ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
《ᠨᠡᠢ᠌ᠭᠡᠮ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠳᠦᠷᠢᠮ》᠎ᠤᠨ ᠬᠠᠯᠠᠮᠰᠢᠯ ᠠᠰᠠᠭᠤᠳᠠᠯ᠎ᠤᠨ ᠲᠤᠬᠠᠢ ᠲᠠᠢ᠌ᠯᠤᠮᠵᠢ
ᠨᠡᠶ᠋ᠢᠲᠡᠯᠡᠭᠰᠡᠨ ᠴᠠᠭ᠄ 2023-12-19

      ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠠᠰᠠᠭᠤᠳᠠᠯ ᠪᠣᠯ ᠤᠯᠠᠨ᠎ᠤ ᠠᠩᠬᠠᠷᠤᠯ ᠲᠠᠯᠪᠢᠵᠤ ᠪᠠᠢ᠌ᠭ᠎ᠠ ᠬᠠᠯᠠᠮᠰᠢᠯ ᠠᠰᠠᠭᠤᠳᠠᠯ ᠮᠥᠨ᠂ ᠡᠨᠡ ᠵᠢᠯ᠎ᠤᠨ 12 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠬᠦ 《ᠨᠡᠢ᠌ᠭᠡᠮ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠳᠦᠷᠢᠮ》᠎ᠳᠤ ᠡᠭᠦᠨ᠎ᠤ ᠲᠤᠬᠠᠢ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠤᠢ?

      ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ᠎ᠳᠤ ᠶᠠᠮᠠᠷ ᠬᠡᠳᠦᠨ ᠵᠦᠢ᠍ᠯ᠎ᠤᠨ ᠰᠢᠯᠵᠢᠭᠦᠯᠬᠦ ᠪᠠᠶ᠋ᠢᠳᠠᠯ ᠪᠠᠶ᠋ᠢᠬᠤ ᠪᠤᠢ?

      ᠨᠢᠭᠡ᠎ᠳᠤ᠂ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠬᠤᠪᠢ ᠬᠥᠮᠥᠨ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ᠎ᠢ ᠠᠯᠤᠰᠯᠠᠨ ᠠᠵᠢᠯ ᠣᠯᠣᠭᠰᠠᠨ ᠪᠠᠢ᠌ᠪᠠᠯ᠂ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ᠎ᠨᠢ ᠳᠠᠭ᠋ᠠᠯᠳᠤᠨ ᠰᠢᠯᠵᠢᠬᠦ ᠴᠢᠬᠤᠯᠠᠲᠠᠢ;

      ᠬᠣᠶᠠᠷ᠎ᠲᠤ᠂ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠬᠤᠪᠢ ᠬᠥᠮᠥᠨ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠪᠣᠯᠣᠨ ᠠᠵᠤ ᠠᠬᠤᠢ᠌ᠯᠠᠯ ᠵᠡᠷᠭᠡ ᠠᠳᠠᠯᠢ ᠪᠤᠰᠤ ᠰᠢᠨᠵᠢ ᠴᠢᠨᠠᠷ᠎ᠲᠠᠢ ᠬᠥᠮᠥᠨ ᠬᠡᠷᠡᠭᠯᠡᠬᠦ ᠨᠢᠭᠡᠴᠢ ᠵᠢᠨ ᠬᠣᠭᠣᠷᠣᠨᠳᠤ ᠰᠢᠯᠵᠢᠵᠦ ᠠᠵᠢᠯ ᠣᠯᠪᠠᠯ᠂ ᠲᠡᠭᠦᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ᠎ᠨᠢ ᠳᠠᠭ᠋ᠠᠯᠳᠤᠨ ᠰᠢᠯᠵᠢᠬᠦ ᠴᠢᠬᠤᠯᠠᠲᠠᠢ;

      ᠭᠤᠷᠪᠠ᠎ᠳᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠪᠥᠭᠡᠳ ᠴᠠᠯᠢᠩ ᠣᠯᠭᠣᠮᠵᠢ ᠬᠠᠷᠠᠭ᠋ᠠᠯᠵᠠᠯ ᠭᠥᠷᠳᠡᠭᠰᠡᠨ ᠦᠭᠡᠢ ᠬᠤᠪᠢ ᠬᠥᠮᠥᠨ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠠᠯᠤᠰᠯᠠᠨ ᠡᠷᠦᠬᠡ ᠠᠮᠠ ᠵᠢᠨ ᠲᠠᠩᠰᠠ᠎ᠪᠠᠨ ᠰᠢᠯᠵᠢᠭᠦᠯᠪᠡᠯ᠂ ᠲᠡᠭᠦᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ᠎ᠨᠢ ᠬᠠᠮᠲᠤ᠎ᠳᠤᠨᠢ ᠰᠢᠯᠵᠢᠭᠦᠯᠵᠦ ᠪᠣᠯᠣᠨ᠎ᠠ (ᠰᠢᠯᠵᠢᠭᠦᠯᠬᠦ ᠦᠭᠡᠢ ᠪᠠᠢ᠌ᠵᠤ ᠴᠤ᠌ ᠪᠣᠯᠣᠨ᠎ᠠ);

      ᠳᠥᠷᠪᠡ᠎ᠳᠤ᠂ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ ᠪᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠬᠤᠪᠢ ᠬᠥᠮᠥᠨ᠂ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠤᠯᠢ᠎ᠳᠤ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤᠨ᠎ᠳᠤ ᠬᠦᠷᠦᠭᠰᠡᠨ᠎ᠤ ᠳᠠᠷᠠᠭ᠎ᠠ᠂ ᠳᠦᠷᠢᠮ᠎ᠤᠨ ᠳᠣᠲᠣᠷᠠᠬᠢ ᠵᠣᠯᠭ᠋ᠠᠭᠤᠯᠬᠤ ᠭᠠᠷᠳᠠᠮ᠎ᠢ ᠭᠦᠢ᠍ᠴᠡᠳᠬᠡᠵᠦ ᠪᠣᠯᠣᠨ᠎ᠠ᠃

      ᠨᠡᠢ᠌ᠭᠡᠮ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠬᠡᠷᠬᠢᠨ ᠰᠢᠯᠵᠢᠭᠦᠯᠦᠨ ᠦᠷᠭᠦᠯᠵᠢᠯᠡᠭᠦᠯᠬᠦ ᠪᠤᠢ?

      ᠣᠳᠣᠬᠠᠨ᠎ᠳᠤ᠂ ᠨᠡᠢ᠌ᠭᠡᠮ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ᠎ᠳᠤ ᠬᠣᠶᠠᠷ ᠵᠦᠢ᠍ᠯ᠎ᠤᠨ ᠠᠷᠭ᠎ᠠ ᠵᠠᠮ ᠪᠤᠢ᠂ ᠡᠭᠦᠨ᠎ᠳᠤ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢ᠍ᠳᠪᠦᠷᠢᠯᠡᠬᠦ ᠪᠠ ᠪᠣᠳᠠᠲᠤ ᠴᠣᠭᠴᠠ ᠵᠢᠨ ᠴᠣᠩᠬᠣᠪᠴᠢ ᠳᠡᠭᠡᠷ᠎ᠡ ᠭᠥᠯᠢᠶᠡᠨ ᠠᠪᠴᠤ ᠰᠢᠢ᠍ᠳᠪᠦᠷᠢᠯᠡᠬᠦ ᠠᠷᠭ᠎ᠠ ᠵᠠᠮ ᠪᠣᠯᠣᠨ᠎ᠠ᠃ ᠪᠣᠳᠠᠲᠤ ᠴᠣᠭᠴᠠ ᠵᠢᠨ ᠴᠣᠩᠬᠣᠪᠴᠢ ᠳᠡᠭᠡᠷ᠎ᠡ ᠬᠦᠯᠢᠶᠡᠨ ᠠᠪᠴᠤ ᠰᠢᠢ᠍ᠳᠪᠦᠷᠢᠯᠡᠬᠦ᠎ᠳᠤ ᠬᠤᠪᠢ ᠬᠥᠮᠥᠨ᠎ᠤ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠵᠦ ᠪᠣᠯᠣᠨ᠎ᠠ᠂ ᠬᠥᠮᠥᠨ ᠬᠡᠷᠡᠭᠯᠡᠬᠦ ᠨᠢᠭᠡᠴᠢ ᠵᠢᠨ ᠭᠤᠶᠤᠴᠢᠯᠠᠯ᠎ᠢ ᠴᠤ᠌ ᠬᠦᠯᠢᠶᠡᠨ ᠠᠪᠴᠤ ᠰᠢᠢ᠍ᠳᠪᠦᠷᠢᠯᠡᠵᠦ ᠪᠣᠯᠣᠨ᠎ᠠ᠃ ᠰᠦᠯᠵᠢᠶᠡᠨ ᠳᠡᠭᠡᠷ᠎ᠡ ᠭᠦᠢ᠍ᠴᠡᠳᠬᠡᠬᠦ᠎ᠳᠤ ᠬᠡᠳᠦᠨ ᠵᠦᠢ᠍ᠯ᠎ᠤᠨ ᠠᠷᠭ᠎ᠠ ᠬᠡᠯᠪᠡᠷᠢ ᠪᠤᠢ᠂ ᠨᠢᠭᠡ᠎ᠳᠤ᠂ ᠤᠯᠤᠰ᠎ᠤᠨ ᠨᠡᠢ᠌ᠭᠡᠮ᠎ᠤᠨ ᠳᠠᠭ᠋ᠠᠳᠬᠠᠯ᠎ᠤᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠠᠪᠴᠠᠩ᠎ᠳᠤ ᠭᠠᠷᠴᠤ᠂ 《ᠰᠢᠯᠵᠢᠭᠦᠯᠦᠨ ᠦᠷᠭᠦᠯᠵᠢᠯᠡᠭᠦᠯᠬᠦ》 ᠲᠤᠰᠬᠠᠢ ᠪᠤᠯᠤᠩ᠎ᠢ ᠰᠣᠩᠭᠣᠵᠤ᠂ ᠡᠯ᠎ᠡ ᠵᠦᠢ᠍ᠯ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ᠎ᠤᠨ ᠰᠢᠯᠵᠢᠭᠦᠯᠬᠦ ᠭᠤᠶᠤᠴᠢᠯᠠᠯ᠎ᠢ ᠲᠤᠰᠢᠶᠠᠵᠤ ᠪᠣᠯᠣᠨ᠎ᠠ᠂ ᠵᠥᠪᠬᠡᠨ ᠰᠢᠯᠵᠢᠭᠦᠯᠦᠨ ᠭᠠᠷᠭ᠋ᠠᠬᠤ ᠭᠠᠵᠠᠷ᠂ ᠰᠢᠯᠵᠢᠭᠦᠯᠦᠨ ᠣᠷᠣᠭᠤᠯᠬᠤ ᠭᠠᠵᠠᠷ᠎ᠢ ᠰᠣᠩᠭᠣᠬᠤ ᠵᠢᠨ ᠬᠠᠮᠲᠤ ᠪᠡᠶ᠎ᠡ ᠵᠢᠨ ᠦᠨᠡᠮᠯᠡᠯ᠎ᠤᠨ ᠭᠡᠷᠡᠯ ᠵᠢᠷᠤᠭ᠎ᠢ ᠰᠡᠭᠦᠳᠡᠷᠯᠡᠵᠦ ᠰᠦᠯᠵᠢᠶ᠎ᠡ᠎ᠪᠠᠷ ᠳᠡᠭᠡᠭᠰᠢ ᠳᠠᠮᠵᠢᠭᠤᠯᠪᠠᠯ ᠪᠣᠯᠴᠢᠬᠠᠨ᠎ᠠ᠃ ᠬᠣᠶᠠᠷ᠎ᠲᠤ᠂ 《ᡁᠢ ᠹᠦ᠋ ᠪᠦᠦ》 ᠲᠠᠪᠴᠠᠩ᠎ᠳᠤ ᠭᠠᠷᠴᠤ ᠡᠯᠧᠺᠲᠷᠣᠨ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠢ ᠬᠠᠢ᠌ᠵᠤ ᠣᠯᠣᠭ᠋ᠠᠳ᠂ ᠡᠢ᠌ᠮᠦᠷᠬᠦᠦ ᠠᠳᠠᠯᠢ ᠪᠤᠰᠤ ᠬᠡᠯᠪᠡᠷᠢ ᠵᠢᠨ ᠰᠢᠯᠵᠢᠭᠦᠯᠦᠨ ᠦᠷᠭᠦᠯᠵᠢᠯᠡᠭᠦᠯᠬᠦ ᠲᠤᠬᠠᠢ᠌ᠯᠠᠭᠰᠠᠨ ᠠᠵᠢᠯ᠎ᠢ ᠰᠣᠩᠭᠣᠵᠤ ᠭᠦᠢ᠍ᠴᠡᠳᠬᠡᠵᠦ ᠪᠣᠯᠣᠨ᠎ᠠ᠃

      ᠠᠩᠬᠠᠷᠤᠭᠤᠯᠬᠤ᠎ᠨᠢ᠄ ᠬᠡᠷᠪᠡ ᠤᠯᠠᠨ ᠵᠶ᠋ᠠᠷ ᠵᠶ᠋ᠠᠨ ᠰᠢᠯᠵᠢᠭᠦᠯᠦᠨ ᠵᠠᠯᠭ᠋ᠠᠭᠤᠯᠬᠤ ᠶᠠᠪᠤᠴᠠ᠎ᠳᠤ ᠡᠯᠳᠡᠪ ᠵᠦᠢ᠍ᠯ᠎ᠤᠨ ᠠᠰᠠᠭᠤᠳᠠᠯ ᠲᠤᠯᠭ᠋ᠠᠷᠠᠪᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠤᠲᠠᠰᠤ 12333᠎ᠳᠤ ᠤᠲᠠᠰᠤᠳᠠᠵᠤ ᠠᠰᠠᠭᠤᠨ ᠯᠠᠪᠯᠠᠵᠤ ᠪᠣᠯᠣᠨ᠎ᠠ᠃

      ᠨᠡᠢ᠌ᠭᠡᠮ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠵᠢ ᠭᠦᠢ᠍ᠴᠡᠳᠬᠡᠭᠰᠡᠨ ᠪᠠᠶ᠋ᠢᠳᠠᠯ᠎ᠢ ᠪᠠᠢ᠌ᠴᠠᠭ᠋ᠠᠨ ᠯᠠᠪᠯᠠᠵᠤ ᠪᠣᠯᠣᠨ᠎ᠠ ᠦᠦ?

      《ᠨᠡᠢ᠌ᠭᠡᠮ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠳᠦᠷᠢᠮ》᠎ᠳᠤ᠂ ᠬᠥᠮᠥᠨ ᠬᠡᠷᠡᠭᠯᠡᠬᠦ ᠨᠢᠭᠡᠴᠢ ᠪᠠ ᠬᠤᠪᠢ ᠬᠥᠮᠥᠨ ᠨᠡᠢ᠌ᠭᠡᠮ᠎ᠤᠨ ᠳᠠᠭ᠋ᠠᠳᠬᠠᠯ᠎ᠤᠨ ᠬᠠᠷᠢᠴᠠᠭ᠎ᠠ᠎ᠪᠠᠨ ᠰᠢᠯᠵᠢᠭᠦᠯᠦᠨ ᠦᠷᠭᠦᠯᠵᠢᠯᠡᠭᠦᠯᠬᠦ ᠭᠠᠷᠳᠠᠮ ᠭᠦᠢ᠍ᠴᠡᠳᠬᠡᠭᠰᠡᠨ ᠪᠠᠢ᠌ᠪᠠᠯ᠂ ᠨᠡᠢ᠌ᠭᠡᠮ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠪᠠᠢ᠌ᠭᠤᠯᠤᠮᠵᠢ ᠲᠣᠭᠲᠠᠭᠰᠠᠨ ᠬᠤᠭᠤᠴᠠᠭ᠋ᠠᠨ ᠳᠣᠲᠣᠷ᠎ᠠ ᠭᠦᠢ᠍ᠴᠡᠳᠬᠡᠵᠦ ᠳᠠᠭᠤᠰᠬᠠᠬᠤ ᠵᠢᠨ ᠬᠠᠮᠲᠤ ᠦᠷ᠎ᠡ ᠳ᠋ᠦᠩ ᠵᠶ᠋ᠡᠨ ᠬᠥᠮᠥᠨ ᠬᠡᠷᠡᠭᠯᠡᠬᠦ ᠨᠢᠭᠡᠴᠢ ᠪᠠ ᠬᠤᠪᠢ ᠬᠥᠮᠥᠨ᠎ᠳᠤ ᠮᠡᠳᠡᠭᠳᠡᠬᠦ ᠬᠡᠷᠡᠭᠲᠡᠶ᠂ ᠡᠰᠡᠬᠦᠯ᠎ᠡ ᠰᠢᠢ᠍ᠳᠪᠦᠷᠢᠯᠡᠭᠰᠡᠨ ᠪᠠᠶ᠋ᠢᠳᠠᠯ᠎ᠢ ᠪᠠᠢ᠌ᠴᠠᠭ᠋ᠠᠨ ᠯᠠᠪᠯᠠᠬᠤ ᠦᠢ᠍ᠯᠡᠴᠢᠯᠡᠭᠡ ᠬᠠᠩᠭ᠋ᠠᠬᠤ ᠬᠡᠷᠡᠭᠲᠡᠶ ᠭᠡᠵᠦ ᠲᠣᠭᠲᠠᠭ᠋ᠠᠵᠠᠢ᠃

      ᠣᠳᠣᠬᠠᠨ᠎ᠳᠤ᠂ ᠤᠯᠤᠰ᠎ᠤᠨ ᠨᠡᠢ᠌ᠭᠡᠮ᠎ᠤᠨ ᠳᠠᠭ᠋ᠠᠳᠬᠠᠯ᠎ᠤᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠠᠪᠴᠠᠩ᠎ᠳᠤ ᠨᠢᠭᠡᠨᠲᠡ 《ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠬᠦ ᠠᠬᠢᠴᠠ》 ᠵᠢ ᠪᠠᠢ᠌ᠴᠠᠭ᠋ᠠᠨ ᠯᠠᠪᠯᠠᠬᠤ ᠦᠢ᠍ᠯᠡᠴᠢᠯᠡᠭᠡ ᠵᠢ ᠨᠠᠪᠲᠠᠷᠡᠭᠦᠯᠵᠦ᠂ ᠳᠠᠭ᠋ᠠᠳᠬᠠᠯ᠎ᠳᠤ ᠣᠷᠣᠯᠴᠠᠭᠰᠠᠳ ᠰᠢᠢ᠍ᠳᠪᠦᠷᠢᠯᠡᠬᠦ ᠠᠬᠢᠴᠠ ᠵᠢ ᠰᠦᠯᠵᠢᠶᠡᠨ ᠳᠡᠭᠡᠷ᠎ᠡ ᠪᠠᠢ᠌ᠴᠠᠭ᠋ᠠᠨ ᠯᠠᠪᠯᠠᠵᠤ ᠪᠣᠯᠣᠨ᠎ᠠ᠃

      ᠴᠡᠷᠢᠭ᠎ᠤᠨ ᠬᠥᠮᠥᠨ ᠨᠡᠢ᠌ᠭᠡᠮ᠎ᠤᠨ ᠳᠠᠭ᠋ᠠᠳᠬᠠᠯ᠎ᠤᠨ ᠬᠠᠷᠢᠴᠠᠭ᠎ᠠ᠎ᠪᠠᠨ ᠰᠢᠯᠵᠢᠭᠦᠯᠬᠦ ᠵᠢ ᠤᠷᠢᠳ ᠵᠶ᠋ᠠᠷ ᠪᠣᠳᠣᠯᠬᠢᠯᠠᠵᠤ ᠪᠣᠯᠣᠨ᠎ᠠ ᠦᠦ?

      《ᠴᠡᠷᠢᠭ᠎ᠤᠨ ᠬᠥᠮᠥᠨ᠎ᠢ ᠬᠠᠤᠯᠢ ᠶᠣᠰᠣᠭ᠋ᠠᠷ ᠤᠷᠢᠳ ᠵᠶ᠋ᠠᠷ ᠪᠣᠳᠣᠯᠬᠢᠯᠠᠬᠤ》 ᠪᠣᠯ ᠴᠡᠷᠢᠭ᠎ᠤᠨ ᠬᠥᠮᠥᠨ᠎ᠤ ᠡᠳ᠋ᠯᠡᠬᠦ ᠬᠠᠤᠯᠢ ᠴᠠᠭ᠋ᠠᠵᠠ ᠵᠢᠨ ᠬᠠᠮᠠᠭ᠋ᠠᠯᠠᠯᠲᠠ᠎ᠲᠠᠢ ᠡᠷᠬᠡ ᠮᠥᠨ᠃ 《ᠨᠡᠢ᠌ᠭᠡᠮ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠳᠦᠷᠢᠮ》᠎ᠳᠤ 《ᠴᠡᠷᠢᠭ᠎ᠤᠨ ᠬᠥᠮᠥᠨ᠎ᠢ ᠬᠠᠤᠯᠢ ᠶᠣᠰᠣᠭ᠋ᠠᠷ ᠤᠷᠢᠳ ᠵᠶ᠋ᠠᠷ ᠪᠣᠳᠣᠯᠬᠢᠯᠠᠬᠤ》 ᠦᠢ᠍ᠯᠡᠴᠢᠯᠡᠭᠡᠨ᠎ᠤ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠨᠡᠢ᠌ᠭᠡᠮ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠪᠠᠢ᠌ᠭᠤᠯᠤᠮᠵᠢ᠎ᠨᠢ ᠴᠡᠷᠢᠭ᠎ᠤᠨ ᠬᠥᠮᠥᠨ᠎ᠳᠤ ᠳᠠᠭ᠋ᠠᠳᠬᠠᠯ ᠬᠢᠭᠡᠳ ᠨᠡᠢ᠌ᠭᠡᠮ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠭᠠᠷᠳᠠᠮ᠎ᠢ ᠤᠷᠢᠳ ᠵᠶ᠋ᠠᠷ ᠭᠦᠢ᠍ᠴᠡᠳᠬᠡᠵᠦ ᠥᠭᠬᠦ ᠦᠢ᠍ᠯᠡᠴᠢᠯᠡᠭᠡ ᠬᠠᠩᠭ᠋ᠠᠬᠤ ᠬᠡᠷᠡᠭᠲᠡᠶ ᠭᠡᠵᠦ ᠲᠣᠭᠲᠠᠭ᠋ᠠᠵᠠᠢ᠃ ᠡᠨᠡ᠎ᠨᠢ ᠴᠡᠷᠢᠭ᠎ᠤᠨ ᠬᠥᠮᠥᠨ᠎ᠤ ᠨᠡᠢ᠌ᠭᠡᠮ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠬᠦ ᠦᠷ᠎ᠡ ᠪᠦᠲᠦᠮᠵᠢ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠶᠠᠨ ᠴᠢᠩ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠤᠳᠤᠯᠭ᠋ᠠᠨ ᠵᠢᠴᠢ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ
ᠠᠵᠢᠯ᠎ᠤᠨ ᠣᠨ᠎ᠤ ᠮᠥᠩᠭᠥ ᠵᠢᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《2023 ᠣᠨ · ᠡᠷᠭᠢᠴᠡᠭᠦᠯᠦᠯ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠠᠷᠪᠠᠳᠤᠭ᠋ᠠᠷ ᠲᠠᠯᠠᠪᠠᠢ — ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠤᠰᠬᠠᠢ ᠲᠡᠯᠡᠪᠡᠢ ᠰᠣᠨᠢᠨ ᠮᠡᠳᠡᠭᠡ ᠨᠡᠢ᠌ᠲᠡᠯᠡᠬᠦ ᠬᠤᠷᠠᠯ
ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠰᠢᠨ᠎ᠡ ᠠᠵᠢᠯ ᠣᠯᠭᠣᠯᠲᠠ ᠵᠢᠨ ᠬᠡᠯᠪᠡᠷᠢ ᠵᠢᠨ ᠬᠥᠳᠡᠯᠮᠦᠷᠢᠯᠡᠭᠴᠢᠳ᠎ᠤᠨ ᠡᠷᠬᠡ ᠠᠰᠢᠭ᠎ᠤᠨ ᠪᠠᠲᠤᠯᠠᠭ᠎ᠠ ᠵᠢᠨ ᠵᠢᠯᠣᠭᠣᠳᠤᠮᠵᠢ ᠵᠦᠭᠯᠡᠭᠦᠷ᠎ᠲᠤ ᠲᠠᠢ᠌ᠯᠤᠮᠵᠢ ᠬᠢᠪᠡ
 
            