ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠤᠬᠠᠢ ᠮᠡᠳᠡᠭᠡ ᠨᠡᠶ᠋ᠢᠲᠡᠯᠡᠬᠦ ᠬᠤᠷᠠᠯ ᠥᠨᠥᠳᠦᠷ ᠬᠤᠷᠠᠯᠳᠤᠪᠠ
ᠨᠡᠶ᠋ᠢᠲᠡᠯᠡᠭᠰᠡᠨ ᠴᠠᠭ᠄ 2022-03-19

人社领域优化营商环境新闻发布会召开1.jpg

       


       3 ᠳ᠋ᠤᠭ᠋ᠠᠷ ᠰᠠᠷ᠎ᠠ ᠵᠢᠨ 17 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠤᠬᠠᠶ  ᠮᠡᠳᠡᠭᠡ ᠨᠡᠶ᠋ᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠭᠤᠤᠯᠯᠠᠨ ᠨᠡᠢ᠌ᠳᠡᠯᠡᠵᠦ᠂ ᠪᠦᠬᠦ ᠤᠷᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ ᠰᠢᠰᠲᠸᠮ᠎ᠤᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ᠎ᠢ ᠰᠢᠯᠢᠳᠡᠭᠵᠢᠬᠦᠯᠬᠦ ᠠᠵᠢᠯ᠎ᠤᠨ ᠭᠤᠤᠯᠳᠠᠯᠭ᠎ᠠ ᠵᠢ ᠲᠠᠨᠢᠯᠴᠠᠭᠤᠯᠪᠠ᠃


人社领域优化营商环境新闻发布会召开2.jpg 


       ᠲᠢᠩᠬᠢᠮ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠨᠡᠭᠡᠭᠡᠯᠲᠡ ᠵᠢᠨ ᠭᠠᠵᠠᠷ᠎ᠤᠨ ᠳᠠᠷᠤᠭ᠎ᠠ ᠶᠦᠨ ᠰᠢᠶᠠ᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ ᠶᠠᠩ ᠱᠦᠸᠸ ᠷᠦᠩ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ  ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ ᠶᠠᠩ ᠮᠠᠨ ᠳ᠋ᠢ ᠰᠤᠷᠪᠤᠯᠵᠢᠯᠠᠭᠴᠢ ᠵᠢᠨ ᠠᠰᠠᠭᠤᠯᠲᠠ ᠵᠢ

ᠬᠠᠷᠢᠭᠤᠯᠪᠠ᠃
      2021 ᠣᠨ᠎ᠠᠴᠠ ᠨᠠᠰᠢ᠂ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ᠎ᠬᠢᠨ ᠠᠵᠤ ᠠᠬᠤᠶ᠋ᠢᠯᠠᠯ ᠣᠯᠠᠨ ᠲᠦᠮᠡᠨ᠎ᠤ《ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠴᠢᠷ ᠶᠠᠪᠤᠳᠠᠯ᠎ᠢ ᠲᠣᠳᠣᠷᠬᠠᠶ᠋ᠢᠯᠠᠨ᠂ ᠮᠠᠲ᠋ᠧᠷᠢᠶᠠᠯ᠎ᠢ ᠪᠠᠭ᠋ᠠᠰᠬᠠᠵᠤ᠂ ᠴᠠᠭ᠎ᠤᠨ ᠬᠢᠵᠠᠭ᠋ᠠᠷ᠎ᠢ ᠪᠣᠭᠣᠨᠢᠰᠬᠠᠵᠤ᠂ ᠡᠯ᠎ᠡ ᠵᠦᠢ᠍ᠯ᠎ᠤᠨ ᠠᠵᠢᠯ ᠢᠳᠡᠪᠬᠢᠲᠡᠶ ᠠᠬᠢᠴᠠ᠎ᠲᠠᠢ ᠪᠣᠯᠪᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ 70 ᠵᠤᠷᠪᠤᠰ ᠠᠷᠭ᠎ᠠ ᠬᠡᠮᠵᠢᠶ᠎ᠡ ᠵᠢ ᠨᠡᠶ᠋ᠢᠲᠡᠯᠡᠪᠡ᠂ ᠡᠭᠦᠨ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠠᠵᠤ ᠠᠬᠤᠶ᠋ᠢᠯᠠᠯ᠎ᠤᠨ ᠪᠥᠬᠥ ᠦᠶᠡᠯᠡᠯ᠎ᠤᠨ ᠬᠤᠭᠤᠴᠠᠭ᠋ᠠᠨ᠎ᠤ ᠦᠢ᠍ᠯᠡᠴᠢᠯᠡᠭᠡ ᠵᠢ ᠴᠢᠩᠭ᠋ᠠᠳᠬᠠᠬᠤ᠂ ᠵᠠᠬ᠎ᠠ ᠳᠡᠯᠭᠡᠭᠦᠷ᠎ᠤᠨ ᠲᠥᠪ ᠭᠤᠤᠯᠴᠢ ᠣᠷᠴᠢᠨ ᠨᠥᠬᠥᠴᠡᠯ᠎ᠢ ᠪᠣᠶ ᠪᠣᠯᠭ᠋ᠠᠬᠤ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠳᠣᠲᠣᠨᠣ ᠴᠢᠬᠡᠴᠢ ᠬᠠᠷᠢᠴᠠᠭ᠎ᠠ ᠵᠢ ᠪᠠᠶ᠋ᠢᠭᠤᠯᠬᠤ ᠵᠡᠷᠭᠡ 4 ᠲᠠᠯ᠎ᠠ ᠵᠢᠨ ᠠᠭᠤᠯᠭ᠎ᠠ ᠪᠠᠭᠲᠠᠨ᠎ᠠ᠃ ᠨᠠᠶ᠋ᠢᠳᠠᠪᠤᠷᠢᠵᠢᠭᠤᠯᠬᠤ ᠵᠢ ᠴᠢᠬᠤᠯᠠᠴᠢᠯᠠᠵᠤ᠂ ᠦᠷ᠎ᠡ ᠪᠦᠲᠦᠮᠵᠢ ᠵᠢ ᠴᠢᠬᠤᠯᠠᠴᠢᠯᠠᠬᠤ᠎ᠪᠠᠷ  ᠬᠦᠴᠦᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ《ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠯᠢᠳᠡᠭ᠎ᠢ ᠡᠭᠦᠳᠴᠦ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ》᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠪᠥᠬᠥ ᠤᠯᠤᠰ᠎ᠤᠨ ᠲᠡᠷᠢᠭᠦᠨ᠎ᠤ᠎ᠬᠢ᠎ᠲᠠᠢ ᠬᠠᠷᠢᠴᠠᠭᠤᠯᠵᠤ᠂ 《ᠳᠠᠭ᠋ᠠᠵᠤ ᠭᠦᠶᠦᠬᠦ》᠎ᠠᠴᠠ《ᠵᠡᠷᠭᠡᠴᠡᠨ ᠭᠦᠶᠦᠬᠦ》ᠪᠣᠯᠭ᠋ᠠᠨ ᠬᠤᠪᠢᠷᠠᠭᠤᠯᠵᠤ᠂ ᠡᠭᠦᠨ᠎ᠤ ᠤᠯᠠᠮ ᠵᠶ᠋ᠠᠷ 《ᠳᠠᠭ᠋ᠠᠭᠤᠯᠤᠨ ᠭᠦᠶᠦᠬᠦ》ᠵᠢ ᠪᠡᠶᠡᠯᠡᠭᠦᠯᠦᠨ᠎ᠡ᠃
       《ᠣᠯᠠᠨ ᠲᠦᠮᠡᠨ᠎ᠢ ᠠᠵᠢᠯ ᠬᠡᠷᠡᠭ ᠭᠦᠢ᠍ᠴᠡᠳᠬᠡᠬᠦ᠎ᠳᠤ ᠳᠤᠲᠠᠭᠤ ᠭᠦᠶᠦᠯᠭᠡᠬᠦ》 ᠲᠤᠭᠤᠷᠢᠨ᠎ᠳᠤ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ ᠲᠦᠷᠭᠡᠨ ᠳᠦᠭᠦᠮ ᠠᠪᠰᠠᠷ ᠦᠢ᠍ᠯᠡᠴᠢᠯᠡᠭᠡ ᠵᠢ ᠪᠦᠬᠦ ᠲᠠᠯ᠎ᠠ᠎ᠪᠠᠷ ᠳᠡᠯᠭᠡᠷᠡᠬᠦᠯᠦᠨ᠎ᠡ
       ᠣᠯᠠᠨ ᠨᠡᠶ᠋ᠢᠲᠡ ᠵᠢᠨ ᠦᠢ᠍ᠯᠡᠴᠢᠯᠡᠭᠡ ᠪᠣᠯ ᠠᠷᠠᠳ᠎ᠤᠨ ᠠᠮᠢᠳᠤᠷᠠᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠮᠥᠨ᠂ ᠲᠡᠷᠡ᠎ᠨᠢ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠭᠡᠬᠦ᠎ᠳᠤ ᠰᠢᠭᠤᠳ ᠬᠣᠯᠪᠣᠭᠳᠠᠬᠤ ᠲᠥᠷᠥᠭᠳᠡᠯ ᠪᠣᠯᠤᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠠᠷᠢᠮᠵᠢᠶᠠᠵᠢᠭᠤᠯᠬᠤ ᠪᠠᠶ᠋ᠢᠭᠤᠯᠤᠯᠲᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢ᠍ᠯᠡᠴᠢᠯᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢᠨ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠦᠷᠭᠡᠨ ᠲᠥᠬᠥᠮ ᠦᠢ᠍ᠯᠡᠴᠢᠯᠡᠭᠡ ᠵᠢ ᠠᠬᠢᠭᠤᠯᠤᠨ᠎ᠠ᠃ ᠨᠢᠭᠡ᠎ᠳᠤ᠂《ᠠᠷᠢᠯᠭ᠋ᠠᠬᠤ᠂ ᠬᠠᠰᠤᠬᠤ᠂ ᠪᠠᠭ᠋ᠠᠰᠬᠠᠬᠤ》ᠵᠢ ᠦᠷᠭᠦᠯᠵᠢᠯᠡᠨ ᠠᠬᠢᠭᠤᠯᠤᠨ᠎ᠠ᠃ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠳᠠᠩᠰᠠ ᠵᠢ ᠬᠥᠳᠡᠯᠦᠩᠭᠦᠶ᠎ᠪᠠᠷ ᠲᠣᠬᠢᠷᠠᠭᠤᠯᠵᠤ᠂ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ᠎ᠢ ᠱᠠᠲᠤ ᠳᠠᠷᠠᠭ᠋ᠠᠯᠠᠨ ᠵᠦᠢ᠍ᠯ ᠳᠠᠷᠠᠭ᠋ᠠᠯᠠᠨ ᠨᠠᠶ᠋ᠢᠷᠠᠭᠤᠯᠤᠨ ᠵᠣᠬᠢᠶᠠᠵᠤ᠂ ᠠᠵᠢᠯ ᠶᠠᠪᠤᠳᠠᠯ ᠭᠦᠢ᠍ᠴᠡᠳᠭᠡᠬᠦ ᠮᠠᠲ᠋ᠧᠷᠢᠶᠠᠯ᠎ᠢ ᠤᠯᠠᠮ ᠪᠠᠭ᠋ᠠᠰᠬᠠᠨ ᠬᠠᠰᠤᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠳᠣᠲᠣᠭ᠋ᠠᠳᠤ ᠵᠢᠨ ᠭᠡᠷᠡᠴᠢᠯᠡᠬᠦ ᠮᠠᠲ᠋ᠧᠷᠢᠶᠠᠯ᠎ᠢ ᠴᠥᠮ ᠬᠦᠴᠦᠨ ᠥᠬᠡᠶ ᠪᠣᠯᠭ᠋ᠠᠵᠤ᠂ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ᠎ᠪᠠᠷ ᠳᠡᠮᠵᠢᠨ ᠣᠯᠵᠤ ᠪᠣᠯᠬᠤ ᠵᠢ᠎ᠨᠢ ᠴᠥᠮ ᠬᠦᠴᠦᠨ ᠥᠬᠡᠶ ᠪᠣᠯᠭ᠋ᠠᠵᠤ᠂ ᠲᠦᠷ ᠴᠠᠭ ᠣᠯᠵᠤ ᠳᠡᠶ᠋ᠢᠯᠬᠦ ᠥᠬᠡᠶ ᠪᠠᠶ᠋ᠢᠪᠠᠯ᠂《ᠮᠡᠳᠡᠭᠳᠡᠬᠦ ᠠᠮᠠᠯᠠᠯᠲᠠ ᠵᠢᠨ

ᠲᠦᠷᠢᠮ》《ᠳᠤᠲᠠᠭᠳᠠᠯ᠎ᠢ᠎ᠨᠢ ᠭᠥᠯᠢᠶᠡᠨ ᠠᠪᠴᠤ  ᠰᠢᠢ᠍ᠳᠪᠦᠷᠢᠯᠡᠬᠦ》ᠠᠷᠭ᠎ᠠ ᠮᠠᠶᠢᠭ ᠵᠶ᠋ᠠᠷ ᠳᠠᠮᠵᠢᠭᠤᠯᠤᠨ ᠭᠦᠢ᠍ᠴᠡᠳᠭᠡᠵᠦ᠂ ᠥᠨᠳᠥᠷ ᠳᠠᠪᠲᠠᠮᠵᠢᠲᠤ 50  ᠦᠢ᠍ᠯᠡᠴᠢᠯᠡᠭᠡᠨ᠎ᠤ ᠵᠦᠢ᠍ᠯᠡᠰ᠎ᠤᠨ ᠭᠦᠢ᠍ᠴᠡᠳᠭᠡᠬᠦ ᠴᠠᠭ᠎ᠤᠨ ᠬᠢᠵᠠᠭ᠋ᠠᠷ᠎ᠢ 50 % ᠎ᠪᠠᠷ ᠪᠣᠭᠣᠨᠢᠰᠬᠠᠨ᠎ᠠ᠃ ᠬᠣᠶᠠᠷ᠎ᠲᠤ ᠂《ᠰᠦᠯᠵᠢᠶᠡᠨ ᠳᠡᠭᠡᠷ᠎ᠡ ᠭᠦᠢ᠍ᠴᠡᠳᠭᠡᠬᠦ》ᠵᠢ ᠪᠥᠬᠥ ᠲᠠᠯ᠎ᠠ᠎ᠪᠠᠷ ᠠᠬᠢᠭᠤᠯᠤᠨ᠎ᠠ᠃ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠶᠠᠰᠤ ᠴᠢᠨᠠᠷ᠎ᠢ ᠤᠯᠠᠮ ᠳᠡᠭᠡᠭᠰᠢᠯᠡᠭᠦᠯᠵᠦ᠂ ᠰᠦᠯᠵᠢᠶᠡᠨ ᠳᠡᠭᠡᠷᠡᠬᠢ ᠡᠷᠬᠢᠯᠡᠨ ᠭᠦᠶᠴᠡᠳᠬᠡᠬᠦ ᠬᠡᠮᠵᠢᠶ᠎ᠡ ᠵᠢ ᠡᠷᠬᠢᠯᠡᠨ ᠭᠦᠢ᠍ᠴᠡᠳᠭᠡᠬᠦ ᠶᠡᠷᠦᠩᠬᠡᠶ ᠬᠡᠮᠵᠢᠶ᠎ᠡ ᠵᠢᠨ 50 % ᠎ᠠᠴᠠ ᠳᠡᠭᠡᠭᠰᠢᠬᠢ ᠵᠢ ᠡᠵᠡᠯᠡᠭᠦᠯᠵᠦ᠂ ᠨᠠᠷᠢᠨ ᠳᠠᠩᠰᠠᠨ᠎ᠳᠠᠬᠢ ᠵᠦᠢ᠍ᠯᠡᠰ᠎ᠢ ᠰᠦᠯᠵᠢᠶᠡᠨ ᠳᠡᠭᠡᠷ᠎ᠡ ᠭᠦᠢ᠍ᠴᠡᠳᠭᠡᠵᠦ ᠪᠣᠯᠬᠤ ᠨᠣᠷᠮ᠎ᠠ ᠵᠢ 100 %᠎ᠳᠤ ᠬᠦᠷᠦᠭᠦᠯᠵᠦ᠂ ᠬᠤᠪᠢ ᠬᠥᠮᠦᠨ᠎ᠤ ᠦᠢ᠍ᠯᠡᠴᠢᠯᠡᠭᠡᠨ᠎ᠤ ᠵᠦᠢ᠍ᠯᠡᠰ᠎ᠢ 100 % ᠎ᠪᠠᠷ《ᠭᠠᠷ ᠤᠳᠠᠰᠤᠨ ᠳᠡᠭᠡᠷ᠎ᠡ ᠭᠦᠢ᠍ᠴᠡᠳᠭᠡᠨ᠎ᠡ》᠃ ᠭᠤᠷᠪᠠ᠎ᠳᠤ᠂ ᠰᠦᠯᠵᠢᠶᠡᠨ ᠭᠠᠳᠠᠨᠠᠬᠢ  ᠦᠢ᠍ᠯᠡᠴᠢᠯᠡᠭᠡᠨ᠎ᠤ ᠠᠷᠭ᠎ᠠ ᠮᠠᠶᠢᠭ᠎ᠢ ᠬᠦᠴᠦᠯᠡᠨ ᠰᠠᠶ᠋ᠢᠵᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠪᠠᠶ᠋ᠢᠭᠤᠯᠤᠭᠰᠠᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠤᠬᠠᠶ᠋ᠢᠯᠠᠭᠰᠠᠨ ᠠᠵᠢᠯ᠎ᠤᠨ ᠮᠡᠳᠡᠭᠡ ᠵᠠᠩᠭᠢ ᠵᠢᠨ ᠰᠢᠰᠲ᠋ᠧᠮ᠎ᠢ ᠪᠦᠬᠦᠨ᠎ᠢ《ᠨᠢᠭᠡ ᠴᠣᠩᠬᠤᠪᠴᠢ ᠭᠥᠯᠢᠶᠡᠨ ᠠᠪᠴᠤ ᠰᠢᠢ᠍ᠳᠪᠦᠷᠢᠯᠡᠬᠦ ᠲᠠᠪᠴᠠᠩ》᠎ᠳᠤ ᠵᠠᠯᠭ᠋ᠠᠨ ᠣᠷᠣᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ《ᠨᠢᠭᠡ ᠴᠣᠩᠬᠤᠪᠴᠢ᠎ᠪᠠᠷ ᠭᠦᠢ᠍ᠴᠡᠳᠭᠡᠬᠦ》ᠵᠢ  ᠪᠡᠶᠡᠯᠡᠬᠦᠯᠦᠨ᠎ᠡ; ᠪᠥᠬᠥ ᠣᠷᠣᠨ᠎ᠤ ᠨᠡᠶ᠋ᠢᠳᠡᠮ ᠭᠦᠢ᠍ᠴᠡᠳᠭᠡᠬᠦ ᠵᠦᠢ᠍ᠯᠡᠰ᠎ᠤᠨ ᠨᠠᠷᠢᠨ ᠳᠠᠩᠰᠠ ᠵᠢ ᠲᠣᠭᠲᠠᠭ᠋ᠠᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠵᠢ ᠠᠶ᠋ᠢᠮᠠᠭ ᠬᠣᠲᠠ ᠠᠯᠤᠰᠯᠠᠨ ᠭᠦᠢ᠍ᠴᠡᠳᠭᠡᠬᠦ ᠵᠢ ᠠᠬᠢᠭᠤᠯᠤᠨ᠂《ᠪᠥᠬᠥ ᠣᠷᠣᠨ᠎ᠤ ᠨᠡᠶ᠋ᠢᠳᠡᠮ ᠭᠦᠢ᠍ᠴᠡᠳᠭᠡᠬᠦ》ᠵᠢ ᠪᠡᠶᠡᠯᠡᠭᠦᠯᠦᠨ᠎ᠡ; ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠵᠢ ᠰᠤᠮᠤ ᠰᠢᠶᠠᠩ ᠪᠠᠯᠭ᠋ᠠᠰᠤ ᠵᠢᠨ ᠦᠢ᠍ᠯᠡᠴᠢᠯᠡᠭᠡᠨ᠎ᠤ ᠲᠠᠪᠴᠠᠩ᠎ᠳᠤ ᠣᠷᠣᠭᠤᠯᠵᠤ ᠰᠠᠭᠤᠯᠭ᠋ᠠᠬᠤ ᠵᠢ ᠠᠬᠢᠭᠤᠯᠵᠤ᠂ ᠨᠥᠬᠥᠴᠡᠯ᠎ᠲᠠᠢ ᠭᠠᠵᠠᠷ ᠣᠷᠣᠨ᠎ᠤ ᠭᠠᠴᠠᠭ᠎ᠠ ᠲᠣᠰᠬᠣᠨ᠎ᠳᠤ ᠬᠥᠳᠡᠯᠮᠦᠷᠢ ᠵᠢᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠥᠷᠲᠡᠭᠡ ᠪᠠᠶ᠋ᠢᠭᠤᠯᠬᠤ ᠵᠢ ᠵᠣᠷᠢᠭᠵᠢᠭᠤᠯᠤᠨ᠂ ᠪᠠᠩᠬᠢ᠂ ᠰᠢᠤᠳᠠᠨ᠎ᠤ ᠰᠠᠯᠠᠭ᠎ᠠ ᠮᠥᠴᠢᠷ᠎ᠯᠦᠭᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂《ᠨᠡᠶ᠋ᠢᠭᠡᠮ᠎ᠤᠨ ᠪᠠᠳᠤᠯᠠᠭ᠎ᠠ ᠪᠠ ᠪᠠᠩᠬᠢ ᠵᠢ ᠨᠢᠭᠡ ᠴᠣᠭᠴᠠᠵᠢᠭᠤᠯᠬᠤ》 ᠦᠢ᠍ᠯᠡᠴᠢᠯᠡᠭᠡᠨ᠎ᠤ ᠲᠤᠤᠷ ᠴᠡᠭ᠎ᠢ ᠪᠠᠶ᠋ᠢᠭᠤᠯᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ  ᠦᠢ᠍ᠯᠡᠴᠢᠯᠡᠭᠡᠨ᠎ᠢ《ᠣᠶ᠋ᠢᠷ᠎ᠠ ᠬᠠᠪᠢ᠎ᠳᠤᠨᠢ ᠭᠦᠢ᠍ᠴᠡᠳᠭᠡᠬᠦ》ᠵᠢ ᠪᠡᠶᠡᠯᠡᠭᠦᠯᠦᠨ᠎ᠡ; ᠠᠷᠠᠳ ᠢᠷᠭᠡᠳ᠎ᠤᠨ ᠲᠦᠷᠦᠭᠦ᠂ ᠠᠵᠢᠯ ᠤᠯᠬᠤ᠂ ᠠᠵᠢᠯ ᠠᠯᠳᠠᠬᠤ᠂ ᠰᠢᠯᠵᠢᠬᠦ᠂ ᠠᠵᠢᠯ᠎ᠠᠴᠠ᠎ᠪᠠᠨ  ᠳᠠᠷᠬᠠᠯᠠᠭᠳᠠᠵᠤ ᠠᠮᠠᠷᠠᠬᠤ ᠵᠡᠷᠭᠡ ᠵᠠᠩᠭᠢᠯᠠᠭ᠎ᠠ ᠵᠢᠨ ᠴᠠᠭ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠬᠣᠯᠪᠣᠭᠳᠠᠬᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠵᠢ ᠨᠢᠭᠡ ᠬᠡᠷᠡᠭ ᠪᠣᠯᠭ᠋ᠠᠨ ᠡᠮᠬᠢᠯᠡᠨ ᠨᠡᠶ᠋ᠢᠯᠡᠭᠦᠯᠵᠦ᠂ ᠨᠥᠬᠥᠴᠡᠯ᠎ᠲᠠᠢ ᠭᠠᠵᠠᠷ ᠣᠷᠣᠨ᠎ᠤ ᠰᠠᠯᠠᠭ᠎ᠠ ᠮᠥᠴᠢᠷ ᠠᠯᠤᠰᠯᠠᠨ《ᠣᠷᠣᠯᠠᠨ ᠭᠦᠢ᠍ᠴᠡᠳᠭᠡᠬᠦ》ᠵᠢ ᠵᠣᠷᠢᠭᠵᠢᠭᠤᠯᠤᠨ᠎ᠠ; ᠨᠡᠶ᠋ᠢᠭᠡᠮ᠎ᠤᠨ ᠶᠡᠷᠦᠩᠬᠡᠶ᠋ᠢᠯᠡᠨ ᠵᠠᠰᠠᠬᠤ ᠲᠤᠤᠷᠵᠢᠯ᠎ᠤᠨ ᠠᠵᠢᠯᠲᠠᠨ᠂ ᠬᠥᠳᠡᠯᠮᠦᠷᠢ ᠪᠠᠲᠤᠯᠠᠭ᠎ᠠ ᠵᠢᠨ ᠲᠤᠰᠠᠯᠠᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠵᠢᠯ ᠣᠯᠵᠤ ᠠᠳᠠᠯ ᠦᠢ᠍ᠯᠡᠰ ᠴᠣᠭᠴᠠᠯᠠᠬᠤ᠂ ᠨᠡᠶ᠋ᠢᠭᠡᠮ᠎ᠤᠨ ᠳᠠᠭ᠋ᠠᠳᠬᠠᠯ᠂ ᠬᠥᠳᠡᠯᠮᠦᠷᠢ ᠠᠵᠢᠯᠴᠢᠨ ᠬᠡᠷᠡᠭᠯᠡᠬᠦ ᠵᠡᠷᠭᠡ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠤᠬᠠᠶ᠋ᠢᠯᠠᠭᠰᠠᠨ ᠠᠵᠢᠯ᠎ᠢ ᠬᠠᠪᠰᠤᠷᠤᠨ ᠣᠷᠣᠯᠠᠨ ᠭᠦᠢ᠍ᠴᠡᠳᠭᠡᠨ᠎ᠡ; ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠲᠠᠪᠴᠠᠩ ᠵᠡᠷᠭᠡ ᠬᠦᠴᠦᠨ᠎ᠳᠤ

ᠲᠦᠰᠢᠭᠯᠡᠨ᠂ ᠶᠠᠪᠤᠵᠤ ᠰᠠᠭᠤᠬᠤ᠎ᠳᠤ ᠳᠥᠭᠥᠮ ᠦᠭᠡᠢ ᠨᠠᠰᠤᠲᠠᠶ᠋ᠢᠴᠤᠳ ᠢᠯᠠᠩᠭᠤᠶ᠎ᠠ ᠥᠨᠳᠥᠷ ᠨᠠᠰᠤᠲᠠᠶ᠂ ᠭᠤᠤᠨᠢ ᠪᠡᠶ᠎ᠡ᠂ ᠴᠢᠳᠠᠯ ᠲᠡᠩᠬᠡᠭᠡ ᠥᠬᠡᠶ ᠪᠣᠯᠤᠭᠰᠠᠨ ᠪᠠ ᠬᠡᠷ᠎ᠲᠡᠭᠡᠨ ᠬᠣᠴᠣᠷᠤᠭᠰᠠᠨ ᠨᠠᠰᠤᠲᠠᠶ᠋ᠢᠴᠤᠳ ᠵᠢᠴᠢ ᠵᠡᠮᠳᠡᠭᠴᠦᠳ ᠵᠡᠷᠭᠡ ᠬᠥᠮᠦᠰ᠎ᠲᠤ《ᠬᠡᠷ᠎ᠲᠤᠨᠢ ᠬᠦᠷᠴᠦ ᠭᠦᠢ᠍ᠴᠡᠳᠭᠡᠬᠦ》ᠦᠢ᠍ᠯᠡᠴᠢᠯᠡᠭᠡ ᠬᠠᠩᠭ᠋ᠠᠨ᠎ᠠ᠃ ᠡᠭᠦᠨ᠎ᠠᠴᠠ ᠭᠠᠳᠠᠨ᠎ᠠ᠂ ᠪᠠᠰᠠ ᠣᠯᠠᠨ ᠲᠦᠮᠡᠨ᠎ᠳᠤ ᠦᠢ᠍ᠯᠡᠴᠢᠯᠡᠬᠦ ᠲᠠᠯ᠎ᠠ᠎ᠪᠠᠷ ᠠᠷᠠᠳ᠎ᠲᠤ ᠲᠥᠬᠥᠮ ᠦᠵᠡᠭᠦᠯᠬᠦ ᠨᠠᠩ ᠣᠯᠠᠨ ᠠᠷᠭ᠎ᠠ ᠬᠡᠮᠵᠢᠶ᠎ᠡ ᠵᠢ ᠰᠦᠪᠡᠭᠴᠢᠯᠡᠬᠦ ᠬᠡᠷᠡᠭᠲᠡᠶ᠂ ᠵᠢᠱ᠌ᠢᠶᠡᠯᠡᠪᠡᠯ᠂ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠠᠭ᠋ᠠᠯᠵᠠᠯ ᠭᠥᠷᠳᠡᠬᠦ ᠬᠢᠷᠢ ᠬᠡᠮ᠎ᠤᠨ ᠭᠡᠷᠡᠴᠢᠯᠡᠯ᠎ᠤᠨ ᠲᠠᠯ᠎ᠠ᠎ᠪᠠᠷ᠂《  ᠠᠶᠠᠨᠳᠠᠭ᠋ᠠᠨ᠎ᠤ ᠭᠡᠷᠡᠴᠢᠯᠡᠯ》᠎ᠢ ᠰᠦᠪᠡᠭᠴᠢᠯᠡᠨ ᠥᠷᠨᠢᠭᠦᠯᠵᠦ᠂ ᠣᠯᠠᠨ ᠲᠦᠮᠡᠨ᠎ᠳᠤ ᠭᠡᠷᠡᠴᠢᠯᠡᠯ᠎ᠤᠨ ᠳᠦᠭᠦᠮ ᠦᠢ᠍ᠯᠡᠴᠢᠯᠡᠭᠡ ᠬᠠᠩᠭ᠋ᠠᠬᠤ ᠬᠡᠷᠡᠭᠲᠡᠶ᠃
       《ᠠᠵᠤ ᠠᠬᠤᠶ᠋ᠢᠯᠠᠯ᠎ᠤᠨ ᠤᠴᠢᠷ ᠶᠠᠪᠤᠳᠠᠯ ᠰᠢᠢ᠍ᠳᠪᠦᠷᠢᠯᠡᠬᠦ᠎ᠳᠤ ᠰᠢᠯᠤᠭᠤᠨ ᠪᠠᠢ᠌ᠯᠭ᠋ᠠᠬᠤ》 ᠲᠤᠭᠤᠷᠢᠨ᠎ᠳᠤ ᠠᠵᠤ ᠠᠬᠤᠢ᠌ᠯᠠᠯ᠎ᠤᠨ ᠪᠦᠬᠦ ᠦᠶᠡᠯᠡᠯ᠎ᠤᠨ ᠬᠤᠭᠤᠴᠠᠭ᠋ᠠᠨ᠎ᠤ ᠦᠢ᠍ᠯᠡᠴᠢᠯᠡᠭᠡ ᠵᠢ ᠪᠦᠬᠦ ᠲᠠᠯ᠎ᠠ᠎ᠪᠠᠷ ᠰᠢᠯᠢᠳᠡᠭᠵᠢᠬᠦᠯᠦᠨ᠎ᠡ
       ᠠᠵᠤ ᠠᠬᠤᠶ᠋ᠢᠯᠠᠯ᠎ᠳᠤ ᠦᠢ᠍ᠯᠡᠴᠢᠯᠡᠬᠦ ᠪᠣᠯ ᠳᠠᠷᠤᠢ ᠬᠥᠭᠵᠢᠯᠲᠡ᠎ᠳᠤ ᠦᠢ᠍ᠯᠡᠴᠢᠯᠡᠬᠦ ᠶᠠᠪᠤᠳᠠᠯ ᠮᠥᠨ ᠭᠡᠬᠦ ᠠᠵᠢᠯ᠎ᠤᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠠᠵᠤ ᠠᠬᠤᠶ᠋ᠢᠯᠠᠯ᠎ᠤᠨ ᠬᠥᠭᠵᠢᠨ ᠪᠤᠵᠠᠭ᠋ᠠᠢ᠌ᠢ᠍ᠷᠠᠬᠤ ᠵᠢ ᠭᠤᠷᠪᠠᠨ ᠲᠠᠯ᠎ᠠ᠎ᠪᠠᠷ ᠲᠡᠮᠵᠢᠨ᠎ᠠ᠃ ᠨᠢᠭᠡ᠎ᠳᠤ᠂ ᠠᠵᠤ ᠠᠬᠤᠶ᠋ᠢᠯᠠᠯ ᠡᠷᠭᠢᠯᠡᠬᠦ᠂ ᠬᠦᠴᠦᠨ ᠥᠬᠡᠶ ᠪᠣᠯᠭ᠋ᠠᠬᠤ ᠭᠣᠭᠴᠣᠭ᠎ᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠶᠠᠪᠤᠴᠠ ᠵᠢ ᠳᠥᠭᠥᠮᠴᠢᠯᠡᠨ᠎ᠡ᠃ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ ᠲᠣᠭ᠎ᠠ ᠪᠠᠷᠢᠮᠲᠠ ᠵᠢᠨ ᠭᠦᠢ᠍ᠯᠭᠡᠭᠡᠨ᠎ᠢ ᠨᠡᠪᠲᠡᠷᠡᠭᠦᠯᠵᠦ᠂ ᠠᠵᠤ ᠠᠬᠤᠶ᠋ᠢᠯᠠᠯ᠎ᠤᠨ《ᠨᠢᠭᠡ ᠰᠦᠯᠵᠢᠶ᠎ᠡ᠎ᠪᠠᠷ ᠨᠡᠪᠲᠡᠷᠡᠭᠦᠯᠬᠦ》ᠲᠠᠪᠴᠠᠩ᠎ᠢ ᠨᠡᠭᠡᠭᠡᠨ ᠡᠷᠭᠢᠯᠡᠬᠦ᠎ᠳᠤ ᠲᠦᠰᠢᠭᠯᠡᠨ᠂ ᠳᠠᠭ᠋ᠠᠳᠬᠠᠯ᠎ᠳᠤ ᠣᠷᠣᠯᠴᠠᠬᠤ ᠵᠢ ᠳᠡᠩᠰᠡᠯᠡᠨ ᠲᠡᠮᠳᠡᠭᠯᠡᠬᠦ ᠵᠡᠷᠭᠡ ᠦᠢ᠍ᠯᠡᠴᠢᠯᠡᠭᠡᠨ᠎ᠢ ᠬᠠᠮᠵᠢᠯᠴᠠᠨ ᠥᠷᠨᠢᠭᠦᠯᠵᠦ᠂ ᠠᠵᠤ ᠠᠬᠤᠶ᠋ᠢᠯᠠᠯ ᠨᠡᠭᠡᠭᠡᠨ ᠡᠷᠭᠢᠯᠡᠬᠦ ᠵᠢ 1 ᠡᠳᠦᠷ ᠭᠦᠢ᠍ᠴᠡᠳᠭᠡᠵᠦ ᠳᠠᠭᠤᠰᠬᠠᠬᠤ ᠵᠢ ᠪᠡᠶᠡᠯᠡᠭᠦᠯᠦᠨ᠂ ᠠᠵᠤ ᠠᠬᠤᠶ᠋ᠢᠯᠠᠯ᠎ᠤᠨ《ᠨᠢᠭᠡ ᠶᠠᠪᠤᠳᠠᠯ》᠎ᠢ ᠬᠦᠴᠦᠨ ᠥᠬᠡᠶ ᠪᠣᠯᠭ᠋ᠠᠬᠤ ᠥᠭᠡᠷᠡᠴᠢᠯᠡᠯᠲᠡ ᠵᠢ ᠰᠦᠪᠡᠭᠴᠢᠯᠡᠵᠦ᠂ ᠠᠵᠤ ᠠᠬᠤᠶ᠋ᠢᠯᠠᠯ᠎ᠢ ᠲᠠᠩᠰᠠᠨ᠎ᠠᠴᠠ ᠬᠠᠰᠤᠬᠤ᠎ᠳᠤ ᠰᠠᠯᠠᠭ᠎ᠠ ᠮᠥᠴᠢᠷ ᠠᠯᠤᠰᠯᠠᠨ ᠬᠠᠮᠲᠤᠷᠠᠨ  ᠭᠦᠢ᠍ᠴᠡᠳᠭᠡᠬᠦ ᠵᠢ ᠪᠡᠶᠡᠯᠡᠭᠦᠯᠦᠨ᠂ ᠠᠵᠤ ᠠᠬᠤᠶ᠋ᠢᠯᠠᠯ᠎ᠤᠨ ᠬᠠᠮᠲᠤ ᠵᠢᠨ ᠭᠡᠷ᠎ᠡ ᠵᠢ ᠳᠡᠩᠰᠡᠯᠡᠨ ᠲᠡᠮᠳᠡᠭᠯᠡᠬᠦ ᠴᠠᠭ᠎ᠢ 15 ᠠᠵᠢᠯᠯᠠᠬᠤ ᠡᠳᠦᠷ ᠪᠠᠶ᠋ᠢᠭᠰᠠᠨ᠎ᠠᠴᠠ᠎ᠨᠢ 5 ᠠᠵᠢᠯᠯᠠᠬᠤ ᠡᠳᠦᠷ ᠪᠣᠯᠭ᠋ᠠᠨ ᠪᠠᠭ᠋ᠠᠰᠬᠠᠨ᠎ᠠ᠃ ᠬᠣᠶᠠᠷ᠎ᠲᠤ᠂ ᠠᠵᠤ ᠠᠬᠤᠶ᠋ᠢᠯᠠᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡ ᠵᠢ ᠴᠢᠩᠭ᠋ᠠᠳᠬᠠᠨ᠎ᠠ᠃ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ ᠦᠢ᠍ᠯᠡᠴᠢᠯᠡᠭᠡ ᠵᠢ ᠴᠢᠩᠭ᠋ᠠᠳᠬᠠᠬᠤ᠎ᠲᠠᠢ ᠤᠶᠠᠯᠳᠤᠭᠤᠯᠤᠨ᠂ ᠪᠢᠳᠡ ᠠᠵᠢᠯ ᠣᠯᠭᠣᠯᠲᠠ ᠵᠢᠨ ᠬᠢᠨᠠᠨ ᠬᠡᠮᠵᠢᠬᠦ ᠲᠠᠪᠴᠠᠩ᠎ᠢ ᠲᠡᠭᠦᠯᠳᠡᠷᠵᠢᠭᠦᠯᠵᠦ᠂ ᠠᠵᠤ ᠠᠬᠤᠶ᠋ᠢᠯᠠᠯ᠎ᠢ ᠵᠢᠯᠣᠭᠣᠳᠤᠨ ᠠᠵᠢᠯᠴᠢᠨ ᠬᠡᠷᠡᠭᠯᠡᠬᠦ ᠦᠯᠡᠭᠦᠦ ᠳᠤᠲᠠᠭᠤ ᠵᠢᠨ ᠲᠣᠬᠢᠷᠠᠭᠤᠯᠤᠯᠲᠠ ᠵᠢ ᠵᠢᠷᠤᠮᠵᠢᠭᠤᠯᠤᠨ ᠥᠷᠨᠢᠭᠦᠯᠵᠦ᠂ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ ᠪᠠᠲᠤᠯᠠᠭ᠎ᠠ ᠵᠢ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠬᠡᠷᠡᠭᠴᠡᠭᠡ ᠵᠢ ᠦᠨᠳᠦᠰᠦᠯᠡᠨ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠴᠠᠭ ᠲᠤᠬᠠᠢ᠎ᠳᠤᠨᠢ ᠳᠠᠭ᠋ᠠᠵᠤ᠂ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ ᠠᠷᠭ᠎ᠠ ᠵᠠᠮ᠎ᠢ ᠬᠦᠴᠦᠯᠡᠨ ᠥᠷᠭᠡᠳᠬᠡᠵᠦ᠂ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ᠎ᠳᠤ ᠬᠦᠴᠢᠷᠲᠡᠢ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠨ᠎ᠡ᠃ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠵᠢᠨ ᠮᠡᠷᠭᠡᠵᠢᠯ ᠴᠢᠳᠠᠪᠤᠷᠢ᠎ᠪᠠᠨ ᠳᠡᠭᠡᠭᠰᠢᠯᠡᠭᠦᠯᠬᠦ ᠪᠣᠯᠪᠠᠰᠤᠷᠠᠯ᠂ ᠮᠡᠷᠭᠡᠵᠢᠯ ᠴᠢᠳᠠᠪᠤᠷᠢ ᠵᠢᠨ ᠮᠥᠷᠥᠶ᠋ᠢᠴᠡᠭᠡᠨ ᠪᠠ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ᠎ᠤ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠤᠨ ᠳᠡᠮᠵᠢᠵᠦ᠂ ᠡᠯ᠎ᠡ ᠱᠠᠲᠤᠨ᠎ᠤ ᠡᠯ᠎ᠡ ᠲᠥᠷᠥᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠮᠡᠷᠭᠡᠵᠢᠯ ᠴᠢᠳᠠᠪᠤᠷᠢ ᠵᠢᠨ ᠴᠢᠳᠠᠪᠤᠷᠢᠲᠠᠨ᠎ᠤ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠬᠤ ᠵᠢ ᠳᠡᠮᠵᠢᠵᠦ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠨᠠᠶ᠋ᠢᠳᠠᠪᠤᠷᠢᠵᠢᠭᠤᠯᠤᠨ᠎ᠠ᠃ ᠭᠤᠷᠪᠠ᠎ᠳᠤ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠴᠢᠩᠭ᠎ᠠ ᠵᠢᠷᠤᠮᠵᠢᠭᠤᠯᠤᠨ᠎ᠠ᠃ 《ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠵᠢᠨ ᠨᠠᠵᠠᠭ᠋ᠠᠢ ᠳᠠᠩᠰᠠ》ᠵᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠤᠨ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠠᠤᠯᠢ᠎ᠠᠴᠠ ᠵᠥᠷᠢᠴᠡᠭᠰᠡᠨ ᠬᠥᠩᠭᠡᠪᠲᠦᠷ  ᠦᠢ᠍ᠯᠡ ᠠᠵᠢᠯᠯᠠᠭ᠎ᠠ ᠵᠢ ᠰᠢᠢ᠍ᠳᠭᠡᠨ ᠲᠣᠷᠭ᠋ᠠᠬᠤ᠎ᠠᠴᠠ ᠭᠡᠯᠳᠦᠷᠢᠭᠦᠯᠵᠦ᠂ ᠰᠢᠭᠦᠮᠵᠢᠯᠡᠨ ᠬᠥᠮᠦᠵᠢᠭᠦᠯᠬᠦ᠂ ᠵᠢᠭ᠋ᠠᠨ ᠵᠢᠯᠣᠭᠣᠳᠴᠤ ᠪᠣᠯᠵᠣᠨ ᠶᠠᠷᠢᠯᠴᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ《ᠬᠠᠶ᠋ᠢᠷ᠎ᠠ ᠰᠡᠳᠬᠢᠯᠭᠡ᠎ᠲᠠᠢ᠎ᠪᠠᠷ ᠬᠠᠤᠯᠢ

ᠬᠡᠷᠡᠭᠵᠢᠭᠦᠯᠬᠦ》ᠵᠢ ᠥᠷᠨᠢᠭᠦᠯᠦᠨ᠎ᠡ᠃ 《ᠬᠣᠶᠠᠷ᠎ᠢ ᠰᠤᠭᠤᠴᠢᠵᠤ᠂ ᠨᠢᠭᠡ ᠵᠢ ᠢᠯᠡ ᠪᠣᠯᠭ᠋ᠠᠬᠤ》ᠬᠢᠨᠠᠯᠲᠠ ᠬᠠᠮᠢᠶᠠᠷᠤᠯᠲᠠ ᠵᠢ ᠨᠠᠶ᠋ᠢᠳᠠᠪᠤᠷᠢᠵᠢᠭᠤᠯᠤᠨ᠂ ᠰᠤᠭᠤᠴᠢᠨ ᠪᠠᠶ᠋ᠢᠴᠠᠭ᠋ᠠᠭᠰᠠᠨ ᠵᠦᠢ᠍ᠯᠡᠰ᠂ ᠰᠤᠭᠤᠴᠢᠨ ᠪᠠᠶ᠋ᠢᠴᠠᠭ᠋ᠠᠭᠰᠠᠨ ᠲᠥᠯᠥᠪᠯᠡᠭᠡ ᠪᠠ ᠪᠠᠶ᠋ᠢᠴᠠᠭ᠋ᠠᠭᠰᠠᠨ ᠦᠷ᠎ᠡ ᠳ᠋ᠦᠩ᠎ᠢ ᠴᠠᠭ ᠲᠤᠬᠠᠶ᠎ᠳᠤᠨᠢ ᠨᠡᠶ᠋ᠢᠭᠡᠮ᠎ᠳᠤ ᠢᠯᠡ ᠪᠣᠯᠭ᠋ᠠᠵᠤ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠨ᠎ᠡ᠃ ᠡᠭᠦᠨ᠎ᠤ ᠬᠠᠮᠲᠤ᠂ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ᠎ᠤᠨ ᠪᠠᠶ᠋ᠢᠷᠢ ᠵᠢ ᠥᠷᠭᠡᠳᠬᠡᠬᠦ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠠᠵᠢᠯ ᠠᠯᠳᠠᠯᠲᠠ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠭᠡᠯ᠎ᠤᠨ ᠨᠣᠷᠮ᠎ᠠ ᠵᠢ ᠪᠠᠭᠤᠷᠠᠭᠤᠯᠬᠤ ᠵᠡᠷᠭᠡ ᠱᠠᠲᠤ ᠦᠶ᠎ᠡ ᠵᠢᠨ ᠴᠢᠨᠠᠷᠲᠠᠶ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠠᠵᠢᠯᠲᠠᠨ ᠴᠥᠭᠡᠨ ᠬᠠᠰᠤᠬᠤ ᠪᠤᠶᠤ ᠬᠠᠰᠤᠬᠤ ᠦᠭᠡᠢ ᠠᠵᠤ ᠠᠬᠤᠶ᠋ᠢᠯᠠᠯ᠎ᠳᠤ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠪᠤᠴᠠᠭ᠋ᠠᠨ ᠥᠭᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠪᠤᠴᠠᠭ᠋ᠠᠨ ᠥᠭᠬᠦ ᠬᠠᠷᠢᠴᠠᠯ᠎ᠢ ᠢᠯᠡᠳᠲᠡ ᠳᠡᠭᠡᠭᠰᠢᠯᠡᠭᠦᠯᠦᠨ᠂ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃
        《ᠣᠯᠠᠨ ᠲᠦᠮᠡᠨ᠎ᠢ ᠳᠣᠲᠣᠨᠣ ᠬᠥᠮᠦᠨ ᠵᠶ᠋ᠡᠷ ᠦᠵᠡᠬᠦ》ᠲᠤᠭᠤᠷᠢᠨ᠎ᠳᠤ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ ᠰᠢᠰᠲᠸᠮ᠎ᠤᠨ ᠰᠤᠷᠲᠠᠯ᠎ᠤᠨ ᠪᠠᠢ᠌ᠭᠤᠯᠤᠯᠳᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ
       ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠠᠵᠢᠯ ᠲᠥᠷᠥᠯ᠎ᠤᠨ ᠰᠤᠷᠲᠠᠯ᠎ᠢ ᠬᠠᠮᠢᠶᠠᠷᠬᠤ ᠵᠢ

ᠪᠠᠷᠢᠮᠲᠠᠯᠠᠵᠤ᠂ ᠨᠠᠩ ᠰᠢᠯᠢᠳᠡᠭ ᠰᠤᠷᠲᠠᠯ ᠵᠶ᠋ᠠᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠂ᠦᠢ᠍ᠯᠡᠴᠢᠯᠡᠭᠡ ᠵᠢ ᠪᠣᠳᠠᠲᠠᠶ᠋ᠢᠵᠢᠭᠤᠯᠬᠤ ᠵᠢ ᠪᠠᠲᠤᠯᠠᠨ᠎ᠠ᠃ ᠨᠢᠭᠡ᠎ᠳᠤ᠂ ᠵᠣᠷᠢᠯᠲᠠ ᠵᠢᠨ ᠤᠬᠠᠮᠰᠠᠷ ᠪᠠ ᠦᠢ᠍ᠯᠡᠴᠢᠯᠡᠭᠡᠨ᠎ᠤ ᠤᠬᠠᠮᠰᠠᠷ᠎ᠢ ᠴᠢᠩᠭ᠋ᠠᠷᠠᠭᠤᠯᠤᠨ᠎ᠠ᠃ ᠦᠢ᠍ᠯᠡᠴᠢᠯᠡᠭᠡᠨ᠎ᠤ ᠤᠬᠠᠮᠰᠠᠷ ᠪᠠᠭᠤᠷᠠᠢ᠂ ᠤᠯᠠᠨ ᠲᠦᠮᠡᠨ᠎ᠤ ᠠᠰᠢᠭ ᠲᠤᠰᠠ ᠵᠢ ᠬᠠᠶ᠋ᠢᠬᠤᠷᠬᠤ ᠦᠭᠡᠢ᠂ ᠠᠵᠢᠯ᠎ᠳᠠᠭᠠᠨ ᠬᠠᠰᠢ ᠶᠠᠰᠢ ᠬᠠᠨᠳᠤᠵᠤ ᠠᠯᠪᠠ ᠬᠠᠰᠢᠵᠤ ᠠᠮᠠ ᠪᠥᠭᠯᠡᠬᠦ᠂ ᠤᠴᠢᠷ ᠶᠠᠪᠤᠳᠠᠯ ᠲᠣᠬᠢᠶᠠᠯᠳᠤᠪᠠᠯ ᠬᠠᠷᠢᠭᠤᠴᠠᠯᠭ᠎ᠠ᠎ᠪᠠᠨ ᠬᠠᠷᠢᠯᠴᠠᠨ ᠲᠦᠯᠬᠢᠯᠴᠡᠬᠦ᠂ ᠠᠵᠢᠯ᠎ᠳᠠᠭᠠᠨ ᠠᠯᠵᠠᠭᠤ ᠵᠠᠯᠬᠠᠭᠤ ᠰᠠᠯᠠᠩ ᠵᠠᠳᠠᠭ᠋ᠠᠢ ᠪᠠᠶ᠋ᠢᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠲᠤᠰᠬᠠᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ᠂ ᠠᠵᠢᠯ ᠵᠶ᠋ᠠᠨ ᠤᠳᠠᠭ᠋ᠠᠨ ᠬᠢᠬᠦ ᠳᠤᠷ᠎ᠠ᠎ᠪᠠᠷ ᠵᠶ᠋ᠠᠨ ᠬᠢᠬᠦ ᠠᠰᠠᠭᠤᠳᠠᠯ᠎ᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠤᠯᠠᠨ ᠲᠦᠮᠡᠨ᠎ᠤ ᠲᠤᠰᠬᠠᠯ ᠴᠢᠩᠭ᠎ᠠ᠂ ᠴᠡᠭᠴᠡᠯᠡᠨ ᠵᠠᠰᠠᠭᠰᠠᠨ ᠵᠶ᠋ᠠᠷ ᠬᠦᠷᠦᠯᠴᠡᠬᠦ ᠦᠭᠡᠢ ᠵᠢ᠎ᠨᠢ ᠢᠯᠡ᠎ᠪᠠᠷ ᠢᠯᠡᠴᠢᠯᠡᠨ᠂ ᠴᠢᠩᠭ᠎ᠠ ᠬᠠᠷᠢᠭᠤᠴᠠᠯᠭ᠎ᠠ ᠨᠡᠭᠡᠮᠵᠢᠯᠡᠨ᠎ᠡ᠃ ᠬᠣᠶᠠᠷ᠎ᠲᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ  ᠦᠢ᠍ᠯᠡᠴᠢᠯᠡᠭᠡ᠎ᠳᠤ ᠣᠷᠣᠰᠢᠵᠤ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠢ ᠭᠦᠨᠵᠡᠭᠡᠶ ᠪᠠᠶ᠋ᠢᠴᠠᠭ᠋ᠠᠨ ᠳᠡᠯᠭᠡᠨ᠎ᠡ᠃《ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠺᠠᠳ᠋ᠷ᠎ᠤᠨ ᠠᠯᠬᠤᠮ ᠳᠠᠷᠠᠭ᠋ᠠᠯᠠᠯ ᠵᠶ᠋ᠠᠷ ᠶᠠᠪᠤᠬᠤ》᠂《ᠵᠠᠯᠠᠭᠤ ᠺᠠᠳ᠋ᠷ᠎ᠤᠨ ᠴᠡᠭ᠎ᠲᠤ ᠰᠠᠭᠤᠵᠤ ᠪᠠᠶ᠋ᠢᠴᠠᠭ᠋ᠠᠨ ᠰᠤᠳᠤᠯᠤᠯᠲᠠ ᠬᠢᠬᠦ》᠂《ᠢᠯᠡ᠎ᠪᠠᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠬᠤ》ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠵᠤ ᠠᠬᠤᠶ᠋ᠢᠯᠠᠯ᠂ ᠦᠨᠳᠦᠰᠦᠨ ᠱᠠᠲᠤᠨ᠎ᠳᠤ ᠭᠦᠨᠵᠡᠭᠡᠶ᠋ᠢᠷᠡᠨ᠂ ᠨᠢᠭᠡᠳᠦᠭᠡᠷ ᠹᠷᠣᠨᠲ᠎ᠲᠤ ᠦᠢ᠍ᠯᠡᠴᠢᠯᠡᠨ ᠪᠠᠶ᠋ᠢᠳᠠᠯ᠎ᠢ ᠣᠶ᠋ᠢᠯᠠᠭ᠋ᠠᠵᠤ᠂ ᠠᠰᠠᠭᠤᠳᠠᠯ᠎ᠢ ᠪᠠᠶ᠋ᠢᠴᠠᠭ᠋ᠠᠵᠤ᠂ ᠬᠡᠷᠡᠭᠴᠡᠭᠡ ᠱᠠᠭ᠋ᠠᠷᠳᠠᠯᠭ᠎ᠠ ᠵᠢ ᠰᠤᠨᠤᠰᠤᠨ᠂ ᠴᠡᠭᠴᠡᠯᠡᠨ ᠰᠠᠶ᠋ᠢᠵᠢᠷᠠᠭᠤᠯᠬᠤ ᠵᠢ ᠠᠳᠬᠤᠵᠤ᠂ ᠠᠰᠠᠭᠤᠳᠠᠯ᠎ᠤᠨ ᠡᠬᠡ ᠲᠠᠩᠰᠠ ᠵᠢ ᠪᠠᠶ᠋ᠢᠭᠤᠯᠵᠤ᠂ ᠳ᠋ᠤᠭ᠋ᠠᠷ ᠬᠠᠰᠤᠬᠤ ᠬᠠᠮᠢᠶᠠᠷᠤᠯᠲᠠ ᠵᠢ ᠬᠡᠷᠡᠭᠵᠢᠭᠦᠯᠵᠦ᠂ ᠨᠢᠭᠡ ᠳᠤᠲᠠᠭᠤᠳᠠᠯ᠎ᠢ ᠢᠯᠡᠷᠡᠬᠦᠯᠪᠡᠯ᠂ ᠨᠢᠭᠡ ᠢᠵᠢ ᠲᠣᠭᠲᠠᠴᠠ ᠵᠢ ᠲᠡᠭᠦᠯᠳᠡᠷᠵᠢᠭᠦᠯᠵᠦ᠂ ᠨᠢᠭᠡ ᠲᠥᠷᠥᠯ᠎ᠤᠨ ᠠᠰᠠᠭᠤᠳᠠᠯ᠎ᠢ ᠰᠢᠢ᠍ᠳᠪᠦᠷᠢᠯᠡᠬᠦ ᠵᠢ ᠪᠡᠶᠡᠯᠡᠬᠦᠯᠦᠨ᠎ᠡ᠃ ᠭᠤᠷᠪᠠ᠎ᠳᠤ᠂ ᠭᠠᠷᠲᠠᠨ ᠭᠦᠢ᠍ᠴᠡᠳᠭᠡᠬᠦ ᠡᠩᠨᠡᠭᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠺᠠᠳ᠋ᠷ᠎ᠤᠨ ᠡᠩᠨᠡᠭᠡ ᠢᠯᠠᠩᠭᠤᠶ᠎ᠠ ᠴᠤᠩᠬᠤᠪᠴᠢ ᠨᠢᠭᠡᠴᠢ ᠵᠢᠨ ᠠᠵᠢᠯᠲᠠᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠲᠤᠬᠠᠶ᠋ᠢᠯᠠᠭᠰᠠᠨ ᠠᠵᠢᠯ᠎ᠤᠨ ᠭᠠᠷᠲᠠᠨ ᠭᠦᠢ᠍ᠴᠡᠳᠭᠡᠬᠦ ᠪᠣᠯᠪᠠᠰᠤᠷᠠᠯ᠎ᠢ ᠥᠷᠭᠡᠨ ᠵᠶ᠋ᠡᠷ ᠵᠣᠬᠢᠶᠠᠨ ᠪᠠᠶ᠋ᠢᠭᠤᠯᠵᠤ᠂《ᠡᠳᠦᠷ ᠪᠦᠷᠢ ᠰᠤᠷᠤᠯᠴᠠᠬᠤ᠂ ᠭᠠᠷᠠᠭ ᠪᠦᠷᠢ ᠪᠣᠯᠪᠠᠰᠤᠷᠠᠬᠤ᠂ ᠰᠠᠷ᠎ᠠ ᠪᠦᠷᠢ ᠠᠳᠠᠯᠢᠳᠬᠠᠬᠤ》 ᠰᠦᠯᠵᠢᠶᠡᠨ ᠳᠡᠭᠡᠷ᠎ᠡ ᠪᠣᠯᠪᠠᠰᠤᠷᠠᠭᠤᠯᠬᠤ ᠵᠢ ᠦᠷᠭᠦᠯᠵᠢᠯᠡᠨ ᠥᠷᠨᠢᠭᠦᠯᠵᠦ᠂ ᠠᠳᠠᠯᠢᠳᠬᠠᠬᠤ᠎ᠪᠠᠷ ᠪᠣᠯᠪᠠᠰᠤᠷᠠᠭᠤᠯᠬᠤ ᠵᠢ ᠠᠬᠢᠭᠤᠯᠤᠨ᠂ ᠪᠣᠯᠪᠠᠰᠤᠷᠠᠭᠤᠯᠬᠤ᠎ᠪᠠᠷ ᠬᠡᠷᠡᠭᠯᠡᠬᠦ ᠵᠢ ᠠᠬᠢᠭᠤᠯᠵᠤ᠂ ᠨᠠᠩ ᠣᠯᠠᠨ《ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠮᠡᠳᠡᠯᠭᠡ ᠵᠢ

ᠨᠡᠪᠲᠡᠷᠡᠭᠦᠯᠬᠦ》᠂《ᠲᠤᠬᠠᠶ᠋ᠢᠯᠠᠭᠰᠠᠨ ᠠᠵᠢᠯ᠎ᠢ ᠨᠢᠭᠡ ᠯᠡ ᠴᠣᠩᠬᠣ᠎ᠪᠠᠷ ᠲᠣᠳᠣᠷᠬᠠᠶ᠋ᠢᠯᠠᠬᠤ》ᠵᠢ ᠪᠣᠶ ᠪᠣᠯᠭ᠋ᠠᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠲᠤᠰᠬᠠᠶ᠋ᠢᠵᠢᠭᠰᠠᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠲᠥᠷᠥ ᠵᠢᠨ ᠪᠣᠳᠣᠯᠭ᠎ᠠ ᠵᠢ ᠲᠠᠶ᠋ᠢᠯᠪᠤᠷᠢᠯᠠᠬᠤ ᠵᠢ ᠦᠷᠭᠦᠯᠵᠢᠯᠡᠨ ᠴᠢᠩᠭ᠋ᠠᠳᠬᠠᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠩᠬᠠᠷᠴᠤ ᠪᠠᠢ᠌ᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠥᠷᠥ ᠵᠢᠨ ᠪᠣᠳᠣᠯᠭ᠎ᠠ ᠵᠢ ᠲᠠᠶ᠋ᠢᠯᠪᠤᠷᠢᠯᠠᠬᠤ ᠵᠢ ᠳᠥᠭᠥᠮᠴᠢᠯᠡᠬᠦ᠂ ᠲᠥᠷᠥ ᠵᠢᠨ ᠪᠣᠳᠣᠯᠭ᠎ᠠ ᠵᠢᠨ ᠯᠠᠪᠯᠠᠯᠳᠠ ᠵᠢᠨ ᠤᠶᠤᠨᠴᠢᠯᠠᠬᠤ᠂ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ ᠵᠢ ᠲᠥᠪᠯᠡᠷᠡᠭᠦᠯᠬᠦ ᠵᠢ ᠦᠷᠭᠦᠯᠵᠢᠯᠡᠨ ᠠᠬᠢᠭᠤᠯᠤᠨ᠎ᠠ᠃ ᠭᠤᠤᠯ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠎ᠯᠤᠭ᠎ᠠ ᠵᠢᠨ ᠬᠠᠮᠲᠤᠷᠠᠯᠴᠠᠭ᠎ᠠ᠎ᠪᠠᠨ

ᠴᠢᠩᠭ᠋ᠠᠳᠬᠠᠵᠤ᠂  ᠤᠬᠠᠭᠤᠯᠭ᠎ᠠ ᠵᠢᠨ ᠵᠠᠭᠪᠤᠷ᠎ᠲᠤ ᠰᠢᠨ᠎ᠡ ᠵᠢ ᠡᠭᠦᠳᠦᠨ᠂  ᠤᠬᠠᠭᠤᠯᠭ᠎ᠠ ᠵᠢᠨ ᠵᠠᠮ ᠮᠥᠷ᠎ᠢ ᠥᠷᠭᠡᠳᠬᠡᠵᠦ᠂ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠤᠨ᠂ ᠤᠬᠠᠭᠤᠯᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ ᠬᠡᠮᠵᠢᠶ᠎ᠡ ᠵᠢ ᠲᠠᠰᠤᠷᠠᠯᠲᠠ ᠥᠬᠡᠶ ᠥᠷᠭᠡᠳᠬᠡᠨ᠎ᠡ᠃ ᠳᠥᠷᠪᠡ᠎ᠳᠤ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠠᠵᠤ ᠠᠬᠤᠶ᠋ᠢᠯᠠᠯ ᠣᠯᠠᠨ ᠲᠦᠮᠡᠨ᠎ᠠᠴᠠ ᠦᠨᠡᠯᠡᠬᠦ ᠪᠥᠬᠥ ᠬᠡᠯᠬᠢᠶᠡᠨ᠎ᠤ ᠠᠵᠢᠯ᠎ᠤᠨ ᠲᠣᠭᠲᠠᠴᠠ ᠵᠢ ᠪᠠᠶ᠋ᠢᠭᠤᠯᠤᠨ᠎ᠠ᠃ 《ᠰᠠᠶ᠋ᠢᠨ ᠮᠠᠭᠤ ᠦᠨᠡᠯᠡᠯᠲᠡ》ᠵᠢᠨ ᠠᠵᠢᠯ᠎ᠤᠨ ᠲᠦᠷᠢᠮ᠎ᠢ ᠨᠠᠶ᠋ᠢᠳᠠᠪᠤᠷᠢᠵᠢᠭᠤᠯᠵᠤ᠂ ᠮᠠᠭᠤ ᠦᠨᠡᠯᠡᠯᠲᠡ ᠪᠠ ᠵᠠᠭ᠋ᠠᠯᠳᠤᠭᠰᠠᠨ ᠠᠰᠠᠭᠤᠳᠠᠯ᠎ᠢ ᠪᠠᠶ᠋ᠢᠴᠠᠭ᠋ᠠᠨ

ᠬᠠᠷᠭᠤᠭᠤᠯᠬᠤ᠂ ᠰᠢᠮᠳᠠᠭᠤᠯᠤᠨ ᠴᠡᠭᠴᠡᠯᠡᠨ ᠰᠠᠶ᠋ᠢᠵᠢᠷᠠᠭᠤᠯᠬᠤ ᠪᠠ ᠬᠠᠷᠢᠭᠤ ᠲᠤᠰᠬᠠᠬᠤ ᠲᠣᠭᠲᠠᠴᠠ ᠵᠢ

ᠪᠠᠶ᠋ᠢᠭᠤᠯᠵᠤ᠂ ᠬᠠᠷᠢᠭᠤ ᠰᠤᠷᠪᠤᠯᠵᠢᠯᠠᠵᠤ ᠴᠡᠭᠴᠡᠯᠡᠨ ᠰᠠᠶ᠋ᠢᠵᠢᠷᠠᠭᠤᠯᠤᠭᠰᠠᠨ ᠨᠣᠷᠮ᠎ᠠ ᠵᠢ 100%᠎ᠳᠤ

ᠬᠦᠷᠦᠭᠦᠯᠵᠦ᠂ ᠮᠠᠭᠤ ᠦᠨᠡᠯᠡᠯᠲᠡ᠎ᠪᠠᠷ ᠳᠠᠬᠢᠨ ᠳᠠᠪᠲᠠᠨ ᠵᠠᠭ᠋ᠠᠯᠳᠤᠭᠰᠠᠨ᠂ ᠠᠵᠢᠯ ᠵᠶ᠋ᠠᠨ ᠬᠤᠳᠠᠯ ᠬᠠᠭᠤᠷᠮᠠᠭ ᠵᠶ᠋ᠠᠷ ᠵᠣᠬᠢᠶᠠᠭᠰᠠᠨ᠂ ᠵᠣᠷᠢᠭᠤᠳᠠ ᠭᠠᠴᠢᠭᠰᠠᠨ ᠠᠵᠢᠯᠲᠠᠨ᠎ᠠᠴᠠ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠡᠭᠦᠨ᠎ᠤ ᠬᠠᠮᠲᠤ᠂ ᠠᠵᠢᠯ᠎ᠤᠨ ᠬᠠᠷᠢᠭᠤ ᠰᠤᠷᠪᠤᠯᠵᠢᠯᠠᠬᠤ ᠲᠦᠷᠢᠮ᠎ᠢ ᠪᠠᠶ᠋ᠢᠭᠤᠯᠵᠤ᠂ ᠳ᠋ᠢᠶᠠᠩᠬᠤᠸᠠ᠎ᠪᠠᠷ ᠬᠠᠷᠢᠭᠤ ᠰᠤᠷᠪᠤᠯᠵᠢᠯᠠᠬᠤ᠂ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠠᠵᠢᠯᠲᠠᠨ᠎ᠤ ᠠᠵᠢᠯ ᠶᠠᠪᠤᠳᠠᠯ ᠭᠦᠢ᠍ᠴᠡᠳᠭᠡᠬᠦ ᠦᠷ᠎ᠡ ᠪᠦᠲᠦᠮᠵᠢ᠂ ᠦᠢ᠍ᠯᠡᠴᠢᠯᠡᠬᠦ ᠣᠪᠣᠷ᠂ ᠠᠵᠢᠯ᠎ᠤᠨ ᠶᠠᠰᠤ ᠴᠢᠨᠠᠷ ᠵᠡᠷᠭᠡ ᠵᠢ ᠬᠠᠷᠢᠭᠤ ᠰᠤᠷᠪᠤᠯᠵᠢᠯᠠᠵᠤ᠂ ᠦᠢ᠍ᠯᠡᠴᠢᠯᠡᠭᠡ ᠵᠢ ᠰᠠᠶ᠋ᠢᠵᠢᠷᠠᠭᠤᠯᠬᠤ ᠰᠠᠨᠠᠯ ᠰᠠᠨᠠᠭᠤᠯᠭ᠎ᠠ ᠵᠢ ᠴᠤᠭᠯᠠᠭᠤᠯᠤᠨ᠎ᠠ᠃


       ᠰᠣᠨᠢᠨ ᠮᠡᠳᠡᠭᠡ ᠨᠡᠢ᠌ᠳᠡᠯᠡᠭᠰᠡᠨ ᠴᠠᠭ᠄ 2022 - 03 - 17     10᠄ 00 
       ᠰᠣᠨᠢᠨ ᠮᠡᠳᠡᠭᠡ ᠨᠡᠢ᠌ᠳᠡᠯᠡᠭᠰᠡᠨ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

       ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ  
       ᠰᠣᠨᠢᠨ ᠮᠡᠳᠡᠭᠡ ᠨᠡᠢ᠌ᠳᠡᠯᠡᠭᠰᠡᠨ ᠨᠢᠭᠡᠴᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ

        ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
       ᠰᠣᠨᠢᠨ ᠮᠡᠳᠡᠭᠡ ᠨᠡᠶ᠋ᠢᠲᠡᠯᠡᠭᠴᠢ ᠄  ᠵᠠᠶ ᠶᠢᠩ ᠵᠢᠶᠦ᠋ᠨ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠲᠠᠪᠤᠳᠤᠭ᠋ᠠᠷ ᠬᠤᠭᠤᠴᠠᠭ᠋ᠠᠨ᠎ᠤ《ᠳᠤᠮᠳᠠᠳᠤ ᠤᠯᠤᠰ᠎ᠤᠨ ᠪᠦᠳᠦᠭᠡᠯᠴᠢ ᠭᠠᠷ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ《ᠬᠣᠷᠴᠢᠨ ᠬᠤᠨᠳᠠᠭ᠋ᠠᠲᠤ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ᠎ᠠᠴᠠ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠲᠠᠪᠤᠳᠤᠭ᠋ᠠᠷ ᠬᠤᠭᠤᠴᠠᠭ᠋ᠠᠨ᠎ᠤ《ᠳᠤᠮᠳᠠᠳᠤ ᠤᠯᠤᠰ᠎ᠤᠨ ᠪᠦᠳᠦᠭᠡᠯᠴᠢ ᠭᠠᠷ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ《ᠬᠣᠷᠴᠢᠨ ᠬᠤᠨᠳᠠᠭ᠋ᠠᠲᠤ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
2022 ᠣᠨ᠎ᠤ ᠪᠥᠬᠥ ᠣᠷᠣᠨ᠎ᠤ ᠠᠵᠢᠯ ᠣᠯᠭᠤᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
2022 ᠣᠨ᠎ᠤ ᠪᠥᠬᠥ ᠣᠷᠣᠨ᠎ᠤ ᠠᠵᠢᠯ ᠤᠯᠭᠣᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
《ᠤᠷ᠎ᠠ ᠴᠢᠳᠠᠪᠤᠷᠢᠳᠦ ᠥᠪᠥᠷ ᠮᠣᠩᠭᠣᠯ᠎ᠤᠨ ᠠᠵᠢᠯᠯᠠᠭ᠎ᠠ》 ᠵᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
 
            