ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠠᠴᠠ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2022-03-19

人社领域优化营商环境新闻发布会答记者问1.jpg

 

      ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠠᠵᠢᠯ ᠣᠯᠭᠣᠯᠲᠠ ᠵᠢ ᠠᠬᠢᠭᠤᠯᠬᠤ᠂ ᠴᠢᠳᠠᠪᠤᠷᠢᠲᠠᠨ᠎ᠳᠤ ᠦᠢ᠍ᠯᠡᠴᠢᠯᠡᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠠᠯ᠎ᠠ᠎ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠵᠢ ᠪᠢᠳᠡ ᠣᠶ᠋ᠢᠯᠠᠭ᠋ᠠᠬᠤ ᠰᠠᠨᠠᠭ᠎ᠠ᠎ᠲᠠᠢ ᠪᠠᠶ᠋ᠢᠨ᠎ᠠ?


人社领域优化营商环境新闻发布会答记者问2.jpg 


      ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠨᠡᠭᠡᠭᠡᠯᠲᠡ ᠵᠢᠨ ᠭᠠᠵᠠᠷ᠎ᠤᠨ ᠳᠠᠷᠤᠭ᠎ᠠ ᠶᠦᠨ ᠰᠢᠶᠠ᠄ ᠶᠠᠭᠤᠨ᠎ᠤ ᠡᠮᠦᠨ᠎ᠡ ᠰᠤᠷᠪᠤᠯᠵᠢᠯᠠᠭᠴᠢ ᠨᠠᠶ᠋ᠢᠵᠠ ᠨᠠᠷ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠤᠬᠠᠶ ᠠᠩᠬᠠᠷᠴᠦ ᠪᠠᠢ᠌ᠭ᠎ᠠ᠎ᠳᠤ ᠪᠠᠶᠠᠷᠯᠠᠯ᠎ᠠ᠃ ᠣᠶ᠋ᠢᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ ᠥᠷᠨᠢᠨ ᠬᠥᠭᠵᠢᠵᠦ᠂ ᠣᠳᠣᠬᠠᠨ᠎ᠳᠤ᠂ ᠪᠥᠬᠥ ᠣᠷᠣᠨ᠎ᠳᠤ ᠡᠯ᠎ᠡ ᠲᠥᠷᠥᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠨᠡᠶ᠋ᠢᠲᠡ 576 ᠡᠷᠦᠬᠡ ᠪᠠᠶ᠋ᠢᠵᠤ᠂ ᠵᠢᠯ᠎ᠤᠨ ᠡᠵᠡᠩᠨᠡᠯᠲᠡ ᠵᠢᠨ ᠣᠷᠣᠯᠭ᠎ᠠ᠎ᠨᠢ 160 ᠳ᠋ᠦᠩᠰᠢᠭᠤᠷ ᠲᠥᠭᠥᠷᠢᠭ ᠰᠢᠬᠠᠮ᠂ ᠠᠵᠢᠯ ᠡᠷᠭᠢᠯᠡᠭᠰᠡᠳ 1 . 1 ᠲᠦᠮᠡ ᠪᠠᠶ᠋ᠢᠵᠤ᠂ ᠤᠷᠢᠨ ᠬᠡᠷᠡᠭᠯᠡᠬᠦ ᠦᠢ᠍ᠯᠡᠴᠢᠯᠡᠭᠡ᠂ ᠠᠵᠢᠯᠲᠠᠨ᠎ᠤ ᠶᠠᠪᠤᠳᠠᠯ᠎ᠤᠨ ᠣᠷᠣᠯᠠᠭᠴᠢ᠂ ᠬᠥᠳᠡᠯᠮᠦᠷᠢ ᠦᠢ᠍ᠯᠡᠴᠢᠯᠡᠭᠡ ᠲᠣᠮᠢᠯᠠᠬᠤ᠂ ᠴᠢᠳᠠᠪᠤᠷᠢᠲᠠᠨ᠎ᠢ ᠰᠢᠯᠭ᠋ᠠᠨ ᠲᠣᠭᠲᠠᠭ᠋ᠠᠬᠤ᠂ ᠴᠢᠳᠠᠪᠤᠷᠢᠲᠠᠨ ᠡᠷᠢᠬᠦ  ᠦᠢ᠍ᠯᠡᠴᠢᠯᠡᠭᠡ ᠵᠡᠷᠭᠡ ᠡᠵᠡᠩᠨᠡᠯᠲᠡ ᠵᠢᠨ ᠪᠠᠶ᠋ᠢᠳᠠᠯ ᠲᠥᠯᠥᠪ᠎ᠨᠢ ᠪᠦᠷᠢᠨ ᠪᠦᠲᠦᠨ ᠠᠵᠤ ᠦᠢ᠍ᠯᠡᠰ᠎ᠤᠨ ᠬᠡᠯᠬᠢᠶ᠎ᠡ ᠵᠢ ᠦᠨᠳᠦᠰᠦᠨ᠎ᠳᠡᠭᠡᠨ ᠪᠦᠷᠢᠯᠳᠦᠭᠦᠯᠪᠡ᠃
       ᠲᠠᠷᠠᠭ᠋ᠠᠴᠢ ᠵᠢᠨ ᠠᠯᠬᠤᠮ᠎ᠳᠤ᠂ ᠪᠢᠳᠡ ᠨᠢᠭᠡ ᠲᠠᠯ᠎ᠠ᠎ᠪᠠᠷ ᠠᠵᠤ ᠦᠢ᠍ᠯᠡᠰ᠎ᠢ ᠪᠣᠶ᠋ᠢᠵᠢᠭᠤᠯᠬᠤ ᠵᠢ ᠠᠳᠬᠤᠵᠤ᠂ ᠨᠥᠭᠥᠭᠡ ᠲᠠᠯ᠎ᠠ᠎ᠪᠠᠷ ᠲᠤᠰᠬᠠᠶ ᠴᠡᠭᠴᠡᠯᠡᠨ ᠵᠠᠰᠠᠬᠤ ᠵᠢ ᠠᠳᠬᠤᠵᠤ᠂ ᠥᠨᠳᠥᠷ ᠪᠠᠷᠢᠮᠵᠢᠶᠠᠲᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠬᠦᠴᠦᠨ ᠨᠡᠮᠡᠷᠢᠯᠡᠨ᠎ᠡ᠃ ᠠᠵᠤ ᠦᠢ᠍ᠯᠡᠰ᠎ᠤᠨ ᠬᠥᠭᠵᠢᠯᠲᠡ ᠵᠢᠨ ᠲᠠᠯ᠎ᠠ᠎ᠪᠠᠷ᠂ ᠡᠨᠡ ᠵᠢᠯ ᠪᠥᠬᠥ ᠣᠷᠣᠨ᠎ᠳᠤ《ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠠᠵᠢᠯᠯᠠᠭ᠋ᠠᠨ᠎ᠤ

ᠲᠥᠯᠥᠪᠯᠡᠭᠡ》ᠵᠢ ᠬᠡᠷᠡᠭᠵᠢᠭᠦᠯᠦᠨ᠎ᠡ᠃ ᠨᠢᠭᠡ᠎ᠳᠤ᠂ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠦᠨ᠎ᠡ᠃《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠢ ᠲᠣᠭᠲᠠᠭ᠋ᠠᠨ ᠨᠡᠶ᠋ᠢᠲᠡᠯᠡᠵᠦ᠂ ᠠᠵᠤ ᠦᠢ᠍ᠯᠡᠰ᠎ᠤᠨ ᠬᠥᠭᠵᠢᠯᠲᠡ᠂ ᠠᠵᠢᠯ ᠲᠥᠷᠥᠯ᠎ᠤᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠪᠣᠳᠠᠲᠠᠶ ᠳᠡᠮᠵᠢᠬᠦ ᠠᠷᠭ᠎ᠠ ᠬᠡᠮᠵᠢᠶ᠎ᠡ ᠵᠢ ᠳᠤᠷᠠᠳᠪᠠ; 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ᠎ᠤ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ ᠬᠠᠮᠢᠶᠠᠷᠤᠯᠲᠠ ᠵᠢᠨ ᠠᠷᠭ᠎ᠠ》ᠵᠢ ᠨᠡᠶ᠋ᠢᠲᠡᠯᠡᠵᠦ᠂ ᠠᠵᠤ ᠦᠢ᠍ᠯᠡᠰ᠎ᠤᠨ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢᠨ ᠣᠷᠣᠨ ᠨᠤᠲᠤᠭ᠎ᠤᠨ ᠪᠠᠷᠢᠮᠵᠢᠶ᠎ᠠ ᠵᠢ ᠲᠤᠳᠤᠷᠬᠠᠢ᠌ᠯᠠᠨ᠎ᠠ; ᠬᠠᠮᠢᠶ᠎ᠠ ᠪᠦᠬᠦᠢ ᠠᠶ᠋ᠢᠮᠠᠭ ᠬᠣᠲᠠ ᠵᠢ ᠴᠠᠭ ᠲᠤᠬᠠᠶ᠎ᠳᠤᠨᠢ ᠵᠢᠯᠣᠭᠣᠳᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠯᠭ᠋ᠠᠵᠤ᠂ ᠠᠵᠤ ᠦᠢ᠍ᠯᠡᠰ᠎ᠤᠨ ᠬᠥᠭᠵᠢᠯᠲᠡ ᠵᠢᠨ ᠬᠠᠷᠢᠴᠠᠩᠭᠤᠶ ᠪᠦᠷᠢᠨ ᠲᠡᠭᠦᠯᠳᠡᠷ ᠲᠥᠷᠥ ᠵᠢᠨ ᠪᠣᠳᠣᠯᠭ᠎ᠠ ᠵᠢᠨ ᠰᠢᠰᠲᠸᠮᠵᠢ ᠵᠢ ᠪᠣᠶ ᠪᠣᠯᠭ᠋ᠠᠨ᠎ᠠ᠃ ᠬᠣᠶᠠᠷ᠎ᠲᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ  ᠠᠵᠤ ᠦᠢ᠍ᠯᠡᠰ᠎ᠤᠨ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠪᠥᠬᠥ ᠣᠷᠣᠨ᠎ᠳᠤ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ  ᠠᠵᠤ ᠦᠢ᠍ᠯᠡᠰ᠎ᠤᠨ ᠬᠦᠷᠢᠶᠡᠯᠡᠩ᠎ᠢ ᠬᠠᠷᠠᠬᠠᠨ ᠪᠠᠶ᠋ᠢᠭᠤᠯᠤᠭ᠋ᠠᠳᠤᠶ ᠪᠠᠶ᠋ᠢᠬᠤ ᠡᠨᠡ ᠬᠦ᠌ ᠬᠣᠭᠣᠰᠣᠨ ᠪᠠᠶ᠋ᠢᠳᠠᠯ᠎ᠳᠤ ᠴᠢᠭᠯᠡᠭᠦᠯᠦᠨ᠂ 2022 ᠣᠨ᠎ᠳᠤ᠂ ᠪᠢᠳᠡ ᠣᠷᠣᠨ ᠬᠣᠲᠠ ᠬᠠᠮᠲᠤᠪᠠᠷ ᠪᠠᠶ᠋ᠢᠭᠤᠯᠬᠤ ᠵᠠᠷᠴᠢᠮ ᠶᠣᠰᠣᠭ᠋ᠠᠷ᠂ ᠬᠥᠬᠡᠬᠣᠲᠠ᠂ ᠪᠤᠭᠤᠲᠤ᠂ ᠤᠯᠠᠭ᠋ᠠᠨᠬᠠᠳᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠢ ᠲᠠᠰ ᠳᠡᠪᠰᠢᠭᠦᠯᠬᠦ ᠵᠢ ᠵᠢᠯᠣᠭᠣᠳᠬᠤ ᠪᠠ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠵᠢᠨ ᠥᠷᠢᠰᠥᠯᠳᠦᠬᠦ ᠬᠦᠴᠦᠨ ᠪᠠ ᠬᠡᠪᠴᠢᠶᠡᠵᠢᠭᠰᠡᠨ ᠦᠷ᠎ᠡ ᠠᠰᠢᠭ᠎ᠲᠠᠢ ᠠᠵᠤ ᠦᠢ᠍ᠯᠡᠰ᠎ᠤᠨ ᠴᠤᠭᠯᠠᠷᠠᠯ᠎ᠤᠨ ᠲᠠᠪᠴᠠᠩ᠎ᠢ ᠪᠠᠶ᠋ᠢᠭᠤᠯᠵᠤ᠂ ᠠᠵᠢᠯ ᠣᠯᠭᠣᠵᠤ ᠦᠢ᠍ᠯᠡᠰ ᠪᠦᠳᠦᠭᠡᠬᠦ᠂ ᠴᠢᠳᠠᠪᠤᠷᠢᠲᠠᠨ᠎ᠢ ᠰᠢᠯᠢᠳᠡᠭᠵᠢᠭᠦᠯᠦᠨ ᠳᠣᠭᠢᠷᠠᠭᠤᠯᠬᠤ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠴᠢᠨᠠᠷ ᠰᠠᠶ᠋ᠢᠲᠠᠶ  ᠦᠢ᠍ᠯᠡᠴᠢᠯᠡᠭᠡ ᠬᠠᠩᠭ᠋ᠠᠨ᠎ᠠ᠃ ᠭᠤᠷᠪᠠ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠨᠢᠷᠤᠭᠤᠪᠴᠢ ᠠᠵᠤ ᠠᠬᠤᠶ᠋ᠢᠯᠠᠯ᠎ᠢ ᠪᠣᠶ᠋ᠢᠵᠢᠭᠤᠯᠤᠨ ᠬᠥᠭᠵᠢᠭᠦᠯᠦᠨ᠎ᠡ᠃ ᠬᠣᠶᠠᠳᠤᠭ᠋ᠠᠷ ᠪᠦᠯᠦᠭ᠎ᠤᠨ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠨᠡᠨᠴᠢ ᠢᠲᠡᠭᠡᠮᠵᠢ ᠵᠢᠨ ᠪᠠᠶ᠋ᠢᠭᠤᠯᠤᠮᠵᠢ ᠵᠢ ᠰᠢᠯᠭ᠋ᠠᠷᠠᠭᠤᠯᠬᠤ ᠠᠵᠢᠯ᠎ᠢ ᠥᠷᠨᠢᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠬᠦᠷᠢᠶ᠎ᠡ ᠵᠢᠨ ᠬᠠᠮᠢᠶᠠᠷᠤᠯᠲᠠ ᠵᠢᠨ ᠰᠢᠨ᠎ᠡ ᠵᠢ ᠡᠭᠦᠳᠬᠦ᠂  ᠦᠢ᠍ᠯᠡᠴᠢᠯᠡᠭᠡᠨ᠎ᠤ ᠰᠢᠨ᠎ᠡ ᠵᠢ ᠡᠭᠦᠳᠬᠦ ᠪᠠ ᠪᠦᠳᠦᠭᠡᠭᠳᠡᠭᠦᠨ᠎ᠤ ᠰᠢᠨ᠎ᠡ ᠵᠢ ᠡᠭᠦᠳᠬᠦ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠭᠣᠣᠯᠳᠠᠯᠭ᠎ᠠ᠎ᠲᠠᠢ ᠲᠥᠷᠥᠯ ᠵᠦᠢ᠍ᠯ᠎ᠳᠤ ᠲᠦᠰᠢᠭᠯᠡᠨ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠲᠤᠰᠬᠠᠶ ᠰᠡᠳᠦᠪᠲᠦ ᠪᠣᠯᠪᠠᠰᠤᠷᠠᠯ᠎ᠢ ᠡᠷᠬᠢᠯᠡᠵᠦ᠂ ᠠᠵᠢᠯ ᠲᠥᠷᠥᠯ᠎ᠤᠨ ᠴᠢᠳᠠᠪᠤᠷᠢᠲᠠᠨ᠎ᠤ ᠪᠦᠬᠦᠯᠢ ᠴᠣᠭᠴᠠ ᠵᠢᠨ ᠬᠡᠪ ᠴᠢᠨᠠᠷ᠎ᠢ ᠳᠡᠭᠡᠭᠰᠢᠯᠡᠭᠦᠯᠦᠨ᠎ᠡ᠃
       ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠡᠮᠬᠢ ᠵᠢᠷᠤᠮ᠎ᠢ ᠵᠢᠷᠤᠮᠵᠢᠭᠤᠯᠬᠤ ᠲᠠᠯ᠎ᠠ᠎ᠪᠠᠷ᠂ ᠪᠢᠳᠡ《ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ》ᠵᠢ ᠲᠥᠪᠯᠡᠷᠡᠭᠦᠯᠦᠨ ᠥᠷᠨᠢᠭᠦᠯᠦᠨ᠎ᠡ᠃ ᠨᠢᠭᠡ᠎ᠳᠤ᠂ ᠦᠢ᠍ᠯᠡᠴᠢᠯᠡᠭᠡᠨ᠎ᠤ ᠴᠢᠳᠠᠪᠤᠷᠢ ᠪᠠ ᠦᠷ᠎ᠡ ᠪᠦᠲᠦᠮᠵᠢ ᠵᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠵᠥᠪᠰᠢᠶᠡᠷᠡᠬᠦ ᠪᠠ ᠪᠦᠷᠢᠳᠬᠡᠨ ᠳᠠᠩᠰᠠᠯᠠᠬᠤ ᠠᠵᠢᠯ᠎ᠢ ᠬᠠᠤᠯᠢ ᠲᠣᠭᠲᠠᠭ᠋ᠠᠯ ᠶᠣᠰᠣᠭ᠋ᠠᠷ ᠥᠷᠨᠢᠭᠦᠯᠵᠦ᠂ ᠠᠯᠬᠤᠮ ᠳᠠᠷᠠᠭ᠋ᠠᠯᠠᠯ᠎ᠢ ᠡᠮᠬᠢᠯᠡᠨ ᠰᠢᠯᠢᠳᠡᠭᠵᠢᠭᠦᠯᠵᠦ᠂ ᠭᠡᠷᠡᠴᠢᠯᠡᠬᠦ ᠮᠠᠲ᠋ᠧᠷᠢᠶᠠᠯ᠎ᠢ ᠪᠠᠭ᠋ᠠᠰᠬᠠᠨ᠂ ᠪᠥᠬᠥ ᠲᠤᠬᠠᠶ᠋ᠢᠯᠠᠭᠰᠠᠨ ᠠᠵᠢᠯ᠎ᠤᠨ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠲᠠᠪᠴᠠᠩ᠎ᠢ ᠪᠣᠶ ᠪᠣᠯᠭ᠋ᠠᠨ᠎ᠠ᠃ ᠬᠣᠶᠠᠷ᠎ᠲᠤ᠂ ᠮᠡᠳᠡᠭᠳᠡᠬᠦ ᠠᠮᠠᠯᠠᠯᠲᠠ ᠵᠢᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ᠃ ᠪᠥᠬᠥ ᠣᠷᠣᠨ᠎ᠤ ᠨᠢᠭᠡᠳᠦᠯᠲᠡᠶ ᠮᠡᠳᠡᠭᠳᠡᠬᠦ ᠠᠮᠠᠯᠠᠯᠲᠠ ᠵᠢᠨ ᠪᠢᠴᠢᠭ᠎ᠤᠨ ᠬᠡᠯᠪᠡᠷᠢᠵᠢᠭᠰᠡᠨ ᠲᠣᠪᠬᠢᠮᠠᠯ᠎ᠢ ᠲᠣᠭᠲᠠᠭ᠋ᠠᠵᠤ᠂ ᠪᠥᠬᠥ ᠣᠷᠣᠨ᠎ᠤ ᠲᠤᠬᠠᠶ᠋ᠢᠯᠠᠭᠰᠠᠨ ᠠᠵᠢᠯ᠎ᠢ ᠭᠠᠷᠲᠠᠨ ᠭᠦᠢ᠍ᠴᠡᠳᠭᠡᠬᠦ ᠵᠢ ᠨᠢᠭᠡᠳᠦᠯᠲᠡᠶ ᠵᠢᠷᠤᠮᠵᠢᠭᠤᠯᠬᠤ ᠪᠠ《ᠠᠭᠤᠯᠵᠠᠬᠤ ᠥᠬᠡᠶ》ᠦᠢ᠍ᠯᠡᠴᠢᠯᠡᠭᠡ ᠵᠢ ᠪᠡᠶᠡᠯᠡᠭᠦᠯᠦᠨ᠎ᠡ᠃ ᠭᠤᠷᠪᠠ᠎ᠳᠤ᠂ ᠵᠠᠬ᠎ᠠ ᠳᠡᠯᠭᠡᠭᠦᠷ᠎ᠤᠨ ᠵᠢᠷᠤᠮᠵᠢᠯ ᠵᠶ᠋ᠠᠨ ᠠᠯᠳᠠᠬᠤ ᠲᠦᠭᠰᠢᠭᠦᠷᠢ ᠵᠢ ᠬᠦᠴᠦᠯᠡᠨ ᠰᠡᠷᠭᠡᠶ᠋ᠢᠯᠡᠨ ᠠᠷᠢᠯᠭ᠋ᠠᠨ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂《ᠬᠣᠶᠠᠷ᠎ᠢ ᠰᠤᠭᠤᠴᠢᠵᠤ ᠨᠢᠭᠡ ᠵᠢ ᠢᠯᠡ ᠪᠣᠯᠭ᠋ᠠᠬᠤ》ᠪᠠᠶ᠋ᠢᠴᠠᠭ᠋ᠠᠯᠲᠠ᠂ ᠬᠥᠳᠡᠯᠮᠦᠷᠢ  ᠦᠢ᠍ᠯᠡᠴᠢᠯᠡᠭᠡᠨ᠎ᠤ ᠵᠠᠭᠤᠴᠢ ᠵᠢᠨ ᠲᠤᠰᠬᠠᠶ ᠵᠦᠢ᠍ᠯ᠎ᠤᠨ ᠴᠡᠭᠴᠡᠯᠡᠨ ᠵᠠᠰᠠᠬᠤ ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》ᠵᠡᠷᠭᠡ ᠲᠠᠪᠴᠠᠩ᠎ᠢ ᠶᠡᠷᠦᠩᠬᠡᠶ᠋ᠢᠯᠡᠨ ᠬᠡᠷᠡᠭᠯᠡᠵᠦ ᠪᠠᠶ᠋ᠢᠭ᠋ᠠᠳ ᠬᠢᠨᠠᠯᠲᠠ ᠬᠠᠮᠢᠶᠠᠷᠤᠯᠲᠠ ᠵᠢᠨ ᠠᠵᠢᠯ᠎ᠢ ᠥᠷᠨᠢᠭᠦᠯᠦᠨ᠂《ᠬᠠᠤᠯᠢ ᠪᠤᠰᠤ ᠵᠠᠭᠤᠴᠢ》ᠵᠡᠷᠭᠡ ᠵᠠᠬ᠎ᠠ ᠳᠡᠯᠭᠡᠭᠦᠷ᠎ᠢ ᠰᠠᠮᠠᠭᠤᠷᠠᠭᠤᠯᠤᠭᠰᠠᠨ ᠠᠵᠢᠯᠯᠠᠭ᠎ᠠ᠎ᠳᠤ ᠭᠤᠤᠯᠳᠠᠯᠭ᠎ᠠ᠎ᠲᠠᠢ ᠴᠣᠬᠢᠯᠲᠠ ᠥᠭᠭᠦᠨ᠎ᠡ᠃
       ᠪᠥᠬᠥ ᠲᠠᠯ᠎ᠠ ᠵᠢᠨ ᠰᠢᠰᠲ᠋ᠧᠮ᠎ᠲᠠᠢ ᠠᠵᠤ ᠦᠢ᠍ᠯᠡᠰ ᠵᠶ᠋ᠡᠷ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠪᠠ ᠴᠢᠩᠭ᠎ᠠ ᠨᠢᠮᠪᠠᠶ ᠥᠨᠳᠥᠷ ᠪᠦᠲᠦᠮᠵᠢᠲᠡᠶ ᠲᠤᠰᠬᠠᠶ ᠬᠢᠨᠠᠨ ᠵᠢᠯᠣᠭᠣᠳᠴᠤ ᠴᠡᠭᠴᠡᠯᠡᠨ ᠵᠠᠰᠠᠬᠤ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠠᠵᠢᠯ᠎ᠤᠨ ᠠᠯᠬᠤᠮ ᠳᠠᠷᠠᠭ᠋ᠠᠯᠠᠯ᠎ᠢ ᠡᠮᠬᠢᠯᠡᠨ ᠵᠢᠷᠤᠮᠵᠢᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠲᠥᠪ ᠭᠤᠤᠯᠴᠢ᠂ ᠵᠢᠷᠤᠮᠵᠢᠯ᠎ᠲᠠᠢ᠂ ᠥᠷᠢᠰᠥᠯᠳᠦᠭᠡᠨ᠎ᠨᠢ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠮᠠᠭ᠋ᠠᠯᠠᠨ᠂ ᠰᠠᠶ᠋ᠢᠨ ᠰᠠᠶ᠋ᠢᠬᠠᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠪᠣᠶ ᠪᠣᠯᠭ᠋ᠠᠨ᠎ᠠ᠃ 


人社领域优化营商环境新闻发布会答记者问3.jpg 


      ᠤᠮᠠᠷᠠᠲᠤ ᠵᠢᠨ ᠰᠢᠨ᠎ᠡ ᠰᠣᠨᠢᠨ᠎ᠤ ᠰᠤᠷᠪᠤᠯᠵᠢᠯᠠᠭᠴᠢ᠄ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠳᠤᠮᠳᠠ᠂ ᠮᠠᠨ᠎ᠤ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ᠎ᠳᠤ ᠶᠠᠮᠠᠷ ᠶᠠᠮᠠᠷ ᠠᠷᠠᠳ᠎ᠲᠤ ᠲᠥᠬᠥᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠪᠠᠶ᠋ᠢᠬᠤ ᠪᠣᠶ?


人社领域优化营商环境新闻发布会答记者问4.jpg 


         ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ ᠶᠠᠩ ᠱᠦᠸᠸ ᠷᠦᠩ᠄ ᠬᠤᠳᠠᠯᠳᠤᠭ᠎ᠠ ᠡᠵᠡᠩᠨᠡᠬᠦ ᠰᠠᠶ᠋ᠢᠨ ᠰᠠᠶ᠋ᠢᠬᠠᠨ ᠣᠷᠴᠢᠨ ᠨᠥᠬᠥᠴᠡᠯ᠎ᠨᠢ ᠠᠵᠤ ᠠᠬᠤᠶ᠋ᠢᠯᠠᠯ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠠᠵᠤ ᠠᠬᠤᠶ᠋ᠢᠯᠠᠯ᠎ᠤᠨ ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠢᠳᠡᠪᠬᠢᠵᠢᠯ᠎ᠢ ᠬᠥᠭᠵᠢᠭᠡᠵᠦ᠂ ᠡᠭᠦᠨ᠎ᠤ ᠤᠯᠠᠮ᠎ᠠᠴᠠ ᠨᠠᠩ ᠣᠯᠠᠨ ᠠᠵᠢᠯ᠎ᠤᠨ ᠪᠠᠶ᠋ᠢᠷᠢ ᠬᠠᠩᠭ᠋ᠠᠵᠤ ᠴᠢᠳᠠᠨ᠎ᠠ᠃ 2022 ᠣᠨ᠎ᠳᠤ᠂ ᠪᠢᠳᠡ ᠭᠤᠷᠪᠠᠨ ᠲᠠᠯ᠎ᠠ᠎ᠪᠠᠷ ᠰᠢᠨ᠎ᠡ ᠵᠢ ᠡᠭᠦᠳᠴᠦ᠂ ᠦᠷᠭᠦᠯᠵᠢᠯᠡᠨ ᠬᠦᠴᠦᠯᠡᠵᠦ᠂ ᠠᠵᠢᠯ ᠣᠯᠭᠣᠬᠤ ᠦᠢ᠍ᠯᠡᠰ ᠪᠦᠳᠦᠭᠡᠬᠦ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ᠃
        ᠨᠢᠭᠡᠳᠦᠭᠡᠷ᠎ᠲᠤ᠂ ᠤᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ᠃  ᠦᠢ᠍ᠯᠡᠴᠢᠯᠡᠭᠡᠨ᠎ᠤ ᠵᠦᠢ᠍ᠯᠡᠰ᠎ᠤᠨ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠳᠤᠲᠠᠭᠳᠠᠯ᠎ᠢ᠎ᠨᠢ ᠪᠠᠭᠲᠠᠭ᠋ᠠᠵᠤ ᠭᠥᠯᠢᠶᠡᠨ ᠠᠪᠴᠤ ᠰᠢᠢ᠍ᠳᠪᠦᠷᠢᠯᠡᠬᠦ᠎ᠳᠤ ᠲᠤᠬᠢᠷᠠᠬᠤ  ᠦᠢ᠍ᠯᠡᠴᠢᠯᠡᠭᠡᠨ᠎ᠤ ᠵᠦᠢ᠍ᠯᠡᠰ᠎ᠢ ᠪᠥᠬᠥ ᠲᠠᠯ᠎ᠠ᠎ᠪᠠᠷ ᠡᠮᠬᠢᠯᠡᠨ ᠬᠡᠷᠡᠭᠯᠡᠵᠦ᠂ ᠳᠤᠲᠠᠭᠳᠠᠯ᠎ᠢ᠎ᠨᠢ ᠪᠠᠭᠲᠠᠭ᠋ᠠᠵᠤ ᠭᠥᠯᠢᠶᠡᠨ ᠠᠪᠴᠤ ᠰᠢᠢ᠍ᠳᠪᠦᠷᠢᠯᠡᠬᠦ ᠨᠠᠷᠢᠨ  ᠳᠠᠩᠰᠠ ᠵᠢ ᠪᠠᠶ᠋ᠢᠭᠤᠯᠤᠨ᠂ ᠪᠥᠬᠥ ᠣᠷᠣᠨ᠎ᠤ ᠬᠡᠪᠴᠢᠶᠡᠨ᠎ᠳᠤ ᠠᠳᠠᠯᠢ ᠨᠢᠭᠡᠨ ᠠᠵᠢᠯ ᠣᠯᠭᠣᠯᠲᠠ ᠵᠢᠨ  ᠦᠢ᠍ᠯᠡᠴᠢᠯᠡᠭᠡᠨ᠎ᠤ ᠵᠦᠢ᠍ᠯᠡᠰ᠎ᠢ ᠠᠳᠠᠯᠢ ᠨᠥᠬᠥᠴᠡᠯ ᠳᠤᠤᠷ᠎ᠠ ᠵᠥᠷᠢᠶ᠎ᠡ ᠥᠬᠡᠶ᠎ᠪᠠᠷ ᠭᠥᠯᠢᠶᠡᠨ ᠠᠪᠴᠤ 

ᠰᠢᠢ᠍ᠳᠪᠦᠷᠢᠯᠡᠬᠦ᠂ ᠠᠳᠠᠯᠢ ᠪᠠᠷᠢᠮᠵᠢᠶ᠎ᠠ᠎ᠪᠠᠷ ᠭᠦᠢ᠍ᠴᠡᠳᠭᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠨᠢᠭᠡᠳᠦᠯᠲᠡᠶ ᠪᠠᠶ᠋ᠢᠯᠭ᠋ᠠᠬᠤ᠂ ᠦᠢ᠍ᠯᠡᠴᠢᠯᠡᠭᠡᠨ᠎ᠤ ᠪᠠᠷᠢᠮᠵᠢᠶ᠎ᠠ ᠵᠢ ᠨᠢᠭᠡᠳᠦᠯᠲᠡᠶ ᠪᠠᠶ᠋ᠢᠯᠭ᠋ᠠᠬᠤ ᠵᠢ ᠪᠡᠶᠡᠯᠡᠭᠦᠯᠦᠨ᠎ᠡ᠃ ᠠᠵᠢᠯ ᠤᠯᠬᠤ᠎ᠳᠤ ᠬᠦᠴᠢᠷᠲᠡᠶ ᠬᠥᠮᠦᠰ ᠪᠠ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠵᠢ ᠮᠠᠭ᠋ᠠᠳᠯᠠᠨ ᠲᠣᠭᠲᠠᠭ᠋ᠠᠬᠤ᠂ ᠠᠵᠢᠯ ᠠᠯᠳᠠᠭᠰᠠᠨ᠎ᠢ ᠳᠡᠩᠰᠡᠯᠡᠨ ᠲᠡᠮᠳᠡᠭᠯᠡᠬᠦ ᠵᠢᠴᠢ《ᠠᠵᠢᠯ ᠣᠯᠭᠣᠵᠤ ᠦᠢ᠍ᠯᠡᠰ ᠪᠦᠳᠦᠭᠡᠬᠦ

ᠦᠨᠡᠮᠯᠡᠯ》ᠡᠷᠡᠮᠡᠯᠵᠡᠨ ᠠᠪᠬᠤ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢᠨ ᠨᠥᠬᠥᠪᠥᠷᠢ ᠡᠷᠡᠮᠡᠯᠵᠡᠨ ᠠᠪᠬᠤ ᠵᠡᠷᠭᠡ ᠣᠯᠠᠨ ᠨᠡᠶ᠋ᠢᠲᠡ ᠵᠢᠨ ᠠᠵᠢᠯ ᠣᠯᠭᠣᠵᠤ ᠦᠢ᠍ᠯᠡᠰ ᠪᠦᠳᠦᠭᠡᠬᠦ ᠦᠢ᠍ᠯᠡᠴᠢᠯᠡᠭᠡᠨ᠎ᠤ ᠵᠦᠢ᠍ᠯᠡᠰ᠎ᠢ《ᠰᠦᠯᠵᠢᠶᠡᠨ ᠳᠡᠭᠡᠷ᠎ᠡ ᠭᠦᠢ᠍ᠴᠡᠳᠭᠡᠬᠦ》ᠵᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠵᠢᠨ ᠬᠤᠪᠢᠷᠠᠯᠲᠠ ᠵᠢ ᠴᠠᠭ ᠲᠤᠬᠠᠶ᠎ᠳᠤᠨᠢ ᠳᠠᠭ᠋ᠠᠵᠤ᠂ ᠠᠵᠢᠯ ᠣᠯᠭᠣᠵᠤ ᠦᠢ᠍ᠯᠡᠰ ᠪᠦᠳᠦᠭᠡᠬᠦ ᠦᠢ᠍ᠯᠡᠴᠢᠯᠡᠭᠡᠨ᠎ᠤ ᠵᠦᠢ᠍ᠯᠡᠰ᠎ᠢ《ᠰᠦᠯᠵᠢᠶᠡᠨ ᠳᠡᠭᠡᠷ᠎ᠡ ᠭᠦᠢ᠍ᠴᠡᠳᠭᠡᠬᠦ᠂ ᠠᠯᠠᠭ᠋ᠠᠨ ᠳᠡᠭᠡᠷ᠎ᠡ ᠭᠦᠢ᠍ᠴᠡᠳᠭᠡᠬᠦ ᠂ ᠨᠢᠭᠡ ᠴᠣᠩᠬᠤᠪᠴᠢ᠎ᠪᠠᠷ ᠭᠦᠢ᠍ᠴᠡᠳᠭᠡᠬᠦ》ᠵᠢ ᠲᠦᠷᠭᠡᠳᠬᠡᠨ ᠠᠬᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠤᠭᠰᠠᠨ ᠪᠥᠬᠥ ᠲᠠᠯ᠎ᠠ ᠵᠢᠨ᠂ ᠪᠥᠬᠥ ᠦᠶᠡᠯᠡᠯ᠎ᠤᠨ᠂ ᠣᠭᠲᠣ ᠵᠠᠶ ᠥᠬᠡᠶ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠰᠢᠷᠢᠰ ᠠᠵᠢᠯᠲᠠᠨ ᠡᠯᠰᠡᠬᠦ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ ᠠᠵᠤ ᠠᠬᠤᠶ᠋ᠢᠯᠠᠯ ᠪᠠ ᠠᠵᠢᠯ ᠡᠷᠢᠭᠰᠡᠳ᠎ᠲᠤ ᠬᠠᠩᠭ᠋ᠠᠯᠭ᠎ᠠ ᠬᠡᠷᠡᠭᠴᠡᠭᠡ ᠵᠢᠨ ᠲᠠᠪᠴᠠᠩ ᠪᠠᠶ᠋ᠢᠭᠤᠯᠵᠤ ᠥᠭᠭᠦᠨ᠎ᠡ᠃ ᠡᠭᠦᠨ᠎ᠤ ᠬᠠᠮᠲᠤ᠂ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠡᠭᠦᠯᠡᠨ ᠲᠠᠪᠴᠠᠩ᠎ᠢ ᠲᠠᠰ ᠳᠡᠪᠰᠢᠭᠦᠯᠦᠨ ᠥᠭᠡᠷᠡᠴᠢᠯᠡᠵᠦ᠂《  ᠳᠦᠷᠰᠦ ᠪᠢᠴᠢᠯᠭᠡ᠎ᠪᠠᠷ ᠤᠷᠢᠵᠤ ᠡᠯᠰᠡᠬᠦ ᠰᠢᠭᠤᠳ ᠨᠡᠪᠲᠡᠷᠡᠭᠦᠯᠭᠡ ᠵᠢᠨ ᠲᠠᠰᠤᠭ》᠎ᠢ ᠰᠢᠨ᠎ᠡ᠎ᠪᠠᠷ ᠪᠠᠶ᠋ᠢᠭᠤᠯᠵᠤ᠂ ᠠᠵᠢᠯ ᠮᠡᠷᠭᠡᠵᠢᠯ᠎ᠤᠨ ᠵᠢᠯᠣᠭᠣᠳᠣᠭᠴᠢ ᠪᠠᠭᠰᠢ ᠰᠦᠯᠵᠢᠶᠡᠨ ᠳᠡᠭᠡᠷ᠎ᠡ ᠲᠠᠶ᠋ᠢᠯᠤᠮᠵᠢ ᠬᠢᠵᠦ᠂ ᠲᠣᠭ᠎ᠠ ᠪᠠᠷᠢᠮᠲᠠ ᠵᠢ ᠬᠠᠮᠲᠤ᠎ᠪᠠᠷ ᠭᠥᠷᠳᠡᠬᠦ᠎ᠪᠠᠷ ᠳᠠᠮᠵᠢᠭᠤᠯᠤᠨ᠂ ᠠᠵᠢᠯ ᠣᠯᠭᠣᠯᠲᠠ ᠵᠢᠨ ᠬᠠᠩᠭ᠋ᠠᠯᠭ᠎ᠠ ᠬᠡᠷᠡᠭᠴᠡᠭᠡ᠂ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠵᠣᠯᠭ᠋ᠠᠯᠳᠤᠭᠤᠯᠵᠤ᠂ ᠮᠥᠷᠳᠡᠨ ᠦᠢ᠍ᠯᠡᠴᠢᠯᠡᠬᠦ ᠵᠢ ᠪᠡᠶᠡᠯᠡᠭᠦᠯᠦᠨ᠎ᠡ᠃
        ᠬᠣᠶᠠᠳᠤᠭ᠋ᠠᠷ᠎ᠲᠤ᠂ ᠲᠦᠷᠦ ᠵᠢᠨ ᠪᠤᠳᠤᠯᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠦᠬᠦ ᠬᠦᠴᠦᠨ ᠵᠶ᠋ᠡᠷ ᠠᠬᠢᠭᠤᠯᠤᠨ᠎ᠠ᠃ ᠭᠤᠤᠯᠳᠠᠯᠭ᠎ᠠ᠎ᠲᠠᠢ ᠬᠥᠮᠦᠰ᠎ᠲᠤ ᠠᠵᠢᠯ ᠣᠯᠭᠣᠬᠤ ᠵᠢ ᠠᠬᠢᠭᠤᠯᠬᠤ ᠲᠥᠯᠥᠪᠯᠡᠭᠡ ᠵᠢ ᠬᠡᠷᠡᠭᠵᠢᠭᠦᠯᠵᠦ᠂ ᠠᠵᠢᠯ ᠠᠯᠳᠠᠭᠰᠠᠳ᠂ ᠠᠵᠢᠯ ᠣᠯᠬᠤ᠎ᠳᠤ ᠬᠦᠴᠢᠷᠲᠡᠶ ᠬᠥᠮᠦᠰ᠂ ᠠᠵᠢᠯ ᠣᠯᠤᠭᠰᠠᠨ ᠬᠥᠮᠦᠨ ᠦᠭᠡᠶ ᠭᠡᠷ ᠪᠦᠯᠢ ᠵᠢᠨ ᠪᠦᠷᠢᠯᠳᠦᠬᠦᠨ᠎ᠳᠤ ᠠᠵᠢᠯ ᠣᠯᠭᠣᠬᠤ ᠵᠢ ᠰᠠᠶ᠋ᠢᠲᠤᠷ ᠠᠳᠬᠤᠵᠤ᠂ ᠡᠯ᠎ᠡ ᠲᠥᠷᠥᠯ᠎ᠤᠨ ᠠᠵᠤ ᠠᠬᠤᠶ᠋ᠢᠯᠠᠯ᠎ᠢ ᠢᠳᠡᠪᠬᠢᠲᠡᠶ᠎ᠪᠠᠷ ᠬᠥᠲᠥᠯᠥᠨ ᠵᠢᠯᠣᠭᠣᠳᠴᠤ ᠪᠠᠶ᠋ᠢᠭ᠋ᠠᠳ ᠠᠵᠢᠯ ᠣᠯᠬᠤ᠎ᠳᠤ ᠬᠦᠴᠢᠷᠲᠡᠶ ᠬᠥᠮᠦᠰ᠎ᠲᠤ ᠲᠣᠬᠢᠷᠠᠬᠤ ᠨᠡᠩ ᠣᠯᠠᠨ ᠠᠵᠢᠯ᠎ᠤᠨ ᠪᠠᠶ᠋ᠢᠷᠢ ᠵᠢ ᠨᠡᠭᠡᠭᠡᠨ ᠬᠥᠭᠵᠢᠭᠦᠯᠵᠦ᠂ ᠠᠵᠤ ᠠᠬᠤᠶ᠋ᠢᠯᠠᠯ᠎ᠤᠨ ᠠᠵᠢᠯ ᠣᠯᠬᠤ᠎ᠳᠤ ᠬᠦᠴᠢᠷᠲᠡᠶ ᠬᠥᠮᠦᠰ᠎ᠢ ᠬᠦᠯᠢᠶᠡᠨ ᠠᠪᠬᠤ ᠨᠡᠶ᠋ᠢᠭᠡᠮ᠎ᠤᠨ ᠳᠠᠭ᠋ᠠᠳᠬᠠᠯ᠎ᠤᠨ ᠨᠥᠬᠥᠪᠥᠷᠢ ᠵᠢ ᠨᠠᠶ᠋ᠢᠳᠠᠪᠤᠷᠢᠵᠢᠭᠤᠯᠬᠤ ᠵᠢᠨ ᠬᠠᠮᠲᠤ᠂ ᠪᠤᠴᠠᠵᠤ ᠭᠠᠷᠤᠭᠰᠠᠨ᠎ᠤ ᠳᠠᠷᠠᠭ᠋ᠠᠬᠢ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠪᠠ ᠠᠵᠢᠯ ᠣᠯᠭᠣᠬᠤ  ᠦᠢ᠍ᠯᠡᠴᠢᠯᠡᠭᠡᠨ᠎ᠢ ᠰᠠᠶ᠋ᠢᠲᠤᠷ ᠬᠢᠨ᠎ᠡ᠃ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠦᠢ᠍ᠳᠭᠡᠯ᠎ᠤᠨ ᠨᠣᠷᠮ᠎ᠠ ᠵᠢ ᠪᠠᠭᠤᠷᠠᠭᠤᠯᠬᠤ ᠵᠡᠷᠭᠡ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠱᠠᠲᠤ ᠦᠶᠡᠴᠢ ᠴᠢᠨᠠᠷᠲᠠᠶ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠠᠷᠭ᠎ᠠ ᠪᠦᠬᠦᠨ᠎ᠢ ᠰᠦᠪᠡᠭᠴᠢᠯᠡᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠨᠠᠶ᠋ᠢᠳᠠᠪᠤᠷᠢᠵᠢᠭᠤᠯᠵᠤ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠬᠠᠷᠠᠭ᠋ᠠᠯᠵᠠᠯ ᠵᠶ᠋ᠠᠷ ᠠᠵᠤ ᠠᠬᠤᠶ᠋ᠢᠯᠠᠯ᠎ᠳᠤ ᠠᠰᠢᠭ ᠬᠦᠷᠲᠡᠭᠡᠵᠦ ᠠᠷᠠᠳ᠎ᠲᠤ ᠲᠥᠬᠥᠮ ᠦᠵᠡᠭᠦᠯᠬᠦ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠡᠶᠡᠯᠡᠭᠦᠯᠦᠨ᠎ᠡ᠃ ᠡᠭᠦᠨ᠎ᠤ ᠬᠠᠮᠲᠤ᠂《ᠦᠢ᠍ᠯᠡᠰ ᠪᠦᠳᠦᠭᠡᠬᠦ ᠥᠪᠥᠷ ᠮᠣᠩᠭᠣᠯ᠎ᠤᠨ ᠠᠵᠢᠯᠯᠠᠭ᠎ᠠ》ᠵᠢ ᠭᠦᠨᠵᠡᠭᠡᠶ ᠬᠡᠷᠡᠭᠵᠢᠭᠦᠯᠵᠦ᠂ ᠦᠢ᠍ᠯᠡᠰ ᠪᠦᠳᠦᠭᠡᠬᠦ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠂ ᠨᠥᠬᠥᠴᠡᠯ᠎ᠳᠤ ᠨᠡᠶ᠋ᠢᠴᠡᠬᠦ ᠵᠢᠵᠢᠭ ᠪᠢᠴᠢᠯ ᠠᠵᠤ ᠠᠬᠤᠶ᠋ᠢᠯᠠᠯ ᠪᠣᠯᠤᠨ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠦᠢ᠍ᠯᠡᠰ ᠪᠦᠳᠦᠭᠡᠬᠦ ᠪᠠᠳᠤᠯᠠᠭ᠋ᠠᠳᠤ ᠵᠢᠭᠡᠯᠡᠯᠭᠡ ᠵᠢᠨ ᠳᠡᠮᠵᠢᠯᠭᠡ ᠦᠵᠡᠭᠦᠯᠬᠦ ᠡᠷᠴᠢᠮ᠎ᠢ ᠴᠢᠩᠭ᠋ᠠᠷᠠᠭᠤᠯᠵᠤ᠂ ᠦᠢ᠍ᠯᠡᠰ ᠪᠦᠳᠦᠭᠡᠬᠦ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠬᠤ ᠵᠢ ᠠᠬᠢᠭᠤᠯᠤᠨ᠎ᠠ᠃
        ᠭᠤᠷᠪᠠᠳᠤᠭ᠋ᠠᠷ᠎ᠲᠤ᠂ ᠠᠵᠢᠯ ᠣᠯᠭᠣᠯᠲᠠ ᠵᠢᠨ ᠤᠷ᠎ᠠ ᠴᠢᠳᠠᠪᠤᠷᠢ ᠵᠢᠨ ᠪᠣᠯᠪᠠᠰᠤᠷᠠᠯ ᠪᠠ ᠦᠨᠡᠯᠡᠯᠲᠡ ᠵᠢ ᠶᠡᠬᠡ᠎ᠪᠠᠷ ᠴᠢᠩᠭ᠋ᠠᠳᠬᠠᠨ᠎ᠠ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠪᠠ ᠪᠤᠰᠤᠳ ᠵᠠᠯᠠᠭᠤ ᠬᠥᠮᠦᠰ᠂ ᠮᠠᠯᠵᠢᠬᠤ ᠲᠠᠷᠢᠶᠠᠯᠠᠬᠤ ᠣᠷᠣᠨ᠎ᠤ ᠰᠢᠯᠵᠢᠭᠦᠯᠦᠨ ᠠᠵᠢᠯ ᠣᠯᠭᠣᠬᠤ ᠬᠥᠳᠡᠯᠮᠦᠷᠢ ᠬᠦᠴᠦᠨ᠂ ᠶᠠᠳᠠᠭᠤ᠎ᠠᠴᠠ ᠠᠩᠭᠢᠵᠢᠷᠠᠭᠤᠯᠬᠤ ᠬᠥᠳᠡᠯᠮᠦᠷᠢ ᠬᠦᠴᠦᠨ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠶ ᠬᠥᠮᠦᠰ ᠵᠡᠷᠭᠡ ᠬᠥᠮᠦᠰ᠎ᠲᠤ ᠠᠵᠢᠯ ᠣᠯᠭᠣᠬᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ ᠬᠦᠷᠳᠡᠭᠡᠬᠦ ᠵᠢ ᠬᠦᠴᠦᠯᠡᠨ ᠰᠠᠶ᠋ᠢᠲᠤᠷ ᠠᠳᠬᠤᠵᠤ᠂ ᠨᠢᠭᠡ ᠪᠦᠯᠦᠭ ᠭᠠᠵᠠᠷ ᠣᠷᠣᠨ᠎ᠤ ᠣᠨᠴᠠᠯᠢᠭ᠎ᠲᠠᠢ᠂ ᠠᠵᠢᠯ ᠣᠯᠭᠣᠯᠲᠠ ᠵᠢ ᠠᠬᠢᠭᠤᠯᠬᠤ ᠦᠷ᠎ᠡ ᠪᠦᠲᠦᠮᠵᠢ᠎ᠪᠠᠷ ᠢᠯᠡᠷᠬᠡᠶ ᠪᠣᠯᠪᠠᠰᠤᠷᠠᠯ᠎ᠤᠨ ᠨᠠᠷᠠᠲᠤ ᠲᠡᠮᠳᠡᠭ᠎ᠢ ᠪᠣᠶ᠋ᠢᠵᠢᠭᠤᠯᠤᠨ᠎ᠠ᠃《ᠢᠨᠲ᠋ᠧᠷ ᠰᠦᠯᠵᠢᠶ᠎ᠡ + ᠠᠵᠢᠯ ᠮᠡᠷᠭᠡᠵᠢᠯ᠎ᠤᠨ ᠪᠣᠯᠪᠠᠰᠤᠷᠠᠯ》ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠣᠭ᠋ᠠᠴᠢᠯᠠᠭᠰᠠᠨ ᠮᠡᠷᠭᠡᠵᠢᠯ ᠴᠢᠳᠠᠪᠤᠷᠢ᠂ ᠵᠠᠭᠤᠴᠢᠯᠠᠭᠤᠷ᠎ᠤᠨ ᠡᠵᠡᠩᠨᠡᠯᠲᠡ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠵᠡᠷᠭᠡ ᠰᠢᠨ᠎ᠡ ᠡᠵᠡᠩᠨᠡᠯᠲᠡ ᠵᠢᠨ ᠪᠠᠢ᠌ᠳᠠᠯ ᠰᠢᠨ᠎ᠡ ᠵᠠᠭᠪᠤᠷ᠎ᠤᠨ ᠠᠵᠢᠯ ᠡᠷᠬᠢᠯᠡᠭᠰᠡᠳ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠢ ᠥᠷᠨᠢᠭᠦᠯᠬᠦ ᠵᠢ ᠰᠦᠪᠡᠭᠴᠢᠯᠡᠵᠦ᠂ ᠨᠠᠩ ᠣᠯᠠᠨ ᠮᠡᠷᠭᠡᠵᠢᠯ ᠴᠢᠳᠠᠪᠤᠷᠢ᠎ᠲᠠᠢ ᠬᠥᠳᠡᠯᠮᠦᠷᠢᠴᠢᠨ᠎ᠢ ᠬᠥᠮᠦᠵᠢᠭᠦᠯᠦᠨ᠎ᠡ᠃ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠳᠤ ᠦᠨᠡᠯᠡᠯᠲᠡ ᠬᠢᠬᠦ ᠵᠢ ᠵᠣᠷᠢᠭᠵᠢᠭᠤᠯᠤᠨ ᠳᠡᠮᠵᠢᠵᠦ᠂ ᠠᠵᠢᠯ ᠮᠡᠷᠭᠡᠵᠢᠯ᠎ᠤᠨ ᠴᠢᠳᠠᠮᠵᠢ᠂ ᠠᠵᠢᠯ᠎ᠤᠨ ᠠᠭᠤᠯᠭ᠎ᠠ᠂ ᠤᠷ᠎ᠠ ᠴᠢᠳᠠᠪᠤᠷᠢ ᠵᠢᠨ ᠱᠠᠭ᠋ᠠᠷᠳᠠᠯᠭ᠎ᠠ ᠪᠠ ᠭᠤᠶᠤᠴᠢᠯᠠᠨ ᠮᠡᠳᠡᠭᠦᠯᠬᠦ ᠨᠥᠬᠥᠴᠡᠯ᠎ᠳᠤ ᠵᠣᠬᠢᠰᠲᠠᠶ ᠲᠣᠬᠢᠷᠠᠭᠤᠯᠤᠯᠲᠠ ᠬᠢᠵᠦ᠂ ᠶᠠᠪᠤᠴᠠᠵᠢᠭᠤᠯᠤᠨ ᠰᠢᠯᠭ᠋ᠠᠨ ᠬᠢᠨᠠᠬᠤ᠂ ᠬᠡᠰᠡᠭᠵᠢᠭᠦᠯᠦᠨ ᠰᠢᠯᠭ᠋ᠠᠨ ᠬᠢᠨᠠᠬᠤ ᠪᠠ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠲᠣᠭᠲᠠᠭ᠋ᠠᠬᠤ᠂ ᠰᠢᠭᠤᠳ ᠮᠠᠭ᠋ᠠᠳᠯᠠᠨ ᠲᠣᠭᠲᠠᠭ᠋ᠠᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ᠎ᠢ ᠠᠮᠢᠳᠤᠯᠢᠭ ᠵᠶ᠋ᠠᠷ ᠬᠡᠷᠡᠭᠯᠡᠨ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠦᠨᠡᠯᠡᠯᠲᠡ ᠬᠢᠵᠦ᠂ ᠨᠥᠬᠥᠴᠡᠯ᠎ᠲᠠᠢ ᠠᠵᠤ ᠠᠬᠤᠶ᠋ᠢᠯᠠᠯ᠎ᠤᠨ ᠣᠨᠴᠠ ᠲᠠᠰ᠎ᠤᠨ ᠮᠠᠰᠲ᠋ᠧᠷ᠂ ᠲᠦᠷᠦᠭᠦᠦ ᠮᠠᠰᠲ᠋ᠧᠷ᠎ᠢ ᠰᠢᠯᠭ᠋ᠠᠷᠠᠭᠤᠯᠤᠨ ᠤᠷᠢᠬᠤ ᠠᠵᠢᠯ ᠥᠷᠨᠢᠭᠦᠯᠬᠦ ᠵᠢ ᠳᠡᠮᠵᠢᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠳᠤᠮᠳᠠᠬᠢ ᠠᠵᠤ ᠠᠬᠤᠶ᠋ᠢᠯᠠᠯ᠎ᠤᠨ ᠴᠢᠬᠤᠯᠠ ᠦᠢ᠍ᠯᠡᠳᠦᠯ᠎ᠢ ᠬᠥᠭᠵᠢᠭᠡᠨ᠎ᠡ᠃


人社领域优化营商环境新闻发布会答记者问5.jpg 

 

         ᠰᠢᠨᠬᠤᠸᠠ ᠰᠦᠯᠵᠢᠶᠡᠨ᠎ᠤ ᠰᠤᠷᠪᠤᠯᠵᠢᠯᠠᠭᠴᠢ᠄ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠠᠵᠢᠯ᠎ᠨᠢ ᠠᠵᠤ ᠠᠬᠤᠶ᠋ᠢᠯᠠᠯ ᠪᠠ ᠣᠯᠠᠨ ᠲᠦᠮᠡᠨ᠎ᠲᠠᠢ ᠨᠢᠭᠲᠠ ᠬᠣᠯᠪᠣᠭ᠎ᠠ᠎ᠲᠠᠢ ᠪᠠᠶ᠋ᠢᠳᠠᠭ᠂ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠠᠵᠤ ᠠᠬᠤᠶ᠋ᠢᠯᠠᠯ᠎ᠳᠤ ᠠᠰᠢᠭᠲᠠᠶ ᠠᠷᠠᠳ᠎ᠲᠤ ᠲᠥᠬᠥᠮ ᠦᠵᠡᠭᠦᠯᠬᠦ  ᠦᠢ᠍ᠯᠡᠴᠢᠯᠡᠭᠡᠨ᠎ᠤ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠬᠦ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ?


人社领域优化营商环境新闻发布会答记者问6.jpg 


       ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ ᠶᠠᠩ ᠮᠠᠨ ᠳ᠋ᠢ᠄ ᠨᠠᠰᠤᠵᠢᠯ᠎ᠤᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠵᠡᠷᠭᠡ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠦᠢ᠍ᠯᠡᠴᠢᠯᠡᠭᠡ᠎ᠨᠢ ᠠᠵᠤ ᠠᠬᠤᠶ᠋ᠢᠯᠠᠯ ᠪᠠ ᠣᠯᠠᠨ ᠲᠦᠮᠡᠨ᠎ᠤ ᠲᠣᠰ ᠪᠡᠶ᠎ᠡ ᠵᠢᠨ ᠠᠰᠢᠭ ᠲᠤᠰᠠ᠎ᠲᠠᠢ ᠨᠢᠭᠲᠠ ᠬᠣᠯᠪᠣᠭᠳᠠᠵᠤ᠂ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠎ᠨᠢ ᠭᠠᠷᠲᠠᠨ ᠭᠦᠢ᠍ᠴᠡᠳᠭᠡᠬᠦ  ᠦᠢ᠍ᠯᠡᠴᠢᠯᠡᠭᠡᠨ᠎ᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢᠨ ᠲᠣᠭᠣᠷᠢᠨ᠎ᠳᠤ᠂ ᠨᠡᠶ᠋ᠢᠭᠡᠮ᠎ᠤᠨ ᠳᠠᠭ᠋ᠠᠳᠬᠠᠯ᠎ᠤᠨ ᠲᠥᠪ᠎ᠨᠢ ᠳᠤᠤᠷᠠᠬᠢ ᠬᠡᠳᠦᠨ ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠬᠦ ᠪᠣᠯᠤᠨ᠎ᠠ᠃
       ᠨᠢᠭᠡᠳᠦᠭᠡᠷ᠎ᠲᠤ᠂ ᠨᠡᠶ᠋ᠢᠭᠡᠮ᠎ᠤᠨ ᠳᠠᠭ᠋ᠠᠳᠬᠠᠯ᠎ᠤᠨ ᠭᠠᠷᠳᠠᠨ ᠬᠢᠬᠦ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠨᠡᠶ᠋ᠢᠭᠡᠮ᠎ᠤᠨ ᠳᠠᠭ᠋ᠠᠳᠬᠠᠯ᠎ᠤᠨ ᠦᠢ᠍ᠯᠡᠴᠢᠯᠡᠭᠡᠨ᠎ᠤ《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠭᠡᠬᠦ》ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ 53 ᠦᠢ᠍ᠯᠡᠴᠢᠯᠡᠭᠡᠨ᠎ᠤ ᠵᠦᠢ᠍ᠯᠡᠰ᠎ᠢ ᠪᠦᠬᠦᠨ᠎ᠢ ᠰᠦᠯᠵᠢᠶ᠎ᠡ᠎ᠪᠠᠷ ᠭᠦᠢ᠍ᠴᠡᠳᠭᠡᠬᠦ ᠲᠠᠪᠴᠠᠩ᠎ᠳᠤ ᠣᠷᠣᠭᠤᠯᠤᠨ᠂ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠵᠦᠢ᠍ᠯᠡᠰ᠎ᠢ ᠪᠥᠬᠥ ᠬᠦᠷᠢᠶ᠎ᠡ ᠴᠠᠷᠠᠭ᠎ᠠ᠎ᠪᠠᠷ ᠪᠦᠷᠬᠦᠭᠦᠯᠬᠦ ᠵᠢ ᠪᠡᠶᠡᠯᠡᠭᠦᠯᠵᠦ᠂《ᠰᠦᠯᠵᠢᠶ᠎ᠡ᠎ᠪᠠᠷ ᠭᠦᠢ᠍ᠴᠡᠳᠭᠡᠬᠦ ᠨᠣᠷᠮ᠎ᠠ》ᠵᠢ ᠳᠡᠭᠡᠭᠰᠢᠯᠡᠬᠦᠯᠦᠨ᠎ᠡ᠃ ᠪᠠᠶ᠋ᠢᠭᠤᠯᠤᠭᠰᠠᠨ ᠶᠡᠷᠦᠩᠬᠡᠶ᠋ᠢᠯᠡᠭᠰᠡᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂ ᠶᠡᠷᠦᠩᠬᠡᠶ᠋ᠢᠯᠡᠨ ᠭᠥᠯᠢᠶᠡᠨ ᠠᠪᠴᠤ ᠰᠢᠢ᠍ᠳᠪᠦᠷᠢᠯᠡᠬᠦ᠂ ᠡᠭᠦᠷᠭᠡ ᠳᠣᠭᠢᠷᠠᠭᠤᠯᠬᠤ᠂ ᠲᠤᠬᠠᠶ᠋ᠢᠯᠠᠭᠰᠠᠨ ᠠᠵᠢᠯ᠎ᠢ ᠬᠢᠨᠠᠨ ᠡᠵᠡᠮᠳᠡᠬᠦ ᠪᠠ ᠡᠯᠧᠺᠲᠷᠣᠨ ᠲᠠᠩᠰᠠ ᠡᠪᠬᠡᠮᠡᠯ ᠵᠡᠷᠭᠡ ᠣᠯᠠᠨ ᠬᠤᠪᠢᠶᠠᠷᠢ ᠰᠢᠰᠲ᠋ᠧᠮ᠎ᠤᠨ ᠬᠤᠷᠠᠮᠠᠯ᠎ᠢ ᠬᠡᠷᠡᠭᠵᠢᠭᠦᠯᠵᠦ᠂ 《ᠨᠢᠭᠡ ᠴᠣᠩᠬᠤᠪᠴᠢ᠎ᠪᠠᠷ ᠭᠥᠯᠢᠶᠡᠨ ᠠᠪᠴᠤ ᠰᠢᠢ᠍ᠳᠪᠦᠷᠢᠯᠡᠬᠦ᠂ ᠨᠢᠭᠡ ᠥᠷᠲᠡᠭᠡ ᠮᠠᠶᠢᠭ᠎ᠤᠨ  ᠦᠢ᠍ᠯᠡᠴᠢᠯᠡᠭᠡ ᠬᠢᠬᠦ᠂ ᠨᠢᠭᠡ ᠯᠠᠩᠭᠦᠶ᠎ᠪᠠᠷ ᠭᠦᠢ᠍ᠴᠡᠳᠭᠡᠵᠦ ᠳᠠᠭᠤᠰᠬᠠᠬᠤ》 ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠵᠠᠭᠪᠤᠷ᠎ᠢ ᠬᠡᠷᠡᠭᠵᠢᠭᠦᠯᠦᠨ᠂ ᠲᠤᠬᠠᠶ᠋ᠢᠯᠠᠭᠰᠠᠨ ᠠᠵᠢᠯ᠎ᠤᠨ ᠭᠦᠢ᠍ᠴᠡᠳᠭᠡᠬᠦ ᠵᠦᠭᠯᠡᠭᠦᠷ᠎ᠢ ᠨᠢᠭᠡᠳᠦᠯᠲᠡᠶ ᠪᠣᠯᠭ᠋ᠠᠵᠤ᠂ ᠭᠦᠢ᠍ᠴᠡᠳᠭᠡᠬᠦ  ᠵᠦᠢ᠍ᠯᠡᠰ᠂  ᠠᠯᠬᠤᠮ ᠳᠠᠷᠠᠭ᠋ᠠᠯᠠᠯ᠂ ᠴᠠᠭ᠎ᠤᠨ ᠬᠢᠵᠠᠭ᠋ᠠᠷ ᠵᠡᠷᠭᠡ ᠵᠢ ᠢᠯᠡ ᠪᠣᠯᠭ᠋ᠠᠨ᠂ ᠨᠡᠶ᠋ᠢᠭᠡᠮ᠎ᠤᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠪᠦᠬᠦᠨ᠎ᠢ ᠶᠡᠷᠦᠩᠬᠡᠶ᠋ᠢᠯᠡᠭᠰᠡᠨ ᠯᠠᠩᠭᠦᠶ ᠵᠢᠨ ᠲᠦᠷᠢᠮ᠎ᠤᠨ ᠰᠢᠰᠲ᠋ᠧᠮ᠎ᠳᠤ ᠣᠷᠣᠭᠤᠯᠤᠨ᠎ᠠ᠃ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ  ᠦᠢ᠍ᠯᠡᠴᠢᠯᠡᠭᠡᠨ᠎ᠤ《ᠰᠠᠶ᠋ᠢᠨ ᠮᠠᠭᠤ ᠦᠨᠡᠯᠡᠯᠲᠡ》᠂ ᠦᠨᠡᠨ ᠨᠡᠷ᠎ᠡ᠎ᠪᠠᠷ ᠬᠠᠷᠢᠭᠤ ᠰᠤᠷᠪᠤᠯᠵᠢᠯᠠᠬᠤ ᠵᠡᠷᠭᠡ ᠠᠵᠢᠯ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ ᠬᠢᠨᠠᠯᠲᠠ᠎ᠪᠠᠷ ᠳᠠᠮᠵᠢᠭᠤᠯᠤᠨ ᠨᠡᠶ᠋ᠢᠭᠡᠮ᠎ᠤᠨ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
        ᠬᠣᠶᠠᠳᠤᠭ᠋ᠠᠷ᠎ᠲᠤ᠂ ᠠᠵᠤ ᠠᠬᠤᠶ᠋ᠢᠯᠠᠯ᠎ᠤᠨ ᠳᠥᠭᠥᠮ ᠳᠥᠲᠡ ᠲᠦᠷᠭᠡᠨ ᠭᠦᠢ᠍ᠴᠡᠳᠭᠡᠬᠦ  ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠠᠵᠤ ᠠᠬᠤᠶ᠋ᠢᠯᠠᠯ᠎ᠤᠨ ᠳᠡᠩᠰᠡᠯᠡᠨ ᠲᠡᠮᠳᠡᠭᠯᠡᠬᠦ ᠪᠠ ᠨᠡᠶ᠋ᠢᠭᠡᠮ᠎ᠤᠨ ᠳᠠᠭ᠋ᠠᠳᠬᠠᠯ᠎ᠤᠨ ᠳᠡᠩᠰᠡᠯᠡᠨ ᠲᠡᠮᠳᠡᠭᠯᠡᠬᠦ ᠲᠤᠬᠠᠶ᠋ᠢᠯᠠᠭᠰᠠᠨ ᠠᠵᠢᠯ᠎ᠢ ᠨᠢᠭᠡ ᠰᠦᠯᠵᠢᠶ᠎ᠡ᠎ᠪᠠᠷ  ᠡᠷᠡᠮᠡᠯᠵᠡᠬᠦ᠂ 1 ᠡᠳᠦᠷ ᠭᠦᠢ᠍ᠴᠡᠳᠭᠡᠵᠦ ᠳᠠᠭᠤᠰᠬᠠᠬᠤ ᠵᠢ ᠪᠥᠬᠥ ᠲᠠᠯ᠎ᠠ᠎ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠠᠵᠤ ᠠᠬᠤᠶ᠋ᠢᠯᠠᠯ ᠡᠷᠭᠢᠯᠡᠨ ᠪᠠᠶ᠋ᠢᠭᠤᠯᠬᠤ ᠴᠠᠭ᠎ᠢ᠎ᠨᠢ ᠪᠣᠭᠣᠨᠢᠰᠬᠠᠬᠤ ᠪᠦᠲᠦᠮᠵᠢᠲᠡᠶ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠰᠦᠪᠡᠭᠴᠢᠯᠡᠵᠦ᠂ ᠨᠡᠶ᠋ᠢᠭᠡᠮ᠎ᠤᠨ ᠳᠠᠭ᠋ᠠᠳᠬᠠᠯ᠎ᠤᠨ ᠳᠡᠩᠰᠡᠯᠡᠨ ᠲᠡᠮᠳᠡᠭᠯᠡᠬᠦ᠎ᠳᠤ ᠬᠡᠷᠡᠭᠰᠡᠬᠦ ᠮᠡᠳᠡᠭᠡ ᠵᠠᠩᠭᠢ ᠵᠢ《ᠨᠢᠭᠡ ᠰᠦᠯᠵᠢᠶ᠎ᠡ᠎ᠪᠠᠷ ᠨᠡᠪᠲᠡᠷᠡᠭᠦᠯᠬᠦ》ᠲᠠᠪᠴᠠᠩ ᠵᠶ᠋ᠠᠷ ᠳᠠᠮᠵᠢᠭᠤᠯᠤᠨ᠂ ᠠᠵᠤ ᠠᠬᠤᠶ᠋ᠢᠯᠠᠯ᠎ᠤᠨ ᠳᠡᠩᠰᠡᠯᠡᠨ ᠲᠡᠮᠳᠡᠭᠯᠡᠭᠰᠡᠨ ᠭᠠᠵᠠᠷ᠎ᠤᠨ ᠵᠣᠬᠢᠬᠤ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠎ᠳᠤ ᠴᠠᠭ ᠲᠤᠬᠠᠶ᠎ᠳᠤ᠎ᠨᠢ ᠲᠠᠷᠬᠠᠭ᠋ᠠᠨ ᠥᠭᠴᠦ᠂ ᠠᠵᠤ ᠠᠬᠤᠶ᠋ᠢᠯᠠᠯ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠳᠡᠩᠰᠡᠯᠡᠨ ᠲᠡᠮᠳᠡᠭᠯᠡᠬᠦ ᠵᠢ ᠨᠢᠭᠤᠷ ᠤᠴᠠᠷᠠᠬᠤ ᠥᠬᠡᠶ᠎ᠪᠠᠷ ᠴᠠᠭ ᠲᠤᠬᠠᠶ᠎ᠳᠤ᠎ᠨᠢ ᠪᠡᠶᠡᠯᠡᠭᠦᠯᠵᠦ᠂《ᠲᠣᠭ᠎ᠠ ᠪᠠᠷᠢᠮᠲᠠ ᠵᠢ ᠢᠯᠡᠭᠦᠦ ᠬᠡᠷᠡᠭᠯᠡᠨ᠂ ᠠᠵᠤ ᠠᠬᠤᠶ᠋ᠢᠯᠠᠯ᠎ᠢ ᠳᠤᠲᠠᠭᠤ ᠭᠦᠶᠦᠯᠭᠡᠬᠦ》ᠵᠢ ᠪᠡᠶᠡᠯᠡᠭᠦᠯᠦᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠭᠠᠶ᠋ᠢᠯᠢ ᠵᠢᠨ ᠶᠠᠪᠤᠳᠠᠯ ᠵᠡᠷᠭᠡ ᠰᠠᠯᠠᠭ᠎ᠠ ᠮᠥᠴᠢᠷ᠎ᠯᠦᠭᠡ ᠵᠢᠨ ᠵᠣᠬᠢᠴᠠᠯᠳᠤᠨ ᠨᠡᠪᠲᠡᠷᠡᠯᠴᠡᠬᠦ ᠵᠢ ᠦᠷᠭᠦᠯᠵᠢᠯᠡᠨ ᠴᠢᠩᠭ᠋ᠠᠳᠬᠠᠵᠤ᠂ ᠠᠵᠤ ᠠᠬᠤᠶ᠋ᠢᠯᠠᠯ᠎ᠤᠨ《ᠨᠢᠭᠡ ᠶᠠᠪᠤᠳᠠᠯ》᠎ᠢ ᠬᠦᠴᠦᠨ ᠥᠬᠡᠶ ᠪᠣᠯᠭ᠋ᠠᠬᠤ ᠥᠭᠡᠷᠡᠴᠢᠯᠡᠯᠲᠡ ᠵᠢ ᠰᠦᠪᠡᠭᠴᠢᠯᠡᠨ᠂ ᠠᠵᠤ ᠠᠬᠤᠶ᠋ᠢᠯᠠᠯ᠎ᠤᠨ ᠰᠠᠯᠠᠭ᠎ᠠ ᠮᠥᠴᠢᠷ ᠠᠯᠤᠰᠯᠠᠭᠰᠠᠨ ᠤᠷᠢᠳᠴᠢᠯᠠᠨ ᠪᠠᠶ᠋ᠢᠴᠠᠭ᠋ᠠᠬᠤ᠂ ᠭᠠᠶ᠋ᠢᠯᠢ ᠢᠯᠭ᠋ᠠᠷᠠᠭᠤᠯᠬᠤ ᠭᠡᠷᠡᠴᠢ ᠵᠢ ᠬᠦᠴᠦᠨ ᠥᠬᠡᠶ ᠪᠣᠯᠭ᠋ᠠᠬᠤ ᠵᠡᠷᠭᠡ ᠴᠠᠭ ᠲᠤᠬᠠᠶ᠎ᠳᠤᠨᠢ ᠳᠠᠮᠵᠢᠭᠤᠯᠬᠤ ᠵᠢ ᠪᠡᠶᠡᠯᠡᠭᠦᠯᠵᠦ᠂ 《ᠢᠵᠢ  ᠦᠢ᠍ᠯᠡᠴᠢᠯᠡᠭᠡ》ᠮᠠᠶᠢᠭ᠎ᠤᠨ ᠦᠢ᠍ᠯᠡᠴᠢᠯᠡᠭᠡ ᠬᠠᠩᠭ᠋ᠠᠨ᠎ᠠ᠃ ᠨᠡᠶ᠋ᠢᠭᠡᠮ᠎ᠤᠨ ᠭᠠᠶ᠋ᠢᠯᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ᠎ᠤᠨ ᠴᠢᠳᠠᠮᠵᠢ ᠵᠢ ᠰᠢᠯᠢᠳᠡᠭᠵᠢᠭᠦᠯᠵᠦ᠂ ᠰᠦᠢ᠍ᠳᠭᠡᠯ ᠲᠤᠰᠢᠶᠠᠭᠰᠠᠨ ᠲᠣᠭ᠎ᠠ ᠪᠠᠷᠢᠮᠲᠠ ᠵᠢ ᠰᠦᠯᠵᠢᠶᠡᠨ ᠳᠡᠭᠡᠷ᠎ᠡ ᠭᠥᠯᠢᠶᠡᠨ ᠠᠪᠬᠤ ᠪᠠ ᠳᠠᠮᠵᠢᠭᠤᠯᠤᠨ ᠬᠦᠷᠭᠡᠵᠦ᠂ ᠰᠦᠢ᠍ᠳᠭᠡᠯ ᠲᠤᠰᠢᠶᠠᠬᠤ ᠵᠢ ᠲᠠᠩᠰᠠᠨ᠎ᠳᠤ ᠣᠷᠣᠭᠤᠯᠤᠨ ᠰᠢᠢ᠍ᠳᠪᠦᠷᠢᠯᠡᠬᠦ ᠵᠢ ᠪᠥᠭᠡᠮ ᠵᠶ᠋ᠡᠷ ᠪᠡᠶᠡᠯᠡᠭᠦᠯᠵᠦ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠢ ᠲᠠᠩᠰᠠᠨ᠎ᠳᠤ ᠣᠷᠣᠭᠤᠯᠬᠤ ᠲᠤᠬᠠᠶ᠋ᠢᠯᠠᠭᠰᠠᠨ ᠠᠵᠢᠯ᠎ᠢ ᠭᠦᠶᠦᠬᠦ ᠥᠬᠡᠶ᠎ᠪᠠᠷ ᠭᠦᠢ᠍ᠴᠡᠳᠭᠡᠬᠦ ᠵᠢ ᠪᠡᠶᠡᠯᠡᠭᠦᠯᠦᠨ᠎ᠡ᠃ ᠡᠭᠦᠨ᠎ᠤ ᠬᠠᠮᠲᠤ᠂ ᠤᠯᠤᠰ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠭᠡᠯ᠎ᠤᠨ ᠨᠣᠷᠮ᠎ᠠ ᠵᠢ ᠱᠠᠲᠤ ᠦᠶᠡᠴᠢ ᠴᠢᠨᠠᠷᠲᠠᠶ᠎ᠪᠠᠷ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠨᠠᠶ᠋ᠢᠳᠠᠪᠤᠷᠢᠵᠢᠭᠤᠯᠵᠤ᠂ ᠠᠵᠤ ᠠᠬᠤᠶ᠋ᠢᠯᠠᠯ᠎ᠤᠨ ᠰᠦᠢ᠍ᠳᠭᠡᠯ ᠲᠤᠰᠢᠶᠠᠬᠤ ᠳᠠᠷᠤᠭ᠋ᠠᠰᠤ ᠵᠢ ᠬᠥᠩᠭᠡᠷᠡᠭᠦᠯᠦᠨ᠎ᠡ᠃
       ᠭᠤᠷᠪᠠᠳᠤᠭ᠋ᠠᠷ᠎ᠲᠤ᠂ ᠨᠡᠶ᠋ᠢᠭᠡᠮ᠎ᠤᠨ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠦᠢ᠍ᠯᠡᠴᠢᠯᠡᠭᠡᠨ᠎ᠤ ᠤᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃ 2021 ᠣᠨ᠎ᠤ 10 ᠳ᠋ᠤᠭ᠋ᠠᠷ ᠰᠠᠷ᠎ᠠ᠎ᠠᠴᠠ ᠡᠬᠢᠯᠡᠨ᠂ ᠪᠥᠬᠥ ᠣᠷᠣᠨ᠎ᠤ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠰᠢᠰᠲ᠋ᠧᠮ᠎ᠢ ᠨᠢᠭᠡᠳᠬᠡᠵᠦ᠂ ᠠᠵᠤ ᠠᠬᠤᠶ᠋ᠢᠯᠠᠯ᠎ᠤᠨ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠠᠶ᠋ᠢᠮᠠᠭ ᠬᠣᠲᠠ ᠠᠯᠤᠰᠯᠠᠨ ᠰᠢᠯᠵᠢᠬᠦ

ᠦᠶ᠎ᠡ᠎ᠳᠤ᠂ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠭᠠᠷᠳᠠᠮ᠎ᠢ ᠳᠠᠭᠢᠵᠤ ᠭᠤᠶᠤᠴᠢᠯᠠᠨ ᠭᠦᠢ᠍ᠴᠡᠳᠭᠡᠬᠦ ᠴᠢᠬᠤᠯᠠ ᠥᠬᠡᠶ ᠪᠣᠯᠵᠣ᠂ ᠬᠠᠷᠢᠴᠠᠭ᠎ᠠ᠎ᠪᠠᠨ ᠰᠢᠯᠵᠢᠭᠦᠯᠦᠨ ᠦᠷᠭᠦᠯᠵᠢᠯᠡᠭᠦᠯᠬᠦ ᠵᠢ ᠰᠢᠰᠲ᠋ᠧᠮ᠎ᠠᠴᠠ ᠰᠢᠭᠤᠳ ᠪᠡᠶᠡᠯᠡᠭᠦᠯᠪᠡ᠃ ᠡᠨᠡ ᠵᠢᠯ ᠪᠢᠳᠡ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠮᠤᠵᠢ ᠣᠷᠣᠨ ᠠᠯᠤᠰᠯᠠᠨ ᠰᠢᠯᠵᠢᠭᠦᠯᠦᠨ ᠦᠷᠭᠦᠯᠵᠢᠯᠡᠭᠦᠯᠬᠦ  ᠦᠢ᠍ᠯᠡᠴᠢᠯᠡᠭᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂《ᠮᠤᠵᠢ ᠠᠯᠤᠰᠯᠠᠨ ᠭᠦᠢ᠍ᠴᠡᠳᠭᠡᠬᠦ》᠂《ᠤᠨᠳᠤᠤ ᠭᠠᠵᠠᠷ᠎ᠲᠤ ᠭᠦᠢ᠍ᠴᠡᠳᠭᠡᠬᠦ》ᠭᠠᠷᠲᠠᠨ ᠭᠦᠢ᠍ᠴᠡᠳᠭᠡᠬᠦ ᠶᠠᠪᠤᠴᠠ ᠵᠢ ᠲᠡᠭᠦᠯᠳᠡᠷᠵᠢᠭᠦᠯᠦᠨ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠬᠦ᠎ᠳᠤ ᠲᠥᠬᠥᠮ ᠦᠵᠡᠭᠦᠯᠵᠦ᠂ ᠠᠵᠢᠯ ᠣᠯᠤᠭᠰᠠᠳ᠎ᠤᠨ ᠭᠠᠵᠠᠷ ᠣᠷᠣᠨ ᠠᠯᠤᠰᠯᠠᠨ ᠰᠢᠯᠵᠢᠬᠦ᠎ᠳᠤ ᠲᠥᠬᠥᠮ ᠦᠵᠡᠭᠦᠯᠦᠨ᠂《ᠬᠣᠶᠠᠷ ᠦᠵᠦᠭᠦᠷ ᠭᠦᠶᠦᠬᠦ》ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠵᠦ᠂ ᠢᠯᠠᠩᠭᠤᠶ᠎ᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠂ ᠠᠯᠪᠠᠨ ᠪᠠᠶ᠋ᠢᠭᠤᠯᠭ᠎ᠠ ᠵᠢᠨ ᠠᠵᠢᠯ  ᠦᠢ᠍ᠯᠡᠰ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ ᠵᠡᠷᠭᠡ ᠵᠢ ᠲᠦᠷᠢᠮ ᠠᠯᠤᠰᠯᠠᠨ ᠰᠢᠯᠵᠢᠭᠦᠯᠦᠨ ᠵᠠᠯᠭ᠋ᠠᠯᠳᠤᠭᠤᠯᠵᠤ᠂ ᠭᠦᠢ᠍ᠴᠡᠳᠭᠡᠬᠦ ᠴᠠᠭ᠎ᠤᠨ ᠬᠢᠵᠠᠭ᠋ᠠᠷ᠎ᠢ ᠤᠯᠠᠮ ᠨᠢᠭᠡ ᠠᠯᠬᠤᠮ ᠪᠣᠭᠣᠨᠢᠰᠬᠠᠨ᠂ ᠤᠯᠤᠰ᠎ᠤᠨ ᠨᠡᠶ᠋ᠢᠭᠡᠮ᠎ᠤᠨ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠪᠥᠬᠥ ᠲᠠᠯ᠎ᠠ᠎ᠪᠠᠷ ᠬᠡᠷᠡᠭᠯᠡᠵᠦ᠂ ᠭᠠᠷᠲᠠᠨ ᠭᠦᠢ᠍ᠴᠡᠳᠭᠡᠬᠦ ᠦᠶᠡᠯᠡᠯ᠎ᠤᠨ ᠬᠤᠭᠤᠴᠠᠭ᠎ᠠ ᠵᠢ 15 ᠠᠵᠢᠯᠯᠠᠬᠤ ᠡᠳᠦᠷ ᠪᠣᠯᠭ᠋ᠠᠨ ᠪᠣᠭᠣᠨᠢᠰᠬᠠᠨ᠎ᠠ᠃ ᠣᠯᠭᠣᠮᠵᠢ ᠠᠪᠬᠤ ᠬᠢᠷᠢ ᠬᠡᠮ᠎ᠤᠨ ᠭᠡᠷᠡᠴᠢᠯᠡᠯ᠎ᠤᠨ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠲᠣᠮᠣ ᠳ᠋ᠠᠶ᠋ᠢᠲ᠋ᠠ ᠵᠢᠨ ᠬᠠᠷᠢᠴᠠᠭᠤᠯᠤᠯ᠎ᠤᠨ ᠳᠤᠭᠤᠶ ᠭᠡᠷᠡᠴᠢᠯᠡᠯ᠎ᠤᠨ ᠠᠷᠭ᠎ᠠ ᠮᠠᠶᠢᠭ᠎ᠢ ᠢᠳᠡᠪᠬᠢᠲᠡᠶ᠎ᠪᠠᠷ ᠰᠦᠪᠡᠭᠴᠢᠯᠡᠨ᠂ ᠬᠢᠷᠢ ᠬᠡᠮ᠎ᠤᠨ ᠭᠡᠷᠡᠴᠢᠯᠡᠯ᠎ᠤᠨ ᠣᠨᠣᠪᠴᠢ ᠵᠢᠨ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠣᠲᠣ ᠵᠢᠨ ᠬᠡᠷᠡᠭᠵᠢᠭᠦᠯᠵᠦ ᠪᠠᠶ᠋ᠢᠭ᠎ᠠ ᠭᠡᠷᠡᠴᠢᠯᠡᠬᠦ ᠮᠠᠲ᠋ᠧᠷᠢᠶᠠᠯ᠎ᠢ ᠪᠥᠬᠥ ᠲᠠᠯ᠎ᠠ᠎ᠪᠠᠷ ᠡᠮᠬᠢᠯᠡᠵᠦ᠂ ᠬᠠᠰᠤᠵᠤ ᠳᠡᠶ᠋ᠢᠯᠬᠦ ᠵᠢ᠎ᠨᠢ ᠬᠠᠰᠤᠬᠤ ᠵᠠᠷᠴᠢᠮ᠎ᠢ ᠪᠠᠷᠢᠮᠲᠠᠯᠠᠨ᠂ ᠮᠡᠳᠡᠭᠡ ᠵᠠᠩᠭᠢ ᠵᠢ ᠬᠠᠮᠲᠤ᠎ᠳᠤ᠎ᠪᠠᠨ ᠭᠥᠷᠳᠡᠬᠦ᠎ᠪᠠᠷ ᠳᠡᠮᠵᠢᠨ ᠣᠯᠵᠤ ᠳᠡᠶ᠋ᠢᠯᠬᠦ ᠵᠢ᠎ᠨᠢ ᠴᠥᠮ ᠬᠦᠴᠦᠨ ᠥᠬᠡᠶ ᠪᠣᠯᠭ᠋ᠠᠵᠤ᠂ ᠲᠦᠷ ᠴᠠᠭ ᠣᠯᠵᠤ ᠳᠡᠶ᠋ᠢᠯᠬᠦ ᠥᠬᠡᠶ ᠵᠢ᠎ᠨᠢ᠂ ᠭᠡᠷᠡᠴᠢᠯᠡᠬᠦ ᠵᠦᠢ᠍ᠯᠡᠰ᠎ᠢ《ᠮᠡᠳᠡᠭᠳᠡᠨ ᠠᠮᠠᠯᠳᠠᠬᠤ ᠲᠦᠷᠢᠮ》《ᠳᠤᠲᠠᠭᠳᠠᠯ᠎ᠢ᠎ᠨᠢ ᠪᠠᠭᠲᠠᠭ᠋ᠠᠵᠤ ᠭᠥᠯᠢᠶᠡᠨ ᠠᠪᠴᠤ ᠰᠢᠢ᠍ᠳᠪᠦᠷᠢᠯᠡᠬᠦ》ᠵᠢ ᠬᠡᠷᠡᠭᠵᠢᠭᠦᠯᠵᠦ᠂ ᠨᠥᠬᠥᠴᠡᠯ᠎ᠳᠤ ᠨᠡᠶ᠋ᠢᠴᠡᠬᠦ ᠲᠤᠬᠠᠶ᠋ᠢᠯᠠᠭᠰᠠᠨ ᠠᠵᠢᠯ᠎ᠢ ᠪᠦᠬᠦᠨ᠎ᠢ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ ᠠᠮᠠᠯᠳᠤᠭᠰᠠᠨ᠎ᠤ ᠳᠠᠷᠠᠭ᠎ᠠ ᠭᠡᠷᠡᠴᠢᠯᠡᠬᠦ᠎ᠠᠴᠠ ᠭᠡᠯᠳᠦᠷᠢᠭᠦᠯᠬᠦ᠂ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠠᠷᠭᠤᠭᠤᠯᠤᠨ ᠪᠠᠶ᠋ᠢᠴᠠᠭ᠋ᠠᠬᠤ ᠠᠷᠭ᠎ᠠ ᠮᠠᠶᠢᠭ ᠵᠶ᠋ᠠᠷ  ᠭᠦᠢ᠍ᠴᠡᠳᠭᠡᠨ᠎ᠡ᠃
       ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠲᠥᠪ᠎ᠠᠴᠠ ᠪᠥᠬᠥ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠴᠦ᠂  ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠬᠦᠴᠦᠨ ᠨᠡᠮᠡᠷᠢᠯᠡᠨ᠎ᠡ᠃ 


       ᠰᠣᠨᠢᠨ ᠮᠡᠳᠡᠭᠡ ᠨᠡᠢ᠌ᠳᠡᠯᠡᠭᠰᠡᠨ ᠴᠠᠭ᠄
       2022-03-17    10:00
       ᠰᠣᠨᠢᠨ ᠮᠡᠳᠡᠭᠡ ᠨᠡᠢ᠌ᠳᠡᠯᠡᠭᠰᠡᠨ ᠬᠠᠶᠢᠭ᠄
       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ

       ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 
       ᠰᠣᠨᠢᠨ ᠮᠡᠳᠡᠭᠡ ᠨᠡᠢ᠌ᠳᠡᠯᠡᠭᠰᠡᠨ ᠨᠢᠭᠡᠴᠡ᠄
       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ

       ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 
       ᠰᠣᠨᠢᠨ ᠮᠡᠳᠡᠭᠡ ᠨᠡᠶ᠋ᠢᠲᠡᠯᠡᠭᠴᠢ᠄
       ᠵᠠᠢ  ᠶᠢᠩ ᠵᠢᠶᠦ᠋ᠨ

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠤᠬᠠᠢ ᠮᠡᠳᠡᠭᠡ ᠨᠡᠶ᠋ᠢᠲᠡᠯᠡᠬᠦ ᠬᠤᠷᠠᠯ ᠥᠨᠥᠳᠦᠷ ᠬᠤᠷᠠᠯᠳᠤᠪᠠ
ᠲᠠᠪᠤᠳᠤᠭ᠋ᠠᠷ ᠬᠤᠭᠤᠴᠠᠭ᠋ᠠᠨ᠎ᠤ《ᠳᠤᠮᠳᠠᠳᠤ ᠤᠯᠤᠰ᠎ᠤᠨ ᠪᠦᠳᠦᠭᠡᠯᠴᠢ ᠭᠠᠷ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ《ᠬᠣᠷᠴᠢᠨ ᠬᠤᠨᠳᠠᠭ᠋ᠠᠲᠤ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ᠎ᠠᠴᠠ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠲᠠᠪᠤᠳᠤᠭ᠋ᠠᠷ ᠬᠤᠭᠤᠴᠠᠭ᠋ᠠᠨ᠎ᠤ《ᠳᠤᠮᠳᠠᠳᠤ ᠤᠯᠤᠰ᠎ᠤᠨ ᠪᠦᠳᠦᠭᠡᠯᠴᠢ ᠭᠠᠷ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ《ᠬᠣᠷᠴᠢᠨ ᠬᠤᠨᠳᠠᠭ᠋ᠠᠲᠤ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
2022 ᠣᠨ᠎ᠤ ᠪᠥᠬᠥ ᠣᠷᠣᠨ᠎ᠤ ᠠᠵᠢᠯ ᠣᠯᠭᠤᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
2022 ᠣᠨ᠎ᠤ ᠪᠥᠬᠥ ᠣᠷᠣᠨ᠎ᠤ ᠠᠵᠢᠯ ᠤᠯᠭᠣᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
 
            