5 ᠳ᠋ᠤᠭ᠋ᠠᠷ ᠰᠠᠷ᠎ᠠ ᠵᠢᠨ 18᠎ᠤ ᠡᠳᠦᠷ᠂ 2022 ᠣᠨ᠎ᠤ ᠪᠥᠬᠥ ᠣᠷᠣᠨ᠎ᠤ ᠠᠵᠢᠯ ᠣᠯᠭᠣᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠡ ᠨᠡᠶ᠋ᠢᠲᠡᠯᠡᠬᠦ ᠲᠢᠩᠬᠢᠮ᠎ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠯᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠵᠤ ᠬᠠᠮᠢᠶ᠎ᠠ ᠪᠥᠬᠥᠶ ᠪᠠᠶ᠋ᠢᠳᠠᠯ᠎ᠢ ᠲᠠᠨᠢᠯᠴᠠᠭᠤᠯᠪᠠ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠣᠯᠭᠣᠯᠲᠠ ᠵᠢ ᠠᠬᠢᠭᠤᠯᠬᠤ ᠭᠠᠵᠠᠷ᠎ᠤᠨ ᠳᠠᠷᠤᠭ᠎ᠠ ᠹᠦ᠋ ᠯᠢᠩ ᠲᠤᠤ᠂ ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠯᠠᠨ ᠵᠢᠶᠦ᠋ᠨ ᠵᠠᠭᠤᠴᠢᠯᠠᠭᠤᠷ᠎ᠤᠨ ᠬᠠᠯᠠᠮᠵᠢᠯᠠᠵᠤ ᠪᠠᠶ᠋ᠢᠭ᠎ᠠ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠳᠡᠳ᠋ ᠳᠠᠷᠤᠭ᠎ᠠ ᠸᠠᠩ ᠯᠢᠨ
ᠨᠢᠭᠡ᠂ ᠠᠵᠢᠯᠯᠠᠭ᠎ᠠ ᠵᠢᠨ ᠵᠣᠷᠢᠯᠭ᠎ᠠ ᠵᠢᠨ ᠲᠤᠬᠠᠢ
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《ᠠᠵᠢᠯ ᠣᠯᠭᠣᠯᠲᠠ ᠵᠢ ᠲᠣᠭᠲᠠᠪᠤᠷᠢᠵᠢᠭᠤᠯᠬᠤ》 《ᠰᠠᠭᠤᠭ᠋ᠠᠯᠢ ᠠᠷᠠᠳ᠎ᠤᠨ ᠠᠵᠢᠯ ᠣᠯᠭᠣᠯᠲᠠ ᠵᠢ ᠪᠠᠲᠤᠯᠠᠬᠤ》 ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠵᠤ᠂ ᠪᠦᠬᠦ ᠤᠯᠤᠰ᠎ᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ ᠪᠣᠯᠤᠨ ᠪᠦᠬᠦ ᠤᠯᠤᠰ᠎ᠤᠨ ᠡᠩ᠎ᠤᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠤᠵᠤ ᠦᠢ᠍ᠯᠡᠰ ᠪᠦᠳᠦᠭᠡᠬᠦ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠤᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 2022 ᠣᠨ᠎ᠤ ᠪᠥᠬᠥ ᠣᠷᠣᠨ᠎ᠤ ᠠᠵᠢᠯ ᠣᠯᠭᠣᠬᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠢ ᠡᠷᠬᠢᠯᠡᠨ᠂ ᠡᠯ᠎ᠡ ᠲᠥᠷᠥᠯ᠎ᠤᠨ ᠠᠵᠢᠯ ᠡᠷᠢᠭᠰᠡᠳ᠎ᠲᠤ ᠠᠵᠢᠯ ᠣᠯᠭᠣᠬᠤ ᠪᠠ ᠬᠥᠮᠦᠨ ᠬᠡᠷᠡᠭᠯᠡᠬᠦ ᠨᠢᠭᠡᠴᠢ ᠵᠢᠨ ᠠᠵᠢᠯᠳᠠᠨ ᠤᠷᠢᠬᠤ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠲᠠᠪᠴᠠᠩ ᠪᠠᠢ᠌ᠭᠤᠯᠤᠨ ᠦᠭᠴᠦ᠂ 《ᠪᠦᠬᠦ ᠲᠠᠯ᠎ᠠ ᠵᠢᠨ᠂ ᠪᠦᠬᠦᠯᠢ ᠦᠶᠡᠯᠡᠯ᠎ᠤᠨ᠂ ᠵᠠᠶ ᠥᠬᠡᠶ》 ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ ᠬᠠᠩᠭ᠋ᠠᠬᠤ᠎ᠪᠠᠷ ᠲᠤᠭᠳᠠᠵᠠᠢ᠃
ᠬᠣᠶᠠᠷ᠂ ᠠᠵᠢᠯᠯᠠᠭ᠋ᠠᠨ᠎ᠤ ᠭᠣᠣᠯ ᠰᠡᠳᠦᠪ᠎ᠤᠨ ᠲᠤᠬᠠᠢ
ᠲᠣᠰ ᠤᠳᠠᠭ᠋ᠠᠨ᠎ᠤ ᠠᠵᠢᠯᠯᠠᠭ᠎ᠠ ᠵᠢᠨ ᠭᠤᠤᠯ ᠰᠡᠳᠦᠪ ᠪᠣᠯ᠄ 《ᠠᠵᠢᠯ᠎ᠤᠨ ᠪᠠᠢ᠌ᠷᠢ ᠲᠠᠨ᠎ᠢ ᠬᠦᠯᠢᠶᠡᠵᠦ ᠪᠠᠢ᠌ᠨ᠎ᠠ᠂ ᠬᠠᠮᠳᠥᠳᠤᠪᠠᠨ ᠠᠵᠢᠯ ᠡᠷᠢᠵᠡᠭᠡᠶᠡ》
ᠭᠤᠷᠪᠠ᠂ ᠠᠵᠢᠯᠯᠠᠭ᠎ᠠ ᠵᠢᠨ ᠴᠠᠭ ᠪᠠ ᠭᠠᠵᠠᠷ᠎ᠤᠨ ᠲᠤᠬᠠᠢ
ᠲᠣᠰ ᠤᠳᠠᠭ᠋ᠠᠨ᠎ᠤ ᠠᠵᠢᠯᠲᠠᠨ ᠡᠯᠰᠡᠬᠦ ᠴᠤᠭᠯᠠᠭ᠋ᠠᠨ 2022 ᠣᠨ᠎ᠤ 5 ᠰᠠᠷ᠎ᠠ ᠵᠢᠨ 22᠎ᠤᠨ ᠡᠳᠦᠷ ᠡᠬᠢᠯᠡᠵᠦ᠂ 8 ᠰᠠᠷ᠎ᠠ ᠵᠢᠨ 31᠎ᠤ ᠡᠳᠦᠷ ᠳᠠᠭᠤᠰᠤᠨ᠎ᠠ᠃ ᠭᠤᠤᠯ ᠬᠤᠷᠠᠯ᠎ᠤᠨ ᠲᠠᠯᠠᠪᠠᠶ ᠵᠢᠨ ᠡᠬᠢᠯᠡᠯᠲᠡ ᠵᠢᠨ ᠶᠣᠰᠣᠯᠠᠯ 5 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨᠡᠬᠢ 9᠄ 30᠎ᠲᠤ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠣᠷᠳᠣᠨ᠎ᠳᠤ ᠶᠠᠪᠤᠭᠳᠠᠨ᠎ᠠ᠃ ᠡᠯ᠎ᠡ ᠠᠶ᠋ᠢᠮᠠᠭ ᠬᠣᠲᠠ ᠬᠤᠪᠢᠶᠠᠷᠢ ᠬᠤᠷᠠᠯ᠎ᠤᠨ ᠲᠠᠯᠠᠪᠠᠶ ᠭᠠᠷᠭ᠋ᠠᠵᠤ᠂ ᠭᠤᠤᠯ ᠬᠤᠷᠠᠯ᠎ᠤᠨ ᠲᠠᠯᠠᠪᠠᠶ ᠵᠢᠨ ᠡᠬᠢᠯᠡᠯᠲᠡ ᠵᠢᠨ ᠶᠣᠰᠣᠯᠠᠯ᠎ᠢ ᠨᠢᠭᠡᠳᠦᠯᠳᠡᠢ ᠬᠦᠯᠢᠶᠡᠨ ᠠᠪᠴᠦ ᠦᠵᠡᠨ᠎ᠡ᠂ ᠭᠤᠤᠯ ᠬᠤᠷᠠᠯ᠎ᠤᠨ ᠲᠠᠯᠠᠪᠠᠶ ᠵᠢᠨ ᠡᠬᠢᠯᠡᠯᠲᠡ ᠵᠢᠨ ᠶᠣᠰᠣᠯᠠᠯ᠎ᠤᠨ ᠳᠠᠷᠠᠭ᠎ᠠ ᠡᠯ᠎ᠡ ᠠᠶ᠋ᠢᠮᠠᠭ ᠬᠣᠲᠠ ᠲᠣᠰ ᠭᠠᠵᠠᠷ ᠣᠷᠣᠨ᠎ᠤ᠎ᠪᠠᠨ ᠡᠬᠢᠯᠡᠯᠲᠡ ᠵᠢᠨ ᠶᠣᠰᠣᠯᠠᠯ᠎ᠢ ᠡᠷᠬᠢᠯᠡᠨ᠎ᠡ᠃
ᠲᠦᠷᠪᠡ᠂ ᠠᠵᠢᠯᠯᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠲᠤᠬᠠᠢ
ᠲᠣᠰ ᠤᠳᠠᠭ᠎ᠠ ᠵᠢᠨ ᠶᠡᠬᠡ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠬᠢᠭᠡᠳ ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠳᠠᠭ᠋ᠠᠭ᠋ᠠᠴᠢᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠤᠷᠭ᠋ᠠᠨ ᠬᠥᠮᠦᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠴᠡᠷᠢᠭ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠵᠢᠯᠴᠢᠨ᠎ᠤ ᠶᠡᠷᠦᠩᠬᠡᠶ ᠡᠪᠯᠡᠯ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠦᠢ᠍ᠥᠡᠳᠪᠦᠷᠢ ᠬᠤᠳᠠᠯᠳᠤᠭ᠋ᠠᠨ᠎ᠤ ᠬᠤᠯᠪᠤᠭ᠎ᠠ᠂ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠡᠷᠭᠡ 14 ᠰᠠᠯᠠᠭ᠎ᠠ ᠮᠥᠴᠢᠷ ᠨᠢᠭᠡᠴᠢ᠎ᠠᠴᠠ ᠳᠡᠮᠵᠢᠨ᠎ᠡ᠃
ᠲᠠᠪᠤ᠂ ᠠᠵᠢᠯᠯᠠᠭ᠋ᠠᠨ᠎ᠤ ᠬᠡᠯᠪᠡᠷᠢ ᠵᠢᠨ ᠲᠤᠬᠠᠢ
ᠡᠯᠰᠡᠨ ᠤᠷᠢᠬᠤ ᠰᠢᠷᠢᠰ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠭᠤᠤᠯ ᠬᠤᠷᠠᠯ᠎ᠤᠨ ᠲᠠᠯᠠᠪᠠᠶ ᠪᠠ 12 ᠠᠶ᠋ᠢᠮᠠᠭ ᠬᠣᠲᠠ᠂ 2 ᠠᠰᠲᠤᠨᠢ ᠵᠢᠭᠰᠠᠭ᠋ᠠᠬᠤ ᠲᠦᠯᠦᠪᠯᠡᠭᠡᠳᠦ ᠬᠣᠲᠠ᠎ᠳᠤ ᠵᠡᠷᠭᠡ᠎ᠪᠡᠷ ᠡᠬᠢᠯᠡᠭᠦᠯᠵᠦ᠂ 《1 + 14》 ᠵᠠᠭᠪᠤᠷ ᠵᠶ᠋ᠠᠷ ᠥᠷᠨᠢᠭᠦᠯᠵᠦ᠂ ᠰᠦᠯᠵᠢᠶ᠎ᠡ᠎ᠪᠠᠷ ᠡᠯᠰᠡᠨ ᠤᠷᠢᠬᠤ᠂ ᠰᠢᠨ᠎ᠡ ᠵᠠᠭᠤᠴᠢᠯᠠᠭᠤᠷ ᠵᠶ᠋ᠠᠷ ᠲᠠᠨᠢᠯᠴᠠᠭᠤᠯᠬᠤ᠂ 《ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠳᠠᠭ᠋ᠠᠭᠤᠯᠬᠤ》 ᠵᠡᠷᠭᠡ ᠣᠯᠠᠨ ᠠᠷᠭ᠎ᠠ ᠮᠠᠶᠢᠭ ᠵᠶ᠋ᠠᠷ ᠳᠠᠮᠵᠢᠭᠤᠯᠤᠨ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡ ᠦᠷᠨᠢᠬᠦᠯᠦᠨ᠎ᠡ᠃ 5 ᠳ᠋ᠤᠭ᠋ᠠᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠭᠤᠤᠯ ᠬᠤᠷᠠᠯ᠎ᠤᠨ ᠲᠠᠯᠠᠪᠠᠶ ᠪᠠ ᠠᠶ᠋ᠢᠮᠠᠭ ᠬᠣᠲᠠ ᠵᠢᠨ ᠬᠤᠪᠢᠶᠠᠷᠢ ᠬᠤᠷᠠᠯ᠎ᠤᠨ ᠲᠠᠯᠠᠪᠠᠶ᠎ᠨᠢ ᠰᠦᠯᠵᠢᠶᠡᠨ ᠳᠡᠭᠡᠷᠡᠬᠢ ᠵᠠᠭᠪᠤᠷ ᠵᠶ᠋ᠠᠷ ᠠᠵᠢᠯᠲᠠᠨ ᠡᠯᠰᠡᠬᠦ ᠵᠡᠷᠭᠡ ᠠᠵᠢᠯᠯᠠᠭ᠎ᠠ ᠥᠷᠨᠢᠭᠦᠯᠵᠦ᠂ ᠪᠤᠰᠤᠳ ᠴᠠᠭ᠎ᠲᠤ ᠠᠵᠢᠯᠲᠠᠨ ᠡᠯᠰᠡᠬᠦ ᠠᠷᠭ᠎ᠠ ᠬᠡᠯᠪᠡᠷᠢ ᠵᠢ ᠡᠯ᠎ᠡ ᠠᠶ᠋ᠢᠮᠠᠭ ᠬᠣᠲᠠ᠎ᠨᠢ ᠲᠣᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ ᠪᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠎ᠲᠠᠢ ᠤᠶᠠᠯᠳᠤᠭᠤᠯᠤᠨ ᠥᠪᠡᠰᠦᠪᠡᠨ ᠲᠣᠬᠢᠷᠠᠭᠤᠯᠤᠨ᠎ᠠ᠃
ᠵᠢᠷᠭᠤᠭ᠎ᠠ᠂ ᠦᠢ᠍ᠯᠡᠴᠢᠯᠡᠬᠦ ᠡᠲᠡᠭᠡᠳ᠎ᠤᠨ ᠲᠤᠬᠠᠢ
ᠲᠣᠰ ᠤᠳᠠᠭ᠋ᠠᠨ᠎ᠤ ᠠᠵᠢᠯᠯᠠᠭ᠎ᠠ ᠵᠢᠨ ᠦᠢ᠍ᠯᠡᠴᠢᠯᠡᠬᠦ ᠡᠲᠡᠭᠡᠳ ᠪᠣᠯ᠄ 2022 ᠣᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠢᠴᠢ ᠥᠩᠭᠡᠷᠡᠭᠰᠡᠨ ᠬᠤᠭᠤᠴᠠᠭ᠋ᠠᠨ᠎ᠤ ᠠᠵᠢᠯ ᠣᠯᠤᠭ᠋ᠠᠳᠤᠶ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠬᠣᠲᠠ ᠪᠠᠯᠭ᠋ᠠᠰᠤ ᠵᠢᠨ ᠠᠵᠢᠯ ᠠᠯᠳᠠᠭᠰᠠᠳ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠂ ᠵᠡᠮᠳᠡᠭᠴᠦᠳ ᠵᠡᠷᠭᠡ ᠭᠤᠤᠯᠳᠠᠯᠭ᠎ᠠ᠎ᠲᠠᠢ ᠬᠥᠮᠦᠰ ᠵᠢᠴᠢ ᠪᠤᠰᠤᠳ ᠠᠵᠢᠯ ᠡᠷᠢᠬᠦ ᠬᠡᠷᠡᠭᠴᠡᠭᠡ ᠱᠠᠭ᠋ᠠᠷᠳᠠᠯᠭ᠎ᠠ᠎ᠲᠠᠢ ᠡᠯ᠎ᠡ ᠲᠥᠷᠥᠯ᠎ᠤᠨ ᠬᠥᠮᠦᠰ ᠪᠣᠯᠤᠨ ᠤᠷᠢᠬᠤ ᠬᠡᠷᠡᠭᠴᠡᠭᠡ ᠱᠠᠭ᠋ᠠᠷᠳᠠᠯᠭ᠎ᠠ᠎ᠲᠠᠢ ᠡᠯ᠎ᠡ ᠲᠥᠷᠥᠯ᠎ᠤᠨ ᠬᠥᠮᠦᠨ ᠬᠡᠷᠡᠭᠯᠡᠬᠦ ᠨᠢᠭᠡᠴᠢ ᠪᠣᠯᠤᠨ᠎ᠠ᠃
ᠲᠤᠯᠤᠭ᠎ᠠ᠂ ᠠᠵᠢᠯᠯᠠᠭ᠎ᠠ ᠵᠢᠨ ᠠᠭᠤᠯᠭ᠎ᠠ ᠵᠢᠨ ᠲᠤᠬᠠᠢ
ᠨᠢᠭᠡ᠎ᠳᠤ᠂ 2022 ᠣᠨ᠎ᠤ ᠪᠥᠬᠥ ᠣᠷᠣᠨ᠎ᠤ ᠠᠵᠢᠯ ᠣᠯᠭᠣᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠳᠠᠨ ᠡᠯᠰᠡᠬᠦ ᠴᠤᠭᠯᠠᠭ᠋ᠠᠨ᠎ᠢ ᠡᠷᠭᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠭᠤᠤᠯ ᠬᠤᠷᠠᠯ᠎ᠤᠨ ᠲᠠᠯᠠᠪᠠᠶ᠎ᠳᠤ ᠵᠠᠭᠤᠨ ᠡᠳᠦᠷ᠎ᠤᠨ ᠮᠢᠩᠭ᠎ᠠ ᠲᠦᠮᠡᠨ ᠰᠦᠯᠵᠢᠶ᠎ᠡ᠎ᠪᠠᠷ ᠠᠵᠢᠯᠲᠠᠨ ᠡᠯᠰᠡᠬᠦ᠂ ᠲᠥᠷᠥ ᠵᠢᠨ ᠪᠣᠳᠣᠯᠭ᠎ᠠ ᠵᠢᠨ ᠡᠭᠦᠯᠡᠨ ᠤᠬᠠᠭᠤᠯᠭ᠎ᠠ᠂ ᠠᠵᠢᠯ ᠣᠯᠭᠣᠯᠲᠠ ᠵᠢᠨ ᠡᠭᠦᠯᠡᠨ ᠵᠢᠯᠣᠭᠣᠳᠣᠯᠭ᠎ᠠ᠂ ᠦᠢ᠍ᠯᠡᠰ ᠪᠦᠳᠦᠭᠡᠬᠦ ᠡᠭᠦᠯᠡᠨ ᠦᠢ᠍ᠯᠡᠴᠢᠯᠡᠭᠡ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠡᠭᠦᠯᠡᠨ ᠦᠢ᠍ᠯᠡᠴᠢᠯᠡᠭᠡ᠂ ᠵᠠᠭᠤᠴᠢᠯᠠᠭᠤᠷ᠎ᠤᠨ ᠲᠥᠪ ᠵᠡᠷᠭᠡ 6 ᠲᠤᠰᠬᠠᠶ ᠲᠣᠭᠣᠷᠢᠭ ᠲᠣᠬᠢᠷᠠᠭᠤᠯᠪᠠ᠃ ᠡᠭᠦᠨ᠎ᠳᠤ᠄
(ᠨᠢᠭᠡ) 《ᠵᠠᠭᠤᠨ ᠡᠳᠦᠷ᠎ᠤᠨ ᠮᠢᠩᠭ᠎ᠠ ᠲᠦᠮᠡᠨ ᠠᠵᠢᠯ᠎ᠤᠨ ᠪᠠᠢ᠌ᠷᠢ ᠬᠠᠩᠭ᠋ᠠᠬᠤ ᠰᠦᠯᠵᠢᠶ᠎ᠡ᠎ᠪᠠᠷ ᠠᠵᠢᠯᠲᠠᠨ ᠡᠯᠰᠡᠬᠦ》᠄ ᠥᠪᠡᠷᠲᠡᠭᠡᠨ ᠵᠠᠰᠠᠬᠤ ᠣᠷᠣᠨ᠎ᠤ 《ᠳᠥᠷᠪᠡ ᠵᠢ ᠨᠢᠭᠡ ᠴᠣᠭᠴᠠᠵᠢᠭᠤᠯᠬᠤ》 ᠠᠵᠢᠯ ᠣᠯᠭᠣᠬᠤ ᠦᠢ᠍ᠯᠡᠴᠢᠯᠡᠭᠡᠨ᠎ᠤ ᠡᠭᠦᠯᠡᠨ ᠲᠠᠪᠴᠠᠩ᠂ ᠠᠶ᠋ᠢᠮᠠᠭ ᠬᠣᠲᠠ ᠵᠢᠨ ᠬᠠᠷᠢᠯᠴᠠᠨ ᠬᠥᠳᠡᠯᠦᠯᠴᠡᠬᠦ᠂ ᠰᠢᠭᠤᠳ ᠨᠡᠪᠲᠡᠷᠡᠭᠦᠯᠬᠦ ᠠᠵᠢᠯ᠎ᠤᠨ ᠪᠠᠶ᠋ᠢᠷᠢ ᠳᠠᠭ᠋ᠠᠭᠤᠯᠬᠤ᠂ ᠠᠵᠤ ᠠᠬᠤᠶ᠋ᠢᠯᠠᠯ᠎ᠳᠤ ᠣᠷᠣᠵᠤ ᠠᠵᠢᠯ᠎ᠤᠨ ᠪᠠᠶ᠋ᠢᠷᠢ ᠬᠠᠶ᠋ᠢᠬᠤ 4 ᠵᠦᠢ᠍ᠯ᠎ᠤᠨ ᠠᠵᠢᠯᠯᠠᠭ᠎ᠠ ᠵᠢᠨ ᠠᠭᠤᠯᠭ᠎ᠠ ᠵᠢ ᠪᠠᠭᠲᠠᠭ᠋ᠠᠵᠤ᠂ ᠣᠳᠣᠬᠠᠨ᠎ᠳᠤ ᠪᠥᠬᠥ ᠣᠷᠣᠨ᠎ᠳᠤ ᠨᠢᠭᠡᠨᠲᠡ 964 ᠠᠵᠤ ᠠᠬᠤᠶ᠋ᠢᠯᠠᠯ᠎ᠢ ᠡᠯᠰᠡᠨ ᠴᠤᠭᠯᠠᠭᠤᠯᠵᠤ᠂ 1 . 9 ᠲᠦᠮᠡᠨ ᠠᠵᠢᠯ᠎ᠤᠨ ᠪᠠᠶ᠋ᠢᠷᠢ ᠬᠠᠩᠭ᠋ᠠᠪᠠ᠃
(ᠬᠣᠶᠠᠷ) ᠲᠥᠷᠥ ᠵᠢᠨ ᠪᠣᠳᠣᠯᠭ᠎ᠠ ᠵᠢᠨ ᠡᠭᠦᠯᠡᠨ ᠤᠬᠠᠭᠤᠯᠭ᠎ᠠ᠄ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠬᠡᠯᠪᠡᠷᠢ ᠵᠢ ᠠᠪᠴᠤ᠂ ᠦᠢ᠍ᠯᠡᠰ ᠪᠦᠳᠦᠭᠡᠬᠦ ᠲᠥᠷᠥ ᠵᠢᠨ ᠪᠣᠳᠣᠯᠭ᠎ᠠ᠂ ᠠᠵᠢᠯ ᠣᠯᠭᠣᠬᠤ ᠲᠥᠷᠥ ᠵᠢᠨ ᠪᠣᠳᠣᠯᠭ᠎ᠠ᠂ ᠮᠡᠷᠭᠡᠵᠢᠯ ᠴᠢᠳᠠᠪᠤᠷᠢ ᠵᠢᠨ ᠲᠥᠷᠥ ᠵᠢᠨ ᠪᠣᠳᠣᠯᠭ᠎ᠠ ᠵᠡᠷᠭᠡ 3 ᠲᠥᠷᠥ ᠵᠢᠨ ᠪᠣᠳᠣᠯᠭ᠎ᠠ ᠵᠢᠨ ᠡᠭᠦᠯᠡᠨ ᠤᠬᠠᠭᠤᠯᠤᠨ ᠰᠢᠭᠤᠳ ᠨᠡᠪᠲᠡᠷᠡᠭᠦᠯᠬᠦ ᠲᠠᠰᠤᠭ ᠭᠠᠷᠭ᠋ᠠᠵᠤ᠂ ᠮᠠᠨ᠎ᠤ ᠣᠷᠣᠨ᠎ᠤ ᠠᠵᠢᠯ ᠣᠯᠭᠣᠵᠤ ᠦᠢ᠍ᠯᠡᠰ ᠪᠦᠳᠦᠭᠡᠬᠦ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠨ᠎ᠠ᠃
(ᠭᠤᠷᠪᠠ) ᠠᠵᠢᠯ ᠣᠯᠭᠣᠯᠲᠠ ᠵᠢᠨ ᠡᠭᠦᠯᠡᠨ ᠵᠢᠯᠣᠭᠣᠳᠣᠯᠭ᠎ᠠ᠄ ᠠᠵᠢᠯ ᠮᠡᠷᠭᠡᠵᠢᠯ᠎ᠤᠨ ᠠᠮᠢᠳᠤᠷᠠᠯ᠎ᠤᠨ ᠲᠥᠯᠥᠪᠵᠢᠭᠦᠯᠭᠡ ᠵᠢᠨ ᠡᠭᠦᠯᠡᠨ ᠬᠢᠴᠢᠶᠡᠯ᠎ᠤᠨ ᠲᠠᠩᠬᠢᠮ᠂ ᠠᠵᠢᠯ ᠮᠡᠷᠭᠡᠵᠢᠯ᠎ᠤᠨ ᠰᠡᠳᠬᠢᠴᠡ ᠵᠢᠨ ᠬᠠᠪᠰᠤᠷᠤᠨ ᠵᠢᠯᠣᠭᠣᠳᠣᠯᠭ᠎ᠠ ᠵᠢᠨ ᠡᠭᠦᠯᠡᠨ ᠬᠢᠴᠢᠶᠡᠯ᠎ᠤᠨ ᠲᠠᠩᠬᠢᠮ᠂ ᠠᠵᠢᠯ ᠮᠡᠷᠭᠡᠵᠢᠯ᠎ᠤᠨ ᠴᠢᠳᠠᠪᠤᠷᠢᠲᠠᠨ᠎ᠢ ᠰᠢᠯᠭ᠋ᠠᠨ ᠦᠨᠡᠯᠡᠬᠦ 3 ᠵᠦᠢ᠍ᠯ᠎ᠤᠨ ᠠᠵᠢᠯᠯᠠᠭ᠎ᠠ ᠵᠢᠨ ᠠᠭᠤᠯᠭ᠎ᠠ ᠵᠢ ᠪᠠᠭᠲᠠᠭ᠋ᠠᠨ᠎ᠠ᠃
(ᠳᠥᠷᠪᠡ) ᠦᠢ᠍ᠯᠡᠰ ᠪᠦᠳᠦᠭᠡᠬᠦ ᠡᠭᠦᠯᠡᠨ ᠦᠢ᠍ᠯᠡᠴᠢᠯᠡᠭᠡ᠄ ᠦᠢ᠍ᠯᠡᠰ ᠪᠦᠳᠦᠭᠡᠬᠦ ᠡᠭᠦᠯᠡᠨ ᠬᠢᠴᠢᠶᠡᠯ᠎ᠤᠨ ᠲᠠᠩᠬᠢᠮ᠂ ᠦᠢ᠍ᠯᠡᠰ ᠪᠦᠳᠦᠭᠡᠬᠦ ᠬᠤᠷᠰᠢᠭᠴᠢ ᠡᠯᠰᠡᠬᠦ᠂ ᠦᠢ᠍ᠯᠡᠰ ᠪᠦᠳᠦᠭᠡᠬᠦ ᠦᠢ᠍ᠯᠡᠴᠢᠯᠡᠭᠡᠨ᠎ᠤ ᠡᠭᠦᠯᠡᠨ ᠵᠢᠯᠤᠭᠤᠳᠤᠯᠭ᠎ᠠ ᠵᠡᠷᠭᠡ 3 ᠵᠦᠢ᠍ᠯ᠎ᠤᠨ ᠠᠵᠢᠯᠯᠠᠭ᠎ᠠ ᠵᠢᠨ ᠠᠭᠤᠯᠭ᠎ᠠ ᠵᠢ ᠪᠠᠭᠲᠠᠭ᠋ᠠᠨ᠎ᠠ᠃
(ᠲᠠᠪᠤ) ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠡᠭᠦᠯᠡᠨ ᠦᠢ᠍ᠯᠡᠴᠢᠯᠡᠭᠡ᠄ ᠰᠢᠨ᠎ᠡ᠎ᠪᠠᠷ ᠪᠣᠶ ᠪᠣᠯᠤᠭᠰᠠᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠢᠭᠤᠳ ᠨᠡᠪᠲᠡᠷᠡᠭᠦᠯᠭᠡ ᠵᠢᠨ ᠬᠢᠴᠢᠶᠡᠯ᠂ ᠰᠢᠨ᠎ᠡ᠎ᠪᠠᠷ ᠪᠣᠶ ᠪᠣᠯᠤᠭᠰᠠᠨ ᠠᠵᠢᠯ ᠮᠡᠷᠭᠡᠵᠢᠯ᠎ᠤᠨ ᠳᠠᠳᠤᠯᠭ᠎ᠠ ᠪᠣᠯᠪᠠᠰᠤᠷᠠᠯ᠎ᠤᠨ ᠳᠡᠯᠭᠡᠨ ᠦᠵᠡᠭᠦᠯᠦᠯᠭᠡ ᠵᠡᠷᠭᠡ 2 ᠵᠦᠢ᠍ᠯ᠎ᠤᠨ ᠠᠵᠢᠯᠯᠠᠭ᠎ᠠ ᠵᠢᠨ ᠠᠭᠤᠯᠭ᠎ᠠ ᠵᠢ ᠪᠠᠭᠲᠠᠭ᠋ᠠᠨ᠎ᠠ᠃
(ᠵᠢᠷᠭᠤᠭ᠎ᠠ) ᠵᠠᠭᠤᠴᠢᠯᠠᠭᠤᠷ᠎ᠤᠨ ᠲᠥᠪ᠎ᠤᠨ ᠲᠤᠰᠬᠠᠶ ᠲᠣᠭᠣᠷᠢᠭ᠄ ᠭᠤᠤᠯ ᠪᠣᠯᠬᠤ ᠵᠠᠭᠤᠴᠢᠯᠠᠭᠤᠷ᠎ᠢ ᠰᠢᠨ᠎ᠡ ᠵᠠᠭᠤᠴᠢᠯᠠᠭᠤᠷ᠎ᠲᠠᠢ ᠠᠭᠤᠰᠤᠯᠴᠠᠭᠤᠯᠵᠤ᠂ ᠠᠵᠢᠯᠲᠠᠨ ᠡᠯᠰᠡᠬᠦ ᠬᠤᠷᠠᠯ᠎ᠤᠨ ᠤᠬᠠᠭᠤᠯᠭ᠎ᠠ ᠵᠢᠨ ᠠᠭᠤᠯᠭ᠎ᠠ ᠵᠢ ᠦᠢ᠍ᠯᠡᠳᠬᠦ᠂ ᠦᠢ᠍ᠯᠡᠰ ᠪᠦᠳᠦᠭᠡᠬᠦ ᠰᠢᠨ᠎ᠡ ᠵᠢ ᠡᠭᠦᠳᠬᠦ ᠬᠣᠰᠢᠭᠤᠴᠢ ᠲᠤᠬᠠᠶ ᠵᠢᠨ ᠲᠠᠯᠠᠪᠤᠷ᠎ᠲᠤ ᠰᠤᠷᠪᠤᠯᠵᠢᠯᠠᠭ᠎ᠠ ᠬᠢᠬᠦ᠂ ᠰᠢᠯᠢᠳᠡᠭ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ᠎ᠤᠨ ᠲᠠᠯᠠᠪᠤᠷ᠎ᠲᠤ ᠲᠤᠰᠬᠠᠶ ᠰᠤᠷᠪᠤᠯᠵᠢᠯᠠᠭ᠎ᠠ ᠬᠢᠬᠦ 3 ᠵᠦᠢ᠍ᠯ᠎ᠤᠨ ᠠᠵᠢᠯᠯᠠᠭ᠎ᠠ ᠵᠢᠨ ᠠᠭᠤᠯᠭ᠎ᠠ ᠵᠢ ᠳᠡᠯᠭᠡᠨ ᠦᠵᠡᠭᠦᠯᠦᠨ᠎ᠡ᠃
ᠬᠣᠶᠠᠷ᠎ᠲᠤ᠂ ᠳᠥᠷᠪᠡᠨ ᠵᠦᠢ᠍ᠯ᠎ᠤᠨ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠰᠢᠷᠢᠰ ᠠᠵᠢᠯᠯᠠᠭ᠎ᠠ ᠵᠢ ᠵᠡᠷᠭᠡ᠎ᠪᠡᠷ ᠦᠷᠨᠢᠬᠦᠯᠦᠨ᠎ᠡ᠃ ᠡᠯ᠎ᠡ ᠠᠶ᠋ᠢᠮᠠᠭ ᠬᠣᠲᠠ ᠭᠤᠤᠯ ᠬᠤᠷᠠᠯ᠎ᠤᠨ ᠲᠠᠯᠠᠪᠠᠶ᠎ᠪᠠᠷ ᠯᠠᠪᠯᠠᠯᠲᠠ ᠪᠣᠯᠭ᠋ᠠᠵᠤ ᠰᠢᠷᠢᠰ ᠠᠵᠢᠯᠯᠠᠭ᠎ᠠ ᠡᠷᠭᠢᠯᠡᠬᠦ ᠵᠢᠨ ᠬᠠᠮᠲᠤ 8 ᠰᠠᠷ᠎ᠠ ᠵᠢᠨ 31᠎ᠤ ᠡᠳᠦᠷ᠎ᠠᠴᠠ ᠡᠮᠦᠨ᠎ᠡ ᠳᠥᠷᠪᠡᠨ ᠵᠦᠢ᠍ᠯ᠎ᠤᠨ ᠰᠢᠷᠢᠰ ᠠᠵᠢᠯᠯᠠᠭ᠎ᠠ ᠵᠢ ᠵᠡᠷᠭᠡ᠎ᠪᠡᠷ ᠥᠷᠨᠢᠭᠦᠯᠦᠨ᠎ᠡ᠃
(ᠨᠢᠭᠡ) 《ᠵᠠᠭᠤᠨ ᠡᠳᠦᠷ᠎ᠤᠨ ᠮᠢᠩᠭ᠎ᠠ ᠲᠦᠮᠡᠨ ᠠᠵᠢᠯ᠎ᠤᠨ ᠪᠠᠢ᠌ᠷᠢ ᠬᠠᠩᠭ᠋ᠠᠬᠤ ᠰᠦᠯᠵᠢᠶ᠎ᠡ᠎ᠪᠠᠷ ᠠᠵᠢᠯᠲᠠᠨ ᠡᠯᠰᠡᠬᠦ ᠲᠤᠰᠬᠠᠶ ᠠᠵᠢᠯᠯᠠᠭ᠎ᠠ》᠃ 2022 ᠣᠨ᠎ᠤ 5 ᠳ᠋ᠤᠭ᠋ᠠᠷ ᠰᠠᠷ᠎ᠠ ᠵᠢᠨ 22᠎ᠤᠨ ᠡᠳᠦᠷ᠎ᠠᠴᠠ 8 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠣᠲᠠ ᠪᠠᠯᠭ᠋ᠠᠰᠤ ᠵᠢᠨ ᠠᠵᠢᠯ ᠠᠯᠳᠠᠭᠰᠠᠳ᠂ ᠶᠠᠳᠠᠭᠤ᠎ᠠᠴᠠ ᠠᠩᠬᠢᠵᠢᠷᠠᠭᠰᠠᠨ ᠬᠥᠳᠡᠯᠮᠦᠷᠢ ᠬᠦᠴᠦᠨ ᠵᠶ᠋ᠡᠷ ᠦᠢ᠍ᠯᠡᠴᠢᠯᠡᠬᠦ ᠡᠲᠡᠭᠡᠳ ᠪᠣᠯᠭ᠋ᠠᠨ᠎ᠠ᠃ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠦᠢ᠍ᠯᠡᠴᠢᠯᠡᠭᠡᠨ᠎ᠤ ᠲᠠᠪᠴᠠᠩ᠎ᠢ ᠨᠢᠭᠡᠳᠦᠯᠲᠡᠶ ᠲᠣᠬᠢᠷᠠᠭᠤᠯᠵᠤ᠂ ᠳᠤᠮᠳᠠᠳᠤ ᠤᠯᠤᠰ᠎ᠤᠨ ᠣᠯᠠᠨ ᠨᠡᠶ᠋ᠢᠲᠡ ᠵᠢᠨ ᠠᠵᠢᠯᠲᠠᠨ ᠡᠯᠰᠡᠬᠦ ᠰᠦᠯᠵᠢᠶ᠎ᠡ᠂ ᠳᠤᠮᠳᠠᠳᠤ ᠤᠯᠤᠰ᠎ᠤᠨ ᠤᠯᠤᠰ᠎ᠤᠨ ᠴᠢᠳᠠᠪᠤᠷᠢᠲᠠᠨ᠎ᠤ ᠰᠦᠯᠵᠢᠶ᠎ᠡ᠎ᠳᠤ ᠰᠦᠯᠵᠢᠶᠡᠨ ᠳᠡᠭᠡᠷᠡᠬᠢ ᠭᠤᠤᠯ ᠬᠤᠷᠠᠯ᠎ᠤᠨ ᠲᠠᠯᠠᠪᠠᠶ ᠭᠠᠷᠭ᠋ᠠᠨ᠎ᠠ᠃ ᠭᠤᠤᠯ ᠬᠤᠷᠠᠯ᠎ᠤᠨ ᠲᠠᠯᠠᠪᠠᠶ᠎ᠳᠤ ᠠᠵᠢᠯᠯᠠᠭ᠋ᠠᠨ᠎ᠤ ᠨᠢᠭᠡᠳᠦᠯᠲᠡᠶ ᠢᠯᠡᠳᠬᠡᠮᠵᠢ ᠲᠡᠮᠳᠡᠭ ᠨᠡᠶ᠋ᠢᠲᠡᠯᠡᠵᠦ᠂ ᠠᠵᠢᠯ ᠣᠯᠭᠣᠯᠲᠠ ᠵᠢ ᠬᠥᠲᠥᠯᠥᠨ ᠵᠢᠯᠣᠭᠣᠳᠬᠤ ᠭᠠᠵᠠᠷ᠎ᠤᠨ ᠵᠢᠷᠤᠭ ᠭᠠᠷᠭ᠋ᠠᠵᠤ᠂ ᠡᠯ᠎ᠡ ᠮᠤᠵᠢ ᠵᠢᠨ ᠬᠤᠪᠢᠶᠠᠷᠢ ᠬᠤᠷᠠᠯ᠎ᠤᠨ ᠲᠠᠯᠠᠪᠠᠶ ᠵᠢ ᠬᠣᠯᠪᠣᠪᠠ᠃ ᠥᠪᠡᠷᠲᠡᠭᠡᠨ ᠵᠠᠰᠠᠬᠤ ᠣᠷᠣᠨ᠎ᠠᠴᠠ ᠥᠪᠥᠷ ᠮᠣᠩᠭᠣᠯ᠎ᠤᠨ ᠴᠢᠳᠠᠪᠤᠷᠢᠲᠠᠨ᠎ᠤ ᠰᠦᠯᠵᠢᠶ᠎ᠡ᠎ᠳᠤ ᠰᠦᠯᠵᠢᠶᠡᠨ ᠳᠡᠭᠡᠷᠡᠬᠢ ᠬᠤᠪᠢᠶᠠᠷᠢ ᠬᠤᠷᠠᠯ᠎ᠤᠨ ᠲᠠᠯᠠᠪᠠᠶ ᠲᠣᠬᠢᠷᠠᠭᠤᠯᠵᠤ᠂ ᠠᠵᠢᠯ ᠲᠥᠷᠥᠯ᠎ᠤᠨ ᠴᠢᠨᠠᠷᠲᠠᠶ᠂ ᠣᠷᠣᠨ ᠪᠦᠰᠡ ᠵᠢᠨ
ᠴᠢᠨᠠᠷᠲᠠᠶ᠂ ᠬᠠᠮᠲᠤᠯᠢᠭ᠎ᠤᠨ ᠴᠢᠨᠠᠷᠲᠠᠶ ᠲᠤᠰᠬᠠᠶ ᠲᠠᠯᠠᠪᠤᠷ᠎ᠤᠨ ᠠᠵᠢᠯᠲᠠᠨ ᠡᠯᠰᠡᠬᠦ ᠠᠵᠢᠯᠯᠠᠭ᠎ᠠ ᠵᠢ ᠵᠠᠯᠭ᠋ᠠᠭ᠎ᠠ᠎ᠪᠠᠷ ᠥᠷᠨᠢᠭᠦᠯᠵᠦ᠂ ᠭᠤᠤᠯ ᠰᠡᠳᠦᠪ ᠬᠤᠪᠢᠶᠠᠭᠰᠠᠨ᠂ ᠠᠵᠢᠯ ᠲᠥᠷᠥᠯ ᠬᠤᠪᠢᠶᠠᠭᠰᠠᠨ᠂ ᠠᠵᠢᠯ᠎ᠤᠨ ᠪᠠᠶ᠋ᠢᠷᠢ ᠬᠤᠪᠢᠶᠠᠭᠰᠠᠨ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠳᠠᠭ᠋ᠠᠭᠤᠯᠤᠭᠰᠠᠨ ᠠᠵᠢᠯᠯᠠᠭ᠎ᠠ ᠵᠢ ᠡᠷᠭᠢᠯᠡᠬᠦ ᠵᠢᠨ ᠬᠠᠮᠲᠤ ᠠᠵᠢᠯ ᠮᠡᠷᠭᠡᠵᠢᠯ᠎ᠤᠨ ᠵᠢᠯᠣᠭᠣᠳᠣᠯᠭ᠎ᠠ ᠵᠢᠨ 《ᠡᠭᠦᠯᠡᠨ ᠬᠢᠴᠢᠶᠡᠯ᠎ᠤᠨ ᠲᠠᠩᠬᠢᠮ》᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ 《ᠡᠭᠦᠯᠡᠨ ᠪᠣᠯᠪᠠᠰᠤᠷᠠᠯ》᠂ ᠠᠵᠢᠯ ᠣᠯᠭᠣᠵᠤ ᠦᠢ᠍ᠯᠡᠰ ᠪᠦᠳᠦᠭᠡᠬᠦ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠡᠷᠭᠡ ᠲᠤᠰᠬᠠᠶ ᠪᠤᠯᠤᠩ᠎ᠤᠨ ᠠᠭᠤᠯᠭ᠎ᠠ ᠵᠢ ᠨᠡᠭᠡᠭᠡᠨ᠎ᠡ᠃ ᠡᠯ᠎ᠡ ᠠᠶ᠋ᠢᠮᠠᠭ ᠬᠣᠲᠠ᠎ᠨᠢ ᠲᠤᠬᠠᠶ ᠵᠢᠨ ᠭᠠᠵᠠᠷ᠎ᠤᠨ ᠣᠯᠠᠨ ᠨᠡᠶ᠋ᠢᠲᠡ ᠵᠢᠨ ᠠᠵᠢᠯᠲᠠᠨ ᠡᠯᠰᠡᠬᠦ ᠰᠦᠯᠵᠢᠶ᠎ᠡ᠎ᠳᠤ ᠲᠤᠰᠬᠠᠶ ᠪᠤᠯᠤᠩ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠲᠤᠰᠬᠠᠶ ᠲᠠᠯᠠᠪᠤᠷ ᠠᠵᠢᠯᠲᠠᠨ ᠡᠯᠰᠡᠬᠦ ᠠᠵᠢᠯᠯᠠᠭ᠎ᠠ᠎ᠪᠠᠷ ᠯᠠᠪᠯᠠᠯᠲᠠ ᠪᠣᠯᠭ᠋ᠠᠵᠤ᠂ ᠲᠣᠰ ᠭᠠᠵᠠᠷ᠎ᠤᠨ ᠠᠵᠢᠯᠲᠠᠨ ᠡᠯᠰᠡᠬᠦ ᠠᠵᠢᠯᠯᠠᠭ᠎ᠠ ᠵᠢ ᠡᠮᠬᠢ ᠵᠢᠷᠤᠮ᠎ᠲᠠᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃
(ᠬᠣᠶᠠᠷ) 《ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》 ᠠᠵᠢᠯᠯᠠᠭ᠎ᠠ᠃ 2022 ᠣᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠶ᠋ᠡᠷ ᠦᠢ᠍ᠯᠡᠴᠢᠯᠡᠬᠦ ᠡᠲᠡᠭᠡᠳ ᠪᠣᠯᠭ᠋ᠠᠨ᠎ᠠ᠃ ᠡᠯ᠎ᠡ ᠠᠶ᠋ᠢᠮᠠᠭ ᠬᠣᠲᠠ᠎ᠨᠤᠭᠤᠳ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ᠂ ᠤᠷᠢᠨ ᠬᠡᠷᠡᠭᠯᠡᠬᠦ ᠦᠢ᠍ᠯᠡᠴᠢᠯᠡᠭᠡ᠂ ᠠᠵᠢᠯ ᠣᠯᠭᠣᠯᠲᠠ ᠵᠢ ᠵᠢᠯᠣᠭᠣᠳᠬᠤ᠂ ᠦᠢ᠍ᠯᠡᠰ ᠪᠦᠳᠦᠭᠡᠬᠦ ᠦᠢ᠍ᠯᠡᠴᠢᠯᠡᠭᠡ᠂ ᠠᠵᠢᠯ ᠮᠡᠷᠭᠡᠵᠢᠯ᠎ᠤᠨ ᠪᠣᠯᠪᠠᠰᠤᠷᠠᠯ᠂ ᠬᠦᠴᠢᠷᠳᠡᠯ᠎ᠢ ᠬᠠᠪᠰᠤᠷᠤᠨ ᠲᠡᠳᠬᠦᠬᠦ 《ᠵᠢᠷᠭᠤᠭ᠎ᠠ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》 ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃ ᠶᠡᠬᠡ ᠳᠡᠭᠡᠳᠦ ᠰᠤᠷᠭ᠋ᠠᠭᠤᠯᠢ᠎ᠯᠤᠭ᠎ᠠ ᠬᠣᠯᠪᠣᠭ᠋ᠠᠯᠠᠨ ᠬᠥᠳᠡᠯᠦᠯᠴᠡᠵᠦ᠂ ᠭᠤᠤᠯᠳᠠᠯᠭ᠎ᠠ᠎ᠲᠠᠢ ᠠᠵᠤ ᠠᠬᠤᠶ᠋ᠢᠯᠠᠯ᠂ ᠴᠢᠬᠤᠯᠠ ᠶᠡᠬᠡ ᠲᠥᠷᠥᠯ ᠵᠦᠢ᠍ᠯ᠂ ᠵᠢᠵᠢᠭ ᠪᠢᠴᠢᠯ ᠠᠵᠤ ᠠᠬᠤᠶ᠋ᠢᠯᠠᠯ᠂ ᠣᠯᠠᠨ ᠨᠡᠶ᠋ᠢᠲᠡ ᠵᠢᠨ ᠰᠠᠯᠠᠭ᠎ᠠ ᠮᠥᠴᠢᠷ᠎ᠤᠨ ᠠᠵᠢᠯ᠎ᠤᠨ ᠪᠠᠶ᠋ᠢᠷᠢ ᠵᠢᠴᠢ ᠳᠠᠳᠤᠯᠭ᠎ᠠ ᠵᠢᠨ ᠠᠵᠢᠯ᠎ᠤᠨ ᠪᠠᠶ᠋ᠢᠷᠢ ᠵᠢ ᠢᠳᠡᠪᠬᠢᠲᠡᠶ᠎ᠪᠠᠷ ᠠᠭᠤᠳᠠᠯᠤᠨ᠎ᠠ᠃ ᠲᠤᠰᠬᠠᠶ ᠮᠡᠷᠭᠡᠵᠢᠯ᠎ᠤᠨ ᠬᠦᠴᠦᠨ᠎ᠢ ᠵᠣᠬᠢᠶᠠᠨ ᠪᠠᠶ᠋ᠢᠭᠤᠯᠵᠤ᠂ ᠰᠢᠯᠢᠳᠡᠭ ᠬᠢᠴᠢᠶᠡᠯ ᠪᠠ ᠪᠠᠭᠰᠢ ᠵᠢ ᠰᠢᠯᠢᠨ ᠰᠣᠩᠭᠣᠵᠤ ᠪᠠᠶ᠋ᠢᠭ᠋ᠠᠳ ᠤᠶᠤᠲᠠᠳ᠎ᠲᠤ ᠠᠵᠢᠯ ᠣᠯᠭᠣᠬᠤ᠂ ᠦᠢ᠍ᠯᠡᠰ ᠪᠦᠳᠦᠭᠡᠬᠦ᠂ ᠠᠵᠢᠯ ᠮᠡᠷᠭᠡᠵᠢᠯ᠎ᠤᠨ ᠪᠤᠯᠪᠠᠰᠤᠷᠠᠯ᠎ᠳᠤ ᠲᠥᠬᠥᠮ ᠦᠵᠡᠭᠦᠯᠬᠦ᠂ ᠲᠤᠶ᠋ᠢᠯ᠎ᠤᠨ ᠣᠨᠣᠪᠴᠢᠲᠠᠶ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠰᠠᠨ ᠦᠢ᠍ᠯᠡᠴᠢᠯᠡᠭᠡ ᠬᠠᠩᠭ᠋ᠠᠨ᠎ᠠ᠃
(ᠭᠤᠷᠪᠠ) ᠶᠡᠬᠡ ᠳᠤᠮᠳᠠ ᠬᠣᠲᠠ ᠬᠠᠮᠲᠤᠷᠠᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠤᠷᠢᠬᠤ ᠲᠤᠰᠬᠠᠶ ᠠᠵᠢᠯᠯᠠᠭ᠎ᠠ᠃ 2022 ᠣᠨ᠎ᠤ ᠳᠡᠭᠡᠳᠦ ᠰᠤᠷᠭ᠋ᠠᠭᠤᠯᠢ ᠲᠡᠭᠦᠰᠦᠭᠰᠡᠳ ᠵᠢᠴᠢ ᠥᠩᠭᠡᠷᠡᠭᠰᠡᠨ ᠬᠤᠭᠤᠴᠠᠭ᠋ᠠᠨ᠎ᠤ ᠠᠵᠢᠯ ᠣᠯᠤᠭ᠋ᠠᠳᠤᠶ ᠲᠡᠭᠦᠰᠦᠭᠰᠡᠳ ᠵᠶ᠋ᠡᠷ ᠦᠢ᠍ᠯᠡᠴᠢᠯᠡᠬᠦ ᠡᠲᠡᠭᠡᠳ ᠪᠣᠯᠭ᠋ᠠᠨ᠎ᠠ᠃ ᠥᠪᠡᠷᠲᠡᠭᠡᠨ ᠵᠠᠰᠠᠬᠤ ᠣᠷᠣᠨ ᠥᠪᠥᠷ ᠮᠣᠩᠭᠣᠯ᠎ᠤᠨ ᠴᠢᠳᠠᠪᠤᠷᠢᠲᠠᠨ᠎ᠤ ᠰᠦᠯᠵᠢᠶ᠎ᠡ᠂ ᠡᠯ᠎ᠡ ᠠᠶ᠋ᠢᠮᠠᠭ ᠬᠣᠲᠠ ᠲᠤᠬᠠᠶ ᠵᠢᠨ ᠭᠠᠵᠠᠷ᠎ᠤᠨ ᠣᠯᠠᠨ ᠨᠡᠶ᠋ᠢᠲᠡ ᠵᠢᠨ ᠠᠵᠢᠯᠲᠠᠨ ᠡᠯᠰᠡᠬᠦ ᠰᠦᠯᠵᠢᠶ᠎ᠡ᠎ᠳᠤ ᠲᠣᠰ ᠲᠣᠰ ᠲᠤᠰᠬᠠᠶ ᠪᠤᠯᠤᠩ ᠭᠠᠷᠭ᠋ᠠᠵᠤ᠂ ᠠᠵᠢᠯᠯᠠᠭ᠎ᠠ ᠵᠢᠨ ᠬᠤᠭᠤᠴᠠᠭ᠋ᠠᠨ᠎ᠳᠤ ᠨᠠᠭ᠋ᠠᠳᠤ ᠵᠠᠬ᠎ᠠ᠎ᠳᠠᠭᠠᠨ 2 ᠲᠠᠯᠠᠪᠤᠷ ᠵᠢᠱ᠌ᠢᠶ᠎ᠡ ᠦᠵᠡᠭᠦᠯᠬᠦ ᠴᠢᠨᠠᠷᠲᠠᠶ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠳᠠᠭ᠋ᠠᠭᠤᠯᠤᠨ ᠠᠵᠢᠯᠲᠠᠨ ᠡᠯᠰᠡᠬᠦ᠂ 1 ᠲᠠᠯᠠᠪᠤᠷ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠂ 2 ᠲᠠᠯᠠᠪᠤᠷ ᠠᠵᠢᠯ ᠣᠯᠭᠣᠯᠲᠠ ᠵᠢᠨ ᠵᠢᠯᠣᠭᠣᠳᠣᠯᠭ᠎ᠠ᠂ 2 《ᠡᠩ᠎ᠤᠨ ᠠᠵᠢᠯ᠎ᠤᠨ ᠪᠠᠶ᠋ᠢᠷᠢ ᠵᠢᠨ ᠭᠣᠶ᠋ᠢᠳᠠ ᠰᠠᠶ᠋ᠢᠬᠠᠨ ᠠᠮᠢᠳᠤᠷᠠᠯ》 ᠰᠢᠯᠢᠳᠡᠭ ᠠᠵᠢᠯ᠎ᠤᠨ ᠪᠠᠶ᠋ᠢᠷᠢ᠎ᠠᠴᠠ ᠲᠡᠭᠦᠰᠦᠭᠰᠡᠨ ᠰᠤᠷᠤᠭᠴᠢᠳ᠎ᠤᠨ ᠨᠡᠶ᠋ᠢᠲᠡᠯᠢᠭ ᠣᠬᠣᠷ ᠸᠢᠳᠢᠣ᠋ ᠵᠢ ᠰᠢᠭᠤᠳ ᠨᠡᠪᠲᠡᠷᠡᠭᠦᠯᠬᠦ ᠪᠣᠯᠤᠨ᠎ᠠ᠃
(ᠳᠥᠷᠪᠡ) ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠠᠵᠢᠯᠲᠠᠨ ᠡᠯᠰᠡᠬᠦ ᠰᠠᠷ᠎ᠠ ᠵᠢᠨ ᠠᠵᠢᠯᠯᠠᠭ᠎ᠠ᠃ ᠳᠡᠭᠡᠳᠦ ᠰᠤᠷᠭ᠋ᠠᠭᠤᠯᠢ ᠲᠡᠭᠦᠰᠦᠭᠰᠡᠳ᠂ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠵᠡᠮᠳᠡᠭᠴᠦᠳ ᠵᠢᠴᠢ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ ᠵᠶ᠋ᠠᠷ ᠦᠢ᠍ᠯᠡᠴᠢᠯᠡᠬᠦ ᠡᠲᠡᠭᠡᠳ ᠪᠣᠯᠭ᠋ᠠᠨ᠎ᠠ᠃ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠳᠤᠮᠳᠠᠳᠤ ᠤᠯᠤᠰ᠎ᠤᠨ ᠣᠯᠠᠨ ᠨᠡᠶ᠋ᠢᠲᠡ ᠵᠢᠨ ᠠᠵᠢᠯᠲᠠᠨ ᠡᠯᠰᠡᠬᠦ ᠰᠦᠯᠵᠢᠶᠡᠨ ᠳᠡᠭᠡᠷ᠎ᠡ ᠲᠤᠰᠬᠠᠶ ᠪᠤᠯᠤᠩ ᠭᠠᠷᠭ᠋ᠠᠵᠤ᠂ ᠠᠵᠢᠯ ᠣᠯᠭᠣᠯᠲᠠ ᠵᠢᠨ ᠰᠦᠯᠵᠢᠶᠡᠨ ᠳᠡᠭᠡᠷᠡᠬᠢ᠂ ᠤᠯᠤᠰ᠎ᠤᠨ 24365 ᠤᠶᠤᠲᠠᠳ᠎ᠤᠨ ᠠᠵᠢᠯ ᠣᠯᠭᠣᠯᠲᠠ ᠵᠢᠨ ᠦᠶᠯᠡᠴᠢᠯᠡᠭᠡᠨ᠎ᠤ ᠲᠠᠪᠴᠠᠩ᠂ ᠠᠵᠢᠯᠴᠢᠨ᠎ᠤ ᠡᠪᠯᠡᠯ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠰᠦᠯᠵᠢᠶᠡᠨ ᠳᠡᠭᠡᠷᠡᠬᠢ ᠲᠠᠪᠴᠠᠩ᠂ ᠪᠥᠬᠥ ᠬᠣᠯᠪᠣᠭ᠋ᠠᠨ᠎ᠤ ᠴᠢᠳᠠᠪᠤᠷᠢᠲᠠᠨ᠎ᠤ ᠰᠦᠯᠵᠢᠶᠡᠨ ᠳᠡᠭᠡᠷᠡᠬᠢ᠂ ᠳᠤᠮᠳᠠᠳᠤ ᠤᠯᠤᠰ᠎ᠤᠨ ᠵᠡᠮᠳᠡᠭᠴᠦᠳ᠎ᠤᠨ ᠠᠵᠢᠯ ᠣᠯᠭᠤᠵᠤ ᠦᠢ᠍ᠯᠡᠰ ᠪᠦᠳᠦᠭᠡᠬᠦ ᠰᠦᠯᠵᠢᠶᠡᠨ᠎ᠤ ᠦᠢ᠍ᠯᠡᠴᠢᠯᠡᠭᠡᠨ᠎ᠤ ᠲᠠᠪᠴᠠᠩ ᠪᠠ ᠡᠯ᠎ᠡ ᠮᠤᠵᠢ ᠵᠢᠨ ᠰᠦᠯᠵᠢᠶᠡᠨ ᠳᠡᠭᠡᠷᠡᠬᠢ ᠬᠤᠪᠢᠶᠠᠷᠢ ᠬᠤᠷᠠᠯ᠎ᠤᠨ ᠲᠠᠯᠠᠪᠠᠶ᠎ᠲᠠᠢ ᠬᠣᠯᠪᠣᠵᠤ᠂ ᠠᠵᠢᠯᠲᠠᠨ ᠡᠯᠰᠡᠬᠦ ᠠᠵᠢᠯ᠎ᠤᠨ ᠪᠠᠶ᠋ᠢᠷᠢ ᠵᠢᠨ ᠮᠡᠳᠡᠭᠡ ᠵᠠᠩᠭᠢ ᠵᠢ ᠬᠠᠮᠲᠤᠷᠠᠨ ᠨᠡᠢ᠌ᠳᠡᠯᠡᠨ᠎ᠡ᠃ ᠥᠪᠡᠷᠲᠡᠭᠡᠨ ᠵᠠᠰᠠᠬᠤ ᠣᠷᠣᠨ ᠥᠪᠥᠷ ᠮᠣᠩᠭᠣᠯ᠎ᠤᠨ ᠴᠢᠳᠠᠪᠤᠷᠢᠲᠠᠨ᠎ᠤ ᠰᠦᠯᠵᠢᠶ᠎ᠡ᠂ ᠡᠯ᠎ᠡ ᠠᠶ᠋ᠢᠮᠠᠭ ᠬᠣᠲᠠ ᠲᠤᠬᠠᠶ ᠵᠢᠨ ᠭᠠᠵᠠᠷ᠎ᠤᠨ ᠣᠯᠠᠨ ᠨᠡᠶ᠋ᠢᠲᠡ ᠵᠢᠨ ᠠᠵᠢᠯᠲᠠᠨ ᠡᠯᠰᠡᠬᠦ ᠰᠦᠯᠵᠢᠶ᠎ᠡ᠎ᠳᠤ ᠰᠦᠯᠵᠢᠶᠡᠨ ᠳᠡᠭᠡᠷᠡᠬᠢ ᠬᠤᠪᠢᠶᠠᠷᠢ ᠬᠤᠷᠠᠯ᠎ᠤᠨ ᠲᠠᠯᠠᠪᠠᠶ ᠲᠣᠬᠢᠷᠠᠭᠤᠯᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠪᠠᠭ᠎ᠠ ᠬᠡᠪᠴᠢᠶᠡᠨ᠎ᠤ᠂ ᠲᠤᠰᠬᠠᠶ ᠲᠠᠯᠠᠪᠤᠷ ᠲᠣᠭᠲᠠᠭ᠋ᠠᠨ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠵᠦ᠂ ᠠᠵᠤ ᠠᠬᠤᠶ᠋ᠢᠯᠠᠯ᠎ᠳᠤ ᠬᠦᠷᠴᠦ ᠠᠵᠢᠯ᠎ᠤᠨ ᠪᠠᠶ᠋ᠢᠷᠢ ᠵᠢ᠎ᠨᠢ ᠬᠠᠶ᠋ᠢᠬᠤ᠂ ᠠᠯᠤᠰ᠎ᠠᠴᠠ ᠨᠢᠭᠤᠷᠲᠠᠨ ᠰᠢᠯᠭ᠋ᠠᠬᠤ᠂ ᠴᠢᠳᠠᠪᠤᠷᠢᠲᠠᠨ᠎ᠢ ᠰᠢᠯᠭ᠋ᠠᠨ ᠦᠨᠡᠯᠡᠬᠦ ᠵᠡᠷᠭᠡ ᠰᠢᠨ᠎ᠡ ᠬᠡᠯᠪᠡᠷᠢ ᠵᠢᠨ ᠠᠵᠢᠯᠲᠠᠨ ᠡᠯᠰᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠤᠬᠠᠶ ᠵᠢᠨ ᠭᠠᠵᠠᠷ᠎ᠤᠨ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠳᠤ ᠰᠦᠯᠵᠢᠶ᠎ᠡ᠎ᠪᠠᠷ ᠠᠵᠢᠯᠲᠠᠨ ᠡᠯᠰᠡᠬᠦ ᠦᠢ᠍ᠯᠡᠴᠢᠯᠡᠭᠡ ᠬᠠᠩᠭ᠋ᠠᠨ᠎ᠠ᠃
ᠮᠡᠳᠡᠭᠡ ᠨᠡᠢ᠌ᠳᠡᠯᠡᠭᠰᠡᠨ ᠴᠠᠭ᠄
2022-05-18 15᠄00
ᠮᠡᠳᠡᠭᠡ ᠨᠡᠢ᠌ᠳᠡᠯᠡᠭᠰᠡᠨ ᠬᠠᠶᠢᠭ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
ᠮᠡᠳᠡᠭᠡ ᠨᠡᠢ᠌ᠳᠡᠯᠡᠭᠰᠡᠨ ᠨᠢᠭᠡᠴᠢ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
ᠮᠡᠳᠡᠭᠡ ᠨᠡᠶ᠋ᠢᠲᠡᠯᠡᠭᠴᠢ ᠄
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠯᠢᠨ