ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
《ᠤᠷ᠎ᠠ ᠴᠢᠳᠠᠪᠤᠷᠢᠳᠦ ᠥᠪᠥᠷ ᠮᠣᠩᠭᠣᠯ᠎ᠤᠨ ᠠᠵᠢᠯᠯᠠᠭ᠎ᠠ》 ᠵᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2022-05-22

       ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠤᠷ᠎ᠠ ᠮᠡᠷᠭᠡᠰᠢᠯᠳᠦ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠃ ᠪᠦᠬᠦ ᠣᠷᠣᠨ᠎ᠤ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠵᠤ᠂ ᠲᠥᠷᠥ ᠵᠢᠨ ᠪᠣᠳᠣᠯᠭ᠎ᠠ᠎ᠪᠠᠨ ᠲᠡᠭᠦᠯᠳᠡᠷᠵᠢᠭᠦᠯᠦᠨ᠂ ᠲᠣᠭᠲᠠᠴᠠ ᠵᠢᠨ ᠰᠢᠨ᠎ᠡ ᠵᠢ ᠡᠭᠦᠳᠴᠦ᠂ ᠤᠬᠠᠭᠤᠯᠭ᠎ᠠ᠎ᠪᠠᠨ ᠴᠢᠩᠭ᠋ᠠᠷᠠᠭᠤᠯᠤᠨ᠂ ᠤᠷ᠎ᠠ ᠮᠡᠷᠭᠡᠰᠢᠯᠳᠦ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠨᠡᠯᠢᠶᠡᠳ ᠲᠦᠷᠭᠡᠨ ᠬᠥᠭᠵᠢᠵᠦ᠂ ᠬᠡᠪᠴᠢᠶ᠎ᠡ᠎ᠨᠢ ᠡᠳᠦᠷ ᠢᠷᠡᠬᠦᠶ᠎ᠡ ᠪᠤᠵᠠᠭ᠋ᠠᠶ᠋ᠢᠷᠠᠨ᠂ ᠪᠦᠲᠦᠴᠡ᠎ᠨᠢ ᠲᠠᠰᠤᠷᠠᠯᠲᠠ ᠤᠢ᠌ᠭᠡᠢ ᠰᠢᠯᠢᠳᠡᠭᠵᠢᠵᠦ᠂ ᠠᠵᠢᠯ ᠣᠯᠭᠣᠯᠲᠠ ᠵᠢ ᠲᠣᠭᠲᠠᠭᠤᠨ ᠪᠠᠶ᠋ᠢᠯᠭ᠋ᠠᠬᠤ ᠪᠠ ᠥᠷᠭᠡᠳᠬᠡᠬᠦ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠵᠶ᠋ᠡᠨ ᠪᠠᠳᠠᠷᠠᠭᠤᠯᠤᠭᠰᠠᠨ ᠪᠠᠶ᠋ᠢᠨ᠎ᠠ᠃ 《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠦᠯᠦᠪᠵᠢᠬᠦᠯᠭᠡ》᠎ᠠᠴᠠ ᠨᠠᠰᠢ᠂ ᠨᠥᠬᠥᠪᠥᠷᠢ ᠵᠢᠨ ᠴᠢᠨᠠᠷᠲᠠᠶ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠨᠡᠶ᠋ᠢᠲᠡ 184 ᠲᠦᠮᠡᠨ ᠬᠥᠮᠦᠨ ᠤᠳᠠᠭ᠎ᠠ ᠥᠷᠨᠢᠭᠦᠯᠵᠦ᠂ ᠪᠥᠬᠥ ᠣᠷᠣᠨ᠎ᠤ ᠤᠷ᠎ᠠ ᠮᠡᠷᠭᠡᠰᠢᠯᠳᠦ ᠴᠢᠳᠠᠪᠤᠷᠢᠲᠠᠨ᠎ᠤ ᠶᠡᠷᠦᠩᠬᠡᠶ ᠬᠡᠮᠵᠢᠶ᠎ᠡ 350 ᠲᠦᠮᠡᠨ ᠬᠥᠮᠦᠨ᠎ᠳᠤ ᠬᠦᠷᠴᠦ᠂ ᠪᠥᠬᠥ ᠣᠷᠣᠨ᠎ᠤ ᠠᠵᠢᠯ ᠣᠯᠤᠭᠰᠠᠨ ᠬᠥᠮᠦᠨ ᠠᠮᠠ ᠵᠢᠨ 28.2%᠎ᠢ ᠡᠵᠡᠯᠡᠵᠦ᠂ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ᠎ᠤ ᠶᠡᠷᠦᠩᠬᠡᠶ ᠬᠡᠮᠵᠢᠶ᠎ᠡ 105 ᠲᠦᠮᠡᠨ ᠬᠥᠮᠦᠨ᠎ᠳᠤ ᠬᠦᠷᠴᠦ᠂ ᠤᠷ᠎ᠠ ᠮᠡᠷᠭᠡᠰᠢᠯᠳᠦ ᠴᠢᠳᠠᠪᠤᠷᠢᠲᠠᠨ᠎ᠤ 30% ᠵᠢ ᠡᠵᠡᠯᠡᠵᠦ᠂ ᠤᠯᠤᠰ᠎ᠤᠨ 《ᠬᠤᠤᠰ ᠪᠠᠷᠢᠮᠵᠢᠶ᠎ᠠ᠎ᠳᠤ ᠬᠥᠷᠬᠥ》 ᠬᠠᠷᠠᠯᠲᠠ ᠡᠭᠦᠷᠭᠡ ᠵᠢ ᠪᠡᠶᠡᠯᠡᠭᠦᠯᠪᠡ᠃
        《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠮᠠᠨ᠎ᠤ ᠣᠷᠣᠨ᠎ᠤ ᠤᠷ᠎ᠠ ᠮᠡᠷᠭᠡᠰᠢᠯᠳᠦ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠲᠥᠯᠥᠭᠡ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠎ᠤ 《  〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠲᠥᠯᠥᠪᠵᠢᠭᠦᠯᠭᠡ》᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ 《〈ᠤᠷ᠎ᠠ ᠴᠢᠳᠠᠪᠤᠷᠢ ᠵᠢᠨ ᠳᠤᠮᠳᠠᠳᠤ ᠤᠯᠤᠰ᠎ᠤᠨ ᠠᠵᠢᠯᠯᠠᠭ᠎ᠠ〉 ᠵᠢ ᠬᠡᠷᠡᠭᠵᠢᠭᠦᠯᠬᠦ ᠲᠥᠰᠦᠯ》 ᠪᠣᠯᠤᠨ ᠥᠪᠡᠷᠲᠡᠭᠡᠨ ᠵᠠᠰᠠᠬᠤ ᠣᠷᠣᠨ᠎ᠤ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ》᠂ 《ᠥᠪᠥᠷ ᠮᠣᠩᠭᠣᠯ᠎ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠠᠵᠢᠯ ᠣᠯᠭᠣᠯᠲᠠ ᠵᠢ ᠥᠷᠭᠡᠳᠬᠡᠨ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ》᠎ᠤᠨ ᠪᠠᠶ᠋ᠢᠷᠢᠯᠠᠭᠤᠯᠤᠯᠲᠠ ᠶᠤᠰᠤᠭ᠋ᠠᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠡᠷᠭᠡ 18 ᠰᠠᠯᠠᠭ᠎ᠠ ᠮᠥᠴᠢᠷ ᠬᠠᠮᠲᠤᠷᠠᠨ 《〈ᠤᠷ᠎ᠠ ᠴᠢᠳᠠᠪᠤᠷᠢᠳᠦ ᠥᠪᠥᠷ ᠮᠣᠩᠭᠣᠯ᠎ᠤᠨ ᠠᠵᠢᠯᠯᠠᠭ᠎ᠠ〉 ᠵᠢᠨ ᠬᠡᠷᠡᠭᠵᠢᠭᠦᠯᠬᠦ ᠲᠥᠰᠦᠯ (2022-2025 ᠣᠨ)》᠎ᠢ ᠲᠤᠭᠳᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠬᠦᠯᠦᠭᠡᠳ ᠡᠳᠦᠭᠡ ᠨᠢᠭᠡᠨᠲᠡ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃ 
        《〈ᠮᠡᠷᠭᠡᠵᠢᠯ ᠴᠢᠳᠠᠪᠤᠷᠢ ᠵᠢᠨ ᠥᠪᠥᠷ ᠮᠣᠩᠭᠣᠯ᠎ᠤᠨ ᠠᠵᠢᠯᠯᠠᠭ᠎ᠠ〉 ᠵᠢᠨ ᠬᠡᠷᠡᠭᠵᠢᠭᠦᠯᠬᠦ ᠲᠥᠰᠦᠯ (2022-2025 ᠣᠨ)》᠎ᠢ ᠶᠡᠷᠦᠩᠬᠡᠶ ᠱᠠᠭ᠋ᠠᠷᠳᠠᠯᠭ᠎ᠠ᠂ ᠭᠤᠤᠯᠳᠠᠯᠭ᠎ᠠ᠎ᠲᠠᠢ ᠡᠭᠦᠷᠭᠡ ᠪᠠ ᠠᠷᠭ᠎ᠠ ᠬᠡᠮᠵᠢᠶ᠎ᠡ᠂ ᠠᠵᠢᠯ᠎ᠤᠨ ᠱᠠᠭ᠋ᠠᠷᠳᠠᠯᠭ᠎ᠠ ᠭᠡᠵᠦ ᠭᠤᠷᠪᠠᠨ ᠬᠡᠰᠡᠭ ᠬᠤᠪᠢᠶᠠᠨ᠎ᠠ᠃ ᠳᠣᠣᠷ᠎ᠠ ᠪᠢ 《ᠬᠡᠷᠡᠭᠵᠢᠭᠦᠯᠬᠦ ᠲᠥᠰᠦᠯ》᠎ᠢ ᠲᠣᠪᠴᠢ ᠲᠠᠨᠢᠯᠴᠠᠭᠤᠯᠤᠶ᠎ᠠ᠃
       ᠨᠢᠭᠡ᠂ ᠶᠡᠷᠦᠩᠬᠡᠢ ᠱᠠᠭ᠋ᠠᠷᠳᠠᠯᠭ᠎ᠠ ᠵᠢᠨ ᠲᠤᠬᠠᠢ
       《ᠬᠡᠷᠡᠭᠵᠢᠭᠦᠯᠬᠦ ᠲᠥᠰᠦᠯ》᠎ᠳᠤ 2022-2025 ᠣᠨ᠎ᠤ ᠪᠥᠬᠥ ᠣᠷᠣᠨ᠎ᠤ ᠤᠷ᠎ᠠ ᠮᠡᠷᠭᠡᠰᠢᠯᠳᠦ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢᠨ ᠵᠢᠯᠣᠭᠣᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠠᠵᠢᠯ᠎ᠤᠨ ᠬᠠᠷᠠᠯᠲᠠ ᠵᠢ ᠲᠣᠳᠣᠷᠬᠠᠶ᠋ᠢᠯᠠᠪᠠ᠃
        (ᠨᠢᠭᠡ) ᠵᠢᠯᠣᠭᠣᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠵᠢ ᠪᠠᠷᠢᠮᠲᠠᠯᠠᠨ᠂ ᠬᠥᠳᠡᠯᠮᠦᠷᠢᠴᠢᠳ᠎ᠤᠨ ᠠᠵᠢᠯ ᠣᠯᠵᠤ ᠦᠢ᠍ᠯᠡᠰ ᠴᠣᠭᠴᠠᠯᠠᠬᠤ᠎ᠳᠤ ᠦᠢ᠍ᠯᠡᠴᠢᠯᠡᠬᠦ᠎ᠪᠠᠷ ᠬᠠᠷᠠᠯᠲᠠ ᠪᠣᠯᠭ᠋ᠠᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠶᠡᠬᠡ ᠬᠡᠪᠴᠢᠶ᠎ᠡ᠎ᠪᠠᠷ ᠥᠷᠨᠢᠭᠦᠯᠦᠨ᠂ ᠤᠷ᠎ᠠ ᠴᠢᠳᠠᠪᠤᠷᠢ ᠵᠢᠨ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠵᠢ ᠠᠬᠢᠭᠤᠯᠵᠤ᠂ ᠮᠠᠨ᠎ᠤ ᠣᠷᠣᠨ᠎ᠤ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ᠎ᠳᠤ ᠤᠷ᠎ᠠ ᠴᠢᠳᠠᠪᠤᠷᠢ ᠵᠢᠨ ᠴᠢᠳᠠᠪᠤᠷᠢᠲᠠᠨ᠎ᠤ ᠳᠡᠮᠵᠢᠯᠭᠡ ᠬᠠᠩᠭ᠋ᠠᠨ᠎ᠠ᠃ 
        (ᠬᠣᠶᠠᠷ) ᠦᠨᠳᠦᠰᠦᠨ ᠵᠠᠷᠴᠢᠮ᠃ ᠨᠢᠭᠡ᠎ᠳᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ᠂ ᠮᠣᠷᠠᠯ ᠮᠡᠷᠭᠡᠵᠢᠯ᠎ᠢ ᠵᠡᠷᠭᠡ᠎ᠪᠠᠷ ᠳᠡᠭᠡᠭᠰᠢᠯᠡᠭᠦᠯᠬᠦ ᠵᠢ ᠪᠠᠷᠢᠮᠲᠠᠯᠠᠨ᠎ᠠ᠃ ᠬᠣᠶᠠᠷ᠎ᠲᠤ᠂ ᠠᠵᠢᠯ ᠣᠯᠭᠣᠬᠤ᠎ᠪᠠᠷ ᠤᠳᠤᠷᠢᠳᠤᠮᠵᠢ ᠪᠣᠯᠭ᠋ᠠᠬᠤ᠂ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠥᠷᠭᠡᠳᠬᠡᠬᠦ ᠵᠢ ᠪᠠᠷᠢᠮᠲᠠᠯᠠᠨ᠎ᠠ᠃ ᠭᠤᠷᠪᠠ᠎ᠳᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠢ ᠪᠠᠷᠢᠮᠲᠠᠯᠠᠵᠤ᠂ ᠬᠠᠮᠵᠢᠯᠴᠠᠨ ᠬᠦᠴᠦᠯᠡᠬᠦ ᠬᠡᠷᠡᠭᠲᠡᠢ᠃ ᠳᠥᠷᠪᠡ᠎ᠳᠤ᠂ ᠵᠠᠬ᠎ᠠ ᠳᠡᠯᠭᠡᠭᠦᠷ ᠵᠶ᠋ᠡᠷ ᠬᠥᠲᠥᠯᠥᠨ ᠵᠢᠯᠣᠭᠣᠳᠣᠭᠤᠯᠵᠤ᠂ ᠵᠠᠰᠠᠭ᠎ᠤᠨ ᠣᠷᠳᠣᠨ᠎ᠠᠴᠠ ᠳᠡᠮᠵᠢᠬᠦ ᠵᠢ ᠪᠠᠷᠢᠮᠲᠠᠯᠠᠬᠤ ᠬᠡᠷᠡᠭᠲᠡᠶ᠃
        (ᠭᠤᠷᠪᠠ) ᠠᠵᠢᠯ᠎ᠤᠨ ᠬᠠᠷᠠᠯᠲᠠ᠃ ᠨᠢᠭᠡ᠎ᠳᠤ᠂ ᠨᠠᠰᠤᠨ ᠲᠤᠷᠰᠢᠳᠠ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠲᠥᠷᠥ ᠵᠢᠨ ᠪᠣᠳᠣᠯᠭ᠎ᠠ ᠵᠢᠨ ᠰᠢᠰᠲ᠋ᠧᠮ ᠪᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠰᠢᠰᠲ᠋ᠧᠮ᠎ᠢ ᠨᠠᠩ ᠲᠡᠭᠦᠯᠳᠡᠷᠵᠢᠭᠦᠯᠵᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠰᠢᠰᠲ᠋ᠧᠮ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠰᠢᠰᠲ᠋ᠧᠮ᠎ᠢ ᠨᠠᠩ ᠪᠦᠷᠢᠨᠰᠢᠬᠥᠯᠤᠨ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠷᠴᠢᠮ᠎ᠢ ᠨᠠᠩ ᠴᠢᠩᠭ᠋ᠠᠷᠠᠭᠤᠯᠵᠤ᠂ ᠦᠷ᠎ᠡ ᠪᠦᠲᠦᠮᠵᠢ ᠵᠢ ᠨᠠᠩ ᠥᠨᠳᠥᠷ ᠪᠣᠯᠭ᠋ᠠᠨ᠎ᠠ᠃ ᠬᠣᠶᠠᠷ᠎ᠲᠤ᠂ ᠰᠢᠨ᠎ᠡ ᠵᠢ ᠡᠭᠦᠳᠬᠦ ᠬᠡᠯᠪᠡᠷᠢ ᠵᠢᠨ᠂ ᠬᠡᠷᠡᠭᠯᠡᠭᠡᠨ᠎ᠤ ᠬᠡᠯᠪᠡᠷᠢ ᠵᠢᠨ᠂ ᠤᠷ᠎ᠠ ᠮᠡᠷᠭᠡᠵᠢᠯ᠎ᠤᠨ ᠬᠡᠯᠪᠡᠷᠢ ᠵᠢᠨ ᠴᠢᠳᠠᠪᠤᠷᠢᠲᠠᠨ᠎ᠤ ᠡᠩᠨᠡᠭᠡ ᠲᠠᠰᠤᠷᠠᠯᠲᠠ ᠥᠬᠡᠶ ᠬᠥᠭᠵᠢᠨ ᠪᠤᠵᠠᠭ᠋ᠠᠶ᠋ᠢᠷᠠᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠂ ᠠᠵᠢᠯ ᠣᠯᠵᠤ ᠦᠢ᠍ᠯᠡᠰ ᠴᠣᠭᠴᠠᠯᠠᠬᠤ ᠴᠢᠳᠠᠪᠤᠷᠢ ᠵᠢ ᠢᠯᠡᠳᠲᠡ ᠳᠡᠭᠡᠭᠰᠢᠯᠡᠬᠦᠯᠦᠨ᠎ᠡ᠃ ᠭᠤᠷᠪᠠ᠎ᠳᠤ᠂ ᠣᠯᠠᠨ ᠡᠰᠢᠵᠢᠭᠰᠡᠨ ᠦᠨᠡᠯᠡᠬᠦ ᠠᠷᠭ᠎ᠠ ᠮᠠᠶᠢᠭ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠮᠡᠷᠭᠡᠵᠢᠯ ᠴᠢᠳᠠᠪᠤᠷᠢ ᠵᠢᠨ ᠲᠠᠰ ᠵᠡᠷᠭᠡ ᠬᠢᠭᠡᠳ ᠴᠠᠯᠢᠩ ᠣᠯᠭᠣᠮᠵᠢ ᠵᠢᠨ ᠬᠤᠪᠢᠶᠠᠷᠢᠯᠠᠯᠲᠠ ᠵᠢᠨ ᠬᠠᠷᠢᠯᠴᠠᠭ᠎ᠠ ᠵᠢ ᠨᠠᠩ ᠨᠢᠭᠲᠠ ᠪᠣᠯᠭ᠋ᠠᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠬᠥᠲᠥᠯᠥᠨ ᠳᠠᠭ᠋ᠠᠭᠤᠯᠬᠤ ᠪᠠ ᠮᠡᠷᠭᠡᠵᠢᠯ ᠴᠢᠳᠠᠪᠤᠷᠢ ᠵᠢᠨ ᠴᠢᠳᠠᠪᠤᠷᠢᠲᠠᠨ ᠪᠣᠯᠬᠤ ᠵᠢ ᠠᠬᠢᠭᠤᠯᠬᠤ ᠦᠢ᠍ᠯᠡᠳᠦᠯ᠎ᠢ ᠨᠠᠩ ᠢᠯᠡᠷᠬᠡᠶ ᠪᠣᠯᠭ᠋ᠠᠨ᠎ᠠ᠃
       ᠪᠣᠳᠠᠲᠠᠶ ᠡᠭᠦᠷᠭᠡ᠎ᠨᠢ᠄ 2025 ᠣᠨ ᠪᠣᠯᠲᠠᠯ᠎ᠠ᠂ ᠨᠥᠬᠥᠪᠥᠷᠢ ᠵᠢᠨ ᠴᠢᠨᠠᠷᠲᠠᠶ ᠪᠣᠯᠪᠠᠰᠤᠷᠠᠯ᠎ᠢ 125 ᠲᠦᠮᠡᠨ ᠬᠥᠮᠦᠨ ᠤᠳᠠᠭ᠎ᠠ᠎ᠠᠴᠠ ᠳᠡᠭᠡᠭᠰᠢ ᠥᠷᠨᠢᠭᠦᠯᠵᠦ᠂ ᠡᠭᠦᠨ᠎ᠳᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠳᠤ 35 ᠲᠦᠮᠡᠨ ᠬᠥᠮᠦᠨ ᠤᠳᠠᠭ᠎ᠠ᠎ᠠᠴᠠ ᠳᠡᠭᠡᠭᠰᠢ ᠣᠷᠣᠯᠴᠠᠭᠰᠠᠨ ᠪᠠᠶ᠋ᠢᠬᠤ ᠬᠡᠷᠡᠭᠲᠡᠶ; ᠮᠡᠷᠭᠡᠵᠢᠯ ᠴᠢᠳᠠᠪᠤᠷᠢ ᠵᠢᠨ ᠴᠢᠳᠠᠪᠤᠷᠢᠲᠠᠨ᠎ᠢ 75 ᠲᠦᠮᠡ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠥᠨᠳᠥᠷ ᠮᠡᠷᠭᠡᠵᠢᠯ᠎ᠤᠨ ᠴᠢᠳᠠᠪᠤᠷᠢᠲᠠᠨ᠎ᠢ 14 ᠲᠦᠮᠡ᠎ᠠᠴᠠ ᠳᠡᠭᠡᠭᠰᠢ ᠨᠡᠮᠡᠭᠳᠡᠭᠦᠯᠵᠦ᠂ ᠠᠵᠢᠯ ᠣᠯᠤᠭᠰᠠᠨ ᠬᠥᠮᠦᠨ ᠠᠮᠠ᠎ᠳᠠᠬᠢ ᠮᠡᠷᠭᠡᠵᠢᠯ ᠴᠢᠳᠠᠪᠤᠷᠢ ᠵᠢᠨ ᠴᠢᠳᠠᠪᠤᠷᠢᠲᠠᠨ᠎ᠤ ᠡᠵᠡᠯᠡᠬᠦ ᠬᠠᠷᠢᠴᠠᠯ᠎ᠢ 30%᠎ᠠᠴᠠ ᠳᠡᠭᠡᠭᠰᠢ᠎ᠳᠤ ᠬᠦᠷᠦᠭᠦᠯᠵᠦ᠂ ᠮᠡᠷᠭᠡᠵᠢᠯ ᠴᠢᠳᠠᠪᠤᠷᠢ ᠵᠢᠨ ᠴᠢᠳᠠᠪᠤᠷᠢᠲᠠᠨ᠎ᠳᠠᠬᠢ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠡᠵᠡᠯᠡᠬᠦ ᠬᠠᠷᠢᠴᠠᠯ᠎ᠢ 32%᠎ᠠᠴᠠ ᠳᠡᠭᠡᠭᠰᠢ᠎ᠳᠤ ᠬᠦᠷᠦᠭᠦᠯᠦᠨ᠎ᠡ᠃
        ᠬᠣᠶᠠᠷ᠂ ᠭᠣᠣᠯᠳᠠᠯᠭ᠎ᠠ᠎ᠲᠠᠢ ᠡᠭᠦᠷᠭᠡ ᠪᠠ ᠠᠷᠭ᠎ᠠ ᠬᠡᠮᠵᠢᠶ᠎ᠡ ᠵᠢᠨ ᠲᠤᠬᠠᠢ
        《ᠬᠡᠷᠡᠭᠵᠢᠭᠦᠯᠬᠦ ᠲᠥᠰᠦᠯ》᠎ᠳᠤ 5 ᠵᠦᠢ᠍ᠯ᠎ᠤᠨ ᠲᠥᠯᠥᠪᠯᠡᠭᠡ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ ᠭᠡᠵᠦ ᠳᠤᠷᠠᠳᠪᠠ
        (ᠨᠢᠭᠡ) 《ᠲᠤᠬᠠᠢ᠌ᠯᠠᠭᠰᠠᠨ ᠠᠵᠢᠯ᠎ᠤᠨ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠲᠥᠯᠥᠪᠯᠡᠭᠡ》 ᠵᠢ ᠬᠡᠷᠡᠭᠵᠢᠭᠦᠯᠦᠨ᠎ᠡ᠃ ᠡᠭᠦᠨ᠎ᠳᠤ ᠭᠤᠤᠯᠳᠠᠭᠤ 11 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠠᠪᠴᠠᠶ᠄ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠲᠥᠷᠥ ᠵᠢᠨ ᠪᠣᠳᠣᠯᠭ᠎ᠠ ᠪᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠰᠢᠰᠲ᠋ᠧᠮ᠎ᠢ ᠲᠡᠭᠦᠯᠳᠡᠷᠵᠢᠭᠦᠯᠦᠨ᠎ᠡ; ᠣᠯᠠᠨ ᠨᠡᠶ᠋ᠢᠲᠡ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠰᠢᠯᠢᠳᠡᠭᠵᠢᠭᠦᠯᠦᠨ᠎ᠡ; ᠦᠢ᠍ᠯᠡᠳᠪᠦᠷᠢᠯᠡᠬᠦ ᠪᠠ ᠪᠣᠯᠪᠠᠰᠤᠷᠠᠭᠤᠯᠬᠤ ᠵᠢ ᠤᠶᠠᠯᠳᠤᠭᠤᠯᠬᠤ ᠵᠢ ᠴᠢᠨᠠᠷ ᠰᠠᠶ᠋ᠢᠲᠠᠶ ᠠᠬᠢᠭᠤᠯᠤᠨ᠎ᠠ; ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠤᠨ ᠠᠵᠢᠯ ᠥᠷᠨᠢᠭᠦᠯᠬᠦ ᠵᠢ ᠵᠣᠷᠢᠭᠵᠢᠭᠤᠯᠤᠨ᠎ᠠ; ᠠᠷᠠᠳ᠎ᠠᠴᠠ ᠡᠷᠭᠢᠯᠡᠭᠰᠡᠨ ᠪᠣᠯᠪᠠᠰᠤᠷᠠᠯ᠎ᠤᠨ ᠪᠠᠶ᠋ᠢᠭᠤᠯᠤᠮᠵᠢ ᠪᠠ ᠰᠦᠯᠵᠢᠶᠡᠨ ᠳᠡᠭᠡᠷᠡᠬᠢ ᠪᠣᠯᠪᠠᠰᠤᠷᠠᠯ᠎ᠤᠨ ᠲᠠᠪᠴᠠᠩ᠎ᠤᠨ ᠵᠢᠷᠤᠮᠵᠢᠭᠤᠯᠤᠨ ᠬᠥᠭᠵᠢᠭᠦᠯᠬᠦ ᠵᠢ ᠳᠡᠮᠵᠢᠨ᠎ᠡ; ᠪᠦᠬᠦ ᠠᠷᠠᠳ᠎ᠤᠨ ᠲᠣᠭ᠋ᠠᠴᠢᠯᠠᠭᠰᠠᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠨ᠎ᠠ; ᠤᠷᠠᠨ ᠳᠠᠷᠬᠠᠳ᠎ᠢ ᠬᠥᠮᠦᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠎ᠠ; ᠪᠠᠴᠢᠮ ᠱᠠᠭ᠋ᠠᠷᠳᠠᠭᠳᠠᠵᠤ ᠪᠠᠢ᠌ᠭ᠎ᠠ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠨ᠎ᠠ; ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ; ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠰᠢᠰᠲ᠋ᠧᠮ᠎ᠢ ᠲᠡᠭᠦᠯᠳᠡᠷᠵᠢᠭᠦᠯᠦᠨ᠎ᠡ; ᠲᠤᠬᠠᠢ᠌ᠯᠠᠭᠰᠠᠨ ᠠᠵᠢᠯ᠎ᠤᠨ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠤᠨ ᠮᠡᠳᠡᠭᠡ ᠵᠠᠩᠭᠢᠴᠢᠯᠠᠬᠤ ᠪᠠᠶ᠋ᠢᠭᠤᠯᠤᠯᠲᠠ ᠵᠢ ᠶᠡᠬᠡᠪᠡᠷ ᠠᠬᠢᠭᠤᠯᠤᠨ᠎ᠠ᠃
        (ᠬᠣᠶᠠᠷ) 《ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠲᠥᠯᠥᠪᠯᠡᠭᠡ》 ᠵᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠲᠥᠪᠯᠡᠷᠡᠯ ᠪᠣᠯᠤᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ 《ᠵᠠᠭᠤ ᠮᠢᠩᠭ᠎ᠠ ᠲᠦᠮᠡ》 ᠵᠢᠨ ᠲᠤᠰᠬᠠᠶ ᠵᠦᠢ᠍ᠯ᠎ᠤᠨ ᠬᠥᠮᠦᠵᠢᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠮᠡᠷᠭᠡᠵᠢᠯ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠡᠶ᠋ᠢᠯᠬᠦ ᠵᠠᠭᠤ᠎ᠠᠴᠠ ᠳᠡᠭᠡᠭᠰᠢᠬᠢ ᠣᠨᠴᠠ ᠮᠡᠷᠭᠡᠵᠢᠯ ᠴᠢᠳᠠᠪᠤᠷᠢ᠎ᠲᠠᠢ ᠳᠠᠭ᠋ᠠᠭᠤᠯᠤᠭᠴᠢ ᠴᠢᠳᠠᠪᠤᠷᠢᠲᠠᠨ᠂ ᠮᠢᠩᠭ᠋ᠠᠨ ᠨᠡᠷᠡᠰ᠎ᠠᠴᠠ ᠳᠡᠭᠡᠭᠰᠢᠬᠢ ᠳᠤᠲᠠᠭᠳᠠᠵᠤ ᠪᠠᠶ᠋ᠢᠭ᠎ᠠ ᠪᠠᠴᠢᠮ ᠬᠡᠷᠡᠭᠰᠡᠬᠦ ᠠᠵᠢᠯ ᠮᠡᠷᠭᠡᠵᠢᠯ (ᠠᠵᠢᠯ ᠲᠥᠷᠥᠯ)᠎ᠤᠨ ᠴᠢᠳᠠᠪᠤᠷᠢᠳᠡᠨ ᠳᠡᠭᠡᠳᠦ ᠳᠡᠰ᠎ᠤᠨ ᠴᠢᠳᠠᠪᠤᠷᠢᠳᠡᠨ᠂ ᠲᠦᠮᠡᠨ ᠨᠡᠷᠡᠰ᠎ᠠᠴᠠ ᠳᠡᠭᠡᠭᠰᠢᠬᠢ ᠠᠵᠤ ᠠᠬᠤᠶ᠋ᠢᠯᠠᠯ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠪᠣᠯᠤᠨ ᠭᠠᠵᠠᠷ ᠣᠷᠣᠨ᠎ᠤ ᠠᠵᠤ ᠦᠢ᠍ᠯᠡᠰ᠎ᠤᠨ ᠮᠡᠷᠭᠡᠵᠢᠯ᠎ᠤᠨ ᠴᠢᠳᠠᠪᠤᠷᠢ ᠵᠢᠨ ᠳᠠᠭ᠋ᠠᠭᠤᠯᠤᠭᠴᠢ ᠵᠢ ᠬᠥᠮᠦᠵᠢᠭᠦᠯᠦᠨ᠎ᠡ᠃ ᠭᠤᠤᠯᠳᠠᠭᠤ 5 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠠᠪᠤᠨ᠎ᠠ᠄ ᠨᠢᠭᠡ᠎ᠳᠤ᠂ ᠰᠤᠷᠭ᠋ᠠᠭᠤᠯᠢ ᠠᠵᠤ ᠠᠬᠤᠶ᠋ᠢᠯᠠᠯ ᠬᠠᠮᠲᠤᠷᠠᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠠᠮᠲᠤ᠎ᠪᠠᠷ ᠬᠥᠮᠦᠵᠢᠭᠦᠯᠬᠦ ᠵᠢ ᠠᠬᠢᠭᠤᠯᠤᠨ᠎ᠠ; ᠬᠣᠶᠠᠷ᠎ᠲᠤ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ; ᠭᠤᠷᠪᠠ᠎ᠳᠤ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠦᠰᠦᠨ ᠪᠣᠶ᠋ᠢᠵᠢᠬᠤ ᠬᠥᠭᠵᠢᠯᠲᠡ ᠵᠢᠨ ᠵᠠᠮ᠎ᠢ ᠰᠢᠯᠤᠭᠤᠳᠬᠠᠨ᠎ᠠ; ᠳᠥᠷᠪᠡ᠎ᠳᠤ᠂ ᠰᠢᠯᠢᠳᠡᠭ ᠮᠡᠷᠭᠡᠵᠢᠯ᠎ᠤᠨ ᠴᠢᠳᠠᠪᠤᠷᠢᠲᠠᠨ᠎ᠢ ᠰᠢᠯᠢᠨ ᠰᠣᠩᠭᠣᠬᠤ ᠲᠣᠭᠲᠠᠴᠠ ᠵᠢ

ᠲᠡᠭᠦᠯᠳᠡᠷᠵᠢᠭᠦᠯᠦᠨ᠎ᠡ; ᠲᠠᠪᠤ᠎ᠳᠤ᠂ ᠰᠢᠯᠢᠳᠡᠭ ᠮᠡᠷᠭᠡᠵᠢᠯ᠎ᠤᠨ ᠴᠢᠳᠠᠪᠤᠷᠢᠲᠠᠨ᠎ᠢ ᠤᠷᠮᠠᠰᠢᠭᠤᠯᠬᠤ ᠡᠷᠴᠢᠮ ᠵᠶ᠋ᠡᠨ ᠴᠢᠩᠭ᠋ᠠᠷᠠᠭᠤᠯᠤᠨ᠎ᠠ᠃
         (ᠭᠤᠷᠪᠠ) 《ᠮᠡᠷᠭᠡᠵᠢᠯ ᠴᠢᠳᠠᠪᠤᠷᠢ᠎ᠪᠠᠷ ᠠᠵᠤ ᠠᠬᠤᠶ᠋ᠢᠯᠠᠯ᠎ᠢ ᠬᠦᠴᠦᠷᠬᠡᠭᠵᠢᠭᠦᠯᠬᠦ ᠲᠥᠯᠥᠪᠯᠡᠭᠡ》 ᠵᠢ ᠬᠡᠷᠡᠭᠵᠢᠭᠦᠯᠦᠨ᠎ᠡ᠃ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠳᠤᠮᠳᠠᠬᠢ ᠠᠵᠤ ᠠᠬᠤᠶ᠋ᠢᠯᠠᠯ᠎ᠤᠨ ᠭᠤᠤᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠰᠢᠨ᠎ᠡ ᠬᠡᠯᠪᠡᠷᠢ ᠵᠢᠨ ᠱᠠᠪᠢ ᠣᠷᠣᠬᠤ ᠳᠦᠷᠢᠮᠲᠦ ᠪᠣᠯᠪᠠᠰᠤᠷᠠᠯ ᠪᠠ ᠠᠵᠢᠯ᠎ᠤᠨ ᠪᠠᠶ᠋ᠢᠷᠢ ᠵᠢᠨ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠢ ᠥᠷᠭᠡᠨ ᠵᠶ᠋ᠡᠷ ᠥᠷᠨᠢᠭᠦᠯᠦᠨ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠵᠢᠴᠢ ᠠᠵᠤ ᠦᠢ᠍ᠯᠡᠰ᠎ᠲᠤ ᠳᠤᠲᠠᠭᠳᠠᠵᠤ ᠪᠠᠶ᠋ᠢᠭ᠎ᠠ ᠴᠢᠳᠠᠪᠤᠷᠢᠲᠠᠨ᠎ᠢ ᠬᠥᠮᠦᠵᠢᠭᠦᠯᠬᠦ ᠵᠢ ᠳᠣᠪᠣᠶ᠋ᠢᠯᠭ᠋ᠠᠵᠤ᠂ ᠨᠥᠭᠡᠴᠡᠯᠡᠬᠦ ᠴᠢᠨᠠᠷᠲᠠᠶ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠂ ᠮᠡᠷᠭᠡᠵᠢᠯ ᠪᠠ ᠮᠡᠷᠭᠡᠵᠢᠯ᠎ᠤᠨ ᠴᠢᠳᠠᠪᠤᠷᠢ ᠵᠢ ᠠᠭᠤᠰᠤᠯᠴᠠᠭᠤᠯᠬᠤ ᠴᠢᠨᠠᠷᠲᠠᠶ ᠪᠣᠯᠪᠠᠰᠤᠷᠠᠯ᠎ᠢ ᠴᠢᠩᠭ᠋ᠠᠳᠬᠠᠨ᠂ ᠰᠢᠨ᠎ᠡ ᠴᠠᠭ ᠦᠶ᠎ᠡ ᠵᠢᠨ ᠠᠵᠤ ᠦᠢ᠍ᠯᠡᠰ᠎ᠤᠨ ᠠᠵᠢᠯᠴᠢᠨ᠎ᠤ ᠡᠩᠨᠡᠭᠡ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠭᠤᠤᠯᠳᠠᠭᠤ 4 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠠᠪᠤᠨ᠎ᠠ᠄ ᠨᠢᠭᠡ᠎ᠳᠤ ᠳᠤᠮᠳᠠᠳᠤ ᠤᠯᠤᠰ᠎ᠤᠨ ᠣᠨᠴᠠᠯᠢᠭ ᠪᠥᠬᠥᠶ ᠠᠵᠤ ᠠᠬᠤᠶ᠋ᠢᠯᠠᠯ᠎ᠤᠨ ᠰᠢᠨ᠎ᠡ ᠬᠡᠯᠪᠡᠷᠢ ᠵᠢᠨ ᠱᠠᠪᠢ ᠣᠷᠣᠬᠤ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ; ᠬᠣᠶᠠᠷ᠎ᠲᠤ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠵᠢᠨ ᠮᠡᠷᠭᠡᠵᠢᠯ ᠴᠢᠳᠠᠪᠤᠷᠢ᠎ᠪᠠᠨ ᠳᠡᠭᠡᠭᠰᠢᠯᠡᠭᠦᠯᠬᠦ ᠪᠣᠯᠪᠠᠰᠤᠷᠠᠯ ᠥᠷᠨᠢᠭᠦᠯᠬᠦ ᠵᠢ ᠳᠡᠮᠵᠢᠨ᠎ᠡ; ᠭᠤᠷᠪᠠ᠎ᠳᠤ ᠠᠵᠤ ᠠᠬᠤᠶ᠋ᠢᠯᠠᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠰᠠᠭᠤᠷᠢᠨ ᠭᠠᠵᠠᠷ ᠪᠠᠶ᠋ᠢᠭᠤᠯᠬᠤ ᠵᠢ ᠵᠣᠷᠢᠭᠵᠢᠭᠤᠯᠤᠨ᠎ᠠ; ᠳᠥᠷᠪᠡ᠎ᠳᠤ᠂ ᠠᠵᠤ ᠠᠬᠤᠶ᠋ᠢᠯᠠᠯ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠪᠡᠶ᠎ᠡ᠎ᠪᠠᠨ ᠳᠠᠭ᠋ᠠᠭ᠋ᠠᠵᠤ ᠦᠨᠡᠯᠡᠬᠦ ᠵᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ᠃
         (ᠳᠥᠷᠪᠡ) 《ᠭᠤᠤᠯᠳᠠᠯᠭ᠎ᠠ᠎ᠲᠠᠢ ᠬᠥᠮᠦᠰ᠎ᠤᠨ ᠲᠤᠰᠬᠠᠶ ᠪᠣᠯᠪᠠᠰᠤᠷᠠᠭᠤᠯᠤᠯ᠎ᠤᠨ ᠲᠥᠯᠥᠪᠯᠡᠭᠡ》 ᠵᠢ ᠬᠡᠷᠡᠭᠵᠢᠭᠦᠯᠦᠨ᠎ᠡ᠃ ᠠᠳᠠᠯᠢ ᠪᠤᠰᠤ ᠬᠥᠮᠦᠰ᠎ᠤᠨ ᠪᠣᠯᠪᠠᠰᠤᠷᠠᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠴᠢᠭᠯᠡᠭᠦᠯᠦᠨ᠂ ᠬᠥᠳᠡᠯᠮᠦᠷᠢᠯᠡᠭᠴᠢᠳ᠎ᠲᠤ ᠵᠦᠷᠢᠶᠡᠴᠢᠯᠡᠭᠰᠡᠨ ᠪᠣᠯᠪᠠᠰᠤᠷᠠᠯ᠎ᠤᠨ ᠠᠷᠭ᠎ᠠ ᠮᠠᠶᠢᠭ᠎ᠢ ᠬᠠᠩᠭ᠋ᠠᠵᠤ᠂ ᠪᠣᠯᠪᠠᠰᠤᠷᠠᠯ᠎ᠤᠨ ᠴᠢᠭᠯᠡᠯᠲᠦ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠦᠨ᠂ ᠠᠵᠢᠯ ᠣᠯᠬᠤ ᠴᠢᠳᠠᠪᠤᠷᠢ᠂ ᠠᠵᠢᠯᠯᠠᠬᠤ ᠴᠢᠳᠠᠪᠤᠷᠢ ᠪᠣᠯᠤᠨ ᠡᠷᠬᠢᠯᠡᠭᠰᠡᠨ ᠠᠵᠢᠯ ᠵᠶ᠋ᠠᠨ ᠰᠢᠯᠵᠢᠭᠦᠯᠬᠦ ᠴᠢᠳᠠᠪᠤᠷᠢ ᠵᠢ᠎ᠨᠢ ᠨᠡᠮᠡᠭᠳᠡᠭᠦᠯᠦᠨ᠎ᠡ᠃ ᠭᠣᠣᠯᠳᠠᠭᠤ 5 ᠲᠤᠰᠬᠠᠢ ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠨᠢᠭᠡ᠎ᠳᠤ᠂ ᠵᠠᠯᠠᠭᠤᠴᠤᠳ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠲᠤᠰᠬᠠᠢ ᠲᠥᠯᠥᠪᠯᠡᠭᠡ; ᠬᠣᠶᠠᠷ᠎ᠲᠤ ᠴᠡᠷᠢᠭ᠎ᠠᠴᠠ ᠬᠠᠯᠠᠭᠳᠠᠭᠰᠠᠳ᠎ᠢ ᠪᠣᠯᠪᠠᠰᠤᠷᠠᠭᠤᠯᠬᠤ ᠲᠤᠰᠬᠠᠶ ᠲᠥᠯᠥᠪᠯᠡᠭᠡ; ᠭᠤᠷᠪᠠ᠎ᠳᠤ ᠮᠠᠯᠵᠢᠬᠤ ᠲᠠᠷᠢᠶᠠᠯᠠᠬᠤ ᠣᠷᠣᠨ᠎ᠤ ᠰᠢᠯᠵᠢᠭᠰᠡᠨ ᠬᠥᠳᠡᠯᠮᠦᠷᠢ ᠬᠦᠴᠦᠨ᠎ᠤ ᠡᠷᠬᠢᠯᠡᠭᠰᠡᠨ ᠠᠵᠢᠯ᠎ᠤᠨ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠲᠤᠰᠬᠠᠶ ᠲᠥᠯᠥᠪᠯᠡᠭᠡ; ᠳᠥᠷᠪᠡ᠎ᠳᠤ ᠪᠤᠰᠤᠳ ᠬᠦᠮᠦᠰ᠎ᠤᠨ ᠠᠵᠢᠯ ᠤᠯᠬᠤ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠲᠤᠰᠬᠠᠶ ᠲᠥᠯᠥᠪᠯᠡᠭᠡ; ᠲᠠᠪᠤ᠎ᠳᠤ ᠦᠢ᠍ᠯᠡᠰ ᠴᠣᠭᠴᠠᠯᠠᠬᠤ ᠪᠣᠯᠪᠠᠰᠤᠷᠠᠯ ᠪᠣᠯᠤᠨ ᠰᠢᠨ᠎ᠡ ᠡᠵᠡᠩᠨᠡᠯᠲᠡ ᠵᠢᠨ ᠪᠠᠶ᠋ᠢᠳᠠᠯ ᠰᠢᠨ᠎ᠡ ᠬᠡᠪ ᠵᠠᠭᠪᠤᠷ᠎ᠤᠨ ᠠᠵᠢᠯᠯᠠᠭᠰᠠᠳ᠎ᠤᠨ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠤᠨ ᠲᠤᠰᠬᠠᠶ ᠵᠦᠢ᠍ᠯ᠎ᠤᠨ ᠲᠥᠯᠥᠪᠯᠡᠭᠡ᠃
         (ᠲᠠᠪᠤ) 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠢ ᠬᠠᠪᠰᠤᠷᠤᠨ ᠲᠡᠳᠬᠦᠬᠦ ᠭᠠᠵᠠᠷ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠲᠥᠯᠥᠪᠯᠡᠭᠡ》 ᠵᠢ ᠬᠡᠷᠡᠭᠵᠢᠭᠦᠯᠦᠨ᠎ᠡ᠃ 2025 ᠣᠨ ᠪᠣᠯᠬᠤ᠎ᠳᠤ᠂ ᠭᠤᠤᠯᠳᠠᠯᠭ᠎ᠠ᠎ᠲᠠᠢ ᠬᠠᠪᠰᠤᠷᠤᠨ ᠲᠡᠳᠬᠦᠬᠦ ᠭᠠᠵᠠᠷ ᠣᠷᠣᠨ᠎ᠳᠤ 20000 ᠬᠥᠮᠦᠨ ᠤᠳᠠᠭ᠎ᠠ᠎ᠠᠴᠠ ᠳᠡᠭᠡᠭᠰᠢ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ ᠥᠷᠨᠢᠭᠦᠯᠵᠦ᠂ 800 ᠨᠡᠷᠡᠰ᠎ᠠᠴᠠ ᠳᠡᠭᠡᠭᠰᠢ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠪᠠ ᠬᠥᠳᠡᠭᠡ ᠲᠣᠰᠬᠣᠨ᠎ᠤ ᠤᠷᠠᠨ ᠳᠠᠷᠬᠠᠨ᠎ᠢ ᠬᠥᠮᠦᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠤᠶᠤ ᠠᠶ᠋ᠢᠮᠠᠭ ᠬᠣᠲᠠ ᠵᠢᠨ ᠲᠠᠰ᠎ᠤᠨ 10 ᠣᠷᠴᠢᠮ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠤᠶᠤ ᠠᠶ᠋ᠢᠮᠠᠭ ᠬᠣᠲᠠ ᠵᠢᠨ ᠲᠠᠰ᠎ᠤᠨ 20 ᠣᠷᠴᠢᠮ ᠮᠡᠷᠭᠡᠵᠢᠯ ᠴᠢᠳᠠᠪᠤᠷᠢᠲᠤ ᠶᠡᠬᠡ ᠮᠠᠰᠲ᠋ᠤᠷ᠎ᠤᠨ ᠠᠵᠢᠯᠯᠠᠬᠤ ᠬᠡᠷ᠎ᠢ ᠪᠠᠶ᠋ᠢᠭᠤᠯᠤᠨ᠎ᠠ᠃ ᠡᠭᠦᠨ᠎ᠳᠤ ᠭᠣᠣᠯᠳᠠᠭᠤ᠄ 
       ᠨᠢᠭᠡ᠎ᠳᠤ᠂ ᠭᠤᠤᠯᠳᠠᠯᠭ᠎ᠠ᠎ᠲᠠᠢ ᠬᠠᠪᠰᠤᠷᠤᠨ ᠲᠡᠳᠬᠦᠬᠦ ᠭᠠᠵᠠᠷ ᠣᠷᠣᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠪᠠ ᠬᠥᠳᠡᠭᠡ ᠲᠣᠰᠬᠣᠨ᠎ᠤ ᠤᠷᠠᠨ ᠳᠠᠷᠬᠠᠨ ᠬᠥᠮᠦᠵᠢᠭᠦᠯᠬᠦ ᠵᠢ ᠴᠢᠩᠭ᠋ᠠᠳᠬᠠᠨ᠎ᠠ; ᠬᠣᠶᠠᠷ᠎ᠲᠤ ᠪᠣᠯᠪᠠᠰᠤᠷᠠᠯ᠎ᠤᠨ ᠬᠠᠨᠳᠤᠯᠭ᠋ᠠᠲᠤ ᠴᠢᠨᠠᠷ᠎ᠢ ᠳᠡᠭᠡᠭᠰᠢᠯᠡᠭᠦᠯᠵᠦ᠂ ᠠᠵᠢᠯ ᠣᠯᠭᠣᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ; ᠭᠤᠷᠪᠠ᠎ᠳᠤ ᠭᠤᠤᠯᠳᠠᠯᠭ᠎ᠠ᠎ᠲᠠᠢ ᠬᠠᠪᠰᠤᠷᠤᠨ ᠲᠡᠳᠬᠦᠬᠦ ᠭᠠᠵᠠᠷ ᠣᠷᠣᠨ᠎ᠤ ᠪᠣᠯᠪᠠᠰᠤᠷᠠᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ; ᠳᠥᠷᠪᠡ᠎ᠳᠤ᠂ ᠡᠯ᠎ᠡ ᠵᠦᠢ᠍ᠯ᠎ᠤᠨ ᠵᠣᠭᠣᠰ ᠵᠶ᠋ᠠᠷ ᠲᠤᠰᠠᠯᠠᠬᠤ ᠲᠥᠷᠥ ᠵᠢᠨ ᠪᠣᠳᠣᠯᠭ᠎ᠠ ᠪᠠ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ᠃
        ᠭᠤᠷᠪᠠ᠂ ᠠᠵᠢᠯ᠎ᠤᠨ ᠱᠠᠭ᠋ᠠᠷᠳᠠᠯᠭ᠎ᠠ ᠵᠢᠨ ᠲᠤᠬᠠᠢ
        《ᠬᠡᠷᠡᠭᠵᠢᠭᠦᠯᠬᠦ ᠲᠥᠰᠦᠯ》᠎ᠢ ᠤᠷᠤᠭᠰᠢᠲᠠᠶ ᠬᠡᠷᠡᠭᠵᠢᠭᠦᠯᠬᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠳᠥᠷᠪᠡᠨ ᠲᠠᠯ᠎ᠠ ᠵᠢᠨ ᠱᠠᠭ᠋ᠠᠷᠳᠠᠯᠭ᠎ᠠ ᠳᠤᠷᠠᠳᠪᠠ᠄
       ᠨᠢᠭᠡ᠎ᠳᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ 《ᠬᠡᠷᠡᠭᠵᠢᠭᠦᠯᠬᠦ ᠲᠥᠰᠦᠯ》᠎ᠳᠤ ᠡᠯ᠎ᠡ ᠠᠶ᠋ᠢᠮᠠᠭ ᠬᠣᠲᠠ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠲᠣᠰ ᠭᠠᠵᠠᠷ ᠣᠷᠣᠨ᠎ᠤ᠎ᠪᠠᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠬᠥᠭᠵᠢᠯᠲᠡ ᠬᠢᠭᠡᠳ ᠲᠣᠰ ᠲᠥᠰᠦᠯ᠎ᠢ ᠵᠣᠯᠭ᠋ᠠᠭᠤᠯᠬᠤ ᠪᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠪᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠤᠤᠷ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠰᠤᠷᠭ᠋ᠠᠨ ᠬᠥᠮᠦᠵᠢᠯ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠭᠡᠵᠦ᠂ ᠵᠣᠬᠢᠴᠠᠭᠤᠯᠤᠨ ᠬᠠᠮᠵᠢᠯᠴᠠᠵᠤ᠂ ᠡᠯ᠎ᠡ ᠵᠦᠢ᠍ᠯ᠎ᠤᠨ ᠡᠭᠦᠷᠭᠡ ᠵᠢ ᠪᠣᠳᠠᠲᠤ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃
       ᠬᠣᠶᠠᠷ᠎ᠲᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃ 《ᠬᠡᠷᠡᠭᠵᠢᠭᠦᠯᠬᠦ ᠲᠥᠰᠦᠯ》᠎ᠳᠤ᠂ ᠣᠯᠠᠨ ᠲᠠᠯ᠎ᠠ᠎ᠠᠴᠠ ᠪᠠᠯᠠ ᠮᠥᠩᠭᠥ ᠴᠤᠭᠯᠠᠭᠤᠯᠵᠤ᠂ ᠵᠠᠬ᠎ᠠ ᠳᠡᠯᠭᠡᠭᠦᠷᠴᠢᠯᠡᠭᠰᠡᠨ ᠣᠷᠣᠭᠤᠯᠤᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠨᠡᠶ᠋ᠢᠭᠡᠮ᠎ᠤᠨ ᠬᠥᠷᠥᠩᠭᠡ ᠵᠢᠨ ᠣᠷᠣᠭᠤᠯᠤᠯᠲᠠ ᠵᠢ ᠵᠣᠷᠢᠭᠵᠢᠭᠤᠯᠬᠤ ᠬᠡᠷᠡᠭᠲᠡᠶ᠃ ᠠᠵᠢᠯ ᠣᠯᠭᠣᠯᠲᠠ ᠵᠢᠨ ᠨᠥᠬᠥᠪᠥᠷᠢ ᠪᠡᠯᠡ ᠮᠥᠩᠭᠥ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠥ ᠪᠠ ᠨᠢᠭᠡᠨᠲᠡ ᠪᠠᠶ᠋ᠢᠭ᠎ᠠ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠡᠯᠡ ᠮᠥᠩᠭᠥ (ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠤᠰᠬᠠᠢ ᠲᠠᠨᠭᠰᠠ ᠵᠢᠨ ᠦᠯᠡᠳᠡᠪᠦᠷᠢ ᠪᠡᠯᠡ ᠮᠥᠩᠭᠥ ᠪᠠᠭᠲᠠᠨ᠎ᠠ) ᠵᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠡᠷᠡᠭᠯᠡᠨ᠎ᠡ᠃
       ᠭᠤᠷᠪᠠ᠎ᠳᠤ᠂ ᠬᠠᠮᠢᠶᠠᠷᠤᠯᠲᠠ ᠦᠢ᠍ᠯᠡᠴᠢᠯᠡᠭᠡ ᠪᠠ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ 《ᠬᠡᠷᠡᠭᠵᠢᠭᠦᠯᠬᠦ ᠲᠥᠰᠦᠯ》᠎ᠳᠤ᠂ ᠪᠣᠯᠪᠠᠰᠤᠷᠠᠯ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠪᠠ ᠪᠠᠯᠠ ᠮᠥᠩᠭᠥ ᠵᠢ ᠬᠠᠮᠢᠶᠠᠷᠴᠤ ᠬᠡᠷᠡᠭᠯᠡᠬᠦ ᠪᠥᠬᠥ ᠶᠠᠪᠤᠴᠠ ᠵᠢ ᠬᠢᠨᠠᠨ ᠬᠠᠮᠢᠶᠠᠷᠬᠤ ᠬᠡᠷᠡᠭᠲᠡᠶ᠃ 《ᠳᠦᠷᠢᠮ + ᠰᠢᠨᠵᠢᠯᠡᠬᠦ ᠤᠬᠠᠭ᠋ᠠᠨ ᠮᠡᠷᠭᠡᠵᠢᠯ》᠂ 《ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ + ᠮᠡᠷᠭᠡᠵᠢᠯ᠎ᠤᠨ ᠰᠡᠷᠭᠡᠶ᠋ᠢᠯᠡᠯᠲᠡ》 ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠵᠤ᠂ ᠲᠤᠬᠠᠶ᠋ᠢᠯᠠᠭᠰᠠᠨ ᠠᠵᠢᠯ᠎ᠤᠨ ᠴᠤᠪᠤᠷᠠᠯ ᠪᠠ ᠠᠵᠢᠯ᠎ᠤᠨ ᠵᠠᠭᠪᠤᠷ᠎ᠢ ᠰᠢᠯᠢᠳᠡᠭᠵᠢᠭᠦᠯᠦᠨ᠎ᠡ᠃ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠵᠢ ᠣᠷᠣᠭᠤᠯᠤᠨ ᠠᠪᠴᠢᠷᠠᠵᠤ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠴᠢᠩᠭ᠋ᠠᠷᠠᠭᠤᠯᠤᠨ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ᠎ᠢ ᠴᠢᠩᠭ᠋ᠠᠷᠠᠭᠤᠯᠤᠨ᠎ᠠ᠃ 
        ᠳᠥᠷᠪᠡ᠎ᠳᠤ᠂ 《ᠤᠷ᠎ᠠ ᠴᠢᠳᠠᠪᠤᠷᠢᠳᠦ ᠥᠪᠥᠷ ᠮᠣᠩᠭᠣᠯ᠎ᠤᠨ ᠠᠵᠢᠯᠯᠠᠭ᠎ᠠ》 ᠵᠢᠨ ᠨᠡᠶ᠋ᠢᠭᠡᠮ᠎ᠤᠨ ᠠᠭᠤᠷ ᠠᠮᠢᠰᠬᠤᠯ᠎ᠢ ᠶᠡᠬᠡᠪᠡᠷ ᠪᠤᠢ ᠪᠣᠯᠭ᠋ᠠᠨ᠎ᠠ᠃ 《ᠬᠡᠷᠡᠭᠵᠢᠭᠦᠯᠬᠦ ᠲᠥᠰᠦᠯ》᠎ᠳᠤ᠂ ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠬᠥᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ 《ᠬᠥᠳᠡᠯᠮᠦᠷᠢ ᠥᠩᠭᠡ ᠬᠡᠷᠡᠯ᠎ᠲᠠᠢ᠂ ᠤᠷ᠎ᠠ ᠴᠢᠳᠠᠪᠤᠷᠢ ᠡᠷᠬᠢᠮ ᠨᠠᠨᠳᠢᠨ᠂ ᠡᠭᠦᠳᠦᠨ ᠪᠦᠲᠦᠭᠡᠯᠲᠡ ᠠᠭᠤᠤ ᠶᠡᠬᠡ》 ᠪᠠᠶ᠋ᠢᠬᠤ ᠨᠡᠶ᠋ᠢᠭᠡᠮ᠎ᠤᠨ ᠤᠳᠤᠷᠢᠳᠤᠮᠵᠢ ᠵᠢ ᠴᠢᠩᠭ᠋ᠠᠳᠬᠠᠵᠤ᠂ ᠨᠠᠩ ᠣᠯᠠᠨ ᠬᠥᠳᠡᠯᠮᠦᠷᠢᠴᠢᠳ᠎ᠤᠨ ᠤᠷ᠎ᠠ ᠴᠢᠳᠠᠪᠤᠷᠢ᠎ᠪᠠᠷ ᠴᠢᠳᠠᠪᠤᠷᠢᠲᠠᠨ ᠪᠣᠯᠬᠤ᠂ ᠤᠷ᠎ᠠ ᠴᠢᠳᠠᠪᠤᠷᠢ᠎ᠪᠠᠷ ᠤᠯᠤᠰ᠎ᠲᠠᠭᠠᠨ ᠵᠢᠳᠬᠦᠬᠦ ᠵᠠᠮ ᠵᠶ᠋ᠠᠷ ᠵᠠᠮᠨᠠᠬᠤ ᠵᠢ ᠬᠥᠲᠥᠯᠥᠨ ᠵᠢᠯᠣᠭᠣᠳᠴᠤ ᠠᠬᠢᠭᠤᠯᠤᠨ᠂ 《ᠤᠷ᠎ᠠ ᠴᠢᠳᠠᠪᠤᠷᠢᠳᠦ ᠥᠪᠥᠷ ᠮᠣᠩᠭᠣᠯ᠎ᠤᠨ ᠠᠵᠢᠯᠯᠠᠭ᠎ᠠ》 ᠪᠠᠶ᠋ᠢᠬᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ ᠭᠡᠵᠦ ᠱᠠᠭ᠋ᠠᠷᠳᠠᠪᠠ᠃


        ᠰᠣᠨᠢᠨ ᠮᠡᠳᠡᠭᠡ ᠨᠡᠢ᠌ᠳᠡᠯᠡᠭᠰᠡᠨ ᠴᠠᠭ᠄
        2022 - 05 - 20  09᠄ 00 
        ᠰᠣᠨᠢᠨ ᠮᠡᠳᠡᠭᠡ ᠨᠡᠢ᠌ᠳᠡᠯᠡᠭᠰᠡᠨ ᠬᠠᠶᠢᠭ᠄
         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 
         ᠰᠣᠨᠢᠨ ᠮᠡᠳᠡᠭᠡ ᠨᠡᠢ᠌ᠳᠡᠯᠡᠭᠰᠡᠨ ᠨᠢᠭᠡᠴᠢ᠄
       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 
        ᠰᠣᠨᠢᠨ ᠮᠡᠳᠡᠭᠡ ᠨᠡᠶ᠋ᠢᠲᠡᠯᠡᠭᠴᠢ᠄  ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠯᠢᠨ

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠪᠠᠢ᠌ᠩᠭᠤ ᠲᠣᠬᠢᠶᠠᠯᠳᠤᠬᠤ ᠠᠰᠠᠭᠤᠳᠠᠯ᠎ᠤᠨ ᠬᠠᠷᠢᠭᠤᠯᠲᠠ
ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠣᠯᠭᠣᠯᠲᠠ ᠵᠢ ᠠᠬᠢᠭᠤᠯᠬᠤ ᠵᠤᠷᠭ᠋ᠠᠨ᠎ᠤ ᠬᠠᠷᠢᠭᠤᠴᠠᠯᠭ᠋ᠠᠲᠠᠨ ᠣᠳᠣᠬᠠᠨ᠎ᠤ ᠠᠵᠢᠯ ᠣᠯᠭᠣᠯᠲᠠ ᠵᠢᠨ ᠪᠠᠶ᠋ᠢᠳᠠᠯ᠎ᠤᠨ ᠲᠤᠬᠠᠢ ᠶᠠᠷᠢᠭᠰᠠᠨ᠎ᠨᠢ
 
            