ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠪᠠᠢ᠌ᠩᠭᠤ ᠲᠣᠬᠢᠶᠠᠯᠳᠤᠬᠤ ᠠᠰᠠᠭᠤᠳᠠᠯ᠎ᠤᠨ ᠬᠠᠷᠢᠭᠤᠯᠲᠠ
ᠵᠣᠴᠢᠨ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠭᠠᠵᠠᠷ᠎ᠤᠨ ᠺᠠᠳ᠋ᠷ ᠯᠢᠶᠠᠩ ᠸᠧᠢ
ᠲᠣᠪᠴᠢᠯᠠᠯ᠄ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠨᠡᠢ᠌ᠭᠡᠮ ᠨᠠᠢ᠌ᠳᠠ ᠵᠢᠨ ᠠᠩᠬᠠᠷᠴᠤ ᠪᠠᠢ᠌ᠭ᠎ᠠ᠂ ᠤᠯᠠᠨ ᠲᠦᠮᠡᠨ᠎ᠤ ᠠᠩᠬᠠᠷᠴᠤ ᠪᠠᠢ᠌ᠭ᠎ᠠ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠬᠦ ᠵᠢᠨ ᠲᠥᠯᠥᠭᠡ᠂ ᠪᠢᠳᠡ ᠰᠢᠷᠢᠰ 《ᠭᠠᠵᠠᠷ᠎ᠤᠨ ᠳᠠᠷᠤᠭ᠎ᠠ ᠵᠢᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ》 ᠵᠢ ᠨᠡᠢ᠌ᠲᠡᠯᠡᠵᠦ᠂ ᠲᠢᠩᠬᠢᠮ ᠰᠢᠰᠲ᠋ᠧᠮ᠎ᠤᠨ ᠭᠠᠵᠠᠷ ᠭᠡᠷ ᠨᠢᠭᠡᠴᠢ ᠵᠢᠨ ᠬᠠᠷᠢᠭᠤᠴᠠᠯᠭ᠋ᠠᠲᠠᠨ᠎ᠢ ᠤᠷᠢᠵᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠯᠭᠡᠵᠦ᠂ ᠬᠤᠭᠤᠴᠠᠭ᠎ᠠ ᠬᠤᠪᠢᠶᠠᠨ ᠢᠯᠡᠷᠡᠭᠦᠯᠪᠡ᠃ ᠠᠩᠬᠠᠨ᠎ᠤ ᠪᠦᠯᠦᠭ᠎ᠤᠨ 《ᠭᠠᠵᠠᠷ᠎ᠤᠨ ᠳᠠᠷᠤᠭ᠎ᠠ ᠵᠢᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ》 ᠵᠢᠨ ᠠᠭᠤᠯᠭ᠎ᠠ᠎ᠳᠤ ᠨᠡᠢ᠌ᠭᠡᠮ᠎ᠤᠨ ᠳᠠᠭ᠋ᠠᠳᠬᠠᠯ᠎ᠤᠨ ᠬᠠᠷᠠᠭ᠋ᠠᠯᠵᠠᠯ ᠠᠪᠬᠤ᠂ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠠᠪᠴᠤ ᠬᠡᠷᠡᠭᠯᠡᠬᠦ᠂ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠵᠶ᠋ᠠᠷ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ ᠰᠢᠢ᠍ᠳᠪᠦᠷᠢᠯᠡᠬᠦ ᠵᠡᠷᠭᠡ ᠲᠥᠷᠥ ᠵᠢᠨ ᠪᠣᠳᠣᠯᠭ᠎ᠠ ᠵᠢ ᠪᠠᠭᠲᠠᠭ᠋ᠠᠵᠠᠢ᠂ ᠡᠭᠦᠨ᠎ᠢ ᠠᠩᠬᠠᠷᠤᠯ᠎ᠳᠠᠭᠠᠨ ᠠᠪᠤᠭ᠋ᠠᠷᠠᠢ᠃
ᠦᠰᠦᠭ ᠪᠢᠴᠢᠭ᠎ᠤᠨ ᠪᠣᠳᠠᠲᠤ ᠲᠡᠮᠳᠡᠭᠯᠡᠯ᠄
ᠬᠥᠲᠥᠯᠥᠭᠴᠢ᠄
ᠰᠦᠯᠵᠢᠶᠡᠨ᠎ᠤ ᠠᠨᠳᠠ ᠨᠠᠷ ᠰᠠᠶ᠋ᠢᠨ ᠪᠠᠢ᠌ᠵᠠᠭ᠋ᠠᠨ᠎ᠠ ᠦᠦ! ᠲᠤᠰ ᠬᠤᠭᠤᠴᠠᠭ᠋ᠠᠨ᠎ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠵᠢᠨ ᠫᠷᠣᠭ᠌ᠷᠠᠮ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃
ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠭᠠᠵᠠᠷ᠎ᠤᠨ ᠺᠠᠳ᠋ᠷ ᠯᠢᠶᠠᠩ ᠸᠧᠢ ᠵᠢ ᠤᠷᠢᠵᠤ ᠠᠪᠴᠢᠷᠠᠭ᠋ᠠᠳ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠤᠨ ᠪᠠᠢ᠌ᠩᠭᠤ ᠲᠣᠬᠢᠶᠠᠯᠳᠤᠳᠠᠭ ᠠᠰᠠᠭᠤᠳᠠᠯ᠎ᠳᠤ ᠬᠠᠷᠢᠭᠤᠯᠲᠠ ᠥᠭᠬᠦ ᠵᠢᠨ ᠬᠠᠮᠲᠤ ᠤᠯᠠᠨ ᠲᠦᠮᠡᠨ᠎ᠤ ᠠᠩᠬᠠᠷᠴᠤ ᠪᠠᠢ᠌ᠭ᠎ᠠ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠤᠯᠠᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ᠃ ᠲᠠ ᠰᠠᠢ᠍ᠨ ᠦᠦ᠂ ᠮᠠᠨ᠎ᠤ ᠨᠡᠪᠲᠡᠷᠡᠭᠦᠯᠬᠦ ᠥᠷᠥᠭᠡᠨ᠎ᠳᠤ ᠢᠷᠡᠭᠰᠡᠨ᠎ᠢ ᠴᠢᠨᠢ ᠪᠠᠶᠠᠷᠯᠠᠨ ᠤᠭᠲᠤᠵᠤ ᠪᠠᠢ᠍ᠨ᠎ᠠ᠃
ᠯᠢᠶᠠᠩ ᠸᠧᠢ᠄
ᠬᠥᠲᠥᠯᠥᠭᠴᠢ ᠰᠠᠢ᠍ᠢ᠍ᠨ ᠪᠠᠢ᠌ᠵᠠᠭ᠋ᠠᠨ᠎ᠠ ᠦᠦ᠂ ᠲᠠ ᠪᠦᠬᠦᠨ ᠰᠠᠢ᠍ᠢ᠍ᠨ ᠪᠠᠢ᠌ᠵᠠᠭ᠋ᠠᠨ᠎ᠠ ᠦᠦ! ᠠᠲᠠ ᠤᠯᠠᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ᠃ ᠡᠨᠡ ᠲᠠᠰᠢᠷᠠᠮ ᠵᠶ᠋ᠠᠷ᠂ ᠪᠢ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠷᠭᠡᠨ ᠤᠯᠠᠨ ᠰᠦᠯᠵᠢᠶᠡᠨ᠎ᠤ ᠠᠨᠳᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
ᠠᠰᠠᠭᠤᠭᠰᠠᠨ᠎ᠨᠢ᠄ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠨᠢ ᠤᠯᠠᠨ᠎ᠤ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ ᠭᠡᠵᠦ ᠬᠡᠯᠡᠵᠦ ᠪᠣᠯᠣᠨ᠎ᠠ᠂ ᠭᠡᠪᠡᠴᠦ ᠨᠡᠢ᠌ᠭᠡᠮ᠎ᠤᠨ ᠪᠠᠲᠤᠯᠠᠭ᠎ᠠ ᠵᠢᠨ ᠺᠠᠷᠲ ᠭᠡᠭᠴᠢ ᠶᠠᠭᠤ ᠪᠤᠢ ᠭᠡᠳᠡᠭ ᠠᠰᠠᠭᠤᠳᠠᠯ᠎ᠤᠨ ᠲᠤᠬᠠᠢ ᠴᠥᠭᠡᠨ ᠪᠤᠰᠤ ᠰᠦᠯᠵᠢᠶᠡᠨ ᠠᠨᠳᠠ ᠨᠠᠷ ᠪᠠᠰᠠ ᠪᠥᠬᠥ ᠲᠠᠯ᠎ᠠ ᠵᠢᠨ ᠣᠢ᠌ᠯᠠᠭ᠋ᠠᠯᠲᠠ᠎ᠪᠠᠷ ᠳᠤᠲᠠᠮᠠᠭ ᠪᠠᠢ᠌ᠵᠤ ᠮᠡᠳᠡᠨ᠎ᠡ᠂ ᠲᠠ ᠪᠢᠳᠡᠨ᠎ᠳᠤ ᠬᠠᠷᠢᠭᠤᠯᠲᠠ ᠥᠭᠴᠦ ᠪᠣᠯᠣᠨ᠎ᠠ ᠦᠦ?
ᠬᠠᠷᠢᠭᠤᠯᠲᠠ᠄ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠪᠦᠬᠦᠯᠢ ᠨᠡᠷ᠎ᠡ᠎ᠨᠢ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠡᠢ᠌ᠭᠡᠮ᠎ᠤᠨ ᠪᠠᠲᠤᠯᠠᠭ᠎ᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠨᠢᠭᠡᠳᠦᠯᠲᠡᠢ ᠲᠥᠯᠥᠪᠵᠢᠭᠦᠯᠵᠦ᠂ ᠮᠤᠵᠢ ᠵᠢᠨ ᠱᠠᠲᠤᠨ᠎ᠤ ᠪᠤᠶᠤ ᠲᠤᠰᠬᠠᠢ ᠣᠷᠣᠨ ᠬᠣᠲᠠ ᠵᠢᠨ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠬᠠᠮᠲᠤᠷᠠᠭᠰᠠᠨ ᠬᠤᠷᠰᠢᠭᠰᠠᠨ ᠪᠠᠩᠬᠢ᠎ᠠᠴᠠ ᠨᠡᠢ᠌ᠭᠡᠮ ᠨᠠᠢ᠌ᠳᠠ᠎ᠳᠤ ᠲᠠᠷᠬᠠᠭ᠋ᠠᠨ ᠥᠭᠴᠦ᠂ ᠭᠣᠣᠯᠳᠠᠭᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠨᠡᠢ᠌ᠭᠡᠮ᠎ᠤᠨ ᠬᠠᠮᠢᠶᠠᠷᠤᠯᠲᠠ ᠪᠠ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠬᠤᠷᠠᠮᠠᠯ ᠴᠠᠬᠢᠯᠭ᠋ᠠᠨ ᠬᠡᠯᠬᠢᠶᠡᠨ᠎ᠤ ᠺᠠᠷᠲ᠎ᠲᠤ ᠬᠡᠷᠡᠭᠯᠡᠵᠦ᠂ ᠺᠠᠷᠲ ᠡᠵᠡᠮᠰᠢᠭᠴᠢ ᠵᠢᠨ ᠨᠡᠢ᠌ᠭᠡᠮ᠎ᠤᠨ ᠪᠠᠲᠤᠯᠠᠭ᠎ᠠ ᠪᠠ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠡᠷᠬᠡ ᠠᠰᠢᠭ᠎ᠢ ᠬᠦᠷᠲᠡᠬᠦ ᠡᠯᠧᠺᠲᠷᠣᠨ ᠭᠡᠷᠡᠴᠢ ᠲᠡᠮᠳᠡᠭ ᠪᠣᠯᠣᠨ᠎ᠠ᠃
ᠠᠰᠠᠭᠤᠯᠲᠠ᠄ ᠲᠡᠭᠡᠪᠡᠯ᠂ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠨᠢ ᠶᠠᠮᠠᠷ ᠶᠠᠮᠠᠷ ᠴᠢᠳᠠᠮᠵᠢ᠎ᠲᠠᠢ ᠪᠤᠢ?
ᠬᠠᠷᠢᠭᠤᠯᠲᠠ᠄ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠨᠢ ᠨᠡᠢ᠌ᠭᠡᠮ᠎ᠤᠨ ᠪᠠᠲᠤᠯᠠᠭ᠎ᠠ ᠵᠢᠨ ᠴᠢᠳᠠᠮᠵᠢ ᠪᠠ ᠮᠥᠩᠭᠥᠨ ᠭᠦᠢ᠍ᠯᠭᠡᠭᠡᠨ᠎ᠤ ᠴᠢᠳᠠᠮᠵᠢ ᠵᠢ ᠬᠠᠪᠰᠤᠷᠭ᠋ᠠᠵᠤ ᠪᠠᠢ᠌ᠳᠠᠭ᠃ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠤᠨ ᠨᠡᠢ᠌ᠭᠡᠮ᠎ᠤᠨ ᠳᠠᠭ᠋ᠠᠳᠬᠠᠯ᠎ᠤᠨ ᠴᠢᠳᠠᠮᠵᠢᠳᠤ ᠪᠡᠶ᠎ᠡ ᠵᠢᠨ ᠦᠨᠡᠮᠯᠡᠯ᠂ ᠮᠡᠳᠡᠭᠡ ᠵᠠᠩᠭᠢ ᠵᠢᠨ ᠲᠡᠮᠳᠡᠭᠯᠡᠯ᠂ ᠥᠪᠡᠰᠦᠪᠡᠨ ᠪᠠᠢ᠌ᠴᠠᠭ᠋ᠠᠨ ᠯᠠᠪᠯᠠᠬᠤ᠂ ᠰᠦᠢ᠍ᠳᠬᠡᠯ ᠲᠤᠰᠢᠶᠠᠬᠤ ᠪᠠ ᠬᠠᠷᠠᠭ᠋ᠠᠯᠵᠠᠯ ᠠᠪᠬᠤ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠪᠠ ᠡᠮ ᠡᠮᠨᠡᠯᠭᠡ ᠵᠢᠨ ᠳᠠᠭ᠋ᠠᠳᠬᠠᠯ᠎ᠤᠨ ᠲᠡᠰᠦᠯᠦᠨ ᠪᠤᠳᠤᠬᠤ ᠵᠡᠷᠭᠡ ᠪᠠᠭᠲᠠᠨ᠎ᠠ᠃ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠤᠨ ᠮᠥᠩᠭᠥᠨ ᠭᠦᠢ᠍ᠯᠭᠡᠭᠡᠨ᠎ᠤ ᠴᠢᠳᠠᠮᠵᠢ᠎ᠨᠢ ᠪᠠᠩᠬᠢ ᠵᠢᠨ ᠬᠠᠳᠠᠭ᠋ᠠᠯᠠᠮᠵᠢ ᠵᠢᠨ ᠺᠠᠷᠲ᠎ᠤᠨ ᠴᠢᠳᠠᠮᠵᠢ᠎ᠲᠠᠢ ᠨᠢᠭᠡᠳᠦᠯᠲᠡᠢ ᠪᠠᠢ᠌ᠳᠠᠭ᠂ ᠡᠭᠦᠨ᠎ᠳᠤ ᠪᠡᠯᠡᠨ ᠵᠣᠭᠣᠰ ᠬᠠᠳᠠᠭ᠋ᠠᠯᠠᠵᠤ ᠭᠠᠷᠭ᠋ᠠᠬᠤ᠂ ᠲᠠᠩᠰᠠ ᠰᠢᠯᠵᠢᠭᠦᠯᠬᠦ᠂ ᠬᠡᠷᠡᠭᠯᠡᠭᠡ ᠬᠢᠬᠦ᠂ ᠰᠦᠢ᠍ᠳᠬᠡᠯ ᠲᠤᠰᠢᠶᠠᠵᠤ ᠲᠥᠯᠥᠬᠦ᠂ ᠡᠳ᠋᠎ᠤᠨ ᠶᠠᠪᠤᠳᠠᠯ᠎ᠤᠨ ᠦᠢ᠍ᠯᠡᠳᠬᠦᠨ ᠬᠤᠳᠠᠯᠳᠤᠨ ᠠᠪᠬᠤ ᠵᠡᠷᠭᠡ ᠪᠠᠭᠲᠠᠨ᠎ᠠ᠂ ᠪᠠᠰᠠ ᠭᠠᠷ ᠤᠲᠠᠰᠤᠨ᠎ᠤ ᠪᠠᠩᠬᠢ᠂ ᠰᠦᠯᠵᠢᠶᠡᠨ᠎ᠤ ᠪᠠᠩᠬᠢ ᠵᠡᠷᠭᠡ ᠡᠯᠧᠺᠲᠷᠣᠨ ᠠᠷᠭ᠎ᠠ ᠵᠠᠮ᠎ᠢ ᠨᠡᠭᠡᠭᠡᠵᠦ ᠪᠣᠯᠣᠨ᠎ᠠ᠃ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠮᠥᠩᠭᠥᠨ ᠭᠦᠢ᠍ᠯᠭᠡᠭᠡᠨ᠎ᠤ ᠴᠢᠳᠠᠮᠵᠢ ᠪᠠ ᠨᠡᠢ᠌ᠭᠡᠮ᠎ᠤᠨ ᠪᠠᠲᠤᠯᠠᠭ᠎ᠠ ᠵᠢᠨ ᠴᠢᠳᠠᠮᠵᠢ᠎ᠨᠢ ᠬᠠᠷᠢᠯᠴᠠᠨ ᠲᠤᠰᠠᠭ᠋ᠠᠷᠯᠠᠵᠤ᠂ ᠬᠠᠷᠢᠯᠴᠠᠨ ᠨᠥᠯᠥᠭᠡᠯᠡᠬᠦ ᠦᠭᠡᠢ ᠪᠠᠢ᠌ᠳᠠᠭ᠃
ᠠᠰᠠᠭᠤᠯᠲᠠ᠄ ᠳᠡᠭᠡᠷ᠎ᠡ ᠳᠤᠷᠠᠳᠤᠭᠰᠠᠨ ᠠᠰᠠᠭᠤᠳᠠᠯ ᠠᠴᠠ ᠭᠠᠳᠠᠨ᠎ᠠ᠂ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠢ ᠬᠡᠷᠬᠢᠨ ᠭᠤᠶᠤᠴᠢᠯᠠᠨ ᠠᠪᠬᠤ᠎ᠨᠢ ᠴᠦ᠍ ᠬᠥᠮᠥᠰ᠎ᠤᠨ ᠠᠩᠬᠠᠷᠤᠯ ᠢ ᠶᠡᠬᠡᠳᠡ ᠲᠠᠲᠠᠵᠤ ᠪᠠᠢ᠌ᠨ᠎ᠠ᠂ ᠲᠠ ᠰᠦᠯᠵᠢᠶᠡᠨ᠎ᠤ ᠨᠠᠢ᠌ᠵᠠ ᠨᠠᠷ᠎ᠲᠤ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠢ ᠭᠤᠶᠤᠴᠢᠯᠠᠨ ᠠᠪᠬᠤ ᠠᠷᠭ᠎ᠠ ᠮᠠᠶᠢᠭ ᠢ ᠲᠠᠢ᠌ᠯᠪᠤᠷᠢᠯᠠᠵᠤ ᠥᠭᠬᠦ ᠪᠣᠯᠪᠠᠤ?
ᠬᠠᠷᠢᠭᠤᠯᠲᠠ᠄ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠭᠤᠶᠤᠴᠢᠯᠠᠨ ᠠᠪᠬᠤ ᠬᠡᠯᠪᠡᠷᠢ᠎ᠳᠤ ᠰᠦᠯᠵᠢᠶᠡᠨ ᠭᠠᠳᠠᠨ᠎ᠠ ᠭᠤᠶᠤᠴᠢᠯᠠᠨ ᠠᠪᠬᠤ ᠪᠠ ᠰᠦᠯᠵᠢᠶᠡᠨ ᠳᠡᠭᠡᠷ᠎ᠡ ᠭᠤᠶᠤᠴᠢᠯᠠᠨ ᠠᠪᠬᠤ ᠬᠣᠶᠠᠷ ᠵᠦᠢ᠍ᠯ ᠪᠠᠭᠲᠠᠨ᠎ᠠ᠄
1. ᠰᠦᠯᠵᠢᠶᠡᠨ ᠭᠠᠳᠠᠨ᠎ᠠ ᠭᠤᠶᠤᠴᠢᠯᠠᠨ ᠠᠪᠬᠤ᠄ ᠭᠤᠶᠤᠴᠢᠯᠠᠭᠴᠢ ᠥᠪᠡᠷ ᠵᠶ᠋ᠡᠨ ᠬᠦᠴᠦᠨ ᠪᠦᠬᠦᠢ ᠪᠡᠶ᠎ᠡ ᠵᠢᠨ ᠦᠨᠡᠮᠯᠡᠯ ᠵᠶ᠋ᠡᠨ ᠠᠪᠴᠤ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠵᠶ᠋ᠠᠨ ᠪᠠᠩᠬᠢ ᠵᠢᠨ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠤᠨ ᠦᠢ᠍ᠯᠡᠴᠢᠯᠡᠭᠡᠨ᠎ᠤ ᠲᠣᠣᠷ ᠴᠡᠭ᠎ᠲᠤ ᠬᠦᠷᠴᠦ᠂ ᠲᠤᠬᠠᠢ ᠵᠢᠨ ᠲᠠᠯᠠᠪᠤᠷ᠎ᠲᠤ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠢ ᠦᠢ᠍ᠯᠡᠳᠴᠦ ᠠᠪᠤᠨ᠎ᠠ᠃ ᠰᠦᠯᠵᠢᠶᠡᠨ᠎ᠤ ᠴᠡᠭ᠎ᠤᠨ ᠮᠡᠳᠡᠭᠡ ᠵᠠᠩᠭᠢ ᠵᠢ 《ᠥᠪᠥᠷ ᠮᠣᠩᠭᠣᠯ᠎ᠤᠨ 12333》 ᠸᠢᠴᠠᠲ᠎ᠤᠨ ᠨᠠᠢ᠌ᠳᠠ ᠵᠢᠨ ᠳ᠋ᠤᠭ᠋ᠠᠷ ᠪᠤᠶᠤ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ》 ᠵᠢᠨ ᠭᠠᠷ ᠤᠲᠠᠰᠤᠨ᠎ᠤ APP᠎ᠪᠠᠷ ᠪᠠᠢ᠌ᠴᠠᠭ᠋ᠠᠨ ᠯᠠᠪᠯᠠᠵᠤ ᠪᠣᠯᠣᠨ᠎ᠠ᠃
2. ᠰᠦᠯᠵᠢᠶᠡᠨ ᠳᠡᠭᠡᠷ᠎ᠡ ᠭᠤᠶᠤᠴᠢᠯᠠᠨ ᠠᠪᠬᠤ᠄ ᠭᠤᠶᠤᠴᠢᠯᠠᠭᠴᠢ ᠠᠴᠠ 《ᠠᠯᠠᠭ᠋ᠠᠨ ᠳᠡᠭᠡᠷᠡᠬᠢ 12333》 ᠭᠠᠷ ᠤᠲᠠᠰᠤᠨ᠎ᠤ APP᠎ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠭᠤᠶᠤᠴᠢᠯᠠᠨ ᠠᠪᠬᠤ ᠵᠢᠨ ᠬᠠᠮᠲᠤ ᠰᠦᠯᠵᠢᠶᠡᠨ ᠳᠡᠭᠡᠷ᠎ᠡ ᠢᠯᠡᠭᠡᠬᠦ ᠬᠠᠶᠢᠭ ᠵᠶ᠋ᠠᠨ ᠲᠠᠭᠯᠠᠨ᠎ᠠ᠃ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠢ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠵᠣᠬᠢᠶᠠᠵᠤ ᠳᠠᠭᠤᠰᠬᠠᠭ᠋ᠠᠳ ᠢᠯᠡᠭᠡᠵᠦ ᠶᠠᠪᠤᠭᠤᠯᠤᠨ᠎ᠠ᠃
ᠠᠰᠠᠭᠤᠯᠲᠠ᠄ ᠬᠡᠷᠡᠭᠯᠡᠬᠦ ᠶᠠᠪᠤᠴᠠ᠎ᠳᠤ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠵᠶ᠋ᠠᠨ ᠬᠢᠴᠢᠶᠡᠮᠵᠢ ᠦᠭᠡᠢ᠎ᠪᠠᠷ ᠭᠡᠭᠡᠪᠡᠯ ᠬᠡᠷᠬᠢᠨ ᠰᠢᠢ᠍ᠳᠪᠦᠷᠢᠯᠡᠬᠦ ᠪᠤᠢ?
ᠬᠠᠷᠢᠭᠤᠯᠲᠠ᠄ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠵᠶ᠋ᠠᠨ ᠭᠡᠭᠡᠭᠰᠡᠨ ᠵᠶ᠋ᠡᠨ ᠳᠠᠷᠤᠢ᠎ᠳᠤ᠎ᠨᠢ ᠮᠡᠳᠡᠭᠦᠯᠬᠦ ᠬᠡᠷᠡᠭᠲᠡᠶ᠂ ᠡᠭᠦᠨ᠎ᠳᠤ ᠮᠥᠩᠭᠥᠨ ᠭᠦᠢ᠍ᠯᠭᠡᠭᠡᠨ᠎ᠤ ᠴᠢᠳᠠᠮᠵᠢ᠎ᠨᠢ ᠪᠠᠩᠬᠢ ᠵᠢᠨ ᠬᠡᠷᠡᠭᠯᠡᠭᠴᠢᠳ᠎ᠤᠨ ᠦᠢ᠍ᠯᠡᠴᠢᠯᠡᠭᠡᠨ᠎ᠤ ᠤᠲᠠᠰᠤ᠎ᠪᠠᠷ ᠳᠠᠮᠵᠢᠭᠤᠯᠤᠨ ᠭᠡᠭᠡᠭᠰᠡᠨ ᠵᠶ᠋ᠡᠨ ᠮᠡᠳᠡᠭᠦᠯᠬᠦ ᠬᠡᠷᠡᠭᠲᠡᠶ᠃
ᠨᠡᠢ᠌ᠭᠡᠮ᠎ᠤᠨ ᠪᠠᠲᠤᠯᠠᠭ᠎ᠠ ᠵᠢᠨ ᠴᠢᠳᠠᠮᠵᠢ ᠵᠢ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ》 ᠵᠢᠨ ᠭᠠᠷ ᠤᠲᠠᠰᠤᠨ᠎ᠤ APP᠎ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠡᠭᠡᠭᠰᠡᠨ ᠵᠶ᠋ᠡᠨ ᠳᠠᠩᠰᠠᠯᠠᠭᠤᠯᠬᠤ ᠪᠤᠶᠤ 12333 ᠤᠲᠠᠰᠤ᠎ᠪᠠᠷ ᠳᠠᠮᠵᠢᠭᠤᠯᠤᠨ ᠭᠡᠭᠡᠭᠰᠡᠨ ᠵᠶ᠋ᠡᠨ ᠮᠡᠳᠡᠭᠦᠯᠵᠦ ᠪᠣᠯᠣᠨ᠎ᠠ᠂ ᠪᠠᠰᠠ ᠺᠠᠷᠲ ᠡᠵᠡᠮᠰᠢᠭᠴᠢ ᠥᠪᠡᠷ ᠵᠶ᠋ᠡᠨ ᠬᠦᠴᠦᠨ ᠪᠦᠬᠦᠢ ᠪᠡᠶ᠎ᠡ ᠵᠢᠨ ᠦᠨᠡᠮᠯᠡᠯ ᠵᠶ᠋ᠡᠨ ᠠᠪᠴᠤ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠪᠠᠩᠬᠢ ᠵᠢᠨ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠦᠢ᠍ᠯᠡᠴᠢᠯᠡᠭᠡᠨ᠎ᠤ ᠲᠣᠣᠷ ᠴᠡᠭ᠎ᠲᠤ ᠬᠦᠷᠴᠦ ᠭᠡᠭᠡᠭᠰᠡᠨ ᠵᠶ᠋ᠡᠨ ᠮᠡᠳᠡᠭᠦᠯᠵᠦ ᠪᠣᠯᠣᠨ᠎ᠠ᠃ ᠭᠡᠭᠡᠭᠰᠡᠨ ᠵᠶ᠋ᠡᠨ ᠮᠡᠳᠡᠭᠦᠯᠦᠭᠰᠡᠨ᠎ᠤ ᠳᠠᠷᠠᠭ᠎ᠠ ᠰᠦᠯᠵᠢᠶᠡᠨ ᠭᠠᠳᠠᠨ᠎ᠠ ᠪᠠ ᠰᠦᠯᠵᠢᠶᠡᠨ ᠳᠡᠭᠡᠷ᠎ᠡ ᠬᠣᠶᠠᠷ ᠵᠦᠢ᠍ᠯ᠎ᠤᠨ ᠠᠷᠭ᠎ᠠ ᠮᠠᠶᠢᠭ ᠵᠶ᠋ᠠᠷ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠢ ᠨᠥᠬᠥᠨ ᠰᠣᠯᠢᠵᠤ ᠪᠣᠯᠣᠨ᠎ᠠ᠃
ᠰᠦᠯᠵᠢᠶᠡᠨ᠎ᠠᠴᠠ ᠭᠠᠳᠠᠨᠠᠬᠢ ᠠᠷᠭ᠎ᠠ ᠮᠠᠶᠢᠭ᠄ ᠺᠠᠷᠲ ᠡᠵᠡᠮᠰᠢᠭᠴᠢ ᠬᠦᠴᠦᠨ ᠪᠦᠬᠦᠢ ᠪᠡᠶ᠎ᠡ ᠵᠢᠨ ᠦᠨᠡᠮᠯᠡᠯ ᠵᠶ᠋ᠡᠨ ᠠᠪᠴᠤ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠪᠠᠩᠬᠢ ᠵᠢᠨ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠤᠨ ᠦᠢ᠍ᠯᠡᠴᠢᠯᠡᠭᠡᠨ᠎ᠤ ᠲᠣᠣᠷ ᠴᠡᠭ᠎ᠲᠤ ᠬᠦᠷᠴᠦ ᠲᠤᠬᠠᠢ ᠵᠢᠨ ᠲᠠᠯᠠᠪᠤᠷ᠎ᠲᠤ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠵᠶ᠋ᠠᠨ ᠨᠥᠬᠥᠵᠦ ᠰᠣᠯᠢᠨ᠎ᠠ᠃
ᠰᠦᠯᠵᠢᠶᠡᠨ ᠳᠡᠭᠡᠷᠡᠬᠢ ᠠᠷᠭ᠎ᠠ ᠮᠠᠶᠢᠭ᠄ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠤᠨ ᠨᠡᠢ᠌ᠭᠡᠮ᠎ᠤᠨ ᠳᠠᠭ᠋ᠠᠳᠬᠠᠯ᠎ᠤᠨ ᠴᠢᠳᠠᠮᠵᠢ ᠪᠠ ᠮᠥᠩᠭᠥᠨ ᠭᠦᠢ᠍ᠯᠭᠡᠭᠡᠨ᠎ᠤ ᠴᠢᠳᠠᠮᠵᠢ ᠵᠢ ᠴᠥᠮ ᠵᠢᠩᠬᠢᠨᠢ᠎ᠪᠠᠷ ᠭᠡᠭᠡᠭᠰᠡᠨ ᠵᠶ᠋ᠡᠨ ᠮᠡᠳᠡᠭᠦᠯᠦᠭᠰᠡᠨ᠎ᠤ ᠳᠠᠷᠠᠭ᠎ᠠ᠂ ᠭᠤᠶᠤᠴᠢᠯᠠᠭᠴᠢ᠎ᠨᠢ 《ᠠᠯᠠᠭ᠋ᠠᠨ ᠳᠡᠭᠡᠷᠡᠬᠢ 12333》 ᠭᠠᠷ ᠤᠲᠠᠰᠤᠨ᠎ᠤ APP᠎ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠵᠶ᠋ᠠᠨ ᠨᠥᠬᠥᠨ ᠰᠣᠯᠢᠵᠤ ᠪᠣᠯᠬᠤ ᠪᠥᠭᠡᠳ ᠰᠦᠯᠵᠢᠶᠡᠨ ᠳᠡᠭᠡᠷ᠎ᠡ ᠰᠢᠤᠳᠠᠨ᠎ᠤ ᠬᠠᠶᠢᠭ ᠵᠶ᠋ᠠᠨ ᠲᠠᠭᠯᠠᠵᠤ ᠪᠣᠯᠣᠨ᠎ᠠ᠃ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠢ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠵᠣᠬᠢᠶᠠᠵᠤ ᠳᠠᠭᠤᠰᠬᠠᠭ᠋ᠠᠳ ᠢᠯᠡᠭᠡᠵᠦ ᠶᠠᠪᠤᠭᠤᠯᠤᠨ᠎ᠠ᠃
ᠠᠰᠠᠭᠤᠯᠲᠠ᠄ ᠬᠡᠷᠪᠡ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠵᠶ᠋ᠠᠨ ᠭᠡᠭᠡᠭᠰᠡᠨ ᠵᠶ᠋ᠡᠨ ᠮᠡᠳᠡᠭᠦᠯᠦᠭᠰᠡᠨ᠎ᠤ ᠳᠠᠷᠠᠭ᠎ᠠ᠂ ᠺᠠᠷᠲ ᠵᠶ᠋ᠠᠨ ᠪᠠᠰᠠ ᠡᠷᠢᠵᠦ ᠣᠯᠣᠭᠰᠠᠨ ᠪᠠᠢ᠌ᠪᠠᠯ ᠦᠷᠭᠦᠯᠵᠢᠯᠡᠨ ᠬᠡᠷᠡᠭᠯᠡᠵᠦ ᠪᠣᠯᠣᠨ᠎ᠠ ᠣᠣ?
ᠬᠠᠷᠢᠭᠤᠯᠲᠠ᠄ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠮᠥᠩᠭᠥᠨ ᠭᠦᠢ᠍ᠯᠭᠡᠭᠡᠨ᠎ᠤ ᠴᠢᠳᠠᠮᠵᠢ ᠪᠠ ᠨᠡᠢ᠌ᠭᠡᠮ᠎ᠤᠨ ᠪᠠᠲᠤᠯᠠᠭ᠎ᠠ ᠵᠢᠨ ᠴᠢᠳᠠᠮᠵᠢ ᠵᠢ ᠲᠣᠰ ᠲᠣᠰ ᠭᠡᠭᠡᠭᠰᠡᠨ ᠵᠶ᠋ᠡᠨ ᠮᠡᠳᠡᠭᠦᠯᠬᠦ ᠬᠡᠷᠡᠭᠲᠡᠶ᠃
ᠮᠥᠩᠭᠥᠨ ᠭᠦᠢ᠍ᠯᠭᠡᠭᠡᠨ᠎ᠤ ᠴᠢᠳᠠᠮᠵᠢ ᠵᠢ ᠳ᠋ᠢᠶᠠᠩᠬᠤᠸᠠ᠎ᠪᠠᠷ ᠲᠦᠷ ᠴᠠᠭ ᠭᠡᠭᠡᠭᠰᠡᠨ ᠵᠶ᠋ᠡᠨ ᠮᠡᠳᠡᠭᠦᠯᠬᠦ ᠪᠠ ᠵᠢᠩᠬᠢᠨᠢ᠎ᠪᠠᠷ ᠭᠡᠭᠡᠭᠰᠡᠨ ᠵᠶ᠋ᠡᠨ ᠮᠡᠳᠡᠭᠦᠯᠬᠦ ᠭᠡᠵᠦ ᠬᠤᠪᠢᠶᠠᠨ᠎ᠠ᠂ ᠲᠦᠷ ᠴᠠᠭ ᠭᠡᠭᠡᠭᠰᠡᠨ ᠵᠶ᠋ᠡᠨ ᠮᠡᠳᠡᠭᠦᠯᠬᠦ ᠭᠠᠷ ᠭᠦᠢ᠍ᠴᠡᠳᠬᠡᠯ ᠬᠢᠯᠭᠡᠪᠡᠯ᠂ ᠬᠡᠳᠦᠨ ᠡᠳᠦᠷ᠎ᠤᠨ ᠳᠠᠷᠠᠭ᠎ᠠ ᠭᠡᠭᠡᠭᠰᠡᠨ ᠵᠶ᠋ᠡᠨ ᠠᠶᠠᠨᠳᠠᠭ᠋ᠠᠨ ᠬᠦᠴᠦᠨ ᠦᠭᠡᠢ ᠪᠣᠯᠭ᠋ᠠᠵᠤ᠂ ᠭᠡᠭᠡᠭᠰᠡᠨ ᠵᠶ᠋ᠡᠨ ᠲᠠᠢ᠌ᠯᠤᠭᠰᠠᠨ᠎ᠤ ᠳᠠᠷᠠᠭ᠎ᠠ ᠬᠡᠪ᠎ᠤᠨ ᠪᠠᠶ᠋ᠢᠳᠠᠯ ᠵᠶ᠋ᠠᠷ ᠬᠡᠷᠡᠭᠯᠡᠵᠦ ᠪᠣᠯᠣᠨ᠎ᠠ; ᠮᠥᠩᠭᠥᠨ ᠭᠦᠢ᠍ᠯᠭᠡᠭᠡᠨ᠎ᠤ ᠴᠢᠳᠠᠮᠵᠢ᠎ᠪᠠᠨ ᠠᠯᠳᠠᠭᠰᠠᠨ ᠵᠶ᠋ᠠᠨ ᠵᠢᠩᠬᠢᠨᠢ᠎ᠪᠠᠷ ᠮᠡᠳᠡᠭᠦᠯᠦᠭᠰᠡᠨ᠎ᠤ ᠳᠠᠷᠠᠭ᠎ᠠ ᠲᠣᠰ ᠬᠥᠮᠥᠨ᠎ᠨᠢ ᠬᠦᠴᠦᠨ ᠪᠦᠬᠦᠢ ᠪᠡᠶ᠎ᠡ ᠵᠢᠨ ᠦᠨᠡᠮᠯᠡᠯ ᠪᠠ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠵᠶ᠋ᠠᠨ ᠠᠪᠴᠤ ᠵᠣᠬᠢᠴᠠᠩᠭᠤᠢ ᠪᠠᠩᠬᠢ ᠵᠢᠨ ᠠᠯᠪᠠᠨ ᠭᠡᠷ᠎ᠲᠤ ᠬᠦᠷᠴᠦ ᠣᠢ᠌ᠯᠠᠭ᠋ᠠᠵᠤ ᠳ᠋ᠤᠭ᠋ᠠᠷᠯᠠᠵᠤ ᠪᠣᠯᠣᠨ᠎ᠠ᠃
ᠨᠡᠢ᠌ᠭᠡᠮ᠎ᠤᠨ ᠳᠠᠭ᠋ᠠᠳᠬᠠᠯ᠎ᠤᠨ ᠴᠢᠳᠠᠮᠵᠢ᠎ᠪᠠᠨ ᠭᠡᠭᠡᠭᠰᠡᠨ ᠵᠶ᠋ᠡᠨ ᠮᠡᠳᠡᠭᠦᠯᠬᠦ ᠵᠢ ᠲᠦᠷ ᠴᠠᠭ ᠭᠡᠭᠡᠭᠰᠡᠨ ᠵᠶ᠋ᠡᠨ ᠮᠡᠳᠡᠭᠦᠯᠬᠦ ᠪᠠ ᠵᠢᠩᠬᠢᠨᠢ᠎ᠪᠠᠷ ᠭᠡᠭᠡᠭᠰᠡᠨ ᠵᠶ᠋ᠡᠨ ᠮᠡᠳᠡᠭᠦᠯᠬᠦ ᠭᠡᠵᠦ ᠬᠤᠪᠢᠶᠠᠨ᠎ᠠ᠂ ᠲᠦᠷ ᠴᠠᠭ ᠭᠡᠭᠡᠭᠰᠡᠨ ᠵᠶ᠋ᠡᠨ ᠮᠡᠳᠡᠭᠦᠯᠬᠦ᠎ᠳᠤ ᠲᠣᠰ ᠬᠥᠮᠥᠨ᠎ᠨᠢ ᠬᠦᠴᠦᠨ ᠪᠦᠬᠦᠢ ᠪᠡᠶ᠎ᠡ ᠵᠢᠨ ᠦᠨᠡᠮᠯᠡᠯ ᠪᠠ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠵᠶ᠋ᠠᠨ ᠠᠪᠴᠤ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠪᠠᠩᠬᠢ ᠵᠢᠨ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠤᠨ ᠦᠢ᠍ᠯᠡᠴᠢᠯᠡᠭᠡᠨ᠎ᠤ ᠲᠣᠣᠷ ᠴᠡᠭ᠎ᠲᠤ ᠬᠦᠷᠴᠦ ᠣᠢ᠌ᠯᠠᠭ᠋ᠠᠯᠴᠠᠨ ᠡᠯᠭᠦᠬᠦ ᠪᠤᠶᠤ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ》 ᠵᠢᠨ ᠭᠠᠷ ᠤᠲᠠᠰᠤᠨ᠎ᠤ APP᠎ᠪᠠᠷ ᠳᠠᠮᠵᠢᠭᠤᠯᠤᠨ ᠰᠦᠯᠵᠢᠶᠡᠨ᠎ᠳᠤ ᠡᠯᠭᠦᠬᠦ᠎ᠪᠠᠨ ᠳᠡᠢ᠌ᠯᠵᠦ᠂ ᠡᠯᠭᠦᠬᠦ᠎ᠪᠠᠨ ᠲᠠᠢ᠌ᠯᠤᠭᠰᠠᠨ᠎ᠤ ᠳᠠᠷᠠᠭ᠎ᠠ ᠬᠡᠪ᠎ᠤᠨ ᠪᠠᠶ᠋ᠢᠳᠠᠯ ᠵᠶ᠋ᠠᠷ ᠬᠡᠷᠡᠭᠯᠡᠵᠦ ᠪᠣᠯᠣᠨ᠎ᠠ; ᠨᠡᠢ᠌ᠭᠡᠮ᠎ᠤᠨ ᠪᠠᠲᠤᠯᠠᠭ᠎ᠠ ᠵᠢᠨ ᠴᠢᠳᠠᠮᠵᠢ ᠵᠢ ᠭᠡᠭᠡᠭᠰᠡᠨ ᠵᠶ᠋ᠡᠨ ᠵᠢᠩᠬᠢᠨᠢ᠎ᠪᠠᠷ ᠳᠠᠩᠰᠠᠯᠠᠭᠤᠯᠬᠤ ᠭᠠᠷ ᠭᠦᠢ᠍ᠴᠡᠳᠬᠡᠯ ᠬᠢᠬᠦ᠎ᠳᠤ ᠭᠦᠷᠪᠡᠯ ᠣᠢ᠌ᠯᠠᠭ᠋ᠠᠵᠤ ᠡᠯᠭᠦᠬᠦ ᠭᠠᠷ ᠭᠦᠢ᠍ᠴᠡᠳᠬᠡᠯ ᠬᠢᠬᠦ ᠵᠢᠨ ᠠᠷᠭ᠎ᠠ ᠦᠭᠡᠢ ᠪᠣᠯᠣᠨ᠎ᠠ᠃
ᠥᠭᠡᠷ᠎ᠡ᠎ᠪᠠᠷ ᠬᠡᠯᠡᠪᠡᠯ᠂ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠨᠢ ᠬᠡᠷᠪᠡ ᠨᠡᠢ᠌ᠭᠡᠮ᠎ᠤᠨ ᠳᠠᠭ᠋ᠠᠳᠬᠠᠯ᠎ᠤᠨ ᠴᠢᠳᠠᠮᠵᠢ᠎ᠪᠠᠨ ᠵᠢᠩᠬᠢᠨᠢ᠎ᠪᠠᠷ ᠭᠡᠭᠡᠭᠰᠡᠨ ᠵᠶ᠋ᠡᠨ ᠳᠠᠩᠰᠠᠯᠠᠭᠤᠯᠬᠤ ᠭᠠᠷ ᠭᠦᠢ᠍ᠴᠡᠳᠬᠡᠯ ᠬᠢᠭᠰᠡᠨ ᠪᠠᠢ᠌ᠪᠠᠯ᠂ ᠤᠤᠯ᠎ᠤᠨ ᠺᠠᠷᠲ ᠵᠶ᠋ᠠᠨ ᠣᠯᠣᠭᠰᠠᠨ ᠴᠤ᠌ ᠦᠷᠭᠦᠯᠵᠢᠯᠡᠨ ᠬᠡᠷᠡᠭᠯᠡᠬᠦ ᠵᠢᠨ ᠠᠷᠭ᠎ᠠ ᠦᠭᠡᠢ᠂ ᠪᠤᠰᠤᠳ ᠪᠠᠶ᠋ᠢᠳᠠᠯ᠎ᠳᠤ ᠵᠣᠬᠢᠬᠤ ᠴᠢᠳᠠᠮᠵᠢ᠎ᠪᠠᠨ ᠡᠯᠭᠦᠭᠰᠡᠨᠤ ᠳᠠᠷᠠᠭ᠎ᠠ ᠬᠡᠪ᠎ᠤᠨ ᠪᠠᠶ᠋ᠢᠳᠠᠯ ᠵᠶ᠋ᠠᠷ ᠬᠡᠷᠡᠭᠯᠡᠵᠦ ᠪᠣᠯᠣᠨ᠎ᠠ᠃
ᠠᠰᠠᠭᠤᠯᠲᠠ᠄ ᠪᠢᠳᠡ ᠥᠩᠭᠡᠷᠡᠭᠰᠡᠨ᠎ᠳᠤ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠤᠨ ᠭᠡᠭᠡᠭᠳᠡᠭᠰᠡᠨ ᠪᠠᠶ᠋ᠢᠳᠠᠯ ᠢ ᠲᠠᠢ᠌ᠯᠪᠤᠷᠢᠯᠠᠭᠰᠠᠨ ᠶᠤᠮ᠂ ᠲᠡᠭᠡᠪᠡᠯ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠡᠪᠳᠡᠷᠡᠵᠦ ᠰᠦᠢ᠍ᠳᠦᠭᠰᠡᠨ ᠪᠠᠢ᠌ᠪᠠᠯ ᠬᠡᠷᠬᠢᠨ ᠰᠢᠢ᠍ᠳᠪᠦᠷᠢᠯᠡᠬᠦ ᠪᠤᠢ?
ᠬᠠᠷᠢᠭᠤᠯᠲᠠ᠄ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠡᠪᠳᠡᠷᠡᠪᠡᠯ᠂ ᠺᠠᠷᠲ ᠡᠵᠡᠮᠰᠢᠭᠴᠢ ᠥᠪᠡᠷ ᠵᠶ᠋ᠡᠨ ᠬᠦᠴᠦᠨ ᠪᠦᠬᠦᠢ ᠪᠡᠶ᠎ᠡ ᠵᠢᠨ ᠦᠨᠡᠮᠯᠡᠯ ᠵᠶ᠋ᠡᠨ ᠠᠪᠴᠤ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠪᠠᠩᠬᠢ ᠵᠢᠨ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠤᠨ ᠦᠢ᠍ᠯᠡᠴᠢᠯᠡᠭᠡᠨ᠎ᠤ ᠲᠣᠣᠷ ᠴᠡᠭ᠎ᠲᠤ ᠬᠦᠷᠴᠦ ᠲᠤᠬᠠᠢ ᠵᠢᠨ ᠲᠠᠯᠠᠪᠤᠷ᠎ᠲᠤ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠵᠶ᠋ᠠᠨ ᠨᠥᠬᠥᠨ ᠰᠣᠯᠢᠵᠤ ᠪᠣᠯᠣᠨ᠎ᠠ; 《ᠠᠯᠠᠭ᠋ᠠᠨ ᠳᠡᠭᠡᠷᠡᠬᠢ 12333》 ᠭᠠᠷ ᠤᠲᠠᠰᠤᠨ᠎ᠤ APP᠎ᠪᠠᠷ ᠳᠠᠮᠵᠢᠭᠤᠯᠤᠨ ᠰᠦᠯᠵᠢᠶ᠎ᠡ᠎ᠪᠠᠷ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠢ ᠨᠥᠬᠥᠵᠦ ᠰᠣᠯᠢᠪᠠᠯ᠂ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠢ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠦᠢ᠍ᠯᠡᠳᠴᠦ ᠳᠠᠭᠤᠰᠬᠠᠬᠤ ᠵᠢᠨ ᠬᠠᠮᠲᠤ ᠢᠯᠡᠭᠡᠵᠦ ᠪᠣᠯᠣᠨ᠎ᠠ᠃
ᠬᠥᠲᠥᠯᠥᠭᠴᠢ᠄
ᠵᠠ᠂ ᠲᠠᠨ᠎ᠤ ᠬᠠᠯᠠᠰᠢᠷᠠᠯ ᠦᠭᠡᠢ ᠬᠠᠷᠢᠭᠤᠯᠤᠭᠰᠠᠨ᠎ᠳᠤ ᠲᠠᠯᠠᠷᠬᠠᠵᠤ ᠪᠠᠢ᠌ᠨ᠎ᠠ᠂ ᠡᠭᠦᠨ᠎ᠤ ᠬᠠᠮᠲᠤ ᠰᠦᠯᠵᠢᠶᠡᠨ᠎ᠤ ᠨᠠᠢ᠌ᠵᠠ ᠨᠠᠷ᠎ᠤᠨ ᠭᠥᠯᠢᠶᠡᠨ ᠠᠪᠴᠤ ᠦᠵᠡᠭᠰᠡᠨ᠎ᠳᠤ ᠴᠦ᠍ ᠲᠠᠯᠠᠷᠬᠠᠵᠤ ᠪᠠᠢ᠌ᠨ᠎ᠠ᠂ ᠲᠣᠰ ᠬᠤᠭᠤᠴᠠᠭ᠋ᠠᠨ᠎ᠤ ᠫᠷᠣᠭ᠌ᠷᠠᠮ᠎ᠢ ᠠᠲᠠ ᠬᠦᠷᠭᠡᠶ᠎ᠡ᠂ ᠲᠠᠷᠠᠭ᠋ᠠᠴᠢ ᠵᠢᠨ ᠬᠤᠭᠤᠴᠠᠭ᠋ᠠᠨ᠎ᠳᠤ ᠳᠠᠬᠢᠭ᠋ᠠᠳ ᠠᠭᠤᠯᠵᠠᠶ᠎ᠠ!