ᠠᠰᠠᠭᠤᠯᠲᠠ᠄ 《ᠦᠢ᠍ᠯᠡᠳᠪᠦᠷᠢᠯᠡᠬᠦ ᠪᠠ ᠪᠣᠯᠪᠠᠰᠤᠷᠠᠭᠤᠯᠬᠤ ᠵᠢ ᠤᠶᠠᠯᠳᠤᠭᠤᠯᠬᠤ》᠎ᠨᠢ 《ᠤᠷ᠎ᠠ ᠴᠢᠳᠠᠪᠤᠷᠢᠳᠦ ᠥᠪᠥᠷ ᠮᠣᠩᠭᠣᠯ᠎ᠤᠨ ᠠᠵᠢᠯᠯᠠᠭ᠎ᠠ》 ᠵᠢᠨ ᠬᠡᠷᠡᠭᠵᠢᠭᠦᠯᠬᠦ ᠲᠥᠰᠦᠯ (2022-2025 ᠣᠨ)》 ᠪᠣᠯᠤᠭᠰᠠᠨ᠎ᠤ ᠬᠤᠪᠢ᠎ᠳᠤ᠂ ᠨᠢᠭᠡᠨ ᠴᠢᠬᠤᠯᠠ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠂ ᠲᠡᠭᠦᠨ᠎ᠤ ᠪᠣᠳᠠᠲᠤ ᠠᠭᠤᠯᠤᠭᠳᠠᠬᠤᠨ᠎ᠨᠢ ᠶᠠᠭᠤ ᠪᠣᠶ? ᠮᠠᠨ᠎ᠤ ᠣᠷᠣᠨ᠎ᠤ 《ᠦᠢ᠍ᠯᠡᠳᠪᠦᠷᠢᠯᠡᠬᠦ ᠪᠠ ᠪᠣᠯᠪᠠᠰᠤᠷᠠᠭᠤᠯᠬᠤ ᠵᠢ ᠤᠶᠠᠯᠳᠤᠭᠤᠯᠬᠤ ᠵᠢ ᠴᠢᠨᠠᠷ ᠰᠠᠶ᠋ᠢᠲᠠᠶ ᠠᠬᠢᠭᠤᠯᠬᠤ》 ᠠᠷᠭ᠎ᠠ ᠵᠠᠮ᠎ᠨᠢ ᠶᠠᠭᠤ ᠪᠣᠶ?
ᠬᠠᠷᠢᠭᠤᠯᠲᠠ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠨᠡᠶ᠋ᠢᠭᠡᠮ᠎ᠤᠨ ᠬᠥᠭᠵᠢᠯᠲᠡ ᠵᠢᠨ ᠭᠠᠵᠠᠷ᠎ᠤᠨ ᠳᠠᠷᠤᠭ᠎ᠠ ᠮᠸᠦ ᠭᠦᠸᠸ ᠮᠢᠨ)᠄
《ᠦᠢ᠍ᠯᠡᠳᠪᠦᠷᠢᠯᠡᠬᠦ ᠪᠠ ᠪᠣᠯᠪᠠᠰᠤᠷᠠᠭᠤᠯᠬᠤ ᠵᠢ ᠤᠶᠠᠯᠳᠤᠭᠤᠯᠬᠤ》᠎ᠨᠢ ᠭᠣᠣᠯᠳᠠᠭᠤ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠪᠣᠯᠤᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠬᠡᠷᠡᠭᠴᠡᠭᠡ ᠵᠢᠨ ᠲᠣᠭᠣᠷᠢᠨ᠎ᠳᠤ᠂ ᠠᠵᠢᠯ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠤᠨ ᠣᠨᠣᠪᠴᠢ ᠵᠢᠨ ᠬᠡᠮᠵᠢᠶ᠎ᠡ ᠪᠣᠯᠤᠨ ᠪᠦᠲᠦᠮᠵᠢᠲᠦ ᠴᠢᠨᠠᠷ᠎ᠢ ᠳᠡᠭᠡᠭᠰᠢᠯᠡᠭᠦᠯᠦᠨ᠂ ᠠᠵᠤ ᠦᠢ᠍ᠯᠡᠰ᠎ᠤᠨ ᠬᠡᠯᠬᠢᠶ᠎ᠡ ᠪᠣᠯᠤᠨ ᠪᠣᠯᠪᠠᠰᠤᠷᠠᠯ᠎ᠤᠨ ᠬᠡᠯᠬᠢᠶ᠎ᠡ ᠵᠢ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠵᠤ᠂ ᠠᠵᠤ ᠦᠢ᠍ᠯᠡᠰ᠎ᠤᠨ ᠬᠥᠭᠵᠢᠯᠲᠡ ᠪᠣᠯᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠢ ᠣᠷᠭ᠋ᠠᠨᠢᠭ ᠵᠶ᠋ᠠᠷ ᠤᠶᠠᠯᠳᠤᠭᠤᠯᠬᠤ᠂ ᠰᠠᠶ᠋ᠢᠨ ᠨᠥᠬᠥᠴᠡᠯᠳᠦᠬᠦ ᠵᠢ ᠠᠬᠢᠭᠤᠯᠤᠨ᠎ᠠ᠃ 《ᠦᠢ᠍ᠯᠡᠳᠪᠦᠷᠢᠯᠡᠬᠦ ᠪᠠ ᠪᠣᠯᠪᠠᠰᠤᠷᠠᠭᠤᠯᠬᠤ ᠵᠢ ᠤᠶᠠᠯᠳᠤᠭᠤᠯᠬᠤ》᠎ᠨᠢ ᠨᠢᠭᠡᠨ ᠰᠢᠨ᠎ᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠣᠯᠤᠭᠰᠠᠨ᠎ᠤ ᠬᠤᠪᠢ᠎ᠳᠤ᠂ ᠮᠠᠨ᠎ᠤ ᠣᠷᠣᠨ᠎ᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠬᠤ᠂ ᠬᠥᠳᠡᠯᠮᠦᠷᠢᠴᠢᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠴᠢᠳᠠᠪᠤᠷᠢ ᠵᠢ ᠳᠡᠭᠡᠭᠰᠢᠯᠡᠭᠦᠯᠬᠦ᠂ ᠨᠠᠰᠤᠨ ᠲᠤᠷᠰᠢᠳᠠ ᠵᠢᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠤᠨ ᠰᠢᠰᠲ᠋ᠧᠮᠵᠢ ᠵᠢ ᠪᠠᠶ᠋ᠢᠭᠤᠯᠬᠤ ᠵᠡᠷᠭᠡ ᠲᠠᠯ᠎ᠠ᠎ᠪᠠᠷ ᠴᠢᠬᠤᠯᠠ ᠰᠠᠭᠤᠷᠢ ᠴᠢᠨᠠᠷᠲᠠᠶ ᠦᠢ᠍ᠯᠡᠳᠦᠯ᠎ᠲᠠᠢ ᠶᠤᠮ᠃
《ᠦᠢ᠍ᠯᠡᠳᠪᠦᠷᠢᠯᠡᠬᠦ ᠪᠠ ᠪᠣᠯᠪᠠᠰᠤᠷᠠᠭᠤᠯᠬᠤ ᠵᠢ ᠤᠶᠠᠯᠳᠤᠭᠤᠯᠬᠤ》 ᠴᠢᠨᠠᠷ ᠰᠠᠶ᠋ᠢᠲᠠᠶ ᠬᠥᠭᠵᠢᠯᠲᠡ ᠵᠢ ᠬᠡᠷᠬᠢᠨ ᠪᠡᠶᠡᠯᠡᠭᠦᠯᠬᠦ ᠭᠡᠳᠡᠭ᠎ᠢ ᠬᠤᠷᠢᠶᠠᠩᠭᠤᠶ᠋ᠢᠯᠠᠪᠠᠯ ᠳᠠᠷᠤᠶ ᠬᠠᠩᠭ᠋ᠠᠯᠭ᠎ᠠ ᠵᠢᠨ ᠲᠠᠯ᠎ᠠ ᠪᠠ ᠬᠡᠷᠡᠭᠴᠡᠭᠡ ᠵᠢᠨ ᠲᠠᠯ᠎ᠠ ᠵᠢᠨ ᠬᠣᠶᠠᠷ ᠠᠵᠢᠯ᠎ᠢ ᠰᠠᠶ᠋ᠢᠲᠤᠷ ᠬᠢᠵᠦ᠂ ᠬᠠᠩᠭ᠋ᠠᠯᠭ᠎ᠠ ᠬᠡᠷᠡᠭᠴᠡᠭᠡ ᠵᠢᠨ ᠬᠣᠶᠠᠷ ᠲᠠᠯ᠎ᠠ᠎ᠪᠠᠷ ᠨᠠᠷᠢᠯᠢᠭ ᠣᠨᠣᠴᠠᠲᠠᠶ ᠬᠦᠴᠦᠯᠡᠬᠦ᠂ ᠵᠡᠷᠭᠡ᠎ᠪᠠᠷ ᠠᠬᠢᠭᠤᠯᠬᠤ ᠠᠵᠢᠯ᠎ᠤᠨ ᠪᠠᠶ᠋ᠢᠷᠢᠰᠢᠯ᠎ᠢ ᠪᠣᠶ ᠪᠣᠯᠭ᠋ᠠᠬᠤ ᠵᠢ ᠠᠬᠢᠭᠤᠯᠬᠤ ᠶᠠᠪᠤᠳᠠᠯ ᠪᠣᠯᠤᠨ᠎ᠠ᠃ ᠨᠢᠭᠡ᠎ᠳᠤ᠂ ᠬᠠᠩᠭ᠋ᠠᠯᠭ᠎ᠠ ᠵᠢᠨ ᠲᠠᠯ᠎ᠠ᠎ᠪᠠᠷ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠬᠡᠪᠴᠢᠶ᠎ᠡ ᠵᠢ ᠥᠷᠭᠡᠳᠬᠡᠨ ᠴᠢᠨᠠᠷ᠎ᠢ ᠳᠡᠭᠡᠭᠰᠢᠯᠡᠭᠦᠯᠬᠦ ᠵᠢ ᠪᠡᠶᠡᠯᠡᠭᠦᠯᠬᠦ ᠬᠡᠷᠡᠭᠲᠡᠶ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠡᠬᠢ ᠪᠠᠶᠠᠯᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠦᠨᠡᠨ ᠬᠦ᠌ ᠥᠷᠭᠡᠳᠬᠡᠵᠦ ᠴᠢᠳᠠᠬᠤ ᠡᠰᠡᠬᠦ ᠵᠢᠨ ᠵᠠᠩᠭᠢᠯᠠᠭ᠎ᠠ᠎ᠨᠢ ᠠᠵᠤ ᠠᠬᠤᠶ᠋ᠢᠯᠠᠯ᠂ ᠶᠡᠬᠡ ᠳᠡᠭᠡᠳᠦ ᠰᠤᠷᠭ᠋ᠠᠭᠤᠯᠢ᠂ ᠡᠯ᠎ᠡ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠪᠠᠶ᠋ᠢᠭᠤᠯᠤᠮᠵᠢ᠂ ᠵᠠᠰᠠᠭ᠎ᠤᠨ ᠣᠷᠳᠣᠨ ᠵᠶ᠋ᠠᠷ ᠤᠳᠤᠷᠢᠳᠤᠮᠵᠢ ᠪᠣᠯᠭ᠋ᠠᠭᠰᠠᠨ ᠣᠯᠠᠨ ᠨᠡᠶ᠋ᠢᠲᠡ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠤᠨ 《ᠳᠥᠷᠪᠡᠨ ᠶᠡᠬᠡ ᠠᠴᠢᠶᠠᠯᠠᠪᠤᠷᠢ》 ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠪᠣᠯᠪᠠᠰᠤᠷᠠᠯ᠎ᠤᠨ ᠡᠬᠢ ᠪᠠᠶᠠᠯᠢᠭ᠎ᠤᠨ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠢ ᠤᠯᠠᠮ ᠠᠬᠢᠭᠤᠯᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ᠂ ᠴᠡᠷᠢᠭ᠎ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ᠎ᠲᠠᠢ ᠠᠵᠢᠯ ᠣᠯᠭᠣᠯᠲᠠ ᠵᠢᠨ ᠬᠦᠮᠦᠰ᠎ᠤᠨ ᠣᠯᠠᠨ ᠨᠡᠶ᠋ᠢᠲᠡ ᠵᠢᠨ ᠪᠣᠯᠪᠠᠰᠤᠷᠠᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠪᠣᠯᠤᠮᠵᠢᠲᠤ ᠴᠢᠨᠠᠷ ᠪᠠ ᠲᠥᠬᠥᠮ᠎ᠤᠨ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠬᠦ᠎ᠳᠤ ᠪᠠᠶ᠋ᠢᠨ᠎ᠠ᠃ ᠠᠵᠤ ᠠᠬᠤᠶ᠋ᠢᠯᠠᠯ᠎ᠳᠤ ᠠᠪᠴᠤ ᠬᠡᠯᠡᠪᠡᠯ᠂ ᠪᠣᠯᠪᠠᠰᠤᠷᠠᠯ᠎ᠤᠨ ᠪᠡᠶᠡᠴᠢ ᠴᠣᠭᠴᠠ ᠵᠢᠨ ᠦᠢ᠍ᠯᠡᠳᠦᠯ᠎ᠢ ᠪᠠᠳᠠᠷᠠᠭᠤᠯᠬᠤ ᠪᠣᠯ ᠭᠤᠤᠯᠳᠠᠯᠭ᠎ᠠ ᠪᠣᠯᠤᠨ᠎ᠠ᠃ ᠵᠠᠬ᠎ᠠ ᠳᠡᠯᠭᠡᠭᠦᠷ᠎ᠲᠤ ᠶᠠᠮᠠᠷ ᠦᠢ᠍ᠯᠡᠳᠬᠦᠨ ᠪᠠ ᠦᠢ᠍ᠯᠡᠴᠢᠯᠡᠭᠡ ᠬᠡᠷᠡᠭᠰᠡᠬᠦ᠂ ᠠᠵᠤ ᠠᠬᠤᠶ᠋ᠢᠯᠠᠯ᠎ᠳᠤ ᠶᠠᠮᠠᠷ ᠴᠢᠳᠠᠪᠤᠷᠢᠲᠠᠨ ᠪᠠ ᠮᠡᠷᠭᠡᠵᠢᠯ ᠬᠡᠷᠡᠭᠰᠡᠬᠦ ᠲᠤᠬᠠᠢ ᠠᠵᠤ ᠠᠬᠤᠶ᠋ᠢᠯᠠᠯ ᠬᠠᠮᠤᠭ᠎ᠠᠴᠠ ᠢᠯᠡᠭᠦᠦ ᠦᠭᠡ ᠬᠡᠯᠡᠬᠦ ᠡᠷᠬᠡ᠎ᠲᠠᠢ ᠪᠠᠶ᠋ᠢᠳᠠᠭ᠃ ᠠᠵᠤ ᠠᠬᠤᠶ᠋ᠢᠯᠠᠯ᠎ᠤᠨ ᠬᠦᠰᠡᠯ ᠰᠠᠨᠠᠭ᠎ᠠ ᠵᠢ ᠭᠦᠢ᠍ᠴᠡᠳ ᠬᠦᠨᠳᠦᠳᠬᠡᠵᠦ᠂ ᠠᠵᠤ ᠠᠬᠤᠶ᠋ᠢᠯᠠᠯ᠎ᠢ ᠬᠠᠪᠰᠤᠷᠤᠨ ᠪᠣᠯᠪᠠᠰᠤᠷᠠᠯ ᠥᠷᠨᠢᠭᠦᠯᠬᠦ ᠵᠢᠨ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠪᠠ ᠬᠠᠮᠢᠶ᠎ᠠ ᠪᠥᠬᠥᠶ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠵᠤ ᠠᠬᠤᠶ᠋ᠢᠯᠠᠯ᠎ᠤᠨ ᠣᠯᠠᠨ ᠲᠠᠰ ᠳᠠᠪᠬᠤᠷᠭ᠎ᠠ᠂ ᠶᠡᠬᠡ ᠬᠡᠪᠴᠢᠶᠡᠨ᠎ᠤ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠂ ᠠᠵᠢᠯ᠎ᠤᠨ ᠪᠠᠶ᠋ᠢᠷᠢ ᠵᠢᠨ ᠪᠣᠯᠪᠠᠰᠤᠷᠠᠯ᠂ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠪᠣᠯᠪᠠᠰᠤᠷᠠᠯ ᠪᠠ ᠠᠵᠢᠯ᠎ᠤᠨ ᠪᠠᠶ᠋ᠢᠷᠢ ᠰᠣᠯᠢᠬᠤ ᠪᠣᠯᠪᠠᠰᠤᠷᠠᠯ ᠥᠷᠨᠢᠭᠦᠯᠬᠦ ᠵᠢ ᠦᠨᠡᠨᠬᠦ ᠳᠡᠮᠵᠢᠬᠦ ᠬᠡᠷᠡᠭᠲᠡᠶ; ᠠᠵᠢᠯ ᠲᠥᠷᠥᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠂ ᠲᠣᠮᠣ ᠬᠡᠯᠪᠡᠷᠢ ᠵᠢᠨ ᠠᠵᠤ ᠠᠬᠤᠶ᠋ᠢᠯᠠᠯ᠎ᠢ ᠳᠡᠮᠵᠢᠵᠦ ᠪᠠᠶ᠋ᠢᠭ᠋ᠠᠳ ᠥᠪᠡᠷ᠎ᠤᠨ ᠠᠵᠢᠯᠲᠠᠨ ᠠᠵᠢᠯᠴᠢᠨ᠎ᠤ ᠪᠣᠯᠪᠠᠰᠤᠷᠠᠯ᠎ᠤᠨ ᠪᠠᠶ᠋ᠢᠭᠤᠯᠤᠮᠵᠢ ᠪᠠᠶ᠋ᠢᠭᠤᠯᠵᠤ᠂ ᠠᠵᠤ ᠦᠢ᠍ᠯᠡᠰ᠎ᠤᠨ ᠬᠡᠯᠬᠢᠶ᠎ᠡ᠎ᠳᠠᠬᠢ ᠬᠣᠯᠪᠣᠭᠳᠠᠬᠤ ᠬᠡᠮᠵᠢᠶ᠎ᠡ᠎ᠪᠠᠷ ᠨᠡᠯᠢᠶᠡᠳ ᠥᠨᠳᠥᠷ ᠪᠦᠬᠦᠢ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠳᠤ ᠬᠠᠨᠳᠤᠭᠤᠯᠤᠨ ᠪᠣᠯᠪᠠᠰᠤᠷᠠᠯ ᠥᠷᠨᠢᠭᠦᠯᠬᠦ ᠬᠡᠷᠡᠭᠲᠡᠶ᠃ ᠶᠡᠬᠡ ᠳᠡᠭᠡᠳᠦ ᠰᠤᠷᠭ᠋ᠠᠭᠤᠯᠢ᠎ᠳᠤ ᠠᠪᠴᠤ ᠬᠡᠯᠡᠪᠡᠯ᠂ ᠪᠣᠯᠪᠠᠰᠤᠷᠠᠯ᠎ᠤᠨ ᠠᠭᠤᠯᠭ᠎ᠠ ᠵᠢᠨ ᠬᠠᠨᠳᠤᠯᠭ᠋ᠠᠲᠤ ᠴᠢᠨᠠᠷ᠎ᠢ ᠳᠡᠭᠡᠭᠰᠢᠯᠡᠭᠦᠯᠬᠦ ᠪᠣᠯ ᠭᠤᠤᠯᠳᠠᠯᠭ᠎ᠠ ᠪᠣᠯᠤᠨ᠎ᠠ᠃ ᠶᠡᠬᠡ ᠳᠡᠭᠡᠳᠦ ᠰᠤᠷᠭ᠋ᠠᠭᠤᠯᠢ ᠵᠢᠨ ᠲᠣᠰ ᠪᠡᠶ᠎ᠡ ᠵᠢᠨ ᠪᠠᠭᠰᠢ ᠵᠢᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠬᠤ ᠵᠢ ᠳᠡᠮᠵᠢᠨ ᠬᠥᠲᠥᠯᠥᠨ ᠵᠢᠯᠣᠭᠣᠳᠴᠤ᠂ ᠪᠣᠯᠪᠠᠰᠤᠷᠠᠯ᠎ᠤᠨ ᠠᠭᠤᠯᠭ᠎ᠠ ᠪᠣᠯᠤᠨ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ᠎ᠯᠤᠭ᠎ᠠ ᠵᠣᠬᠢᠴᠠᠬᠤ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠦᠨᠡᠨ ᠬᠦ᠌ ᠪᠣᠳᠠᠲᠠᠶ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠶ; ᠶᠡᠬᠡ ᠳᠡᠭᠡᠳᠦ ᠰᠤᠷᠭ᠋ᠠᠭᠤᠯᠢ ᠵᠢᠨ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠂ ᠭᠤᠤᠯᠳᠠᠯᠭ᠎ᠠ᠎ᠲᠠᠢ ᠠᠵᠢᠯ ᠣᠯᠭᠣᠯᠲᠠ ᠵᠢᠨ ᠬᠥᠮᠦᠰ᠎ᠲᠤ ᠬᠠᠨᠳᠤᠭᠤᠯᠤᠭᠰᠠᠨ ᠨᠡᠭᠡᠭᠡᠯᠲᠡ ᠵᠢᠨ ᠬᠡᠮᠵᠢᠶ᠎ᠡ ᠵᠢ ᠨᠡᠮᠡᠭᠳᠡᠭᠦᠯᠬᠦ ᠬᠡᠷᠡᠭᠲᠡᠶ᠃ ᠡᠯ᠎ᠡ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠠᠪᠴᠤ ᠬᠡᠯᠡᠪᠡᠯ᠂ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠴᠢᠬᠤᠯᠠᠴᠢᠯᠠᠬᠤ ᠬᠡᠷᠡᠭᠲᠡᠶ᠃ ᠡᠯ᠎ᠡ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠬᠡᠪ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ ᠥᠷᠨᠢᠭᠦᠯᠬᠦ᠎ᠳᠤ ᠦᠢ᠍ᠯᠡᠴᠢᠯᠡᠭᠡ ᠬᠠᠩᠭ᠋ᠠᠵᠤ᠂ ᠵᠢᠷᠤᠮᠵᠢᠭᠰᠠᠨ ᠬᠠᠮᠢᠶᠠᠷᠤᠯᠲᠠ ᠵᠢ ᠠᠬᠢᠭᠤᠯᠬᠤ ᠬᠡᠷᠡᠭᠲᠡᠶ᠃ ᠡᠯ᠎ᠡ ᠲᠥᠷᠥᠯ᠎ᠤᠨ ᠣᠯᠠᠨ ᠨᠡᠶ᠋ᠢᠲᠡ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠲᠤ ᠠᠪᠴᠤ ᠬᠡᠯᠡᠪᠡᠯ᠂ ᠰᠠᠭᠤᠷᠢ ᠲᠤᠯᠭ᠋ᠠᠭᠤᠷᠢᠯᠠᠬᠤ ᠦᠢ᠍ᠯᠡᠳᠦᠯ᠎ᠢ ᠪᠠᠳᠠᠷᠠᠭᠤᠯᠬᠤ᠎ᠨᠢ ᠭᠤᠤᠯᠳᠠᠯᠭ᠎ᠠ ᠪᠤᠯᠤᠨ᠎ᠠ᠃ ᠭᠣᠣᠯᠳᠠᠯᠭ᠎ᠠ᠎ᠲᠠᠢ ᠠᠵᠢᠯ ᠣᠯᠭᠣᠬᠤ ᠬᠥᠮᠦᠰ᠎ᠲᠤ ᠦᠢ᠍ᠯᠡᠴᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠡᠷᠭᠡᠵᠢᠯ᠎ᠤᠨ ᠠᠵᠢᠯᠴᠢᠨ᠎ᠤ ᠤᠷ᠎ᠠ ᠴᠢᠳᠠᠪᠤᠷᠢ ᠵᠢᠨ ᠲᠦᠪᠰᠢᠨ᠎ᠢ ᠳᠡᠭᠡᠭᠰᠢᠯᠡᠭᠦᠯᠵᠦ᠂ ᠣᠬᠣᠷ ᠬᠤᠭᠤᠴᠠᠭ᠋ᠠᠨ᠎ᠤ ᠬᠡᠷᠡᠭᠯᠡᠭᠡᠨ᠎ᠤ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠬᠠᠩᠭ᠋ᠠᠯᠭ᠎ᠠ ᠬᠠᠩᠭ᠋ᠠᠵᠤ᠂ ᠡᠯ᠎ᠡ ᠲᠦᠷᠦᠯ᠎ᠤᠨ ᠬᠥᠳᠡᠯᠮᠦᠷᠢᠴᠢᠳ᠎ᠲᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠪᠣᠯᠪᠠᠰᠤᠷᠠᠯ᠎ᠤᠨ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠬᠣᠶᠠᠷ᠎ᠲᠤ ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ᠎ᠪᠠᠷ ᠬᠥᠳᠡᠯᠮᠦᠷᠢᠯᠡᠭᠴᠢᠳ᠎ᠤᠨ ᠪᠣᠯᠪᠠᠰᠤᠷᠠᠯ᠎ᠳᠤ ᠢᠳᠡᠪᠬᠢᠲᠡᠶ ᠣᠷᠣᠯᠴᠠᠬᠤ ᠵᠢ ᠪᠡᠶᠡᠯᠡᠭᠦᠯᠬᠦ ᠬᠡᠷᠡᠭᠲᠡᠶ᠃ ᠥᠷᠭᠡᠨ ᠣᠯᠠᠨ ᠬᠥᠳᠡᠯᠮᠦᠷᠢᠯᠡᠭᠴᠢᠳ᠎ᠤᠨ ᠡᠷᠬᠢᠯᠡᠭᠰᠡᠨ ᠠᠵᠢᠯ᠎ᠤᠨ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠳᠤ ᠣᠷᠣᠯᠴᠠᠬᠤ ᠢᠳᠡᠪᠬᠢᠵᠢᠯ ᠪᠣᠯᠤᠨ ᠰᠠᠨᠠᠭ᠋ᠠᠴᠢᠯᠠᠭ᠋ᠠᠲᠤ ᠴᠢᠨᠠᠷ᠎ᠢ ᠭᠦᠢ᠍ᠴᠡᠳ ᠳᠠᠶ᠋ᠢᠴᠢᠯᠠᠬᠤ᠎ᠳᠤ ᠵᠠᠩᠭᠢᠯᠠᠭ᠎ᠠ᠎ᠨᠢ 《ᠬᠣᠶᠠᠷ ᠪᠠᠶ᠋ᠢᠬᠤ》 ᠵᠢ ᠪᠡᠶᠡᠯᠡᠭᠦᠯᠬᠦ ᠬᠡᠷᠡᠭᠲᠡᠶ᠂ ᠨᠢᠭᠡ᠎ᠳᠤ ᠬᠤᠪᠢ ᠬᠥᠮᠦᠨ ᠬᠦᠰᠡᠯ ᠰᠠᠨᠠᠭ᠎ᠠ᠎ᠲᠠᠢ ᠪᠠᠶ᠋ᠢᠬᠤ ᠬᠡᠷᠡᠭᠲᠡᠶ᠂ ᠬᠣᠶᠠᠷ᠎ᠲᠤ ᠵᠠᠰᠠᠭ᠎ᠤᠨ ᠣᠷᠳᠣᠨ ᠪᠣᠳᠠᠲᠠᠶ ᠠᠷᠭ᠎ᠠ᠎ᠲᠠᠢ ᠪᠠᠶ᠋ᠢᠬᠤ ᠬᠡᠷᠡᠭᠲᠡᠶ᠃ ᠥᠷᠭᠡᠨ ᠤᠯᠠᠨ ᠬᠥᠳᠡᠯᠮᠦᠷᠢᠴᠢᠳ᠎ᠲᠤ ᠠᠪᠴᠤ ᠬᠡᠯᠡᠪᠡᠯ᠂ ᠡᠷᠬᠡᠪᠰᠢ ᠨᠠᠮ ᠪᠠ ᠵᠠᠰᠠᠭ᠎ᠤᠨ ᠣᠷᠳᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠴᠢᠬᠤᠯᠠᠴᠢᠯᠠᠬᠤ ᠶᠡᠬᠡ ᠰᠠᠢ᠌ᠨ ᠲᠣᠬᠢᠶᠠᠯ᠎ᠢ ᠨᠠᠨᠳᠢᠩᠨᠠᠵᠤ᠂ ᠴᠠᠭ ᠪᠠ ᠤᠶᠤᠨ ᠴᠢᠳᠠᠯ ᠵᠶ᠋ᠠᠨ ᠭᠠᠷᠭ᠋ᠠᠨ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠳᠤ ᠢᠳᠡᠪᠬᠢᠲᠡᠢ ᠣᠷᠣᠯᠴᠠᠵᠤ᠂ ᠠᠵᠢᠯ ᠤᠯᠬᠤ ᠪᠠ ᠦᠢ᠍ᠯᠡᠰ ᠴᠣᠭᠴᠠᠯᠠᠬᠤ ᠵᠢᠩᠬᠢᠨᠢ ᠴᠢᠳᠠᠪᠤᠷᠢ ᠵᠢ ᠦᠨᠡᠨ ᠬᠦ᠌ ᠡᠵᠡᠮᠰᠢᠨ᠂ ᠠᠵᠢᠯᠴᠢ ᠬᠥᠳᠡᠯᠮᠦᠷᠢᠴᠢ᠎ᠪᠠᠷ ᠰᠢᠨ᠎ᠡ ᠵᠢ ᠡᠭᠦᠳᠴᠦ ᠪᠠᠶᠠᠵᠢᠬᠤ ᠠᠷᠭ᠎ᠠ ᠤᠬᠠᠭ᠋ᠠᠨ ᠡᠷᠭᠦᠬᠦ ᠬᠡᠷᠡᠭᠲᠡᠢ᠃ ᠵᠠᠰᠠᠭ᠎ᠤᠨ ᠣᠷᠳᠣᠨ᠎ᠤ ᠲᠠᠯ᠎ᠠ᠎ᠠᠴᠠ ᠠᠪᠴᠤ ᠬᠡᠯᠡᠪᠡᠯ᠂ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ 《ᠬᠥᠳᠡᠯᠮᠦᠷᠢ ᠥᠩᠭᠡ ᠭᠡᠷᠡᠯᠲᠡᠶ᠂ ᠮᠡᠷᠭᠡᠵᠢᠯ ᠴᠢᠳᠠᠪᠤᠷᠢ ᠡᠷᠬᠢᠮ ᠨᠠᠨᠳᠢᠨ᠂ ᠡᠭᠦᠳᠦᠨ ᠪᠦᠲᠦᠭᠡᠯᠲᠡ ᠠᠭᠤᠤ ᠶᠡᠬᠡ》 ᠪᠠᠶ᠋ᠢᠬᠤ ᠨᠡᠶ᠋ᠢᠭᠡᠮ᠎ᠤᠨ ᠤᠳᠤᠷᠢᠳᠤᠮᠵᠢ ᠵᠢ ᠶᠡᠬᠡᠪᠡᠷ ᠪᠣᠶ ᠪᠣᠯᠭ᠋ᠠᠵᠤ᠂ ᠥᠷᠭᠡᠨ ᠣᠯᠠᠨ ᠬᠥᠳᠡᠯᠮᠦᠷᠢᠯᠡᠭᠴᠢᠳ᠎ᠤᠨ ᠣᠷᠣᠯᠭ᠎ᠠ ᠪᠣᠯᠤᠨ ᠣᠯᠭᠣᠮᠵᠢ ᠵᠢᠨ ᠬᠢᠷᠢ ᠬᠡᠮᠵᠢᠶ᠎ᠡ ᠵᠢ ᠦᠨᠡᠨᠬᠦ ᠳᠡᠭᠡᠭᠰᠢᠯᠡᠭᠦᠯᠵᠦ᠂ ᠨᠡᠩ ᠣᠯᠠᠨ ᠮᠡᠷᠭᠡᠵᠢᠯ ᠴᠢᠳᠠᠪᠤᠷᠢ᠎ᠲᠠᠢ ᠬᠥᠳᠡᠯᠮᠦᠷᠢᠯᠡᠭᠴᠢᠳᠢ ᠡᠷᠲᠡᠬᠡᠨ ᠳᠤᠮᠳᠠ ᠵᠡᠷᠭᠡ ᠵᠢᠨ ᠣᠷᠣᠯᠭ᠎ᠠ᠎ᠲᠠᠢ ᠬᠥᠮᠦᠰ᠎ᠤᠨ ᠡᠩᠨᠡᠭᠡ᠎ᠳᠤ ᠣᠷᠣᠭᠤᠯᠬᠤ ᠵᠢ ᠠᠬᠢᠭᠤᠯᠬᠤ ᠬᠡᠷᠡᠭᠲᠡᠶ᠃
ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠵᠥᠪᠯᠡᠯ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ᠂ 《ᠦᠢ᠍ᠯᠡᠳᠪᠦᠷᠢᠯᠡᠬᠦ ᠪᠠ ᠪᠣᠯᠪᠠᠰᠤᠷᠠᠭᠤᠯᠬᠤ ᠵᠢ ᠤᠶᠠᠯᠳᠤᠭᠤᠯᠬᠤ》 ᠶᠡᠷᠦᠩᠬᠡᠶ ᠱᠠᠭ᠋ᠠᠷᠳᠠᠯᠭ᠎ᠠ ᠶᠣᠰᠣᠭ᠋ᠠᠷ᠂ ᠬᠠᠩᠭ᠋ᠠᠯᠭ᠎ᠠ ᠪᠠ ᠬᠡᠷᠡᠭᠴᠡᠭᠡ ᠵᠢᠨ ᠬᠣᠶᠠᠷ ᠲᠠᠯ᠎ᠠ᠎ᠠᠴᠠ ᠣᠨᠣᠪᠴᠢᠲᠠᠶ ᠬᠦᠴᠦᠯᠡᠵᠦ᠂ 《ᠦᠢ᠍ᠯᠡᠳᠪᠦᠷᠢᠯᠡᠬᠦ ᠪᠠ ᠪᠣᠯᠪᠠᠰᠤᠷᠠᠭᠤᠯᠬᠤ ᠵᠢ ᠤᠶᠠᠯᠳᠤᠭᠤᠯᠬᠤ》 ᠪᠥᠲᠥᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠡᠭ᠎ᠤᠨ ᠠᠵᠢᠯᠯᠠᠭ᠎ᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠢᠭᠡ ᠪᠦᠯᠦᠭ ᠣᠯᠠᠨ ᠨᠡᠶ᠋ᠢᠲᠡ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠲᠥᠰᠦᠪᠯᠡᠨ ᠳᠡᠮᠵᠢᠵᠦ᠂ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ ᠬᠡᠯᠪᠡᠷᠢ ᠵᠢᠨ ᠲᠤᠷᠰᠢᠯᠲᠠ ᠵᠢᠨ ᠴᠡᠭ᠎ᠤᠨ ᠬᠣᠲᠠ᠂ ᠠᠵᠢᠯ ᠲᠥᠷᠥᠯ ᠪᠠ ᠠᠵᠤ ᠠᠬᠤᠶ᠋ᠢᠯᠠᠯ᠎ᠢ ᠪᠣᠶ᠋ᠢᠵᠢᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠠᠵᠤ ᠦᠢ᠍ᠯᠡᠰ᠎ᠤᠨ ᠬᠡᠷᠡᠭᠴᠡᠭᠡ ᠱᠠᠭ᠋ᠠᠷᠳᠠᠯᠭ᠎ᠠ ᠪᠠ ᠪᠣᠯᠪᠠᠰᠤᠷᠠᠯ᠎ᠤᠨ ᠠᠭᠤᠯᠭ᠎ᠠ ᠵᠢᠨ ᠵᠣᠬᠢᠴᠠᠬᠤ ᠬᠡᠮᠵᠢᠶ᠎ᠡ ᠵᠢ ᠤᠯᠠᠮ ᠳᠡᠭᠡᠭᠰᠢᠯᠡᠭᠦᠯᠵᠦ᠂ 《ᠦᠢ᠍ᠯᠡᠳᠪᠦᠷᠢᠯᠡᠬᠦ ᠪᠠ ᠪᠣᠯᠪᠠᠰᠤᠷᠠᠭᠤᠯᠬᠤ ᠵᠢ ᠤᠶᠠᠯᠳᠤᠭᠤᠯᠬᠤ》 ᠠᠵᠢᠯ᠎ᠤᠨ ᠪᠣᠳᠠᠲᠠᠶ᠎ᠳᠤ ᠨᠠᠶ᠋ᠢᠳᠠᠪᠤᠷᠢᠵᠢᠭᠤᠯᠤᠭᠳᠠᠬᠤ᠂ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠤ ᠠᠵᠤ ᠦᠢ᠍ᠯᠡᠰ᠎ᠤᠨ ᠴᠢᠳᠠᠪᠤᠷᠢᠲᠠᠨ᠎ᠤ ᠴᠢᠩᠭ᠎ᠠ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃
ᠠᠰᠠᠭᠤᠯᠲᠠ᠄ 《ᠬᠡᠷᠡᠭᠵᠢᠭᠦᠯᠬᠦ ᠲᠥᠰᠦᠯ》᠎ᠨᠢ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠲᠠᠯ᠎ᠠ᠎ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠳᠤᠷᠠᠳᠤᠭᠰᠠᠨ ᠪᠣᠶ?
ᠬᠠᠷᠢᠭᠤᠯᠲᠠ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢᠨ ᠭᠠᠵᠠᠷ᠎ᠤᠨ ᠳᠠᠷᠤᠭ᠎ᠠ ᠵᠠᠩ ᠰᠢᠶᠤᠤ ᠳ᠋ᠦᠩ)᠄
ᠳᠡᠭᠡᠳᠦ ᠮᠡᠷᠭᠡᠵᠢᠯ᠎ᠤᠨ ᠴᠢᠳᠠᠪᠤᠷᠢᠲᠠᠨ ᠪᠣᠯ ᠴᠢᠳᠠᠪᠤᠷᠢᠲᠠᠨ᠎ᠤ ᠡᠩᠨᠡᠭᠡ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠪᠡᠶᠡᠯᠡᠭᠦᠯᠬᠦ᠎ᠳᠤ ᠳᠤᠲᠠᠭᠳᠠᠵᠤ ᠪᠣᠯᠤᠰᠢ ᠦᠭᠡᠢ ᠴᠢᠬᠤᠯᠠ ᠬᠦᠴᠦᠨ ᠮᠥᠨ᠃
《ᠬᠡᠷᠡᠭᠵᠢᠭᠦᠯᠬᠦ ᠲᠥᠰᠦᠯ》᠎ᠤᠨ ᠲᠠᠪᠤᠨ ᠲᠥᠯᠥᠪᠯᠡᠭᠡ᠎ᠳᠤ ᠲᠤᠰᠬᠠᠶ᠋ᠢᠯᠠᠨ 《ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠲᠥᠯᠥᠪᠯᠡᠭᠡ》 ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠳᠤᠤᠷᠠᠬᠢ ᠬᠡᠳᠦᠨ ᠲᠠᠯ᠎ᠠ ᠵᠢᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃
ᠨᠢᠭᠡ᠎ᠳᠤ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ 《ᠵᠠᠭᠤ ᠮᠢᠩᠭ᠎ᠠ ᠲᠦᠮᠡ》 ᠵᠢᠨ ᠲᠤᠰᠬᠠᠶ ᠵᠦᠢ᠍ᠯ᠎ᠤᠨ ᠬᠥᠮᠦᠵᠢᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠰᠦᠷᠦᠭᠵᠢᠯ ᠪᠠ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠮᠡᠷᠭᠡᠵᠢᠯ᠎ᠤᠨ ᠬᠥᠭᠵᠢᠯᠲᠡ ᠵᠢ ᠬᠥᠲᠥᠯᠦᠨ ᠳᠠᠭ᠋ᠠᠭᠤᠯᠵᠤ ᠳᠡᠶ᠋ᠢᠯᠬᠦ ᠵᠠᠭᠤ᠎ᠠᠴᠠ ᠳᠡᠭᠡᠭᠰᠢᠬᠢ ᠣᠨᠴᠠ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ᠂ ᠮᠢᠩᠭ᠎ᠠ᠎ᠠᠴᠠ ᠳᠡᠭᠡᠭᠰᠢᠬᠢ ᠳᠤᠲᠠᠭᠳᠠᠵᠤ ᠪᠠᠶ᠋ᠢᠭ᠎ᠠ ᠪᠠᠴᠢᠮ ᠬᠡᠷᠡᠭᠴᠡᠭᠡᠲᠦ ᠠᠵᠢᠯ ᠮᠡᠷᠭᠡᠵᠢᠯ (ᠠᠵᠢᠯ ᠲᠥᠷᠥᠯ)᠎ᠤᠨ ᠮᠠᠰᠲ᠋ᠧᠷ ᠳᠡᠭᠡᠳᠦ ᠮᠠᠰᠲ᠋ᠧᠷ᠂ ᠲᠦᠮᠡ᠎ᠠᠴᠠ ᠳᠡᠭᠡᠭᠰᠢᠬᠢ ᠠᠵᠤ ᠠᠬᠤᠶ᠋ᠢᠯᠠᠯ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠪᠠ ᠭᠠᠵᠠᠷ ᠣᠷᠣᠨ᠎ᠤ ᠠᠵᠤ ᠦᠢ᠍ᠯᠡᠰ᠎ᠤᠨ ᠮᠡᠷᠭᠡᠵᠢᠯ᠎ᠤᠨ ᠴᠢᠳᠠᠪᠤᠷᠢ ᠵᠢᠨ ᠳᠠᠭ᠋ᠠᠭᠤᠯᠤᠭᠴᠢ ᠵᠢ ᠬᠥᠮᠦᠵᠢᠭᠦᠯᠦᠨ᠎ᠡ᠃ ᠬᠣᠶᠠᠷ᠎ᠲᠤ᠂ ᠰᠤᠷᠭ᠋ᠠᠭᠤᠯᠢ ᠠᠵᠤ ᠠᠬᠤᠶ᠋ᠢᠯᠠᠯ ᠬᠠᠮᠲᠤᠷᠠᠯᠴᠠᠵᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠠᠮᠲᠤ᠎ᠪᠠᠷ ᠬᠥᠮᠦᠵᠢᠭᠦᠯᠬᠦ ᠵᠢ ᠠᠬᠢᠭᠤᠯᠤᠨ᠎ᠠ᠃ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠬᠢᠭᠡᠳ ᠠᠵᠤ ᠠᠬᠤᠶ᠋ᠢᠯᠠᠯ ᠬᠠᠮᠲᠤᠷᠠᠨ 《ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠰᠢᠭᠤᠳ ᠨᠡᠪᠲᠡᠷᠡᠬᠦ ᠠᠩᠭᠢ》᠂ 《ᠪᠡᠯᠡᠳᠬᠡᠯ ᠮᠠᠰᠲ᠋ᠧᠷ᠎ᠤᠨ ᠪᠣᠯᠪᠠᠰᠤᠷᠠᠯ᠎ᠤᠨ ᠠᠩᠭᠢ》 ᠨᠡᠭᠡᠭᠡᠨ ᠡᠷᠭᠢᠯᠡᠬᠦ ᠵᠢ ᠵᠣᠷᠢᠭᠵᠢᠭᠤᠯᠵᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠨ ᠳᠠᠳᠤᠯᠭ᠎ᠠ ᠬᠢᠬᠦ ᠰᠠᠭᠤᠷᠢᠨ ᠭᠠᠵᠠᠷ ᠪᠠᠶ᠋ᠢᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠯᠪᠣᠭ᠎ᠠ (ᠪᠦᠯᠦᠭᠯᠡᠯ) ᠵᠢ ᠵᠣᠬᠢᠶᠠᠨ
ᠪᠠᠶ᠋ᠢᠭᠤᠯᠵᠤ᠂ ᠠᠵᠤ ᠠᠬᠤᠶ᠋ᠢᠯᠠᠯ ᠪᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠬᠠᠮᠲᠤᠷᠠᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠬᠥᠮᠦᠵᠢᠭᠦᠯᠬᠦ ᠵᠢ ᠠᠬᠢᠭᠤᠯᠤᠨ᠎ᠠ᠃ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠬᠢᠭᠡᠳ ᠠᠵᠤ ᠠᠬᠤᠶ᠋ᠢᠯᠠᠯ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠢᠭᠡᠴᠢ᠎ᠯᠦᠭᠡ ᠮᠡᠷᠭᠡᠵᠢᠯ ᠴᠢᠳᠠᠪᠤᠷᠢ ᠵᠢᠨ ᠶᠡᠬᠡ ᠮᠠᠰᠲᠸᠷ᠎ᠤᠨ ᠠᠵᠢᠯᠯᠠᠬᠤ ᠲᠠᠰᠤᠭ ᠬᠠᠮᠲᠤ᠎ᠪᠠᠷ ᠪᠠᠶ᠋ᠢᠭᠤᠯᠬᠤ ᠵᠢ ᠵᠣᠷᠢᠭᠵᠢᠭᠤᠯᠵᠤ᠂ ᠮᠠᠰᠲᠸᠷᠢ ᠵᠣᠬᠢᠶᠠᠨ ᠪᠠᠶ᠋ᠢᠭᠤᠯᠤᠨ ᠰᠤᠳᠤᠯᠤᠨ ᠰᠤᠷᠤᠯᠴᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠮᠡᠷᠭᠡᠵᠢᠯ᠎ᠤᠨ ᠰᠢᠨᠡᠴᠢᠯᠡᠯᠲᠡ ᠵᠢᠨ ᠲᠥᠷᠥᠯ ᠵᠦᠢ᠍ᠯ᠎ᠢ ᠬᠠᠮᠲᠤᠷᠠᠨ ᠥᠷᠨᠢᠭᠦᠯᠵᠦ᠂ ᠮᠠᠰᠲᠸᠷ᠂ ᠳᠡᠭᠡᠳᠦ ᠮᠠᠰᠲᠸᠷ᠎ᠤᠨ ᠪᠣᠯᠪᠠᠰᠤᠷᠠᠯ ᠥᠷᠨᠢᠭᠦᠯᠦᠨ᠎ᠡ᠃ ᠮᠠᠰᠲ᠋ᠧᠷ᠎ᠤᠨ ᠳᠡᠭᠡᠳᠦ ᠰᠤᠷᠭ᠋ᠠᠭᠤᠯᠢ᠂ ᠳᠡᠭᠡᠳᠦ ᠵᠡᠷᠭᠡ ᠵᠢᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ᠎ᠨᠤᠭᠤᠳ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠎ᠠᠴᠠ ᠢᠳᠡᠪᠬᠢᠲᠡᠶ ᠬᠠᠨᠳᠤᠭᠤᠯᠤᠨ ᠳᠡᠭᠡᠳᠦ ᠵᠡᠷᠭᠡ ᠵᠢᠨ ᠠᠵᠢᠯᠴᠢᠨ᠎ᠤ ᠠᠩᠭᠢ ᠪᠣᠯᠤᠨ ᠪᠡᠯᠡᠳᠬᠡᠯ ᠮᠠᠰᠲ᠋ᠧᠷ᠎ᠤᠨ ᠠᠩᠭᠢ ᠵᠢᠨ ᠰᠤᠷᠤᠭᠴᠢ ᠵᠢ ᠡᠯᠰᠡᠵᠦ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠲᠡᠶ᠃ ᠭᠤᠷᠪᠠ᠎ᠳᠤ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠨᠡᠶ᠋ᠢᠭᠡᠮ᠎ᠤᠨ ᠡᠯ᠎ᠡ ᠲᠥᠷᠥᠯ᠎ᠤᠨ ᠴᠢᠨᠠᠷ ᠰᠠᠶ᠋ᠢᠲᠠᠶ ᠪᠣᠯᠪᠠᠰᠤᠷᠠᠯ᠎ᠤᠨ ᠡᠬᠢ ᠪᠠᠶᠠᠯᠢᠭ ᠪᠠ ᠳᠡᠭᠡᠳᠦ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ᠎ᠤ ᠦᠢ᠍ᠯᠡᠳᠦᠯ᠎ᠢ ᠪᠠᠳᠠᠷᠠᠭᠤᠯᠵᠤ᠂ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ ᠪᠠ ᠮᠡᠷᠭᠡᠵᠢᠯ ᠴᠢᠳᠠᠪᠤᠷᠢᠲᠤ ᠶᠡᠬᠡ ᠮᠠᠰᠲᠸᠷ᠎ᠤᠨ ᠠᠵᠢᠯᠯᠠᠬᠤ ᠲᠠᠰᠤᠭ᠎ᠢ ᠪᠠᠶ᠋ᠢᠭᠤᠯᠵᠤ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠰᠤᠳᠤᠯᠤᠨ ᠰᠤᠷᠤᠯᠴᠠᠵᠤ ᠳᠡᠭᠡᠭᠰᠢᠯᠡᠭᠦᠯᠬᠦ ᠪᠣᠯᠪᠠᠰᠤᠷᠠᠯ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ᠂ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠬᠢᠴᠢᠶᠡᠯ᠎ᠢ ᠰᠤᠳᠤᠯᠤᠨ ᠨᠡᠭᠡᠭᠡᠬᠦ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠦᠷ᠎ᠡ ᠪᠦᠲᠦᠭᠡᠯ᠎ᠢ ᠰᠣᠯᠢᠯᠴᠠᠬᠤ ᠵᠡᠷᠭᠡ ᠠᠵᠢᠯᠯᠠᠭ᠎ᠠ ᠵᠢ ᠥᠷᠨᠢᠭᠦᠯᠵᠦ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠡᠪᠴᠢᠶᠡᠵᠢᠭᠦᠯᠬᠦ᠂ ᠰᠢᠰᠲ᠋ᠧᠮᠵᠢᠭᠦᠯᠬᠦ᠂ ᠥᠪᠡᠷᠮᠢᠴᠡᠵᠢᠭᠦᠯᠬᠦ ᠪᠣᠯᠪᠠᠰᠤᠷᠠᠯ᠎ᠤᠨ ᠴᠢᠳᠠᠪᠤᠷᠢ ᠵᠢ ᠴᠢᠩᠭ᠋ᠠᠷᠠᠭᠤᠯᠤᠨ᠎ᠠ᠃ 2025 ᠣᠨ ᠪᠣᠯᠬᠤ᠎ᠳᠤ᠂ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠎ᠢ ᠰᠢᠨ᠎ᠡ᠎ᠪᠠᠷ 20 ᠪᠠᠶ᠋ᠢᠭᠤᠯᠵᠤ᠂ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠡᠷᠭᠡᠵᠢᠯ᠎ᠤᠨ ᠴᠢᠳᠠᠪᠤᠷᠢᠲᠤ ᠶᠡᠬᠡ ᠮᠠᠰᠲᠸᠷ᠎ᠤᠨ ᠠᠵᠢᠯᠯᠠᠬᠤ ᠲᠠᠰᠤᠭ᠎ᠢ 50 ᠪᠠᠶ᠋ᠢᠭᠤᠯᠤᠨ᠎ᠠ᠃
ᠳᠥᠷᠪᠡ᠎ᠳᠤ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠦᠰᠦᠨ ᠪᠣᠶ᠋ᠢᠵᠢᠬᠤ ᠬᠥᠭᠵᠢᠯᠲᠡ ᠵᠢᠨ ᠵᠠᠮ᠎ᠢ ᠰᠢᠯᠤᠭᠤᠳᠬᠠᠨ᠎ᠠ᠃ ᠠᠵᠤ ᠠᠬᠤᠶ᠋ᠢᠯᠠᠯ᠎ᠤᠨ ᠤᠷ᠎ᠠ ᠮᠡᠷᠭᠡᠰᠢᠯᠳᠦ ᠴᠢᠳᠠᠪᠤᠷᠢᠲᠠᠨ ᠬᠢᠭᠡᠳ ᠬᠠᠮᠢᠶᠠᠷᠤᠯᠲᠠ᠂ ᠲᠤᠰᠬᠠᠶ ᠮᠡᠷᠭᠡᠵᠢᠯ᠎ᠤᠨ ᠠᠵᠢᠯᠲᠠᠨ᠎ᠤ ᠬᠣᠭᠣᠷᠣᠨᠳᠣᠬᠢ ᠤᠯᠠᠷᠢᠭᠤᠯᠬᠤ ᠨᠡᠪᠲᠡᠷᠡᠯ ᠵᠠᠮ ᠪᠠᠶ᠋ᠢᠭᠤᠯᠬᠤ ᠵᠢ ᠠᠬᠢᠭᠤᠯᠵᠤ᠂ ᠮᠡᠷᠭᠡᠵᠢᠯ᠂ ᠬᠠᠮᠢᠶᠠᠷᠤᠯᠲᠠ᠂ ᠤᠷ᠎ᠠ ᠮᠡᠷᠭᠡᠰᠢᠯᠳᠦ ᠴᠢᠳᠠᠪᠤᠷᠢᠲᠠᠨ᠎ᠢ ᠲᠣᠮᠢᠯᠠᠨ ᠬᠡᠷᠡᠭᠯᠡᠬᠦ᠂ ᠳᠡᠪᠰᠢᠭᠦᠯᠬᠦ᠂ ᠴᠠᠯᠢᠩ ᠬᠥᠯᠥᠰᠥ ᠵᠢᠨ ᠠᠵᠢᠯ᠎ᠤᠨ ᠠᠮᠵᠢᠯᠲᠠ ᠪᠦᠲᠦᠮᠵᠢ ᠵᠡᠷᠭᠡ ᠲᠠᠯ᠎ᠠ᠎ᠪᠠᠷ ᠬᠣᠯᠪᠣᠭ᠋ᠠᠯᠠᠨ ᠬᠥᠳᠡᠯᠦᠯᠴᠡᠵᠦ ᠬᠠᠮᠢᠶᠠᠷᠬᠤ ᠵᠢ ᠪᠡᠶᠡᠯᠡᠭᠦᠯᠦᠨ᠎ᠡ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠬᠤ ᠪᠠ ᠲᠤᠰᠬᠠᠶ ᠮᠡᠷᠭᠡᠵᠢᠯ᠎ᠤᠨ ᠮᠡᠷᠭᠡᠵᠢᠯ᠎ᠤᠨ ᠴᠣᠯᠠ ᠵᠢ ᠨᠡᠪᠲᠡᠷᠡᠯᠴᠡᠭᠦᠯᠵᠦ ᠬᠠᠷᠢᠯᠴᠠᠨ ᠦᠨᠡᠯᠡᠬᠦ ᠬᠦᠷᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠵᠦ᠂ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠬᠥᠭᠵᠢᠯᠲᠡ ᠵᠢᠨ ᠣᠯᠠᠨ ᠠᠷᠭ᠎ᠠ ᠵᠠᠮ᠎ᠢ ᠰᠢᠯᠤᠭᠤᠳᠬᠠᠨ᠎ᠠ᠃ ᠣᠨᠴᠠ ᠲᠠᠰ᠎ᠤᠨ ᠮᠠᠰᠲ᠋ᠧᠷ᠂ ᠲᠦᠷᠦᠭᠦᠦ ᠮᠠᠰᠲ᠋ᠧᠷ᠎ᠢ ᠰᠢᠯᠭ᠋ᠠᠷᠠᠭᠤᠯᠤᠨ ᠤᠷᠢᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠬᠥᠭᠵᠢᠯᠲᠡ ᠵᠢᠨ ᠣᠷᠣᠨ ᠵᠠᠶ ᠵᠢ ᠳᠡᠭᠡᠭᠰᠢᠯᠡᠭᠦᠯᠦᠨ᠎ᠡ᠃ ᠲᠠᠪᠤ᠎ᠳᠤ᠂ ᠰᠢᠯᠢᠳᠡᠭ ᠮᠡᠷᠭᠡᠵᠢᠯ᠎ᠤᠨ ᠴᠢᠳᠠᠪᠤᠷᠢᠲᠠᠨ᠎ᠢ ᠰᠢᠯᠢᠨ ᠰᠣᠩᠭᠣᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ᠎ᠤ 《ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠬᠤ》 ᠵᠢᠨ ᠬᠥᠲᠥᠯᠥᠨ ᠳᠠᠭ᠋ᠠᠭᠤᠯᠵᠤ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠪᠥᠬᠥ ᠣᠷᠣᠨ᠎ᠤ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠡᠷᠬᠢᠯᠡᠨ᠂ ᠠᠵᠢᠯ ᠲᠥᠷᠥᠯ᠎ᠤᠨ ᠠᠵᠤ ᠠᠬᠤᠶ᠋ᠢᠯᠠᠯ᠎ᠤᠨ ᠡᠯ᠎ᠡ ᠱᠠᠲᠤᠨ᠎ᠤ ᠡᠯ᠎ᠡ ᠲᠥᠷᠥᠯ᠎ᠤᠨ ᠤᠷᠤᠯᠳᠤᠭ᠋ᠠᠨ᠎ᠤ ᠠᠵᠢᠯᠯᠠᠭ᠎ᠠ ᠡᠷᠬᠢᠯᠡᠬᠦ ᠵᠢ ᠳᠠᠮᠵᠢᠵᠤ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠬᠤ᠂ ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭ᠋ᠠᠨ ᠵᠶ᠋ᠠᠷ ᠦᠨᠡᠯᠡᠯᠲᠡ ᠵᠢ ᠠᠬᠢᠭᠤᠯᠬᠤ᠂ ᠤᠷᠤᠯᠳᠤᠭ᠋ᠠᠨ ᠵᠶ᠋ᠠᠷ ᠪᠠᠶ᠋ᠢᠭᠤᠯᠬᠤ ᠵᠢ ᠠᠬᠢᠭᠤᠯᠬᠤ ᠵᠢ ᠪᠡᠶᠡᠯᠡᠭᠦᠯᠵᠦ᠂ ᠰᠢᠯᠢᠳᠡᠭ ᠮᠡᠷᠭᠡᠵᠢᠯ ᠴᠢᠳᠠᠪᠤᠷᠢ᠎ᠲᠠᠢ ᠴᠢᠳᠠᠪᠤᠷᠢᠲᠠᠨ᠎ᠤ ᠴᠣᠯᠭᠣᠷᠠᠨ ᠭᠠᠷᠬᠤ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ᠎ᠢ 10 ᠣᠷᠴᠢᠮ ᠪᠠᠶ᠋ᠢᠭᠤᠯᠵᠤ᠂ ᠤᠯᠤᠰ᠎ᠤᠨ ᠲᠠᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ᠎ᠢ 5 ᠣᠷᠴᠢᠮ ᠪᠠᠶ᠋ᠢᠭᠤᠯᠤᠨ᠎ᠠ᠃ ᠠᠵᠢᠯ ᠮᠡᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠤ ᠲᠤᠰᠬᠠᠶ ᠮᠡᠷᠭᠡᠵᠢᠯᠲᠡᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠡᠷᠬᠢᠯᠡᠭᠰᠡᠨ ᠠᠵᠢᠯ᠎ᠤᠨ ᠮᠡᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠤ ᠰᠢᠨᠵᠢᠯᠡᠬᠦ ᠤᠬᠠᠭ᠋ᠠᠨᠴᠢᠯᠠᠬᠤ᠂ ᠵᠢᠷᠤᠮᠵᠢᠭᠤᠯᠬᠤ᠂ ᠲᠤᠰᠬᠠᠶ᠋ᠢᠵᠢᠭᠤᠯᠬᠤ ᠬᠥᠭᠵᠢᠯᠲᠡ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠤ ᠪᠦᠬᠦᠯᠢ ᠴᠣᠭᠴᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠵᠢᠷᠭᠤᠭ᠎ᠠ᠎ᠳᠤ᠂ ᠰᠢᠯᠢᠳᠡᠭ ᠮᠡᠷᠭᠡᠵᠢᠯ᠎ᠤᠨ ᠴᠢᠳᠠᠪᠤᠷᠢᠲᠠᠨ᠎ᠢ ᠤᠷᠮᠠᠰᠢᠭᠤᠯᠬᠤ ᠡᠷᠴᠢᠮ ᠵᠶ᠋ᠡᠨ ᠴᠢᠩᠭ᠋ᠠᠷᠠᠭᠤᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯᠳᠦ ᠴᠢᠳᠠᠪᠤᠷᠢᠲᠠᠨ᠎ᠤ ᠴᠠᠯᠢᠩ ᠬᠥᠯᠥᠰᠥ ᠵᠢᠨ ᠬᠤᠪᠢᠶᠠᠷᠢᠯᠠᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠯᠣᠭᠣᠳᠤᠮᠵᠢ ᠵᠢᠨ ᠠᠵᠢᠯ᠎ᠤᠨ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ ᠠᠵᠤ ᠠᠬᠤᠶ᠋ᠢᠯᠠᠯ᠎ᠤᠨ ᠤᠷ᠎ᠠ ᠮᠡᠷᠭᠡᠰᠢᠯᠳᠦ ᠴᠢᠳᠠᠪᠤᠷᠢᠲᠠᠨ᠎ᠤ ᠴᠠᠯᠢᠩ᠎ᠤᠨ ᠬᠡᠪ᠎ᠤᠨ ᠥᠰᠥᠯᠲᠡ ᠵᠢᠨ ᠲᠣᠭᠲᠠᠴᠠ ᠪᠠᠶ᠋ᠢᠭᠤᠯᠬᠤ ᠵᠢ ᠠᠬᠢᠭᠤᠯᠵᠤ᠂ ᠴᠠᠯᠢᠩ᠎ᠤᠨ ᠶᠡᠷᠦᠩᠬᠡᠶ ᠲᠣᠭ᠋ᠠᠨ᠎ᠤ ᠬᠤᠪᠢᠶᠠᠷᠢᠯᠠᠯᠲᠠ ᠵᠢ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ᠂ ᠵᠠᠩᠭᠢᠯᠠᠭ᠎ᠠ ᠵᠢᠨ ᠮᠡᠷᠭᠡᠵᠢᠯ᠎ᠤᠨ ᠠᠵᠢᠯ᠎ᠤᠨ ᠪᠠᠶ᠋ᠢᠷᠢ ᠵᠢᠴᠢ ᠳᠤᠲᠠᠭᠳᠠᠵᠤ ᠪᠠᠶ᠋ᠢᠭ᠎ᠠ ᠴᠢᠳᠠᠪᠤᠷᠢᠲᠠᠨ ᠳᠠᠰᠢ ᠬᠡᠯᠪᠡᠶ᠋ᠢᠯᠭᠡᠵᠦ᠂ ᠤᠷ᠎ᠠ ᠮᠡᠷᠭᠡᠰᠢᠯᠳᠦ ᠴᠢᠳᠠᠪᠤᠷᠢᠲᠠᠨ ᠣᠯᠠᠨ ᠤᠯᠬᠤ ᠵᠢ ᠪᠡᠶᠡᠯᠡᠭᠦᠯᠦᠨ᠎ᠡ᠃ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠴᠠᠯᠢᠩ᠎ᠤᠨ ᠦᠨ᠎ᠡ ᠬᠠᠩᠰᠢ ᠵᠢᠨ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ
ᠨᠡᠶ᠋ᠢᠲᠡᠯᠡᠵᠦ᠂ ᠠᠵᠤ ᠠᠬᠤᠶ᠋ᠢᠯᠠᠯ᠎ᠢ ᠵᠢᠯᠣᠭᠣᠳᠤᠨ ᠮᠡᠷᠭᠡᠵᠢᠯ ᠴᠢᠳᠠᠪᠤᠷᠢ ᠵᠢᠨ ᠬᠥᠳᠡᠯᠮᠦᠷᠢᠯᠡᠭᠴᠢᠳ᠎ᠤᠨ ᠴᠠᠯᠢᠩ᠎ᠤᠨ ᠬᠢᠷᠢ ᠬᠡᠮᠵᠢᠶ᠎ᠡ ᠵᠢ ᠵᠦᠶ ᠵᠣᠬᠢᠰᠲᠠᠶ ᠲᠣᠭᠲᠠᠭ᠋ᠠᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ ᠴᠢᠳᠠᠪᠤᠷᠢ ᠵᠢᠨ ᠱᠠᠩᠨᠠᠯ》 《ᠪᠥᠬᠥ ᠣᠷᠣᠨ᠎ᠤ ᠮᠡᠷᠭᠡᠵᠢᠯ᠎ᠤᠨ ᠴᠢᠳᠠᠪᠤᠷᠢᠳᠡᠨ》᠎ᠢ ᠰᠢᠯᠭ᠋ᠠᠷᠠᠭᠤᠯᠬᠤ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠨ᠎ᠡ᠃ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠲᠤᠬᠠᠶ ᠵᠢᠨ ᠭᠠᠵᠠᠷ᠎ᠤᠨ ᠴᠢᠳᠠᠪᠤᠷᠢᠲᠠᠨ᠎ᠤ ᠲᠥᠷᠥᠯ ᠬᠤᠪᠢᠶᠠᠭᠰᠠᠨ ᠭᠠᠷᠴᠠᠭ᠎ᠲᠤ ᠣᠷᠣᠭᠤᠯᠵᠤ᠂ ᠴᠢᠳᠠᠪᠤᠷᠢᠲᠠᠨ᠎ᠤ ᠲᠥᠷᠥᠯ ᠬᠡᠯᠪᠡᠷᠢ ᠶᠣᠰᠣᠭ᠋ᠠᠷ ᠵᠣᠬᠢᠬᠤ ᠲᠥᠷᠥ ᠵᠢᠨ ᠪᠣᠳᠣᠯᠭ᠎ᠠ ᠵᠢ ᠬᠦᠷᠲᠡᠭᠡᠵᠦ᠂ ᠣᠷᠣᠭᠤᠯᠤᠨ ᠠᠪᠴᠢᠷᠠᠭᠰᠠᠨ ᠳᠤᠲᠠᠭᠳᠠᠵᠤ ᠪᠠᠢ᠌ᠭ᠎ᠠ ᠪᠠᠴᠢᠮ ᠬᠡᠷᠡᠭᠴᠡᠭᠡ᠂ ᠵᠠᠩᠭᠢᠯᠠᠭ᠎ᠠ ᠵᠢᠨ ᠠᠵᠢᠯ᠎ᠤᠨ ᠪᠠᠶ᠋ᠢᠷᠢ ᠵᠢᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠡᠷᠦᠬᠡ ᠠᠮᠠ ᠣᠷᠣᠭᠤᠯᠬᠤ᠂ ᠦᠷ᠎ᠡ ᠬᠡᠦᠬᠡᠳ᠎ᠤᠨ ᠰᠤᠷᠭ᠋ᠠᠨ ᠬᠥᠮᠦᠵᠢᠯ᠂ ᠭᠡᠷ ᠪᠠᠶ᠋ᠢᠰᠢᠩ ᠬᠤᠳᠠᠯᠳᠤᠨ ᠠᠪᠬᠤ᠂ ᠡᠮᠴᠢᠯᠡᠭᠡ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠦᠨ᠎ᠡ᠃ ᠳᠡᠭᠡᠳᠦ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ᠎ᠤ ᠮᠡᠷᠭᠡᠵᠢᠯ ᠴᠢᠳᠠᠪᠤᠷᠢ ᠵᠢᠨ ᠰᠤᠳᠤᠯᠤᠨ ᠰᠤᠷᠤᠯᠴᠠᠵᠤ ᠰᠣᠯᠢᠯᠴᠠᠬᠤ᠂ ᠠᠮᠠᠷᠠᠨ ᠰᠤᠪᠢᠯᠠᠬᠤ ᠪᠠ ᠪᠠᠶᠠᠷ᠎ᠤᠨ ᠡᠳᠦᠷ᠎ᠤᠨ ᠲᠤᠬᠤᠨᠢᠭᠤᠯᠬᠤ ᠠᠵᠢᠯᠯᠠᠭ᠎ᠠ ᠵᠢ ᠵᠤᠬᠢᠶᠠᠨ ᠪᠠᠢ᠌ᠭᠤᠯᠤᠨ᠎ᠠ ᠦᠷᠨᠢᠬᠦᠯᠦᠨ᠎ᠡ᠃
ᠰᠣᠨᠢᠨ ᠮᠡᠳᠡᠭᠡ ᠨᠡᠢ᠌ᠳᠡᠯᠡᠭᠰᠡᠨ ᠴᠠᠭ᠄
2022 - 05 - 20 09᠄ 00
ᠰᠣᠨᠢᠨ ᠮᠡᠳᠡᠭᠡ ᠨᠡᠢ᠌ᠳᠡᠯᠡᠭᠰᠡᠨ ᠬᠠᠶᠢᠭ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
ᠰᠣᠨᠢᠨ ᠮᠡᠳᠡᠭᠡ ᠨᠡᠢ᠌ᠳᠡᠯᠡᠭᠰᠡᠨ ᠨᠢᠭᠡᠴᠢ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
ᠰᠣᠨᠢᠨ ᠮᠡᠳᠡᠭᠡ ᠨᠡᠶ᠋ᠢᠲᠡᠯᠡᠭᠴᠢ᠄
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠯᠢᠨ