11 ᠰᠠᠷ᠎ᠠ ᠵᠢᠨ 17᠎ᠤ ᠦᠳᠡ ᠵᠢᠨ ᠡᠮᠦᠨ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠦᠷᠪᠡᠳᠤᠬᠡᠷ ᠲᠠᠪᠤᠨ ᠵᠢᠯ᠎ᠤᠨ ᠲᠦᠯᠦᠪᠵᠢᠬᠦᠯᠬᠡ〉 ᠵᠢᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ〉 ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠰᠣᠨᠢᠨ ᠮᠡᠳᠡᠭᠡ ᠨᠡᠶ᠋ᠢᠲᠡᠯᠡᠬᠦ ᠲᠢᠩᠬᠢᠮ᠎ᠳᠤ ᠶᠠᠪᠤᠭᠳᠠᠪᠠ᠃
ᠥᠪᠥᠷ ᠮᠣᠩᠭᠣᠯ᠎ᠤᠨ ᠵᠢᠨ ᠬᠦᠮᠤᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠲᠠᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠠᠵᠢᠯ ᠤᠯᠭᠤᠬᠤ ᠦᠢ᠍ᠯᠡᠴᠢᠯᠡᠭᠡᠨ᠎ᠤ ᠲᠥᠪ᠎ᠤᠨ ᠡᠷᠬᠢᠯᠡᠭᠴᠢ ᠸᠠᠩ ᠯᠢᠨ ᠬᠣᠯᠪᠣᠭᠳᠠᠬᠤ ᠪᠠᠶ᠋ᠢᠳᠠᠯ᠎ᠢ ᠲᠠᠨᠢᠯᠴᠠᠭᠤᠯᠪᠠ᠃ ᠲᠢᠩᠬᠢᠮ᠎ᠤᠨ ᠠᠵᠢᠯ ᠣᠯᠭᠣᠯᠲᠠ ᠵᠢ ᠠᠬᠢᠭᠤᠯᠬᠤ ᠭᠠᠵᠠᠷ᠎ᠤᠨ ᠳᠠᠷᠤᠭ᠎ᠠ ᠹᠦ᠋ ᠯᠢᠩ ᠲᠤᠤ᠂ ᠲᠢᠩᠬᠢᠮ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢᠨ ᠭᠠᠵᠠᠷ᠎ᠤᠨ ᠳᠠᠷᠤᠭ᠎ᠠ ᠵᠠᠩ ᠰᠢᠶᠣᠤ ᠳ᠋ᠦ᠍ᠩ᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ ᠬᠣᠲᠠ ᠪᠠᠯᠭ᠋ᠠᠰᠤᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠭᠠᠵᠠᠷ᠎ᠤᠨ ᠬᠠᠷᠢᠭᠤᠴᠠᠯᠭ᠋ᠠᠲᠠᠨ ᠯᠢᠶᠠᠩ ᠬᠣᠣ ᠯᠢ᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ ᠦᠢ᠍ᠯᠡᠰ ᠪᠤᠰᠬᠠᠬᠤ ᠵᠢ ᠵᠢᠯᠣᠭᠣᠳᠬᠤ ᠭᠠᠵᠠᠷ᠎ᠤᠨ ᠬᠠᠷᠢᠭᠤᠴᠠᠯᠭ᠋ᠠᠲᠠᠨ ᠯᠢᠦ ᠷᠦᠢ ᠮᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠢ᠃

ᠨᠢᠭᠡ᠂ 《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠦᠯᠦᠪᠵᠢᠬᠦᠯᠬᠡ》 ᠵᠢᠨ ᠬᠤᠭᠤᠴᠠᠭ᠋ᠠᠨ᠎ᠤ ᠠᠵᠢᠯ ᠣᠯᠭᠣᠬᠤ ᠠᠵᠢᠯ᠎ᠤᠨ ᠠᠮᠵᠢᠯᠲᠠ ᠪᠦᠲᠦᠮᠵᠢ
《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠦᠯᠦᠪᠵᠢᠬᠦᠯᠬᠡ》 ᠵᠢᠨ ᠬᠤᠭᠤᠴᠠᠭ᠋ᠠᠨ᠎ᠳᠤ᠂ ᠪᠦᠬᠦ ᠣᠷᠣᠨ᠎ᠤ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯ ᠣᠯᠭᠣᠯᠲᠠ ᠵᠢ ᠲᠣᠭᠲᠠᠭᠤᠨ ᠪᠠᠶ᠋ᠢᠯᠭ᠋ᠠᠬᠤ᠂ ᠰᠠᠭᠤᠭ᠋ᠠᠯᠢ ᠠᠷᠠᠳ᠎ᠤᠨ ᠠᠵᠢᠯ ᠣᠯᠭᠣᠯᠲᠠ ᠵᠢ ᠪᠠᠲᠤᠯᠠᠬᠤ ᠶᠠᠪᠤᠳᠠᠯ᠎ᠢ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠭ᠋ᠠᠨ᠂ ᠭᠠᠳᠠᠭ᠋ᠠᠳᠤ ᠣᠷᠴᠢᠨ ᠲᠣᠭᠣᠷᠢᠨ᠎ᠤ ᠪᠤᠳᠤᠯᠢᠶᠠᠨᠲᠠᠢ ᠬᠤᠪᠢᠷᠠᠯᠲᠠ᠂ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠵᠡᠷᠭᠡ ᠣᠯᠠᠨ ᠳᠠᠪᠬᠤᠷ ᠳᠠᠭ᠋ᠠᠷᠢᠯᠲᠠ᠎ᠳᠤ ᠴᠢᠭᠯᠡᠭᠦᠯᠵᠦ᠂ ᠡᠯ᠎ᠡ ᠲᠠᠯ᠎ᠠ ᠵᠢᠨ᠎ᠬᠢᠨ᠎ᠲᠠᠢ ᠬᠠᠮᠲᠤᠷᠠᠨ ᠬᠠᠲᠠᠭᠤᠵᠢᠯᠲᠠᠢ ᠴᠢᠷᠮᠠᠶ᠋ᠢᠨ᠂ ᠪᠡᠷᠬᠡ ᠵᠢ ᠲᠤᠭᠤᠯᠤᠨ᠂ ᠠᠵᠢᠯ ᠣᠯᠭᠣᠬᠤ ᠠᠵᠢᠯ ᠢᠳᠡᠪᠬᠢᠲᠡᠢ ᠠᠬᠢᠵᠤ᠂ ᠮᠠᠨ᠎ᠤ ᠣᠷᠣᠨ᠎ᠤ ᠠᠵᠢᠯ ᠣᠯᠭᠣᠬᠤ ᠪᠠᠶ᠋ᠢᠳᠠᠯ ᠶᠡᠷᠦᠩᠬᠡᠢ᠎ᠳᠡᠭᠡᠨ ᠲᠣᠭᠲᠠᠭᠤᠨ ᠪᠠᠶ᠋ᠢᠬᠤ ᠵᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠥᠭᠡᠳ ᠪᠠᠰᠠ 《ᠠᠷᠪᠠᠨ ᠲᠦᠷᠪᠡᠳᠤᠭᠡᠷ ᠲᠠᠪᠤᠨ ᠵᠢᠯ᠎ᠤᠨ ᠲᠦᠯᠦᠪᠵᠢᠬᠦᠯᠬᠡ》 ᠵᠢᠨ ᠬᠤᠭᠤᠴᠠᠭ᠋ᠠᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠪᠠᠲᠤ ᠪᠡᠬᠢ ᠰᠠᠭᠤᠷᠢ ᠵᠢ ᠲᠠᠯᠪᠢᠪᠠ᠃
ᠨᠢᠭᠡ᠎ᠳᠤ᠂ ᠠᠵᠢᠯ ᠣᠯᠭᠣᠯᠲᠠ ᠵᠢᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃ ᠪᠦᠬᠦ ᠣᠷᠣᠨ᠎ᠤ ᠬᠣᠲᠠ ᠪᠠᠯᠭ᠋ᠠᠰᠤ ᠵᠢᠨ 128.44 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠤᠯᠭᠤᠵᠤ᠂ 125 ᠲᠦᠮᠡᠨ ᠬᠥᠮᠦᠨ᠎ᠤ ᠬᠠᠷᠠᠯᠲᠠ ᠵᠢᠨ ᠡᠭᠦᠷᠭᠡ ᠵᠢ ᠳᠠᠪᠠᠭᠤᠯᠤᠨ ᠪᠡᠶᠡᠯᠡᠭᠦᠯᠪᠡ᠃ ᠬᠣᠲᠠ ᠪᠠᠯᠭ᠋ᠠᠰᠤ ᠵᠢᠨ ᠪᠦᠷᠢᠳᠬᠡᠭᠦᠯᠦᠭᠰᠡᠨ ᠠᠵᠢᠯ ᠠᠯᠳᠠᠭᠰᠠᠨ ᠨᠤᠷᠮ᠎ᠠ ᠵᠢ 4% ᠵᠢᠨ ᠲᠤᠳᠤᠷ᠎ᠠ ᠬᠠᠮᠤᠭ ᠲᠤᠤᠷ᠎ᠠ ᠬᠢᠷᠢ ᠲᠦᠪᠰᠢᠨ᠎ᠳᠤ ᠬᠢᠵᠠᠭ᠋ᠠᠷᠯᠠᠵᠠᠢ᠃
ᠬᠣᠶᠠᠷ᠎ᠲᠤ᠂ ᠭᠣᠣᠯᠳᠠᠯᠭ᠎ᠠ᠎ᠲᠠᠢ ᠬᠥᠮᠦᠰ᠎ᠤᠨ ᠠᠵᠢᠯ ᠣᠯᠭᠣᠯᠲᠠ ᠦᠨᠳᠦᠰᠦᠨ᠎ᠳᠡᠭᠡᠨ ᠲᠣᠭᠲᠠᠭᠤᠨ ᠪᠠᠶ᠋ᠢᠨ᠎ᠠ᠃ ᠳᠡᠭᠡᠳᠦ ᠰᠤᠷᠭ᠋ᠠᠭᠤᠯᠢ ᠲᠡᠭᠦᠰᠦᠭᠰᠡᠨ 72.8 ᠲᠦᠮᠡᠨ ᠬᠥᠮᠦᠨ᠎ᠳᠤ ᠠᠵᠢᠯ ᠤᠯᠭᠤᠵᠤ᠂ ᠮᠠᠯᠴᠢᠨ ᠲᠠᠷᠢᠶᠠᠴᠢᠨ᠎ᠳᠤ ᠰᠢᠯᠵᠢᠭᠦᠯᠦᠨ ᠠᠵᠢᠯ ᠣᠯᠭᠣᠭᠰᠠᠨ᠎ᠨᠢ 1264.3 ᠲᠦᠮᠡᠨ ᠬᠥᠮᠦᠨ ᠤᠳᠠᠭ᠎ᠠ ᠳᠤ ᠬᠦᠷᠴᠤ᠂ ᠡᠭᠦᠨ᠎ᠳᠤ ᠮᠠᠯᠴᠢᠨ ᠲᠠᠷᠢᠶᠠᠴᠢᠨ᠎ᠳᠤ ᠰᠢᠯᠵᠢᠭᠦᠯᠦᠨ ᠠᠵᠢᠯ ᠣᠯᠭᠣᠭᠰᠠᠨ 6 ᠰᠠᠷ᠎ᠠ ᠵᠢᠨ ᠳᠡᠭᠡᠭᠰᠢ 1034.2 ᠲᠦᠮᠡᠨ ᠬᠥᠮᠦᠨ ᠤᠳᠠᠭ᠎ᠠ ᠪᠣᠢ ᠃ ᠬᠣᠲᠠ ᠪᠠᠯᠭ᠋ᠠᠰᠤᠨ᠎ᠤ ᠠᠵᠢᠯ ᠠᠯᠳᠠᠭᠰᠠᠨ 36.9 ᠲᠦᠮᠡᠨ ᠬᠥᠮᠦᠨ᠎ᠳᠤ ᠳᠠᠬᠢᠨ ᠠᠵᠢᠯ ᠣᠯᠭᠣᠵᠤ᠂ ᠠᠵᠢᠯ ᠣᠯᠬᠤ᠎ᠳᠤ ᠬᠦᠴᠢᠷᠲᠡᠢ 31.1 ᠲᠦᠮᠡᠨ ᠬᠥᠮᠦᠨ᠎ᠳᠤ ᠠᠵᠢᠯ ᠣᠯᠭᠣᠪᠠ᠃
ᠭᠤᠷᠪᠠ᠎ᠳᠤ᠂ ᠬᠦᠳᠡᠯᠮᠤᠷᠢᠴᠢᠳ᠎ᠤᠨ ᠬᠡᠪ ᠴᠢᠨᠠᠷ ᠨᠡᠶ᠋ᠢᠳᠡᠮ᠎ᠳᠡᠭᠡᠨ ᠳᠡᠭᠡᠭᠰᠢᠯᠡᠪᠡ᠃ ᠮᠡᠷᠭᠡᠵᠢᠯ᠎ᠤᠨ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ ᠲᠣᠭᠲᠠᠭᠤᠨ ᠵᠶ᠋ᠠᠷ ᠨᠡᠮᠡᠭᠳᠡᠵᠦ᠂ ᠮᠡᠷᠭᠡᠵᠢᠯ᠎ᠤᠨ ᠴᠢᠳᠠᠪᠤᠷᠢ᠎ᠲᠠᠢ ᠬᠥᠳᠡᠯᠮᠦᠷᠢᠴᠢᠳ᠎ᠤᠨ ᠶᠡᠷᠦᠩᠬᠡᠢ ᠬᠡᠮᠵᠢᠶ᠎ᠡ 211.7 ᠲᠦᠮᠡᠨ ᠬᠥᠮᠦᠨ ᠪᠠᠶ᠋ᠢᠭᠰᠠᠨ᠋ᠠᠴᠠᠪᠠᠨ 279 ᠲᠦᠮᠡᠨ ᠬᠥᠮᠦᠨ ᠪᠣᠯᠵᠤ ᠨᠡᠮᠡᠭᠳᠡᠨ᠂ ᠲᠡᠬᠡᠳᠤ ᠮᠡᠷᠭᠡᠵᠢᠯ᠎ᠤᠨ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ 74.1 ᠲᠦᠮᠡᠨ ᠬᠥᠮᠦᠨ᠎ᠳᠤ ᠬᠦᠷᠴᠦ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ 106 ᠲᠦᠮᠡᠨ ᠬᠥᠮᠦᠨ᠎ᠳᠤ ᠬᠦᠷᠪᠡ᠃
ᠬᠣᠶᠠᠷ᠂ 《ᠲᠥᠯᠥᠪᠵᠢᠭᠦᠯᠭᠡ》 ᠵᠢᠨ ᠶᠡᠷᠦᠩᠬᠡᠢ ᠲᠥᠯᠥᠪ
《ᠲᠥᠯᠥᠪᠵᠢᠭᠦᠯᠭᠡ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠨᠲᠡ ᠳᠠᠷᠤᠮᠠᠯᠯᠠᠨ ᠲᠠᠷᠬᠠᠭ᠋ᠠᠵᠤ᠂ ᠨᠡᠶ᠋ᠢᠲᠡ ᠠᠷᠪᠠᠨ ᠨᠢᠭᠡ ᠪᠦᠯᠦᠭ᠂ ᠳᠥᠴᠢᠨ ᠬᠡᠰᠡᠭ ᠬᠤᠪᠢᠶᠠᠨ᠎ᠠ᠃ ᠭᠣᠣᠯᠳᠠᠭᠤ ᠭᠤᠷᠪᠠᠨ ᠬᠡᠰᠡᠭ ᠪᠠᠭᠲᠠᠨ᠎ᠠ᠄
ᠨᠢᠭᠡᠳᠦᠭᠡᠷ ᠬᠡᠰᠡᠭ᠎ᠨᠢ ᠲᠠᠷᠤᠢ ᠨᠢᠬᠡᠳᠤᠬᠡᠷ ᠪᠦᠯᠦᠭ᠎ᠠᠴᠠ ᠬᠤᠶᠠᠳᠤᠭ᠋ᠠᠷ ᠪᠦᠯᠦᠭ᠃ ᠬᠥᠭᠵᠢᠯᠲᠡ ᠵᠢᠨ ᠰᠠᠭᠤᠷᠢ᠂ ᠲᠤᠯᠭ᠋ᠠᠷᠠᠭᠰᠠᠨ ᠪᠠᠢ᠌ᠳᠠᠯ᠂ ᠵᠢᠯᠣᠭᠣᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠭᠣᠣᠯ ᠬᠠᠷᠠᠯᠲᠠ ᠵᠢ ᠪᠠᠭᠳᠠᠭ᠋ᠠᠵᠤ᠂ 《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠦᠯᠦᠪᠵᠢᠬᠦᠯᠬᠡ》᠎ᠠᠴᠠ ᠨᠠᠰᠢᠬᠢ ᠠᠵᠢᠯ ᠤᠯᠭᠤᠯᠳᠠ ᠵᠢᠨ ᠠᠵᠢᠯ᠎ᠤᠨ ᠦᠷ᠎ᠡ ᠪᠦᠲᠦᠮᠵᠢ᠂ 《ᠠᠷᠪᠠᠨ ᠲᠦᠷᠪᠡᠳᠤᠬᠡᠷ ᠲᠠᠪᠤᠨ ᠵᠢᠯ᠎ᠤᠨ ᠲᠦᠯᠦᠪᠵᠢᠬᠦᠯᠬᠡ》 ᠵᠢᠨ ᠬᠤᠭᠤᠴᠠᠭ᠋ᠠᠨ᠎ᠳᠤ ᠲᠤᠯᠭ᠋ᠠᠷᠠᠬᠤ ᠵᠠᠪ ᠲᠣᠬᠢᠶᠠᠯ ᠪᠣᠯᠤᠨ ᠥᠷᠢᠰᠦᠯᠳᠦᠭᠡᠨ᠎ᠢ ᠰᠢᠰᠲ᠋ᠧᠮ᠎ᠲᠠᠢ ᠥᠭᠦᠯᠡᠵᠦ᠂ 《ᠠᠷᠪᠠᠨ ᠲᠦᠷᠪᠡᠳᠤᠬᠡᠷ ᠲᠠᠪᠤᠨ ᠵᠢᠯ᠎ᠤᠨ ᠲᠦᠯᠦᠪᠵᠢᠬᠦᠯᠬᠡ》 ᠵᠢᠨ ᠬᠤᠭᠤᠴᠠᠭ᠋ᠠᠨ᠎ᠤ ᠪᠦᠬᠦ ᠣᠷᠣᠨ᠎ᠤ ᠠᠵᠢᠯ ᠣᠯᠭᠣᠯᠲᠠ ᠵᠢᠨ ᠠᠵᠢᠯ᠎ᠤᠨ ᠵᠢᠯᠤᠭᠤᠳᠬᠤ ᠦᠵᠡᠯ ᠰᠠᠨᠠᠭ᠎ᠠ ᠪᠣᠯᠤᠨ ᠦᠨᠳᠦᠰᠦᠨ ᠵᠠᠷᠴᠢᠮ᠎ᠢ ᠲᠣᠳᠣᠷᠬᠠᠶ᠋ᠢᠯᠠᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠢᠯ ᠣᠯᠭᠣᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠪᠦᠲᠦᠴᠡ ᠵᠢᠨ ᠴᠢᠨᠠᠷᠲᠠᠢ ᠠᠵᠢᠯ ᠣᠯᠭᠣᠯᠲᠠ ᠵᠢᠨ ᠵᠥᠷᠢᠴᠡᠯ᠎ᠢ ᠨᠠᠮᠳᠠᠭᠤᠯᠬᠤ᠂ ᠦᠢ᠍ᠯᠡᠰ ᠪᠤᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠬᠤ ᠪᠠ ᠠᠶᠤᠯ ᠲᠦᠭᠰᠢᠭᠦᠷᠢ ᠵᠢ ᠰᠡᠷᠭᠡᠶ᠋ᠢᠯᠡᠨ ᠬᠢᠵᠠᠭ᠋ᠠᠷᠯᠠᠬᠤ ᠴᠢᠳᠠᠪᠤᠷᠢ ᠵᠢ ᠳᠡᠭᠡᠭᠰᠢᠯᠡᠭᠦᠯᠬᠦ ᠲᠠᠪᠤᠨ ᠲᠠᠯ᠎ᠠ᠎ᠠᠴᠠ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠬᠤᠭᠤᠴᠠᠭ᠋ᠠᠨ᠎ᠳᠠᠬᠢ ᠠᠵᠢᠯ ᠣᠯᠭᠣᠯᠲᠠ ᠵᠢᠨ 17 ᠵᠦᠢ᠍ᠯ᠎ᠤᠨ ᠭᠣᠣᠯ ᠭᠦᠢ᠍ᠴᠡᠳᠬᠡᠬᠦ ᠲᠣᠭ᠎ᠠ ᠵᠢ ᠲᠣᠳᠣᠷᠬᠠᠶ᠋ᠢᠯᠠᠪᠠ᠃
ᠬᠣᠶᠠᠳᠤᠭ᠋ᠠᠷ ᠬᠡᠰᠡᠭ᠎ᠨᠢ ᠭᠤᠷᠪᠠᠳᠤᠭ᠋ᠠᠷ ᠪᠦᠯᠦᠭ᠎ᠠᠴᠠ ᠠᠷᠪᠠᠳᠤᠭ᠋ᠠᠷ ᠪᠦᠯᠦᠭ᠂ ᠭᠣᠣᠯᠳᠠᠭᠤ ᠨᠠᠢ᠍ᠮᠠᠨ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠲᠣᠳᠣᠷᠬᠠᠶ᠋ᠢᠯᠠᠪᠠ᠃
ᠨᠢᠭᠡ᠎ᠳᠤ᠂ ᠠᠵᠤ ᠠᠬᠤᠢ ᠵᠢᠨ ᠬᠥᠭᠵᠢᠯᠲᠡ ᠵᠢᠨ ᠠᠵᠢᠯ ᠣᠯᠭᠣᠬᠤ ᠤᠳᠤᠷᠢᠳᠤᠮᠵᠢ ᠵᠢ ᠪᠠᠷᠢᠮᠲᠠᠯᠠᠬᠤ ᠬᠡᠷᠡᠭᠲᠡᠢ᠃ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠪᠠᠶ᠋ᠢᠯᠳᠤᠬᠤ ᠪᠣᠳᠣᠯᠭ᠎ᠠ ᠵᠢ ᠲᠦᠯᠬᠢᠨ ᠠᠬᠢᠭᠤᠯᠬᠤ᠎ᠪᠠᠷ ᠭᠣᠣᠯᠯᠠᠭᠤᠯᠤᠨ᠂ ᠠᠵᠤ ᠠᠬᠤᠢ ᠵᠢᠨ ᠬᠥᠭᠵᠢᠯᠲᠡ ᠪᠣᠯᠤᠨ ᠠᠵᠢᠯ ᠣᠯᠭᠣᠯᠲᠠ ᠵᠢ ᠥᠷᠭᠡᠳᠬᠡᠬᠦ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠬᠢᠭᠡᠳ ᠠᠵᠢᠯ ᠣᠯᠭᠣᠯᠲᠠ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠰᠢᠯᠢᠳᠡᠭ ᠦᠢ᠍ᠯᠡᠳᠤᠯᠴᠡᠯᠢ ᠪᠦᠷᠢᠯᠳᠤᠬᠦᠯᠬᠦ ᠵᠢ ᠲᠦᠯᠬᠢᠨ ᠠᠬᠢᠭᠤᠯᠵᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠴᠢᠩᠭ᠋ᠠᠷᠠᠭᠤᠯᠬᠤ᠂ ᠣᠳᠣ ᠦᠶ᠎ᠡ ᠵᠢᠨ ᠠᠵᠤ ᠦᠢ᠍ᠯᠡᠰ᠎ᠤᠨ ᠠᠵᠢᠯ ᠣᠯᠭᠣᠯᠲᠠ ᠵᠢᠨ ᠪᠠᠭᠲᠠᠭ᠋ᠠᠮᠵᠢ ᠵᠢ ᠦᠷᠬᠡᠳᠬᠡᠬᠦ᠂ ᠦᠢ᠍ᠯᠡᠴᠢᠯᠡᠭᠡᠨ᠎ᠤ ᠦᠢ᠍ᠯᠡᠰ᠎ᠤᠨ ᠠᠵᠢᠯ ᠣᠯᠭᠣᠯᠲᠠ ᠵᠢ ᠰᠢᠩᠭᠡᠭᠡᠨ ᠠᠪᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ ᠤᠳ ᠠᠵᠢᠯ ᠣᠯᠭᠣᠯᠲᠠ ᠵᠢ ᠰᠢᠩᠭᠡᠭᠡᠬᠦ ᠵᠢ ᠲᠡᠮᠵᠢᠬᠦ ᠳᠥᠷᠪᠡᠨ ᠲᠠᠯ᠎ᠠ᠎ᠪᠠᠷ ᠪᠠᠶ᠋ᠢᠷᠢᠯᠠᠭᠤᠯᠤᠯᠲᠠ ᠬᠢᠪᠡ᠃
ᠬᠣᠶᠠᠷ᠎ᠲᠤ᠂ ᠭᠣᠣᠯᠳᠠᠯᠭ᠎ᠠ᠎ᠲᠠᠢ ᠬᠦᠮᠤᠰ᠎ᠤᠨ ᠠᠵᠢᠯ ᠣᠯᠭᠣᠯᠲᠠ ᠵᠢ ᠳᠡᠮᠵᠢᠬᠦ ᠰᠢᠰᠲᠸᠮ᠎ᠢ ᠲᠡᠭᠦᠯᠳᠡᠷᠵᠢᠭᠦᠯᠦᠨ᠎ᠡ᠃ ᠭᠣᠣᠯᠳᠠᠯᠭ᠎ᠠ᠎ᠲᠠᠢ ᠬᠦᠮᠤᠰ᠎ᠤᠨ ᠣᠯᠠᠨ ᠠᠷᠭ᠎ᠠ ᠵᠠᠮ ᠣᠯᠠᠨ ᠬᠡᠯᠪᠡᠷᠢ ᠮᠠᠶᠢᠭ ᠵᠶ᠋ᠠᠷ ᠠᠵᠢᠯ ᠣᠯᠬᠤ ᠵᠢ ᠠᠬᠢᠭᠤᠯᠬᠤ ᠲᠣᠭᠣᠷᠢᠨ᠎ᠳᠤ᠂ ᠠᠵᠢᠯ ᠣᠯᠭᠣᠯᠲᠠ ᠵᠢᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠵᠤ᠂ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠣᠯᠲᠠ ᠵᠢ ᠳᠣᠪᠣᠶ᠋ᠢᠯᠭ᠋ᠠᠬᠤ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠤᠨ᠎ᠤ ᠰᠢᠯᠵᠢᠵᠦ ᠠᠵᠢᠯ ᠣᠯᠬᠤ ᠵᠢ ᠠᠬᠢᠭᠤᠯᠬᠤ᠂ ᠴᠡᠷᠢᠭ᠎ᠠᠴᠠ ᠬᠠᠯᠠᠭᠳᠠᠭᠰᠠᠳ᠎ᠤᠨ ᠠᠵᠢᠯ ᠣᠯᠭᠣᠯᠲᠠ ᠵᠢᠨ ᠪᠠᠲᠤᠯᠠᠭ᠎ᠠ ᠵᠢ ᠴᠢᠩᠭ᠋ᠠᠳᠬᠠᠬᠤ᠂ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠢᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠪᠤᠰᠤᠳ ᠭᠣᠣᠯᠳᠠᠯᠭ᠎ᠠ᠎ᠲᠠᠢ ᠬᠦᠮᠤᠰ᠎ᠲᠤ ᠠᠵᠢᠯ ᠣᠯᠭᠣᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠢᠬᠦ ᠲᠠᠪᠤᠨ ᠲᠠᠯ᠎ᠠ᠎ᠪᠠᠷ ᠪᠠᠶ᠋ᠢᠷᠢᠯᠠᠭᠤᠯᠤᠯᠲᠠ ᠬᠢᠪᠡ᠃
ᠭᠤᠷᠪᠠ᠎ᠳᠤ᠂ 《ᠦᠢ᠍ᠯᠡᠰ ᠪᠤᠰᠬᠠᠵᠤ ᠰᠢᠨ᠎ᠡ ᠵᠢ ᠡᠭᠦᠳᠬᠦ》 ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠠᠮᠢᠵᠢᠷᠠᠯ᠎ᠤᠨ ᠬᠦᠴᠦᠨ᠎ᠢ ᠳᠠᠶ᠋ᠢᠴᠢᠯᠠᠨ᠎ᠠ᠃ ᠣᠯᠠᠨ ᠵᠶ᠋ᠠᠷ ᠵᠶ᠋ᠠᠨ ᠦᠢ᠍ᠯᠡᠰ ᠪᠣᠰᠬᠠᠵᠤ᠂ ᠨᠡᠶ᠋ᠢᠲᠡ᠎ᠪᠠᠷ ᠵᠶ᠋ᠡᠨ ᠰᠢᠨ᠎ᠡ ᠵᠢ ᠡᠭᠦᠳᠬᠦ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠥᠬᠥ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠦᠢ᠍ᠯᠡᠰ ᠪᠦᠲᠦᠭᠡᠬᠦ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠳᠠᠬᠢᠨ ᠨᠡᠮᠡᠭᠳᠡᠯ᠎ᠤᠨ ᠦᠢ᠍ᠯᠡᠳᠦᠯ᠎ᠢ ᠪᠦᠲᠦᠮᠵᠢᠲᠡᠢ ᠪᠠᠳᠠᠷᠠᠭᠤᠯᠵᠤ᠂ ᠰᠢᠨ᠎ᠡ ᠵᠢ ᠡᠭᠦᠳᠬᠦ ᠦᠢ᠍ᠯᠡᠰ ᠪᠣᠰᠬᠠᠬᠤ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ᠂ ᠡᠯ᠎ᠡ ᠲᠥᠷᠥᠯ᠎ᠤᠨ ᠭᠣᠣᠯᠳᠠᠯᠭ᠎ᠠ᠎ᠲᠠᠢ ᠬᠥᠮᠦᠰ᠎ᠤᠨ ᠦᠢ᠍ᠯᠡᠰ ᠪᠣᠰᠬᠠᠬᠤ᠎ᠳᠤ ᠣᠷᠣᠯᠴᠠᠬᠤ ᠵᠢ ᠳᠡᠮᠵᠢᠬᠦ ᠭᠤᠷᠪᠠᠨ ᠲᠠᠯ᠎ᠠ᠎ᠠᠴᠠ ᠪᠠᠶ᠋ᠢᠷᠢᠯᠠᠭᠤᠯᠤᠯᠲᠠ ᠬᠢᠪᠡ᠃
ᠳᠥᠷᠪᠡ᠎ᠳᠤ᠂ ᠣᠯᠠᠨ ᠠᠷᠭ᠎ᠠ ᠵᠠᠮ ᠵᠶ᠋ᠠᠷ ᠠᠮᠢᠳᠤᠯᠢᠭ ᠵᠶ᠋ᠠᠷ ᠠᠵᠢᠯ ᠣᠯᠬᠤ ᠵᠢ ᠳᠡᠮᠵᠢᠨ᠎ᠡ᠃ ᠰᠢᠨ᠎ᠡ ᠠᠵᠢᠯ ᠣᠯᠭᠣᠯᠲᠠ ᠵᠢᠨ ᠬᠡᠯᠪᠡᠷᠢ ᠪᠠᠶ᠋ᠢᠳᠠᠯ᠎ᠤᠨ ᠬᠥᠭᠵᠢᠯᠲᠡ᠎ᠳᠤ ᠢᠳᠡᠪᠬᠢᠲᠡᠢ ᠵᠣᠬᠢᠴᠠᠵᠤ᠂ ᠠᠮᠢᠳᠤᠯᠢᠭ ᠵᠶ᠋ᠠᠷ ᠠᠵᠢᠯ ᠣᠯᠭᠣᠬᠤ ᠠᠷᠭ᠎ᠠ ᠵᠠᠮ᠎ᠢ ᠥᠷᠭᠡᠳᠬᠡᠵᠦ᠂ ᠠᠮᠢᠳᠤᠯᠢᠭ ᠵᠶ᠋ᠠᠷ ᠠᠵᠢᠯ ᠣᠯᠭᠣᠯᠲᠠ ᠵᠢ ᠪᠠᠳᠤᠯᠠᠵᠤ ᠲᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠤᠪᠢ ᠵᠢᠨ ᠡᠵᠡᠩᠨᠡᠯᠲᠡ ᠵᠢ ᠵᠣᠷᠢᠭᠵᠢᠭᠤᠯᠤᠨ ᠬᠥᠭᠵᠢᠭᠦᠯᠬᠦ᠂ ᠪᠦᠬᠦᠯᠢ ᠡᠳᠦᠷ ᠤᠨ ᠪᠤᠰᠤ ᠲᠦᠷᠢᠮ᠎ᠤᠨ ᠠᠵᠢᠯ ᠣᠯᠭᠣᠬᠤ ᠲᠣᠬᠢᠶᠠᠯ᠎ᠢ ᠨᠡᠮᠡᠭᠳᠡᠭᠦᠯᠬᠦ᠂ ᠰᠢᠨ᠎ᠡ ᠠᠵᠢᠯ ᠣᠯᠭᠣᠯᠲᠠ ᠵᠢᠨ ᠬᠡᠯᠪᠡᠷᠢ ᠵᠢ ᠳᠠᠮᠵᠢᠨ ᠵᠢᠷᠤᠮᠵᠢᠭᠤᠯᠬᠤ ᠵᠡᠷᠭᠡ ᠭᠤᠷᠪᠠᠨ ᠲᠠᠯ᠎ᠠ᠎ᠪᠠᠷ ᠪᠠᠶ᠋ᠢᠷᠢᠯᠠᠭᠤᠯᠤᠯᠲᠠ ᠬᠢᠪᠡ᠃
ᠲᠠᠪᠤ᠎ᠳᠤ᠂ ᠬᠦᠳᠡᠯᠮᠦᠷᠢᠯᠡᠭᠴᠢᠳ᠎ᠤᠨ ᠠᠵᠢᠯ ᠣᠯᠵᠤ ᠦᠢ᠍ᠯᠡᠰ ᠪᠤᠰᠬᠠᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠠᠵᠢᠯ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠠ ᠴᠢᠳᠠᠪᠤᠷᠢᠲᠠᠨ᠎ᠢ ᠢᠯᠡᠷᠡᠬᠦᠯᠵᠤ ᠬᠦᠮᠤᠵᠢᠬᠦᠯᠬᠦ ᠠᠵᠢᠯ᠎ᠢ ᠭᠣᠣᠯᠴᠢᠯᠠᠨ ᠴᠢᠩᠭ᠋ᠠᠳᠬᠠᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠳᠤ ᠵᠣᠬᠢᠴᠠᠭᠰᠠᠨ᠂ ᠨᠡᠯᠢᠶᠡᠳ ᠥᠨᠳᠥᠷ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠪᠠ ᠶᠣᠰᠣ ᠮᠣᠷᠠᠯ᠎ᠤᠨ ᠬᠡᠪ ᠴᠢᠨᠠᠷᠲᠠᠢ᠂ ᠪᠦᠲᠦᠴᠡ᠎ᠨᠢ ᠨᠡᠯᠢᠶᠡᠳ ᠵᠦᠢ ᠵᠣᠬᠢᠰᠲᠠᠢ ᠬᠥᠳᠡᠯᠮᠦᠷᠢᠴᠢᠳ᠎ᠤᠨ ᠡᠩᠨᠡᠭᠡ ᠵᠢ ᠪᠠᠶ᠋ᠢᠭᠤᠯᠵᠤ᠂ ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠎ᠤᠨ ᠰᠢᠰᠲᠸᠮ᠎ᠢ ᠲᠡᠭᠦᠯᠳᠡᠷᠵᠢᠭᠦᠯᠬᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠂ ᠡᠩ᠎ᠤᠨ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ᠎ᠢ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ᠂ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠵᠡᠷᠭᠡ ᠳᠥᠷᠪᠡᠨ ᠲᠠᠯ᠎ᠠ᠎ᠪᠠᠷ ᠪᠠᠶ᠋ᠢᠷᠢᠯᠠᠭᠤᠯᠤᠯᠲᠠ ᠬᠢᠪᠡ᠃
ᠵᠢᠷᠭᠤᠭ᠎ᠠ᠎ᠳᠤ᠂ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠴᠢᠩᠭ᠋ᠠᠳᠬᠠᠨ᠎ᠠ᠃ ᠪᠦᠬᠦ ᠶᠠᠪᠤᠴᠠ᠎ᠳᠤ ᠲᠤᠤᠱᠯᠠᠭᠳᠠᠭᠰᠠᠨ᠂ ᠪᠦᠬᠦ ᠣᠷᠣᠨ᠎ᠢ ᠨᠥᠯᠥᠭᠡᠯᠡᠭᠰᠡᠨ᠂ ᠳᠥᠭᠥᠮ ᠲᠦᠳᠡ ᠪᠥᠭᠡᠳ ᠥᠨᠳᠥᠷ ᠦᠷ᠎ᠡ ᠪᠦᠲᠦᠮᠵᠢᠲᠡᠢ ᠪᠦᠬᠦ ᠲᠠᠯ᠎ᠠ ᠵᠢᠨ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠰᠢᠰᠲᠸᠮ᠎ᠢ ᠪᠦᠬᠦ ᠬᠦᠴᠦᠨ ᠵᠶ᠋ᠡᠷ ᠵᠶ᠋ᠡᠨ ᠪᠣᠢ ᠪᠣᠯᠭ᠋ᠠᠵᠤ᠂ ᠬᠦᠳᠡᠯᠮᠦᠷᠢᠯᠡᠭᠴᠢᠳ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢ ᠵᠣᠬᠢᠴᠠᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠰᠢᠰᠲᠸᠮ ᠢ ᠪᠦᠷᠢᠨᠰᠢᠭᠦᠯᠬᠦ᠂ ᠣᠯᠠᠨ ᠨᠡᠶ᠋ᠢᠲᠡ ᠵᠢᠨ ᠠᠵᠢᠯ ᠤᠯᠵᠤ ᠦᠢ᠍ᠯᠡᠰ ᠪᠤᠰᠬᠠᠬᠤ ᠦᠢ᠍ᠯᠡᠴᠢᠯᠡᠭᠡᠨ᠎ᠤ ᠰᠢᠰᠲᠸᠮ ᠢ ᠪᠦᠷᠢᠨᠰᠢᠭᠦᠯᠬᠦ᠂ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠳᠥᠷᠪᠡᠨ ᠲᠠᠯ᠎ᠠ᠎ᠪᠠᠷ ᠪᠠᠶ᠋ᠢᠷᠢᠯᠠᠭᠤᠯᠤᠯᠲᠠ ᠬᠢᠪᠡ᠃
ᠳᠣᠯᠣᠭ᠎ᠠ᠎ᠳᠤ᠂ ᠬᠥᠳᠡᠯᠮᠦᠷᠢᠴᠢᠳ᠎ᠤᠨ ᠠᠵᠢᠯ ᠣᠯᠭᠣᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠬᠥᠳᠡᠯᠮᠦᠷᠢᠴᠢᠳ᠎ᠤᠨ ᠠᠵᠢᠯ ᠣᠯᠬᠤ ᠨᠥᠬᠥᠴᠡᠯ᠎ᠢ ᠦᠷᠭᠦᠯᠵᠢᠯᠡᠨ ᠰᠠᠶ᠋ᠢᠵᠢᠷᠠᠭᠤᠯᠬᠤ ᠲᠣᠭᠣᠷᠢᠨ᠎ᠳᠤ ᠬᠥᠳᠡᠯᠮᠦᠷᠢ ᠵᠢᠨ ᠡᠷᠬᠡ ᠠᠰᠢᠭ᠎ᠤᠨ ᠬᠠᠮᠠᠭ᠋ᠠᠯᠠᠯᠲᠠ ᠪᠠ ᠪᠠᠲᠤᠯᠠᠭ᠎ᠠ ᠵᠢ ᠴᠢᠩᠭ᠋ᠠᠳᠬᠠᠵᠤ᠂ ᠬᠥᠳᠡᠯᠮᠦᠷᠢᠴᠢᠳ᠎ᠤᠨ ᠠᠵᠢᠯ᠎ᠤᠨ ᠪᠠᠶ᠋ᠢᠷᠢ ᠵᠢᠨ ᠬᠠᠷᠠᠭ᠋ᠠᠯᠵᠠᠯ᠎ᠢ ᠳᠡᠭᠡᠭᠰᠢᠯᠡᠭᠦᠯᠵᠦ᠂ ᠨᠡᠩ ᠥᠨᠳᠥᠷ ᠶᠠᠰᠤ ᠴᠢᠨᠠᠷᠲᠠᠢ ᠠᠵᠢᠯ ᠣᠯᠭᠣᠯᠲᠠ ᠵᠢ ᠠᠬᠢᠭᠤᠯᠵᠤ᠂ ᠬᠥᠳᠡᠯᠮᠦᠷᠢᠴᠢᠳ᠎ᠤᠨ ᠬᠦᠷᠲᠡᠮᠵᠢ ᠵᠢᠨ ᠲᠥᠷᠥᠭᠳᠡᠯ᠎ᠢ ᠨᠡᠮᠡᠭᠳᠡᠭᠦᠯᠬᠦ᠂ ᠬᠥᠳᠡᠯᠮᠦᠷᠢ ᠵᠢᠨ ᠬᠠᠷᠢᠴᠠᠭ᠎ᠠ ᠵᠢ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠬᠦ᠂ ᠬᠥᠳᠡᠯᠮᠦᠷᠢᠴᠢᠳ᠎ᠤᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠬᠤ ᠭᠤᠷᠪᠠᠨ ᠲᠠᠯ᠎ᠠ᠎ᠪᠠᠷ ᠪᠠᠶ᠋ᠢᠷᠢᠯᠠᠭᠤᠯᠤᠯᠲᠠ ᠬᠢᠪᠡ᠃
ᠨᠠᠢ᠍ᠮᠠ᠎ᠳᠤ᠂ ᠠᠵᠢᠯ ᠤᠯᠭᠤᠯᠳᠠ ᠠᠵᠢᠯ ᠠᠯᠳᠠᠯᠲᠠ ᠵᠢᠨ ᠲᠦᠭᠰᠢᠭᠦᠷᠢ ᠵᠢ ᠪᠦᠲᠦᠮᠵᠢᠲᠡᠢ ᠰᠡᠷᠬᠡᠢ᠌ᠯᠡᠵᠤ ᠨᠠᠮᠵᠢᠭᠤᠯᠤᠨᠠ᠃ ᠬᠡᠪᠴᠢᠶᠡᠵᠢᠯ᠎ᠤᠨ ᠴᠢᠨᠠᠷᠲᠠᠢ ᠠᠵᠢᠯ ᠠᠯᠳᠠᠬᠤ ᠲᠦᠭᠰᠢᠭᠦᠷᠢ ᠦᠯᠦ ᠭᠠᠷᠭ᠋ᠠᠬᠤ ᠬᠢᠵᠠᠭ᠋ᠠᠷ ᠱᠤᠭᠤᠮ᠎ᠢ ᠡᠷᠡᠰ ᠰᠠᠬᠢᠵᠤ᠂ ᠠᠵᠢᠯ ᠣᠯᠭᠣᠯᠲᠠ ᠵᠢᠨ ᠪᠠᠶ᠋ᠢᠳᠠᠯ᠎ᠢ ᠵᠠᠳᠠᠯᠤᠨ ᠰᠤᠳᠤᠯᠵᠤ ᠮᠠᠭ᠋ᠠᠳᠯᠠᠬᠤ ᠲᠣᠭᠲᠠᠴᠠ ᠵᠢ ᠲᠡᠭᠦᠯᠳᠡᠷᠵᠢᠭᠦᠯᠬᠦ᠂ ᠠᠵᠢᠯ ᠣᠯᠭᠣᠯᠲᠠ ᠠᠵᠢᠯ ᠠᠯᠳᠠᠯᠲᠠ ᠵᠢ ᠬᠢᠨᠠᠨ ᠬᠡᠮᠵᠢᠵᠦ ᠰᠡᠷᠡᠮᠵᠢᠯᠡᠭᠦᠯᠬᠦ᠎ᠪᠠᠨ ᠴᠢᠩᠭ᠋ᠠᠳᠬᠠᠬᠤ᠂ ᠠᠵᠢᠯ ᠠᠯᠳᠠᠬᠤ ᠲᠦᠭᠰᠢᠭᠦᠷᠢ ᠵᠢ ᠠᠷᠭ᠋ᠠᠴᠠᠬᠤ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠭᠤᠷᠪᠠᠨ ᠲᠠᠯ᠎ᠠ᠎ᠪᠠᠷ ᠪᠠᠶ᠋ᠢᠷᠢᠯᠠᠭᠤᠯᠤᠯᠲᠠ ᠬᠢᠪᠡ᠃
ᠭᠤᠷᠪᠠᠳᠤᠭ᠋ᠠᠷ ᠬᠡᠰᠡᠭ᠎ᠨᠢ ᠠᠷᠪᠠᠨ ᠨᠢᠭᠡᠳᠦᠭᠡᠷ ᠪᠦᠯᠦᠭ᠂ ᠲᠥᠯᠥᠪᠵᠢᠭᠦᠯᠭᠡ ᠵᠢᠨ ᠡᠯ᠎ᠡ ᠵᠦᠢ᠍ᠯ᠎ᠤᠨ ᠬᠠᠷᠠᠯᠲᠠ ᠵᠢᠨ ᠡᠭᠦᠷᠭᠡ ᠵᠢ ᠪᠤᠳᠠᠳᠠᠢ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠵᠢ ᠦᠨᠡᠨᠬᠦ ᠪᠠᠲᠤᠯᠠᠬᠤ ᠵᠢᠨ ᠲᠤᠰᠠᠳᠠ᠂ ᠲᠥᠯᠥᠪᠵᠢᠭᠦᠯᠭᠡ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠬᠤ᠂ ᠪᠡᠯᠡ ᠮᠥᠩᠭᠥ ᠵᠢᠨ ᠪᠠᠲᠤᠯᠠᠭ᠎ᠠ ᠵᠢ ᠴᠢᠩᠭ᠋ᠠᠷᠠᠭᠤᠯᠬᠤ᠂ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠬᠢᠨᠠᠨ ᠬᠡᠮᠵᠢᠵᠦ ᠦᠨᠡᠯᠡᠨ ᠵᠢᠱ᠌ᠢᠬᠦ ᠵᠢ ᠴᠢᠩᠭ᠋ᠠᠳᠬᠠᠬᠤ ᠪᠠ ᠤᠬᠠᠭᠤᠯᠵᠤ ᠬᠥᠲᠥᠯᠦᠨ ᠵᠢᠯᠣᠭᠣᠳᠬᠤ ᠵᠢ ᠰᠠᠶ᠋ᠢᠲᠤᠷ ᠬᠢᠬᠦ ᠵᠡᠷᠭᠡ ᠵᠢᠷᠭᠤᠭ᠋ᠠᠨ ᠲᠠᠯ᠎ᠠ᠎ᠪᠠᠷ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠪᠠ᠃
ᠭᠤᠷᠪᠠ᠂ 《ᠲᠥᠯᠥᠪᠵᠢᠭᠦᠯᠭᠡ》 ᠵᠢᠨ ᠭᠣᠣᠯ ᠬᠠᠷᠠᠯᠲᠠ ᠪᠣᠯᠤᠨ ᠭᠦᠢ᠍ᠴᠡᠳᠬᠡᠬᠦ ᠲᠣᠭ᠎ᠠ
《ᠲᠦᠯᠦᠪᠵᠢᠬᠦᠯᠬᠡ》᠎ᠳᠤ 《ᠠᠷᠪᠠᠨ ᠲᠦᠷᠪᠡᠳᠤᠬᠡᠷ ᠲᠠᠪᠤᠨ ᠵᠢᠯ᠎ᠤᠨ ᠲᠦᠯᠦᠪᠵᠢᠬᠦᠯᠬᠡ》 ᠵᠢᠨ ᠬᠤᠭᠤᠴᠠᠭ᠋ᠠᠨ᠎ᠤ ᠪᠦᠬᠦ ᠤᠷᠤᠨ᠎ᠤ ᠠᠵᠢᠯ ᠣᠯᠭᠣᠯᠲᠠ ᠵᠢᠨ ᠠᠵᠢᠯ᠎ᠤᠨ 5 ᠲᠠᠯ᠎ᠠ ᠵᠢᠨ ᠭᠣᠣᠯ ᠵᠣᠷᠢᠯᠲᠠ᠂ 17 ᠵᠦᠢ᠍ᠯ᠎ᠤᠨ ᠪᠤᠳᠠᠳᠠᠢ ᠬᠦᠢ᠍ᠴᠡᠳᠬᠡᠬᠦ ᠲᠤᠭ᠎ᠠ ᠵᠢ ᠳᠤᠷᠠᠳᠪᠠ᠃ 《ᠠᠷᠪᠠᠨ ᠲᠦᠷᠪᠡᠳᠤᠬᠡᠷ ᠲᠠᠪᠤᠨ ᠵᠢᠯ᠎ᠤᠨ ᠲᠦᠯᠦᠪᠵᠢᠬᠦᠯᠬᠡ》 ᠬᠤᠭᠤᠴᠠᠭ᠋ᠠᠨ᠎ᠤ ᠰᠡᠭᠦᠯᠴᠢ ᠪᠣᠯᠬᠤ᠎ᠳᠤ᠂ ᠳᠣᠣᠷᠠᠬᠢ ᠬᠠᠷᠠᠯᠲᠠ ᠵᠢ ᠪᠡᠶᠡᠯᠡᠬᠦᠯᠤᠨ᠎ᠠ᠃
(ᠨᠢᠭᠡ) ᠠᠵᠢᠯ ᠣᠯᠭᠣᠬᠤ ᠪᠠᠶ᠋ᠢᠳᠠᠯ ᠶᠡᠷᠦᠩᠬᠡᠢ᠎ᠳᠡᠭᠡᠨ ᠲᠣᠭᠲᠠᠭᠤᠨ ᠪᠤᠯᠤᠨ᠎ᠠ᠃ ᠬᠣᠲᠠ ᠬᠥᠳᠡᠭᠡ ᠵᠢᠨ ᠠᠵᠢᠯ ᠣᠯᠭᠣᠯᠲᠠ ᠵᠢ ᠨᠢᠭᠡᠳᠦᠯᠲᠡᠢ ᠲᠥᠯᠥᠪᠯᠡᠬᠦ ᠲᠥᠷᠥ ᠵᠢᠨ ᠪᠣᠳᠣᠯᠭ᠎ᠠ ᠤᠯᠠᠮ ᠨᠢᠭᠡ ᠠᠯᠬᠤᠮ ᠲᠡᠭᠦᠯᠳᠡᠷᠵᠢᠵᠦ᠂ ᠬᠣᠲᠠ ᠬᠥᠳᠡᠭᠡ᠂ ᠣᠷᠣᠨ ᠪᠦᠰᠡ ᠵᠢᠨ ᠠᠵᠢᠯ ᠣᠯᠭᠣᠯᠲᠠ ᠵᠢᠨ ᠲᠣᠬᠢᠶᠠᠯ᠎ᠤᠨ ᠵᠥᠷᠢᠶ᠎ᠡ ᠠᠯᠬᠤᠮ ᠠᠯᠬᠤᠮ ᠵᠶ᠋ᠠᠷ ᠪᠠᠭ᠋ᠠᠰᠴᠤ᠂ ᠠᠵᠢᠯ ᠣᠯᠭᠣᠯᠲᠠ ᠵᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠦᠨᠳᠦᠰᠦᠨ᠎ᠳᠡᠭᠡᠨ ᠲᠡᠩᠴᠡᠬᠦᠷᠢᠳᠠᠢ ᠪᠤᠯᠤᠨ᠎ᠠ᠃ ᠬᠣᠲᠠ ᠪᠠᠯᠭ᠋ᠠᠰᠤᠨ᠎ᠤ 100 ᠲᠦᠮᠡ᠎ᠠᠴᠠ ᠳᠡᠭᠡᠭᠰᠢ ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ ᠵᠢ 5%᠎ᠤ ᠳᠣᠲᠣᠷ᠎ᠠ ᠬᠢᠵᠠᠭ᠋ᠠᠷᠯᠠᠵᠤ᠂ ᠬᠣᠲᠠ ᠪᠠᠯᠭ᠋ᠠᠰᠤᠨ᠎ᠤ ᠪᠠᠶ᠋ᠢᠴᠠᠭ᠋ᠠᠭᠰᠠᠨ ᠠᠵᠢᠯ ᠠᠯᠳᠠᠯᠲᠠ ᠵᠢᠨ ᠨᠣᠷᠮ᠎ᠠ ᠵᠢ 6% ᠣᠷᠴᠢᠮ ᠵᠶ᠋ᠠᠷ ᠬᠢᠵᠠᠭ᠋ᠠᠷᠯᠠᠨ᠎ᠠ᠃ ᠳᠡᠭᠡᠳᠦ ᠰᠤᠷᠭ᠋ᠠᠭᠤᠯᠢ ᠲᠡᠬᠦᠰᠦᠭᠰᠡᠳ᠂ ᠮᠠᠯᠴᠢᠨ ᠲᠠᠷᠢᠶᠠᠴᠢᠨ ᠬᠦᠴᠤ ᠶᠠᠪᠤᠭᠰᠠᠳ᠂ ᠠᠵᠢᠯ ᠣᠯᠬᠤ᠎ᠳᠤ ᠬᠦᠴᠢᠷᠲᠡᠢ ᠬᠥᠮᠦᠰ ᠵᠡᠷᠭᠡ ᠭᠣᠣᠯᠳᠠᠯᠭ᠎ᠠ᠎ᠲᠠᠢ ᠬᠦᠮᠤᠰ᠎ᠤᠨ ᠠᠵᠢᠯ ᠣᠯᠭᠣᠯᠲᠠ ᠵᠢ ᠦᠨᠳᠦᠰᠦᠨ᠎ᠳᠡᠭᠡᠨ ᠲᠣᠭᠲᠠᠭᠤᠨ ᠪᠤᠯᠭ᠋ᠠᠨ᠎ᠠ᠃ ᠳᠡᠭᠡᠳᠦ ᠰᠤᠷᠭ᠋ᠠᠭᠤᠯᠢ ᠲᠡᠭᠦᠰᠦᠭᠰᠡᠨ 65 ᠲᠦᠮᠡᠨ ᠬᠥᠮᠦᠨ᠎ᠳᠤ ᠠᠵᠢᠯ ᠣᠯᠭᠣᠨ᠎ᠠ ᠃ ᠬᠣᠲᠠ ᠪᠠᠯᠭ᠋ᠠᠰᠤᠨ᠎ᠤ ᠠᠵᠢᠯ ᠠᠯᠳᠠᠭᠰᠠᠨ25 ᠲᠦᠮᠡᠨ᠎ᠳᠤ ᠳᠠᠬᠢᠨ ᠠᠵᠢᠯ ᠤᠯᠭᠤᠵᠤ᠂ ᠠᠵᠢᠯ ᠣᠯᠬᠤ᠎ᠳᠤ ᠬᠦᠴᠢᠷᠲᠡᠢ 25 ᠲᠦᠮᠡᠨ ᠬᠥᠮᠦᠨ᠎ᠳᠤ ᠠᠵᠢᠯ ᠣᠯᠭᠣᠨ᠎ᠠ ᠃ ᠮᠠᠯᠴᠢᠨ ᠲᠠᠷᠢᠶᠠᠴᠢᠨ᠎ᠢ ᠰᠢᠯᠵᠢᠭᠦᠯᠦᠨ ᠠᠵᠢᠯ ᠣᠯᠭᠣᠭᠰᠠᠨ ᠬᠥᠮᠦᠨ᠎ᠤ ᠲᠣᠭ᠎ᠠ ᠵᠢ 1200 ᠲᠦᠮᠡᠨ ᠬᠥᠮᠦᠨ ᠤᠳᠠᠭ᠎ᠠ᠎ᠳᠤ ᠬᠦᠷᠬᠡᠵᠤ᠂ ᠡᠭᠦᠨ᠎ᠳᠤ ᠮᠠᠯᠴᠢᠨ ᠲᠠᠷᠢᠶᠠᠴᠢᠨ ᠳᠤ ᠰᠢᠯᠵᠢᠭᠦᠯᠦᠨ ᠠᠵᠢᠯ ᠣᠯᠭᠣᠭᠰᠠᠨ 6 ᠠᠴᠠ ᠲᠡᠬᠡᠭᠰᠢ ᠵᠢ 1000 ᠲᠦᠮᠡᠨ ᠬᠥᠮᠦᠨ ᠤᠳᠠᠭ᠎ᠠ᠎ᠳᠤ ᠬᠦᠷᠬᠡᠵᠤ ᠂ ᠶᠠᠳᠠᠭᠤ᠎ᠠᠴᠠ ᠠᠩᠬᠢᠵᠢᠷᠠᠭᠰᠠᠨ ᠬᠥᠮᠦᠨ ᠠᠮᠠ ᠵᠢᠨ ᠠᠵᠢᠯ ᠬᠢᠬᠦ ᠬᠡᠪᠴᠢᠶ᠎ᠡ ᠵᠢ 98.8 ᠲᠦᠮᠡᠨ ᠬᠥᠮᠦᠨ ᠤᠳᠠᠭ᠎ᠠ᠎ᠳᠤ ᠬᠦᠷᠬᠡᠨ᠎ᠠ ᠭᠡᠵᠦ ᠵᠢᠱ᠌ᠢᠵᠦ ᠪᠠᠶ᠋ᠢᠨ᠎ᠠ᠃
(ᠬᠣᠶᠠᠷ) ᠠᠵᠢᠯ ᠣᠯᠭᠣᠯᠲᠠ ᠵᠢᠨ ᠴᠢᠨᠠᠷ ᠴᠢᠨᠰᠠᠭ᠎ᠠ ᠵᠢ ᠲᠣᠭᠲᠠᠭᠤᠨ ᠵᠶ᠋ᠠᠷ ᠳᠡᠭᠡᠭᠰᠢᠯᠡᠭᠦᠯᠦᠨ᠎ᠡ᠃ ᠬᠥᠳᠡᠯᠮᠦᠷᠢ ᠵᠢᠨ ᠬᠠᠷᠢᠴᠠᠭ᠎ᠠ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠵᠤ᠂ ᠠᠵᠢᠯ ᠣᠯᠭᠣᠬᠤ ᠣᠷᠴᠢᠨ ᠲᠣᠭᠣᠷᠢᠨ ᠢᠯᠡᠷᠬᠡᠢ ᠰᠠᠶ᠋ᠢᠵᠢᠷᠠᠵᠤ᠂ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠰᠢᠰᠲᠸᠮ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠰᠢᠰᠲᠸᠮ ᠨᠡᠩ ᠲᠡᠭᠦᠯᠳᠡᠷᠵᠢᠵᠦ᠂ ᠨᠡᠩ ᠣᠯᠠᠨ ᠬᠥᠳᠡᠯᠮᠦᠷᠢᠯᠡᠭᠴᠢᠳ ᠲᠤᠭᠳᠠᠭᠤᠨ ᠵᠶ᠋ᠠᠷ ᠠᠵᠢᠯ ᠤᠯᠬᠤ ᠵᠢ ᠪᠡᠶᠡᠯᠡᠬᠦᠯᠤᠨ᠎ᠠ᠃ ᠪᠦᠬᠦ ᠠᠵᠢᠯᠲᠠᠨ ᠠᠵᠢᠯᠴᠢᠨ᠎ᠤ ᠬᠥᠳᠡᠯᠮᠦᠷᠢ ᠦᠢ᠍ᠯᠡᠳᠪᠦᠷᠢᠯᠡᠯ᠎ᠤᠨ ᠨᠣᠷᠮ᠎ᠠ ᠵᠢ 5% ᠣᠷᠴᠢᠮ ᠵᠶ᠋ᠠᠷ ᠨᠡᠮᠡᠭᠳᠡᠭᠦᠯᠵᠦ᠂ ᠬᠥᠳᠡᠯᠮᠦᠷᠢ ᠵᠢᠨ ᠬᠥᠯᠥᠰᠥ ᠣᠯᠭᠣᠮᠵᠢ ᠵᠢᠨ ᠳᠡᠭᠡᠭᠰᠢᠯᠡᠯᠲᠡ ᠵᠢ ᠬᠥᠳᠡᠯᠮᠦᠷᠢ ᠦᠢ᠍ᠯᠡᠳᠪᠦᠷᠢᠯᠡᠯ᠎ᠤᠨ ᠨᠣᠷᠮ᠎ᠠ᠎ᠲᠠᠢ ᠦᠨᠳᠦᠰᠦᠨ᠎ᠳᠤ᠎ᠨᠢ ᠠᠳᠠᠯᠢ ᠠᠯᠬᠤᠮ ᠵᠶ᠋ᠠᠷ ᠳᠡᠭᠡᠭᠰᠢᠯᠡᠭᠦᠯᠵᠦ᠂ ᠬᠣᠲᠠ ᠪᠠᠯᠭ᠋ᠠᠰᠤᠨ᠎ᠤ ᠠᠵᠢᠯ ᠣᠯᠭᠣᠯᠲᠠ ᠵᠢᠨ ᠬᠠᠷᠢᠴᠠᠯ᠎ᠢ 65%᠎ᠳᠤ ᠬᠦᠷᠦᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠳᠠᠭ᠋ᠠᠳᠬᠠᠯ᠎ᠳᠤ ᠣᠷᠣᠯᠴᠠᠬᠤ ᠨᠣᠷᠮ᠎ᠠ ᠵᠢ 90% ᠠᠴᠠ ᠳᠡᠭᠡᠭᠰᠢ᠎ᠳᠤ ᠬᠦᠷᠦᠭᠦᠯᠦᠨ᠎ᠡ᠃
(ᠭᠤᠷᠪᠠ) ᠪᠦᠲᠦᠴᠡ ᠵᠢᠨ ᠴᠢᠨᠠᠷᠲᠠᠢ ᠠᠵᠢᠯ ᠣᠯᠭᠣᠯᠲᠠ ᠵᠢᠨ ᠵᠥᠷᠢᠴᠡᠯ᠎ᠢ ᠪᠦᠲᠦᠮᠵᠢᠲᠡᠢ᠎ᠪᠠᠷ ᠨᠠᠮᠵᠢᠭᠤᠯᠤᠨᠠ᠃ ᠬᠦᠳᠡᠯᠮᠦᠷᠢᠯᠡᠭᠴᠢᠳ᠎ᠤᠨ ᠨᠠᠰᠤᠨ ᠲᠤᠷᠰᠢᠲᠠ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠎ᠤᠨ ᠳᠦᠷᠢᠮ ᠪᠣᠯᠤᠨ ᠴᠢᠳᠠᠪᠤᠷᠢᠲᠠᠨ᠎ᠢ ᠦᠨᠡᠯᠡᠬᠦ ᠰᠢᠰᠲᠸᠮ᠎ᠢ ᠨᠡᠩ ᠪᠦᠷᠢᠨᠰᠢᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠴᠢᠨᠠᠷ ᠴᠢᠨᠰᠠᠭ᠎ᠠ ᠵᠢ ᠮᠡᠳᠡᠭᠳᠡᠬᠦᠢ᠍ᠴᠡ ᠳᠡᠭᠡᠭᠰᠢᠯᠡᠭᠦᠯᠦᠨ᠂ ᠬᠦᠳᠡᠯᠮᠦᠷᠢᠯᠡᠭᠴᠢᠳ᠎ᠤᠨ ᠮᠡᠷᠭᠡᠵᠢᠯ᠎ᠤᠨ ᠴᠢᠳᠠᠪᠤᠷᠢ ᠵᠢᠨ ᠬᠡᠪ ᠪᠤᠯᠪᠠᠰᠤᠷᠠᠯ᠎ᠢ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠪᠠ ᠴᠢᠨᠠᠷ ᠰᠠᠶ᠋ᠢᠲᠠᠢ ᠬᠥᠭᠵᠢᠭᠦᠯᠬᠦ ᠬᠡᠷᠡᠭᠴᠡᠭᠡ ᠲᠠᠢ ᠨᠡᠩ ᠢᠯᠡᠭᠦᠦ ᠵᠣᠬᠢᠴᠠᠭᠤᠯᠵᠤ᠂ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠲᠠᠰᠤᠷᠠᠯᠲᠠ ᠦᠭᠡᠢ ᠪᠤᠵᠠᠭ᠋ᠠᠶ᠋ᠢᠷᠠᠭᠤᠯᠤᠨ᠎ᠠ᠃ ᠬᠥᠳᠡᠯᠮᠦᠷᠢᠯᠡᠬᠦ ᠨᠠᠰᠤᠨ᠎ᠤ ᠬᠥᠮᠦᠨ ᠠᠮᠠ ᠵᠢᠨ ᠰᠤᠷᠭ᠋ᠠᠨ ᠬᠥᠮᠦᠵᠢᠯ ᠬᠦᠷᠲᠡᠬᠦ ᠳᠤᠮᠳᠠᠴᠢ ᠬᠤᠭᠤᠴᠠᠭ᠎ᠠ ᠵᠢ ᠨᠡᠮᠡᠭᠳᠡᠬᠦᠯᠤᠨ 11 ᠵᠢᠯ ᠪᠤᠯᠭ᠋ᠠᠵᠤ᠂ ᠨᠦᠬᠦᠪᠤᠷᠢ ᠵᠢᠨ ᠴᠢᠨᠠᠷᠲᠠᠢ ᠠᠵᠢᠯ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠎ᠢ 125 ᠲᠦᠮᠡᠨ ᠬᠥᠮᠦᠨ ᠤᠳᠠᠭ᠎ᠠ ᠥᠷᠨᠢᠭᠦᠯᠬᠦ᠎ᠪᠠᠷ ᠵᠢᠱ᠌ᠢᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠂ ᠠᠵᠢᠯ ᠮᠡᠷᠭᠡᠵᠢᠯ᠎ᠤᠨ ᠪᠣᠯᠪᠠᠰᠣᠷᠠᠭᠤᠯᠤᠯ᠎ᠳᠤ 35 ᠲᠦᠮᠡᠨ ᠬᠥᠮᠦᠨ ᠤᠳᠠᠭ᠎ᠠ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ 88 ᠲᠦᠮᠡᠨ ᠬᠥᠮᠦᠨ ᠬᠦᠷᠬᠦ ᠪᠤᠯᠤᠨ᠎ᠠ᠃
(ᠳᠥᠷᠪᠡ) ᠦᠢ᠍ᠯᠡᠰ ᠪᠤᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠦᠢ᠍ᠯᠡᠳᠦᠯ ᠨᠡᠩ ᠢᠯᠡᠷᠬᠡᠢ ᠪᠤᠯᠤᠨ᠎ᠠ᠃ ᠦᠢ᠍ᠯᠡᠰ ᠪᠦᠳᠤᠬᠡᠬᠦ ᠪᠠᠷ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠨᠡᠩ ᠢᠯᠡᠷᠬᠡᠢ ᠪᠣᠯᠭ᠋ᠠᠵᠤ᠂ ᠦᠢ᠍ᠯᠡᠰ ᠪᠤᠰᠬᠠᠬᠤ ᠣᠷᠴᠢᠨ ᠲᠣᠭᠣᠷᠢᠨ᠎ᠢ ᠨᠡᠩ ᠰᠢᠯᠢᠳᠡᠭᠵᠢᠭᠦᠯᠦᠨ᠂ ᠦᠢ᠍ᠯᠡᠰ ᠪᠤᠰᠬᠠᠬᠤ ᠲᠥᠷᠥ ᠵᠢᠨ ᠪᠣᠳᠣᠯᠭ᠎ᠠ ᠪᠣᠯᠤᠨ ᠦᠢ᠍ᠯᠡᠴᠢᠯᠡᠭᠡᠨ᠎ᠤ ᠰᠢᠰᠲᠸᠮ᠎ᠢ ᠨᠡᠩ ᠪᠦᠷᠢᠨ ᠲᠡᠭᠦᠯᠳᠡᠷ ᠪᠣᠯᠭ᠋ᠠᠵᠤ᠂ ᠦᠢ᠍ᠯᠡᠰ ᠪᠤᠰᠬᠠᠬᠤ ᠵᠠᠪ ᠲᠣᠬᠢᠶᠠᠯ᠎ᠢ ᠨᠡᠩ ᠠᠷᠪᠢᠨ᠂ ᠠᠷᠭ᠎ᠠ ᠵᠠᠮ᠎ᠢ᠎ᠨᠢ ᠨᠡᠩ ᠥᠷᠭᠡᠨ ᠪᠣᠯᠭ᠋ᠠᠵᠤ᠂ ᠦᠢ᠍ᠯᠡᠰ ᠪᠤᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠬᠦᠳᠡᠯᠦᠩᠬᠦᠢ ᠴᠢᠳᠠᠪᠬᠢ ᠵᠢ ᠦᠷᠭᠦᠯᠵᠢᠯᠡᠨ ᠪᠠᠳᠠᠷᠠᠭᠤᠯᠤᠨ᠎ᠠ᠃
(ᠲᠠᠪᠤ) ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠢᠯᠡᠳᠳᠡ ᠴᠢᠩᠭ᠋ᠠᠷᠠᠭᠤᠯᠤᠨ᠎ᠠ᠃ ᠠᠵᠢᠯ ᠣᠯᠭᠣᠬᠤ ᠬᠦᠷᠢᠶᠡᠨ᠎ᠤ ᠲᠦᠭᠰᠢᠭᠦᠷᠢ ᠵᠢ ᠬᠢᠨᠠᠨ ᠬᠡᠮᠵᠢᠵᠦ ᠰᠡᠷᠡᠮᠵᠢᠯᠡᠬᠦ ᠪᠠ ᠰᠡᠷᠭᠡᠶ᠋ᠢᠯᠡᠨ ᠡᠵᠡᠮᠳᠡᠵᠦ ᠠᠷᠭ᠋ᠠᠴᠠᠬᠤ ᠲᠣᠭᠲᠠᠴᠠ ᠵᠢ ᠲᠠᠰᠤᠷᠠᠯᠲᠠ ᠦᠭᠡᠢ ᠪᠦᠷᠢᠨᠰᠢᠭᠦᠯᠵᠦ᠂ ᠠᠵᠢᠯ ᠠᠯᠳᠠᠭᠰᠠᠳ᠎ᠤᠨ ᠪᠠᠲᠤᠯᠠᠭ᠎ᠠ ᠵᠢᠨ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠨ᠂ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠵᠦ᠂ ᠠᠵᠢᠯ ᠣᠯᠭᠣᠯᠲᠠ ᠵᠢᠨ ᠠᠮᠤᠷ ᠲᠦᠪᠰᠢᠨ᠎ᠤ ᠪᠠᠲᠤᠯᠠᠭ᠎ᠠ ᠵᠢ ᠨᠡᠩ ᠬᠦᠴᠦᠲᠡᠢ ᠪᠣᠯᠭ᠋ᠠᠵᠤ᠂ ᠬᠡᠪᠴᠢᠶᠡᠵᠢᠯ᠎ᠤᠨ ᠴᠢᠨᠠᠷᠲᠠᠢ ᠠᠵᠢᠯ ᠠᠯᠳᠠᠬᠤ ᠲᠦᠭᠰᠢᠭᠦᠷᠢ ᠵᠢ ᠪᠦᠲᠦᠮᠵᠢᠲᠡᠢ ᠰᠡᠷᠬᠡᠢ᠌ᠯᠡᠵᠤ ᠡᠵᠡᠮᠳᠡᠨ᠎ᠡ᠃
ᠰᠣᠨᠢᠨ ᠮᠡᠳᠡᠭᠡ ᠨᠡᠢ᠌ᠳᠡᠯᠡᠭᠰᠡᠨ ᠴᠠᠭ
ᠭᠠᠷᠠᠭ᠎ᠤᠨ ᠭᠤᠷᠪᠠᠨ᠂ 11 / 17 / 2021 —10 : 00
ᠰᠣᠨᠢᠨ ᠮᠡᠳᠡᠭᠡ ᠨᠡᠢ᠌ᠳᠡᠯᠡᠭᠰᠡᠨ ᠭᠠᠵᠠᠷ:
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠰᠣᠨᠢᠨ ᠮᠡᠳᠡᠭᠡ ᠨᠡᠶ᠋ᠢᠲᠡᠯᠡᠬᠦ ᠲᠢᠩᠬᠢᠮ
ᠰᠣᠨᠢᠨ ᠮᠡᠳᠡᠭᠡ ᠨᠡᠢ᠌ᠳᠡᠯᠡᠭᠰᠡᠨ ᠨᠢᠬᠡᠴᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
ᠰᠣᠨᠢᠨ ᠮᠡᠳᠡᠭᠡ ᠨᠡᠶ᠋ᠢᠲᠡᠯᠡᠭᠴᠢ
ᠸᠠᠩ ᠯᠢᠨ
ᠵᠢᠷᠤᠭ