
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠲᠤᠰ ᠬᠤᠭᠤᠴᠠᠭ᠋ᠠᠨ᠎ᠤ ᠤᠷᠤᠯᠳᠤᠭ᠋ᠠᠨ᠎ᠨᠢ ᠥᠩᠭᠡᠷᠡᠭᠰᠡᠨ ᠵᠢᠯ᠎ᠤᠳ᠎ᠲᠠᠢ ᠬᠠᠷᠢᠴᠠᠭᠤᠯᠪᠠᠯ ᠶᠠᠮᠠᠷ ᠢᠯᠭ᠋ᠠᠭ᠎ᠠ᠎ᠲᠠᠢ ᠪᠤᠢ?

ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠣᠯᠭᠣᠯᠲᠠ ᠵᠢ ᠠᠬᠢᠭᠤᠯᠬᠤ ᠭᠠᠵᠠᠷ᠎ᠤᠨ ᠳᠠᠷᠤᠭ᠎ᠠ ᠹᠦ᠋ ᠯᠢᠩ ᠲᠤᠤ᠄
ᠲᠤᠰ ᠬᠤᠭᠤᠴᠠᠭ᠋ᠠᠨ᠎ᠤ ᠤᠷᠤᠯᠳᠤᠭ᠋ᠠᠨ᠎ᠢ ᠥᠩᠭᠡᠷᠡᠭᠰᠡᠨ ᠬᠤᠭᠤᠴᠠᠭ᠋ᠠᠨ᠎ᠤ ᠤᠷᠤᠯᠳᠤᠭ᠋ᠠᠨ᠎ᠲᠠᠢ ᠬᠠᠷᠢᠴᠠᠭᠤᠯᠪᠠᠯ ᠭᠣᠣᠯᠳᠠᠭᠤ ᠳᠣᠣᠷᠠᠬᠢ ᠬᠡᠳᠦᠨ ᠲᠠᠯ᠎ᠠ᠎ᠪᠠᠷ ᠠᠳᠠᠯᠢ ᠦᠭᠡᠢ᠄
ᠨᠢᠭᠡ᠎ᠳᠤ᠂ ᠶᠡᠷᠦᠩᠬᠡᠢ ᠱᠠᠭ᠋ᠠᠷᠳᠠᠯᠭ᠎ᠠ ᠵᠢᠨ ᠲᠠᠯ᠎ᠠ᠎ᠪᠠᠷ᠂ ᠲᠤᠰ ᠬᠤᠭᠤᠴᠠᠭ᠋ᠠᠨ᠎ᠤ ᠤᠷᠤᠯᠳᠤᠭ᠋ᠠᠨ᠎ᠳᠤ ᠭᠣᠣᠯᠳᠠᠯᠭ᠎ᠠ᠎ᠲᠠᠢ ᠦᠨᠡᠯᠡᠬᠦ ᠭᠦᠢ᠍ᠴᠡᠳᠬᠡᠯ ᠲᠣᠭ᠎ᠠ᠎ᠳᠤ᠂《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ》᠎ᠪᠠᠷ ᠳᠥᠷᠪᠡᠳᠦᠭᠡᠷ ᠬᠤᠭᠤᠴᠠᠭ᠋ᠠᠨ᠎ᠤ 《ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠳᠤ ᠬᠦᠴᠦᠨ ᠨᠡᠮᠡᠷᠢᠯᠡᠬᠦ》ᠵᠢ ᠰᠣᠯᠢᠵᠠᠢ᠃ ᠡᠨᠡ ᠪᠣᠯ ᠮᠠᠨ᠎ᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠪᠦᠬᠦ ᠲᠠᠯ᠎ᠠ ᠵᠢᠨ ᠢᠯᠠᠯᠲᠠ ᠣᠯᠵᠤ᠂ ᠪᠦᠬᠦ ᠲᠠᠯ᠎ᠠ᠎ᠪᠠᠷ ᠶᠠᠳᠠᠭᠤ᠎ᠠᠴᠠ ᠠᠩᠭᠢᠵᠢᠷᠠᠭᠰᠠᠨᠤ ᠳᠠᠷᠠᠭ᠋ᠠᠬᠢ ᠠᠵᠢᠯ᠎ᠳᠤ ᠳᠤᠷᠠᠳᠤᠭᠰᠠᠨ ᠲᠡᠮᠡᠴᠡᠬᠦ ᠬᠠᠷᠠᠯᠲᠠ ᠪᠣᠯᠤᠨ᠎ᠠ᠂ ᠪᠠᠰᠠ ᠴᠤ᠌ ᠶᠠᠳᠠᠭᠤ᠎ᠠᠴᠠ ᠠᠩᠭᠢᠵᠢᠷᠠᠭᠤᠯᠬᠤ ᠠᠵᠢᠯ ᠪᠣᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
ᠬᠣᠶᠠᠷ᠎ᠲᠤ᠂ ᠤᠷᠤᠯᠳᠤᠭ᠋ᠠᠨ᠎ᠤ ᠳᠦᠷᠢᠮ᠎ᠤᠨ ᠲᠠᠯ᠎ᠠ᠎ᠪᠠᠷ᠂ ᠲᠤᠰ ᠬᠤᠭᠤᠴᠠᠭ᠋ᠠᠨ᠎ᠤ ᠤᠷᠤᠯᠳᠤᠭ᠋ᠠᠨ᠎ᠤ ᠳᠦᠷᠢᠮ᠎ᠤᠨ ᠬᠤᠪᠢᠷᠠᠯᠲᠠ ᠨᠡᠯᠢᠶᠡᠳ ᠶᠡᠬᠡ᠂ ᠤᠷᠤᠯᠳᠤᠭ᠋ᠠᠨ᠎ᠤ ᠵᠠᠮ᠎ᠤᠨ ᠠᠩᠭᠢᠯᠠᠯ ᠨᠠᠩ ᠪᠠᠶᠠᠯᠢᠭ ᠪᠣᠯᠪᠠ᠃ ᠳᠡᠭᠡᠷ᠎ᠡ ᠨᠢᠭᠡ ᠬᠤᠭᠤᠴᠠᠭ᠋ᠠᠨ᠎ᠤ《1 + 1》ᠵᠢᠨ ᠵᠠᠭᠪᠤᠷ᠎ᠠᠴᠠ《1 + 3》ᠵᠢᠨ ᠵᠠᠭᠪᠤᠷ ᠪᠣᠯᠵᠤ ᠬᠤᠪᠢᠷᠠᠪᠠ᠂ ᠲᠤᠬᠠᠶ᠋ᠢᠯᠠᠪᠠᠯ 1 ᠭᠣᠣᠯ ᠴᠣᠭᠴᠠ ᠵᠢᠨ ᠤᠷᠤᠯᠳᠤᠭ᠋ᠠᠨ᠎ᠳᠤ 3 ᠲᠤᠰᠬᠠᠶ ᠵᠦᠢ᠍ᠯ᠎ᠤᠨ ᠤᠷᠤᠯᠳᠤᠭ᠋ᠠᠨ ᠨᠡᠮᠡᠨ᠎ᠡ᠃ ᠭᠣᠣᠯ ᠴᠣᠭᠴᠠ ᠵᠢᠨ ᠤᠷᠤᠯᠳᠤᠭ᠋ᠠᠨ᠎ᠨᠢ ᠤᠤᠯ᠎ᠤᠨ《ᠰᠢᠨ᠎ᠡ ᠵᠢ ᠡᠭᠦᠳᠬᠦ》᠂ 《ᠦᠢ᠍ᠯᠡᠰ ᠪᠦᠳᠦᠭᠡᠬᠦ》ᠬᠣᠶᠠᠷ ᠳᠤᠭᠤᠶ᠋ᠢᠯᠠᠩ ᠪᠠᠶ᠋ᠢᠭᠰᠠᠨ᠎ᠠᠴᠠ᠎ᠪᠠᠨ ᠣᠳᠣ ᠵᠢᠨ《ᠦᠢ᠍ᠯᠡᠳᠬᠦ ᠦᠢ᠍ᠯᠡᠰ》᠂ 《ᠦᠢ᠍ᠯᠡᠴᠢᠯᠡᠭᠡᠨ᠎ᠤ ᠦᠢ᠍ᠯᠡᠰ》ᠭᠡᠬᠦ ᠬᠣᠶᠠᠷ ᠳᠤᠭᠤᠶ᠋ᠢᠯᠠᠩ ᠪᠣᠯᠵᠤ ᠬᠤᠪᠢᠷᠠᠪᠠ᠃ ᠲᠤᠰᠬᠠᠶ ᠤᠷᠤᠯᠳᠤᠭ᠋ᠠᠨ᠎ᠤ ᠲᠣᠭ᠎ᠠ ᠬᠡᠮᠵᠢᠶ᠎ᠡ ᠵᠢ 2 ᠨᠡᠮᠡᠭᠳᠡᠭᠦᠯᠪᠡ᠂ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠶ ᠤᠷᠤᠯᠳᠤᠭ᠋ᠠᠨ》᠎ᠳᠤ ᠠᠳᠠᠯᠢᠬᠠᠨ ᠵᠶ᠋ᠠᠷ ᠠᠩᠬᠠᠷᠴᠤ ᠪᠠᠶ᠋ᠢᠭ᠎ᠠ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠠᠰᠠᠭᠤᠳᠠᠯ᠎ᠢ ᠥᠩᠭᠡᠷᠡᠭᠰᠡᠨ᠎ᠤ 《ᠦᠢ᠍ᠯᠡ ᠪᠦᠳᠦᠭᠡᠵᠦ ᠶᠠᠳᠠᠭᠤ ᠵᠢ ᠲᠡᠳᠬᠦᠬᠦ ᠲᠤᠰᠬᠠᠶ ᠤᠷᠤᠯᠳᠤᠭ᠋ᠠᠨ》᠎ᠤ ᠬᠡᠯᠪᠡᠷᠢ ᠵᠢᠨ ᠬᠤᠪᠢᠷᠠᠯᠲᠠ᠎ᠪᠠᠷ ᠦᠵᠡᠵᠦ ᠪᠣᠯᠤᠨ᠎ᠠ᠃ ᠡᠭᠦᠨ᠎ᠠᠴᠠ ᠭᠠᠳᠠᠨ᠎ᠠ᠂ 《ᠵᠠᠯᠠᠭᠤᠴᠤᠳ᠎ᠤᠨ ᠪᠦᠲᠦᠭᠡᠯᠴᠢ ᠲᠥᠰᠦᠪᠯᠡᠯ᠎ᠤᠨ ᠲᠤᠰᠬᠠᠶ ᠤᠷᠤᠯᠳᠤᠭ᠋ᠠᠨ》ᠪᠠ 《ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠡᠮᠳᠡᠭ᠎ᠤᠨ ᠲᠤᠰᠬᠠᠶ ᠤᠷᠤᠯᠳᠤᠭ᠋ᠠᠨ》᠎ᠢ ᠨᠡᠮᠡᠪᠡ᠃ ᠡᠭᠦᠨ᠎ᠤ ᠬᠠᠮᠲᠤ᠂ ᠲᠤᠰ ᠬᠤᠭᠤᠴᠠᠭ᠋ᠠᠨ᠎ᠤ ᠤᠷᠤᠯᠳᠤᠭ᠋ᠠᠨ᠎ᠤ ᠪᠦᠬᠦ ᠤᠯᠤᠰ᠎ᠤᠨ ᠶᠡᠷᠦᠩᠬᠡᠶ ᠰᠢᠢ᠍ᠳᠪᠦᠷᠢᠳᠦ ᠤᠷᠤᠯᠳᠤᠭ᠋ᠠᠨ᠎ᠤ ᠲᠦᠷᠦᠯ ᠵᠦᠢ᠍ᠯ᠎ᠤᠨ ᠲᠣᠭ᠎ᠠ ᠬᠡᠮᠵᠢᠶ᠎ᠡ ᠶᠡᠬᠡ᠎ᠪᠠᠷ ᠨᠡᠮᠡᠭᠳᠡᠵᠦ᠂ 5 ᠤᠷᠤᠯᠳᠤᠭ᠋ᠠᠨ᠎ᠤ ᠵᠠᠮ᠎ᠤᠨ ᠨᠡᠢ᠌ᠲᠡ 150 ᠲᠦᠷᠦᠯ ᠵᠦᠢ᠍ᠯ᠎ᠨᠢ ᠪᠦᠬᠦ ᠤᠯᠤᠰ᠎ᠤᠨ ᠶᠡᠷᠦᠩᠬᠡᠶ ᠰᠢᠢ᠍ᠳᠪᠦᠷᠢᠳᠦ ᠤᠷᠤᠯᠳᠤᠭ᠋ᠠᠨ᠎ᠳᠤ ᠣᠷᠣᠵᠤ ᠪᠤᠯᠤᠨ᠎ᠠ᠂ ᠳᠥᠷᠪᠡᠳᠦᠭᠡᠷ ᠬᠤᠭᠤᠴᠠᠭ᠋ᠠᠨ᠎ᠤ ᠤᠷᠤᠯᠳᠤᠭ᠋ᠠᠨ᠎ᠨᠢ 92 ᠯᠠ ᠪᠠᠶ᠋ᠢᠪᠠ᠃
ᠭᠤᠷᠪᠠ᠎ᠳᠤ᠂ ᠤᠷᠤᠯᠳᠤᠭ᠋ᠠᠨ᠎ᠳᠤ ᠣᠷᠣᠯᠴᠠᠬᠤ ᠬᠦᠮᠦᠰ᠎ᠤᠨ ᠲᠠᠯ᠎ᠠ᠎ᠪᠠᠷ᠂ ᠥᠩᠭᠡᠷᠡᠭᠰᠡᠨ ᠬᠤᠭᠤᠴᠠᠭ᠋ᠠᠨ᠎ᠤ ᠤᠷᠤᠯᠳᠤᠭ᠋ᠠᠨ᠎ᠳᠤ ᠣᠷᠣᠯᠴᠠᠭᠰᠠᠳ ᠵᠠᠯᠠᠭᠤᠴᠤᠳ ᠵᠶ᠋ᠠᠷ ᠭᠣᠣᠯᠯᠠᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ ᠤᠶᠤᠲᠠᠳ ᠣᠯᠠᠩᠬᠢ ᠲᠣᠭ᠎ᠠ ᠵᠢ ᠡᠵᠡᠯᠡᠪᠡ᠃ ᠲᠣᠰ ᠬᠤᠭᠤᠴᠠᠭ᠋ᠠᠨ᠎ᠤ ᠤᠷᠤᠯᠳᠤᠭ᠋ᠠᠨ᠎ᠤ ᠬᠦᠷᠢᠶ᠎ᠡ ᠬᠡᠪᠴᠢᠶ᠎ᠡ ᠤᠯᠠᠮ ᠨᠢᠭᠡ ᠠᠯᠬᠤᠮ ᠥᠷᠭᠡᠳᠴᠦ᠂ ᠪᠦᠬᠦᠯᠢ 16 ᠨᠠᠰᠤ ᠬᠦᠷᠦᠭᠰᠡᠨ ᠡᠯ᠎ᠡ ᠲᠥᠷᠥᠯ᠎ᠤᠨ ᠦᠢ᠍ᠯᠡᠰ ᠪᠦᠳᠦᠭᠡᠬᠦ ᠬᠦᠮᠦᠰ ᠬᠠᠷᠠᠭ᠋ᠠᠯᠵᠠᠭᠰᠠᠨ ᠤᠷᠤᠯᠳᠤᠭ᠋ᠠᠨ᠎ᠤ ᠶᠠᠪᠤᠳᠠᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ ᠪᠦᠬᠦᠨ᠎ᠳᠤ ᠴᠥᠮ ᠨᠡᠷ᠎ᠡ ᠮᠡᠳᠡᠭᠦᠯᠵᠦ ᠪᠣᠯᠤᠨ᠎ᠠ᠃
ᠳᠥᠷᠪᠡ᠎ᠳᠤ᠂ ᠬᠢᠨᠠᠨ ᠲᠣᠭᠲᠠᠭ᠋ᠠᠬᠤ ᠪᠠᠷᠢᠮᠵᠢᠶ᠎ᠠ ᠵᠢᠨ ᠲᠠᠯ᠎ᠠ᠎ᠪᠠᠷ᠂ ᠰᠢᠨ᠎ᠡ ᠵᠢ ᠡᠭᠦᠳᠦᠭᠰᠡᠨ ᠬᠤᠪᠢ ᠣᠯᠭᠣᠬᠤ ᠪᠠᠷᠢᠮᠵᠢᠶ᠎ᠠ᠎ᠳᠤ ᠳᠡᠭᠡᠷ᠎ᠡ ᠬᠤᠭᠤᠴᠠᠭ᠋ᠠᠨ᠎ᠤ ᠤᠷᠤᠯᠳᠤᠭ᠋ᠠᠨ᠎ᠤ《ᠡᠵᠡᠩᠨᠡᠯᠲᠡ ᠵᠢᠨ ᠵᠠᠭᠪᠤᠷ᠂ ᠬᠠᠮᠢᠶᠠᠷᠤᠯᠲᠠ ᠵᠢᠨ ᠠᠷᠭ᠎ᠠ ᠮᠠᠶᠢᠭ》᠎ᠢ 《ᠬᠤᠳᠠᠯᠳᠤᠭ᠋ᠠᠨ᠎ᠤ ᠵᠠᠭᠪᠤᠷ᠂ ᠬᠠᠮᠢᠶᠠᠷᠤᠯᠲᠠ ᠵᠢᠨ ᠵᠠᠭᠪᠤᠷ》 ᠪᠣᠯᠭ᠋ᠠᠨ ᠬᠤᠪᠢᠷᠠᠭᠤᠯᠪᠠ᠃ ᠦᠢ᠍ᠯᠡᠰ ᠪᠦᠳᠦᠭᠡᠬᠦ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠬᠤᠪᠢ ᠣᠯᠭᠣᠬᠤ ᠪᠠᠷᠢᠮᠵᠢᠶ᠎ᠠ᠎ᠳᠤ《ᠰᠢᠭᠤᠳ ᠬᠠᠩᠭ᠋ᠠᠭᠰᠠᠨ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢᠨ ᠶᠠᠰᠤ ᠴᠢᠨᠠᠷ》 ᠪᠠ 《ᠭᠤᠤᠯᠳᠠᠯᠭ᠎ᠠ᠎ᠲᠠᠢ ᠬᠦᠮᠦᠰ᠎ᠤᠨ ᠠᠵᠢᠯ ᠣᠯᠭᠣᠯᠲᠠ ᠵᠢ ᠳᠠᠶ᠋ᠢᠴᠢᠯᠠᠬᠤ》ᠬᠣᠶᠠᠷ ᠲᠠᠯ᠎ᠠ ᠵᠢ ᠰᠢᠨ᠎ᠡ᠎ᠪᠠᠷ ᠨᠡᠮᠡᠪᠡ᠃ ᠳᠡᠭᠡᠷ᠎ᠡ ᠬᠤᠭᠤᠴᠠᠭ᠋ᠠᠨ᠎ᠤ ᠤᠷᠤᠯᠳᠤᠭ᠋ᠠᠨ᠎ᠳᠤ ᠵᠥᠪᠬᠡᠨ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢᠨ ᠲᠣᠭ᠎ᠠ ᠬᠡᠮᠵᠢᠶ᠎ᠡ᠎ᠳᠤ ᠱᠠᠭ᠋ᠠᠷᠳᠠᠯᠭ᠎ᠠ ᠲᠠᠯᠪᠢᠵᠤ᠂ ᠲᠤᠰ ᠬᠤᠭᠤᠴᠠᠭ᠋ᠠᠨ᠎ᠤ ᠤᠷᠤᠯᠳᠤᠭ᠋ᠠᠨ᠎ᠳᠤ ᠠᠵᠢᠯ᠎ᠤᠨ ᠪᠠᠶ᠋ᠢᠷᠢ ᠵᠢᠨ ᠶᠠᠰᠤ ᠴᠢᠨᠠᠷ ᠪᠠ ᠭᠣᠣᠯᠳᠠᠯᠭ᠎ᠠ᠎ᠲᠠᠢ ᠬᠦᠮᠦᠰ᠎ᠢ ᠶᠡᠷᠦᠩᠬᠡᠶ᠋ᠢᠯᠡᠨ ᠪᠣᠳᠣᠯᠬᠢᠯᠠᠵᠤ᠂ ᠨᠡᠩ ᠪᠦᠬᠦ ᠲᠠᠯ᠎ᠠ᠎ᠪᠠᠷ ᠰᠢᠨᠵᠢᠯᠡᠨ ᠪᠠᠶ᠋ᠢᠴᠠᠭ᠋ᠠᠪᠠ᠃
ᠲᠠᠪᠤ᠎ᠳᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠠᠯ᠎ᠠ᠎ᠪᠠᠷ᠂ ᠣᠳᠣᠬᠠᠨ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠵᠤ᠂ ᠲᠤᠰ ᠬᠤᠭᠤᠴᠠᠭ᠋ᠠᠨ᠎ᠤ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ᠎ᠳᠤ ᠪᠢᠳᠡ ᠪᠠᠰᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠪᠡ᠃ ᠬᠢᠵᠢᠭ᠎ᠤᠨ ᠪᠠᠶ᠋ᠢᠳᠠᠯ᠎ᠤᠨ ᠬᠤᠪᠢᠷᠠᠯᠲᠠ ᠵᠢ ᠦᠨᠳᠦᠰᠦᠯᠡᠨ᠂ ᠤᠷᠤᠯᠳᠤᠭ᠋ᠠᠨ᠎ᠢ ᠵᠣᠬᠢᠰᠲᠠᠶ ᠲᠣᠬᠢᠷᠠᠭᠤᠯᠵᠤ᠂ ᠴᠢᠬᠤᠯᠠᠲᠠᠶ ᠦᠶ᠎ᠡ᠎ᠳᠤ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠠᠷᠭ᠎ᠠ ᠬᠡᠯᠪᠡᠷᠢ᠎ᠳᠤ ᠵᠣᠬᠢᠰᠲᠠᠶ ᠲᠣᠬᠢᠷᠠᠭᠤᠯᠤᠯᠲᠠ ᠬᠢᠵᠦ᠂ ᠰᠦᠯᠵᠢᠶᠡᠨ ᠳᠡᠭᠡᠷᠡᠬᠢ ᠤᠷᠤᠯᠳᠤᠭ᠋ᠠᠨ᠎ᠢ ᠲᠣᠬᠢᠷᠠᠭᠤᠯᠵᠤ᠂ ᠤᠷᠤᠯᠳᠤᠭ᠋ᠠᠨ᠎ᠤ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠵᠢ ᠦᠨᠡᠨ ᠬᠦ᠌ ᠪᠠᠳᠤᠯᠠᠨ᠎ᠠ᠃

ᠠᠷᠠᠳ᠎ᠤᠨ ᠰᠦᠯᠵᠢᠶ᠎ᠡ ᠵᠢᠨ ᠰᠤᠷᠪᠤᠯᠵᠢᠯᠠᠭᠴᠢ᠄ ᠲᠦᠩᠯᠢᠶᠣᠤ ᠬᠣᠲᠠ ᠲᠣᠰ ᠬᠤᠭᠤᠴᠠᠭ᠋ᠠᠨ᠎ᠤ ᠤᠷᠤᠯᠳᠤᠭ᠋ᠠᠨ᠎ᠢ ᠳᠠᠭ᠋ᠠᠭ᠋ᠠᠨ ᠡᠷᠭᠢᠯᠡᠬᠦ᠎ᠳᠤ ᠶᠠᠮᠠᠷ ᠶᠠᠮᠠᠷ ᠳᠠᠪᠠᠭᠤᠯᠢᠭ ᠲᠠᠯ᠎ᠠ᠎ᠲᠠᠢ ᠪᠣᠶ? ᠶᠠᠮᠠᠷ ᠶᠠᠮᠠᠷ ᠦᠷ᠎ᠡ ᠪᠦᠲᠦᠮᠵᠢ ᠣᠯᠬᠤ ᠵᠢ ᠬᠦᠰᠡᠵᠦ ᠪᠠᠢ᠌ᠬᠤ ᠪᠣᠶ?

ᠲᠦᠩᠯᠢᠶᠣᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠬᠣᠲᠠ ᠵᠢᠨ ᠳᠡᠳ᠋ ᠳᠠᠷᠤᠭ᠎ᠠ ᠰᠦᠨ ᠯᠸ᠄
ᠳᠠᠪᠠᠭᠤᠯᠢᠭ ᠲᠠᠯ᠎ᠠ᠄
ᠨᠢᠭᠡ᠎ᠳᠤ᠂ ᠲᠦᠩᠯᠢᠶᠣᠤ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ ᠠᠵᠢᠯ ᠣᠯᠭᠣᠬᠤ ᠦᠢ᠍ᠯᠡᠰ ᠪᠦᠳᠦᠭᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠯ᠎ᠡ ᠲᠥᠷᠥᠯ᠎ᠤᠨ ᠦᠢ᠍ᠯᠡᠰ ᠪᠦᠳᠦᠭᠡᠬᠦ ᠦᠢ᠍ᠯᠡᠴᠢᠯᠡᠭᠡᠨ᠎ᠤ ᠲᠠᠪᠴᠠᠩ᠎ᠢ 30 ᠭᠠᠷᠤᠶ ᠪᠠᠶ᠋ᠢᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠦᠢ᠍ᠯᠡᠰ ᠪᠦᠳᠦᠭᠡᠬᠦ ᠬᠦᠷᠢᠶᠡᠯᠡᠩ᠎ᠤᠨ ᠪᠠᠶ᠋ᠢᠭᠤᠯᠤᠯᠲᠠ ᠵᠢ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠨᠡᠯᠢᠶᠡᠳ ᠰᠠᠶ᠋ᠢᠨ ᠰᠠᠭᠤᠷᠢ ᠵᠢ ᠪᠦᠷᠢᠯᠳᠦᠭᠦᠯᠵᠦ᠂ ᠦᠢ᠍ᠯᠡᠰ ᠪᠦᠳᠦᠭᠡᠭᠴᠢ᠎ᠳᠤ ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠰᠣᠯᠢᠯᠴᠠᠭ᠋ᠠᠨ᠎ᠤ ᠰᠠᠶ᠋ᠢᠨ ᠰᠠᠶ᠋ᠢᠬᠠᠨ ᠣᠷᠴᠢᠨ ᠨᠥᠬᠥᠴᠡᠯ᠎ᠢ ᠬᠠᠩᠭ᠋ᠠᠵᠤ ᠪᠣᠯᠤᠨ᠎ᠠ᠃
ᠬᠣᠶᠠᠷ᠎ᠲᠤ᠂ ᠲᠦᠩᠯᠢᠶᠣᠤ᠎ᠨᠢ ᠤᠯᠤᠰ᠎ᠤᠨ《ᠠᠩᠬᠠᠨ᠎ᠤ ᠪᠦᠯᠦᠭ ᠦᠢ᠍ᠯᠡᠰ ᠪᠦᠳᠦᠭᠡᠬᠦ ᠬᠡᠯᠪᠡᠷᠢ ᠵᠢᠨ ᠬᠣᠲᠠ》ᠪᠣᠯᠤᠭᠰᠠᠨ᠎ᠤ ᠬᠤᠪᠢ᠎ᠳᠤ᠂ ᠢᠮᠠᠭᠲᠠ ᠦᠢ᠍ᠯᠡᠰ ᠪᠦᠳᠦᠭᠡᠬᠦ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢᠨ ᠲᠥᠯᠥᠭᠡ ᠴᠢᠷᠮᠠᠶ᠋ᠢᠵᠤ᠂ ᠨᠢᠭᠡᠨᠲᠡ 5 ᠵᠢᠯ ᠳᠠᠷᠠᠭ᠋ᠠᠯᠠᠨ ᠪᠥᠬᠥ ᠬᠣᠲᠠ ᠵᠢᠨ ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠢ ᠡᠷᠭᠢᠯᠡᠵᠦ᠂ ᠵᠣᠬᠢᠬᠤ ᠬᠡᠮᠵᠢᠶᠡᠨ᠎ᠤ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠠᠵᠢᠯ᠎ᠤᠨ ᠲᠤᠷᠰᠢᠯᠭ᠎ᠠ ᠬᠤᠷᠠᠮᠳᠤᠭᠤᠯᠪᠠ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠢᠳᠡᠨ᠎ᠤ ᠲᠣᠰ ᠤᠳᠠᠭ᠋ᠠᠨ᠎ᠤ ᠤᠷᠤᠯᠳᠤᠭ᠋ᠠᠨ᠎ᠢ ᠳᠠᠭ᠋ᠠᠭ᠋ᠠᠨ ᠡᠷᠭᠢᠯᠡᠬᠦ ᠵᠢ ᠲᠤᠶ᠋ᠢᠯ ᠵᠶ᠋ᠠᠷ ᠢᠲᠡᠭᠡᠵᠦ ᠪᠠᠶ᠋ᠢᠬᠤ ᠪᠥᠭᠡᠳ ᠳᠡᠮᠵᠢᠵᠦ ᠪᠠᠶ᠋ᠢᠨ᠎ᠠ᠃
ᠭᠤᠷᠪᠠ᠎ᠳᠤ᠂ ᠲᠦᠩᠯᠢᠶᠣᠤ ᠵᠢᠨ ᠣᠷᠣᠨ ᠪᠠᠶ᠋ᠢᠷᠢ ᠵᠢᠨ ᠳᠠᠪᠠᠭᠤᠯᠢᠭ ᠢᠯᠡᠳᠲᠡ ᠪᠠᠶ᠋ᠢᠵᠤ᠂ ᠢᠯᠠᠩᠭᠤᠶ᠎ᠠ ᠣᠳᠣᠬᠢᠴᠢᠯᠠᠭᠰᠠᠨ ᠣᠷᠣᠨ ᠪᠦᠰᠡ ᠵᠢᠨ ᠲᠥᠪ ᠬᠣᠲᠠ ᠵᠢ ᠪᠦᠲᠦᠭᠡᠨ ᠪᠠᠶ᠋ᠢᠭᠤᠯᠬᠤ᠎ᠲᠠᠢ ᠤᠶᠠᠯᠳᠤᠭᠤᠯᠤᠨ᠂ ᠲᠦᠭ ᠲᠦᠮᠡᠨ ᠵᠶ᠋ᠡᠷ ᠵᠶ᠋ᠡᠨ ᠦᠢ᠍ᠯᠡᠰ ᠪᠦᠳᠦᠭᠡᠵᠦ᠂ ᠲᠦᠮᠡᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠵᠢ ᠶᠡᠬᠡᠪᠡᠷ ᠠᠬᠢᠭᠤᠯᠵᠤ᠂ ᠲᠦᠩᠯᠢᠶᠣᠤ᠎ᠳᠤ ᠰᠠᠭᠤᠷᠢᠯᠠᠭᠰᠠᠨ᠂ ᠥᠪᠥᠷ ᠮᠣᠩᠭᠣᠯ᠎ᠤᠨ ᠵᠡᠭᠦᠨ ᠬᠡᠰᠡᠭ᠎ᠲᠤ ᠦᠢ᠍ᠯᠡᠴᠢᠯᠡᠭᠰᠡᠨ᠂ ᠡᠷᠬᠢᠨ ᠲᠣᠭᠣᠷᠢᠨ᠎ᠢ ᠨᠥᠯᠥᠭᠡᠯᠡᠭᠰᠡᠨ ᠠᠵᠢᠯ ᠣᠯᠭᠣᠵᠤ ᠦᠢ᠍ᠯᠡᠰ ᠪᠦᠳᠦᠭᠡᠬᠦ ᠦᠢ᠍ᠯᠡᠴᠢᠯᠡᠭᠡᠨ᠎ᠤ ᠠᠵᠢᠯ᠎ᠤᠨ ᠪᠠᠶ᠋ᠢᠷᠢᠰᠢᠯ᠎ᠢ ᠠᠩᠬ᠎ᠠ ᠠᠯᠬᠤᠮ ᠪᠦᠷᠢᠯᠳᠦᠭᠦᠯᠵᠦ᠂ ᠤᠷᠤᠯᠳᠤᠭ᠋ᠠᠨ᠎ᠤ ᠶᠠᠪᠤᠳᠠᠯ᠎ᠤᠨ ᠪᠠᠲᠤᠯᠠᠭ᠎ᠠ᠂ ᠦᠢ᠍ᠯᠡᠰ ᠪᠦᠳᠦᠭᠡᠬᠦ ᠣᠷᠴᠢᠨ ᠲᠣᠭᠣᠷᠢᠨ ᠵᠡᠷᠭᠡ ᠲᠠᠯ᠎ᠠ᠎ᠪᠠᠷ ᠴᠥᠮ ᠵᠣᠬᠢᠬᠤ ᠳᠠᠪᠠᠭᠤᠯᠢᠭ᠎ᠲᠠᠢ ᠪᠠᠶ᠋ᠢᠵᠤ᠂ ᠪᠢᠳᠡ ᠲᠣᠰ ᠤᠳᠠᠭ᠋ᠠᠨ᠎ᠤ ᠤᠷᠤᠯᠳᠤᠭ᠋ᠠᠨ᠎ᠢ ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠬᠠᠮᠲᠤᠷᠠᠯᠴᠠᠭ᠎ᠠ ᠬᠥᠭᠵᠢᠯᠲᠡ ᠵᠢᠨ ᠴᠢᠨᠠᠷ ᠰᠠᠶ᠋ᠢᠲᠠᠶ ᠲᠠᠪᠴᠠᠩ ᠪᠣᠯᠭ᠋ᠠᠨ ᠡᠷᠬᠢᠯᠡᠬᠦ ᠢᠲᠡᠭᠡᠯ᠎ᠲᠠᠢ ᠪᠠᠶ᠋ᠢᠨ᠎ᠠ᠃
ᠦᠷ᠎ᠡ ᠪᠦᠳᠦᠮᠵᠢ ᠤᠯᠬᠤ ᠵᠢ ᠬᠦᠰᠡᠬᠦ ᠲᠠᠯ᠎ᠠ᠎ᠪᠠᠷ᠄
ᠨᠢᠭᠡ᠎ᠳᠤ᠂ ᠲᠣᠰ ᠤᠳᠠᠭ᠋ᠠᠨ᠎ᠤ ᠤᠷᠤᠯᠳᠤᠭ᠋ᠠᠨ᠎ᠢ ᠡᠷᠭᠢᠯᠡᠬᠦ᠎ᠪᠠᠷ ᠳᠡᠮᠵᠢᠨ᠂ ᠪᠣᠯᠪᠠᠰᠤᠷᠠᠭᠤᠯᠤᠨ ᠦᠢ᠍ᠯᠡᠳᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠣᠲᠣ ᠦᠶ᠎ᠡ ᠵᠢᠨ ᠦᠢ᠍ᠯᠡᠴᠢᠯᠡᠭᠡ ᠵᠡᠷᠭᠡ ᠬᠦᠷᠢᠶ᠎ᠡ᠎ᠠᠴᠠ ᠢᠷᠡᠭᠰᠡᠨ ᠦᠢ᠍ᠯᠡᠰ ᠪᠦᠳᠦᠭᠡᠬᠦ ᠠᠯᠢ ᠣᠯᠠᠨ ᠲᠥᠷᠥᠯ ᠵᠦᠢ᠍ᠯ᠎ᠢ ᠲᠠᠲᠠᠵᠤ ᠤᠷᠤᠯᠳᠤᠭ᠋ᠠᠨ᠎ᠳᠤ ᠣᠷᠣᠯᠴᠠᠭᠤᠯᠤᠨ᠂ ᠨᠢᠭᠡ ᠪᠦᠯᠦᠭ ᠴᠢᠨᠠᠷ ᠰᠠᠶ᠋ᠢᠲᠠᠶ ᠦᠢ᠍ᠯᠡᠰ ᠪᠦᠳᠦᠭᠡᠬᠦ ᠲᠥᠷᠥᠯ ᠵᠦᠢ᠍ᠯ᠎ᠢ ᠴᠣᠯᠭᠣᠷᠠᠭᠤᠯᠤᠨ ᠭᠠᠷᠭ᠋ᠠᠵᠤ᠂ ᠦᠢ᠍ᠯᠡᠰ ᠪᠦᠳᠦᠭᠡᠬᠦ ᠨᠡᠶ᠋ᠢᠲᠡᠯᠢᠭ ᠵᠢᠱ᠌ᠢᠶ᠎ᠡ ᠵᠢᠨ ᠵᠢᠱ᠌ᠢᠶ᠎ᠡ ᠦᠵᠡᠭᠦᠯᠵᠦ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠦᠢ᠍ᠯᠡᠰ ᠪᠦᠳᠦᠭᠡᠬᠦ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠠᠵᠢᠯ᠎ᠢ ᠨᠠᠩ ᠰᠠᠶ᠋ᠢᠲᠤᠷ ᠠᠬᠢᠭᠤᠯᠤᠨ᠎ᠠ᠃
ᠬᠣᠶᠠᠷ᠎ᠲᠤ᠂ ᠲᠤᠰ ᠤᠳᠠᠭ᠋ᠠᠨ᠎ᠤ ᠤᠷᠤᠯᠳᠤᠭ᠋ᠠᠨ᠎ᠳᠤ ᠨᠡᠩ ᠤᠯᠠᠨ ᠦᠢ᠍ᠯᠡᠰ ᠪᠦᠳᠦᠭᠡᠬᠦ ᠡᠯᠧᠮᠧᠨ᠋ᠲ ᠪᠣᠯᠤᠨ ᠴᠢᠳᠠᠪᠤᠷᠢᠲᠠᠨ᠎ᠤ ᠡᠬᠢ ᠪᠠᠶᠠᠯᠢᠭ᠎ᠢ ᠲᠥᠪᠯᠡᠷᠡᠭᠦᠯᠵᠦ᠂ ᠪᠦᠬᠦ ᠣᠷᠣᠨ᠎ᠤ ᠵᠣᠷᠢᠭᠲᠠᠢ ᠵᠠᠯᠠᠭᠤᠴᠤᠳ᠎ᠲᠤ ᠤᠶᠤᠨ ᠤᠬᠠᠭ᠋ᠠᠨ ᠠᠪᠢᠶᠠᠰ ᠴᠢᠳᠠᠪᠤᠷᠢ᠎ᠪᠠᠨ ᠢᠯᠡᠷᠡᠭᠦᠯᠬᠦ ᠪᠠ ᠦᠢ᠍ᠯᠡᠰ ᠪᠦᠳᠦᠭᠡᠬᠦ ᠲᠤᠷᠰᠢᠯᠭ᠎ᠠ᠎ᠪᠠᠨ ᠬᠤᠪᠢᠶᠠᠯᠴᠠᠬᠤ ᠲᠠᠪᠴᠠᠩ ᠬᠠᠩᠭ᠋ᠠᠵᠤ᠂ ᠪᠦᠬᠦ ᠠᠷᠠᠳ᠎ᠤᠨ ᠦᠢ᠍ᠯᠡᠰ ᠪᠦᠳᠦᠭᠡᠬᠦ ᠬᠠᠯᠠᠭᠤᠨ ᠰᠡᠳᠬᠢᠯᠭᠡ ᠵᠢ ᠤᠯᠠᠮ ᠴᠢᠨᠠᠭᠰᠢᠳᠠ ᠬᠥᠭᠵᠢᠭᠡᠵᠦ᠂ ᠦᠢ᠍ᠯᠡᠰ ᠪᠣᠰᠬᠠᠭᠴᠢᠳ᠎ᠤᠨ《ᠳᠤᠮᠳᠠᠳᠤ ᠤᠯᠤᠰ᠎ᠤᠨ ᠪᠦᠳᠦᠭᠡᠯᠴᠢ ᠭᠠᠷ》᠎ᠢ ᠬᠦᠮᠦᠵᠢᠭᠦᠯᠦᠨ᠂ 《ᠦᠢ᠍ᠯᠡᠰ ᠪᠤᠰᠬᠠᠬᠤ ᠬᠦᠰᠡᠯ ᠵᠡᠭᠦᠳᠦ》ᠵᠢ ᠬᠠᠮᠲᠤ᠎ᠪᠠᠷ ᠲᠡᠷᠭᠡᠯᠰᠢᠭᠦᠯᠬᠦ ᠵᠢ ᠬᠦᠰᠡᠵᠦ ᠪᠠᠶ᠋ᠢᠨ᠎ᠠ᠃
ᠭᠤᠷᠪᠠ᠎ᠳᠤ᠂ ᠵᠠᠭᠤᠴᠢᠯᠠᠭᠤᠷ᠎ᠤᠨ ᠬᠦᠴᠦᠨ᠎ᠢ ᠠᠰᠢᠭᠯᠠᠨ ᠤᠬᠠᠭᠤᠯᠭ᠎ᠠ ᠬᠢᠵᠦ᠂ ᠡᠭᠦᠨ᠎ᠤ ᠤᠯᠠᠮ ᠵᠶ᠋ᠠᠷ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠦᠢ᠍ᠯᠡᠰ ᠪᠦᠳᠦᠭᠡᠬᠦ ᠰᠢᠨ᠎ᠡ ᠵᠢ ᠡᠭᠦᠳᠬᠦ ᠵᠢᠨ ᠥᠷᠭᠡᠨ ᠳᠡᠯᠭᠡᠷ ᠠᠩᠬᠠᠷᠤᠯ᠎ᠢ ᠲᠠᠲᠠᠵᠤ᠂ ᠦᠢ᠍ᠯᠡᠰ ᠪᠦᠳᠦᠭᠡᠬᠦ ᠲᠥᠷᠥᠯ ᠵᠦᠢ᠍ᠯ ᠪᠣᠯᠤᠨ ᠦᠢ᠍ᠯᠡᠰ ᠪᠦᠳᠦᠭᠡᠭᠴᠢᠳ᠎ᠤᠨ ᠠᠯᠳᠠᠷᠰᠢᠯ᠎ᠢ ᠳᠡᠭᠡᠭᠰᠢᠯᠡᠭᠦᠯᠵᠦ᠂ ᠲᠡᠳᠡᠨ᠎ᠢ ᠬᠠᠪᠰᠤᠷᠤᠨ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠠᠷᠭ᠎ᠠ ᠵᠠᠮ᠎ᠢ ᠥᠷᠭᠡᠳᠬᠡᠵᠦ᠂ ᠦᠢ᠍ᠯᠡᠰ ᠪᠦᠳᠦᠭᠡᠬᠦ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠴᠢᠨᠠᠭᠰᠢᠳᠠ ᠬᠥᠭᠵᠢᠭᠡᠵᠦ᠂ ᠪᠥᠬᠥ ᠨᠡᠶ᠋ᠢᠭᠡᠮ ᠵᠶ᠋ᠡᠷ ᠵᠶ᠋ᠡᠨ ᠦᠢ᠍ᠯᠡᠰ ᠪᠦᠳᠦᠭᠡᠬᠦ ᠰᠢᠨ᠎ᠡ ᠵᠢ ᠡᠭᠦᠳᠬᠦ ᠵᠢ ᠳᠡᠮᠵᠢᠬᠦ ᠭᠦᠨ ᠵᠤᠵᠠᠭ᠋ᠠᠨ ᠠᠭᠤᠷ ᠠᠮᠢᠰᠬᠤᠯ᠎ᠢ ᠬᠦᠴᠦᠯᠡᠨ ᠪᠣᠶ ᠪᠣᠯᠭ᠋ᠠᠵᠤ᠂ ᠦᠢ᠍ᠯᠡᠰ ᠪᠦᠳᠦᠭᠡᠬᠦ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ᠂ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ᠃
ᠰᠣᠨᠢᠨ ᠮᠡᠳᠡᠭᠡ ᠨᠡᠢ᠌ᠳᠡᠯᠡᠭᠰᠡᠨ ᠴᠠᠭ᠄
2022-04-01 11:00
ᠰᠣᠨᠢᠨ ᠮᠡᠳᠡᠭᠡ ᠨᠡᠢ᠌ᠳᠡᠯᠡᠭᠰᠡᠨ ᠬᠠᠶᠢᠭ ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ
ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
ᠰᠣᠨᠢᠨ ᠮᠡᠳᠡᠭᠡ ᠨᠡᠢ᠌ᠳᠡᠯᠡᠭᠰᠡᠨ ᠨᠢᠭᠡᠴᠡ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ
ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
ᠰᠣᠨᠢᠨ ᠮᠡᠳᠡᠭᠡ ᠨᠡᠶ᠋ᠢᠲᠡᠯᠡᠭᠴᠢ ᠄
ᠸᠠᠩ ᠯᠢᠨ