠠᠵᠢᠯ᠎ᠤᠨ ᠡᠭᠦᠷᠭᠡ ᠵᠢ ᠠᠬᠢᠭᠣᠯᠣᠨ᠎ᠠ᠃ ᠠᠵᠢᠯ ᠣᠯᠭᠣᠯᠳᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ᠂ ᠭᠡᠷ᠎ᠤᠨ ᠠᠳᠠᠯ ᠶᠠᠪᠤᠳᠠᠯ᠎ᠤᠨ ᠦᠢ᠍ᠯᠡᠴᠢᠯᠡᠭᠡᠨ᠎ᠤ ᠮᠡᠷᠭᠡᠵᠢᠯ᠎ᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠠᠶ᠋ᠢᠭᠤᠯᠤᠯᠲᠠ᠂ ᠮᠡᠷᠭᠡᠵᠢᠯ ᠴᠢᠳᠠᠪᠣᠷᠢ ᠵᠢᠨ ᠳᠠᠳᠤᠯᠭ᠎ᠠ ᠵᠢᠨ ᠰᠠᠭᠤᠷᠢᠨ ᠭᠠᠵᠠᠷ᠎ᠤᠨ ᠪᠠᠶ᠋ᠢᠭᠤᠯᠤᠯᠲᠠ᠂ ᠨᠡᠶ᠋ᠢᠲᠡ ᠵᠢᠨ ᠪᠣᠯᠪᠠᠰᠤᠷᠠᠯ ᠬᠦᠷᠲᠡᠭᠡᠬᠦ ᠰᠠᠭᠤᠷᠢᠨ ᠭᠠᠵᠠᠷ᠎ᠤᠨ ᠪᠠᠶ᠋ᠢᠭᠤᠯᠤᠯᠲᠠ ᠵᠡᠷᠭᠡ 3 ᠲᠥᠷᠥᠯ ᠵᠦᠢ᠍ᠯ᠎ᠢ ᠬᠡᠷᠡᠭᠵᠢᠭᠦᠯᠦᠨ᠎ᠡ᠃ ᠠᠵᠢᠯ ᠣᠯᠭᠣᠯᠳᠠ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠲᠠᠯ᠎ᠠ᠎ᠪᠠᠷ᠂ ᠠᠵᠢᠯ  ᠣᠯᠭᠣᠯᠳᠠ ᠵᠢᠨ ᠰᠤᠷᠠᠭ  ᠵᠠᠩᠬᠢ ᠵᠢᠨ ᠦᠢ᠍ᠯᠡᠴᠢᠯᠡᠬᠡ ᠵᠢᠨ ᠲᠠᠪᠰᠢᠯ᠂ ᠠᠵᠢᠯ ᠣᠯᠭᠣᠯᠲᠠ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ᠂ ᠣᠯᠠᠨ ᠨᠡᠶ᠋ᠢᠲᠡ ᠵᠢᠨ ᠠᠵᠢᠯ ᠣᠯᠭᠣᠯᠳᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ᠂ ᠠᠵᠢᠯ ᠣᠯᠭᠣᠬᠤ ᠦᠢ᠍ᠯᠡᠰ ᠪᠣᠰᠬᠠᠬᠰᠠᠨ ᠵᠢᠱ᠌ᠢᠶ᠎ᠡ ᠦᠵᠡᠭᠦᠯᠬᠦ ᠵᠡᠷᠭᠡ 4 ᠲᠥᠷᠥᠯ ᠵᠦᠢ᠍ᠯ᠎ᠢ ᠬᠡᠷᠡᠭᠵᠢᠭᠦᠯᠦᠨ᠎ᠡ; ᠭᠣᠣᠯᠳᠠᠯᠭ᠎ᠠ᠎ᠲᠠᠢ ᠬᠥᠮᠦᠰ᠎ᠲᠤ ᠠᠵᠢᠯ ᠣᠯᠭᠣᠬᠤ ᠲᠠᠯ᠎ᠠ᠎ᠪᠠᠷ᠂  ᠶᠡᠬᠡ ᠲᠡᠭᠡᠳᠣ ᠰᠣᠷᠭ᠋ᠠᠭᠣᠯᠢ ᠲᠡᠭᠦᠰᠦᠭᠰᠡᠨ ᠣᠶᠤᠲᠠᠳ᠎ᠤᠨ ᠠᠵᠢᠯ᠎ᠤᠨ ᠪᠠᠶ᠋ᠢᠷᠢ ᠵᠢ ᠥᠷᠭᠡᠳᠬᠡᠬᠦ᠂ ᠰᠣᠷᠭ᠋ᠠᠭᠣᠯᠢ᠎ᠠᠴᠠ᠎ᠪᠠᠨ ᠰᠠᠯᠣᠭ᠋ᠠᠳ ᠠᠵᠢᠯ ᠣᠯᠣᠭ᠎ᠠ ᠦᠭᠡᠢ ᠶᠡᠬᠡ ᠳᠡᠭᠡᠳᠦ ᠰᠣᠷᠭ᠋ᠠᠭᠣᠯᠢ ᠲᠡᠬᠦᠰᠦᠭᠰᠡᠳ᠎ᠲᠤ ᠦᠨᠡᠨ ᠨᠡᠷ᠎ᠡ ᠵᠢᠨ ᠳᠦᠷᠢᠮ᠎ᠤᠨ ᠦᠢ᠍ᠯᠡᠴᠢᠯᠡᠭᠡ ᠬᠢᠬᠦ᠂ ᠵᠠᠯᠠᠭᠤᠴᠤᠳ᠎ᠤᠨ ᠠᠵᠢᠯ  ᠣᠯᠵᠦ ᠦᠢ᠍ᠯᠡᠰ ᠪᠣᠰᠬᠠᠬᠤ ᠵᠢ ᠠᠬᠢᠭᠤᠯᠬᠤ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠡᠮᠳᠡᠭ ᠵᠶ᠋ᠡᠷ ᠠᠵᠢᠯ ᠣᠯᠭᠣᠯᠲᠠ ᠵᠢ ᠠᠬᠢᠭᠤᠯᠬᠤ 4 ᠲᠥᠷᠥᠯ ᠵᠦᠢ᠍ᠯ᠎ᠢ ᠬᠡᠷᠡᠭᠵᠢᠭᠦᠯᠦᠨ᠎ᠡ ᠃
    ᠦᠢ᠍ᠯᠡᠰ ᠪᠣᠰᠬᠠᠬᠣ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠲᠠᠯ᠎ᠠ᠎ᠪᠠᠷ᠂  ᠦᠢ᠍ᠯᠡᠰ ᠪᠣᠰᠬᠠᠬᠣ ᠬᠦᠷᠢᠶᠡᠯᠡᠩ (ᠦᠢ᠍ᠯᠡᠰ ᠪᠣᠰᠬᠠᠬᠣ ᠰᠠᠭᠤᠷᠢᠨ ᠭᠠᠵᠠᠷ)᠎ᠢ ᠱᠠᠩᠨᠠᠬᠤ᠎ᠪᠠᠷ ᠨᠥᠬᠥᠪᠥᠷᠢᠯᠡᠬᠦ ᠵᠢ ᠣᠷᠣᠯᠠᠭᠤᠯᠬᠤ᠂ ᠦᠢ᠍ᠯᠡᠰ  ᠪᠣᠰᠬᠠᠬᠣ ᠪᠣᠯᠪᠠᠰᠣᠷᠠᠯ  ᠬᠦᠷᠳᠡᠭᠡᠬᠦ ᠪᠠᠭᠰᠢ ᠵᠢᠨ ᠡᠩᠨᠡᠭᠡ ᠵᠢ ᠬᠥᠮᠦᠵᠢᠭᠦᠯᠬᠦ᠂ ᠦᠢ᠍ᠯᠡᠰ  ᠪᠣᠰᠬᠠᠬᠣ ᠵᠢᠯᠣᠭᠣᠳᠤᠭᠴᠢ ᠪᠠᠭᠰᠢ ᠵᠢᠨ ᠨᠦᠬᠡᠴᠡ ᠵᠢᠨ ᠪᠦᠲᠦᠭᠡᠨ ᠪᠠᠶ᠋ᠢᠭᠤᠯᠤᠯᠲᠠ ᠵᠡᠷᠭᠡ 3 ᠲᠥᠷᠥᠯ ᠵᠦᠢ᠍ᠯ᠎ᠢ ᠬᠡᠷᠡᠭᠵᠢᠭᠦᠯᠵᠦ᠂ ᠲᠥᠷᠥᠯ ᠵᠦᠢ᠍ᠯ ᠨᠢᠭᠡᠪᠦᠷᠢ᠎ᠳᠤ ᠬᠠᠷᠠᠯᠲᠠ ᠡᠭᠦᠷᠭᠡ᠂ ᠪᠣᠳᠠᠲᠠᠢ ᠠᠷᠭ᠎ᠠ ᠬᠡᠮᠵᠢᠶ᠎ᠡ ᠪᠣᠯᠤᠨ ᠬᠡᠷᠡᠭᠵᠢᠭᠦᠯᠬᠦ ᠦᠷ᠎ᠡ ᠪᠦᠲᠦᠮᠵᠢ ᠵᠢ  ᠲᠣᠳᠣᠷᠬᠠᠢ᠌ᠯᠠᠪᠠ᠃  ᠬᠠᠷᠠᠯᠳᠠ᠎ᠨᠢ ᠪᠣᠯ ᠲᠠᠷᠣᠢ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ  ᠰᠢᠪᠳᠣᠯᠣᠯᠳᠠ ᠪᠣᠯᠭ᠋ᠠᠨ᠂ ᠠᠵᠢᠯ ᠣᠯᠭᠣᠯᠳᠠ ᠵᠢᠨ ᠬᠠᠷᠠᠯᠲᠠ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠲᠦᠯᠬᠢᠨ ᠠᠬᠢᠭᠤᠯᠵᠤ᠂ ᠪᠦᠬᠦ ᠣᠷᠣᠨ᠎ᠤ ᠠᠵᠢᠯ ᠣᠯᠭᠣᠯᠳᠠ ᠵᠢᠨ ᠪᠠᠶ᠋ᠢᠳᠠᠯ ᠶᠡᠷᠦᠩᠬᠡᠢ᠎ᠳᠡᠭᠡᠨ ᠲᠣᠭᠲᠠᠭᠤᠨ ᠪᠠᠶ᠋ᠢᠬᠤ ᠵᠢ ᠦᠨᠡᠨᠬᠦ  ᠪᠠᠳᠣᠯᠠᠨ᠎ᠠ᠃


内蒙古自治区“十四五”人力资源和社会保障事业发展规划新闻发布会答记者问-3.jpg  

    ᠰᠢᠨᠬᠤᠸᠠ ᠬᠣᠷᠢᠶ᠎ᠠ ᠵᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭᠴᠢ᠄ ᠨᠡᠶ᠋ᠢᠭᠡᠮ᠎ᠤᠨ ᠪᠠᠲᠤᠯᠠᠭ᠎ᠠ ᠪᠣᠯ ᠠᠷᠠᠳ᠎ᠤᠨ ᠠᠮᠢᠳᠤᠷᠠᠯ᠎ᠤᠨ ᠰᠠᠭᠤᠷᠢ ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ  ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ 《ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ》 ᠵᠢ ᠭᠡᠷᠡᠭᠵᠢᠬᠦᠯᠦᠨ᠎ᠡ ᠭᠡᠵᠦ ᠳᠤᠷᠠᠳᠴᠠᠢ᠃ ᠲᠡᠭᠡᠪᠡᠯ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠨᠡᠶ᠋ᠢᠭᠡᠮ᠎ᠤᠨ ᠳᠠᠭ᠋ᠠᠳᠬᠠᠯ᠎ᠤᠨ ᠬᠠᠮᠣᠷᠬᠣ ᠬᠡᠪᠴᠢᠶ᠎ᠡ ᠵᠢ ᠥᠷᠭᠡᠳᠬᠡᠵᠦ᠂ ᠣᠨᠴᠠᠭ᠋ᠠᠶ᠋ᠢᠯᠠᠨ ᠠᠮᠢᠳᠤᠯᠢᠭ ᠵᠶ᠋ᠠᠷ ᠠᠵᠢᠯ ᠣᠯᠤᠭᠰᠠᠨ ᠬᠥᠮᠦᠰ᠂ ᠰᠢᠨ᠎ᠡ  ᠡᠵᠡᠩᠨᠡᠯᠳᠡ ᠵᠢᠨ ᠪᠠᠢ᠌ᠳᠠᠯ᠎ᠳᠤ ᠠᠵᠢᠯ ᠣᠯᠣᠬᠰᠠᠨ ᠬᠥᠮᠦᠰ᠎ᠤᠨ ᠳᠠᠭ᠋ᠠᠳᠬᠠᠯ᠎ᠳᠤ ᠣᠷᠣᠯᠴᠠᠬᠤ ᠵᠢ ᠠᠬᠢᠭᠤᠯᠬᠤ ᠲᠠᠯ᠎ᠠ᠎ᠪᠠᠷ ᠶᠠᠮᠠᠷ ᠠᠷᠭ᠎ᠠ ᠪᠠᠷᠢᠯ ᠠᠪᠬᠣ᠎ᠪᠠᠷ ᠪᠠᠢ᠌ᠨ᠎ᠡ ᠤᠤ?


内蒙古自治区“十四五”人力资源和社会保障事业发展规划新闻发布会答记者问-4.jpg

    ᠬᠠᠷᠢᠭᠣᠯᠬᠣ᠎ᠨᠢ (ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠠᠵᠢᠯ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ ᠸᠠᠩ ᠵᠢᠶᠠᠨ ᠬᠤᠸᠠ)᠄
    ᠡᠨᠡ ᠰᠤᠷᠪᠤᠯᠵᠢᠯᠠᠭᠴᠢ ᠎ᠳᠤ  ᠪᠠᠶᠠᠷᠯᠠᠯ᠎ᠠ᠃  ᠮᠢᠨᠦ ᠪᠣᠳᠣᠬᠤ᠎ᠪᠠᠷ ᠡᠨᠡ ᠪᠤᠯ  ᠮᠦᠨᠴᠦ ᠡᠯ᠎ᠡ ᠦᠨᠳᠦᠰᠦᠲᠡᠨ᠎ᠤ ᠠᠷᠠᠳ ᠲᠦᠮᠡᠨ ᠢᠯᠠᠩᠭᠤᠶ᠎ᠠ ᠠᠮᠢᠳᠤᠯᠢᠭ ᠵᠶ᠋ᠠᠷ ᠠᠵᠢᠯ ᠣᠯᠣᠭᠰᠠᠳ᠂ ᠰᠢᠨ᠎ᠡ ᠡᠵᠡᠩᠨᠡᠯᠲᠡ ᠵᠢᠨ ᠪᠠᠶ᠋ᠢᠳᠠᠯ᠎ᠳᠤ ᠠᠵᠢᠯᠯᠠᠵᠤ ᠪᠠᠶ᠋ᠢᠭ᠎ᠠ ᠬᠥᠮᠦᠰ᠎ᠤᠨ  ᠬᠠᠯᠠᠮᠵᠢᠯᠠᠵᠤ ᠪᠠᠶ᠋ᠢᠭ᠎ᠠ ᠠᠰᠠᠭᠤᠳᠠᠯ ᠪᠣᠯᠤᠨ᠎ᠠ᠃ ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠪᠣᠯ ᠨᠡᠩ ᠣᠯᠠᠨ ᠬᠥᠮᠦᠰ᠎ᠢ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠳᠤ ᠣᠷᠣᠭᠤᠯᠵᠤ᠂ ᠥᠷᠭᠡᠨ ᠣᠯᠠᠨ ᠠᠷᠠᠳ ᠲᠦᠮᠡᠨ᠎ᠳᠤ ᠨᠡᠩ ᠨᠠᠶ᠋ᠢᠳᠠᠪᠤᠷᠢᠲᠠᠢ᠂ ᠨᠡᠩ ᠪᠦᠷᠢᠨ ᠭᠦᠢ᠍ᠴᠡᠳ ᠪᠠᠲᠤᠯᠠᠭ᠎ᠠ ᠬᠠᠩᠭ᠋ᠠᠬᠤ ᠵᠢᠨ ᠴᠢᠬᠤᠯᠠ ᠰᠢᠪᠳᠣᠯᠣᠯᠳᠠ ᠪᠣᠯᠬᠤ ᠪᠥᠭᠡᠳ  ᠠᠷᠠᠳ ᠣᠯᠠᠨ᠎ᠳᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠡᠳ᠋ᠯᠡᠭᠦᠯᠵᠦ᠂ ᠬᠠᠮᠲᠤᠪᠠᠷ ᠴᠢᠨᠡᠭᠡᠯᠢᠭᠵᠢᠬᠦ ᠵᠢ ᠪᠡᠶᠡᠯᠡᠭᠦᠯᠬᠦ ᠵᠢᠨ ᠴᠢᠬᠤᠯᠠ ᠠᠷᠭ᠎ᠠ ᠵᠠᠮ ᠪᠣᠯᠤᠨ᠎ᠠ᠃ ᠬᠠᠮᠤᠭ ᠡᠴᠦᠰ᠎ᠤᠨ ᠵᠣᠷᠢᠯᠭ᠎ᠠ᠎ᠨᠢ ᠥᠷᠭᠡᠨ ᠣᠯᠠᠨ ᠠᠷᠠᠳ ᠲᠦᠮᠡᠨ᠎ᠤ ᠥᠲᠡᠯᠬᠦ᠎ᠳᠤ ᠠᠰᠠᠷᠠᠮᠵᠢ᠎ᠲᠠᠢ᠂ ᠥᠲᠡᠯᠬᠦ᠎ᠳᠤ ᠲᠦᠰᠢᠭ᠎ᠲᠠᠢ ᠪᠠᠶ᠋ᠢᠬᠤ ᠵᠢ ᠦᠨᠡᠨᠬᠦ ᠪᠠᠲᠤᠯᠠᠬᠤ ᠵᠢᠨ ᠲᠥᠯᠥᠭᠡ ᠶᠦ᠍ᠮ᠃ ᠪᠢᠳᠡ ᠨᠡᠶ᠋ᠢᠭᠡᠮ᠎ᠤᠨ ᠳᠠᠭ᠋ᠠᠳᠬᠠᠯ ᠎ᠳᠤ ᠣᠷᠣᠯᠴᠠᠬᠤ ᠬᠡᠪᠴᠢᠶ᠎ᠡ ᠵᠢ ᠥᠷᠭᠡᠳᠬᠡᠬᠦ ᠠᠵᠢᠯ᠎ᠢ  ᠴᠢᠬᠤᠯᠠᠴᠢᠯᠠᠭᠰᠠᠭ᠋ᠠᠷ ᠢᠷᠡᠪᠡ᠃ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠬᠦᠯᠬᠡ ᠵᠢᠨ ᠬᠤᠭᠤᠴᠠᠭ᠋ᠠᠨ᠎ᠳᠤ᠂ ᠠᠮᠢᠳᠤᠯᠢᠭ ᠵᠶ᠋ᠠᠷ ᠠᠵᠢᠯ  ᠣᠯᠬᠣ ᠳᠠᠭ᠋ᠠᠳᠬᠠᠯ᠎ᠳᠤ  ᠣᠷᠣᠯᠴᠠᠬᠰᠠᠳ᠎ᠤᠨ ᠡᠷᠦᠬᠡ ᠠᠮᠠ ᠵᠢᠨ ᠳᠠᠩᠰᠠ ᠵᠢᠨ  ᠬᠢᠵᠠᠭ᠋ᠠᠷᠯᠠᠯ᠎ᠢ ᠡᠪᠳᠡᠵᠦ᠂ ᠳᠠᠭ᠋ᠠᠳᠬᠠᠯ᠎ᠳᠤ ᠣᠷᠣᠯᠴᠠᠬᠤ ᠶᠠᠪᠤᠴᠠ ᠵᠢ  ᠲᠦᠬᠦᠮᠴᠢᠯᠡᠨ ᠰᠢᠯᠢᠳᠡᠭᠵᠢᠬᠦᠯᠵᠦ᠂ ᠰᠦᠯᠵᠢᠶ᠎ᠠ ᠪᠣᠶᠣ ᠭᠠᠷ ᠣᠳᠠᠰᠣ᠎ᠪᠠᠷ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠠᠷᠭ᠎ᠠ ᠵᠠᠮ᠎ᠢ ᠥᠷᠭᠡᠳᠬᠡᠵᠦ᠂ ᠬᠠᠮᠣᠷᠬᠣ ᠬᠡᠪᠴᠢᠶ᠎ᠡ ᠵᠢ ᠥᠷᠭᠡᠳᠬᠡᠬᠦ ᠲᠤᠰᠬᠠᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠪᠦᠬᠦ ᠣᠷᠣᠨ᠎ᠤ ᠳᠠᠭ᠋ᠠᠳᠬᠠᠯ᠎ᠳᠤ  ᠣᠷᠣᠬᠣ ᠬᠡᠪᠴᠢᠶ᠎ᠠ ᠵᠢ ᠦᠷᠭᠦᠯᠵᠢᠯᠡᠨ  ᠦᠷᠭᠡᠳᠬᠡᠨ᠎ᠡ᠃ 《ᠠᠷᠪᠠᠨ ᠭᠤᠷᠪᠠᠳᠤᠭ᠋ᠠᠷ ᠲᠠᠪᠤᠨ ᠵᠢᠯ》 ᠰᠡᠭᠦᠯᠴᠢ ᠪᠣᠯᠲᠠᠯ᠎ᠠ᠂ ᠪᠦᠬᠦ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 1570.6 ᠲᠦᠮᠡ᠎ᠳᠤ ᠬᠦᠷᠴᠦ᠂ 《ᠠᠷᠪᠠᠨ ᠬᠣᠶᠠᠳᠣᠭ᠋ᠠᠷ ᠲᠠᠪᠤᠨ ᠵᠢᠯ》᠎ᠤᠨ ᠰᠡᠭᠦᠯᠴᠢ ᠵᠢᠨ ᠎ᠬᠢ᠎ᠠᠴᠠ 179.4 ᠲᠦᠮᠡᠨ ᠬᠥᠮᠦᠨ ᠨᠡᠮᠡᠭᠳᠡᠪᠡ; ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ  ᠣᠷᠣᠯᠴᠠᠬᠰᠠᠨ ᠬᠥᠮᠦᠨ᠎ᠤ ᠲᠣᠭ᠎ᠠ ᠵᠢ 336 ᠲᠦᠮᠡ᠎ᠳᠤ ᠬᠦᠷᠴᠦ᠂ ᠣᠷᠣᠯᠴᠠᠬᠤ ᠶᠣᠰᠣᠲᠠᠢ᠎ᠨᠢ ᠦᠨᠳᠣᠰᠦᠨ᠎ᠳᠡᠭᠡᠨ ᠣᠷᠣᠯᠴᠠᠵᠦ᠂ ᠮᠠᠨ᠎ᠤ ᠣᠷᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠴᠢᠨᠠᠷᠯᠢᠭ ᠬᠦᠭᠵᠢᠯᠳᠡ᠂  ᠦᠷᠬᠦᠯᠵᠢᠯᠡᠬᠦᠢ ᠵᠢᠨ ᠬᠦᠭᠵᠢᠯᠳᠡ᠎ᠳᠤ ᠪᠠᠲᠤ ᠪᠡᠬᠢ ᠰᠠᠭᠤᠷᠢ ᠲᠠᠯᠪᠢᠵᠠᠢ᠃
  《ᠠᠷᠪᠠᠨ ᠳᠥᠷᠪᠡᠳᠦᠭᠡᠷ ᠲᠠᠪᠤᠨ ᠵᠢᠯ》 ᠲᠦᠯᠦᠪᠵᠢᠬᠦᠯᠬᠡ ᠵᠢᠨ  ᠬᠤᠭᠤᠴᠠᠭ᠋ᠠᠨ᠎ᠳᠤ᠂ ᠪᠢᠳᠡ ᠳᠠᠭ᠋ᠠᠳᠬᠠᠯ᠎ᠳᠤ ᠣᠷᠣᠯᠴᠠᠬᠤ  ᠬᠡᠪᠴᠢᠶ᠎ᠠ ᠵᠢ ᠥᠷᠭᠡᠳᠬᠡᠬᠦ ᠠᠵᠢᠯ᠎ᠢ ᠨᠡᠶ᠋ᠢᠭᠡᠮ᠎ᠤᠨ ᠳᠠᠭ᠋ᠠᠳᠬᠠᠯ᠎ᠤᠨ ᠶᠠᠪᠤᠳᠠᠯ ᠎ᠤᠨ ᠲᠡᠷᠢᠭᠦᠨ᠎ᠳᠤ ᠲᠠᠯᠪᠢᠵᠤ᠂ ᠪᠥᠬᠥ ᠠᠷᠠᠳ᠎ᠤᠨ ᠳᠠᠭ᠋ᠠᠳᠬᠠᠯ᠎ᠳᠤ ᠣᠷᠣᠯᠴᠠᠬᠤ ᠦᠷ᠎ᠡ ᠪᠦᠲᠦᠮᠵᠢ ᠵᠢ ᠪᠥᠬᠥ ᠬᠦᠴᠦᠨ ᠵᠶ᠋ᠡᠷ ᠳᠡᠭᠡᠭᠰᠢᠯᠡᠭᠦᠯᠵᠦ᠂ ᠠᠮᠢᠳᠤᠯᠢᠭ ᠵᠶ᠋ᠠᠷ ᠠᠵᠢᠯ ᠣᠯᠣᠭᠰᠠᠳ᠂ ᠰᠢᠨ᠎ᠡ ᠡᠵᠡᠩᠨᠡᠯᠳᠡ ᠵᠢᠨ ᠪᠠᠢ᠌ᠳᠠᠯ᠎ᠳᠤ ᠠᠵᠢᠯ ᠣᠯᠣᠬᠰᠠᠨ ᠬᠥᠮᠦᠰ᠎ᠤᠨ ᠳᠠᠭ᠋ᠠᠳᠬᠠᠯ᠎ᠳᠤ ᠣᠷᠣᠯᠴᠠᠬᠤ ᠵᠢ ᠠᠬᠢᠭᠤᠯᠬᠤ᠎ᠪᠠᠷ ᠭᠣᠣᠯᠳᠠᠯᠭ᠎ᠠ ᠪᠣᠯᠭ᠋ᠠᠵᠤ᠂ ᠨᠡᠩ ᠣᠯᠠᠨ ᠬᠥᠮᠦᠨ᠎ᠢ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠳᠤ ᠣᠷᠣᠭᠤᠯᠵᠤ᠂ ᠳᠠᠭ᠋ᠠᠳᠬᠠᠯ᠎ᠳᠤ ᠣᠷᠣᠯᠴᠠᠬᠤ ᠨᠣᠷᠮ᠎ᠠ ᠵᠢ 90%᠎ᠠᠴᠠ ᠳᠡᠭᠡᠭᠰᠢ᠎ᠳᠤ ᠬᠦᠷᠭᠡᠬᠦ᠎ᠪᠠᠷ ᠴᠢᠷᠮᠠᠶ᠋ᠢᠨ᠎ᠠ᠃ ᠡᠬᠦᠨ᠎ᠤ ᠲᠦᠯᠦᠬᠡ ᠳᠣᠣᠷᠠᠬᠢ ᠬᠡᠳᠦᠨ ᠲᠠᠯ᠎ᠠ ᠵᠢᠨ  ᠠᠵᠢᠯ᠎ᠢ ᠬᠢᠨ᠎ᠡ᠃
     ᠨᠢᠭᠡ᠎ᠳᠤ᠂ ᠳᠠᠭ᠋ᠠᠳᠬᠠᠯ᠎ᠳᠤ ᠦᠯᠦ ᠣᠷᠣᠯᠴᠠᠭᠰᠠᠨ ᠬᠥᠮᠦᠰ᠎ᠢ ᠣᠨᠣᠪᠴᠢᠲᠠᠢ ᠢᠯᠭ᠋ᠠᠨ ᠲᠠᠨᠢᠬᠤ ᠬᠡᠷᠡᠭᠲᠡᠢ᠃ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠲᠣᠭ᠎ᠠ ᠪᠠᠷᠢᠮᠲᠠ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠠᠴᠠ ᠪᠦᠷᠢᠳᠬᠡᠭᠰᠡᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠣᠭ᠎ᠠ ᠪᠠᠷᠢᠮᠲᠠ᠎ᠳᠤ ᠰᠠᠭᠣᠷᠢᠯᠠᠨ᠂ ᠳᠠᠭ᠋ᠠᠳᠬᠠᠯ᠎ᠳᠤ ᠦᠯᠦ ᠣᠷᠣᠯᠴᠠᠭᠰᠠᠨ ᠬᠥᠮᠦᠨ᠎ᠤ ᠲᠣᠭ᠎ᠠ ᠵᠢ ᠪᠥᠬᠥ ᠲᠠᠯ᠎ᠠ᠎ᠪᠠᠷ  ᠪᠠᠶ᠋ᠢᠴᠠᠭ᠋ᠠᠵᠤ᠂ ᠡᠯ᠎ᠡ ᠭᠠᠵᠠᠷ᠎ᠤᠨ ᠰᠢᠶᠠᠩ ᠪᠠᠯᠭ᠋ᠠᠰᠤ ᠨᠡᠶ᠋ᠢᠭᠡᠮ ᠲᠣᠭᠣᠷᠢᠭ ᠵᠡᠭᠡᠯᠢ ᠭᠤᠳᠤᠮᠵᠢ ᠵᠢᠨ 《ᠲᠣᠣᠷᠵᠢᠭᠤᠯᠤᠭᠰᠠᠨ ᠬᠠᠮᠢᠶᠠᠷᠤᠯᠲᠠ》 ᠵᠢ ᠭᠦᠢ᠍ᠴᠡᠳ ᠠᠰᠢᠭᠯᠠᠨ᠂ ᠳᠠᠭ᠋ᠠᠳᠬᠠᠯ᠎ᠳᠤ ᠦᠯᠦ ᠣᠷᠣᠯᠴᠠᠭᠰᠠᠨ ᠰᠢᠯᠲᠠᠭ᠋ᠠᠨ ᠪᠠ ᠪᠠᠶ᠋ᠢᠳᠠᠯ᠎ᠢ ᠡᠷᠦᠬᠡ ᠳᠠᠷᠠᠭ᠋ᠠᠯᠠᠨ ᠲᠠᠩᠰᠠᠯᠠᠵᠦ᠂ ᠲᠣᠭ᠎ᠠ ᠪᠠᠷᠢᠮᠲᠠ ᠵᠢᠨ ᠰᠢᠨᠡᠴᠢᠯᠡᠯᠲᠡ ᠵᠢ ᠴᠠᠭ ᠲᠤᠬᠠᠢ᠎ᠳᠤᠨᠢ ᠬᠠᠮᠲᠤᠪᠠᠷ ᠬᠦᠷᠲᠡᠬᠦ ᠵᠢ ᠪᠡᠶᠡᠯᠡᠭᠦᠯᠵᠦ᠂  ᠲᠠᠭ᠋ᠠᠳᠬᠠᠯ᠎ᠤᠨ  ᠬᠦᠷᠢᠶ᠎ᠡ ᠬᠡᠪᠴᠢᠶ᠎ᠡ ᠵᠢ ᠥᠷᠭᠡᠳᠬᠡᠬᠦ᠎ᠳᠤ ᠵᠥᠪ ᠣᠨᠣᠪᠴᠢᠲᠠᠢ ᠲᠣᠭ᠎ᠠ ᠪᠠᠷᠢᠮᠲᠠ ᠬᠠᠩᠭ᠋ᠠᠨ᠎ᠠ᠃
    ᠬᠣᠶᠠᠷ᠎ᠲᠤ᠂ ᠬᠦᠷᠢᠶ᠎ᠡ ᠬᠡᠪᠴᠢᠶ᠎ᠡ᠎ᠪᠠᠨ ᠥᠷᠭᠡᠳᠬᠡᠬᠦ ᠳᠦᠷᠢᠮ ᠲᠣᠭᠲᠠᠴᠠ ᠵᠢ ᠲᠡᠭᠦᠯᠳᠡᠷᠵᠢᠭᠦᠯᠦᠨ᠎ᠡ᠃ ᠳᠠᠭ᠋ᠠᠳᠬᠠᠯ᠎ᠳᠤ ᠦᠯᠦ  ᠣᠷᠣᠯᠴᠠᠬᠰᠠᠳ᠎ᠤᠨ ᠠᠳᠠᠯᠢ ᠪᠤᠰᠤ ᠪᠠᠶ᠋ᠢᠳᠠᠯ᠎ᠳᠤ ᠴᠢᠭᠯᠡᠭᠦᠯᠦᠨ᠂ ᠳᠦᠷᠢᠮ᠎ᠤᠨ ᠰᠢᠨ᠎ᠡ ᠵᠢ ᠡᠭᠦᠳᠬᠦ ᠵᠢ ᠦᠷᠭᠦᠯᠵᠢᠯᠡᠨ ᠨᠡᠮᠡᠭᠳᠡᠭᠦᠯᠵᠦ᠂ ᠳᠠᠭ᠋ᠠᠳᠬᠠᠯ᠎ᠳᠤ ᠣᠷᠣᠯᠴᠠᠬᠤ ᠵᠢ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠠᠭ᠋ᠠᠳᠬᠠᠯ᠎ᠳᠤ ᠦᠯᠦ  ᠣᠷᠣᠯᠴᠠᠬᠰᠠᠳ᠎ᠢ ᠬᠥᠲᠥᠯᠦᠨ ᠵᠢᠯᠣᠭᠣᠳᠬᠤ ᠪᠠ ᠬᠠᠪᠰᠤᠷᠴᠤ ᠳᠠᠭ᠋ᠠᠳᠬᠠᠯ᠎ᠳᠤ ᠣᠷᠣᠯᠴᠠᠭᠤᠯᠤᠨ᠎ᠠ᠃ ᠢᠯᠠᠩᠭᠤᠶ᠎ᠠ ᠠᠮᠢᠳᠤᠯᠢᠭ ᠵᠶ᠋ᠠᠷ ᠠᠵᠢᠯ ᠣᠯᠤᠭᠰᠠᠨ ᠬᠥᠮᠦᠰ᠂ ᠰᠢᠨ᠎ᠡ ᠡᠵᠡᠩᠨᠡᠯᠲᠡ ᠵᠢᠨ ᠪᠠᠶ᠋ᠢᠳᠠᠯ ᠎ᠳᠤ ᠠᠵᠢᠯ ᠡᠷᠬᠢᠯᠡᠭᠰᠡᠳ᠎ᠲᠤ ᠪᠢᠳᠡ ᠰᠢᠨ᠎ᠡ ᠡᠵᠡᠩᠨᠡᠯᠲᠡ ᠵᠢᠨ ᠪᠠᠶ᠋ᠢᠳᠠᠯ ᠎ᠳᠤ ᠵᠣᠬᠢᠴᠠᠭᠰᠠᠨ ᠲᠣᠭᠲᠠᠴᠠ ᠵᠢ ᠢᠳᠡᠪᠬᠢᠲᠡᠢ᠎ᠪᠠᠷ ᠬᠠᠶ᠋ᠢᠨ  ᠰᠦᠪᠡᠭᠴᠢᠯᠡᠯᠳᠠ  ᠬᠢᠵᠦ ᠦᠭᠬᠦᠨ᠂ ᠵᠠᠰᠠᠭ᠎ᠤᠨ ᠣᠷᠳᠣᠨ᠎ᠤ ᠨᠥᠬᠥᠪᠥᠷᠢ ᠪᠤᠶᠤ《  ᠲᠠᠭ᠋ᠠᠭ᠋ᠠᠴᠢᠯᠠᠨ ᠲᠤᠰᠠᠯᠠᠬᠤ ᠵᠢᠭᠡᠯᠡᠯᠭᠡ》ᠵᠡᠷᠭᠡ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ ᠪᠡᠯᠡ ᠬᠤᠷᠠᠮᠳᠤᠭᠤᠯᠬᠤ ᠬᠡᠪ ᠵᠠᠭᠪᠤᠷ᠎ᠢ ᠭᠦᠨᠵᠡᠭᠡᠢ ᠰᠤᠳᠤᠯᠵᠤ᠂  ᠲᠡᠳᠡᠨᠣᠰ᠎ᠤᠨ ᠲᠠᠭ᠋ᠠᠳᠬᠠᠯ᠎ᠳᠤ ᠣᠷᠣᠯᠴᠠᠬᠣ᠎ᠳᠤ᠎ᠨᠢ ᠲᠣᠰᠠᠯᠠᠮᠵᠢ ᠦᠵᠡᠬᠦᠯᠦᠨ᠎ᠡ᠃
    ᠭᠤᠷᠪᠠ᠎ᠳᠤ᠂ ᠳᠠᠭ᠋ᠠᠳᠬᠠᠯ᠎ᠳᠤ  ᠣᠷᠣᠯᠴᠠᠬᠣ ᠬᠦᠢ᠍ᠴᠡᠳᠬᠡᠯ ᠬᠢᠬᠦ  ᠦᠢ᠍ᠯᠡᠴᠢᠯᠡᠬᠡ᠎ᠢ ᠰᠢᠯᠢᠳᠡᠭᠵᠢᠭᠦᠯᠬᠦ ᠬᠡᠷᠡᠭᠲᠡᠢ᠃ ᠨᠡᠶ᠋ᠢᠭᠡᠮ᠎ᠤᠨ ᠳᠠᠭ᠋ᠠᠳᠬᠠᠯ᠎ᠤᠨ《ᠲᠣᠭ᠋ᠠᠴᠢᠯᠠᠭᠰᠠᠨ》 ᠬᠦᠢ᠍ᠴᠡᠳᠬᠡᠯ ᠬᠢᠬᠦ ᠬᠤᠪᠢᠷᠠᠭᠤᠯᠤᠯᠲᠠ ᠵᠢ ᠲᠦᠷᠭᠡᠳᠬᠡᠵᠦ᠂ 《ᠰᠦᠯᠵᠢᠶᠡᠨ ᠳᠡᠭᠡᠷ᠎ᠡ ᠪᠦᠬᠦᠨ᠎ᠢ  ᠨᠡᠪᠳᠡᠷᠡᠬᠦᠯᠬᠦ᠂  ᠨᠢᠬᠡ ᠴᠣᠩᠬᠣ᠎ᠪᠠᠷ ᠭᠦᠢ᠍ᠴᠡᠳᠬᠡᠬᠦ》 ᠦᠢ᠍ᠯᠡᠴᠢᠯᠡᠭᠡᠨ᠎ᠤ ᠵᠠᠭᠪᠤᠷ᠎ᠢ ᠪᠦᠬᠦ ᠲᠠᠯ᠎ᠠ᠎ᠪᠠᠷ ᠳᠡᠯᠭᠡᠷᠡᠭᠦᠯᠵᠦ᠂  ᠬᠦᠢ᠍ᠴᠡᠳᠬᠡᠬᠦ ᠶᠠᠪᠣᠴᠠ ᠵᠢ ᠴᠦᠬᠡᠳᠬᠡᠵᠦ᠂  ᠭᠦᠢ᠍ᠴᠡᠳᠬᠡᠬᠦ ᠴᠠᠭ ᠎ᠢ ᠦᠷᠬᠦᠯᠵᠢᠯᠡᠨ ᠪᠣᠭᠣᠨᠢᠰᠬᠠᠵᠦ ᠂ ᠥᠷᠭᠡᠨ ᠣᠯᠠᠨ ᠠᠷᠠᠳ ᠲᠦᠮᠡᠨ᠎ᠳᠤ ᠨᠡᠩ ᠳᠥᠭᠥᠮ ᠲᠦᠳᠡ ᠥᠨᠳᠥᠷ ᠦᠷ᠎ᠡ ᠪᠦᠲᠦᠮᠵᠢᠲᠡᠢ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ ᠦᠢ᠍ᠯᠡᠴᠢᠯᠡᠭᠡ ᠵᠢ ᠬᠠᠩᠭ᠋ᠠᠨ᠎ᠠ᠃ ᠪᠠᠶ᠋ᠢᠴᠠᠭ᠋ᠠᠵᠤ ᠭᠠᠷᠭ᠋ᠠᠭᠰᠠᠨ ᠳᠠᠭ᠋ᠠᠳᠬᠠᠯ᠎ᠳᠤ ᠣᠷᠣᠯᠴᠠᠭ᠋ᠠᠳᠤᠢ ᠬᠥᠮᠦᠰ᠎ᠲᠤ ᠪᠢᠳᠡ 《ᠨᠢᠭᠡ ᠬᠠᠷᠢᠴᠠᠬᠤ ᠨᠢᠭᠡ》 ᠵᠢᠨ ᠦᠢ᠍ᠯᠡᠴᠢᠯᠡᠬᠡ ᠬᠡᠷᠡᠭᠵᠢᠭᠦᠯᠵᠦ᠂ ᠤᠯᠤᠰ ᠲᠥᠷᠥ ᠬᠠᠤᠯᠢ ᠴᠠᠭ᠋ᠠᠵᠠ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠵᠡᠭᠡᠯᠢ ᠭᠤᠳᠤᠮᠵᠢ᠂ ᠨᠡᠶ᠋ᠢᠭᠡᠮ ᠲᠣᠭᠣᠷᠢᠭ᠂ ᠬᠥᠳᠡᠭᠡ ᠲᠣᠰᠬᠣᠨ ᠵᠡᠷᠭᠡ ᠦᠨᠳᠦᠰᠦᠨ ᠱᠠᠲᠤᠨ᠎ᠤ ᠬᠠᠮᠢᠶᠠᠷᠤᠯᠲᠠ ᠦᠢ᠍ᠯᠡᠴᠢᠯᠡᠭᠡᠨ᠎ᠤ ᠲᠠᠯ᠎ᠠ ᠵᠢᠨ  ᠲᠣᠥᠷᠵᠢᠭᠣᠯᠣᠬᠰᠠᠨ ᠬᠠᠮᠢᠶᠠᠷᠤᠯᠲᠠ ᠵᠢᠨ ᠡᠬᠢ ᠪᠠᠶᠠᠯᠢᠭ᠎ᠲᠤ ᠲᠦᠰᠢᠭᠯᠡᠨ᠂ ᠭᠡᠷ᠎ᠲᠤᠨᠢ ᠬᠦᠷᠴᠦ ᠳᠠᠭ᠋ᠠᠳᠬᠠᠯ᠎ᠳᠤ ᠣᠷᠣᠯᠴᠠᠬᠤ ᠲᠥᠷᠥ ᠵᠢᠨ ᠪᠣᠳᠣᠯᠭ᠎ᠠ ᠵᠢ ᠲᠠᠶ᠋ᠢᠯᠪᠤᠷᠢᠯᠠᠨ᠂ ᠭᠡᠷ᠎ᠲᠤᠨᠢ ᠬᠦᠷᠴᠦ ᠳᠠᠭ᠋ᠠᠳᠬᠠᠯ᠎ᠳᠤ ᠣᠷᠣᠯᠴᠠᠬᠤ  ᠦᠢ᠍ᠯᠡᠴᠢᠯᠡᠬᠡ ᠬᠠᠩᠭ᠋ᠠᠵᠤ᠂ ᠲᠡᠳᠡᠨ᠎ᠤ ᠡᠷᠡᠭᠡᠯᠵᠡᠭᠡ ᠵᠢ ᠠᠷᠢᠯᠭ᠋ᠠᠨ᠂  ᠬᠥᠲᠥᠯᠦᠨ ᠵᠢᠯᠣᠭᠣᠳᠴᠤ᠂  ᠲᠡᠳᠡᠨᠣᠰ᠎ᠤᠨ ᠲᠠᠭ᠋ᠠᠳᠬᠠᠯ᠎ᠳᠤ ᠣᠷᠣᠬᠣ ᠵᠢ ᠲᠠᠢ᠌ᠴᠢᠯᠡᠨ᠎ᠠ᠃ ᠡᠬᠦᠨ᠎ᠠᠴᠠ ᠭᠠᠳᠠᠨ᠎ᠠ᠂ ᠪᠢᠳᠡ ᠪᠠᠰᠠ ᠲᠣᠭᠣᠰᠤᠳᠠᠯ᠎ᠤᠨ ᠠᠭᠤᠰᠬᠢ ᠵᠢᠨ ᠡᠪᠡᠳᠴᠢᠨ᠎ᠤ ᠭᠣᠣᠯᠳᠠᠯᠭ᠎ᠠ᠎ᠲᠠᠢ ᠠᠵᠢᠯ ᠲᠥᠷᠥᠯ ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠬᠡᠪᠴᠢᠶ᠎ᠡ ᠵᠢ ᠥᠷᠭᠡᠳᠬᠡᠬᠦ ᠲᠤᠰᠬᠠᠢ  ᠠᠵᠢᠯᠯᠠᠭ᠎ᠠ ᠥᠷᠨᠢᠭᠦᠯᠵᠦ᠂ ᠪᠠᠷᠢᠯᠭ᠎ᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠬᠦᠷᠢᠶ᠎ᠡ ᠴᠠᠷᠠᠭ᠎ᠠ ᠵᠢᠨ  ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠬᠤ ᠵᠢ ᠦᠷᠭᠦᠯᠵᠢᠯᠡᠨ ᠠᠬᠢᠭᠤᠯᠵᠤ᠂ ᠨᠡᠩ ᠣᠯᠠᠨ ᠬᠦᠳᠡᠯᠮᠦᠷᠢᠯᠡᠭᠴᠢᠳ᠂ ᠢᠯᠠᠩᠭᠤᠶ᠎ᠠ ᠠᠮᠢᠳᠤᠯᠢᠭ ᠵᠶ᠋ᠠᠷ ᠠᠵᠢᠯ ᠣᠯᠤᠭᠰᠠᠨ ᠬᠥᠮᠦᠰ᠂ ᠰᠢᠨ᠎ᠡ ᠡᠵᠡᠩᠨᠡᠯᠳᠡ ᠵᠢᠨ  ᠪᠠᠢ᠌ᠳᠠᠯ᠎ᠳᠤ ᠠᠵᠢᠯ ᠡᠷᠬᠢᠯᠡᠭᠰᠡᠳ᠎ᠲᠤ ᠠᠵᠢᠯ ᠎ᠤᠨ ᠭᠡᠮᠲᠦᠯ᠎ᠤᠨ ᠪᠠᠲᠤᠯᠠᠭ᠎ᠠ ᠬᠦᠷᠲᠡᠭᠡᠨ᠎ᠡ᠃


内蒙古自治区“十四五”人力资源和社会保障事业发展规划新闻发布会答记者问-5.jpg  

    ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠰᠤᠷᠪᠤᠯᠵᠢᠯᠠᠭᠴᠢ᠄ ᠰᠢᠨ᠎ᠡ ᠴᠠᠭ ᠦᠶ᠎ᠡ ᠎ᠳᠤ ᠣᠯᠠᠨ ᠲᠦᠮᠡᠨ ᠠᠵᠢᠯ ᠣᠯᠭᠣᠯᠲᠠ᠂ ᠨᠡᠶ᠋ᠢᠭᠡᠮ᠎ᠤᠨ ᠪᠠᠲᠤᠯᠠᠭ᠎ᠠ ᠵᠡᠷᠭᠡ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ᠎ᠳᠤ ᠨᠡᠩ ᠥᠨᠳᠥᠷ ᠬᠦᠰᠡᠯ ᠡᠷᠡᠮᠡᠯᠵᠡᠯ ᠲᠠᠯᠪᠢᠬᠣ ᠪᠣᠯᠪᠠ᠃  《ᠠᠷᠪᠠᠨ ᠳᠥᠷᠪᠡᠳᠦᠭᠡᠷ ᠲᠠᠪᠤᠨ ᠵᠢᠯ》 ᠲᠦᠯᠦᠪᠵᠢᠬᠦᠯᠬᠡ ᠵᠢᠨ  ᠬᠤᠭᠤᠴᠠᠭ᠋ᠠᠨ᠎ᠳᠤ ᠂ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠠᠷᠠᠳ᠎ᠲᠤ ᠳᠥᠭᠥᠮ ᠦᠵᠡᠭᠦᠯᠬᠦ᠂ ᠤᠶᠤᠨᠴᠢᠯᠠᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠢ?


内蒙古自治区“十四五”人力资源和社会保障事业发展规划新闻发布会答记者问-6.jpg

    ᠬᠠᠷᠢᠭᠣᠯᠬᠣ᠎ᠨᠢ (ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠠᠵᠠᠷ᠎ᠤᠨ ᠳᠠᠷᠤᠭ᠎ᠠ ᠵᠠᠩ ᠬᠠᠢ ᠲᠤᠤ)᠄
    ᠡᠨᠡ ᠰᠤᠷᠪᠤᠯᠵᠢᠯᠠᠭᠴᠢ ᠎ᠳᠤ ᠪᠡᠶᠡᠷᠯᠡᠯ᠎ᠡ᠃ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠣᠯ ᠠᠷᠠᠳ᠎ᠤᠨ ᠠᠮᠢᠳᠤᠷᠠᠯ᠎ᠤᠨ ᠴᠢᠬᠤᠯᠠ ᠰᠠᠯᠠᠭ᠎ᠠ ᠮᠥᠴᠢᠷ ᠪᠣᠯᠬᠤ ᠲᠤᠯᠠ᠂ ᠦᠢ᠍ᠯᠡᠴᠢᠯᠡᠬᠦ ᠬᠥᠮᠦᠨ ᠣᠯᠠᠨ᠂ ᠦᠢ᠍ᠯᠡᠴᠢᠯᠡᠬᠦ ᠵᠦᠢ᠍ᠯ ᠣᠯᠠᠨ᠂ ᠠᠷᠠᠳ᠎ᠤᠨ ᠠᠮᠢᠳᠤᠷᠠᠯ᠎ᠲᠠᠢ  ᠨᠢᠬᠳᠠ ᠬᠣᠯᠪᠣᠭ᠎ᠠ᠎ᠲᠠᠢ ᠶᠤᠮ᠃ ᠣᠶ᠋ᠢᠷ᠎ᠠ ᠵᠢᠨ ᠵᠢᠯ ᠎ᠠᠴᠠ ᠨᠠᠭ᠋ᠠᠰᠢ᠂ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ  ᠪᠠᠳᠣᠯᠠᠭ᠎ᠠ  ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠢᠮᠠᠭᠲᠠ ᠪᠠᠷᠢᠮᠲᠠᠯᠠᠵᠤ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠳᠣᠯᠠᠭ᠎ᠠ ᠵᠢᠨ ᠲᠣᠭ᠋ᠠᠴᠢᠯᠠᠬᠰᠠᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠭᠣᠣᠯᠯᠠᠭᠤᠯᠤᠨ᠂ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ᠂ ᠮᠡᠳᠡᠭᠡ ᠵᠠᠩᠬᠢᠴᠢᠯᠠᠬᠤ᠂ ᠲᠡᠩᠴᠡᠭᠦᠷᠢᠰᠢᠭᠦᠯᠬᠦ᠎ᠪᠠᠷ ᠭᠣᠣᠯ ᠪᠣᠯᠭ᠋ᠠᠵᠤ᠂《ᠰᠦᠯᠵᠢᠶᠡᠨ ᠳᠡᠭᠡᠷ᠎ᠡ ᠪᠦᠬᠦᠨ᠎ᠢ  ᠨᠡᠪᠳᠡᠷᠡᠬᠦᠯᠬᠦ᠂ ᠨᠢᠭᠡ ᠴᠣᠩᠬᠣᠪᠴᠢ᠎ᠪᠠᠷ ᠭᠦᠢ᠍ᠴᠡᠳᠬᠡᠬᠦ》᠂  《ᠨᠢᠭᠡ ᠺᠠᠷᠲ ᠵᠶ᠋ᠠᠷ ᠨᠡᠪᠲᠡᠷᠡᠭᠦᠯᠬᠦ》 ᠦᠢ᠍ᠯᠡᠴᠢᠯᠡᠬᠡ ᠵᠢ ᠪᠠᠶ᠋ᠢᠭᠤᠯᠵᠤ᠂ ᠠᠵᠢᠯ᠎ᠤᠨ ᠬᠢᠷᠢ  ᠲᠦᠪᠰᠢᠨ᠂ ᠦᠢ᠍ᠯᠡᠴᠢᠯᠡᠭᠡᠨ᠎ᠤ ᠬᠢᠷᠢ ᠬᠡᠮᠵᠢᠶ᠎ᠡ  ᠪᠠ ᠬᠢᠨᠠᠨ ᠬᠠᠮᠢᠶᠠᠷᠬᠤ  ᠬᠦᠴᠦᠯᠡᠴᠡ᠎ᠪᠠᠨ ᠴᠢᠷᠮᠠᠶ᠋ᠢᠨ ᠲᠡᠭᠡᠭᠰᠢᠯᠡᠬᠦᠯᠦᠭᠰᠡᠨ᠎ᠠᠴᠠ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠢᠯᠡᠳᠲᠡ ᠳᠡᠭᠡᠭᠰᠢᠯᠡᠪᠡ᠃

  《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠬᠦᠯᠬᠡ ᠵᠢᠨ ᠬᠤᠭᠤᠴᠠᠭ᠋ᠠᠨ᠎ᠳᠤ᠂ ᠪᠢᠳᠡ  ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠠᠳᠠᠯᠢ ᠲᠡᠭᠰᠢ᠂ ᠪᠠᠷᠢᠮᠵᠢᠶᠠᠵᠢᠭᠣᠯᠬᠣ᠂ ᠳᠥᠭᠥᠮ ᠲᠦᠳᠡ ᠪᠣᠯᠭ᠋ᠠᠬᠤ ᠵᠢ ᠪᠥᠬᠥ ᠬᠦᠴᠦᠨ ᠵᠶ᠋ᠡᠷ ᠠᠬᠢᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ ᠵᠢᠨ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂《ᠪᠦᠬᠦ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠨᠢᠭᠡ ᠴᠣᠭᠴᠠᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡ》᠂ 《〈ᠳᠥᠷᠪᠡ ᠵᠢ ᠨᠢᠭᠡ ᠴᠣᠭᠴᠠᠵᠢᠭᠤᠯᠬᠤ〉 ᠠᠵᠢᠯ ᠣᠯᠭᠣᠬᠤ ᠦᠢ᠍ᠯᠡᠴᠢᠯᠡᠭᠡᠨ᠎ᠤ ᠡᠭᠦᠯᠡᠨ ᠲᠠᠪᠴᠠᠩ》 ᠵᠡᠷᠭᠡ 8 ᠲᠠᠪᠴᠠᠩ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠵᠦ᠂ ᠪᠥᠬᠥ ᠠᠷᠠᠳ᠎ᠢ ᠬᠠᠮᠤᠷᠤᠭᠰᠠᠨ᠂ ᠬᠣᠲᠠ ᠬᠥᠳᠡᠭᠡ ᠵᠢ ᠨᠢᠭᠡ ᠴᠣᠭᠴᠠᠵᠢᠭᠤᠯᠤᠭᠰᠠᠨ᠂ ᠠᠳᠠᠯᠢ ᠲᠡᠭᠰᠢ᠂ ᠥᠨᠳᠥᠷ ᠦᠷ᠎ᠡ ᠪᠦᠲᠦᠮᠵᠢᠲᠡᠢ ᠴᠢᠨᠠᠷ ᠰᠠᠶ᠋ᠢᠲᠠᠢ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠬᠦᠴᠦᠯᠡᠨ ᠪᠠᠶ᠋ᠢᠭᠤᠯᠤᠨ᠎ᠠ᠃
    ᠨᠢᠬᠡ᠎ᠲᠤ᠂ ᠣᠯᠠᠨ ᠨᠡᠶ᠋ᠢᠲᠡ ᠵᠢᠨ ᠦᠢ᠍ᠯᠡᠴᠢᠯᠡᠬᠡ ᠵᠢᠨ ᠲᠡᠩᠴᠡᠪᠦᠷᠢᠲᠡᠢ ᠪᠠᠶ᠋ᠢᠬᠤ ᠵᠢ  ᠠᠬᠢᠭᠣᠯᠣᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ  ᠲᠦᠯᠦᠪᠵᠢᠬᠦᠯᠬᠡ ᠵᠢᠨ ᠬᠤᠭᠤᠴᠠᠭ᠋ᠠᠨ᠎ᠳᠤ᠂ ᠪᠢᠳᠡ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠦᠨᠳᠦᠰᠦᠨ ᠱᠠᠲᠤ ᠳᠠᠰᠢ ᠬᠡᠯᠪᠡᠢ᠌ᠯᠬᠡᠨ᠂ ᠮᠠᠯᠵᠢᠬᠤ ᠲᠠᠷᠢᠶᠠᠯᠠᠬᠤ ᠣᠷᠣᠨ᠎ᠳᠤ ᠪᠦᠷᠬᠦᠭᠦᠯᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠳᠤᠲᠠᠭᠳᠠᠯ᠎ᠢ ᠨᠥᠬᠥᠪᠥᠷᠢᠯᠡᠨ᠎ᠡ᠃ ᠣᠳᠣᠬᠠᠨ᠎ᠳᠤ᠂ ᠪᠢᠳᠡ ᠶᠠᠭ ᠪᠠᠩᠬᠢ᠂ ᠰᠢᠤᠳᠠᠨ ᠵᠡᠷᠭᠡ᠎ᠲᠠᠢ ᠬᠠᠮᠲᠤᠷᠠᠨ 《ᠬᠦᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠪᠠᠩᠬᠢ ᠵᠢ ᠨᠢᠭᠡ ᠴᠣᠭᠴᠠᠵᠢᠭᠤᠯᠬᠤ》 ᠪᠠ 《ᠬᠦᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠰᠢᠤᠳᠠᠨ᠎ᠢ ᠨᠢᠭᠡ ᠴᠣᠭᠴᠠᠵᠢᠭᠤᠯᠬᠤ》 ᠦᠢ᠍ᠯᠡᠴᠢᠯᠡᠭᠡᠨ᠎ᠤ ᠲᠣᠣᠷ ᠴᠢᠭ᠎ᠢ ᠪᠠᠶ᠋ᠢᠭᠤᠯᠵᠤ᠂ ᠪᠠᠩᠬᠢ ᠪᠠ ᠰᠢᠤᠳᠠᠨ᠎ᠤ ᠡᠵᠡᠩᠨᠡᠯᠲᠡ ᠵᠢᠨ ᠲᠣᠣᠷ ᠴᠢᠭ ᠣᠯᠠᠨ᠂ ᠨᠥᠯᠥᠭᠡᠯᠡᠬᠦ  ᠬᠦᠴᠦᠨ ᠥᠷᠭᠡᠨ ᠳᠠᠪᠠᠭᠤᠯᠢᠭ ᠲᠠᠯ᠎ᠠ ᠵᠢ ᠠᠰᠢᠭᠯᠠᠨ᠂  ᠬᠠᠮᠳᠣᠷᠠᠬᠰᠠᠨ ᠦᠢ᠍ᠯᠡᠴᠢᠯᠡᠬᠡᠨ᠎ᠤ ᠴᠢᠭ ᠪᠠᠢ᠌ᠭᠣᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠳᠣᠯᠠᠭ᠎ᠠ ᠵᠢᠨ ᠬᠦᠷᠢᠶᠡᠨ᠎ᠤ ᠥᠨᠳᠥᠷ ᠳᠠᠪᠲᠠᠮᠵᠢᠲᠤ ᠦᠢ᠍ᠯᠡᠴᠢᠯᠡᠭᠡᠨ᠎ᠤ ᠵᠦᠢ᠍ᠯᠡᠰ᠎ᠢ ᠣᠷᠣᠯᠠᠨ ᠭᠦᠢ᠍ᠴᠡᠳᠬᠡᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠳᠣᠯᠠᠭ᠎ᠠ ᠵᠢᠨ ᠲᠤᠬᠠᠶ᠋ᠢᠯᠠᠭᠰᠠᠨ ᠠᠵᠢᠯ᠎ᠢ ᠦᠨᠳᠣᠰᠦᠨ ᠱᠠᠳᠣ  ᠲᠡᠰᠢ ᠬᠡᠯᠪᠡᠢ᠌ᠯᠬᠡᠨ᠂  ᠦᠨᠳᠣᠰᠣᠨ ᠱᠠᠳᠣᠨ᠎ᠤ ᠠᠷᠠᠳ ᠲᠦᠮᠡᠨ᠎ᠳᠤ ᠦᠢ᠍ᠯᠡᠴᠢᠯᠡᠬᠦ ᠵᠢ ᠠᠬᠢᠭᠣᠯᠣᠨ᠎ᠠ᠃
    ᠬᠣᠶᠡᠷ᠎ᠲᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠷᠢᠮᠵᠢᠶᠠᠵᠢᠯᠲᠠ ᠵᠢ ᠲᠦᠯᠬᠢᠨ ᠠᠬᠢᠭᠤᠯᠬᠤ ᠬᠡᠷᠡᠭᠲᠡᠢ᠃ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠲᠣᠭᠣᠷᠢᠨ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠵᠦᠢ᠍ᠯ᠎ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠦᠢ᠍ᠯᠡᠴᠢᠯᠡᠭᠡᠨ᠎ᠤ  ᠶᠠᠪᠣᠴᠠ ᠰᠢᠯᠢᠳᠡᠭᠵᠢᠭᠦᠯᠦᠨ᠂ ᠦᠢ᠍ᠯᠡᠴᠢᠯᠡᠬᠦ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠲᠤᠬᠠᠶ᠋ᠢᠯᠠᠭᠰᠠᠨ ᠠᠵᠢᠯ᠎ᠤᠨ ᠭᠦᠢ᠍ᠴᠡᠳᠬᠡᠬᠦ ᠪᠠᠷᠢᠮᠵᠢᠶ᠎ᠠ ᠵᠢ ᠵᠢᠷᠤᠮᠵᠢᠭᠤᠯᠵᠤ᠂ ᠠᠳᠠᠯᠢ  ᠭᠡᠷᠡᠭ ᠣᠴᠢᠷ᠎ᠢ ᠵᠥᠷᠢᠶ᠎ᠡ ᠥᠬᠡᠢ᠎ᠪᠠᠷ ᠬᠦᠯᠢᠶᠡᠨ ᠠᠪᠴᠤ ᠰᠢᠢ᠍ᠳᠪᠦᠷᠢᠯᠡᠬᠦ᠂ ᠠᠳᠠᠯᠢ ᠪᠠᠷᠢᠮᠵᠢᠶ᠎ᠠ᠎ᠪᠠᠷ ᠭᠦᠢ᠍ᠴᠡᠳᠬᠡᠬᠦ ᠵᠢ ᠪᠡᠶᠡᠯᠡᠭᠦᠯᠦᠨ᠎ᠡ᠃《ᠦᠨᠡᠮᠯᠡᠯ᠎ᠢ ᠴᠥᠭᠡᠳᠬᠡᠵᠦ ᠠᠷᠠᠳ᠎ᠲᠤ ᠳᠥᠭᠥᠮ ᠦᠵᠡᠭᠦᠯᠬᠦ》ᠠᠵᠢᠯ᠎ᠢ ᠭᠦᠨᠵᠡᠭᠡᠶ᠋ᠢᠷᠡᠭᠦᠯᠵᠦ᠂ ᠭᠡᠷᠡᠴᠢᠯᠡᠬᠦ ᠵᠦᠢ᠍ᠯ᠎ᠤᠨ ᠮᠠᠲ᠋ᠧᠷᠢᠶᠠᠯ᠎ᠢ ᠤᠯᠠᠮ ᠨᠢᠭᠡ ᠠᠯᠬᠤᠮ ᠡᠮᠬᠢᠯᠡᠵᠦ᠂  ᠠᠪᠬᠣ ᠦᠭᠡᠢ᠎ᠳᠤ ᠪᠣᠯᠬᠣ ᠮᠠᠲᠸᠷᠢᠶᠠᠯ᠎ᠢ  ᠠᠪᠬᠣ ᠦᠭᠡᠢ ᠪᠠᠢ᠌ᠬᠣ ᠵᠢ ᠪᠡᠶᠡᠯᠡᠬᠦᠯᠦᠨ᠎ᠡ᠃
   ᠭᠣᠷᠪᠠ᠎ᠳᠤ ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢᠵᠢᠯᠲᠠ ᠵᠢ ᠠᠬᠢᠭᠤᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠬᠦᠯᠬᠡ ᠵᠢᠨ ᠬᠤᠭᠤᠴᠠᠭ᠋ᠠᠨ᠎ᠳᠤ᠂ ᠪᠢᠳᠡ ᠮᠡᠳᠡᠭᠡ ᠵᠠᠩᠬᠢᠵᠢᠯᠳᠠ ᠵᠢᠨ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠰᠢᠨ᠎ᠡ ᠵᠢ ᠡᠭᠦᠳᠬᠦ ᠳᠡᠰ ᠳᠡᠪᠰᠢᠭᠦᠯᠬᠦ ᠠᠵᠢᠯᠯᠠᠭ᠎ᠠ᠎ᠪᠠᠷ  ᠰᠢᠪᠳᠣᠯᠣᠯᠳᠠ ᠪᠣᠯᠭ᠋ᠠᠵᠤ᠂ ᠳᠤᠲᠠᠭᠳᠠᠯ ᠵᠶ᠋ᠠᠨ ᠨᠥᠬᠥᠪᠥᠷᠢᠯᠡᠨ᠂ ᠪᠠᠭᠤᠷᠠᠢ ᠲᠠᠯ᠎ᠠ᠎ᠪᠠᠨ ᠴᠢᠩᠭ᠋ᠠᠳᠬᠠᠵᠤ᠂ 《ᠨᠢᠭᠡ ᠰᠦᠯᠵᠢᠶ᠎ᠡ᠎ᠪᠠᠷ ᠨᠡᠪᠲᠡᠷᠡᠬᠦ》᠂  《ᠨᠢᠭᠡ ᠴᠣᠩᠬᠣᠪᠴᠢ᠎ᠪᠠᠷ ᠭᠦᠢ᠍ᠴᠡᠳᠬᠡᠬᠦ 》᠂  《ᠨᠢᠭᠡ ᠺᠠᠷᠲ ᠵᠶ᠋ᠠᠷ ᠨᠡᠪᠲᠡᠷᠡᠭᠦᠯᠬᠦ》 ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠨ᠎ᠡ᠃《ᠨᠢᠭᠡ ᠰᠦᠯᠵᠢᠶ᠎ᠡ᠎ᠪᠠᠷ ᠨᠡᠪᠲᠡᠷᠡᠭᠦᠯᠬᠦ》 ᠵᠢ ᠭᠦᠢ᠍ᠴᠡᠳᠬᠡᠵᠦ᠂ ᠲᠣᠭ᠎ᠠ ᠪᠠᠷᠢᠮᠲᠠ ᠵᠢ ᠬᠠᠮᠲᠤᠪᠠᠷ ᠡᠳ᠋ᠯᠡᠬᠦ᠂ ᠪᠦᠬᠦ ᠦᠢ᠍ᠯᠡᠴᠢᠯᠡᠭᠡ ᠵᠢ ᠰᠦᠯᠵᠢᠶᠡᠨ᠎ᠳᠤ ᠭᠠᠷᠭ᠋ᠠᠬᠣ ᠵᠢ ᠪᠠᠶᠡᠯᠡᠬᠦᠯᠵᠦ᠂ ᠮᠡᠳᠡᠭᠡ ᠵᠠᠩᠭᠢᠵᠢᠯᠲᠠ ᠎ᠪᠠᠷ ᠭᠦᠢ᠍ᠴᠡᠳᠬᠡᠬᠦ ᠪᠠᠷᠢᠮᠵᠢᠶ᠎ᠠ᠎ᠨᠢ ᠨᠢᠭᠡᠳᠦᠯ ᠦᠭᠡᠢ᠂ ᠲᠣᠭ᠎ᠠ ᠪᠠᠷᠢᠮᠲᠠ ᠵᠢ ᠬᠠᠮᠲᠤᠪᠠᠷ ᠡᠳ᠋ᠯᠡᠬᠦ᠎ᠳᠤ ᠬᠦᠴᠢᠷ᠂ ᠭᠠᠷᠳᠠᠨ ᠭᠦᠢ᠍ᠴᠡᠳᠬᠡᠬᠦ ᠦᠢ᠍ᠯᠡᠴᠢᠯᠡᠭᠡ ᠳᠥᠭᠥᠮ ᠦᠭᠡᠢ ᠵᠡᠷᠭᠡ ᠠᠰᠠᠭᠤᠳᠠᠯ᠎ᠢ ᠰᠢᠢ᠍ᠳᠪᠦᠷᠢᠯᠡᠨ᠂ ᠭᠠᠷᠳᠠᠨ ᠭᠦᠢ᠍ᠴᠡᠳᠬᠡᠬᠦ ᠪᠠᠷᠢᠮᠵᠢᠶ᠎ᠠ ᠎ᠪᠠᠨ ᠨᠢᠭᠡᠳᠬᠡᠵᠦ᠂ ᠭᠦᠢ᠍ᠴᠡᠳᠬᠡᠬᠦ ᠶᠠᠪᠣᠴᠠ᠎ᠪᠠᠨ ᠰᠢᠯᠢᠳᠡᠭᠵᠢᠭᠦᠯᠦᠨ᠂ ᠪᠦᠬᠦ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠨᠢᠭᠡ ᠴᠣᠭᠴᠠᠵᠢᠭᠤᠯᠬᠤ ᠲᠠᠪᠴᠠᠩ ᠵᠶ᠋ᠠᠷ ᠲᠤᠯᠭ᠋ᠠᠭᠤᠷᠢᠯᠠᠯ ᠪᠣᠯᠭ᠋ᠠᠵᠤ᠂ ᠪᠦᠬᠦ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠰᠠᠭ᠎ᠤᠨ ᠶᠠᠪᠤᠳᠠᠯ᠎ᠤᠨ  ᠦᠢ᠍ᠯᠡᠴᠢᠯᠡᠬᠡ ᠵᠢᠨ ᠪᠦᠬᠦ ᠶᠠᠪᠣᠴᠠ ᠵᠢ ᠰᠦᠯᠵᠢᠶᠡᠨ᠎ᠳᠤ ᠭᠠᠷᠭ᠋ᠠᠬᠤ ᠵᠢ ᠠᠬᠢᠭᠤᠯᠤᠨ᠎ᠠ᠃ ᠠᠬᠣᠢ ᠲᠡᠯᠡᠪᠡᠢ᠎ᠳᠤ《ᠨᠢᠭᠡ ᠴᠣᠩᠬᠣᠪᠴᠢ᠎ᠪᠠᠷ ᠭᠦᠢ᠍ᠴᠡᠳᠬᠡᠬᠦ》 ᠵᠢ ᠪᠡᠶᠡᠯᠡᠬᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ  ᠪᠣᠯᠣᠨ ᠨᠡᠶ᠋ᠢᠭᠡᠮ᠎ᠤᠨ ᠪᠠᠳᠣᠯᠠᠭ᠎ᠠ ᠵᠢᠨ ᠡᠯ᠎ᠡ ᠲᠥᠷᠥᠯ᠎ᠤᠨ ᠲᠤᠬᠠᠶ᠋ᠢᠯᠠᠭᠰᠠᠨ ᠠᠵᠢᠯ᠎ᠤᠨ ᠮᠡᠳᠡᠭᠡ ᠵᠠᠩᠭᠢ ᠵᠢ ᠨᠢᠭᠡᠨ ᠲᠣᠮᠣ ᠰᠢᠰᠲᠸᠮ ᠪᠣᠯᠭ᠋ᠠᠨ ᠨᠡᠶ᠋ᠢᠳᠬᠡᠵᠦ᠂ ᠪᠦᠬᠦ ᠣᠷᠣᠨ᠎ᠳᠤ 《ᠡᠮᠦᠨ᠎ᠡ ᠲᠠᠯ᠎ᠠ᠎ᠳᠤ ᠬᠦᠯᠢᠶᠡᠨ ᠠᠪᠴᠤ ᠶᠡᠷᠦᠩᠬᠡᠢ᠌ᠯᠡᠨ ᠰᠢᠢ᠍ᠳᠪᠦᠷᠢᠯᠡᠬᠦ᠂ ᠠᠷᠤ  ᠲᠠᠯ᠎ᠠ᠎ᠳᠤ ᠲᠥᠷᠥᠯ ᠠᠩᠬᠢᠯᠠᠨ ᠬᠢᠨᠠᠨ ᠵᠥᠪᠰᠢᠶᠡᠷᠡᠬᠦ᠂ ᠶᠡᠷᠦᠩᠬᠡᠶ᠋ᠢᠯᠡᠭᠰᠡᠨ ᠴᠣᠩᠬᠣᠪᠴᠢ᠎ᠪᠠᠷ ᠭᠠᠷᠭ᠋ᠠᠵᠤ ᠥᠭᠬᠦ》 ᠦᠢ᠍ᠯᠡᠴᠢᠯᠡᠭᠡᠨ᠎ᠤ ᠬᠡᠪ ᠵᠠᠭᠪᠤᠷ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠣᠯᠠᠨ ᠲᠦᠮᠡᠨ ᠨᠢᠭᠡ ᠴᠣᠩᠬᠣᠪᠴᠢ᠎ᠪᠠᠷ ᠪᠦᠬᠦ ᠶᠠᠪᠤᠳᠠᠯ᠎ᠢ ᠭᠦᠢ᠍ᠴᠡᠳᠬᠡᠵᠦ ᠳᠡᠶ᠋ᠢᠯᠬᠦ  ᠪᠣᠯᠭ᠋ᠠᠨ᠂ ᠴᠣᠩᠬᠣᠪᠴᠢ᠎ᠪᠠᠷ ᠬᠡᠳᠦ ᠨᠠᠷᠢᠨ ᠬᠤᠪᠢᠶᠠᠷᠢᠯᠠᠭᠰᠠᠨ ᠪᠠᠶ᠋ᠢᠳᠠᠯ᠎ᠢ ᠲᠤᠶ᠋ᠢᠯᠪᠤᠷᠢᠲᠠᠢ ᠬᠤᠪᠢᠷᠠᠭᠤᠯᠵᠤ᠂ ᠠᠵᠤ ᠠᠬᠤᠶ᠋ᠢᠯᠠᠯ ᠪᠠ ᠣᠯᠠᠨ ᠲᠦᠮᠡᠨ ᠤᠴᠢᠷ ᠶᠠᠪᠤᠳᠠᠯ ᠭᠦᠢ᠍ᠴᠡᠳᠬᠡᠬᠦ᠎ᠳᠤ ᠠᠳᠠᠯᠢ ᠪᠤᠰᠤ ᠴᠣᠩᠬᠣᠪᠴᠢ᠎ᠳᠤ 《ᠳᠠᠬᠢᠨ ᠳᠠᠪᠲᠠᠨ ᠮᠦᠷᠯᠡᠬᠦ》《ᠳᠠᠬᠢᠨ ᠳᠠᠪᠲᠠᠨ ᠮᠠᠲ᠋ᠧᠷᠢᠶᠠᠯ ᠲᠣᠰᠢᠶᠠᠬᠣ》 ᠵᠡᠷᠭᠡ ᠵᠢ ᠦᠬᠡᠢ᠌ᠰᠬᠡᠵᠦ᠂  ᠬᠦᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠳᠠᠩ  ᠴᠣᠯᠭᠣᠢ᠎ᠠᠴᠠ᠎ᠨᠢ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠭ᠎ᠠ ᠳᠠᠰᠢ ᠬᠥᠭᠵᠢᠭᠦᠯᠬᠦ ᠵᠢ ᠠᠬᠢᠭᠣᠯᠣᠨ᠎ᠠ᠃《ᠨᠢᠭᠡ ᠺᠠᠷᠲ ᠵᠶ᠋ᠠᠷ ᠨᠡᠪᠲᠡᠷᠡᠭᠦᠯᠬᠦ 》᠎ᠲᠤ  ᠦᠢ᠍ᠯᠡᠴᠢᠯᠡᠨ᠎ᠡ᠃ ᠨᠡᠶ᠋ᠢᠭᠡᠮ᠎ᠤᠨ ᠪᠠᠳᠣᠯᠠᠭ᠎ᠠ ᠵᠢᠨ ᠺᠠᠷᠲ ᠵᠶ᠋ᠠᠷ ᠠᠴᠢᠶᠠᠯᠠᠪᠤᠷᠢ ᠪᠣᠯᠭ᠋ᠠᠭᠰᠠᠨ《ᠨᠢᠭᠡ ᠺᠠᠷᠲ ᠵᠶ᠋ᠠᠷ ᠨᠡᠪᠲᠡᠷᠡᠭᠦᠯᠬᠦ 》᠎ᠢ  ᠭᠡᠷᠡᠭᠵᠢᠬᠦᠯᠬᠦ᠎ᠳᠤ᠂ ᠡᠩ ᠲᠡᠷᠢᠭᠦᠨ᠎ᠳᠤ ᠨᠡᠶ᠋ᠢᠭᠡᠮ᠎ᠤᠨ ᠳᠠᠭ᠋ᠠᠳᠬᠠᠯ᠎ᠤᠨ ᠺᠠᠷᠲ᠎ᠢ ᠪᠣᠢ ᠪᠦᠬᠦᠢ ᠬᠥᠮᠦᠰ᠎ᠤᠨ ᠬᠦᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠢ᠌ᠬᠡᠮ᠎ᠤᠨ ᠪᠠᠳᠣᠯᠠᠭ᠎ᠠ ᠵᠢᠨ ᠠᠵᠢᠯ᠎ᠤᠨ ᠪᠡᠶ᠎ᠡ ᠵᠢᠨ ᠦᠨᠡᠮᠯᠡᠯ ᠪᠠ ᠣᠯᠭᠣᠮᠵᠢ ᠣᠯᠭᠣᠬᠤ  ᠳ᠋ᠦᠩᠨᠠᠨ ᠪᠣᠳᠣᠯᠳᠠ ᠵᠢᠨ ᠠᠴᠢᠶᠠᠯᠠᠪᠤᠷᠢ ᠪᠣᠯᠭ᠋ᠠᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠳᠣᠯᠠᠭ᠎ᠠ ᠵᠢᠨ ᠬᠦᠷᠢᠶ᠎ᠡ ᠬᠡᠪᠴᠢᠶᠡᠨ᠎ᠳᠤ《ᠪᠦᠬᠦ ᠠᠵᠢᠯ᠎ᠳᠤ ᠨᠢᠬᠡᠯᠡ ᠺᠠᠷᠲ ᠭᠡᠷᠡᠭᠯᠡᠬᠦ》᠎ᠢ  ᠪᠡᠶᠡᠯᠡᠬᠦᠯᠦᠨ᠎ᠡ᠃ ᠡᠭᠦᠨ᠎ᠤ ᠬᠠᠮᠲᠤ ᠨᠡᠶ᠋ᠢᠭᠡᠮ᠎ᠤᠨ ᠪᠠᠳᠣᠯᠠᠭ᠎ᠠ ᠵᠢᠨ ᠺᠠᠷᠲ ᠵᠶ᠋ᠠᠷ ᠠᠴᠢᠶᠠᠯᠠᠪᠤᠷᠢ ᠪᠣᠯᠭ᠋ᠠᠨ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠢ ᠡᠪᠡᠳᠴᠢᠨ ᠦᠵᠡᠭᠦᠯᠵᠦ ᠡᠮ ᠠᠪᠬᠤ᠂ ᠵᠠᠮ ᠬᠠᠷᠢᠯᠴᠠᠭ᠎ᠠ ᠭᠠᠳᠠᠭᠰᠢ ᠵᠣᠷᠴᠢᠬᠤ᠂ ᠵᠤᠭ᠋ᠠᠴᠠᠨ ᠲᠣᠭᠣᠷᠢᠬᠤ᠂ ᠰᠣᠶᠣᠯ᠎ᠢ ᠣᠶ᠋ᠢᠯᠠᠭ᠋ᠠᠬᠤ᠂ ᠠᠷᠠᠳ᠎ᠲᠤ ᠠᠰᠢᠭ ᠬᠦᠷᠲᠡᠭᠡᠬᠦ ᠲᠠᠷᠢᠶᠠᠴᠢᠨ ᠮᠠᠯᠴᠢᠳ᠎ᠲᠤ ᠠᠰᠢᠭ ᠬᠦᠷᠲᠡᠭᠡᠬᠦ ᠨᠥᠬᠥᠪᠥᠷᠢ ᠵᠢ ᠲᠠᠷᠬᠠᠭ᠋ᠠᠬᠤ᠂ ᠰᠠᠭᠤᠭ᠋ᠠᠯᠢ ᠠᠷᠠᠳ᠎ᠤᠨ ᠣᠶᠣᠨᠳᠣ ᠦᠢ᠍ᠯᠡᠴᠢᠯᠡᠬᠡ ᠵᠡᠷᠭᠡ᠎ᠳᠤ 《ᠨᠢᠭᠡ ᠺᠠᠷᠲ ᠵᠶ᠋ᠠᠷ ᠨᠡᠪᠲᠡᠷᠡᠭᠦᠯᠬᠦ》 ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃

     ᠰᠣᠨᠢᠨ ᠮᠡᠳᠡᠬᠡ ᠨᠡᠢ᠌ᠳᠡᠯᠡᠬᠦ ᠴᠠᠭ᠄ ᠭᠠᠷᠠᠭ᠎ᠤᠨ ᠭᠣᠷᠪᠠᠨ 2021 ᠣᠨ᠎ᠤ 10 ᠰᠠᠷ᠎ᠠ ᠵᠢᠨ 20᠎ᠤ ᠡᠳᠣᠷ 09᠄00
     ᠰᠣᠨᠢᠨ ᠮᠡᠳᠡᠬᠡ ᠨᠡᠢ᠌ᠳᠡᠯᠡᠬᠦ ᠭᠠᠵᠠᠷ᠄  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠢᠨᠲ᠋ᠧᠷ ᠰᠦᠯᠵᠢᠶ᠎ᠡ ᠮᠡᠳᠡᠭᠡ ᠵᠠᠩᠭᠢ ᠵᠢᠨ ᠠᠯᠪᠠᠨ ᠭᠡᠷ᠎ᠤᠨ ᠰᠣᠨᠢᠨ ᠮᠡᠳᠡᠭᠡ ᠨᠡᠶ᠋ᠢᠲᠡᠯᠡᠬᠦ ᠲᠢᠩᠬᠢᠮ
     ᠰᠣᠨᠢᠨ ᠮᠡᠳᠡᠬᠡ ᠨᠡᠢ᠌ᠳᠡᠯᠡᠬᠦ ᠨᠢᠬᠡᠴᠢ᠄ ᠦᠪᠣᠷ ᠮᠣᠩᠭᠣᠯ᠎ᠤᠨ ᠦᠪᠡᠷᠳᠡᠬᠡᠨ ᠵᠠᠰᠠᠬᠤ ᠣᠷᠣᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠢ᠌ᠬᠡᠮ᠎ᠤᠨ ᠪᠠᠳᠣᠯᠠᠭ᠎ᠠ ᠵᠢᠨ ᠲᠢᠩᠬᠢᠮ
     ᠰᠣᠨᠢᠨ ᠮᠡᠳᠡᠬᠡ ᠨᠡᠢ᠌ᠳᠡᠯᠡᠬᠦ ᠬᠦᠮᠦᠨ ᠄ ᠸᠠᠩ ᠯᠢᠨ

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠦᠷᠪᠡᠳᠣᠭᠡᠷ ᠲᠠᠪᠣᠨ ᠵᠢᠯ》᠎ᠤᠨ ᠲᠦᠯᠦᠪᠵᠢᠬᠦᠯᠬᠡ ᠵᠢᠨ ᠬᠣᠭᠣᠴᠠᠭ᠋ᠠᠨ ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 2021 ᠣᠨ᠎ᠤ ᠳᠡᠭᠡᠷ᠎ᠡ ᠬᠠᠭ᠋ᠠᠰ ᠵᠢᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠠᠬᠢᠴᠠ ᠵᠢᠨ ᠪᠠᠶ᠋ᠢᠳᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ᠎ᠬᠢᠨ 2021 ᠣᠨ᠎ᠤ ᠳᠡᠭᠡᠷ᠎ᠡ ᠬᠠᠭ᠋ᠠᠰ ᠵᠢᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠠᠵᠢᠯ᠎ᠤᠨ ᠠᠬᠢᠴᠠ ᠵᠢᠨ ᠪᠠᠶ᠋ᠢᠳᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠡ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠠᠴᠠ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠤᠬᠠᠢ ᠮᠡᠳᠡᠭᠡ ᠨᠡᠶ᠋ᠢᠲᠡᠯᠡᠬᠦ ᠬᠤᠷᠠᠯ ᠥᠨᠥᠳᠦᠷ ᠬᠤᠷᠠᠯᠳᠤᠪᠠ
 
            