ᠣᠢ᠌ᠷ᠎ᠠ᠎ᠳᠤ᠂ ᠲᠥᠪ᠎ᠤᠨ ᠵᠣᠬᠢᠶᠠᠨ ᠪᠠᠢ᠌ᠭᠤᠯᠬᠤ ᠬᠡᠯᠲᠡᠰ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠳᠤ ᠰᠢᠢ᠍ᠳᠬᠡᠯ ᠥᠭᠬᠦ ᠲᠣᠭᠲᠠᠭ᠋ᠠᠯ》 (ᠳᠣᠷᠣᠭᠰᠢ 《ᠰᠢᠢ᠍ᠳᠬᠡᠯ ᠥᠭᠬᠦ ᠲᠣᠭᠲᠠᠭ᠋ᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠵᠤᠷᠭ᠋ᠠᠨ᠎ᠤ ᠬᠠᠷᠢᠭᠤᠴᠠᠯᠭ᠋ᠠᠲᠠᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠠᠰᠠᠭᠤᠯᠲᠠ᠄ ᠶᠠᠭᠤᠨ᠎ᠳᠤ 《ᠰᠢᠢ᠍ᠳᠬᠡᠯ ᠥᠭᠬᠦ ᠲᠣᠭᠲᠠᠭ᠋ᠠᠯ》᠎ᠢ ᠲᠣᠭᠲᠠᠭ᠋ᠠᠭᠰᠠᠨ ᠪᠤᠢ?
ᠬᠠᠷᠢᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》᠎ᠨᠢ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠰᠢᠨ᠎ᠡ ᠱᠠᠭ᠋ᠠᠷᠳᠠᠯᠭ᠎ᠠ᠎ᠳᠤ ᠵᠣᠬᠢᠴᠠᠬᠤ᠎ᠳᠤ ᠰᠠᠭᠤᠷᠢᠯᠠᠵᠤ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠬᠥᠮᠦᠵᠢᠯ᠂ ᠬᠠᠮᠢᠶᠠᠷᠤᠯᠲᠠ ᠪᠣᠯᠣᠨ ᠬᠢᠨᠠᠯᠲᠠ ᠵᠢ ᠴᠢᠩᠭ᠋ᠠᠳᠬᠠᠬᠤ ᠲᠠᠯ᠎ᠠ᠎ᠠᠴᠠ ᠪᠣᠳᠣᠯᠬᠢᠯᠠᠨ᠂ ᠰᠢᠢ᠍ᠳᠬᠡᠯ ᠥᠭᠬᠦ ᠵᠠᠷᠴᠢᠮ᠂ ᠲᠥᠷᠥᠯ ᠵᠦᠢ᠍ᠯ᠂ ᠬᠡᠷᠡᠭᠯᠡᠬᠦ ᠬᠡᠪᠴᠢᠶ᠎ᠡ᠂ ᠡᠷᠬᠡ ᠵᠢᠨ ᠬᠡᠪᠴᠢᠶ᠎ᠡ᠂ ᠶᠠᠪᠤᠴᠠ ᠵᠡᠷᠭᠡ᠎ᠳᠤ ᠪᠦᠬᠦ ᠲᠠᠯ᠎ᠠ ᠵᠢᠨ ᠲᠣᠭᠲᠠᠭ᠋ᠠᠯ᠎ᠢ ᠲᠣᠭᠲᠠᠭ᠋ᠠᠬᠤ ᠪᠣᠯ ᠠᠵᠢᠯ ᠦᠢ᠍ᠯᠡᠰ᠎ᠤᠨ ᠨᠢᠭᠡᠴᠢ ᠵᠢᠨ ᠰᠢᠢ᠍ᠳᠬᠡᠯ ᠥᠭᠬᠦ ᠠᠵᠢᠯ᠎ᠢ ᠥᠷᠨᠢᠭᠦᠯᠬᠦ ᠵᠢᠨ ᠦᠨᠳᠦᠰᠦᠨ ᠦᠨᠳᠦᠰᠦᠯᠡᠯ ᠮᠥᠨ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ 《ᠰᠢᠯᠭ᠋ᠠᠬᠤ᠂ ᠱᠠᠩᠨᠠᠬᠤ᠂ ᠲᠣᠷᠭ᠋ᠠᠬᠤ》 ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ 2012 ᠣᠨ᠎ᠤ 8 ᠰᠠᠷ᠎ᠠ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠤᠤᠯ᠎ᠤᠨ ᠬᠢᠨᠠᠨ ᠪᠠᠢ᠌ᠴᠠᠭ᠋ᠠᠬᠤ ᠶᠠᠮᠤᠨ ᠬᠠᠮᠲᠤᠷᠠᠨ 《ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠳᠤ ᠰᠢᠢ᠍ᠳᠬᠡᠯ ᠥᠭᠬᠦ ᠲᠦᠷ ᠬᠡᠷᠡᠭᠵᠢᠭᠦᠯᠬᠦ ᠲᠣᠭᠲᠠᠭ᠋ᠠᠯ》 (ᠳᠣᠷᠣᠭᠰᠢ 《ᠲᠦᠷ ᠬᠡᠷᠡᠭᠵᠢᠭᠦᠯᠬᠦ ᠲᠣᠭᠲᠠᠭ᠋ᠠᠯ》 ᠭᠡᠵᠦ ᠲᠣᠪᠴᠢᠯᠠᠨ᠎ᠠ)᠎ᠢ ᠨᠡᠢ᠌ᠲᠡᠯᠡᠵᠦ᠂ ᠬᠡᠷᠡᠭᠵᠢᠭᠦᠯᠦᠭᠰᠡᠨ ᠠᠷᠪᠠ ᠭᠠᠷᠤᠢ ᠵᠢᠯ᠎ᠤᠨ ᠲᠤᠷᠰᠢ᠂ ᠠᠵᠢᠯ ᠦᠢ᠍ᠯᠡᠰ᠎ᠤᠨ ᠨᠢᠭᠡᠴᠢ ᠵᠢᠨ ᠰᠠᠬᠢᠯᠭ᠎ᠠ ᠪᠠᠲᠤ ᠶᠣᠰᠣ ᠳᠦᠷᠢᠮ᠎ᠢ ᠴᠢᠩᠳᠠᠯᠠᠬᠤ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ᠂ ᠠᠵᠢᠯ ᠦᠢ᠍ᠯᠡᠰ᠎ᠤᠨ ᠨᠢᠭᠡᠴᠢ ᠵᠢᠴᠢ ᠲᠡᠭᠦᠨ᠎ᠤ ᠠᠵᠢᠯᠲᠠᠨ᠎ᠤ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠲᠤᠯᠠᠬᠤ᠎ᠳᠤ ᠴᠢᠬᠤᠯᠠ ᠦᠢ᠍ᠯᠡᠳᠦᠯ ᠪᠠᠳᠠᠷᠠᠭᠤᠯᠤᠭᠰᠠᠨ ᠪᠠᠢ᠌ᠨ᠎ᠠ᠃ ᠭᠡᠪᠡᠴᠦ ᠨᠡᠢ᠌ᠭᠡᠮ᠎ᠤᠨ ᠠᠵᠢᠯ ᠦᠢ᠍ᠯᠡᠰ᠎ᠤᠨ ᠬᠥᠭᠵᠢᠯᠲᠡ ᠪᠣᠯᠣᠨ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠳᠦᠷᠢᠮ᠎ᠤᠨ ᠥᠭᠡᠷᠡᠴᠢᠯᠡᠯᠲᠡ ᠵᠢᠨ ᠠᠯᠬᠤᠮ ᠠᠯᠬᠤᠮ ᠵᠶ᠋ᠠᠷ ᠭᠦᠨᠵᠡᠭᠡᠢ᠌ᠷᠡᠬᠦ ᠵᠢ ᠳᠠᠭ᠋ᠠᠯᠳᠤᠨ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠳᠤ ᠰᠢᠢ᠍ᠳᠬᠡᠯ ᠥᠭᠬᠦ ᠠᠵᠢᠯ᠎ᠤᠨ ᠪᠠᠶ᠋ᠢᠳᠠᠯ ᠪᠣᠯᠣᠨ ᠡᠭᠦᠷᠭᠡ᠎ᠳᠤ ᠨᠡᠯᠢᠶᠡᠳ ᠶᠡᠬᠡ ᠬᠤᠪᠢᠷᠠᠯᠲᠠ ᠭᠠᠷᠴᠤ᠂ 《ᠲᠦᠷ ᠬᠡᠷᠡᠭᠵᠢᠭᠦᠯᠬᠦ ᠲᠣᠭᠲᠠᠭ᠋ᠠᠯ》᠎ᠳᠤ ᠴᠠᠭ ᠲᠤᠬᠠᠢᠳᠤᠨᠢ ᠵᠠᠰᠠᠪᠤᠷᠢ ᠣᠷᠣᠭᠤᠯᠬᠤ ᠬᠡᠷᠡᠭᠲᠡᠶ ᠪᠣᠯᠪᠠ᠃ ᠨᠢᠭᠡ᠎ᠳᠤ᠂ ᠰᠢᠨ᠎ᠡ ᠵᠣᠷᠢᠭ ᠰᠠᠨᠠᠭ᠎ᠠ ᠵᠢ ᠲᠤᠭᠤᠰᠢᠯᠠᠭᠤᠯᠪᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠺᠠᠳ᠋ᠷ᠎ᠢ ᠴᠢᠩᠭ᠎ᠠ ᠬᠠᠮᠢᠶᠠᠷᠬᠤ ᠲᠤᠬᠠᠢ ᠠᠯᠢ ᠤᠯᠠᠨ ᠴᠢᠬᠤᠯᠠ ᠥᠭᠦᠯᠡᠯᠲᠡ ᠳᠤᠷᠠᠳᠴᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠺᠠᠳ᠋ᠷ᠎ᠤᠨ ᠪᠦᠬᠦ ᠲᠠᠯ᠎ᠠ ᠵᠢᠨ ᠬᠠᠮᠢᠶᠠᠷᠤᠯᠲᠠ ᠪᠠ ᠪᠠᠢ᠌ᠩᠭᠤ ᠵᠢᠨ ᠴᠢᠨᠠᠷᠲᠠᠢ ᠬᠢᠨᠠᠯᠲᠠ ᠲᠠᠯᠪᠢᠬᠤ ᠵᠢ ᠴᠢᠩᠭ᠋ᠠᠳᠬᠠᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠂ ᠡᠲᠡᠭᠡᠷ ᠰᠢᠨ᠎ᠡ ᠵᠣᠷᠢᠭ ᠰᠠᠨᠠᠭ᠎ᠠ᠂ ᠰᠢᠨ᠎ᠡ ᠱᠠᠭ᠋ᠠᠷᠳᠠᠯᠭ᠎ᠠ ᠵᠢ ᠴᠠᠭ ᠲᠤᠬᠠᠢᠳᠤᠨᠢ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠬᠠᠮᠢᠶᠠᠷᠤᠯᠲᠠ ᠵᠢᠨ ᠠᠵᠢᠯ ᠳᠤᠮᠳᠠ ᠢᠯᠡᠷᠡᠭᠦᠯᠬᠦ ᠬᠡᠷᠡᠭᠲᠡᠢ᠃ ᠬᠣᠶᠠᠷ᠎ᠲᠤ᠂ ᠰᠢᠨ᠎ᠡ ᠲᠥᠷᠥ ᠵᠢᠨ ᠪᠣᠳᠣᠯᠭ᠎ᠠ᠎ᠲᠠᠢ ᠵᠣᠯᠭ᠋ᠠᠭᠤᠯᠪᠠ᠃ 2018 ᠣᠨ᠎ᠤ 《ᠬᠢᠨᠠᠨ ᠪᠠᠢ᠌ᠴᠠᠭ᠋ᠠᠬᠤ ᠬᠠᠤᠯᠢ》᠎ᠳᠤ ᠠᠵᠢᠯ ᠦᠢ᠍ᠯᠡᠰ᠎ᠤᠨ ᠨᠢᠭᠡᠴᠢ᠎ᠳᠠᠬᠢ ᠬᠠᠮᠢᠶᠠᠷᠤᠯᠲᠠ ᠵᠢᠨ ᠠᠵᠢᠯ᠎ᠢ ᠬᠢᠵᠦ ᠪᠠᠢ᠌ᠭ᠎ᠠ ᠠᠵᠢᠯᠲᠠᠨ᠎ᠢ ᠬᠢᠨᠠᠨ ᠪᠠᠢ᠌ᠴᠠᠭ᠋ᠠᠬᠤ ᠡᠲᠡᠭᠡᠳ᠎ᠤᠨ ᠬᠡᠪᠴᠢᠶ᠎ᠡ᠎ᠳᠤ ᠣᠷᠣᠭᠤᠯᠵᠤ᠂ 2020 ᠣᠨ᠎ᠤ 《ᠵᠠᠰᠠᠭ᠎ᠤᠨ ᠶᠠᠪᠤᠳᠠᠯ᠎ᠤᠨ ᠰᠢᠢ᠍ᠳᠬᠡᠯ ᠥᠭᠬᠦ ᠬᠠᠤᠯᠢ》᠎ᠳᠤ ᠡᠨᠡ ᠬᠦ᠌ ᠬᠡᠰᠡᠭ ᠠᠵᠢᠯᠲᠠᠨ᠎ᠳᠤ ᠰᠢᠢ᠍ᠳᠬᠡᠯ ᠥᠭᠬᠦ ᠠᠵᠢᠯ᠎ᠳᠤ ᠰᠢᠨ᠎ᠡ ᠲᠣᠭᠲᠠᠭ᠋ᠠᠯ ᠭᠠᠷᠭ᠋ᠠᠵᠤ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠳᠤ ᠰᠢᠢ᠍ᠳᠬᠡᠯ ᠥᠭᠬᠦ ᠠᠵᠢᠯ᠎ᠢ ᠰᠢᠨ᠎ᠡ ᠲᠥᠷᠥ ᠵᠢᠨ ᠪᠣᠳᠣᠯᠭ᠎ᠠ᠎ᠲᠠᠢ ᠵᠣᠯᠭ᠋ᠠᠭᠤᠯᠬᠤ ᠪᠠ ᠲᠡᠩᠴᠡᠭᠦᠷᠢᠲᠡᠢ ᠪᠠᠢ᠌ᠯᠭ᠋ᠠᠬᠤ ᠬᠡᠷᠡᠭᠲᠡᠶ ᠪᠣᠯᠵᠠᠢ᠃ ᠭᠤᠷᠪᠠ᠎ᠳᠤ᠂ ᠰᠢᠨ᠎ᠡ ᠠᠰᠠᠭᠤᠳᠠᠯ᠎ᠢ ᠰᠢᠢ᠍ᠳᠪᠦᠷᠢᠯᠡᠪᠡ᠃ ᠣᠢ᠌ᠷ᠎ᠠ ᠵᠢᠨ ᠵᠢᠯ᠎ᠤᠳ᠎ᠲᠤ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠳᠤ ᠰᠢᠢ᠍ᠳᠬᠡᠯ ᠥᠭᠬᠦ ᠠᠵᠢᠯ᠎ᠳᠤ ᠰᠢᠨ᠎ᠡ ᠪᠠᠶ᠋ᠢᠳᠠᠯ᠂ ᠰᠢᠨ᠎ᠡ ᠠᠰᠠᠭᠤᠳᠠᠯ ᠲᠤᠯᠭ᠋ᠠᠷᠠᠵᠤ ᠪᠠᠢ᠌ᠨ᠎ᠠ᠂ ᠵᠢᠱ᠌ᠢᠶᠡᠯᠡᠪᠡᠯ᠂ ᠣᠢ᠌ᠷ᠎ᠠ ᠵᠢᠨ ᠵᠢᠯ᠎ᠤᠳ᠎ᠲᠤ ᠤᠯᠤᠰ᠎ᠤᠨ ᠬᠥᠮᠥᠨ ᠠᠮᠠ ᠵᠢᠨ ᠲᠥᠯᠥᠪᠯᠡᠭᠡᠲᠦ ᠦᠷᠡᠵᠢᠯ᠎ᠤᠨ ᠲᠥᠷᠥ ᠵᠢᠨ ᠪᠣᠳᠣᠯᠭ᠎ᠠ᠎ᠳᠤ ᠨᠢᠭᠡᠨᠲᠡ ᠴᠢᠬᠤᠯᠠ ᠶᠡᠬᠡ ᠲᠣᠬᠢᠷᠠᠭᠤᠯᠤᠯᠲᠠ ᠬᠢᠭᠰᠡᠨ ᠪᠣᠯᠬᠣᠷ 《ᠲᠣᠭᠲᠠᠭ᠋ᠠᠯ᠎ᠠᠴᠠ ᠵᠥᠷᠢᠴᠡᠨ ᠲᠥᠯᠥᠪᠯᠡᠭᠡ᠎ᠲᠠᠢ᠎ᠪᠠᠷ ᠬᠡᠦᠬᠡᠳ ᠠᠪᠬᠤ ᠵᠢ ᠳᠠᠪᠠᠭᠤᠯᠤᠭᠰᠠᠨ》 ᠪᠠᠶ᠋ᠢᠳᠠᠯ᠎ᠢ ᠰᠢᠢ᠍ᠳᠬᠡᠯ ᠥᠭᠬᠦ ᠪᠠᠶ᠋ᠢᠳᠠᠯ᠎ᠳᠤ ᠣᠷᠣᠭᠤᠯᠬᠤ᠎ᠨᠢ ᠵᠣᠬᠢᠰ ᠦᠭᠡᠢ ᠪᠣᠯᠤᠭᠰᠠᠨ ᠵᠡᠷᠭᠡ᠂ ᠡᠢ᠌ᠮᠦ᠎ᠠᠴᠠ ᠤᠤᠯ᠎ᠤᠨ ᠲᠥᠷᠥ ᠵᠢᠨ ᠪᠣᠳᠣᠯᠭ᠎ᠠ᠎ᠳᠤ ᠬᠠᠷᠠᠭ᠋ᠠᠯᠵᠠᠭᠰᠠᠨ ᠲᠣᠬᠢᠷᠠᠭᠤᠯᠤᠯᠲᠠ ᠬᠢᠬᠦ ᠴᠢᠬᠤᠯᠠᠲᠠᠢ ᠪᠣᠯᠵᠠᠢ᠃
ᠠᠰᠠᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》᠎ᠢ ᠲᠣᠭᠲᠠᠭ᠋ᠠᠭᠰᠠᠨ ᠶᠡᠷᠦᠩᠬᠡᠢ ᠪᠣᠳᠣᠯᠬᠢᠯᠠᠯ᠎ᠨᠢ ᠶᠠᠭᠤ ᠪᠤᠢ?
ᠬᠠᠷᠢᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》᠎ᠢ ᠲᠣᠭᠲᠠᠭ᠋ᠠᠬᠤ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠺᠠᠳ᠋ᠷ᠎ᠢ ᠴᠢᠩᠭ᠎ᠠ ᠬᠠᠮᠢᠶᠠᠷᠬᠤ᠂ ᠺᠠᠳ᠋ᠷ᠎ᠤᠨ ᠪᠦᠬᠦ ᠲᠠᠯ᠎ᠠ ᠵᠢᠨ ᠬᠠᠮᠢᠶᠠᠷᠤᠯᠲᠠ ᠪᠠ ᠪᠠᠢ᠌ᠩᠭᠤ ᠵᠢᠨ ᠴᠢᠨᠠᠷᠲᠠᠢ᠎ᠪᠠᠷ ᠬᠢᠨᠠᠯᠲᠠ ᠲᠠᠯᠪᠢᠬᠤ ᠵᠢ ᠴᠢᠩᠭ᠋ᠠᠳᠬᠠᠬᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠠᠴᠠ ᠺᠠᠳ᠋ᠷ᠎ᠢ ᠬᠠᠮᠢᠶᠠᠷᠬᠤ᠂ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠲᠥᠪ ᠭᠣᠣᠯᠴᠢ᠂ ᠡᠷᠬᠡ ᠲᠡᠭᠰᠢ ᠪᠠᠶ᠋ᠢᠬᠤ ᠵᠢ ᠪᠠᠷᠢᠮᠲᠠᠯᠠᠵᠤ᠂ ᠵᠠᠯᠬᠠᠭ᠋ᠠᠨ ᠰᠢᠢ᠍ᠳᠬᠡᠬᠦ ᠪᠠ ᠰᠤᠷᠭ᠋ᠠᠨ ᠬᠥᠮᠥᠵᠢᠭᠦᠯᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ 《ᠵᠠᠰᠠᠭ᠎ᠤᠨ ᠶᠠᠪᠤᠳᠠᠯ᠎ᠤᠨ ᠰᠢᠢ᠍ᠳᠬᠡᠯ ᠥᠭᠬᠦ ᠬᠠᠤᠯᠢ》 ᠪᠣᠯᠣᠨ 《ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ》 ᠵᠶ᠋ᠡᠷ ᠦᠨᠳᠦᠰᠦᠯᠡᠯ ᠪᠣᠯᠭ᠋ᠠᠵᠤ᠂ ᠠᠵᠢᠯ ᠦᠢ᠍ᠯᠡᠰ᠎ᠤᠨ ᠨᠢᠭᠡᠴᠢ ᠵᠢᠨ ᠣᠨᠴᠠᠯᠢᠭ᠎ᠢ ᠡᠵᠡᠮᠰᠢᠵᠦ᠂ ᠰᠢᠨ᠎ᠡ ᠪᠠᠶ᠋ᠢᠳᠠᠯ ᠰᠢᠨ᠎ᠡ ᠡᠭᠦᠷᠭᠡ᠎ᠳᠤ ᠵᠣᠬᠢᠴᠠᠭᠤᠯᠤᠨ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠳᠤ ᠰᠢᠢ᠍ᠳᠬᠡᠯ ᠥᠭᠬᠦ ᠵᠠᠷᠴᠢᠮ᠂ ᠲᠥᠷᠥᠯ ᠵᠦᠢ᠍ᠯ᠂ ᠬᠡᠷᠡᠭᠯᠡᠬᠦ ᠳᠦᠷᠢᠮ᠂ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠠᠵᠢᠯᠯᠠᠭ᠎ᠠ ᠵᠢᠴᠢ ᠲᠡᠭᠦᠨ᠎ᠳᠤ ᠬᠡᠷᠡᠭᠯᠡᠬᠦ ᠰᠢᠢ᠍ᠳᠬᠡᠯ᠂ ᠰᠢᠢ᠍ᠳᠬᠡᠯ ᠥᠭᠬᠦ ᠡᠷᠬᠡ ᠵᠢᠨ ᠬᠡᠪᠴᠢᠶ᠎ᠡ ᠪᠠ ᠶᠠᠪᠤᠴᠠ ᠵᠡᠷᠭᠡ ᠵᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠵᠦ᠂ ᠠᠵᠢᠯ ᠦᠢ᠍ᠯᠡᠰ᠎ᠤᠨ ᠨᠢᠭᠡᠴᠢ ᠵᠢᠨ ᠡᠯ᠎ᠡ ᠵᠦᠢ᠍ᠯ᠎ᠤᠨ ᠰᠠᠬᠢᠯᠭ᠎ᠠ ᠪᠠᠲᠤ ᠶᠣᠰᠣ ᠳᠦᠷᠢᠮ᠎ᠢ ᠤᠯᠠᠮ ᠨᠢᠭᠡ ᠠᠯᠬᠤᠮ ᠴᠢᠩᠳᠠᠯᠠᠵᠤ᠂ ᠰᠢᠢ᠍ᠳᠬᠡᠯ ᠥᠭᠬᠦ ᠠᠵᠢᠯ᠎ᠤᠨ ᠬᠠᠨᠳᠤᠯᠭ᠋ᠠᠲᠤ ᠴᠢᠨᠠᠷ᠂ ᠪᠦᠲᠦᠮᠵᠢᠲᠦ ᠴᠢᠨᠠᠷ᠎ᠢ ᠤᠯᠠᠮ ᠨᠢᠭᠡ ᠠᠯᠬᠤᠮ ᠴᠢᠩᠭ᠋ᠠᠳᠬᠠᠨ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠦᠢ᠍ᠯᠡ ᠠᠵᠢᠯᠯᠠᠭ᠎ᠠ ᠵᠢ ᠬᠦᠴᠦᠯᠡᠨ ᠵᠢᠷᠤᠮᠵᠢᠭᠤᠯᠵᠤ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ ᠡᠷᠡᠭᠦᠯ ᠬᠠᠮᠠᠭ᠋ᠠᠯᠠᠯ ᠵᠡᠷᠭᠡ ᠨᠡᠢ᠌ᠭᠡᠮ᠎ᠤᠨ ᠠᠵᠢᠯ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠤᠨ᠎ᠠ᠃
ᠠᠰᠠᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》᠎ᠤᠨ ᠭᠣᠣᠯ ᠠᠭᠤᠯᠭ᠎ᠠ᠎ᠨᠢ ᠶᠠᠭᠤ ᠶᠠᠭᠤ ᠪᠤᠢ?
ᠬᠠᠷᠢᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》᠎ᠨᠢ ᠨᠠᠢ᠌ᠳᠠ ᠵᠢᠷᠭᠤᠭ᠋ᠠᠨ ᠪᠦᠯᠦᠭ ᠳᠥᠴᠢᠨ ᠲᠠᠪᠤᠨ ᠵᠦᠢ᠍ᠯ ᠵᠶ᠋ᠠᠷ ᠪᠦᠷᠢᠯᠳᠦᠪᠡ᠃ ᠨᠢᠭᠡᠳᠦᠭᠡᠷ ᠪᠦᠯᠦᠭ 《ᠶᠡᠷᠦᠩᠬᠡᠢ ᠳᠦᠷᠢᠮ》᠎ᠳᠤ ᠭᠣᠣᠯᠳᠠᠭᠤ ᠲᠣᠭᠲᠠᠭ᠋ᠠᠭᠰᠠᠨ ᠵᠣᠷᠢᠯᠭ᠎ᠠ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠦᠨᠳᠦᠰᠦᠨ ᠵᠠᠷᠴᠢᠮ ᠪᠠ ᠶᠡᠷᠦᠩᠬᠡᠢ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃ ᠬᠣᠶᠠᠳᠤᠭ᠋ᠠᠷ ᠪᠦᠯᠦᠭ 《ᠰᠢᠢ᠍ᠳᠬᠡᠯ ᠥᠭᠬᠦ ᠲᠥᠷᠥᠯ ᠪᠠ ᠬᠡᠷᠡᠭᠯᠡᠬᠦ ᠬᠡᠪᠴᠢᠶ᠎ᠡ》᠎ᠳᠤ ᠭᠣᠣᠯᠳᠠᠭᠤ ᠰᠢᠢ᠍ᠳᠬᠡᠯ ᠥᠭᠬᠦ ᠲᠥᠷᠥᠯ ᠪᠠ ᠰᠢᠢ᠍ᠳᠬᠡᠯ ᠣᠯᠣᠭᠰᠠᠨ᠎ᠤ ᠦᠷ᠎ᠡ ᠳ᠋ᠦᠩ᠎ᠢ ᠲᠣᠳᠣᠷᠬᠠᠢ᠌ᠯᠠᠪᠠ᠃ ᠭᠤᠷᠪᠠᠳᠤᠭ᠋ᠠᠷ ᠪᠦᠯᠦᠭ 《ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠠᠵᠢᠯᠯᠠᠭ᠎ᠠ ᠵᠢᠴᠢ ᠲᠡᠭᠦᠨ᠎ᠳᠤ ᠬᠡᠷᠡᠭᠯᠡᠵᠦ ᠪᠣᠯᠬᠤ ᠰᠢᠢ᠍ᠳᠬᠡᠯ》᠎ᠳᠤ ᠭᠣᠣᠯᠳᠠᠭᠤ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠡᠯ᠎ᠡ ᠳᠦᠷᠦᠯ᠎ᠤᠨ ᠦᠢ᠍ᠯᠡ ᠠᠵᠢᠯᠯᠠᠭ᠎ᠠ ᠵᠢᠨ ᠪᠣᠳᠠᠲᠠᠢ ᠪᠠᠶ᠋ᠢᠳᠠᠯ ᠵᠢᠴᠢ ᠬᠡᠷᠡᠭᠯᠡᠵᠦ ᠪᠣᠯᠬᠤ ᠰᠢᠢ᠍ᠳᠬᠡᠯ᠎ᠢ ᠲᠣᠳᠣᠷᠬᠠᠢ᠌ᠯᠠᠪᠠ᠃ ᠳᠥᠷᠪᠡᠳᠦᠭᠡᠷ ᠪᠦᠯᠦᠭ 《ᠰᠢᠢ᠍ᠳᠬᠡᠯ ᠥᠭᠬᠦ ᠡᠷᠬᠡ ᠵᠢᠨ ᠬᠡᠪᠴᠢᠶ᠎ᠡ ᠪᠠ ᠶᠠᠪᠤᠴᠠ》᠎ᠳᠤ ᠭᠣᠣᠯᠳᠠᠭᠤ ᠰᠢᠢ᠍ᠳᠬᠡᠯ ᠥᠭᠬᠦ ᠡᠷᠬᠡ ᠵᠢᠨ ᠬᠡᠪᠴᠢᠶ᠎ᠡ᠂ ᠶᠠᠪᠤᠴᠠ ᠪᠠ ᠰᠢᠢ᠍ᠳᠬᠡᠯ ᠥᠭᠬᠦ ᠲᠣᠭᠲᠠᠭ᠋ᠠᠯ᠎ᠤᠨ ᠠᠭᠤᠯᠭ᠎ᠠ ᠵᠢ ᠲᠣᠳᠣᠷᠬᠠᠢ᠌ᠯᠠᠪᠠ᠃ ᠲᠠᠪᠤᠳᠤᠭ᠋ᠠᠷ ᠪᠦᠯᠦᠭ 《ᠳᠠᠬᠢᠨ ᠬᠢᠨᠠᠬᠤ ᠪᠠ ᠭᠣᠮᠣᠳᠠᠯ ᠲᠣᠭ᠋ᠠᠴᠢᠬᠤ》 ᠬᠡᠰᠡᠭ᠎ᠲᠤ ᠭᠣᠣᠯᠳᠠᠭᠤ ᠳᠠᠬᠢᠨ ᠬᠢᠨᠠᠬᠤ᠂ ᠭᠣᠮᠣᠳᠠᠯ ᠲᠣᠭ᠋ᠠᠴᠢᠬᠤ ᠶᠠᠪᠤᠴᠠ ᠪᠠ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠪᠠ᠃ ᠵᠢᠷᠭᠤᠳᠤᠭ᠋ᠠᠷ ᠪᠦᠯᠦᠭ 《ᠳᠠᠭ᠋ᠠᠯᠳᠤᠭᠤᠯᠤᠭᠰᠠᠨ ᠳᠦᠷᠢᠮ》᠎ᠳᠤ ᠭᠣᠣᠯᠳᠠᠭᠤ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠡᠷᠭᠡ ᠬᠣᠯᠪᠣᠭᠳᠠᠯ ᠪᠦᠬᠦᠢ ᠵᠦᠢ᠍ᠯᠡᠰ᠎ᠢ ᠲᠣᠳᠣᠷᠬᠠᠢ᠌ᠯᠠᠪᠠ᠃
ᠠᠰᠠᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》᠎ᠳᠤ ᠶᠠᠮᠠᠷ ᠬᠡᠳᠦᠨ ᠲᠠᠯ᠎ᠠ᠎ᠤᠨ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠠᠵᠢᠯᠯᠠᠭ᠎ᠠ ᠵᠢ ᠲᠣᠭᠲᠠᠭ᠋ᠠᠭᠰᠠᠨ ᠪᠤᠢ?
ᠬᠠᠷᠢᠭᠤᠯᠲᠠ᠄ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠵᠦ᠂ ᠤᠯᠤᠰ ᠣᠷᠣᠨ᠎ᠤ ᠠᠰᠢᠭ ᠲᠤᠰᠠ᠂ ᠤᠯᠠᠨ ᠨᠠᠢ᠌ᠳᠠ ᠵᠢᠨ ᠠᠰᠢᠭ ᠲᠤᠰᠠ ᠵᠡᠷᠭᠡ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠡᠷᠬᠡᠪᠰᠢ ᠰᠠᠬᠢᠯᠭ᠎ᠠ ᠪᠠᠲᠤ ᠵᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠨᠠᠮ᠎ᠤᠨ ᠲᠥᠪ ᠬᠣᠷᠢᠶᠠᠨ᠎ᠤ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠣᠢ᠌ᠷ᠎ᠠ ᠵᠢᠨ ᠵᠢᠯ᠎ᠤᠨ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠳᠤ ᠰᠢᠢ᠍ᠳᠬᠡᠯ ᠥᠭᠭᠦᠭᠰᠡᠨ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ 《ᠰᠢᠢ᠍ᠳᠬᠡᠯ ᠥᠭᠬᠦ ᠲᠣᠭᠲᠠᠭ᠋ᠠᠯ》᠎ᠳᠤ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠯᠤᠰ ᠲᠥᠷᠥ ᠵᠢᠨ ᠰᠠᠬᠢᠯᠭ᠎ᠠ ᠪᠠᠲᠤ ᠵᠢ ᠵᠥᠷᠢᠴᠡᠭᠰᠡᠨ᠂ ᠵᠣᠬᠢᠶᠠᠨ ᠪᠠᠢ᠌ᠭᠤᠯᠬᠤ ᠠᠵᠢᠯᠲᠠᠨ᠎ᠤ ᠶᠠᠪᠤᠳᠠᠯ᠎ᠤᠨ ᠰᠠᠬᠢᠯᠭ᠎ᠠ ᠪᠠᠲᠤ ᠵᠢ ᠵᠥᠷᠢᠴᠡᠭᠰᠡᠨ᠂ ᠠᠵᠢᠯ᠎ᠤᠨ ᠰᠠᠬᠢᠯᠭ᠎ᠠ ᠪᠠᠲᠤ ᠵᠢ ᠵᠥᠷᠢᠴᠡᠭᠰᠡᠨ᠂ ᠠᠷᠢᠭᠤᠨ ᠴᠢᠬᠡᠴᠢ᠎ᠪᠠᠷ ᠠᠵᠢᠯ ᠬᠢᠬᠦ ᠰᠠᠬᠢᠯᠭ᠎ᠠ ᠪᠠᠲᠤ ᠵᠢ ᠵᠥᠷᠢᠴᠡᠭᠰᠡᠨ᠂ ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢ ᠵᠥᠷᠢᠴᠡᠭᠰᠡᠨ᠂ ᠲᠤᠬᠠᠢ᠌ᠯᠠᠭᠰᠠᠨ ᠠᠵᠢᠯ᠎ᠤᠨ ᠶᠣᠰᠣ ᠮᠣᠷᠠᠯ᠎ᠢ ᠵᠥᠷᠢᠴᠡᠭᠰᠡᠨ ᠪᠠ ᠨᠡᠢ᠌ᠭᠡᠮ ᠨᠠᠢ᠌ᠳᠠ ᠵᠢᠨ ᠶᠣᠰᠣ ᠰᠤᠷᠲᠠᠬᠤᠨ᠎ᠢ ᠵᠥᠷᠢᠴᠡᠭᠰᠡᠨ ᠵᠡᠷᠭᠡ ᠳᠣᠯᠣᠭ᠋ᠠᠨ ᠲᠠᠯ᠎ᠠ ᠵᠢᠨ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠠᠵᠢᠯᠯᠠᠭ᠎ᠠ᠎ᠳᠤ ᠰᠢᠢ᠍ᠳᠬᠡᠯ ᠥᠭᠬᠦ᠎ᠪᠠᠷ ᠲᠣᠭᠲᠠᠭ᠋ᠠᠭᠰᠠᠨ ᠪᠥᠭᠡᠳ ᠦᠢ᠍ᠯᠡ ᠪᠠᠶ᠋ᠢᠳᠠᠯ᠎ᠤᠨ ᠬᠢᠨᠢ ᠬᠦᠨᠳᠦ ᠬᠥᠩᠭᠡᠨ᠎ᠢ ᠦᠨᠳᠦᠰᠦᠯᠡᠨ ᠬᠠᠷᠠᠭ᠋ᠠᠯᠵᠠᠭᠰᠠᠨ ᠰᠢᠢ᠍ᠳᠬᠡᠯ ᠥᠭᠬᠦ ᠲᠥᠷᠥᠯ᠎ᠢ ᠲᠣᠳᠣᠷᠬᠠᠢ ᠲᠣᠭᠲᠠᠭ᠋ᠠᠵᠠᠢ᠃
ᠠᠰᠠᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》᠎ᠳᠤ ᠤᠯᠤᠰ ᠲᠥᠷᠥ ᠵᠢᠨ ᠪᠠᠷᠢᠮᠵᠢᠶ᠎ᠠ ᠵᠢ ᠳᠣᠪᠣᠶ᠋ᠢᠯᠭ᠋ᠠᠵᠤ᠂ ᠤᠯᠤᠰ ᠲᠥᠷᠥ ᠵᠢᠨ ᠰᠠᠬᠢᠯᠭ᠎ᠠ ᠪᠠᠲᠤ ᠵᠢ ᠴᠢᠩᠳᠠᠯᠠᠬᠤ ᠵᠢ ᠬᠡᠷᠬᠢᠨ ᠢᠯᠡᠷᠡᠭᠦᠯᠦᠭᠰᠡᠨ ᠪᠤᠢ?
ᠬᠠᠷᠢᠭᠤᠯᠲᠠ᠄ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠰᠢᠢ᠍ᠳᠬᠡᠯ ᠥᠭᠬᠦ ᠲᠣᠭᠲᠠᠭ᠋ᠠᠯ》᠎ᠳᠤ ᠤᠯᠤᠰ ᠲᠥᠷᠥ ᠵᠢᠨ ᠪᠠᠷᠢᠮᠵᠢᠶ᠎ᠠ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠨ᠂ ᠤᠯᠤᠰ ᠲᠥᠷᠥ ᠵᠢᠨ ᠰᠠᠬᠢᠯᠭ᠎ᠠ ᠪᠠᠲᠤ ᠵᠢ ᠤᠯᠠᠮ ᠨᠢᠭᠡ ᠠᠯᠬᠤᠮ ᠴᠢᠩᠳᠠᠯᠠᠵᠠᠢ᠃ ᠵᠢᠱ᠌ᠢᠶᠡᠯᠡᠪᠡᠯ᠂ ᠭᠤᠷᠪᠠᠳᠤᠭ᠋ᠠᠷ ᠪᠦᠯᠦᠭ᠎ᠲᠤ 《ᠦᠨᠳᠦᠰᠦᠨ ᠬᠠᠤᠯᠢ ᠵᠢᠨ ᠡᠷᠬᠡ ᠰᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠣᠬᠢᠷᠠᠭᠤᠯᠬᠤ ᠦᠭᠡ ᠶᠠᠷᠢᠶ᠎ᠠ ᠵᠢ ᠲᠠᠷᠬᠠᠭ᠋ᠠᠬᠤ》 《ᠦᠨᠳᠦᠰᠦᠨ ᠬᠠᠤᠯᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠤᠯᠤᠰ᠎ᠤᠨ ᠠᠰᠢᠭ ᠲᠤᠰᠠ ᠵᠢ ᠡᠰᠡᠷᠭᠦᠴᠡᠬᠦ ᠵᠣᠷᠢᠯᠭ᠎ᠠ᠎ᠲᠠᠢ ᠬᠤᠷᠠᠯ ᠴᠤᠭᠯᠠᠭ᠎ᠠ᠂ ᠵᠢᠭᠰᠠᠭ᠋ᠠᠯ ᠶᠠᠪᠤᠭᠤᠯᠬᠤ᠂ ᠰᠦᠷ ᠦᠵᠡᠭᠦᠯᠬᠦ ᠵᠡᠷᠭᠡ ᠠᠵᠢᠯᠯᠠᠭ᠎ᠠ᠎ᠳᠤ ᠣᠷᠣᠯᠴᠠᠬᠤ》 《ᠳᠤᠮᠳᠠᠳᠤ ᠤᠯᠤᠰ᠎ᠤᠨ ᠡᠪ ᠬᠠᠮᠲᠤ ᠨᠠᠮ ᠪᠠ ᠤᠯᠤᠰ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ᠂ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠡᠷᠡᠭᠵᠢᠭᠦᠯᠬᠦ ᠦᠭᠡᠢ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠬᠡᠷᠡᠭᠵᠢᠭᠦᠯᠬᠦ ᠦᠭᠡᠢ》 ᠵᠡᠷᠭᠡ ᠪᠣᠯ ᠴᠥᠮ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠮᠥᠨ ᠭᠡᠵᠦ ᠲᠣᠳᠣᠷᠬᠠᠢ ᠲᠣᠭᠲᠠᠭ᠋ᠠᠵᠤ᠂ ᠲᠡᠷᠡᠴᠢᠯᠡᠨ ᠦᠢ᠍ᠯᠡ ᠪᠠᠶ᠋ᠢᠳᠠᠯ᠎ᠤᠨ ᠬᠢᠨᠢ ᠬᠦᠨᠳᠦ ᠬᠥᠩᠭᠡᠨ᠎ᠢ ᠦᠨᠳᠦᠰᠦᠯᠡᠵᠦ ᠣᠰᠣᠯ ᠲᠡᠮᠳᠡᠭᠯᠡᠬᠦ᠎ᠠᠴᠠ ᠳᠡᠭᠡᠭᠰᠢ ᠰᠢᠢ᠍ᠳᠬᠡᠯ ᠴᠢᠨᠠᠭᠰᠢᠯᠠᠪᠠᠯ ᠠᠵᠢᠯ᠎ᠠᠴᠠ᠎ᠨᠢ ᠬᠥᠭᠡᠭᠡᠬᠦ ᠰᠢᠢ᠍ᠳᠬᠡᠯ ᠥᠭᠭᠦᠨ᠎ᠡ᠃
ᠠᠰᠠᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》 ᠳᠠᠬᠢ ᠰᠢᠢ᠍ᠳᠬᠡᠯ ᠥᠭᠬᠦ ᠳᠦᠷᠦᠯ ᠵᠦᠢ᠍ᠯ᠎ᠢ ᠬᠡᠷᠬᠢᠨ ᠪᠣᠳᠣᠯᠬᠢᠯᠠᠭᠰᠠᠨ ᠪᠤᠢ?
ᠬᠠᠷᠢᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》 ᠳᠤ᠂ ᠠᠵᠢᠯ ᠦᠢ᠍ᠯᠡᠰ᠎ᠤᠨ ᠨᠢᠭᠡᠴᠢ᠎ᠳᠠᠬᠢ ᠬᠠᠮᠢᠶᠠᠷᠤᠯᠲᠠ ᠵᠢᠨ ᠠᠵᠢᠯ ᠬᠢᠵᠦ ᠪᠠᠢ᠌ᠭ᠎ᠠ ᠠᠵᠢᠯᠲᠠᠨ᠎ᠳᠤ ᠪᠣᠯ 《ᠵᠠᠰᠠᠭ᠎ᠤᠨ ᠶᠠᠪᠤᠳᠠᠯ᠎ᠤᠨ ᠰᠢᠢ᠍ᠳᠬᠡᠯ ᠥᠭᠬᠦ ᠬᠠᠤᠯᠢ》᠎ᠳᠤ ᠲᠣᠭᠲᠠᠭ᠋ᠠᠭᠰᠠᠨ ᠵᠢᠷᠭᠤᠭ᠋ᠠᠨ ᠵᠦᠢ᠍ᠯ᠎ᠤᠨ ᠰᠢᠢ᠍ᠳᠬᠡᠯ ᠥᠭᠬᠦ ᠲᠥᠷᠥᠯ ᠵᠦᠢ᠍ᠯ (ᠳᠠᠷᠤᠢ ᠳᠣᠩᠭᠣᠳᠬᠤ᠂ ᠣᠰᠣᠯ ᠲᠡᠮᠳᠡᠭᠯᠡᠬᠦ᠂ ᠶᠡᠬᠡ ᠣᠰᠣᠯ ᠲᠡᠮᠳᠡᠭᠯᠡᠬᠦ᠂ ᠵᠡᠷᠭᠡ ᠳᠡᠰ ᠪᠠᠭᠤᠷᠠᠭᠤᠯᠬᠤ᠂ ᠲᠤᠰᠢᠶᠠᠯ᠎ᠠᠴᠠ᠎ᠨᠢ ᠤᠭᠴᠠᠷᠠᠭᠤᠯᠬᠤ᠂ ᠠᠵᠢᠯ᠎ᠠᠴᠠ᠎ᠨᠢ ᠬᠥᠭᠡᠭᠡᠬᠦ)᠎ᠢ ᠬᠡᠷᠡᠭᠯᠡᠨ᠎ᠡ; ᠠᠵᠢᠯ ᠦᠢ᠍ᠯᠡᠰ᠎ᠤᠨ ᠨᠢᠭᠡᠴᠢ ᠵᠢᠨ ᠪᠤᠰᠤᠳ ᠠᠵᠢᠯᠲᠠᠨ᠎ᠳᠤ ᠪᠣᠯ ᠲᠣᠰ ᠲᠣᠭᠲᠠᠭ᠋ᠠᠯ᠎ᠢ ᠬᠡᠷᠡᠭᠯᠡᠨ᠎ᠡ᠂ ᠲᠡᠭᠦᠨ᠎ᠤ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠳᠥᠷᠪᠡᠨ ᠵᠦᠢ᠍ᠯ᠎ᠤᠨ ᠰᠢᠢ᠍ᠳᠬᠡᠯ ᠥᠭᠬᠦ ᠲᠥᠷᠥᠯ ᠵᠦᠢ᠍ᠯ (ᠳᠠᠷᠤᠢ ᠳᠣᠩᠭᠣᠳᠬᠤ᠂ ᠣᠰᠣᠯ ᠲᠡᠮᠳᠡᠭᠯᠡᠬᠦ᠂ ᠠᠵᠢᠯ᠎ᠤᠨ ᠪᠠᠶ᠋ᠢᠷᠢ ᠵᠢᠨ ᠵᠡᠷᠭᠡ ᠳᠡᠰ᠎ᠢ ᠪᠠᠭᠤᠷᠠᠭᠤᠯᠬᠤ᠂ ᠠᠵᠢᠯ᠎ᠠᠴᠠ᠎ᠨᠢ ᠬᠥᠭᠡᠭᠡᠬᠦ)᠎ᠢ ᠦᠷᠭᠦᠯᠵᠢᠯᠡᠨ ᠬᠡᠷᠡᠭᠵᠢᠭᠦᠯᠦᠨ᠎ᠡ ᠭᠡᠵᠦ ᠲᠣᠳᠣᠷᠬᠠᠢ᠌ᠯᠠᠪᠠ᠃
ᠠᠰᠠᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》᠎ᠳᠤ ᠡᠷᠡᠭᠦᠦ ᠰᠢᠢ᠍ᠳᠬᠡᠯ ᠵᠶ᠋ᠡᠷ ᠰᠢᠢ᠍ᠳᠬᠡᠭᠳᠡᠭᠰᠡᠨ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠢ ᠬᠡᠷᠬᠢᠨ ᠰᠢᠢ᠍ᠳᠬᠡᠬᠦ ᠪᠤᠢ?
ᠬᠠᠷᠢᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》᠎ᠳᠤ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠡ᠊ᠨᠳᠡᠵᠦ ᠶᠠᠯ᠎ᠠ ᠬᠢᠭᠡᠳ ᠵᠠᠬᠢᠷᠤᠨ ᠬᠠᠮᠢᠶᠠᠷᠬᠤ᠂ ᠬᠣᠷᠢᠵᠤ ᠬᠥᠳᠡᠯᠮᠦᠷᠢᠯᠡᠭᠦᠯᠬᠦ ᠪᠤᠶᠤ ᠭᠤᠷᠪᠠᠨ ᠵᠢᠯ᠎ᠠᠴᠠ ᠳᠣᠭᠣᠭᠰᠢ ᠬᠤᠭᠤᠴᠠᠭ᠎ᠠ᠎ᠲᠠᠢ ᠬᠣᠷᠢᠬᠤ ᠶᠠᠯ᠎ᠠ᠎ᠪᠠᠷ ᠰᠢᠢ᠍ᠳᠬᠡᠭᠳᠡᠭᠰᠡᠨ ᠪᠠᠢ᠌ᠪᠠᠯ᠂ ᠡ᠊ᠩ᠎ᠤᠨ ᠪᠠᠶ᠋ᠢᠳᠠᠯ᠎ᠳᠤ ᠠᠵᠢᠯ᠎ᠠᠴᠠ᠎ᠨᠢ ᠬᠥᠭᠡᠭᠡᠬᠦ ᠬᠡᠷᠡᠭᠲᠡᠶ᠃ ᠬᠡᠷᠡᠭ᠎ᠤᠨ ᠪᠠᠶ᠋ᠢᠳᠠᠯ᠎ᠨᠢ ᠣᠨᠴᠠᠭ᠋ᠠᠢ᠂ ᠠᠵᠢᠯ᠎ᠤᠨ ᠪᠠᠶ᠋ᠢᠷᠢ ᠵᠢᠨ ᠵᠡᠷᠭᠡ ᠳᠡᠰ᠎ᠢ᠎ᠨᠢ ᠪᠠᠭᠤᠷᠠᠭᠤᠯᠬᠤ ᠰᠢᠢ᠍ᠳᠬᠡᠯ ᠥᠭᠬᠦ᠎ᠨᠢ ᠨᠡᠩ ᠲᠣᠬᠢᠷᠠᠮᠵᠢᠲᠠᠢ ᠪᠠᠢ᠌ᠪᠠᠯ᠂ ᠠᠵᠢᠯ᠎ᠠᠴᠠ᠎ᠨᠢ ᠬᠥᠭᠡᠭᠡᠬᠦ ᠦᠭᠡᠢ ᠪᠠᠢ᠌ᠵᠤ ᠪᠣᠯᠣᠨ᠎ᠠ᠂ ᠭᠡᠪᠡᠴᠦ ᠠᠵᠢᠯ ᠦᠢ᠍ᠯᠡᠰ᠎ᠤᠨ ᠨᠢᠭᠡᠴᠢ ᠵᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ ᠪᠥᠭᠡᠳ ᠠᠳᠠᠯᠢ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠶᠡᠷᠦᠩᠬᠡᠢ᠌ᠯᠡᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ ᠭᠡᠵᠦ ᠲᠣᠭᠲᠠᠭ᠋ᠠᠵᠠᠢ᠃
《ᠰᠢᠢ᠍ᠳᠬᠡᠯ ᠥᠭᠬᠦ ᠲᠣᠭᠲᠠᠭ᠋ᠠᠯ》᠎ᠳᠤ᠂ ᠵᠣᠷᠢᠭᠤᠳᠠ ᠶᠠᠯ᠎ᠠ ᠬᠢᠭᠰᠡᠨ᠎ᠠᠴᠠ ᠪᠣᠯᠵᠤ ᠵᠠᠬᠢᠷᠤᠨ ᠬᠠᠮᠢᠶᠠᠷᠬᠤ᠂ ᠬᠣᠷᠢᠵᠤ ᠬᠥᠳᠡᠯᠮᠦᠷᠢᠯᠡᠭᠦᠯᠬᠦ ᠪᠤᠶᠤ ᠬᠤᠭᠤᠴᠠᠭ᠎ᠠ᠎ᠲᠠᠢ ᠬᠣᠷᠢᠬᠤ᠎ᠠᠴᠠ ᠳᠡᠭᠡᠭᠰᠢ ᠡᠷᠡᠭᠦᠦ ᠵᠢᠨ ᠰᠢᠢ᠍ᠳᠬᠡᠯ (ᠡᠷᠡᠭᠦᠦ ᠵᠢᠨ ᠰᠢᠳᠬᠡᠯ᠎ᠢ᠎ᠨᠢ ᠬᠣᠢ᠌ᠰᠢᠯᠠᠭᠤᠯᠬᠤ᠎ᠪᠠᠷ ᠵᠠᠷᠯᠠᠭᠰᠠᠨ ᠶᠠᠪᠤᠳᠠᠯ ᠪᠠᠭᠲᠠᠨ᠎ᠠ) ᠵᠶ᠋ᠠᠷ ᠰᠢᠢ᠍ᠳᠬᠡᠭᠳᠡᠭᠰᠡᠨ; ᠡ᠊ᠨᠳᠡᠵᠦ ᠶᠠᠯ᠎ᠠ ᠬᠢᠭᠰᠡᠨ᠎ᠠᠴᠠ ᠪᠣᠯᠵᠤ ᠬᠤᠭᠤᠴᠠᠭ᠎ᠠ᠎ᠲᠠᠢ ᠬᠣᠷᠢᠬᠤ᠎ᠪᠠᠷ ᠰᠢᠢ᠍ᠳᠬᠡᠭᠳᠡᠵᠦ᠂ ᠡᠷᠡᠭᠦᠦ ᠵᠢᠨ ᠬᠤᠭᠤᠴᠠᠭ᠎ᠠ᠎ᠨᠢ ᠭᠤᠷᠪᠠᠨ ᠵᠢᠯ᠎ᠠᠴᠠ ᠬᠡᠲᠦᠷᠡᠭᠰᠡᠨ; ᠶᠠᠯ᠎ᠠ ᠬᠢᠭᠰᠡᠨ᠎ᠠᠴᠠ ᠪᠣᠯᠵᠤ ᠤᠯᠤᠰ ᠲᠤᠢ᠌ᠷᠦ ᠵᠢᠨ ᠡᠷᠬᠡ ᠵᠢ᠎ᠨᠢ ᠬᠠᠰᠤᠬᠤ᠎ᠪᠠᠷ ᠯᠡ ᠰᠢᠢ᠍ᠳᠬᠡᠭᠳᠡᠭᠰᠡᠨ ᠪᠤᠶᠤ ᠶᠠᠯ᠎ᠠ ᠵᠢ ᠨᠡᠢ᠌ᠯᠡᠭᠦᠯᠦᠨ ᠤᠯᠤᠰ ᠲᠤᠢ᠌ᠷᠦ ᠵᠢᠨ ᠡᠷᠬᠡ ᠵᠢ᠎ᠨᠢ ᠬᠠᠰᠤᠬᠤ᠎ᠪᠠᠷ ᠰᠢᠢ᠍ᠳᠬᠡᠭᠳᠡᠭᠰᠡᠨ ᠪᠠᠢ᠌ᠪᠠᠯ ᠠᠵᠢᠯ᠎ᠠᠴᠠ᠎ᠨᠢ ᠬᠥᠭᠡᠭᠡᠬᠦ ᠰᠢᠢ᠍ᠳᠬᠡᠯ ᠥᠭᠭᠦᠨ᠎ᠡ᠃ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠶᠠᠯ᠎ᠠ ᠬᠢᠭᠰᠡᠨ᠎ᠠᠴᠠ ᠪᠣᠯᠵᠤ ᠵᠥᠪᠬᠡᠨ ᠵᠣᠭᠣᠰ ᠵᠶ᠋ᠠᠷ ᠲᠣᠷᠭ᠋ᠠᠭᠳᠠᠬᠤ᠂ ᠡᠰᠡᠬᠦᠯ᠎ᠡ ᠶᠠᠯ᠎ᠠ ᠬᠢᠭᠰᠡᠨ ᠦᠢ᠍ᠯᠡ ᠪᠠᠶ᠋ᠢᠳᠠᠯ᠎ᠨᠢ ᠬᠥᠩᠭᠡᠪᠲᠦᠷ᠂ ᠠᠷᠠᠳ᠎ᠤᠨ ᠪᠠᠢ᠌ᠴᠠᠭ᠋ᠠᠬᠤ ᠬᠣᠷᠢᠶ᠎ᠠ ᠬᠠᠤᠯᠢ ᠶᠣᠰᠣᠭ᠋ᠠᠷ ᠦᠯᠦ ᠵᠠᠭ᠋ᠠᠯᠳᠤᠬᠤ ᠲᠣᠭᠲᠠᠭ᠋ᠠᠯ ᠭᠠᠷᠭ᠋ᠠᠭᠰᠠᠨ ᠪᠤᠶᠤ ᠠᠷᠠᠳ᠎ᠤᠨ ᠰᠢᠭᠦᠬᠦ ᠬᠣᠷᠢᠶ᠎ᠠ ᠬᠠᠤᠯᠢ ᠶᠣᠰᠣᠭ᠋ᠠᠷ ᠡᠷᠡᠭᠦᠦ ᠵᠢᠨ ᠰᠢᠢ᠍ᠳᠬᠡᠯ᠎ᠠᠴᠠ ᠬᠡᠯᠲᠦᠷᠢᠭᠦᠯᠦᠭᠰᠡᠨ ᠪᠠᠢ᠌ᠪᠠᠯ᠂ ᠠᠵᠢᠯ᠎ᠤᠨ ᠪᠠᠶ᠋ᠢᠷᠢ ᠵᠢᠨ ᠵᠡᠷᠭᠡ ᠳᠡᠰ᠎ᠢ᠎ᠨᠢ ᠪᠠᠭᠤᠷᠠᠭᠤᠯᠬᠤ ᠰᠢᠢ᠍ᠳᠬᠡᠯ ᠥᠭᠭᠦᠨ᠎ᠡ; ᠮᠠᠭᠤ ᠨᠥᠯᠥᠭᠡ ᠭᠠᠷᠭ᠋ᠠᠭᠰᠠᠨ ᠪᠠᠢ᠌ᠪᠠᠯ᠂ ᠠᠵᠢᠯ᠎ᠠᠴᠠ᠎ᠨᠢ ᠬᠥᠭᠡᠭᠡᠬᠦ ᠰᠢᠢ᠍ᠳᠬᠡᠯ ᠥᠭᠭᠦᠨ᠎ᠡ ᠭᠡᠵᠦ ᠲᠣᠳᠣᠷᠬᠠᠢ᠌ᠯᠠᠪᠠ᠃
ᠠᠰᠠᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠶᠠᠮᠠᠷ ᠪᠣᠳᠠᠲᠠᠢ ᠪᠠᠢ᠌ᠷᠢᠯᠠᠭᠤᠯᠤᠯᠲᠠ ᠬᠢᠭᠰᠡᠨ ᠪᠤᠢ?
ᠬᠠᠷᠢᠭᠤᠯᠲᠠ᠄ 《ᠰᠢᠢ᠍ᠳᠬᠡᠯ ᠥᠭᠬᠦ ᠲᠣᠭᠲᠠᠭ᠋ᠠᠯ》 ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠨᠠᠮ᠎ᠤᠨ ᠲᠥᠪ ᠬᠣᠷᠢᠶᠠᠨ᠎ᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠪᠢᠳᠡ ᠳᠠᠷᠤᠮᠠᠯᠯᠠᠨ ᠲᠠᠷᠬᠠᠭ᠋ᠠᠭᠰᠠᠨ ᠮᠡᠳᠡᠭᠳᠡᠯ᠎ᠳᠡᠭᠡᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠳᠤ 《ᠰᠢᠢ᠍ᠳᠬᠡᠯ ᠥᠭᠬᠦ ᠲᠣᠭᠲᠠᠭ᠋ᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠪᠣᠳᠠᠲᠠᠢ᠎ᠲᠠᠢ᠎ᠪᠠᠨ ᠤᠶᠠᠯᠳᠤᠭᠤᠯᠤᠨ ᠰᠠᠶ᠋ᠢᠲᠤᠷ ᠠᠳᠬᠤᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠣᠢ᠌ᠷ᠎ᠠ ᠵᠢᠨ ᠬᠤᠭᠤᠴᠠᠭ᠋ᠠᠨ᠎ᠳᠤ᠂ ᠪᠢᠳᠡ ᠪᠠᠰᠠ ᠵᠠᠭᠤᠴᠢᠯᠠᠭᠤᠷ ᠵᠶ᠋ᠠᠷ ᠳᠠᠮᠵᠢᠭᠤᠯᠤᠨ ᠰᠢᠷᠢᠰ ᠤᠬᠠᠭᠤᠯᠭ᠎ᠠ ᠵᠢ ᠥᠷᠨᠢᠭᠦᠯᠬᠦ ᠵᠢᠨ ᠬᠠᠮᠲᠤ ᠬᠤᠷᠠᠯ ᠬᠢᠬᠦ᠂ ᠪᠣᠯᠪᠠᠰᠤᠷᠠᠭᠤᠯᠬᠤ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠤᠮᠵᠢ ᠬᠢᠬᠦ ᠵᠢ ᠴᠢᠩᠭ᠋ᠠᠳᠬᠠᠨ᠎ᠠ; 《ᠰᠢᠢ᠍ᠳᠬᠡᠯ ᠥᠭᠬᠦ ᠲᠣᠭᠲᠠᠭ᠋ᠠᠯ》᠎ᠢ ᠵᠣᠬᠢᠶᠠᠨ ᠪᠠᠢ᠌ᠭᠤᠯᠬᠤ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠪᠣᠯᠪᠠᠰᠤᠷᠠᠯ᠎ᠤᠨ ᠠᠩᠭᠢ ᠵᠢᠨ ᠴᠢᠬᠤᠯᠠ ᠠᠭᠤᠯᠭ᠎ᠠ᠎ᠳᠤ ᠣᠷᠣᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢ ᠬᠠᠪᠰᠤᠷᠤᠨ ᠲᠥᠷᠥ ᠵᠢᠨ ᠪᠣᠳᠣᠯᠭ᠎ᠠ ᠵᠢ ᠣᠨᠣᠪᠴᠢᠲᠠᠢ ᠡᠵᠡᠮᠰᠢᠭᠦᠯᠵᠦ᠂ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠦᠨ᠎ᠡ; ᠬᠣᠯᠪᠣᠭᠳᠠᠯ ᠪᠦᠬᠦᠢ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠢ ᠵᠢᠯᠤᠭᠣᠳᠴᠤ ᠠᠵᠢᠯ ᠲᠥᠷᠥᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠬᠡᠷᠡᠭᠴᠡᠭᠡ᠎ᠪᠠᠨ ᠦᠨᠳᠦᠰᠦᠯᠡᠨ ᠪᠣᠳᠠᠲᠠᠢ ᠬᠡᠷᠡᠭᠵᠢᠭᠦᠯᠬᠦ ᠠᠷᠭ᠎ᠠ ᠵᠢ ᠰᠤᠳᠤᠯᠤᠨ ᠲᠣᠭᠲᠠᠭ᠋ᠠᠨ᠎ᠠ; ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠮᠥᠷᠳᠡᠨ ᠣᠢ᠌ᠯᠠᠭ᠋ᠠᠵᠤ᠂ ᠵᠣᠬᠢᠶᠠᠨ ᠪᠠᠢ᠌ᠭᠤᠯᠵᠤ ᠵᠢᠭ᠋ᠠᠨ ᠵᠢᠯᠤᠭᠣᠳᠬᠤ ᠪᠠ ᠱᠠᠯᠠᠪᠳᠠᠭᠤᠯᠤᠨ ᠪᠠᠢ᠌ᠴᠠᠭ᠋ᠠᠬᠤ᠎ᠪᠠᠨ ᠴᠢᠩᠭ᠋ᠠᠳᠬᠠᠵᠤ᠂《ᠰᠢᠢ᠍ᠳᠬᠡᠯ ᠥᠭᠬᠦ ᠲᠣᠭᠲᠠᠭ᠋ᠠᠯ》᠎ᠤᠨ ᠤᠷᠤᠭᠰᠢᠲᠠᠢ ᠬᠡᠷᠡᠭᠵᠢᠭᠦᠯᠦᠭᠳᠡᠬᠦ᠂ ᠪᠣᠳᠠᠲᠠᠢ ᠨᠠᠢ᠌ᠳᠠᠪᠤᠷᠢᠵᠢᠭᠤᠯᠤᠭᠳᠠᠵᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠨ᠎ᠠ᠃