ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
2022 ᠣᠨ᠎ᠤ ᠪᠥᠬᠥ ᠣᠷᠣᠨ᠎ᠤ ᠠᠵᠢᠯ ᠣᠯᠭᠤᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2022-05-19

       ᠠᠰᠠᠭᠤᠯᠲᠠ᠄ ᠡᠨᠡ ᠤᠳᠠᠭ᠋ᠠᠨ᠎ᠤ ᠪᠥᠬᠥ ᠣᠷᠣᠨ᠎ᠤ ᠠᠵᠢᠯ ᠣᠯᠭᠣᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠢ ᠥᠩᠭᠡᠷᠡᠭᠰᠡᠨ ᠵᠢᠯ᠎ᠤᠳ᠎ᠲᠠᠢ ᠬᠠᠷᠢᠴᠠᠭᠤᠯᠪᠠᠯ ᠶᠠᠮᠠᠷ ᠣᠨᠴᠠᠯᠢᠭ᠎ᠲᠠᠢ ᠪᠣᠶ?


2022年全区就业创业推进会暨夏季招聘会新闻发布会答记者问1.jpg

 



        ᠬᠠᠷᠢᠭᠤᠯᠲᠠ (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠣᠯᠭᠣᠯᠲᠠ ᠵᠢ ᠠᠬᠢᠭᠤᠯᠬᠤ ᠭᠠᠵᠠᠷ᠎ᠤᠨ ᠳᠠᠷᠤᠭ᠎ᠠ ᠹᠦ᠋ ᠯᠢᠩ ᠲᠤᠤ)᠄ ᠲᠣᠰ ᠤᠳᠠᠭ᠋ᠠᠨ᠎ᠤ ᠠᠵᠢᠯᠲᠠᠨ ᠡᠯᠰᠡᠬᠦ ᠴᠤᠭᠯᠠᠭ᠋ᠠᠨ᠎ᠢ ᠥᠩᠭᠡᠷᠡᠭᠰᠡᠨ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ᠂ ᠭᠤᠤᠯᠳᠠᠭᠤ ᠭᠤᠷᠪᠠᠨ ᠣᠨᠴᠠᠯᠢᠭ᠎ᠢ ᠢᠯᠡᠷᠡᠭᠦᠯᠵᠡᠶ᠄ ᠨᠢᠭᠡ᠎ᠳᠤ᠂ ᠡᠷᠭᠢᠯᠡᠬᠦ ᠴᠠᠭ᠎ᠨᠢ ᠬᠤᠪᠢᠷᠠᠯᠲᠠ᠎ᠲᠠᠢ᠃ ᠪᠥᠬᠥ ᠣᠷᠣᠨ᠎ᠤ ᠠᠵᠢᠯ ᠣᠯᠭᠣᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠠᠵᠢᠯᠳᠠᠨ ᠡᠯᠡᠰᠡᠬᠦ ᠴᠤᠭᠯᠠᠭ᠋ᠠᠨ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠨᠢᠭᠡᠨᠲᠡ ᠳᠥᠷᠪᠡᠨ ᠵᠢᠯ ᠦᠷᠭᠦᠯᠵᠢᠯᠡᠨ ᠡᠷᠭᠢᠯᠡᠵᠦ᠂ ᠵᠢᠯ ᠪᠦᠷᠢ ᠵᠢᠨ ᠬᠠᠪᠤᠷ᠂ ᠨᠠᠮᠤᠷ ᠬᠣᠶᠠᠷ ᠤᠯᠠᠷᠢᠯ ᠬᠤᠪᠢᠶᠠᠨ ᠬᠤᠷᠠᠯᠳᠤᠭᠤᠯᠵᠤ᠂ ᠬᠤᠷᠠᠯ ᠳᠡᠭᠡᠷ᠎ᠡ ᠪᠥᠬᠥ ᠣᠷᠣᠨ᠎ᠤ ᠠᠵᠢᠯ ᠣᠯᠭᠣᠵᠤ ᠦᠢ᠍ᠯᠡᠰ ᠪᠦᠳᠦᠭᠡᠭᠰᠡᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠠᠵᠢᠯᠳᠠᠨ ᠬᠡᠷᠡᠭᠯᠡᠬᠦ ᠠᠵᠤ ᠠᠬᠤᠶ᠋ᠢᠯᠠᠯ᠂ ᠠᠵᠢᠯ ᠡᠷᠢᠭᠰᠡᠳ᠎ᠲᠤ ᠲᠤᠶ᠋ᠢᠯ᠎ᠤᠨ ᠣᠨᠣᠪᠴᠢᠲᠠᠶ᠎ᠪᠠᠷ ᠵᠣᠯᠭ᠋ᠠᠭᠤᠯᠬᠤ ᠲᠠᠪᠴᠠᠩ᠎ᠢ ᠪᠠᠶ᠋ᠢᠭᠤᠯᠵᠤ ᠥᠭᠪᠡ᠃ 2021 ᠣᠨ᠎ᠳᠤ᠂ ᠪᠥᠬᠥ ᠣᠷᠣᠨ᠎ᠤ ᠠᠵᠢᠯ ᠣᠯᠭᠣᠬᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠬᠠᠪᠤᠷ᠂ ᠨᠠᠮᠤᠷ᠎ᠤᠨ ᠬᠣᠶᠠᠷ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ ᠵᠶ᠋ᠠᠷ ᠶᠡᠷᠦᠩᠬᠡᠶ᠋ᠢᠯᠡᠨ ᠵᠢᠯᠣᠭᠣᠳᠣᠭᠤᠯᠵᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠯ᠎ᠡ ᠲᠥᠷᠥᠯ᠎ᠤᠨ ᠠᠵᠢᠯᠲᠠᠨ ᠡᠯᠰᠡᠬᠦ ᠴᠤᠭᠯᠠᠭ᠋ᠠᠨ᠎ᠢ ᠨᠡᠶ᠋ᠢᠲᠡ 1249 ᠤᠳᠠᠭ᠎ᠠ ᠡᠷᠭᠢᠯᠡᠵᠦ᠂ 118.73 ᠲᠦᠮᠡᠨ ᠠᠵᠢᠯ᠎ᠤᠨ ᠪᠠᠶ᠋ᠢᠷᠢ ᠴᠤᠭᠯᠠᠭᠤᠯᠵᠤ᠂ 143.86 ᠲᠦᠮᠡᠨ ᠬᠥᠮᠦᠨ ᠤᠳᠠᠭ᠎ᠠ ᠲᠠᠯᠠᠪᠠᠶ᠎ᠳᠤ ᠣᠷᠣᠵᠤ᠂ 4.42 ᠲᠦᠮᠡᠨ ᠠᠵᠤ ᠠᠬᠤᠶ᠋ᠢᠯᠠᠯ ᠣᠷᠣᠯᠴᠠᠵᠤ᠂ 12.87 ᠲᠦᠮᠡᠨ ᠬᠥᠮᠦᠨ ᠤᠳᠠᠭ᠎ᠠ ᠠᠵᠢᠯ ᠤᠯᠬᠤ ᠰᠠᠨᠠᠮᠵᠢ ᠲᠣᠭᠲᠠᠪᠠ᠃ ᠡᠨᠡ ᠵᠢᠯ ᠬᠢᠵᠢᠭ᠎ᠤᠨ ᠰᠢᠯᠲᠠᠭ᠋ᠠᠨ᠎ᠠᠴᠠ ᠪᠣᠯᠵᠣ᠂ ᠬᠠᠪᠤᠷ᠎ᠤᠨ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠢ 5 ᠰᠠᠷ᠎ᠠ ᠵᠢᠨ 22᠎ᠤᠨ ᠡᠳᠦᠷ ᠪᠣᠯᠲᠠᠯ᠎ᠠ ᠬᠣᠶ᠋ᠢᠰᠢᠯᠠᠭᠤᠯᠤᠨ ᠡᠷᠬᠢᠯᠡᠵᠦ᠂ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ ᠭᠡᠵᠦ ᠥᠭᠡᠷᠡᠴᠢᠯᠡᠪᠡ᠃ ᠬᠣᠶᠠᠷ᠎ᠲᠤ᠂ ᠪᠡᠶᠡᠴᠢ ᠴᠣᠭᠴᠠ ᠵᠢᠨ ᠠᠭᠤᠯᠭ᠎ᠠ᠎ᠳᠤ ᠨᠡᠮᠡᠭᠳᠡᠯ ᠬᠠᠰᠤᠭᠳᠠᠯ᠎ᠲᠠᠢ᠃ ᠡᠨᠡ ᠵᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠨᠢ ᠢᠯᠡᠷᠡᠬᠦ ᠬᠡᠯᠪᠡᠷᠢ ᠵᠢᠨ ᠲᠠᠯ᠎ᠠ᠎ᠪᠠᠷ ᠡᠳᠦᠶ ᠲᠡᠳᠦᠶ ᠬᠤᠪᠢᠷᠠᠯᠲᠠ᠎ᠲᠠᠢ᠃ ᠥᠩᠭᠡᠷᠡᠭᠰᠡᠨ ᠵᠢᠯ᠎ᠤᠳ᠎ᠲᠤ ᠰᠦᠯᠵᠢᠶᠡᠨ᠎ᠠᠴᠠ ᠭᠠᠳᠠᠨ᠎ᠠ ᠠᠵᠢᠯᠲᠠᠨ ᠡᠯᠰᠡᠬᠦ ᠪᠠ ᠠᠵᠢᠯ ᠣᠯᠭᠣᠵᠤ ᠦᠢ᠍ᠯᠡᠰ ᠪᠦᠳᠦᠭᠡᠬᠦ ᠵᠢᠴᠢ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠦᠷ᠎ᠡ ᠪᠦᠲᠦᠭᠡᠯ᠎ᠤᠨ ᠦᠵᠡᠭᠦᠯᠦᠯᠭᠡ᠎ᠪᠠᠷ ᠭᠤᠤᠯ ᠠᠭᠤᠯᠭ᠎ᠠ ᠪᠣᠯᠭ᠋ᠠᠵᠤ᠂ ᠡᠨᠡ ᠵᠢᠯ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ ᠪᠠ ᠤᠶᠤᠲᠠᠳ ᠰᠤᠷᠭ᠋ᠠᠭᠤᠯᠢ᠎ᠳᠤ᠎ᠪᠠᠨ ᠪᠤᠴᠠᠭ᠋ᠠᠳᠤᠶ ᠪᠠᠶ᠋ᠢᠬᠤ ᠪᠣᠳᠠᠲᠤ ᠪᠠᠶ᠋ᠢᠳᠠᠯ᠎ᠢ ᠪᠣᠳᠣᠯᠬᠢᠯᠠᠵᠤ᠂ ᠪᠢᠳᠡ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠵᠢ ᠳᠣᠪᠣᠶ᠋ᠢᠯᠭ᠋ᠠᠵᠤ᠂ ᠵᠠᠭᠤᠨ ᠡᠳᠦᠷ᠎ᠤᠨ ᠮᠢᠩᠭ᠎ᠠ ᠲᠦᠮᠡᠨ ᠠᠵᠢᠯ᠎ᠤᠨ ᠪᠠᠢ᠌ᠷᠢ ᠬᠠᠩᠭ᠋ᠠᠬᠤ ᠰᠦᠯᠵᠢᠶ᠎ᠡ᠎ᠪᠠᠷ ᠠᠵᠢᠯᠲᠠᠨ ᠡᠯᠰᠡᠬᠦ ᠠᠵᠢᠯᠯᠠᠭ᠎ᠠ᠎ᠪᠠᠷ ᠶᠡᠷᠦᠩᠬᠡᠶ᠋ᠢᠯᠡᠨ ᠵᠢᠯᠣᠭᠣᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠥᠷᠪᠡ ᠵᠢ ᠨᠢᠭᠡ ᠴᠣᠭᠴᠠᠵᠢᠭᠤᠯᠤᠭᠰᠠᠨ ᠠᠵᠢᠯ ᠣᠯᠭᠣᠬᠤ ᠦᠢ᠍ᠯᠡᠴᠢᠯᠡᠭᠡᠨ᠎ᠤ ᠡᠭᠦᠯᠡᠨ ᠲᠠᠪᠴᠠᠩ᠂ ᠡᠭᠦᠯᠡᠨ ᠲᠠᠪᠴᠠᠩ᠂ ᠡᠯ᠎ᠡ ᠠᠶ᠋ᠢᠮᠠᠭ ᠬᠣᠲᠠ ᠵᠢᠨ ᠰᠦᠯᠵᠢᠶ᠎ᠡ᠎ᠪᠠᠷ ᠠᠵᠢᠯᠲᠠᠨ ᠡᠯᠰᠡᠬᠦ ᠲᠠᠪᠴᠠᠩ᠂ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠳᠠᠭ᠋ᠠᠭᠤᠯᠬᠤ ᠵᠡᠷᠭᠡ ᠠᠴᠢᠶᠠᠯᠠᠪᠤᠷᠢ᠎ᠪᠠᠷ ᠳᠠᠮᠵᠢᠭᠤᠯᠤᠨ᠂ ᠮᠠᠨ᠎ᠤ ᠣᠷᠣᠨ᠎ᠤ ᠡᠯ᠎ᠡ ᠲᠥᠷᠥᠯ᠎ᠤᠨ ᠠᠵᠢᠯ ᠡᠷᠢᠭᠰᠡᠳ᠎ᠲᠤ ᠰᠦᠯᠵᠢᠶᠡᠨ ᠳᠡᠭᠡᠷ᠎ᠡ ᠠᠵᠢᠯ ᠣᠯᠭᠣᠬᠤ ᠦᠢ᠍ᠯᠡᠴᠢᠯᠡᠭᠡ ᠵᠢ ᠲᠥᠪᠯᠡᠷᠡᠭᠦᠯᠦᠨ ᠬᠠᠩᠭ᠋ᠠᠨ᠎ᠠ᠃ ᠥᠨᠥᠳᠦᠷ ᠪᠣᠯᠲᠠᠯ᠎ᠠ᠂ ᠪᠥᠬᠥ ᠣᠷᠣᠨ᠎ᠳᠤ ᠰᠦᠯᠵᠢᠶᠡᠨ ᠳᠡᠭᠡᠷ᠎ᠡ 964 ᠠᠵᠤ ᠠᠬᠤᠶ᠋ᠢᠯᠠᠯ᠎ᠢ ᠡᠯᠰᠡᠵᠦ᠂ 1.9 ᠲᠦᠮᠡ ᠭᠠᠷᠤᠶ ᠠᠵᠢᠯ᠎ᠤᠨ ᠪᠠᠶ᠋ᠢᠷᠢ ᠬᠠᠩᠭ᠋ᠠᠪᠠ᠃ ᠡᠭᠦᠨ᠎ᠤ ᠬᠠᠮᠲᠤ᠂ ᠡᠨᠡ ᠤᠳᠠᠭ᠋ᠠᠨ᠎ᠤ ᠠᠵᠢᠯᠲᠠᠨ ᠡᠯᠰᠡᠬᠦ ᠬᠤᠷᠠᠯ᠎ᠨᠢ ᠠᠵᠢᠯ ᠣᠯᠭᠤᠵᠤ ᠦᠢ᠍ᠯᠡᠰ ᠪᠦᠳᠦᠭᠡᠬᠦ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ ᠠᠵᠢᠯᠯᠠᠭ᠎ᠠ ᠵᠢ ᠦᠭᠡᠶ᠋ᠢᠰᠬᠡᠵᠦ᠂ 《ᠲᠤᠰᠬᠠᠶ ᠨᠠᠷᠢᠯᠢᠭ ᠣᠨᠴᠠᠭ᠋ᠠᠶ ᠵᠢᠵᠢᠭ》 ᠦᠵᠡᠭᠦᠯᠭᠡ ᠪᠣᠯᠭ᠋ᠠᠨ ᠥᠭᠡᠷᠡᠴᠢᠯᠡᠵᠦ᠂ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ᠎ᠪᠠᠨ ᠳᠠᠭ᠋ᠠᠭᠤᠯᠬᠤ᠂ ᠠᠵᠢᠯ ᠮᠡᠷᠭᠡᠵᠢᠯ᠎ᠤᠨ ᠠᠮᠢᠳᠤᠷᠠᠯ᠎ᠤᠨ ᠲᠥᠯᠥᠪᠵᠢᠭᠦᠯᠭᠡ᠂ ᠠᠵᠢᠯ ᠮᠡᠷᠭᠡᠵᠢᠯ᠎ᠤᠨ ᠴᠢᠳᠠᠪᠤᠷᠢᠲᠠᠨ᠎ᠢ ᠰᠢᠯᠭ᠋ᠠᠨ ᠦᠨᠡᠯᠡᠬᠦ᠂ ᠦᠢ᠍ᠯᠡᠰ ᠪᠦᠳᠦᠭᠡᠬᠦ ᠦᠢ᠍ᠯᠡᠴᠢᠯᠡᠭᠡ᠂ ᠠᠵᠢᠯ ᠮᠡᠷᠭᠡᠵᠢᠯ᠎ᠤᠨ ᠵᠢᠯᠣᠭᠣᠳᠣᠯᠭ᠎ᠠ᠎ᠪᠠᠷ ᠰᠢᠭᠤᠳ ᠨᠡᠪᠲᠡᠷᠡᠭᠦᠯᠬᠦ ᠬᠢᠴᠢᠶᠡᠯ ᠵᠡᠷᠭᠡ ᠣᠶ᠋ᠢᠷ᠎ᠠ ᠵᠢᠨ ᠵᠢᠯ᠎ᠤᠨ ᠲᠤᠷᠰᠢᠬᠢ ᠠᠵᠢᠯ ᠣᠯᠭᠤᠵᠤ ᠦᠢ᠍ᠯᠡᠰ ᠪᠦᠳᠦᠭᠡᠬᠦ ᠲᠠᠯ᠎ᠠ᠎ᠪᠠᠷ᠎ᠬᠢ ᠬᠠᠮᠤᠭ᠎ᠤᠨ ᠰᠢᠨ᠎ᠡ ᠦᠢ᠍ᠯᠡᠴᠢᠯᠡᠭᠡᠨ᠎ᠤ ᠦᠷ᠎ᠡ ᠪᠦᠲᠦᠭᠡᠯ᠎ᠢ ᠭᠤᠤᠯᠳᠠᠯᠭ᠎ᠠ᠎ᠲᠠᠢ ᠢᠯᠡᠷᠡᠭᠦᠯᠵᠦ᠂ ᠰᠦᠯᠵᠢᠶᠡᠨ ᠳᠡᠭᠡᠷ᠎ᠡ ᠦᠢ᠍ᠯᠡᠴᠢᠯᠡᠬᠦ᠂ ᠰᠢᠭᠤᠳ ᠨᠡᠪᠲᠡᠷᠡᠭᠦᠯᠬᠦ ᠲᠠᠪᠴᠠᠩ᠎ᠤᠨ ᠦᠢ᠍ᠯᠡᠳᠦᠯᠴᠡᠯ ᠵᠶ᠋ᠡᠷ ᠭᠤᠤᠯ ᠪᠣᠯᠭ᠋ᠠᠵᠤ᠂ ᠣᠯᠠᠨ᠎ᠳᠤ ᠠᠵᠢᠯ ᠣᠯᠭᠤᠵᠤ ᠦᠢ᠍ᠯᠡᠰ ᠪᠦᠳᠦᠭᠡᠬᠦ᠎ᠳᠤ ᠦᠢ᠍ᠯᠡᠴᠢᠯᠡᠬᠦ ᠴᠢᠭᠯᠡᠯ᠎ᠤᠨ ᠴᠢᠨᠠᠷᠲᠠᠶ ᠠᠭᠤᠯᠭ᠎ᠠ ᠵᠢ ᠢᠯᠡᠷᠡᠭᠦᠯᠦᠭᠰᠡᠨ ᠪᠠᠶ᠋ᠢᠨ᠎ᠠ᠃ ᠭᠤᠷᠪᠠ᠎ᠳᠤ᠂ ᠠᠵᠢᠯᠲᠠᠨ ᠡᠯᠰᠡᠬᠦ ᠠᠵᠢᠯᠯᠠᠭ᠎ᠠ᠎ᠳᠤ ᠰᠢᠨ᠎ᠡ ᠵᠢ

ᠡᠭᠦᠳᠪᠡ᠃ ᠲᠣᠰ ᠤᠳᠠᠭ᠋ᠠᠨ᠎ᠤ ᠠᠵᠢᠯ ᠣᠯᠭᠣᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠤ ᠭᠤᠤᠯ ᠲᠠᠯᠠᠪᠤᠷ᠎ᠲᠤ ᠨᠡᠶ᠋ᠢᠲᠡ 6 ᠲᠤᠰᠬᠠᠶ ᠪᠤᠯᠤᠩ ᠭᠠᠷᠭ᠋ᠠᠵᠤ᠂ ᠲᠤᠰᠬᠠᠶ ᠲᠣᠭᠣᠷᠢᠭ ᠨᠢᠭᠡᠪᠦᠷᠢ᠎ᠨᠢ ᠥᠩᠭᠡᠷᠡᠭᠰᠡᠨ᠎ᠤ ᠦᠵᠡᠭᠦᠯᠭᠡ᠎ᠪᠠᠨ ᠦᠷᠭᠦᠯᠵᠢᠯᠡᠭᠦᠯᠬᠦ ᠰᠠᠭᠤᠷᠢᠨ ᠳᠡᠭᠡᠷ᠎ᠡ ᠪᠠᠰᠠ ᠰᠢᠨ᠎ᠡ ᠰᠢᠪᠲᠤᠯᠤᠯᠲᠠ ᠪᠠ ᠲᠤᠷᠰᠢᠯᠲᠠ ᠬᠢᠵᠡᠶ᠃ ᠵᠢᠱ᠌ᠢᠶᠡᠯᠡᠪᠡᠯ᠂ 《ᠵᠠᠭᠤᠨ ᠡᠳᠦᠷ᠎ᠤᠨ ᠮᠢᠩᠭ᠎ᠠ  ᠲᠦᠮᠡᠨ ᠠᠵᠢᠯ᠎ᠤᠨ ᠪᠠᠢ᠌ᠷᠢ ᠬᠠᠩᠭ᠋ᠠᠬᠤ ᠰᠦᠯᠵᠢᠶ᠎ᠡ᠎ᠪᠠᠷ ᠠᠵᠢᠯᠲᠠᠨ ᠡᠯᠰᠡᠬᠦ》 ᠲᠤᠰᠬᠠᠶ ᠲᠣᠭᠣᠷᠢᠭ᠎ᠲᠤ᠂ ᠪᠢᠳᠡ ᠠᠩᠬ᠎ᠠ ᠤᠳᠠᠭ᠎ᠠ ᠠᠵᠤ ᠠᠬᠤᠶ᠋ᠢᠯᠠᠯ᠎ᠳᠤ ᠣᠷᠣᠵᠤ ᠠᠵᠢᠯ᠎ᠤᠨ ᠪᠠᠶ᠋ᠢᠷᠢ ᠬᠠᠶ᠋ᠢᠬᠤ ᠭᠣᠭᠴᠣᠭ᠎ᠠ ᠲᠣᠬᠢᠷᠠᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠲᠤᠰᠬᠠᠶ ᠮᠡᠷᠭᠡᠵᠢᠯᠲᠡᠨ᠎ᠢ ᠤᠷᠢᠵᠤ ᠴᠢᠨᠠᠷ ᠰᠠᠶ᠋ᠢᠲᠠᠶ ᠠᠵᠤ ᠠᠬᠤᠶ᠋ᠢᠯᠠᠯ᠎ᠳᠤ ᠭᠦᠨᠵᠡᠭᠡᠶ᠋ᠢᠷᠡᠨ ᠪᠠᠶ᠋ᠢᠳᠠᠯ᠎ᠢ ᠣᠶ᠋ᠢᠯᠠᠭ᠋ᠠᠬᠤ ᠵᠢᠨ ᠬᠠᠮᠲᠤ ᠣᠬᠣᠷ ᠹᠢᠯᠢᠮ ᠰᠡᠭᠦᠳᠡᠷᠯᠡᠭᠦᠯᠪᠡ᠃ ᠠᠵᠢᠯ᠎ᠤᠨ ᠪᠠᠶ᠋ᠢᠷᠢ ᠵᠢᠨ ᠳᠠᠷᠤᠭ᠎ᠠ ᠲᠠᠨᠢᠯᠴᠠᠭᠤᠯᠬᠤ ᠪᠠ ᠠᠵᠢᠯ ᠣᠯᠭᠣᠬᠤ᠎ᠪᠠᠷ ᠳᠠᠮᠵᠢᠭᠤᠯᠤᠨ ᠵᠢᠯᠣᠭᠣᠳᠣᠭᠴᠢ ᠪᠠᠭᠰᠢ ᠵᠢᠨ ᠠᠵᠤ ᠠᠬᠤᠶ᠋ᠢᠯᠠᠯ᠎ᠤᠨ ᠰᠣᠶᠣᠯ᠂ ᠠᠵᠢᠯ᠎ᠤᠨ ᠣᠷᠴᠢᠨ ᠨᠥᠬᠥᠴᠡᠯ᠂ ᠠᠵᠢᠯᠴᠢᠨ ᠬᠡᠷᠡᠭᠯᠡᠬᠦ ᠪᠠᠷᠢᠮᠵᠢᠶ᠎ᠠ᠂ ᠠᠵᠢᠯ ᠡᠷᠢᠬᠦ ᠰᠠᠨᠠᠭᠤᠯᠭ᠎ᠠ ᠵᠡᠷᠭᠡ ᠠᠭᠤᠯᠭ᠎ᠠ ᠵᠢᠨ ᠲᠤᠬᠠᠶ ᠲᠠᠨᠢᠯᠴᠠᠭᠤᠯᠭ᠎ᠠ ᠬᠢᠵᠦ᠂ ᠠᠵᠢᠯ ᠡᠷᠢᠭᠰᠡᠳ᠎ᠢ ᠬᠠᠪᠰᠤᠷᠤᠨ ᠣᠯᠠᠨ ᠲᠠᠯ᠎ᠠ᠎ᠠᠴᠠ ᠠᠵᠤ ᠠᠬᠤᠶ᠋ᠢᠯᠠᠯ᠎ᠤᠨ ᠪᠠᠶ᠋ᠢᠳᠠᠯ᠎ᠢ ᠣᠶ᠋ᠢᠯᠠᠭ᠋ᠠᠭᠤᠯᠤᠨ᠎ᠠ᠃ ᠵᠢᠱ᠌ᠢᠶᠡᠯᠡᠪᠡᠯ᠂ ᠠᠵᠢᠯ ᠣᠯᠭᠣᠯᠲᠠ ᠵᠢᠨ ᠡᠭᠦᠯᠡᠨ ᠵᠢᠯᠣᠭᠣᠳᠣᠯᠭ᠎ᠠ ᠵᠢᠨ ᠲᠤᠰᠬᠠᠶ ᠲᠣᠭᠣᠷᠢᠭ᠎ᠲᠤ᠂ ᠪᠢᠳᠡ ᠠᠩᠬ᠎ᠠ ᠤᠳᠠᠭ᠎ᠠ ᠠᠵᠢᠯ ᠮᠡᠷᠭᠡᠵᠢᠯ᠎ᠤᠨ ᠴᠢᠳᠠᠪᠤᠷᠢᠲᠠᠨ᠎ᠢ ᠰᠢᠯᠭ᠋ᠠᠨ ᠦᠨᠡᠯᠡᠬᠦ ᠭᠣᠭᠴᠣᠭ᠎ᠠ ᠲᠣᠬᠢᠷᠠᠭᠤᠯᠵᠤ᠂ ᠭᠠᠷ ᠤᠲᠠᠰᠤ ᠵᠡᠷᠭᠡ ᠰᠢᠯᠵᠢᠮᠡᠯ ᠦᠵᠦᠭᠦᠷᠯᠢᠭ᠎ᠲᠤ ᠲᠦᠰᠢᠭᠯᠡᠨ ᠬᠡᠷᠡᠭᠵᠢᠭᠦᠯᠵᠦ᠂ ᠠᠵᠢᠯ ᠮᠡᠷᠭᠡᠵᠢᠯ᠎ᠤᠨ ᠴᠢᠳᠠᠪᠤᠷᠢᠲᠠᠨ᠎ᠢ ᠰᠢᠯᠭ᠋ᠠᠨ ᠦᠨᠡᠯᠡᠬᠦ ᠰᠢᠰᠲ᠋ᠧᠮ ᠵᠶ᠋ᠡᠷ ᠳᠠᠮᠵᠢᠭᠤᠯᠤᠨ᠂ ᠣᠷᠣᠯᠴᠠᠭᠴᠢ ᠵᠢᠨ ᠵᠠᠩ ᠴᠢᠨᠠᠷ᠂ ᠣᠨᠴᠠ ᠴᠢᠳᠠᠪᠤᠷᠢ᠂ ᠬᠦᠰᠡᠯ ᠡᠷᠡᠮᠡᠯᠵᠡᠯ ᠵᠡᠷᠭᠡ ᠣᠯᠠᠨ ᠲᠠᠯ᠎ᠠ᠎ᠠᠴᠠ ᠴᠢᠳᠠᠪᠤᠷᠢᠲᠠᠨ᠎ᠤ ᠬᠡᠪ ᠴᠢᠨᠠᠷ᠎ᠢ ᠶᠡᠷᠦᠩᠬᠡᠶ᠋ᠢᠯᠡᠨ ᠪᠣᠳᠣᠯᠬᠢᠯᠠᠵᠤ᠂ ᠰᠢᠯᠭ᠋ᠠᠨ ᠦᠨᠡᠯᠡᠭᠰᠡᠨ ᠮᠡᠳᠡᠭᠦᠯᠦᠯᠲᠡ ᠵᠢ ᠪᠦᠷᠢᠯᠳᠦᠭᠦᠯᠵᠦ᠂ ᠠᠵᠢᠯ ᠡᠷᠢᠭᠴᠢ ᠪᠠ ᠠᠵᠤ ᠠᠬᠤᠶ᠋ᠢᠯᠠᠯ᠎ᠢ ᠬᠠᠪᠰᠤᠷᠤᠨ ᠪᠠᠶ᠋ᠢᠷᠢ ᠲᠣᠭᠲᠠᠭ᠋ᠠᠯᠲᠠ ᠵᠢ ᠣᠨᠣᠪᠴᠢᠲᠠᠶ ᠡᠷᠢᠵᠦ᠂ ᠬᠥᠮᠦᠨ ᠪᠠ ᠠᠵᠢᠯ᠎ᠤᠨ ᠪᠠᠶ᠋ᠢᠷᠢ ᠵᠢ ᠲᠣᠬᠢᠷᠠᠯᠴᠠᠭᠤᠯᠬᠤ ᠵᠢ

ᠪᠡᠶᠡᠯᠡᠭᠦᠯᠪᠡ᠃ ᠪᠠᠰᠠ ᠵᠢᠱ᠌ᠢᠶᠡᠯᠡᠪᠡᠯ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠡᠭᠦᠯᠡᠨ ᠦᠢ᠍ᠯᠡᠴᠢᠯᠡᠭᠡᠨ᠎ᠤ ᠲᠤᠰᠬᠠᠶ ᠲᠣᠭᠣᠷᠢᠭ᠎ᠲᠤ᠂ ᠪᠢᠳᠡ ᠪᠠᠰᠠ ᠰᠢᠨ᠎ᠡ᠎ᠪᠠᠷ ᠬᠥᠭᠵᠢᠭᠰᠡᠨ ᠠᠵᠢᠯ ᠮᠡᠷᠭᠡᠵᠢᠯ᠎ᠤᠨ ᠳᠠᠳᠤᠯᠭ᠎ᠠ ᠪᠣᠯᠪᠠᠰᠤᠷᠠᠯ᠎ᠤᠨ ᠳᠡᠯᠭᠡᠨ ᠦᠵᠡᠭᠦᠯᠬᠦ ᠭᠣᠭᠴᠣᠭ᠎ᠠ ᠵᠢ ᠠᠩᠬ᠎ᠠ ᠤᠳᠠᠭ᠎ᠠ ᠲᠣᠬᠢᠷᠠᠭᠤᠯᠵᠤ᠂ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠳᠠᠭ᠋ᠠᠭᠤᠯᠬᠤ ᠬᠡᠯᠪᠡᠷᠢ᠎ᠪᠠᠷ ᠳᠠᠮᠵᠢᠭᠤᠯᠤᠨ᠂ ᠤᠶᠤᠲᠠᠳ᠎ᠤᠨ ᠪᠠᠷᠠᠭ᠎ᠠ ᠳᠠᠭ᠋ᠠᠭᠤᠯᠤᠨ ᠭᠤᠤᠯ ᠨᠡᠪᠲᠡᠷᠡᠭᠦᠯᠭᠡ᠎ᠪᠠᠷ ᠦᠢ᠍ᠯᠡᠳᠦᠯᠭᠡ ᠵᠢᠨ ᠦᠷ᠎ᠡ ᠪᠦᠲᠦᠭᠡᠯ᠎ᠢ ᠰᠤᠷᠤᠯᠴᠠᠬᠤ ᠪᠠ ᠠᠮᠢᠳᠤᠯᠢᠭ ᠵᠶ᠋ᠠᠷ ᠠᠵᠢᠯ ᠣᠯᠭᠣᠬᠤ ᠴᠢᠭᠯᠡᠯ᠎ᠢ ᠳᠡᠯᠭᠡᠨ ᠦᠵᠡᠭᠦᠯᠪᠡ᠃ ᠶᠡᠷᠦᠩᠬᠡᠶ᠋ᠢᠯᠡᠪᠡᠯ᠂ ᠡᠨᠡ ᠤᠳᠠᠭ᠋ᠠᠨ᠎ᠤ ᠠᠵᠢᠯᠲᠠᠨ ᠡᠯᠰᠡᠬᠦ ᠴᠤᠭᠯᠠᠭ᠋ᠠᠨ᠎ᠨᠢ ᠬᠡᠳᠦᠶ᠋ᠢᠪᠡᠷ ᠬᠢᠵᠢᠭ᠎ᠤᠨ ᠨᠥᠯᠥᠭᠡ᠎ᠠᠴᠠ ᠪᠣᠯᠵᠣ᠂ ᠬᠡᠪᠴᠢᠶ᠎ᠡ᠎ᠨᠢ ᠥᠩᠭᠡᠷᠡᠭᠰᠡᠨ᠎ᠤ᠎ᠬᠢ᠎ᠠᠴᠠ ᠪᠠᠭ᠎ᠠ ᠪᠣᠯᠤᠭᠰᠠᠨ ᠪᠣᠯᠪᠠᠴᠤ ᠣᠨᠴᠠᠯᠢᠭ ᠪᠥᠬᠥᠶ ᠬᠢᠯᠠᠰ ᠴᠡᠭ᠎ᠤᠨ ᠠᠵᠢᠯᠯᠠᠭ᠎ᠠ ᠮᠥᠨ ᠬᠦ᠌ ᠮᠠᠰᠢ ᠣᠯᠠᠨ ᠪᠠᠶ᠋ᠢᠵᠤ᠂ ᠠᠵᠢᠯ ᠡᠷᠢᠭᠰᠡᠳ ᠪᠠ ᠡᠯ᠎ᠡ ᠲᠥᠷᠥᠯ᠎ᠤᠨ ᠠᠵᠤ ᠠᠬᠤᠶ᠋ᠢᠯᠠᠯ᠎ᠤᠨ ᠠᠩᠬᠠᠷᠤᠯ ᠲᠠᠯᠪᠢᠬᠤ ᠪᠠ ᠣᠷᠣᠯᠴᠠᠬᠤ ᠵᠢ ᠬᠦᠰᠡᠵᠦ ᠪᠠᠶ᠋ᠢᠨ᠎ᠠ᠃
        ᠠᠰᠠᠭᠤᠯᠲᠠ᠄ ᠲᠣᠰ ᠤᠳᠠᠭ᠋ᠠᠨ᠎ᠤ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠳᠤ᠂ ᠬᠥᠬᠡᠬᠣᠲᠠ ᠵᠢᠨ ᠠᠵᠢᠯ᠎ᠤᠨ ᠪᠠᠶ᠋ᠢᠷᠢ ᠵᠢ ᠡᠯᠰᠡᠭᠰᠡᠨ ᠪᠠᠶ᠋ᠢᠳᠠᠯ ᠶᠠᠮᠠᠷ ᠵᠡᠷᠭᠡ ᠪᠣᠶ? ᠳᠠᠷᠠᠭ᠎ᠠ ᠠᠯᠬᠤᠮ᠎ᠤᠨ ᠠᠵᠢᠯ ᠎ᠤᠨ ᠲᠣᠬᠢᠷᠠᠭᠤᠯᠭ᠎ᠠ᠎ᠨᠢ ᠶᠠᠭᠤ ᠪᠣᠢ?

 

2022年全区就业创业推进会暨夏季招聘会新闻发布会答记者问2.jpg


        ᠬᠠᠷᠢᠭᠤᠯᠲᠠ (ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶᠠᠨ᠎ᠤ ᠳᠡᠳ᠋ ᠳᠠᠷᠤᠭ᠎ᠠ ᠯᠠᠨ ᠵᠢᠶᠦ᠋ᠨ)᠄ ᠬᠥᠬᠡᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ ᠠᠵᠢᠯ ᠣᠯᠭᠣᠬᠤ ᠦᠢ᠍ᠯᠡᠰ ᠪᠦᠳᠦᠭᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠪᠠ ᠥᠷᠭᠡᠳᠬᠡᠬᠦ ᠵᠢ ᠢᠮᠠᠭᠲᠠ ᠴᠢᠬᠤᠯᠠ᠎ᠠᠴᠠ ᠴᠢᠬᠤᠯᠠ ᠵᠦᠢ᠍ᠯ ᠪᠣᠯᠭ᠋ᠠᠭᠰᠠᠭ᠋ᠠᠷ ᠢᠷᠡᠪᠡ᠃ ᠡᠨᠡ ᠵᠢᠯ᠎ᠠᠴᠠ ᠨᠠᠭ᠋ᠠᠰᠢ᠂ ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠵᠢᠴᠢ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠶᠣᠰᠣᠭ᠋ᠠᠷ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠢᠯ ᠣᠯᠭᠣᠵᠤ ᠦᠢ᠍ᠯᠡᠰ ᠪᠦᠳᠦᠭᠡᠬᠦ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠬᠢᠪᠠ᠃ ᠤᠳᠠᠯ ᠥᠬᠡᠶ ᠡᠷᠭᠢᠯᠡᠬᠦ ᠭᠡᠵᠦ ᠪᠠᠶ᠋ᠢᠭ᠎ᠠ 《2022 ᠣᠨ᠎ᠤ ᠪᠥᠬᠥ ᠣᠷᠣᠨ᠎ᠤ ᠠᠵᠢᠯ ᠣᠯᠭᠣᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠳᠠᠨ ᠡᠯᠰᠡᠬᠦ ᠴᠤᠭᠯᠠᠭ᠋ᠠᠨ》 ᠎ᠢ ᠰᠠᠶ᠋ᠢᠲᠤᠷ ᠬᠢᠬᠦ ᠵᠢᠨ ᠲᠥᠯᠥᠭᠡ᠂ ᠡᠮᠦᠨᠡᠬᠢ ᠬᠤᠭᠤᠴᠠᠭ᠋ᠠᠨ᠎ᠤ ᠪᠡᠯᠡᠳᠬᠡᠯ ᠶᠠᠪᠤᠴᠠ᠎ᠳᠤ ᠭᠤᠤᠯᠳᠠᠭᠤ ᠳᠤᠤᠷᠠᠬᠢ ᠠᠵᠢᠯ᠎ᠤᠳ᠎ᠢ ᠬᠢᠭᠰᠡᠨ ᠪᠠᠶ᠋ᠢᠨ᠎ᠠ᠄
        ᠨᠢᠭᠡ᠎ᠳᠤ᠂ ᠨᠢᠭᠡ ᠨᠢᠭᠡ᠎ᠪᠠᠷ ᠤᠲᠠᠰᠤ᠎ᠪᠠᠷ ᠠᠰᠠᠭᠤᠨ ᠯᠠᠪᠯᠠᠬᠤ᠂ ᠸᠢᠴᠠᠲ᠎ᠤᠨ ᠴᠤᠭᠯᠠᠷᠠᠯ ᠵᠶ᠋ᠠᠷ

ᠳᠡᠯᠭᠡᠷᠡᠭᠦᠯᠬᠦ᠂ ᠭᠡᠰᠢᠭᠦᠨ ᠨᠢᠭᠡᠴᠢ᠎ᠨᠢ ᠬᠡᠷ᠎ᠲᠤᠨᠢ ᠬᠦᠷᠴᠦ ᠳᠡᠩᠰᠡᠯᠡᠨ ᠲᠡᠮᠳᠡᠭᠯᠡᠬᠦ ᠵᠡᠷᠭᠡ ᠣᠯᠠᠨ ᠠᠷᠭ᠎ᠠ ᠵᠠᠮ ᠵᠶ᠋ᠠᠷ ᠳᠠᠮᠵᠢᠭᠤᠯᠤᠨ ᠬᠥᠮᠦᠨ ᠬᠡᠷᠡᠭᠯᠡᠬᠦ ᠨᠢᠭᠡᠴᠢ᠂ ᠠᠵᠢᠯ᠎ᠤᠨ ᠪᠠᠶ᠋ᠢᠷᠢ ᠵᠢᠨ ᠬᠡᠷᠡᠭᠴᠡᠭᠡ ᠱᠠᠭ᠋ᠠᠷᠳᠠᠯᠭ᠎ᠠ᠂ ᠠᠵᠢᠯᠴᠢᠨ ᠬᠡᠷᠡᠭᠯᠡᠬᠦ ᠲᠣᠭ᠎ᠠ ᠵᠡᠷᠭᠡ ᠬᠠᠮᠢᠶ᠎ᠠ ᠪᠥᠬᠥᠶ ᠬᠤᠷᠠᠯ᠎ᠳᠤ ᠣᠷᠣᠯᠴᠠᠬᠤ ᠮᠡᠳᠡᠭᠡ ᠵᠠᠩᠭᠢ ᠵᠢ ᠴᠤᠭᠯᠠᠭᠤᠯᠬᠤ ᠵᠢᠨ ᠬᠠᠮᠲᠤ ᠰᠦᠯᠵᠢᠶ᠎ᠡ᠎ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠡᠯᠰᠡᠬᠦ ᠴᠤᠭᠯᠠᠭ᠋ᠠᠨ᠎ᠤ ᠡᠭᠦᠯᠡᠨ ᠦᠢ᠍ᠯᠡᠴᠢᠯᠡᠭᠡᠨ᠎ᠤ ᠲᠠᠪᠴᠠᠩ᠎ᠢ ᠳᠡᠯᠭᠡᠷᠡᠭᠦᠯᠵᠦ᠂ ᠠᠵᠢᠯᠲᠠᠨ ᠡᠯᠰᠡᠬᠦ ᠬᠤᠷᠠᠯ᠎ᠤᠨ ᠤᠷᠤᠭᠰᠢᠲᠠᠶ ᠶᠠᠪᠤᠭᠳᠠᠬᠤ᠎ᠳᠤ ᠨᠠᠶ᠋ᠢᠳᠠᠪᠤᠷᠢᠲᠠᠶ ᠪᠠᠲᠤᠯᠠᠭ᠎ᠠ ᠬᠠᠩᠭ᠋ᠠᠪᠠ᠃ ᠣᠳᠣᠬᠠᠨ᠎ᠳᠤ᠂ ᠠᠵᠢᠯᠴᠢᠨ ᠬᠡᠷᠡᠭᠯᠡᠬᠦ  ᠨᠢᠭᠡᠴᠢ 228 ᠪᠠᠶ᠋ᠢᠵᠤ᠂ 9700 ᠠᠵᠢᠯ᠎ᠤᠨ ᠪᠠᠶ᠋ᠢᠷᠢ ᠬᠠᠩᠭ᠋ᠠᠪᠠ᠃ ᠬᠣᠶᠠᠷ᠎ᠲᠤ᠂ 《ᠤᠮᠠᠷᠠᠲᠤ ᠬᠢᠯᠢ ᠵᠢᠨ ᠠᠵᠢᠯ ᠣᠯᠭᠣᠯᠲᠠ ᠵᠢᠨ ᠰᠦᠯᠵᠢᠶ᠎ᠡ》᠂ 《ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ

ᠰᠦᠯᠵᠢᠶ᠎ᠡ》᠂ 《ᠠᠵᠢᠯ ᠮᠡᠷᠭᠡᠵᠢᠯ᠎ᠤᠨ ᠬᠥᠮᠦᠨ ᠠᠵᠢᠯ ᠣᠯᠭᠣᠯᠲᠠ ᠵᠢᠨ ᠦᠢ᠍ᠯᠡᠴᠢᠯᠡᠭᠡ》 ᠭᠤᠷᠪᠠᠨ ᠲᠠᠪᠴᠠᠩ᠎ᠳᠤ ᠲᠦᠰᠢᠭᠯᠡᠨ᠂ ᠰᠢᠭᠤᠳ ᠨᠡᠪᠲᠡᠷᠡᠬᠦ ᠣᠷᠣᠬᠤ ᠡᠭᠦᠳᠡ ᠵᠢ ᠥᠷᠭᠡᠳᠬᠡᠵᠦ᠂ ᠠᠵᠢᠯᠲᠠᠨ ᠡᠯᠰᠡᠬᠦ ᠠᠵᠤ ᠠᠬᠤᠶ᠋ᠢᠯᠠᠯ᠎ᠳᠤ ᠳᠥᠭᠥᠮ ᠳᠥᠲᠡ᠂ ᠥᠨᠳᠥᠷ ᠪᠦᠲᠦᠮᠵᠢᠲᠡᠶ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠦᠢ᠍ᠯᠡᠴᠢᠯᠡᠭᠡ ᠬᠠᠩᠭ᠋ᠠᠨ᠎ᠠ᠃ ᠭᠤᠷᠪᠠ᠎ᠳᠤ᠂ ᠰᠦᠯᠵᠢᠶᠡᠨ ᠳᠡᠭᠡᠷ᠎ᠡ ᠡᠯ᠎ᠡ ᠲᠥᠷᠥᠯ᠎ᠤᠨ ᠲᠤᠰᠬᠠᠶ ᠪᠤᠯᠤᠩ ᠭᠠᠷᠭ᠋ᠠᠵᠤ᠂ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠳᠠᠭ᠋ᠠᠭᠤᠯᠬᠤ᠂ ᠸᠢᠳᠢᠤ᠋᠎ᠪᠠᠷ ᠨᠢᠭᠤᠷᠲᠠᠨ ᠰᠢᠯᠭ᠋ᠠᠬᠤ᠂ ᠰᠦᠯᠵᠢᠶᠡᠨ ᠳᠡᠭᠡᠷ᠎ᠡ ᠦᠢ᠍ᠯᠡᠳᠦᠯᠴᠡᠬᠦ ᠵᠡᠷᠭᠡ ᠠᠵᠢᠯ ᠡᠯᠰᠡᠵᠦ ᠠᠵᠢᠯ ᠡᠷᠢᠬᠦ ᠰᠢᠨ᠎ᠡ ᠠᠷᠭ᠎ᠠ ᠮᠠᠶᠢᠭ᠎ᠢ ᠠᠰᠢᠭᠯᠠᠨ᠂ ᠠᠵᠤ ᠠᠬᠤᠶ᠋ᠢᠯᠠᠯ ᠪᠠ ᠠᠵᠢᠯ ᠡᠷᠢᠭᠰᠡᠳ᠎ᠲᠤ ᠣᠯᠠᠨ ᠶᠠᠩᠵᠤᠴᠢᠯᠠᠭᠰᠠᠨ᠂ ᠳᠥᠭᠥᠮᠴᠢᠯᠡᠭᠰᠡᠨ᠂ ᠤᠶᠤᠨᠴᠢᠯᠠᠭᠰᠠᠨ ᠰᠦᠯᠵᠢᠶᠡᠨ ᠳᠡᠭᠡᠷᠡᠬᠢ ᠦᠢ᠍ᠯᠡᠴᠢᠯᠡᠭᠡ ᠬᠠᠩᠭ᠋ᠠᠨ᠎ᠠ᠃
        ᠲᠠᠷᠠᠭ᠋ᠠᠴᠢ ᠵᠢᠨ ᠠᠵᠢᠯ᠎ᠤᠨ ᠳᠤᠮᠳᠠ᠂ 《2022 ᠣᠨ᠎ᠤ ᠪᠥᠬᠥ ᠣᠷᠣᠨ᠎ᠤ ᠠᠵᠢᠯ ᠣᠯᠭᠤᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠤ ᠬᠡᠷᠡᠭᠵᠢᠭᠦᠯᠬᠦ ᠲᠥᠰᠦᠯ》 ᠶᠣᠰᠣᠭ᠋ᠠᠷ᠂ 《ᠵᠠᠭᠤᠨ ᠡᠳᠦᠷ᠎ᠤᠨ ᠮᠢᠩᠭ᠎ᠠ ᠲᠦᠮᠡᠨ ᠠᠵᠢᠯ᠎ᠤᠨ ᠪᠠᠢ᠌ᠷᠢ ᠬᠠᠩᠭ᠋ᠠᠬᠤ ᠰᠦᠯᠵᠢᠶ᠎ᠡ᠎ᠪᠠᠷ ᠠᠵᠢᠯᠲᠠᠨ ᠡᠯᠰᠡᠬᠦ》᠂ 《ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》᠂ 《ᠶᠡᠬᠡ ᠳᠤᠮᠳᠠ ᠬᠣᠲᠠ ᠬᠣᠯᠪᠣᠭ᠋ᠠᠯᠠᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠤᠷᠢᠵᠤ ᠡᠯᠰᠡᠬᠦ ᠲᠤᠰᠬᠠᠶ ᠲᠠᠯᠠᠪᠠᠶ》᠂ 《ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠠᠵᠢᠯᠲᠠᠨ ᠡᠯᠰᠡᠬᠦ ᠰᠠᠷ᠎ᠠ》 ᠳᠥᠷᠪᠡᠨ ᠵᠦᠢ᠍ᠯ᠎ᠤᠨ ᠠᠵᠢᠯᠯᠠᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠮᠠᠨ᠎ᠤ ᠬᠣᠲᠠ ᠵᠢᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠪᠢᠳᠡ ᠳᠤᠤᠷᠠᠬᠢ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠨ᠎ᠡ᠄
        ᠨᠢᠭᠡ᠎ᠳᠤ᠂ 《ᠵᠢᠷᠭᠤᠭ᠋ᠠᠨ ᠶᠡᠬᠡ ᠠᠵᠤ ᠦᠢ᠍ᠯᠡᠰ》᠎ᠤᠨ ᠭᠤᠤᠯᠳᠠᠯᠭ᠎ᠠ᠎ᠲᠠᠢ ᠠᠵᠤ ᠠᠬᠤᠶ᠋ᠢᠯᠠᠯ ᠪᠠ ᠭᠤᠤᠯᠯᠠᠭᠴᠢ ᠠᠵᠤ ᠠᠬᠤᠶ᠋ᠢᠯᠠᠯ᠎ᠤᠨ ᠲᠤᠰᠬᠠᠶ ᠠᠵᠢᠯᠲᠠᠨ ᠡᠯᠰᠡᠬᠦ ᠴᠤᠭᠯᠠᠭ᠋ᠠᠨ᠎ᠢ ᠥᠷᠨᠢᠭᠦᠯᠵᠦ᠂ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ ᠤᠶᠤᠲᠠᠳ᠎ᠤᠨ ᠰᠤᠷᠭ᠋ᠠᠭᠤᠯᠢ ᠵᠢᠨ ᠬᠦᠷᠢᠶᠡᠨ᠎ᠤ ᠲᠤᠰᠬᠠᠶ ᠠᠵᠢᠯᠲᠠᠨ ᠡᠯᠰᠡᠬᠦ ᠠᠵᠢᠯᠯᠠᠭ᠎ᠠ ᠵᠢ ᠲᠥᠷᠥᠯ ᠬᠤᠪᠢᠶᠠᠨ ᠥᠷᠨᠢᠭᠦᠯᠬᠦ ᠵᠢᠨ ᠬᠠᠮᠲᠤ ᠮᠥᠷᠳᠡᠨ ᠦᠢ᠍ᠯᠡᠴᠢᠯᠡᠬᠦ᠂ ᠮᠡᠳᠡᠭᠡ ᠵᠠᠩᠭᠢ ᠵᠢ ᠬᠠᠷᠢᠭᠤ ᠲᠤᠰᠬᠠᠬᠤ ᠪᠠ ᠪᠦᠷᠢᠳᠬᠡᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠨ᠎ᠠ᠃ ᠬᠣᠶᠠᠷ᠎ᠲᠤ᠂ ᠬᠠᠮᠵᠢᠯᠴᠠᠬᠤ ᠮᠤᠵᠢ ᠣᠷᠣᠨ᠎ᠤ 《ᠶᠡᠬᠡ ᠳᠡᠭᠡᠳᠦ ᠰᠤᠷᠭ᠋ᠠᠭᠤᠯᠢ ᠵᠢᠨ ᠠᠵᠢᠯ ᠣᠯᠭᠣᠯᠲᠠ ᠵᠢᠨ ᠭᠠᠵᠠᠷ᠎ᠤᠨ ᠬᠥᠬᠡᠬᠣᠲᠠ ᠵᠢᠨ ᠠᠶᠠᠯᠠᠯ》᠂ 《ᠬᠥᠬᠡᠬᠣᠲᠠ ᠵᠢᠨ ᠠᠵᠢᠯᠲᠠᠨ ᠡᠯᠰᠡᠬᠦ ᠲᠣᠭᠣᠷᠢᠭ᠎ᠤᠨ ᠭᠠᠳᠠᠨᠠᠬᠢ ᠠᠶᠠᠯᠠᠯ》᠎ᠤᠨ ᠬᠤᠤᠰ ᠴᠢᠭᠯᠡᠯᠲᠦ ᠰᠣᠯᠢᠯᠴᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠵᠢᠯ ᠣᠯᠭᠣᠯᠲᠠ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠪᠡᠭᠡᠵᠢᠩ᠂ ᠲᠢᠶᠠᠨᠵᠢᠨ᠂ ᠰᠢ ᠠᠨ᠎ᠳᠤ ᠬᠦᠷᠴᠦ ᠬᠤᠤᠰ ᠰᠣᠩᠭᠣᠯᠲᠠ᠎ᠲᠠᠢ ᠠᠵᠢᠯᠲᠠᠨ ᠡᠯᠰᠡᠬᠦ ᠴᠤᠭᠯᠠᠭ᠋ᠠᠨ ᠡᠷᠭᠢᠯᠡᠵᠦ᠂ ᠣᠷᠣᠨ᠎ᠤ ᠭᠠᠳᠠᠨᠠᠬᠢ ᠰᠢᠯᠢᠳᠡᠭ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠣᠷᠣᠨ᠎ᠤ ᠭᠠᠳᠠᠨᠠᠬᠢ ᠬᠥᠬᠡᠬᠣᠲᠠ ᠵᠢᠨ ᠰᠣᠷᠣᠭᠴᠢ ᠵᠢ ᠲᠠᠲᠠᠵᠤ ᠬᠥᠬᠡᠬᠣᠲᠠ᠎ᠳᠤ ᠢᠷᠡᠵᠦ ᠠᠵᠢᠯ ᠣᠯᠭᠣᠨ ᠦᠢ᠍ᠯᠡᠰ ᠴᠣᠭᠴᠠᠯᠠᠭᠤᠯᠤᠨ᠎ᠠ᠃ ᠭᠤᠷᠪᠠ᠎ᠳᠤ᠂ ᠠᠵᠢᠯ ᠣᠯᠭᠣᠵᠤ ᠦᠢ᠍ᠯᠡᠰ ᠪᠦᠳᠦᠭᠡᠬᠦ ᠦᠢ᠍ᠯᠡᠴᠢᠯᠡᠭᠡᠨ᠎ᠤ ᠬᠣᠯᠪᠣᠭ᠎ᠠ ᠵᠢ ᠡᠭᠦᠳᠦᠨ ᠪᠠᠶ᠋ᠢᠭᠤᠯᠵᠤ᠂ ᠬᠥᠬᠡᠬᠣᠲᠠ᠎ᠳᠤ ᠰᠠᠭᠤᠭ᠎ᠠ 24 ᠶᠡᠬᠡ ᠳᠡᠭᠡᠳᠦ ᠰᠤᠷᠭ᠋ᠠᠭᠤᠯᠢ᠎ᠳᠤ 《ᠠᠷᠪᠠᠨ ᠲᠦᠮᠡᠨ ᠣᠶᠤᠲᠠᠨ ᠎ᠢ ᠬᠥᠬᠡᠬᠣᠲᠠ᠎ᠳᠤ ᠦᠯᠡᠳᠡᠭᠡᠬᠦ ᠦᠢ᠍ᠯᠡᠴᠢᠯᠡᠭᠡᠨ᠎ᠤ ᠥᠷᠲᠡᠭᠡ》 ᠵᠢᠨ ᠫᠠᠶ᠋ᠢᠰᠠ ᠢᠯᠡᠷᠬᠡᠶ᠋ᠢᠯᠡᠯ ᠣᠯᠭᠣᠵᠤ᠂ ᠶᠡᠬᠡ ᠳᠡᠭᠡᠳᠦ ᠰᠤᠷᠭ᠋ᠠᠭᠤᠯᠢ ᠵᠢᠨ ᠬᠣᠯᠪᠣᠭᠳᠠᠯ ᠪᠥᠬᠥᠶ ᠤᠳᠤᠷᠢᠳᠤᠯᠭ᠎ᠠ ᠪᠠ ᠠᠵᠢᠯ ᠣᠯᠭᠣᠯᠲᠠ ᠵᠢᠨ ᠭᠠᠵᠠᠷ᠎ᠤᠨ ᠳᠠᠷᠤᠭ᠎ᠠ ᠵᠢ ᠵᠣᠬᠢᠶᠠᠨ ᠪᠠᠶ᠋ᠢᠭᠤᠯᠵᠤ ᠣᠷᠣᠨ᠎ᠤ ᠲᠥᠪ᠎ᠲᠤ ᠠᠵᠢᠯ ᠣᠯᠭᠣᠵᠤ ᠦᠢ᠍ᠯᠡᠰ ᠪᠦᠳᠦᠭᠡᠬᠦ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠤ ᠣᠴᠢᠭᠤᠯᠤᠨ ᠶᠠᠷᠢᠯᠴᠠᠬᠤ ᠬᠤᠷᠠᠯ ᠥᠷᠨᠢᠭᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠮᠠᠨ᠎ᠤ ᠬᠣᠲᠠ ᠵᠢᠨ ᠠᠵᠢᠯ ᠣᠯᠭᠣᠵᠤ ᠦᠢ᠍ᠯᠡᠰ ᠪᠦᠳᠦᠭᠡᠬᠦ ᠣᠷᠴᠢᠨ ᠨᠥᠬᠥᠴᠡᠯ᠎ᠢ ᠰᠠᠶ᠋ᠢᠲᠤᠷ ᠣᠶ᠋ᠢᠯᠠᠭ᠋ᠠᠵᠤ᠂ ᠬᠥᠬᠡᠬᠣᠲᠠ᠎ᠳᠠᠬᠢ ᠶᠡᠬᠡ ᠳᠡᠭᠡᠳᠦ ᠰᠤᠷᠭ᠋ᠠᠭᠤᠯᠢ ᠵᠢᠨ ᠦᠢ᠍ᠯᠡᠴᠢᠯᠡᠭᠡᠨ᠎ᠤ ᠣᠷᠣᠨ᠎ᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠷᠠᠭᠤᠯᠤᠨ᠎ᠠ᠃ ᠳᠥᠷᠪᠡ᠎ᠳᠤ᠂ 《ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ》 ᠎ᠤᠨ ᠰᠦᠯᠵᠢᠶᠡᠨ᠎ᠤ ᠥᠷᠲᠡᠭᠡ ᠵᠢᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ 《ᠠᠵᠢᠯ ᠣᠯᠭᠣᠯᠲᠠ ᠵᠢᠨ ᠰᠦᠯᠵᠢᠶ᠎ᠡ》᠂ ᠥᠪᠡᠷᠲᠡᠭᠡᠨ ᠵᠠᠰᠠᠬᠤ ᠣᠷᠣᠨ᠎ᠤ 《ᠳᠥᠷᠪᠡ ᠵᠢ ᠨᠢᠭᠡ ᠴᠣᠭᠴᠠᠵᠢᠭᠤᠯᠬᠤ》 ᠲᠠᠪᠴᠠᠩ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠡᠯᠰᠡᠬᠦ ᠴᠤᠭᠯᠠᠭ᠋ᠠᠨ᠎ᠤ ᠡᠭᠦᠯᠡᠨ ᠦᠢ᠍ᠯᠡᠴᠢᠯᠡᠭᠡᠨ᠎ᠤ ᠲᠠᠪᠴᠠᠩ》 ᠭᠡᠬᠦ ᠭᠤᠷᠪᠠᠨ ᠶᠡᠬᠡ ᠰᠢᠰᠲ᠋ᠧᠮ᠎ᠲᠠᠢ ᠵᠣᠯᠭ᠋ᠠᠭᠤᠯᠵᠤ᠂ ᠠᠵᠢᠯᠲᠠᠨ ᠡᠯᠰᠡᠬᠦ᠂ ᠠᠵᠢᠯ ᠡᠷᠢᠬᠦ᠂ ᠠᠵᠢᠯᠲᠠᠨ ᠡᠯᠰᠡᠬᠦ ᠬᠤᠷᠠᠯ᠎ᠤᠨ ᠮᠡᠳᠡᠭᠡ ᠵᠠᠩᠭᠢ ᠵᠢ ᠪᠥᠬᠥ ᠤᠯᠤᠰ᠂ ᠪᠥᠬᠥ ᠣᠷᠣᠨ᠎ᠳᠤ ᠳᠠᠮᠵᠢᠭᠤᠯᠤᠨ ᠬᠠᠮᠲᠤ᠎ᠪᠠᠷ ᠡᠳ᠋ᠯᠡᠬᠦ ᠵᠢ ᠪᠡᠶᠡᠯᠡᠭᠦᠯᠦᠨ᠎ᠡ᠃
 

        ᠮᠡᠳᠡᠭᠡ ᠨᠡᠢ᠌ᠳᠡᠯᠡᠭᠰᠡᠨ ᠴᠠᠭ
        2022-05-18    15᠄00  
         ᠮᠡᠳᠡᠭᠡ ᠨᠡᠢ᠌ᠳᠡᠯᠡᠭᠰᠡᠨ ᠬᠠᠶᠢᠭ᠄ 
        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 
         ᠮᠡᠳᠡᠭᠡ ᠨᠡᠢ᠌ᠳᠡᠯᠡᠭᠰᠡᠨ ᠨᠢᠭᠡᠴᠢ᠄
        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 
        ᠮᠡᠳᠡᠭᠡ ᠨᠡᠶ᠋ᠢᠲᠡᠯᠡᠭᠴᠢ᠄
        ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠯᠢᠨ

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
2022 ᠣᠨ᠎ᠤ ᠪᠥᠬᠥ ᠣᠷᠣᠨ᠎ᠤ ᠠᠵᠢᠯ ᠤᠯᠭᠣᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
《ᠤᠷ᠎ᠠ ᠴᠢᠳᠠᠪᠤᠷᠢᠳᠦ ᠥᠪᠥᠷ ᠮᠣᠩᠭᠣᠯ᠎ᠤᠨ ᠠᠵᠢᠯᠯᠠᠭ᠎ᠠ》 ᠵᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
《ᠤᠷ᠎ᠠ ᠴᠢᠳᠠᠪᠤᠷᠢᠳᠦ ᠥᠪᠥᠷ ᠮᠣᠩᠭᠣᠯ᠎ᠤᠨ ᠠᠵᠢᠯᠯᠠᠭ᠎ᠠ》 ᠵᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
 
            