ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2022-08-26

       8 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠮᠡᠳᠡᠭᠡ ᠨᠡᠶ᠋ᠢᠲᠡᠯᠡᠬᠦ ᠲᠢᠩᠬᠢᠮ᠎ᠳᠤ ᠮᠡᠳᠡᠭᠡ ᠨᠡᠢ᠌ᠳᠡᠯᠡᠬᠦ ᠬᠤᠷᠠᠯ ᠬᠤᠷᠠᠯᠳᠤᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢᠨ ᠭᠠᠵᠠᠷ᠎ᠤᠨ ᠳᠠᠷᠤᠭ᠎ᠠ ᠵᠠᠩ ᠰᠢᠶᠤᠤ ᠳ᠋ᠦᠩ᠂ ᠬᠥᠬᠡᠬᠣᠲᠠ ᠵᠢᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠸᠠᠩ ᠳ᠋ᠧᠩ ᠯᠦᠩ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
       ᠠᠰᠠᠭᠤᠯᠲᠠ᠄ ᠲᠣᠰ ᠬᠤᠭᠤᠴᠠᠭ᠋ᠠᠨ᠎ᠤ ᠤᠷᠤᠯᠳᠤᠭ᠋ᠠᠨ᠎ᠢ ᠥᠩᠭᠡᠷᠡᠭᠰᠡᠨ᠎ᠤ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠭᠰᠠᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠲᠠᠢ ᠬᠠᠷᠢᠴᠠᠭᠤᠯᠪᠠᠯ᠂ ᠶᠠᠮᠠᠷ ᠣᠨᠴᠠᠯᠢᠭ᠎ᠲᠠᠢ

ᠪᠣᠶ?
       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢᠨ ᠭᠠᠵᠠᠷ᠎ᠤᠨ ᠳᠠᠷᠤᠭ᠎ᠠ ᠵᠠᠩ ᠰᠢᠶᠤᠤ ᠳ᠋ᠦᠩ
       ᠬᠠᠷᠢᠭᠤᠯᠲᠠ᠄ ᠥᠩᠭᠡᠷᠡᠭᠡᠭᠰᠡᠨ᠎ᠤ ᠮᠠᠨ᠎ᠤ ᠵᠣᠬᠢᠶᠠᠨ ᠪᠠᠶ᠋ᠢᠭᠤᠯᠤᠭᠰᠠᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠲᠠᠢ ᠬᠠᠷᠢᠴᠠᠭᠤᠯᠪᠠᠯ᠂ ᠲᠤᠰ ᠬᠤᠭᠤᠴᠠᠭ᠋ᠠᠨ᠎ᠤ ᠤᠷᠤᠯᠳᠤᠭ᠋ᠠᠨ᠎ᠳᠤ ᠳᠣᠣᠷᠠᠬᠢ ᠳᠥᠷᠪᠡᠨ ᠣᠨᠴᠠᠯᠢᠭ᠎ᠲᠠᠢ᠄
       ᠪᠠᠷᠢᠮᠵᠢᠶ᠎ᠠ ᠬᠠᠮᠤᠭ᠎ᠤᠨ ᠥᠨᠳᠥᠷ᠂ ᠵᠣᠬᠢᠶᠠᠨ ᠪᠠᠶ᠋ᠢᠭᠤᠯᠤᠯᠲᠠ ᠬᠠᠮᠤᠭ᠎ᠤᠨ ᠴᠢᠩᠭ᠎ᠠ᠃ ᠲᠣᠰ ᠬᠤᠭᠤᠴᠠᠭ᠋ᠠᠨ᠎ᠤ ᠤᠷᠤᠯᠳᠤᠭ᠋ᠠᠨ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠵᠦ᠂ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠢ ᠪᠠᠶ᠋ᠢᠭᠤᠯᠵᠤ᠂ ᠴᠢ᠊ ᠪᠠᠲᠤ ᠳᠡᠳ᠋ ᠲᠡᠷᠢᠭᠦᠯᠡᠭᠴᠢ᠎ᠪᠠᠷ ᠵᠣᠬᠢᠶᠠᠨ ᠪᠠᠶ᠋ᠢᠭᠤᠯᠬᠤ ᠺᠣᠮᠢᠰ᠎ᠤᠨ ᠡᠷᠬᠢᠯᠡᠭᠴᠢ ᠵᠢᠨ ᠲᠤᠰᠢᠶᠠᠯ ᠡᠭᠦᠷᠭᠡᠯᠡᠵᠦ᠂ ᠵᠣᠬᠢᠶᠠᠨ ᠪᠠᠶ᠋ᠢᠭᠤᠯᠬᠤ ᠺᠣᠮᠢᠰ᠎ᠤᠨ ᠪᠦᠷᠢᠯᠳᠦᠬᠦᠨ᠎ᠨᠢ ᠥᠪᠡᠷᠲᠡᠭᠡᠨ ᠵᠠᠰᠠᠬᠤ ᠣᠷᠣᠨ᠎ᠤ 12 ᠵᠥᠪᠯᠡᠯ ᠠᠯᠪᠠᠨ ᠬᠡᠷ ᠲᠢᠩᠬᠢᠮ ᠲᠣᠪᠴᠢᠶ᠎ᠠ ᠪᠣᠯᠤᠨ ᠬᠥᠬᠡᠬᠣᠲᠠ ᠵᠢᠨ ᠵᠠᠰᠠᠭ᠎ᠤᠨ ᠣᠷᠳᠣᠨ ᠵᠶ᠋ᠠᠷ ᠪᠦᠷᠢᠯᠳᠦᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠤᠷ᠎ᠠ ᠮᠡᠷᠭᠡᠰᠢᠯᠳᠦ ᠴᠢᠳᠠᠪᠤᠷᠢᠲᠠᠨ᠎ᠤ ᠠᠵᠢᠯ ᠪᠠ ᠠᠩᠬᠠᠳᠤᠭ᠋ᠠᠷ ᠬᠤᠭᠤᠴᠠᠭ᠋ᠠᠨ᠎ᠤ ᠤᠷᠤᠯᠳᠤᠭ᠋ᠠᠨ᠎ᠢ ᠰᠠᠶ᠋ᠢᠲᠤᠷ ᠡᠷᠭᠢᠯᠡᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠵᠢ ᠭᠦᠢ᠍ᠴᠡᠳ

ᠬᠠᠷᠠᠭᠤᠯᠵᠤ᠂ ᠤᠷᠤᠯᠳᠤᠭ᠋ᠠᠨ᠎ᠢ ᠰᠠᠶ᠋ᠢᠲᠤᠷ ᠡᠷᠭᠢᠯᠡᠬᠦ᠎ᠳᠤ ᠪᠠᠲᠤ ᠴᠢᠩᠭ᠎ᠠ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃
       ᠲᠥᠰᠦᠯ ᠬᠠᠮᠤᠭ᠎ᠤᠨ ᠣᠯᠠᠨ᠂ ᠪᠠᠷᠢᠮᠵᠢᠶ᠎ᠠ ᠬᠠᠮᠤᠭ᠎ᠤᠨ ᠥᠨᠳᠥᠷ᠃ ᠲᠣᠰ ᠬᠤᠭᠤᠴᠠᠭ᠋ᠠᠨ᠎ᠤ ᠤᠷᠤᠯᠳᠤᠭ᠋ᠠᠨ᠎ᠳᠤ 50 ᠤᠷᠤᠯᠳᠤᠭ᠋ᠠᠨ᠎ᠤ ᠲᠥᠷᠥᠯ ᠵᠦᠢ᠍ᠯ ᠲᠣᠬᠢᠷᠠᠭᠤᠯᠵᠤ᠂ ᠪᠥᠬᠥ ᠣᠷᠣᠨ᠎ᠤ ᠶᠡᠷᠦᠩᠬᠡᠶ᠋ᠢᠯᠡᠭᠰᠡᠨ ᠴᠢᠨᠠᠷᠲᠠᠶ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠤᠷᠤᠯᠳᠤᠭ᠋ᠠᠨ᠎ᠤ ᠲᠥᠷᠥᠯ  ᠵᠦᠢ᠍ᠯ ᠵᠶ᠋ᠠᠷ ᠬᠠᠮᠤᠭ᠎ᠤᠨ ᠣᠯᠠᠨ ᠨᠢᠭᠡ ᠬᠤᠭᠤᠴᠠᠭ᠋ᠠᠨ᠎ᠤ ᠤᠷᠤᠯᠳᠤᠭ᠋ᠠᠨ ᠪᠣᠯᠤᠨ᠎ᠠ᠃ ᠲᠥᠷᠥᠯ ᠵᠦᠢ᠍ᠯ᠎ᠤᠨ ᠰᠣᠩᠭᠣᠯᠲᠠ ᠵᠢᠨ ᠲᠠᠯ᠎ᠠ᠎ᠪᠠᠷ᠂ ᠮᠠᠨ᠎ᠤ ᠣᠷᠣᠨ᠎ᠤ ᠤᠯᠠᠮᠵᠢᠯᠠᠯᠲᠤ ᠠᠵᠤ ᠦᠢ᠍ᠯᠡᠰ᠎ᠤᠨ ᠳᠠᠪᠠᠭᠤᠯᠢᠭ ᠲᠥᠷᠥᠯ ᠵᠦᠢ᠍ᠯ᠎ᠢ ᠭᠦᠢ᠍ᠴᠡᠳ ᠪᠣᠳᠣᠯᠬᠢᠯᠠᠭᠰᠠᠨ ᠪᠥᠭᠡᠳ ᠪᠠᠰᠠ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠠ ᠭᠤᠤᠯᠳᠠᠯᠭ᠎ᠠ᠎ᠲᠠᠢ ᠪᠣᠶ᠋ᠢᠵᠢᠭᠤᠯᠬᠤ ᠲᠥᠷᠥᠯ ᠵᠦᠢ᠍ᠯ᠎ᠢ ᠬᠠᠮᠲᠤ᠎ᠳᠤᠨᠢ ᠬᠠᠷᠠᠭ᠋ᠠᠯᠵᠠᠵᠤ᠂ ᠳᠡᠯᠡᠬᠡᠶ ᠵᠢᠨ ᠤᠷ᠎ᠠ ᠴᠢᠳᠠᠪᠤᠷᠢ ᠵᠢᠨ ᠲᠦᠪᠰᠢᠨ᠎ᠢ ᠲᠥᠯᠥᠭᠡᠯᠡᠭᠰᠡᠨ ᠳᠡᠯᠡᠬᠡᠶ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠥᠷᠥᠯ ᠵᠦᠢ᠍ᠯ ᠪᠠᠶ᠋ᠢᠬᠤ ᠪᠥᠭᠡᠳ ᠪᠠᠰᠠ ᠪᠥᠬᠥ ᠤᠯᠤᠰ᠎ᠤᠨ ᠤᠷ᠎ᠠ ᠴᠢᠳᠠᠪᠤᠷᠢ ᠵᠢᠨ ᠲᠦᠪᠰᠢᠨ᠎ᠢ ᠲᠥᠯᠥᠭᠡᠯᠡᠭᠰᠡᠨ ᠤᠯᠤᠰ᠎ᠤᠨ ᠤᠷᠤᠯᠳᠤᠭ᠋ᠠᠨ᠎ᠤ ᠲᠥᠷᠥᠯ ᠵᠦᠢ᠍ᠯ ᠪᠠᠶ᠋ᠢᠨ᠎ᠠ᠂ ᠪᠠᠰᠠ ᠰᠢᠨ᠎ᠡ ᠠᠵᠢᠯ ᠮᠡᠷᠭᠡᠵᠢᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠨᠴᠠᠯᠢᠬᠳᠤ ᠲᠥᠷᠥᠯ ᠵᠦᠢ᠍ᠯ ᠪᠠ ᠥᠪᠡᠷᠲᠡᠭᠡᠨ ᠵᠠᠰᠠᠬᠤ ᠣᠷᠣᠨ᠎ᠤ ᠤᠨᠴᠠᠯᠢᠬᠳᠤ ᠲᠥᠷᠥᠯ ᠵᠦᠢ᠍ᠯ ᠪᠠᠶ᠋ᠢᠨ᠎ᠠ᠃ ᠪᠣᠶ ᠪᠥᠬᠥᠶ ᠤᠷᠤᠯᠳᠤᠭ᠋ᠠᠨ᠎ᠤ ᠵᠦᠶᠯ᠎ᠳᠤ᠂ ᠪᠥᠬᠥ ᠤᠯᠤᠰ᠎ᠤᠨ 34 ᠤᠷᠤᠯᠳᠤᠭ᠋ᠠᠨ᠎ᠤ ᠨᠠᠷᠢᠯᠢᠭ ᠰᠣᠩᠭᠣᠯᠲᠠ ᠵᠢᠨ ᠲᠥᠷᠥᠯ ᠵᠦᠢ᠍ᠯ ᠪᠠ ᠳᠡᠯᠡᠬᠡᠶ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠥᠷᠥᠯ ᠵᠦᠢ᠍ᠯ᠎ᠨᠢ ᠳᠡᠯᠡᠬᠡᠶ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ ᠪᠠ ᠪᠥᠬᠥ ᠤᠯᠤᠰ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠮᠡᠷᠭᠡᠵᠢᠯ᠎ᠤᠨ ᠪᠠᠷᠢᠮᠵᠢᠶ᠎ᠠ᠎ᠲᠠᠢ ᠨᠢᠭᠲᠠ ᠵᠣᠯᠭ᠋ᠠᠯᠳᠤᠵᠤ᠂ ᠪᠤᠰᠤᠳ ᠤᠷᠤᠯᠳᠤᠭ᠋ᠠᠨ᠎ᠤ ᠲᠥᠷᠥᠯ ᠵᠦᠢ᠍ᠯ᠎ᠨᠢ ᠲᠣᠰ ᠲᠣᠰ ᠪᠥᠬᠥ ᠤᠯᠤᠰ᠎ᠤᠨ ᠰᠢᠨ᠎ᠡ ᠠᠵᠢᠯ ᠮᠡᠷᠭᠡᠵᠢᠯ᠎ᠤᠨ ᠤᠷᠤᠯᠳᠤᠭ᠋ᠠᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠷᠤᠯᠳᠤᠭ᠋ᠠᠨ ᠵᠡᠷᠭᠡ ᠮᠡᠷᠭᠡᠵᠢᠯ᠎ᠤᠨ ᠪᠠᠷᠢᠮᠵᠢᠶ᠎ᠠ ᠪᠤᠶᠤ ᠠᠵᠢᠯ ᠲᠥᠷᠥᠯ᠎ᠤᠨ ᠠᠵᠤ ᠠᠬᠤᠶ᠋ᠢᠯᠠᠯ᠎ᠤᠨ ᠦᠨᠡᠯᠡᠯᠲᠡ ᠵᠢᠨ ᠵᠢᠷᠤᠮᠵᠢᠯ᠎ᠲᠠᠢ ᠵᠣᠯᠭ᠋ᠠᠯᠳᠤᠵᠤ᠂ ᠤᠷᠤᠯᠳᠤᠭ᠋ᠠᠨ᠎ᠤ ᠶᠠᠰᠤ ᠴᠢᠨᠠᠷ᠎ᠢ ᠦᠨᠡᠨ ᠬᠦ᠌ ᠪᠠᠲᠤᠯᠠᠪᠠ᠃
       ᠬᠡᠪᠴᠢᠶ᠎ᠡ᠎ᠪᠠᠷ ᠬᠠᠮᠤᠭ᠎ᠤᠨ ᠶᠡᠬᠡ᠂ ᠬᠡᠪᠴᠢᠶ᠎ᠡ᠎ᠪᠠᠷ ᠬᠠᠮᠤᠭ᠎ᠤᠨ ᠥᠷᠭᠡᠨ᠃ ᠲᠣᠰ ᠬᠤᠭᠤᠴᠠᠭ᠋ᠠᠨ᠎ᠤ ᠤᠷᠤᠯᠳᠤᠭ᠋ᠠᠨ᠎ᠳᠤ 941 ᠤᠷᠤᠯᠴᠠᠭᠴᠢ ᠣᠷᠣᠯᠴᠠᠵᠤ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ ᠪᠠᠶ᠋ᠢᠬᠤ ᠮᠥᠷᠲᠡᠭᠡᠨ ᠪᠠᠰᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠪᠠ ᠰᠣᠷᠣᠭᠴᠢ ᠪᠠᠶ᠋ᠢᠨ᠎ᠠ᠂ ᠪᠠᠰᠠ 439 ᠬᠢᠨᠠᠭᠴᠢ ᠪᠠ 1200 ᠰᠢᠬᠠᠮ ᠰᠠᠶ᠋ᠢᠨ ᠳᠤᠷ᠎ᠠ ᠵᠢᠨ ᠠᠵᠢᠯᠲᠠᠨ᠂ ᠠᠵᠢᠯᠲᠠᠨ ᠪᠠᠶ᠋ᠢᠨ᠎ᠠ᠂ ᠤᠷᠤᠯᠳᠤᠭ᠋ᠠᠨ᠎ᠳᠤ ᠣᠷᠣᠯᠴᠠᠬᠤ ᠪᠥᠬᠥ ᠬᠥᠮᠦᠨ᠎ᠤ ᠲᠣᠭ᠎ᠠ ᠵᠢᠱ᠌ᠢᠯᠲᠡ᠎ᠪᠠᠷ 2500᠎ᠠᠴᠠ ᠳᠡᠭᠡᠭᠰᠢ ᠬᠥᠷᠬᠥ ᠪᠣᠯᠤᠨ᠎ᠠ᠂ ᠡᠨᠡ ᠪᠣᠯ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠠᠴᠠ ᠨᠠᠰᠢ᠂ ᠮᠠᠨ᠎ᠤ ᠣᠷᠣᠨ᠎ᠤ ᠲᠥᠪᠯᠡᠷᠡᠭᠦᠯᠦᠨ ᠡᠷᠭᠢᠯᠡᠭᠰᠡᠨ ᠬᠡᠪᠴᠢᠶ᠎ᠡ᠎ᠪᠠᠷ ᠬᠠᠮᠤᠭ᠎ᠤᠨ ᠶᠡᠬᠡ᠂ ᠤᠷᠤᠯᠳᠤᠭ᠋ᠠᠨ᠎ᠳᠤ ᠣᠷᠣᠯᠴᠠᠬᠤ ᠬᠡᠪᠴᠢᠶ᠎ᠡ᠎ᠪᠠᠷ ᠬᠠᠮᠤᠭ᠎ᠤᠨ ᠥᠷᠭᠡᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠪᠣᠯᠤᠨ᠎ᠠ᠃
       ᠬᠡᠯᠪᠡᠷᠢ᠎ᠨᠢ ᠬᠠᠮᠤᠭ᠎ᠤᠨ ᠰᠢᠨ᠎ᠡ᠂ ᠱᠠᠩᠨᠠᠯ᠎ᠨᠢ ᠬᠠᠮᠤᠭ᠎ᠤᠨ ᠶᠡᠬᠡ᠃ ᠡᠨᠡ ᠤᠳᠠᠭ᠋ᠠᠨ᠎ᠤ ᠤᠷᠤᠯᠳᠤᠭ᠋ᠠᠨ᠎ᠳᠤ ᠠᠩᠬ᠎ᠠ ᠤᠳᠠᠭ᠎ᠠ 《ᠤᠷ᠎ᠠ ᠴᠢᠳᠠᠪᠤᠷᠢ ᠵᠢᠨ ᠤᠷᠤᠯᠳᠤᠭ᠋ᠠᠨ᠂ ᠦᠷ᠎ᠡ ᠪᠦᠲᠦᠭᠡᠯ᠎ᠤᠨ ᠦᠵᠡᠭᠦᠯᠦᠯᠭᠡ᠂ ᠣᠨᠴᠠ ᠮᠡᠷᠭᠡᠵᠢᠯ᠎ᠤᠨ ᠲᠣᠭᠯᠠᠯᠲᠠ》 ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠤᠷ᠎ᠠ ᠴᠢᠳᠠᠪᠤᠷᠢ ᠵᠢᠨ ᠤᠷᠤᠯᠳᠤᠭ᠋ᠠᠨ ᠡᠷᠭᠢᠯᠡᠬᠦ ᠵᠢᠨ ᠬᠠᠮᠲᠤ ᠰᠣᠨᠢᠷᠬᠠᠯ᠎ᠤᠨ ᠴᠢᠨᠠᠷᠲᠠᠶ᠂ ᠦᠢ᠍ᠯᠡᠳᠦᠯᠴᠡᠬᠦ ᠴᠢᠨᠠᠷ ᠵᠶ᠋ᠠᠷ ᠴᠢᠩᠭ᠎ᠠ ᠤᠷ᠎ᠠ ᠴᠢᠳᠠᠪᠤᠷᠢ ᠵᠢᠨ ᠦᠷ᠎ᠡ ᠪᠦᠲᠦᠭᠡᠯ᠎ᠤᠨ ᠦᠵᠡᠭᠦᠯᠭᠡ᠂ ᠣᠨᠴᠠ ᠮᠡᠷᠭᠡᠵᠢᠯ᠎ᠤᠨ ᠲᠣᠭᠯᠠᠯᠲᠠ ᠵᠡᠷᠭᠡ ᠠᠵᠢᠯᠯᠠᠭ᠎ᠠ ᠵᠢ ᠵᠡᠷᠭᠡᠪᠡᠷ

ᠡᠷᠭᠢᠯᠡᠵᠦ᠂ ᠥᠷᠭᠡᠨ ᠣᠯᠠᠨ ᠲᠦᠮᠡᠨ᠎ᠳᠤ ᠤᠷ᠎ᠠ ᠴᠢᠳᠠᠪᠤᠷᠢ ᠵᠢᠨ ᠷᠢᠳᠢ ᠰᠢᠳᠢ ᠵᠢ ᠣᠶ᠋ᠢᠷ᠎ᠠ ᠵᠠᠢ᠎ᠠᠴᠠ

ᠮᠡᠳᠡᠷᠡᠭᠦᠯᠪᠡ᠃ ᠡᠭᠦᠨ᠎ᠤ ᠬᠠᠮᠲᠤ᠂ ᠶᠠᠭ ᠸᠠᠩ ᠲᠢᠩᠬᠢᠮ᠎ᠤᠨ ᠳᠠᠷᠤᠭ᠎ᠠ ᠵᠢᠨ ᠰᠠᠶᠢᠬᠠᠨ ᠲᠠᠨᠢᠯᠴᠠᠭᠤᠯᠤᠭᠰᠠᠨ ᠰᠢᠭ᠋ ᠵᠶ᠋ᠠᠷ᠂ ᠲᠤᠰ ᠬᠤᠭᠤᠴᠠᠭ᠋ᠠᠨ᠎ᠤ ᠤᠷᠤᠯᠳᠤᠭ᠋ᠠᠨ᠎ᠤ ᠤᠷᠤᠯᠴᠠᠭᠰᠠᠳ᠎ᠢ ᠱᠠᠩᠨᠠᠬᠤ ᠡᠷᠴᠢᠮ ᠴᠦ᠍ ᠤᠷᠢᠳ ᠡᠮᠦᠨ᠎ᠡ ᠪᠠᠢ᠌ᠭ᠎ᠠ ᠦᠭᠡᠢ ᠶᠤᠮ᠃
       ᠠᠰᠠᠭᠤᠯᠲᠠ᠄ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠤᠷᠤᠯᠳᠤᠭ᠋ᠠᠨ᠎ᠤ ᠠᠮᠤᠷ ᠲᠦᠪᠰᠢᠨ᠎ᠤ ᠲᠠᠯ᠎ᠠ᠎ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠪᠠᠶ᠋ᠢᠬᠤ ᠪᠣᠶ?
       ᠬᠥᠬᠡᠬᠣᠲᠠ ᠵᠢᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠸᠠᠩ ᠳ᠋ᠧᠩ ᠯᠦᠩ
        ᠬᠠᠷᠢᠭᠤᠯᠲᠠ᠄ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠠᠯ᠎ᠠ᠎ᠪᠠᠷ᠄ ᠭᠤᠤᠯᠳᠠᠭᠤ 4 ᠲᠠᠯ᠎ᠠ ᠵᠢᠨ ᠲᠣᠭᠲᠠᠴᠠ ᠵᠢ ᠪᠠᠶ᠋ᠢᠭᠤᠯᠵᠤ᠂ ᠤᠷᠤᠯᠳᠤᠭ᠋ᠠᠨ᠎ᠤ ᠬᠢᠵᠢᠭ᠎ᠢ ᠰᠡᠷᠭᠡᠶ᠋ᠢᠯᠡᠬᠦ ᠠᠮᠤᠷ ᠲᠦᠪᠰᠢᠨ᠎ᠢ ᠪᠠᠲᠤᠯᠠᠨ᠎ᠠ᠃
       ᠨᠢᠭᠡ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠣᠯᠪᠣᠭ᠋ᠠᠯᠠᠨ ᠰᠡᠷᠭᠡᠶ᠋ᠢᠯᠡᠬᠦ ᠲᠣᠭᠲᠠᠴᠠ ᠵᠢ ᠪᠠᠶ᠋ᠢᠭᠤᠯᠤᠨ᠎ᠠ᠃
       《ᠪᠡᠶ᠎ᠡ ᠵᠢᠨ ᠭᠠᠷᠤᠯ᠎ᠢ ᠵᠠᠪᠠᠯ ᠲᠡᠮᠳᠡᠭᠯᠡᠬᠦ᠂ ᠮᠡᠳᠡᠭᠡ ᠵᠠᠩᠭᠢ ᠵᠢ ᠵᠠᠪᠠᠯ ᠰᠢᠯᠭ᠋ᠠᠬᠤ᠂ ᠪᠡᠶ᠎ᠡ ᠵᠢᠨ ᠬᠠᠯᠠᠭᠤᠨ᠎ᠢ ᠵᠠᠪᠠᠯ ᠬᠡᠮᠵᠢᠬᠦ᠂ ᠠᠮᠠᠪᠴᠢ ᠵᠢ ᠵᠠᠪᠠᠯ ᠵᠡᠭᠦᠬᠦ᠂ ᠠᠷᠢᠭᠤᠳᠬᠠᠯ᠎ᠢ ᠵᠠᠪᠠᠯ ᠬᠢᠬᠦ᠂ ᠭᠡᠨᠡᠳᠲᠡ ᠵᠢᠨ ᠬᠡᠷᠡᠭ᠎ᠢ ᠵᠠᠪᠠᠯ ᠰᠢᠢ᠍ᠳᠪᠦᠷᠢᠯᠡᠬᠦ》 ᠵᠠᠷᠴᠢᠮ ᠶᠣᠰᠣᠭ᠋ᠠᠷ᠂ ᠤᠷᠤᠯᠳᠤᠭ᠋ᠠᠨ᠎ᠳᠤ ᠣᠷᠣᠯᠴᠠᠭᠰᠠᠨ ᠪᠣᠶ ᠪᠥᠬᠥᠶ ᠬᠥᠮᠦᠰ᠎ᠤᠨ ᠪᠡᠶ᠎ᠡ ᠵᠢᠨ ᠭᠠᠷᠤᠯ᠎ᠢ᠎ᠨᠢ ᠴᠢᠩᠭ᠎ᠠ ᠪᠠᠶ᠋ᠢᠴᠠᠭ᠋ᠠᠨ ᠰᠢᠯᠭ᠋ᠠᠵᠤ᠂ ᠦᠨᠡᠨ ᠨᠡᠷ᠎ᠡ᠎ᠪᠠᠷ᠎ᠨᠢ ᠳᠡᠩᠰᠡᠯᠡᠨ ᠲᠡᠮᠳᠡᠭᠯᠡᠵᠦ᠂ ᠤᠷᠤᠯᠳᠤᠭ᠋ᠠᠨ᠎ᠤ ᠬᠤᠭᠤᠴᠠᠭ᠋ᠠᠨ᠎ᠳᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠴᠢᠩᠭ᠎ᠠ ᠬᠠᠮᠢᠶᠠᠷᠤᠯᠲᠠ ᠬᠢᠨ᠎ᠠ᠃ ᠡᠭᠦᠨ᠎ᠤ ᠬᠠᠮᠲᠤ ᠤᠢ᠍ᠢ᠍ᠷ᠎ᠠ ᠬᠠᠪᠢ ᠵᠢᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠂ ᠨᠡᠶ᠋ᠢᠭᠡᠮ ᠲᠣᠭᠣᠷᠢᠭ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠡᠷᠭᠡ ᠤᠯᠠᠨ ᠲᠠᠯ᠎ᠠ ᠵᠢᠨ᠎ᠬᠢᠨ᠎ᠲᠠᠢ ᠵᠥᠪᠳᠡᠯᠴᠡᠬᠦ᠂ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠪᠠ ᠰᠢᠢ᠍ᠳᠪᠦᠷᠢᠯᠡᠬᠦ ᠵᠡᠷᠭᠡ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢ ᠪᠠᠶ᠋ᠢᠭᠤᠯᠵᠤ᠂ ᠤᠷᠤᠯᠳᠤᠭ᠋ᠠᠨ᠎ᠳᠤ ᠬᠢᠵᠢᠭ᠎ᠤᠨ ᠪᠠᠶ᠋ᠢᠳᠠᠯ᠎ᠤᠨ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠦᠨ᠎ᠡ᠃
       ᠬᠣᠶᠠᠷ᠂ ᠲᠣᠮᠢᠯᠠᠭᠰᠠᠨ ᠨᠢᠭᠡᠴᠡ ᠵᠢᠨ ᠬᠠᠷᠢᠭᠤᠴᠠᠬᠤ ᠳᠦᠷᠢᠮ᠎ᠢ ᠪᠠᠢ᠌ᠭᠤᠯᠤᠨ᠎ᠠ᠃
       《ᠬᠡᠨ ᠲᠣᠮᠢᠯᠠᠭᠰᠠᠨ ᠪᠣᠯ ᠲᠡᠷᠡ ᠬᠠᠷᠢᠭᠤᠴᠠᠵᠤ᠂ ᠬᠡᠨ ᠬᠢᠨᠠᠨ ᠬᠡᠮᠵᠢᠬᠦ》 ᠵᠠᠷᠴᠢᠮ᠎ᠢ ᠵᠢᠷᠤᠮᠯᠠᠨ᠂ ᠡᠯ᠎ᠡ ᠲᠥᠷᠥᠯ᠎ᠤᠨ ᠬᠥᠮᠦᠰ᠎ᠢ ᠤᠷᠤᠯᠳᠤᠭ᠋ᠠᠨ᠎ᠠᠴᠠ ᠡᠮᠦᠨ᠎ᠡ ᠲᠣᠰ ᠲᠣᠰ ᠲᠣᠮᠢᠯᠠᠭᠰᠠᠨ ᠨᠢᠭᠡᠴᠡ᠎ᠠᠴᠠ᠎ᠨᠢ ᠪᠠᠷᠤᠭ 7 ᠡᠳᠦᠷ᠎ᠤᠨ ᠳᠣᠲᠣᠷ᠎ᠠ ᠪᠡᠶ᠎ᠡ ᠵᠢᠨ ᠳᠤᠯᠠᠭ᠋ᠠᠨ᠎ᠢ ᠬᠢᠨᠠᠨ ᠬᠡᠮᠵᠢᠬᠦ ᠠᠵᠢᠯ᠎ᠢ ᠵᠣᠬᠢᠶᠠᠨ ᠪᠠᠶ᠋ᠢᠭᠤᠯᠵᠤ᠂ 48 ᠴᠠᠭ᠎ᠤᠨ ᠳᠣᠲᠣᠷ᠎ᠠ ᠪᠥᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠵᠢᠨ ᠪᠢᠯᠢᠭ ᠴᠢᠨᠠᠷ᠎ᠤᠨ ᠮᠡᠳᠡᠭᠦᠯᠦᠯᠲᠡ᠂ ᠡᠷᠡᠭᠦᠯ ᠮᠡᠨᠳᠦ ᠵᠢᠨ ᠺᠣᠳ᠋ ᠨᠣᠭᠣᠭ᠋ᠠᠨ ᠺᠣᠳ᠋ ᠵᠡᠷᠭᠡ ᠡᠷᠡᠭᠦᠯ ᠮᠡᠨᠳᠦ ᠵᠢᠨ ᠭᠡᠷᠡᠴᠢ ᠵᠢ ᠬᠠᠩᠭ᠋ᠠᠵᠤ᠂ ᠡᠷᠡᠭᠦᠯ ᠮᠡᠨᠳᠦ ᠵᠢᠨ

ᠺᠣᠳ᠋᠂ ᠠᠶᠠᠯᠠᠯ᠎ᠤᠨ ᠺᠣᠳ᠋᠎ᠨᠢ ᠴᠥᠮ ᠬᠡᠪ᠎ᠤᠨ ᠪᠤᠰᠤ ᠪᠠᠶ᠋ᠢᠳᠠᠯ ᠥᠬᠡᠶ ᠪᠠᠶ᠋ᠢᠬᠤ ᠵᠢ ᠨᠤᠲᠠᠯᠠᠨ᠎ᠠ᠃
       ᠭᠤᠷᠪᠠ᠂ ᠡᠷᠡᠭᠦᠯ ᠡᠩᠬᠡ ᠵᠢᠨ ᠡᠳᠦᠷ᠎ᠤᠨ ᠮᠡᠳᠡᠬᠦᠯᠦᠯᠳᠡ ᠪᠠ ᠬᠢᠨᠠᠨ ᠰᠢᠨᠵᠢᠯᠲᠡ ᠵᠢ ᠰᠠᠶ᠋ᠢᠲᠤᠷ ᠬᠢᠵᠦ᠂ 24 ᠴᠠᠭ ᠵᠶ᠋ᠠᠷ ᠵᠢᠵᠢᠭᠦᠷᠯᠡᠬᠦ ᠲᠦᠷᠢᠮ᠎ᠢ ᠪᠠᠢ᠌ᠭᠤᠯᠤᠨ᠎ᠠ᠃
      ᠤᠷᠤᠯᠳᠤᠭ᠋ᠠᠨ᠎ᠳᠤ ᠣᠷᠣᠯᠴᠠᠬᠤ ᠲᠥᠯᠥᠭᠡᠯᠡᠭᠴᠢᠳ᠎ᠤᠨ ᠠᠩᠭᠢ ᠵᠢᠨ ᠪᠣᠶ ᠪᠥᠬᠥᠶ ᠠᠵᠢᠯᠲᠠᠨ᠂ ᠬᠢᠨᠠᠭᠴᠢ᠂ ᠰᠠᠶ᠋ᠢᠨ ᠳᠤᠷ᠎ᠠ ᠵᠢᠨ ᠠᠵᠢᠯᠯᠠᠭᠴᠢ᠂ ᠭᠦᠢ᠍ᠴᠡᠳᠭᠡᠬᠦ ᠺᠣᠮᠢᠰ᠎ᠤᠨ ᠠᠵᠢᠯᠲᠠᠨ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯᠲᠠᠨ᠎ᠢ ᠴᠥᠮ ᠤᠷᠤᠯᠳᠤᠭ᠋ᠠᠨ᠎ᠤ ᠠᠵᠢᠯᠲᠠᠨ᠎ᠤ ᠡᠷᠡᠭᠦᠯ ᠮᠡᠨᠳᠦ ᠵᠢᠨ ᠬᠠᠮᠢᠶᠠᠷᠤᠯᠲᠠ᠎ᠳᠤ ᠣᠷᠣᠭᠤᠯᠵᠤ᠂ ᠡᠳᠦᠷ ᠪᠦᠷᠢ ᠵᠢᠨ ᠪᠥᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ᠂ ᠡᠷᠡᠭᠦᠯ ᠮᠡᠨᠳᠦ ᠵᠢᠨ ᠬᠢᠨᠠᠨ ᠬᠡᠮᠵᠢᠯᠲᠡ ᠵᠢᠴᠢ ᠮᠡᠳᠡᠭᠦᠯᠦᠯᠲᠡ ᠵᠢ ᠬᠡᠷᠡᠭᠵᠢᠭᠦᠯᠵᠦ᠂ ᠡᠳᠦᠷ ᠪᠦᠷᠢ ᠵᠢᠨ ᠬᠢᠨᠠᠨ ᠬᠡᠮᠵᠢᠯᠲᠡ ᠵᠢᠨ ᠲᠠᠩᠰᠠ ᠡᠪᠬᠡᠮᠡᠯ᠎ᠢ ᠪᠠᠶ᠋ᠢᠭᠤᠯᠤᠨ᠎ᠠ᠃ ᠤᠷᠤᠯᠳᠤᠭ᠋ᠠᠨ᠎ᠤ ᠬᠤᠭᠤᠴᠠᠭ᠋ᠠᠨ᠎ᠳᠤ᠂ ᠲᠤᠰᠬᠠᠶ ᠬᠥᠮᠦᠨ ᠲᠣᠬᠢᠷᠠᠭᠤᠯᠤᠨ 24 ᠴᠠᠭ ᠵᠶ᠋ᠠᠷ ᠵᠢᠵᠢᠭᠦᠷᠯᠡᠬᠦ ᠪᠠ ᠤᠳᠤᠷᠢᠳᠤᠯᠭ᠎ᠠ ᠵᠢᠨ ᠠᠵᠢᠯ᠎ᠤᠨ ᠪᠠᠶ᠋ᠢᠷᠢ᠎ᠳᠠᠭᠠᠨ ᠵᠢᠵᠢᠭᠦᠷᠯᠡᠬᠦ ᠳᠦᠷᠢᠮ᠎ᠢ ᠬᠡᠷᠡᠭᠵᠢᠭᠦᠯᠵᠦ᠂ ᠭᠡᠨᠡᠳᠲᠡ ᠵᠢᠨ ᠬᠡᠷᠡᠭ ᠪᠠ ᠪᠠᠴᠢᠮ ᠬᠡᠷᠡᠭ᠎ᠢ ᠴᠠᠭ ᠲᠤᠬᠠᠶ᠎ᠳᠤᠨᠢ ᠰᠢᠢ᠍ᠳᠪᠦᠷᠢᠯᠡᠬᠦ ᠵᠢ ᠦᠨᠡᠨᠬᠦ ᠪᠠᠳᠤᠯᠠᠨ᠎ᠠ᠃
      ᠳᠥᠷᠪᠡ᠂ ᠤᠷᠤᠯᠳᠤᠭ᠋ᠠᠨ᠎ᠤ ᠪᠦᠬᠦ ᠶᠠᠪᠤᠴᠠ᠎ᠳᠤ ᠴᠢᠩᠭ᠎ᠠ ᠬᠠᠮᠢᠶᠠᠷᠤᠯᠲᠠ ᠶᠠᠪᠤᠭᠤᠯᠤᠨ᠎ᠠ᠃
      ᠬᠢᠵᠢᠭ᠎ᠤᠨ ᠪᠠᠶ᠋ᠢᠳᠠᠯ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠤᠷᠤᠯᠳᠤᠭ᠋ᠠᠨ᠎ᠤ ᠬᠤᠭᠤᠴᠠᠭ᠋ᠠᠨ᠎ᠳᠤ᠂ ᠤᠷᠤᠯᠳᠤᠭ᠋ᠠᠨ᠎ᠤ ᠲᠠᠯᠠᠪᠤᠷ᠎ᠲᠤ ᠣᠷᠣᠬᠤ᠂ ᠭᠥᠯᠢᠶᠡᠨ ᠠᠪᠬᠤ ᠪᠠᠭᠤᠳᠠᠯ ᠵᠡᠷᠭᠡ ᠬᠥᠮᠦᠰ ᠴᠤᠭᠯᠠᠷᠠᠬᠤ ᠭᠠᠵᠠᠷ᠎ᠲᠤ ᠴᠥᠮ ᠠᠮᠠᠪᠴᠢ ᠵᠡᠭᠦᠵᠦ᠂ ᠬᠥᠬᠡᠬᠣᠲᠠ ᠵᠢᠨ ᠺᠣᠳ᠋ ᠵᠶ᠋ᠠᠨ ᠭᠠᠷᠭ᠋ᠠᠨ ᠦᠵᠡᠭᠦᠯᠵᠦ᠂ ᠪᠡᠶ᠎ᠡ ᠵᠢᠨ ᠳᠤᠯᠠᠭ᠋ᠠᠨ᠎ᠤ ᠬᠡᠮᠵᠢᠯᠲᠡ ᠵᠢ ᠭᠥᠯᠢᠶᠡᠨ ᠠᠪᠴᠤ᠂ 《ᠨᠢᠭᠡ ᠮᠧᠲᠷ᠎ᠤᠨ ᠱᠤᠭᠤᠮ》᠎ᠤᠨ ᠠᠮᠤᠷ ᠲᠦᠪᠰᠢᠨ᠎ᠤ ᠵᠠᠶ ᠵᠢ ᠪᠠᠲᠤᠯᠠᠵᠤ᠂ ᠡᠮᠬᠢ ᠵᠢᠷᠤᠮ᠎ᠲᠠᠢ᠎ᠪᠠᠷ ᠲᠠᠯᠠᠪᠠᠶ᠎ᠳᠤ ᠣᠷᠣᠵᠤ᠂ ᠲᠠᠯᠠᠪᠤᠷ᠎ᠠᠴᠠ ᠭᠠᠷᠤᠨ᠎ᠠ᠃ ᠡᠷᠡᠭᠦᠯ ᠮᠡᠨᠳᠦ ᠵᠢᠨ ᠰᠢᠭᠰᠢᠨ ᠪᠠᠶ᠋ᠢᠴᠠᠭ᠋ᠠᠯᠲᠠ ᠪᠠ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠥᠬᠡᠶ ᠬᠥᠮᠦᠰ᠎ᠢ ᠴᠦ᠍ ᠬᠠᠮᠢᠶ᠎ᠠ ᠪᠥᠬᠥᠶ ᠣᠷᠣᠨ ᠪᠦᠰᠡ᠎ᠳᠤ ᠣᠷᠣᠭᠤᠯᠵᠤ ᠪᠣᠯᠬᠤ ᠥᠬᠡᠶ᠃
       ᠤᠷᠤᠯᠳᠤᠭ᠋ᠠᠨ᠎ᠤ ᠳᠠᠷᠠᠭ᠋ᠠᠬᠢ 7 ᠡᠳᠦᠷ᠎ᠤᠨ ᠳᠣᠲᠣᠷ᠎ᠠ᠂ ᠤᠷᠤᠯᠳᠤᠭ᠋ᠠᠨ᠎ᠳᠤ ᠣᠷᠣᠯᠴᠠᠭᠰᠠᠨ ᠪᠣᠶ ᠪᠥᠬᠥᠶ ᠬᠥᠮᠦᠰ᠎ᠢ ᠨᠢᠭᠡᠴᠢ ᠲᠣᠮᠢᠯᠠᠨ ᠲᠣᠰ ᠪᠦᠯᠬᠦᠮ (ᠳᠤᠭᠤᠶ᠋ᠢᠯᠠᠩ)᠎ᠤᠨ ᠬᠥᠮᠦᠰ᠎ᠤᠨ ᠡᠷᠡᠭᠦᠯ ᠮᠡᠨᠳᠦ ᠵᠢᠨ ᠬᠢᠨᠠᠨ ᠬᠡᠮᠵᠢᠯᠲᠡ ᠵᠢ ᠰᠠᠶ᠋ᠢᠲᠤᠷ ᠬᠢᠵᠦ᠂ ᠰᠡᠵᠢᠭᠯᠡᠯᠲᠡᠶ ᠪᠤᠶᠤ ᠣᠨᠣᠰᠢᠯᠠᠭᠰᠠᠨ ᠡᠪᠡᠳᠴᠢᠨ᠎ᠤ ᠵᠢᠱ᠌ᠢᠶ᠎ᠡ ᠵᠡᠷᠭᠡ ᠬᠡᠪ᠎ᠤᠨ ᠪᠤᠰᠤ ᠪᠠᠶ᠋ᠢᠳᠠᠯ᠎ᠢ ᠣᠯᠵᠤ ᠮᠡᠳᠡᠪᠡᠯ᠂ ᠤᠷᠤᠯᠳᠤᠭ᠋ᠠᠨ᠎ᠤ ᠭᠦᠢ᠍ᠴᠡᠳᠭᠡᠬᠦ ᠺᠣᠮᠢᠰ᠎ᠲᠤ ᠴᠠᠭ ᠲᠤᠬᠠᠶ᠎ᠳᠤᠨᠢ ᠮᠡᠳᠡᠭᠦᠯᠵᠦ᠂ ᠬᠥᠬᠡᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠢᠢ᠍ᠳᠪᠦᠷᠢᠯᠡᠬᠦ ᠪᠡᠯᠡᠳᠬᠡᠯ ᠲᠥᠰᠦᠯ᠎ᠤᠨ ᠶᠣᠰᠣᠭ᠋ᠠᠷ ᠬᠥᠮᠦᠰ᠎ᠢ ᠬᠠᠮᠢᠶᠠᠷᠤᠨ ᠡᠵᠡᠮᠳᠡᠬᠦ ᠪᠠ ᠲᠠᠷᠠᠭ᠋ᠠᠴᠢ ᠵᠢᠨ ᠰᠢᠢ᠍ᠳᠪᠦᠷᠢᠯᠡᠬᠦ ᠠᠵᠢᠯ᠎ᠢ ᠥᠷᠨᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠪᠠᠢ᠌ᠩᠭᠤ ᠲᠣᠬᠢᠶᠠᠯᠳᠤᠬᠤ ᠠᠰᠠᠭᠤᠳᠠᠯ᠎ᠤᠨ ᠬᠠᠷᠢᠭᠤᠯᠲᠠ
ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠣᠯᠭᠣᠯᠲᠠ ᠵᠢ ᠠᠬᠢᠭᠤᠯᠬᠤ ᠵᠤᠷᠭ᠋ᠠᠨ᠎ᠤ ᠬᠠᠷᠢᠭᠤᠴᠠᠯᠭ᠋ᠠᠲᠠᠨ ᠣᠳᠣᠬᠠᠨ᠎ᠤ ᠠᠵᠢᠯ ᠣᠯᠭᠣᠯᠲᠠ ᠵᠢᠨ ᠪᠠᠶ᠋ᠢᠳᠠᠯ᠎ᠤᠨ ᠲᠤᠬᠠᠢ ᠶᠠᠷᠢᠭᠰᠠᠨ᠎ᠨᠢ
ᠨᠢᠭᠡ ᠵᠦᠢ᠍ᠯ᠎ᠤᠨ ᠮᠡᠷᠭᠡᠵᠢᠯ᠎ᠢ ᠪᠠᠳᠠᠷᠠᠭᠤᠯᠤᠨ ᠵᠠᠯᠠᠭᠤ ᠨᠠᠰᠤᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ — ᠵᠢᠷᠭᠤᠭ᠋ᠠᠨ 《ᠴᠢᠳᠠᠪᠤᠷᠢᠲᠠᠨ》 ᠎ᠤ ᠦᠰᠦᠨ ᠪᠣᠢ᠌ᠵᠢᠭᠰᠠᠨ ᠥᠯᠢᠭᠡᠷ᠎ᠢ ᠰᠣᠨᠣᠰᠰᠤᠭ᠋ᠠᠢ
 
            