ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠨᠢᠭᠡ ᠵᠦᠢ᠍ᠯ᠎ᠤᠨ ᠮᠡᠷᠭᠡᠵᠢᠯ᠎ᠢ ᠪᠠᠳᠠᠷᠠᠭᠤᠯᠤᠨ ᠵᠠᠯᠠᠭᠤ ᠨᠠᠰᠤᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ — ᠵᠢᠷᠭᠤᠭ᠋ᠠᠨ 《ᠴᠢᠳᠠᠪᠤᠷᠢᠲᠠᠨ》 ᠎ᠤ ᠦᠰᠦᠨ ᠪᠣᠢ᠌ᠵᠢᠭᠰᠠᠨ ᠥᠯᠢᠭᠡᠷ᠎ᠢ ᠰᠣᠨᠣᠰᠰᠤᠭ᠋ᠠᠢ
ᠨᠡᠶ᠋ᠢᠲᠡᠯᠡᠭᠰᠡᠨ ᠴᠠᠭ᠄ 2023-09-14

      9 ᠰᠠᠷ᠎ᠠ ᠵᠢᠨ 16᠎ᠤ ᠡᠳᠦᠷ᠂ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠣᠶᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠲᠢᠶᠠᠨᠵᠢᠨ ᠬᠣᠲᠠ᠎ᠳᠤ ᠶᠠᠪᠤᠭᠳᠠᠬᠤ ᠪᠣᠯᠣᠨ᠎ᠠ᠃ ᠥᠪᠥᠷ ᠮᠣᠩᠭᠣᠯ᠎ᠤᠨ 12 ᠠᠶ᠋ᠢᠮᠠᠭ ᠬᠤᠳᠠ ᠵᠢᠨ 127 ᠤᠷ᠎ᠠ ᠮᠡᠷᠭᠡᠵᠢᠯ᠎ᠤᠨ ᠴᠢᠳᠠᠪᠤᠷᠢᠲᠠᠨ᠂ ᠬᠠᠮᠲᠤ᠎ᠪᠠᠷ 99 ᠤᠷᠤᠯᠳᠤᠭ᠋ᠠᠨ᠎ᠤ ᠳᠦᠷᠦᠯ ᠵᠦᠢ᠍ᠯ᠎ᠳᠤ ᠣᠷᠣᠯᠴᠠᠵᠤ᠂ ᠤᠷ᠎ᠠ ᠴᠢᠳᠠᠪᠤᠷᠢ᠎ᠪᠠᠨ ᠭᠠᠢ᠌ᠬᠠᠭᠤᠯᠵᠤ᠂ ᠤᠨᠴᠠᠭ᠋ᠠᠢ ᠡᠷᠳᠡᠮ ᠵᠶ᠋ᠡᠨ ᠦᠵᠡᠭᠦᠯᠵᠦ᠂ ᠴᠤᠭ ᠵᠢᠪᠬᠤᠭ᠎ᠠ᠎ᠪᠠᠨ ᠭᠠᠶ᠋ᠢᠬᠠᠭᠤᠯᠬᠤ ᠪᠣᠯᠣᠨ᠎ᠠ᠃ ᠰᠤᠷᠪᠤᠯᠵᠢᠯᠠᠭᠴᠢ ᠠᠳᠠᠯᠢ ᠪᠤᠰᠤ ᠬᠦᠷᠢᠶᠡᠨ᠎ᠠᠴᠠ ᠢᠷᠡᠭᠰᠡᠨ 6  《ᠴᠢᠳᠠᠪᠤᠷᠢᠲᠠᠨ》 ᠎ᠢ ᠰᠤᠷᠪᠤᠯᠵᠢᠯᠠᠵᠤ᠂ ᠲᠡᠳᠡᠨ᠎ᠤ ᠤᠷ᠎ᠠ ᠮᠡᠷᠭᠡᠵᠢᠯ᠎ᠤᠨ ᠴᠢᠳᠠᠪᠤᠷᠢᠲᠠᠨ ᠪᠣᠯᠤᠭᠰᠠᠨ ᠥᠯᠢᠭᠡᠷ ᠵᠶ᠋ᠠᠨ ᠶᠠᠷᠢᠬᠤ ᠵᠢ ᠰᠣᠨᠣᠰᠴᠤ᠂ ᠨᠠᠩ ᠤᠯᠠᠨ ᠬᠥᠳᠡᠯᠮᠦᠷᠢᠴᠢᠳ᠎ᠤᠨ ᠬᠥᠳᠡᠯᠮᠦᠷᠢ ᠵᠢ ᠬᠦᠨᠳᠦᠳᠬᠡᠵᠦ᠂ ᠤᠷ᠎ᠠ ᠴᠢᠳᠠᠪᠤᠷᠢ᠎ᠳᠤ ᠪᠠᠬᠠᠲᠠᠢ ᠪᠣᠯᠬᠤ ᠵᠢ ᠵᠣᠷᠢᠭᠵᠢᠭᠤᠯᠤᠨ ᠳᠠᠶ᠋ᠢᠴᠢᠯᠠᠪᠠ᠃

      ᠭᠣᠣ ᠯᠧᠢ᠄ 《ᠪᠣᠯᠣᠳ ᠲᠡᠮᠦᠷ᠎ᠤᠨ ᠣᠶᠣᠳᠠᠯᠴᠢᠨ》 ᠪᠣᠯᠣᠳ᠎ᠤᠨ ᠣᠴᠢ ᠵᠢᠨ ᠳᠤᠮᠳᠠ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠤᠯᠠᠮᠵᠢᠯᠠᠨ᠎ᠠ

      ᠲᠣᠯᠣᠭ᠋ᠠᠢ᠎ᠳᠠᠭᠠᠨ ᠪᠠᠭ ᠵᠡᠭᠦᠵᠦ᠂ ᠭᠠᠷ᠎ᠲᠠᠭᠠᠨ ᠭᠠᠩᠨᠠᠭᠤᠷᠳᠠᠬᠤ ᠫᠤᠤ ᠠᠳᠬᠤᠵᠤ᠂ ᠪᠤᠳᠠᠷᠠᠨ ᠦᠰᠦᠷᠦᠭᠰᠡᠨ ᠪᠣᠯᠣᠳ᠎ᠤᠨ ᠣᠴᠢ ᠪᠡᠶ᠎ᠡ ᠳᠡᠭᠡᠷ᠎ᠡ᠎ᠨᠢ ᠲᠣᠰᠣᠨ᠎ᠠ᠂ ᠳᠤᠮᠳᠠᠳᠤ ᠤᠯᠤᠰ᠎ᠤᠨ ᠬᠣᠶᠠᠳᠤᠭ᠋ᠠᠷ ᠲᠡᠮᠦᠷᠯᠢᠭ ᠬᠠᠢ᠌ᠯᠤᠭᠤᠯᠬᠤ ᠪᠦᠯᠦᠭᠯᠡᠯ᠎ᠤᠨ ᠪᠣᠯᠣᠳ ᠪᠦᠲᠦᠴᠡᠲᠦ ᠪᠠᠷᠢᠯᠭ᠎ᠠ ᠵᠢᠨ ᠮᠡᠷᠭᠡᠵᠢᠯ᠎ᠤᠨ ᠬᠤᠪᠢᠶᠠᠷᠢ ᠺᠣᠮᠫᠠᠨᠢ ᠵᠢᠨ ᠦᠢ᠍ᠯᠡᠳᠪᠦᠷᠢᠯᠡᠯ᠎ᠤᠨ ᠲᠠᠰᠤᠭ᠎ᠲᠤ᠂ ᠭᠤᠤ ᠯᠧᠢ ᠶᠠᠭ ᠪᠤᠭᠤᠲᠤ ᠵᠢᠨ ᠭᠣᠣᠯᠳᠠᠯᠭ᠎ᠠ᠎ᠲᠠᠢ ᠢᠨᠵᠧᠨᠧᠷᠢᠩ᠎ᠤᠨ ᠰᠢᠨ᠎ᠡ ᠡᠨᠧᠷᠭᠢ ᠵᠢᠨ ᠪᠣᠯᠣᠳ ᠪᠦᠲᠦᠴᠡ ᠵᠢ ᠭᠠᠩᠨᠠᠨ ᠵᠠᠯᠭ᠋ᠠᠬᠤ ᠡᠭᠦᠷᠭᠡ ᠵᠢ ᠪᠡᠶᠡᠯᠡᠭᠦᠯᠵᠦ ᠪᠠᠢ᠌ᠪᠠ᠃ ᠡᠪᠡᠷᠰᠢᠵᠦ ᠠᠷᠵᠠᠭ᠋ᠠᠷ ᠪᠦᠳᠦᠭᠦᠨ ᠪᠤᠯᠤᠬᠰᠠᠨ ᠭᠠᠷ ᠵᠶ᠋ᠠᠷ ᠵᠶ᠋ᠠᠨ ᠨᠢᠭᠡᠨ ᠰᠢᠷᠬᠡᠭ ᠨᠠᠷᠢᠬᠠᠨ ᠭᠠᠩᠨᠠᠭᠤᠷ ᠰᠠᠪᠠᠭ᠎ᠠ ᠪᠠᠷᠢᠵᠤ᠂ ᠥᠷᠥᠮ᠎ᠡ ᠬᠤᠯᠠᠭ᠋ᠠᠶ᠋ᠢᠴᠢ ᠤᠰᠤ ᠬᠠᠯᠢᠬᠤ ᠮᠡᠲᠦ ᠪᠣᠯᠣᠳ ᠵᠢᠶᠠᠰᠠᠨ ᠳᠡᠭᠡᠷ᠎ᠡ 《ᠬᠤᠪᠴᠠᠰᠤ ᠨᠡᠬᠡᠵᠦ》᠂ ᠪᠣᠯᠣᠳ᠎ᠤᠨ ᠣᠴᠢ ᠳᠥᠷᠪᠡᠨ ᠵᠦᠭ᠎ᠲᠤ ᠦᠰᠦᠷᠬᠢᠯᠡᠬᠦ ᠳᠤᠮᠳᠠ ᠲᠡᠳᠡᠭᠡᠷ᠎ᠢ ᠰᠡᠪ ᠦᠭᠡᠢ᠎ᠪᠠᠷ ᠨᠢᠭᠡ ᠳᠣᠣᠷ᠎ᠠ ᠨᠡᠢ᠌ᠯᠡᠭᠦᠯᠦᠨ ᠥᠴᠥᠬᠡᠨ ᠲᠡᠳᠦᠢ ᠬᠡᠢ ᠵᠢᠨ ᠰᠦᠪᠡ ᠦᠯᠡᠳᠡᠭᠡᠬᠦ ᠦᠭᠡᠢ ᠭᠠᠩᠨᠠᠵᠤ ᠲᠠᠯᠪᠢᠵᠠᠢ᠃

      ᠡᠨᠡ ᠵᠢᠯ 26 ᠨᠠᠰᠤᠲᠠᠢ ᠭᠤᠤ ᠯᠧᠢ ᠪᠣᠯ ᠳᠤᠮᠳᠠᠳᠤ ᠤᠯᠤᠰ᠎ᠤᠨ ᠬᠣᠶᠠᠳᠤᠭ᠋ᠠᠷ ᠲᠡᠮᠦᠷᠯᠢᠭ ᠬᠠᠶ᠋ᠢᠯᠤᠭᠤᠯᠬᠤ ᠪᠦᠯᠦᠭᠯᠡᠯ᠎ᠤᠨ ᠪᠣᠯᠣᠳ ᠪᠦᠲᠦᠴᠡᠲᠦ ᠪᠠᠷᠢᠯᠭ᠎ᠠ ᠵᠢᠨ ᠮᠡᠷᠭᠡᠵᠢᠯ᠎ᠤᠨ ᠬᠤᠪᠢᠶᠠᠷᠢ ᠺᠣᠮᠫᠠᠨᠢ ᠵᠢᠨ ᠭᠠᠩᠨᠠᠨ ᠵᠠᠯᠭ᠋ᠠᠬᠤ ᠲᠤᠷᠰᠢᠯᠲᠠ ᠵᠢᠨ ᠲᠠᠰᠤᠭ᠎ᠤᠨ ᠡᠷᠬᠢᠯᠡᠭᠴᠢ᠂ ᠳᠤᠮᠳᠠᠳᠤ ᠤᠯᠤᠰ᠎ᠤᠨ ᠲᠡᠮᠦᠷᠯᠢᠭ ᠬᠠᠶ᠋ᠢᠯᠤᠭᠤᠯᠬᠤ ᠦᠢ᠍ᠯᠡᠰ᠎ᠤᠨ ᠲᠡᠷᠢᠭᠦᠨ ᠮᠠᠰᠲ᠋ᠧᠷ ᠪᠣᠯᠣᠨ᠎ᠠ᠂ ᠪᠣᠯᠣᠳ ᠲᠡᠮᠦᠷ᠎ᠢ ᠣᠶᠣᠵᠤ ᠨᠡᠶ᠋ᠢᠯᠡᠭᠦᠯᠬᠦ ᠠᠵᠢᠯ᠎ᠢ ᠬᠢᠵᠦ ᠪᠠᠢ᠌ᠭ᠎ᠠ ᠲᠡᠭᠦᠨ᠎ᠢ ᠬᠠᠮᠲᠤ ᠠᠵᠢᠯᠯᠠᠭᠰᠠᠳ᠎ᠨᠢ 《ᠪᠣᠯᠣᠳ ᠲᠡᠮᠦᠷ᠎ᠤᠨ ᠣᠶᠣᠳᠠᠯᠴᠢᠨ》 ᠬᠡᠮᠡᠨ ᠪᠢᠰᠢᠷᠡᠨ ᠳᠠᠭᠤᠳᠠᠳᠠᠭ᠂ ᠤᠯᠤᠰ᠎ᠤᠨ ᠳᠣᠲᠣᠭ᠋ᠠᠳᠤ ᠵᠢᠨ ᠴᠢᠬᠤᠯᠠ ᠶᠡᠬᠡ ᠪᠠᠷᠢᠯᠭ᠎ᠠ ᠵᠢᠨ ᠭᠠᠩᠨᠠᠨ ᠵᠠᠯᠭ᠋ᠠᠬᠤ ᠡᠭᠦᠷᠭᠡ ᠵᠢ ᠤᠯᠠᠨ ᠤᠳᠠᠭ᠎ᠠ ᠪᠡᠶᠡᠯᠡᠭᠦᠯᠪᠡ᠃ ᠭᠣᠣ ᠯᠧᠢ᠄《ᠭᠠᠩᠨᠠᠭ᠋ᠠᠰᠤ ᠨᠢᠭᠡᠪᠦᠷᠢ᠎ᠨᠢ ᠴᠥᠮ ᠠᠮᠢ ᠨᠠᠰᠤᠨ᠎ᠤ ᠱᠤᠭᠤᠮ ᠮᠥᠨ᠂ ᠨᠢᠭᠡ ᠭᠠᠩᠨᠠᠭ᠋ᠠᠰᠤ ᠵᠢ ᠭᠠᠩᠨᠠᠪᠠᠯ ᠨᠢᠭᠡ᠎ᠪᠠᠷ ᠵᠶ᠋ᠡᠨ ᠵᠠᠪᠠᠯ ᠬᠢᠷᠢ ᠲᠡᠩᠴᠡᠬᠦ ᠬᠡᠷᠡᠭᠳᠡᠢ᠂ ᠥᠪᠡᠷ᠎ᠤᠨ ᠨᠡᠷ᠎ᠡ᠎ᠪᠠᠨ ᠭᠠᠩᠨᠠᠭ᠋ᠠᠰᠤᠨ᠎ᠳᠤ 〈ᠰᠡᠢ᠌ᠯᠵᠦ〉᠂ ᠨᠠᠰᠤᠨ ᠲᠤᠷᠰᠢᠲᠠ᠎ᠪᠠᠨ ᠭᠠᠩᠨᠠᠭ᠋ᠠᠰᠤ᠎ᠳᠤ ᠬᠠᠷᠢᠭᠤᠴᠠᠨ᠎ᠠ》 ᠭᠡᠵᠡᠢ᠃

      2014 ᠣᠨ᠎ᠳᠤ᠂ 17 ᠨᠠᠰᠤᠲᠠᠢ ᠭᠣᠣ ᠯᠧᠢ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠣᠷᠣᠵᠤ ᠭᠠᠩᠨᠠᠬᠤ ᠲᠤᠰᠬᠠᠢ ᠮᠡᠷᠭᠡᠵᠢᠯ ᠰᠤᠷᠪᠠ᠂ ᠲᠡᠷᠡ ᠦᠶ᠎ᠡ᠎ᠠᠴᠠ ᠡᠬᠢᠯᠡᠨ ᠲᠡᠷᠡ ᠨᠡᠷ᠎ᠡ ᠨᠢᠳᠡᠷ᠎ᠲᠡᠭᠡᠨ ᠲᠣᠬᠢᠷᠠᠭᠰᠠᠨ ᠭᠠᠩᠨᠠᠭᠤᠷᠴᠢᠨ ᠪᠣᠯᠬᠤ᠎ᠪᠠᠷ ᠵᠣᠷᠢᠭ ᠰᠢᠭᠤᠳᠴᠤ᠂ ᠬᠢᠴᠢᠶᠡᠯ ᠪᠠᠭᠤᠮᠠᠭᠴᠠ ᠦᠢ᠍ᠯᠡᠳᠪᠦᠷᠢ ᠵᠢᠨ ᠲᠠᠰᠤᠭ᠎ᠲᠤ ᠣᠷᠣᠵᠤ ᠭᠠᠩᠨᠠᠬᠤ ᠮᠡᠷᠭᠡᠵᠢᠯ ᠵᠶ᠋ᠡᠨ ᠲᠠᠰᠤᠷᠠᠯᠲᠠ ᠦᠭᠡᠢ ᠪᠣᠯᠪᠠᠰᠤᠷᠠᠪᠠ᠃ 2019 ᠣᠨ᠎ᠳᠤ᠂ ᠭᠤᠤ ᠯᠧᠢ ᠳᠤᠮᠳᠠᠳᠤ ᠤᠯᠤᠰ᠎ᠤᠨ ᠬᠣᠶᠠᠳᠤᠭ᠋ᠠᠷ ᠲᠡᠮᠦᠷᠯᠢᠭ ᠬᠠᠶ᠋ᠢᠯᠤᠭᠤᠯᠬᠤ ᠪᠦᠯᠦᠭᠯᠡᠯ᠎ᠤᠨ ᠪᠣᠯᠣᠳ ᠪᠦᠲᠦᠴᠡᠲᠦ ᠪᠠᠷᠢᠯᠭ᠎ᠠ ᠵᠢᠨ ᠮᠡᠷᠭᠡᠵᠢᠯ᠎ᠤᠨ ᠬᠤᠪᠢᠶᠠᠷᠢ ᠺᠣᠮᠫᠠᠨᠢ᠎ᠳᠤ ᠠᠵᠢᠯ᠎ᠤᠨ ᠭᠠᠷᠤᠭ᠎ᠠ ᠠᠪᠴᠤ᠂ ᠵᠠᠯᠠᠭᠤ ᠬᠥᠮᠥᠨ᠎ᠤ ᠵᠣᠷᠢᠭᠰᠠᠨ᠎ᠳᠠᠭᠠᠨ ᠬᠦᠷᠬᠦ ᠦᠭᠡᠢ ᠪᠣᠯ ᠵᠣᠷᠢᠭ ᠮᠣᠬᠣᠬᠤ ᠦᠭᠡᠢ ᠰᠥᠰᠥ ᠵᠢ ᠭᠠᠷᠭ᠋ᠠᠵᠤ ᠥᠪᠡᠷ᠎ᠤᠨ ᠪᠡᠶ᠎ᠡ᠎ᠳᠡᠭᠡᠨ ᠡᠳᠦᠷ ᠪᠦᠷᠢ 50 ᠭᠠᠩᠨᠠᠭᠤᠷ ᠰᠠᠪᠠᠭ᠎ᠠ ᠵᠢ ᠭᠠᠩᠨᠠᠵᠤ ᠳᠠᠭᠤᠰᠬᠠᠬᠤ ᠡᠭᠦᠷᠭᠡ ᠵᠢ ᠲᠣᠭᠲᠠᠭ᠋ᠠᠭᠰᠠᠨ ᠪᠠᠢ᠌ᠨ᠎ᠠ᠃ ᠪᠤᠰᠤᠳ ᠬᠥᠮᠥᠨ 8 ᠴᠠᠭ ᠠᠵᠢᠯᠯᠠᠪᠠᠯ᠂ ᠲᠡᠷᠡ 12 ᠴᠠᠭ᠂ 14 ᠴᠠᠭ ᠠᠵᠢᠯᠯᠠᠵᠤ᠂ ᠡᠨᠡ ᠬᠦ᠌ ᠮᠡᠷᠭᠡᠵᠢᠯ᠎ᠢ ᠲᠤᠤᠱᠲᠠᠢ ᠡᠵᠡᠮᠰᠢᠵᠦ᠂ ᠰᠠᠶ᠋ᠢᠲᠤᠷ ᠰᠤᠷᠴᠤ᠂ ᠥᠪᠡᠷ ᠵᠶ᠋ᠡᠨ ᠰᠣᠷᠣᠭᠰᠠᠨ᠎ᠤ᠎ᠪᠠᠨ ᠳᠠᠷᠠᠭ᠎ᠠ ᠠᠵᠢᠯᠴᠢᠳ᠎ᠲᠠᠭᠠᠨ ᠬᠦᠯᠢᠴᠡᠩᠭᠦᠢ᠎ᠪᠠᠷ ᠵᠢᠭ᠋ᠠᠳᠠᠭ ᠪᠠᠶ᠋ᠢᠪᠠ᠃

      2019 ᠣᠨ᠎ᠳᠤ᠂ ᠳᠤᠮᠳᠠᠳᠤ ᠤᠯᠤᠰ᠎ᠤᠨ ᠬᠣᠶᠠᠳᠤᠭ᠋ᠠᠷ ᠲᠡᠮᠦᠷᠯᠢᠭ ᠬᠠᠶ᠋ᠢᠯᠤᠭᠤᠯᠬᠤ ᠪᠦᠯᠦᠭᠯᠡᠯ᠎ᠤᠨ ᠳᠠᠭ᠋ᠠᠭ᠋ᠠᠴᠢᠯᠠᠨ ᠪᠠᠢ᠌ᠭᠤᠯᠤᠭᠰᠠᠨ ᠯᠠᠨᠵᠧᠦ ᠵᠢᠨ ᠴᠠᠢ ᠵᠢᠶᠠ ᠰᠢᠶᠠ ᠬᠠᠪᠴᠢᠯ᠎ᠤᠨ ᠬᠠᠳᠤᠨ ᠭᠣᠣᠯ᠎ᠤᠨ ᠶᠡᠬᠡ ᠬᠥᠭᠥᠷᠭᠡ ᠵᠢᠨ ᠪᠠᠷᠢᠯᠭ᠎ᠠ᠎ᠳᠤ ᠬᠡᠳᠦᠨ ᠭᠠᠵᠠᠷ᠎ᠲᠤ ᠭᠠᠩᠨᠠᠭ᠋ᠠᠰᠤ ᠵᠢᠨ ᠳᠤᠲᠠᠭᠳᠠᠯ ᠢᠯᠡᠷᠡᠵᠦ᠂ ᠰᠢᠢ᠍ᠳᠪᠦᠷᠢᠯᠡᠬᠦ᠎ᠳᠤ ᠮᠠᠰᠢ ᠬᠦᠴᠢᠷᠲᠡᠢ ᠪᠠᠢ᠌ᠯ᠎ᠠ᠃ ᠭᠣᠣ ᠯᠧᠢ ᠰᠠᠨᠠᠭ᠋ᠠᠴᠢᠯᠠᠭ᠎ᠠ᠎ᠠᠴᠠ᠎ᠪᠠᠨ ᠡᠨᠡ ᠠᠵᠢᠯ᠎ᠢ ᠬᠦᠯᠢᠶᠡᠨ ᠠᠪᠤᠭᠰᠠᠨ ᠪᠥᠭᠡᠳ ᠭᠠᠩᠨᠠᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠭᠤᠷᠪᠠᠳᠠᠭᠢ ᠡᠲᠡᠭᠡᠳ᠎ᠤᠨ ᠰᠢᠯᠭ᠋ᠠᠨ ᠪᠠᠢ᠌ᠴᠠᠭ᠋ᠠᠯᠲᠠ᠎ᠪᠠᠷ ᠳᠡᠮᠵᠢᠨ ᠭᠠᠩᠨᠠᠭ᠋ᠠᠰᠤ ᠵᠢᠨ ᠨᠢᠭᠡ ᠤᠳᠠᠭ᠎ᠠ ᠳᠡᠭᠡᠷ᠎ᠡ ᠬᠢᠷᠢ ᠲᠡᠩᠴᠡᠭᠰᠡᠨ ᠨᠣᠷᠮ᠎ᠠ᠎ᠨᠢ 95.5%᠎ᠳᠤ ᠬᠦᠷᠴᠦ᠂ ᠳᠤᠮᠳᠠᠳᠤ ᠤᠯᠤᠰ᠎ᠤᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠭᠠᠩᠨᠠᠯᠲᠠ ᠵᠢᠨ ᠨᠡᠢ᠌ᠭᠡᠮᠯᠢᠭ᠎ᠠᠴᠠ ᠣᠯᠭᠣᠭᠰᠠᠨ ᠪᠥᠬᠥ ᠤᠯᠤᠰ᠎ᠤᠨ ᠰᠢᠯᠢᠳᠡᠭ ᠭᠠᠩᠨᠠᠯᠲᠠ ᠵᠢᠨ ᠪᠠᠷᠢᠯᠭ᠎ᠠ ᠵᠢᠨ ᠱᠠᠩᠨᠠᠯ᠎ᠢ ᠬᠦᠷᠲᠡᠪᠡ᠃ ᠭᠣᠣ ᠯᠧᠢ ᠪᠠᠰᠠ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ 《5•1 ᠬᠥᠳᠡᠯᠮᠦᠷᠢ ᠵᠢᠨ ᠱᠠᠩᠨᠠᠯ᠎ᠤᠨ ᠲᠡᠮᠳᠡᠭ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠢᠳᠠᠪᠤᠷᠢᠲᠠᠨ》 《ᠪᠤᠭᠤᠲᠤ ᠵᠢᠨ ᠤᠷᠠᠨ ᠳᠠᠷᠬᠠᠨ》 ᠵᠡᠷᠭᠡ ᠢᠷᠠᠭᠤ ᠠᠯᠳᠠᠷ᠎ᠢ ᠭᠥᠷᠳᠡᠪᠡ᠃

      ᠭᠤᠤ ᠯᠧᠢ᠄ 《ᠪᠢ ᠨᠡᠩ ᠴᠢᠷᠮᠠᠢ᠌ᠨ ᠠᠵᠢᠯᠯᠠᠵᠤ᠂ ᠬᠣᠶ᠋ᠢᠰᠢᠳᠠ ᠵᠢᠨ ᠠᠵᠢᠯ ᠳᠤᠮᠳᠠ᠎ᠪᠠᠨ ᠭᠠᠩᠨᠠᠬᠤ ᠮᠡᠷᠭᠡᠵᠢᠯ᠎ᠢ ᠦᠷᠭᠦᠯᠵᠢᠯᠡᠨ ᠬᠠᠲᠠᠭᠤᠵᠢᠯᠲᠠᠢ ᠰᠤᠳᠤᠯᠵᠤ᠂ ᠥᠪᠡᠷ᠎ᠤᠨ ᠤᠷ᠎ᠠ ᠮᠡᠷᠭᠡᠵᠢᠯ᠎ᠤᠨ ᠲᠦᠪᠰᠢᠨ ᠵᠶ᠋ᠡᠨ ᠴᠢᠷᠮᠠᠢ᠌ᠨ ᠳᠡᠭᠡᠭᠰᠢᠯᠡᠭᠦᠯᠵᠦ᠂ ᠤᠷ᠎ᠠ ᠮᠡᠷᠭᠡᠵᠢᠯ ᠵᠶ᠋ᠡᠷ ᠴᠢᠳᠠᠪᠤᠷᠢᠲᠠᠨ ᠪᠣᠯᠬᠤ᠂ ᠤᠷ᠎ᠠ ᠮᠡᠷᠭᠡᠵᠢᠯ ᠵᠶ᠋ᠡᠷ ᠤᠯᠤᠰ᠎ᠲᠠᠭᠠᠨ ᠵᠢᠳᠬᠦᠬᠦ ᠵᠠᠮ ᠵᠶ᠋ᠠᠷ ᠰᠠᠶ᠋ᠢᠲᠤᠷ ᠵᠠᠮᠨᠠᠵᠤ᠂ ᠤᠷ᠎ᠠ ᠮᠡᠷᠭᠡᠵᠢᠯ ᠵᠶ᠋ᠡᠷ ᠵᠶ᠋ᠡᠨ ᠰᠠᠶ᠋ᠢᠨ ᠰᠠᠢ᠌ᠬᠠᠨ ᠠᠮᠢᠳᠤᠷᠠᠯ ᠵᠶ᠋ᠠᠨ ᠴᠣᠭᠴᠠᠯᠠᠨ᠎ᠠ》 ᠭᠡᠪᠡ᠃

      ᠸᠠᠩ ᠰᠢᠶᠠᠩ᠄ ᠲᠦᠪᠡᠭ᠎ᠲᠠᠢ ᠠᠰᠠᠭᠤᠳᠠᠯ᠎ᠢ ᠰᠢᠢ᠍ᠳᠪᠦᠷᠢᠯᠡᠬᠦ᠎ᠳᠡᠭᠡᠨ ᠴᠢᠳᠠᠮᠠᠭ᠋ᠠᠢ 《ᠮᠠᠰᠢᠨ ᠲᠡᠷᠭᠡᠨ᠎ᠤ ᠡᠮᠴᠢ》

      《ᠨᠢᠭᠡ ᠬᠥᠮᠥᠨ᠂ ᠨᠢᠭᠡ ᠲᠡᠷᠭᠡ᠂ ᠨᠢᠭᠡ ᠺᠣᠮᠫᠢᠦ᠋ᠲ᠋ᠧᠷ᠂ ᠲᠠᠰᠤᠷᠠᠯᠲᠠ ᠦᠭᠡᠢ ᠰᠤᠷᠤᠯᠴᠠᠵᠤ᠂ ᠲᠠᠰᠤᠷᠠᠯᠲᠠ ᠦᠭᠡᠢ ᠲᠤᠷᠰᠢᠵᠤ᠂ ᠪᠤᠢ ᠪᠦᠬᠦᠢ ᠰᠤᠷᠤᠬᠰᠠᠨ ᠠᠭᠤᠯᠭ᠎ᠠ᠎ᠪᠠᠨ ᠳ᠋ᠦᠩᠨᠡᠵᠦ᠂ ᠶᠠᠮᠠᠷ ᠴᠤ᠌ ᠨᠠᠷᠢᠨ ᠵᠦᠢ᠍ᠯᠡᠰ᠎ᠢ ᠠᠯᠳᠠᠵᠤ ᠶᠠᠪᠤᠭᠤᠯᠬᠤ᠎ᠠᠴᠠ᠎ᠪᠠᠨ ᠬᠢᠴᠢᠶᠡᠨ᠎ᠡ᠃ ᠡᠳᠦᠷᠵᠢᠨ ᠰᠥᠨᠢᠵᠢᠨ ᠬᠠᠲᠠᠭᠤᠵᠢᠯᠲᠠᠢ ᠪᠣᠯᠪᠠᠰᠤᠷᠠᠭ᠋ᠠᠳ᠂ ᠪᠢ ᠪᠦᠬᠦ ᠣᠷᠣᠨ᠎ᠳᠤ ᠲᠦᠷᠦᠭᠦᠯᠡᠯ᠎ᠡ》᠃ ᠡᠨᠡ ᠵᠢᠯ᠎ᠤᠨ 5 ᠰᠠᠷ᠎ᠠ᠎ᠳᠤ᠂ ᠥᠪᠥᠷ ᠮᠣᠩᠭᠣᠯ᠎ᠤᠨ ᠬᠤᠸᠠᠨ ᠴᠧᠩ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠵᠢᠨ ᠳᠡᠭᠡᠳᠦ ᠵᠡᠷᠭᠡ ᠵᠢᠨ ᠮᠠᠰᠲ᠋ᠧᠷ ᠸᠠᠩ ᠰᠢᠶᠠᠩ ᠥᠪᠥᠷ ᠮᠣᠩᠭᠣᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠦᠷ᠎ᠡ ᠪᠦᠲᠦᠭᠡᠯ᠎ᠢ ᠣᠨᠳᠣᠣᠰᠢᠭᠤᠯᠬᠤ ᠤᠬᠠᠭᠤᠯᠤᠨ ᠲᠠᠢ᠌ᠯᠪᠤᠷᠢᠯᠠᠬᠤ ᠲᠠᠢ᠌ᠰᠠᠨ᠎ᠳᠤ ᠭᠠᠷᠴᠤ᠂ ᠥᠪᠡᠷ᠎ᠤᠨ ᠮᠡᠷᠭᠡᠵᠢᠯ ᠴᠢᠳᠠᠪᠤᠷᠢ ᠵᠢᠨ ᠴᠢᠳᠠᠪᠤᠷᠢᠲᠠᠨ ᠪᠤᠯᠤᠬᠰᠠᠨ ᠦᠢ᠍ᠯᠡᠳᠦᠯᠭᠡ᠂ ᠰᠢᠨ᠎ᠡ ᠵᠢ ᠡᠭᠦᠳᠴᠦ ᠡᠭᠦᠳᠦᠨ ᠪᠦᠲᠦᠭᠡᠭᠰᠡᠨ ᠲᠥᠷᠥᠭᠳᠡᠯ ᠵᠶ᠋ᠡᠨ ᠬᠤᠪᠢᠶᠠᠯᠴᠠᠵᠤ᠂ ᠲᠠᠢ᠌ᠰᠠᠨ ᠳᠣᠣᠷᠠᠬᠢ ᠬᠡᠳᠦᠨ ᠵᠠᠭᠤᠨ ᠰᠣᠷᠣᠭᠴᠢ᠎ᠳᠤ ᠮᠡᠷᠭᠡᠵᠢᠯ ᠴᠢᠳᠠᠪᠤᠷᠢ᠎ᠪᠠᠷ ᠵᠶ᠋ᠡᠨ ᠠᠵᠢᠯ ᠣᠯᠬᠤ ᠵᠠᠮ᠎ᠤᠨ ᠪᠣᠳᠠᠲᠤ ᠵᠢᠱ᠌ᠢᠶ᠎ᠡ ᠵᠢ ᠬᠡᠯᠡᠵᠦ ᠥᠭᠴᠦ᠂ ᠤᠯᠠᠨ᠎ᠳᠤ ᠢᠲᠡᠭᠡᠯ ᠵᠣᠷᠢᠭ ᠣᠯᠭᠣᠵᠤ᠂ ᠵᠣᠷᠢᠭᠲᠠᠢ᠎ᠪᠠᠷ ᠬᠦᠰᠡᠯ ᠵᠡᠭᠦᠳᠦ᠎ᠪᠠᠨ ᠪᠡᠶᠡᠯᠡᠭᠦᠯᠬᠦ ᠵᠢ ᠳᠠᠢ᠌ᠴᠢᠯᠠᠭᠰᠠᠨ ᠪᠠᠢ᠌ᠨ᠎ᠠ᠃

      2012 ᠣᠨ᠎ᠳᠤ᠂ ᠸᠠᠩ ᠰᠢᠶᠠᠩ ᠮᠠᠰᠢᠨ ᠲᠡᠷᠭᠡ᠎ᠪᠠᠨ ᠬᠠᠢ᠌ᠷᠠᠯᠠᠬᠤ ᠰᠡᠳᠬᠢᠯᠭᠡ ᠵᠢ ᠡᠪᠦᠷᠯᠡᠨ᠂ ᠥᠪᠥᠷ ᠮᠣᠩᠭᠣᠯ᠎ᠤᠨ ᠬᠤᠸᠠᠨ ᠴᠧᠩ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠢᠷᠠᠵᠤ᠂ ᠮᠠᠰᠢᠨ ᠲᠡᠷᠭᠡ ᠵᠢ ᠰᠡᠯᠪᠢᠨ ᠵᠠᠰᠠᠬᠤ ᠪᠠ ᠬᠡᠷᠡᠭᠯᠡᠭᠡᠨ᠎ᠤ ᠲᠤᠰᠬᠠᠢ ᠮᠡᠷᠭᠡᠵᠢᠯ᠎ᠤᠨ ᠰᠤᠷᠤᠭᠴᠢ ᠪᠣᠯᠵᠠᠢ᠃ ᠮᠠᠰᠢᠨ ᠲᠡᠷᠭᠡ ᠵᠢ ᠰᠡᠯᠪᠢᠨ ᠵᠠᠰᠠᠬᠤ᠎ᠳᠤ ᠮᠧᠬᠠᠨᠢᠭ᠂ ᠴᠠᠬᠢᠯᠭ᠋ᠠᠨ ᠬᠡᠷᠡᠭᠰᠡᠯ ᠵᠡᠷᠭᠡ ᠤᠯᠠᠨ ᠲᠠᠯ᠎ᠠ᠎ᠳᠤ ᠬᠣᠯᠪᠣᠭᠳᠠᠵᠤ᠂ ᠭᠤᠸ᠎ᠠ ᠰᠠᠢ᠌ᠬᠠᠨ᠎ᠤ ᠤᠬᠠᠭ᠋ᠠᠨ᠂ ᠬᠥᠮᠥᠨ᠎ᠤ ᠪᠡᠶ᠎ᠡ ᠵᠢᠨ ᠢᠨᠵᠧᠨᠧᠷᠢᠩ᠎ᠤᠨ ᠤᠬᠠᠭ᠋ᠠᠨ ᠵᠡᠷᠭᠡ ᠰᠠᠭᠤᠷᠢ ᠮᠡᠳᠡᠯᠭᠡ ᠵᠢ ᠶᠡᠷᠦᠩᠬᠡᠢ᠌ᠯᠡᠨ ᠡᠵᠡᠮᠰᠢᠬᠦ ᠴᠢᠬᠤᠯᠠ᠎ᠲᠠᠢ᠂ ᠢᠩᠭᠢᠭᠡᠳ ᠸᠠᠩ ᠰᠢᠶᠠᠩ ᠦᠢ᠍ᠯᠡᠳᠦᠯᠭᠡ ᠵᠢᠨ ᠳᠤᠮᠳᠠ᠎ᠪᠠᠨ ᠰᠡᠳᠬᠢᠯ ᠰᠠᠨᠠᠭ᠎ᠠ᠎ᠪᠠᠨ ᠲᠥᠪᠯᠡᠷᠡᠭᠦᠯᠦᠨ ᠰᠢᠮᠳᠠᠨ ᠰᠤᠳᠤᠯᠵᠤ ᠡᠬᠢᠯᠡᠪᠡ᠃ ᠴᠥᠬᠥᠷᠡᠰᠢ ᠦᠭᠡᠢ ᠰᠤᠷᠤᠯᠴᠠᠵᠤ᠂ ᠱᠠᠲᠤ ᠱᠠᠲᠤ᠎ᠪᠠᠷ ᠰᠢᠯᠢᠨ ᠰᠣᠩᠭᠣᠬᠤ᠎ᠪᠠᠷ ᠳᠠᠮᠵᠢᠨ᠂ ᠸᠠᠩ ᠰᠢᠶᠠᠩ ᠰᠤᠷᠭ᠋ᠠᠭᠤᠯᠢ ᠵᠢᠨ ᠵᠶ᠋ᠠᠨ ᠤᠷ᠎ᠠ ᠮᠡᠷᠭᠡᠵᠢᠯ᠎ᠤᠨ ᠤᠷᠤᠯᠳᠤᠭ᠋ᠠᠨ᠎ᠤ ᠱᠠᠲᠤᠯᠵᠢᠨ ᠡᠩᠨᠡᠭᠡ᠎ᠳᠤ ᠣᠷᠣᠪᠠ᠃ 2016 ᠣᠨ᠎ᠳᠤ᠂ ᠱᠠᠲᠤ ᠱᠠᠲᠤ᠎ᠪᠠᠷ ᠮᠥᠷᠥᠢ᠌ᠴᠡᠬᠦ᠎ᠪᠠᠷ ᠳᠡᠮᠵᠢᠨ᠂ ᠥᠪᠥᠷ ᠮᠣᠩᠭᠣᠯ᠎ᠤᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠮᠠᠩᠯᠠᠢ᠌ᠯᠠᠭᠰᠠᠨ ᠪᠥᠭᠡᠳ ᠥᠪᠥᠷ ᠮᠣᠩᠭᠣᠯ᠎ᠢ ᠲᠥᠯᠥᠭᠡᠯᠡᠨ ᠪᠥᠬᠥ ᠤᠯᠤᠰ᠎ᠤᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠤᠷᠤᠯᠴᠠᠵᠤ ᠭᠤᠷᠪᠠᠳᠤᠭ᠋ᠠᠷ ᠳᠡᠰ᠎ᠤᠨ ᠱᠠᠩᠨᠠᠯ᠎ᠢ ᠭᠥᠷᠳᠡᠪᠡ᠃

      ᠲᠡᠭᠦᠰᠦᠭᠰᠡᠨ᠎ᠤ ᠳᠠᠷᠠᠭ᠎ᠠ᠂ ᠸᠠᠩ ᠰᠢᠶᠠᠩ ᠠᠵᠤ ᠠᠬᠤᠢ᠌ᠯᠠᠯ᠎ᠤᠨ ᠥᠨᠳᠥᠷ ᠴᠠᠯᠢᠩ᠎ᠲᠠᠢ ᠠᠵᠢᠯ ᠣᠯᠬᠤ ᠲᠤᠬᠢᠶᠠᠯ᠎ᠢ ᠲᠠᠶᠠᠭᠳᠠᠵᠤ᠂ ᠡᠬᠡ ᠰᠤᠷᠭ᠋ᠠᠭᠤᠯᠢ᠎ᠳᠠᠭᠠᠨ ᠦᠯᠡᠳᠡᠨ ᠪᠠᠭᠰᠢᠯᠠᠵᠤ᠂ ᠨᠡᠩ ᠤᠯᠠᠨ ᠰᠤᠷᠤᠭᠴᠢᠳ᠎ᠢ ᠬᠥᠮᠥᠵᠢᠭᠦᠯᠦᠨ ᠠᠵᠢᠯ ᠳᠦᠷᠦᠯ᠎ᠤᠨ ᠬᠣᠰᠢᠭᠤᠴᠢ ᠪᠣᠯᠭ᠋ᠠᠵᠤ᠂ ᠮᠡᠷᠭᠡᠵᠢᠯ ᠵᠶ᠋ᠡᠷ ᠤᠯᠤᠰ ᠣᠷᠣᠨ᠎ᠳᠠᠭᠠᠨ ᠵᠢᠳᠬᠦᠬᠦ ᠵᠢ ᠬᠦᠰᠡᠪᠡ᠃ ᠰᠤᠷᠭ᠋ᠠᠭᠤᠯᠢ᠎ᠳᠠᠭᠠᠨ ᠦᠯᠡᠳᠡᠵᠦ ᠪᠠᠭᠰᠢᠯᠠᠭᠰᠠᠨ 5 ᠵᠢᠯ᠎ᠤᠨ ᠲᠤᠷᠰᠢ᠂ ᠰᠤᠷᠤᠭᠴᠢᠳ᠎ᠢ ᠪᠣᠯᠪᠠᠰᠤᠷᠠᠭᠤᠯᠬᠤ ᠵᠢᠨ ᠬᠠᠮᠲᠤ᠂ ᠰᠠᠨᠠᠭ᠋ᠠᠴᠢᠯᠠᠭ᠎ᠠ᠎ᠠᠴᠠ᠎ᠪᠠᠨ ᠲᠤᠷᠰᠢᠯᠭ᠎ᠠ᠎ᠪᠠᠨ ᠳ᠋ᠦᠩᠨᠡᠵᠦ᠂ ᠤᠷ᠎ᠠ ᠴᠢᠳᠠᠪᠤᠷᠢ ᠵᠢᠨ ᠰᠢᠨ᠎ᠡ ᠵᠢ ᠡᠭᠦᠳᠪᠡ᠃ ᠲᠡᠷᠡ ᠰᠤᠷᠤᠭᠴᠢᠳ ᠵᠶ᠋ᠠᠨ ᠵᠢᠯᠤᠭᠣᠳᠴᠤ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠎ᠤ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠤᠯᠠᠨ ᠲᠣᠮᠣ ᠱᠠᠩᠨᠠᠯ᠎ᠢ ᠲᠤᠰᠴᠤ᠂ ᠥᠪᠡᠷ᠎ᠲᠡᠭᠡᠨ ᠪᠠᠰᠠ ᠥᠪᠡᠷᠲᠡᠭᠡᠨ ᠵᠠᠰᠠᠬᠤ ᠣᠷᠣᠨ᠎ᠤ 《5·1》 ᠎ᠤ ᠬᠥᠳᠡᠯᠮᠦᠷᠢ ᠵᠢᠨ ᠱᠠᠩᠨᠠᠯ᠎ᠤᠨ ᠲᠡᠮᠳᠡᠭ᠂ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠢᠳᠠᠪᠤᠷᠢᠲᠠᠨ᠂ ᠵᠠᠯᠠᠭᠤᠴᠤᠳ᠎ᠤᠨ ᠠᠵᠢᠯ᠎ᠤᠨ ᠪᠠᠶ᠋ᠢᠷᠢ ᠵᠢᠨ ᠴᠢᠳᠠᠪᠤᠷᠢᠲᠠᠨ ᠵᠢᠴᠢ ᠬᠥᠬᠡᠬᠣᠲᠠ ᠵᠢᠨ 《5·1》 ᠎ᠤ ᠬᠥᠳᠡᠯᠮᠦᠷᠢ ᠵᠢᠨ ᠱᠠᠩᠨᠠᠯ᠎ᠤᠨ ᠲᠡᠮᠳᠡᠭ᠂ ᠬᠥᠬᠡᠬᠣᠲᠠ ᠵᠢᠨ ᠮᠡᠷᠭᠡᠵᠢᠯ᠎ᠤᠨ ᠴᠢᠳᠠᠪᠤᠷᠢᠲᠠᠨ ᠵᠡᠷᠭᠡ ᠴᠣᠯᠠ ᠵᠢ ᠬᠦᠷᠲᠡᠵᠡᠢ᠃

      《ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠵᠢᠨ ᠪᠣᠳᠠᠲᠠᠢ ᠪᠣᠯᠪᠠᠰᠤᠷᠠᠯ᠎ᠤᠨ ᠪᠠᠭᠰᠢ ᠪᠣᠯᠤᠭᠰᠠᠨ᠎ᠤ ᠬᠤᠪᠢ᠎ᠳᠤ᠂ ᠨᠠᠮ᠎ᠤᠨ ᠲᠥᠯᠥᠭᠡ ᠬᠥᠮᠥᠨ᠎ᠢ ᠬᠥᠮᠥᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ᠎ᠢ ᠬᠥᠮᠥᠵᠢᠭᠦᠯᠬᠦ ᠢᠷᠠᠭᠤ ᠠᠯᠳᠠᠷᠲᠤ ᠡᠭᠦᠷᠭᠡ ᠵᠢ ᠦᠨᠡᠨᠬᠦ ᠡᠭᠦᠷᠭᠡᠯᠡᠬᠦ ᠬᠡᠷᠡᠭᠲᠡᠢ》᠃ ᠸᠠᠩ ᠰᠢᠶᠠᠩ᠂ ᠪᠢ ᠦᠷᠭᠦᠯᠵᠢᠯᠡᠨ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠪᠠᠷᠢᠮᠲᠠᠯᠠᠵᠤ᠂ ᠮᠡᠷᠭᠡᠵᠢᠯ᠎ᠤᠨ ᠬᠦᠴᠢᠷ ᠠᠰᠠᠭᠤᠳᠠᠯ᠎ᠢ ᠳᠠᠰᠤᠷᠠᠯᠳᠠ ᠦᠭᠡᠢ ᠰᠢᠢ᠍ᠳᠪᠦᠷᠢᠯᠡᠵᠦ᠂ ᠰᠤᠷᠤᠭᠰᠠᠨ ᠵᠶ᠋ᠠᠨ ᠰᠤᠷᠤᠭᠴᠢᠳ᠎ᠲᠤ ᠤᠯᠠᠮᠵᠢᠯᠠᠵᠤ᠂ ᠨᠡᠩ ᠤᠯᠠᠨ ᠵᠠᠯᠠᠭᠤ ᠴᠢᠳᠠᠪᠤᠷᠢᠲᠠᠨ᠎ᠢ ᠴᠢᠷᠮᠠᠢ᠌ᠨ ᠬᠥᠮᠥᠵᠢᠭᠦᠯᠵᠦ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠤᠷ᠎ᠠ ᠮᠡᠷᠭᠡᠵᠢᠯ᠎ᠤᠨ ᠬᠦᠴᠦᠷᠬᠡᠭ ᠤᠯᠤᠰ᠎ᠤᠨ ᠭᠣᠣᠯ ᠬᠦᠴᠦᠨ ᠪᠣᠯᠭ᠋ᠠᠨ᠎ᠠ ᠭᠡᠵᠦ ᠬᠡᠯᠡᠪᠡ᠃

      ᠾᠥᠸᠧ ᠰᠢᠶᠠ᠄ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠲᠤ ᠠᠯᠢᠪᠠ᠎ᠪᠠᠨ ᠵᠣᠷᠢᠭᠤᠯᠤᠭᠴᠢ

      ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠬᠦᠷᠴᠦ᠂ ᠾᠥᠸᠧ ᠰᠢᠶᠠ ᠵᠢ ᠳᠤᠷᠠᠳᠬᠤ᠎ᠲᠠᠢ ᠵᠡᠷᠭᠡ᠂ ᠰᠤᠷᠤᠭᠴᠢᠳ᠎ᠨᠢ ᠲᠡᠭᠦᠨ᠎ᠢ 《ᠰᠢᠶᠠ ᠪᠠᠭᠰᠢ》 ᠭᠡᠵᠦ ᠳᠣᠲᠣᠨᠣᠴᠢᠯᠠᠨ ᠳᠠᠭᠤᠳᠠᠵᠤ᠂ ᠬᠠᠮᠲᠤ ᠠᠵᠢᠯᠯᠠᠭᠰᠠᠳ᠎ᠨᠢ ᠲᠡᠭᠦᠨ᠎ᠢ 《ᠾᠥᠸᠧ ᠪᠠᠭᠰᠢᠲᠠᠨ》 ᠭᠡᠵᠦ ᠮᠠᠭᠲᠠᠳᠠᠭ᠃ ᠾᠥᠸᠧ ᠰᠢᠶᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠠᠪᠴᠠᠩ᠎ᠤᠨ ᠨᠢᠭᠡᠨ ᠰᠢᠨ᠎ᠡ ᠤᠳᠤᠨ᠂ ᠪᠥᠬᠥ ᠤᠯᠤᠰ᠎ᠤᠨ ᠠᠵᠢᠯ ᠲᠥᠷᠥᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠰᠢᠯᠢᠳᠡᠭ ᠵᠢᠯᠣᠭᠣᠳᠤᠭᠴᠢ ᠪᠠᠭᠰᠢ ᠪᠣᠯᠣᠨ᠎ᠠ᠃ ᠪᠠᠭᠰᠢᠯᠠᠭᠰᠠᠨ ᠠᠷᠪᠠᠨ ᠳᠥᠷᠪᠡᠨ ᠵᠢᠯ᠎ᠤᠨ ᠲᠤᠷᠰᠢ᠂ ᠲᠡᠷᠡ ᠲᠤᠤ ᠰᠢᠩ ᡁᠢ ᠠᠪᠤᠭ᠋ᠠᠢ ᠵᠢᠨ 《ᠥᠷᠭᠡᠨ ᠳᠡᠯᠭᠡᠷ ᠡᠷᠳᠡᠮ ᠵᠶ᠋ᠠᠷ ᠪᠠᠭᠰᠢ ᠪᠣᠯᠵᠤ᠂ ᠡᠷᠬᠢᠮ ᠳᠡᠭᠡᠳᠦ ᠶᠣᠰᠣ ᠰᠤᠷᠲᠠᠬᠤᠨ ᠵᠶ᠋ᠠᠷ ᠳᠠᠭᠤᠷᠢᠶᠠᠯ ᠪᠣᠯᠣᠮᠤᠢ》 ᠭᠡᠰᠡᠨ ᠦᠭᠡ ᠵᠢ ᠬᠢᠴᠢᠶᠡᠩᠭᠦᠢ᠌ᠯᠡᠨ ᠵᠢᠷᠤᠮᠯᠠᠵᠤ᠂ ᠬᠥᠮᠥᠨ ᠪᠣᠯᠬᠤ ᠵᠢᠨ ᠬᠡᠪ ᠳᠠᠭᠤᠷᠢᠶᠠᠯ ᠪᠣᠯᠬᠤ᠎ᠪᠠᠷ ᠴᠠᠭ ᠢᠮᠠᠭᠲᠠ ᠥᠪᠡᠷ᠎ᠢ᠎ᠪᠠᠨ ᠱᠠᠭ᠋ᠠᠷᠳᠠᠵᠤ᠂ ᠠᠵᠢᠯ ᠦᠢ᠍ᠯᠡᠰ᠎ᠲᠡᠭᠡᠨ ᠵᠢᠳᠬᠦᠬᠦ ᠴᠢᠩᠭ᠎ᠠ ᠬᠠᠷᠢᠭᠤᠴᠠᠯᠭ᠋ᠠᠲᠤ ᠰᠡᠳᠬᠢᠯᠭᠡ ᠪᠠ ᠥᠪᠡᠷ᠎ᠢ᠎ᠪᠠᠨ ᠥᠪᠡᠷ᠎ᠢ᠎ᠪᠠᠨ ᠤᠮᠠᠷᠲᠠᠬᠤ ᠠᠵᠢᠯ ᠦᠢ᠍ᠯᠡᠰ ᠵᠶ᠋ᠡᠨ ᠳᠡᠭᠡᠳᠦᠯᠡᠬᠦ ᠵᠣᠷᠢᠭ ᠰᠠᠨᠠᠭ᠎ᠠ᠎ᠪᠠᠷ ᠥᠪᠡᠷ᠎ᠤᠨ ᠬᠠᠶ᠋ᠢᠷᠠᠲᠠᠶ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠲᠡᠭᠡᠨ ᠣᠷᠣᠯᠴᠠᠬᠤ ᠵᠢᠨ ᠬᠠᠮᠲᠤ ᠡᠨᠡ ᠬᠦ᠌ ᠡᠬᠡᠯ ᠵᠢᠷ᠎ᠤᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠴᠢᠷᠮᠠᠢ᠌ᠨ ᠵᠢᠳᠬᠦᠵᠦ ᠶᠠᠪᠤᠨ᠎ᠠ᠃

      2009 ᠣᠨ᠎ᠳᠤ᠂ 31 ᠨᠠᠰᠤᠲᠠᠢ ᠾᠥᠸᠧ ᠰᠢᠶᠠ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠣᠷᠣᠵᠤ᠂ ᠬᠡᠯᠬᠢᠶ᠎ᠡ ᠡᠵᠡᠩᠨᠡᠯᠲᠡ ᠪᠠ ᠬᠠᠮᠢᠶᠠᠷᠤᠯᠲᠠ ᠵᠢᠨ ᠲᠤᠰᠬᠠᠢ ᠮᠡᠷᠭᠡᠵᠢᠯ᠎ᠤᠨ ᠪᠠᠭᠰᠢ ᠪᠣᠯᠵᠠᠢ᠃ ᠲᠤᠬᠠᠢ ᠵᠢᠨ ᠦᠶ᠎ᠡ᠎ᠳᠤ ᠵᠠᠷᠢᠮ ᠰᠤᠷᠤᠭᠴᠢ ᠰᠡᠳᠬᠢᠯ ᠠᠮᠤᠷ ᠰᠤᠷᠤᠯᠴᠠᠬᠤ ᠦᠭᠡᠢ᠂ ᠪᠠᠰᠠ ᠬᠡᠳᠦᠨ ᠬᠡᠦᠬᠡᠳ ᠰᠤᠷᠤᠯᠭ᠎ᠠ᠎ᠪᠠᠨ ᠵᠣᠭᠰᠣᠬᠤ ᠭᠡᠵᠦ ᠪᠠᠢ᠌ᠪᠠ᠂ ᠬᠠᠮᠢᠶᠠᠷᠤᠯᠲᠠ ᠵᠢᠨ ᠲᠠᠯ᠎ᠠ᠎ᠪᠠᠷ ᠶᠠᠮᠠᠷ ᠴᠤ᠌ ᠲᠤᠷᠰᠢᠯᠭ᠎ᠠ ᠦᠭᠡᠢ ᠲᠡᠷᠡ ᠨᠢᠭᠡ ᠬᠡᠦᠬᠡᠳ᠎ᠢ ᠴᠦ᠍ ᠡᠩᠨᠡᠭᠡ᠎ᠠᠴᠠ᠎ᠪᠠᠨ ᠬᠣᠴᠣᠷᠤᠭᠤᠯᠬᠤ ᠦᠭᠡᠢ ᠭᠡᠵᠦ ᠳᠣᠲᠣᠷ᠎ᠠ᠎ᠪᠠᠨ ᠵᠣᠷᠢᠭ ᠰᠢᠭᠤᠳᠴᠤ᠂ ᠲᠡᠳᠡᠨ᠎ᠤ ᠥᠪᠡᠷ᠎ᠤᠨ ᠪᠡᠶ᠎ᠡ᠎ᠳᠡᠭᠡᠨ ᠢᠲᠡᠭᠡᠯ᠎ᠲᠠᠢ ᠪᠣᠯᠵᠤ ᠥᠪᠡᠷ᠎ᠤᠨ ᠦᠨ᠎ᠡ ᠦᠷᠡᠳᠡᠭ ᠵᠶ᠋ᠡᠨ ᠣᠯᠵᠤ ᠬᠠᠷᠠᠬᠤ ᠵᠢ ᠬᠦᠯᠢᠴᠡᠩᠭᠦᠢ᠎ᠪᠠᠷ ᠬᠥᠳᠡᠯᠦᠨ ᠵᠢᠯᠣᠭᠣᠳᠪᠠ᠃

      ᠪᠠᠭᠰᠢᠯᠠᠭᠰᠠᠨ 14 ᠵᠢᠯ᠎ᠳᠤ᠂ ᠾᠥᠸᠧ ᠰᠢᠶᠠ ᠵᠢᠭ᠋ᠠᠨ ᠰᠤᠷᠭ᠋ᠠᠯᠲᠠ ᠵᠢᠨ ᠶᠠᠪᠤᠴᠠ᠎ᠳᠠᠭᠠᠨ ᠲᠠᠰᠤᠷᠠᠯᠲᠠ ᠦᠭᠡᠢ ᠰᠢᠨ᠎ᠡ ᠵᠢ ᠡᠭᠦᠳᠴᠦ᠂ ᠬᠢᠴᠢᠶᠡᠯ ᠦᠨᠡᠮᠯᠡᠯ ᠠᠵᠢᠯ᠎ᠤᠨ ᠪᠠᠶ᠋ᠢᠷᠢ ᠤᠷᠤᠯᠳᠤᠭ᠋ᠠᠨ ᠮᠡᠷᠭᠡᠵᠢᠯ᠎ᠢ ᠠᠭᠤᠰᠤᠯᠴᠠᠭᠤᠯᠬᠤ ᠵᠢ ᠰᠠᠨᠠᠭ᠋ᠠᠴᠢᠯᠠᠵᠤ᠂ ᠠᠵᠤ ᠠᠬᠤᠢ᠌ᠯᠠᠯ᠎ᠲᠠᠢ ᠢᠳᠡᠪᠬᠢᠲᠡᠢ ᠬᠠᠷᠢᠯᠴᠠᠵᠤ᠂ ᠪᠡᠶ᠎ᠡ᠎ᠪᠠᠷ ᠵᠶ᠋ᠡᠨ ᠲᠦᠷᠦᠭᠦᠯᠡᠨ ᠠᠵᠤ ᠠᠬᠤᠢ᠌ᠯᠠᠯ᠎ᠳᠤ ᠭᠦᠨᠵᠡᠭᠡᠢ᠌ᠷᠡᠨ ᠦᠢ᠍ᠯᠡᠳᠦᠯᠭᠡᠵᠢᠭᠦᠯᠵᠦ᠂ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠵᠦ᠂ ᠦᠨ᠎ᠡ ᠲᠥᠯᠥᠪᠦᠷᠢ ᠦᠭᠡᠢ᠎ᠪᠠᠷ ᠠᠵᠤ ᠠᠬᠤᠢ᠌ᠯᠠᠯ᠎ᠳᠤ ᠪᠣᠯᠪᠠᠰᠤᠷᠠᠯ ᠬᠦᠷᠲᠡᠭᠡᠬᠦ ᠪᠠ ᠵᠥᠪᠯᠡᠯᠭᠡ ᠥᠭᠬᠦ ᠦᠢ᠍ᠯᠡᠴᠢᠯᠡᠭᠡ ᠬᠠᠩᠭ᠋ᠠᠪᠠ᠃ ᠰᠤᠷᠤᠭᠴᠢᠳ᠎ᠢ ᠠᠵᠤ ᠠᠬᠤᠢ᠌ᠯᠠᠯ᠎ᠳᠤ ᠳᠠᠳᠤᠯᠭ᠎ᠠ ᠬᠢᠬᠦ ᠠᠵᠢᠯ᠎ᠳᠤ ᠨᠡᠩ ᠲᠦᠷᠭᠡᠨ ᠵᠣᠬᠢᠴᠠᠭᠤᠯᠬᠤ ᠵᠢᠨ ᠲᠥᠯᠥᠭᠡ ᠾᠥᠸᠧ ᠰᠢᠶᠠ ᠰᠠᠨᠠᠭ᠋ᠠᠴᠢᠯᠠᠭ᠎ᠠ᠎ᠠᠴᠠ᠎ᠪᠠᠨ ᠰᠤᠷᠤᠭᠴᠢᠳ᠎ᠲᠤ ᠰᠡᠳᠬᠢᠴᠡ ᠵᠢᠨ ᠵᠢᠯᠣᠭᠣᠳᠤᠯᠭ᠎ᠠ᠂ ᠮᠡᠳᠡᠯᠭᠡ ᠵᠢᠨ ᠵᠢᠯᠣᠭᠣᠳᠤᠯᠭ᠎ᠠ ᠬᠢᠵᠦ᠂ ᠤᠷᠢᠳ ᠬᠣᠵᠢᠳ ᠥᠨᠳᠥᠷ ᠬᠡᠪ ᠪᠤᠯᠪᠠᠰᠤᠷᠠᠯ᠎ᠲᠠᠢ ᠳᠡᠭᠡᠳᠦ ᠤᠷ᠎ᠠ ᠴᠢᠳᠠᠪᠤᠷᠢ᠎ᠲᠠᠢ ᠬᠡᠯᠬᠢᠶ᠎ᠡ ᠡᠵᠡᠩᠨᠡᠯᠲᠡ ᠪᠠ ᠬᠠᠮᠢᠶᠠᠷᠤᠯᠲᠠ ᠵᠢᠨ ᠨᠢᠭᠡ ᠪᠦᠯᠦᠭ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠵᠡᠢ᠃ ᠰᠤᠷᠤᠭᠴᠢᠳ᠎ᠢ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ᠎ᠲᠠᠢ ᠪᠣᠯᠭ᠋ᠠᠬᠤ ᠪᠠ ᠤᠷ᠎ᠠ ᠮᠡᠷᠭᠡᠵᠢᠯ᠎ᠤᠨ ᠤᠷᠤᠯᠳᠤᠭ᠋ᠠᠨ᠎ᠳᠤ ᠱᠠᠩᠨᠠᠯ ᠣᠯᠣᠭᠤᠯᠬᠤ ᠵᠢᠨ ᠲᠥᠯᠥᠭᠡ᠂ ᠲᠡᠷᠡ 10 ᠭᠠᠷᠤᠢ ᠵᠢᠯ ᠥᠪᠡᠷ᠎ᠤᠨ ᠠᠵᠢᠯ᠎ᠤᠨ ᠴᠢᠯᠦᠭᠡᠨ᠎ᠤ ᠴᠠᠭ ᠵᠶ᠋ᠠᠨ ᠠᠰᠢᠭᠯᠠᠨ ᠰᠤᠷᠤᠭᠴᠢᠳ᠎ᠢ ᠬᠠᠪᠰᠤᠷᠤᠨ ᠵᠢᠯᠤᠭᠣᠳᠬᠤ ᠵᠢ ᠪᠠᠷᠢᠮᠲᠠᠯᠠᠵᠤ᠂ ᠰᠤᠷᠤᠭᠴᠢᠳ᠎ᠤᠨ ᠦᠨᠡᠮᠯᠡᠯ ᠣᠯᠬᠤ ᠨᠤᠷᠮ᠎ᠠ ᠵᠢᠯ ᠪᠦᠷᠢ 95%᠎ᠠᠴᠠ ᠳᠡᠭᠡᠭᠰᠢ ᠪᠠᠢ᠌ᠬᠤ ᠵᠢ ᠪᠠᠲᠤᠯᠠᠵᠤ᠂ ᠪᠦᠬᠦ ᠤᠯᠤᠰ᠎ᠤᠨ ᠤᠷ᠎ᠠ ᠮᠡᠷᠭᠡᠵᠢᠯ᠎ᠤᠨ ᠤᠷᠤᠯᠳᠤᠭ᠋ᠠᠨ᠎ᠳᠤ 30 ᠭᠠᠷᠤᠢ ᠵᠦᠢ᠍ᠯ᠎ᠤᠨ ᠱᠠᠩᠨᠠᠯ ᠣᠯᠣᠭᠰᠠᠨ ᠪᠠᠢ᠌ᠨ᠎ᠠ᠃

      ᠾᠥᠸᠧ ᠰᠢᠶᠠ᠄ 《ᠤᠷ᠎ᠠ ᠮᠡᠷᠭᠡᠵᠢᠯ᠎ᠢ ᠰᠤᠷᠤᠯᠴᠠᠬᠤ ᠤᠷᠳᠤ ᠠᠶᠠᠨ᠎ᠳᠤ᠂ ᠪᠢ ᠶᠡᠷᠦ᠎ᠠᠴᠠ ᠭᠠᠭᠴᠠᠭ᠋ᠠᠷ ᠵᠶ᠋ᠠᠨ ᠪᠢᠰᠢ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠦᠷᠢᠶᠡᠨ᠎ᠤ ᠨᠢᠭᠡᠨ ᠪᠠᠭᠰᠢ ᠪᠣᠯᠤᠭᠰᠠᠨ᠎ᠤ ᠬᠤᠪᠢ᠎ᠳᠤ᠂ ᠪᠢ ᠨᠡᠩ ᠤᠯᠠᠨ ᠰᠤᠷᠤᠭᠴᠢᠳ᠎ᠢ ᠳᠠᠭ᠋ᠠᠭᠤᠯᠤᠨ ᠤᠷ᠎ᠠ ᠮᠡᠷᠭᠡᠵᠢᠯ᠎ᠢ ᠬᠥᠭᠡᠭᠡᠴᠡᠯᠳᠦᠬᠦ ᠵᠠᠮ᠎ᠳᠤ ᠵᠠᠯᠠᠭᠤ ᠨᠠᠰᠤ᠎ᠪᠠᠨ ᠬᠥᠰᠡᠷᠳᠡᠭᠦᠯᠦᠯ ᠦᠭᠡᠢ ᠥᠪᠡᠷ᠎ᠢ᠎ᠪᠠᠨ ᠨᠡᠩ ᠰᠢᠯᠢᠳᠡᠭ ᠪᠣᠯᠭ᠋ᠠᠨ᠎ᠠ》 ᠭᠡᠪᠡ᠃

      ᠼᠦᠢ ᠵᠢᠶᠠ ᠵᠧᠩ᠄ ᠨᠢᠭᠲᠠ᠎ᠠᠴᠠ ᠨᠢᠭᠲᠠ ᠵᠢ ᠬᠥᠭᠡᠭᠡᠴᠡᠯᠳᠦᠵᠦ ᠬᠡᠷᠡᠯ ᠰᠠᠴᠤᠷᠠᠩᠭᠤᠢ ᠬᠥᠮᠥᠨ᠎ᠤ ᠠᠮᠢᠳᠤᠷᠠᠯ᠎ᠢ ᠪᠢᠴᠢᠭᠯᠡᠨ᠎ᠡ

      ᠣᠳᠣᠬᠠᠨ᠎ᠳᠤ᠂ ᠬᠢᠩᠭ᠋ᠠᠨ ᠠᠶ᠋ᠢᠮᠠᠭ᠎ᠤᠨ ᠳᠡᠭᠡᠳᠦ ᠵᠡᠷᠭᠡ ᠵᠢᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠵᠢᠨ ᠰᠤᠷᠤᠭᠴᠢ ᠪᠠᠢ᠌ᠭᠰᠠᠭ᠋ᠠᠷ ᠪᠠᠢ᠌ᠭ᠎ᠠ ᠼᠦᠢ ᠵᠢᠶᠠ ᠵᠧᠩ ᠪᠠᠴᠢᠮ ᠶᠠᠭ᠋ᠠᠷᠠᠯᠲᠠᠢ ᠪᠣᠯᠪᠠᠰᠤᠷᠠᠯ ᠬᠢᠵᠦ᠂ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠤᠷ᠎ᠠ ᠮᠡᠷᠭᠡᠵᠢᠯ᠎ᠤᠨ ᠤᠷᠤᠯᠳᠤᠭ᠋ᠠᠨ᠎ᠳᠤ ᠣᠷᠣᠯᠴᠠᠬᠤ᠎ᠪᠠᠷ ᠪᠡᠯᠡᠳᠬᠡᠵᠦ ᠪᠠᠢ᠌ᠨ᠎ᠠ᠃ ᠼᠦᠢ ᠵᠢᠶᠠ ᠵᠧᠩ 2020 ᠣᠨ᠎ᠳᠤ ᠠᠩᠬᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠤᠷ᠎ᠠ ᠮᠡᠷᠭᠡᠵᠢᠯ᠎ᠤᠨ ᠤᠷᠤᠯᠳᠤᠭ᠋ᠠᠨ᠎ᠤ ᠮᠡᠳᠡᠭᠡ ᠵᠠᠩᠭᠢ ᠵᠢᠨ ᠰᠦᠯᠵᠢᠶᠡᠨ᠎ᠤ ᠬᠡᠯᠬᠢᠶ᠎ᠡ ᠪᠠᠢ᠌ᠷᠢᠯᠠᠭᠤᠯᠬᠤ ᠳᠦᠷᠦᠯ ᠵᠦᠢ᠍ᠯ᠎ᠤᠨ ᠰᠢᠯᠢᠳᠡᠭ ᠱᠠᠩᠨᠠᠯ᠎ᠢ ᠬᠦᠷᠲᠡᠵᠦ᠂ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠤᠷ᠎ᠠ ᠮᠡᠷᠭᠡᠵᠢᠯ᠎ᠤᠨ ᠤᠷᠤᠯᠳᠤᠭ᠋ᠠᠨ᠎ᠳᠤ ᠤᠷᠤᠯᠴᠠᠬᠤ ᠡᠷᠬᠡ ᠵᠢ ᠣᠯᠣᠭᠰᠠᠨ ᠪᠠᠢ᠌ᠨ᠎ᠠ᠃

      ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠬᠦ ᠪᠣᠯ ᠥᠷᠭᠡᠨ ᠠᠭᠤᠳᠠᠮ ᠬᠥᠭᠵᠢᠯᠲᠡ ᠵᠢᠨ ᠢᠷᠡᠭᠡᠳᠦᠢ ᠵᠢ ᠴᠣᠭᠴᠠᠯᠠᠬᠤ ᠴᠢᠬᠤᠯᠠ ᠠᠷᠭ᠎ᠠ ᠵᠠᠮ ᠮᠥᠨ᠂ ᠼᠦᠢ ᠵᠢᠶᠠ ᠵᠧᠩ ᠶᠠᠭ ᠡᠭᠦᠨ ᠵᠶ᠋ᠡᠷ ᠳᠠᠮᠵᠢᠨ ᠤᠷ᠎ᠠ ᠴᠢᠳᠠᠪᠤᠷᠢ᠎ᠪᠠᠷ ᠴᠢᠳᠠᠪᠤᠷᠢᠲᠠᠨ ᠪᠣᠯᠬᠤ᠂ ᠤᠷ᠎ᠠ ᠴᠢᠳᠠᠪᠤᠷᠢ᠎ᠪᠠᠷ ᠤᠯᠤᠰ᠎ᠲᠠᠭᠠᠨ ᠵᠢᠳᠬᠦᠬᠦ ᠬᠦᠰᠡᠯ ᠵᠡᠭᠦᠳᠦ᠎ᠪᠠᠨ ᠲᠡᠷᠭᠡᠯᠰᠢᠭᠦᠯᠵᠦ ᠪᠠᠢ᠌ᠨ᠎ᠠ᠃

      2018 ᠣᠨ᠎ᠳᠤ᠂ ᠼᠦᠢ ᠵᠢᠶᠠ ᠵᠧᠩ ᠬᠢᠩᠭ᠋ᠠᠨ ᠠᠶ᠋ᠢᠮᠠᠭ᠎ᠤᠨ ᠳᠡᠭᠡᠳᠦ ᠵᠡᠷᠭᠡ ᠵᠢᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ᠎ᠳᠤ ᠣᠷᠣᠵᠤ᠂ ᠮᠡᠳᠡᠭᠡ ᠵᠠᠩᠭᠢ ᠵᠢᠨ ᠰᠦᠯᠵᠢᠶᠡᠨ᠎ᠤ ᠤᠲᠠᠰᠤ ᠪᠠᠢ᠌ᠷᠢᠯᠠᠭᠤᠯᠬᠤ ᠲᠤᠰᠬᠠᠢ ᠮᠡᠷᠭᠡᠵᠢᠯ᠎ᠤᠨ ᠨᠢᠭᠡ ᠰᠤᠷᠤᠭᠴᠢ ᠪᠣᠯᠵᠠᠢ᠃ ᠡᠳᠦᠷ ᠲᠤᠲᠤᠮ᠎ᠤᠨ ᠰᠤᠷᠤᠯᠴᠠᠯᠭ᠎ᠠ ᠪᠣᠯᠪᠠᠰᠤᠷᠠᠯ᠎ᠤᠨ ᠳᠤᠮᠳᠠ᠂ ᠼᠦᠢ ᠵᠢᠶᠠ ᠵᠧᠩ ᠬᠡᠵᠢᠶᠡᠳᠡ ᠬᠦᠴᠢᠷ ᠵᠣᠪᠠᠭᠤᠷᠢ᠎ᠠᠴᠠ ᠠᠶᠤᠳᠠᠭ ᠦᠭᠡᠢ᠂ ᠦᠵᠦᠭᠦᠷ᠎ᠢ ᠵᠠᠯᠭ᠋ᠠᠬᠤ ᠪᠠ ᠤᠲᠠᠰᠤ ᠬᠡᠯᠬᠢᠶ᠎ᠡ ᠪᠠᠢ᠌ᠷᠢᠯᠠᠭᠤᠯᠬᠤ ᠪᠣᠯᠪᠠᠰᠤᠷᠠᠯ᠎ᠢ ᠲᠠᠬᠢᠨ ᠳᠠᠪᠲᠠᠨ ᠬᠢᠵᠦ᠂ ᠵᠠᠷᠢᠮ᠎ᠳᠠᠭᠠᠨ ᠦᠵᠦᠭᠦᠷ᠎ᠢ ᠵᠠᠯᠭ᠋ᠠᠬᠤ᠎ᠳᠠᠭᠠᠨ ᠬᠢᠴᠢᠶᠡᠮᠵᠢ ᠦᠭᠡᠢ᠎ᠪᠠᠷ ᠬᠤᠷᠤᠭᠤ᠎ᠪᠠᠨ ᠭᠡᠮᠲᠦᠭᠡᠵᠦ᠂ ᠴᠢᠰᠤ ᠤᠷᠤᠰᠴᠤ ᠪᠠᠢ᠌ᠭᠰᠠᠨ ᠴᠤ᠌ ᠳᠥᠭᠥᠮᠬᠡᠨ ᠵᠶ᠋ᠡᠷ ᠪᠣᠭᠣᠭ᠋ᠠᠳ ᠵᠠᠯᠭ᠋ᠠᠭ᠋ᠠᠳ ᠬᠢᠳᠡᠭ; ᠵᠠᠷᠢᠮ᠎ᠳᠠᠭᠠᠨ ᠱᠠᠲᠤᠨ ᠳᠡᠭᠡᠷ᠎ᠡ ᠤᠷᠲᠤ ᠬᠤᠭᠤᠴᠠᠭ᠎ᠠ ᠵᠣᠭᠰᠣᠭᠰᠠᠨ᠎ᠠᠴᠠ ᠪᠣᠯᠵᠤ ᠬᠥᠯ ᠭᠠᠷ᠎ᠨᠢ ᠮᠢᠨᠴᠦᠭᠦᠷᠡᠵᠦ᠂ ᠵᠢᠭ᠋ᠠᠬᠠᠨ ᠠᠮᠠᠷᠠᠭᠰᠠᠨ᠎ᠤ ᠳᠠᠷᠠᠭ᠎ᠠ ᠥᠨᠳᠥᠷ᠎ᠲᠤ ᠠᠪᠠᠷᠢᠨ ᠭᠠᠷᠤᠭ᠋ᠠᠳ ᠦᠷᠭᠦᠯᠵᠢᠯᠡᠨ ᠠᠵᠢᠯᠯᠠᠳᠠᠭ᠃ ᠪᠣᠯᠪᠠᠰᠤᠷᠠᠯ ᠵᠶ᠋ᠠᠷ ᠳᠠᠮᠵᠢᠭ᠋ᠠᠳ ᠼᠦᠢ ᠵᠢᠶᠠ ᠵᠧᠩ᠄ 《ᠨᠢᠭᠡ ᠠᠵᠢᠯ᠎ᠢ ᠬᠢᠪᠡᠯ᠂ ᠲᠡᠷᠡ ᠠᠵᠢᠯ᠎ᠳᠠᠭᠠᠨ ᠬᠠᠢ᠌ᠷᠠᠲᠠᠢ ᠪᠣᠯᠵᠤ᠂ ᠨᠢᠭᠡ ᠠᠵᠢᠯ᠎ᠳᠤ ᠰᠢᠮᠳᠠᠪᠠᠯ᠂ ᠨᠢᠭᠡ ᠠᠵᠢᠯ᠎ᠳᠤ ᠴᠠᠭ᠋ᠠᠷᠠᠵᠤ ᠯᠠᠪᠲᠠᠢ ᠭᠡᠷᠡᠯ ᠰᠠᠴᠤᠷᠠᠩᠭᠤᠢ ᠬᠥᠮᠥᠨ᠎ᠤ ᠠᠮᠢᠳᠤᠷᠠᠯ᠎ᠢ ᠪᠦᠲᠦᠭᠡᠵᠦ ᠴᠢᠳᠠᠨ᠎ᠠ》 ᠭᠡᠵᠦ ᠭᠦᠨᠵᠡᠭᠡᠢ ᠣᠢ᠌ᠯᠠᠭ᠋ᠠᠯᠲᠠ᠎ᠲᠠᠢ ᠶᠠᠷᠢᠵᠤ ᠪᠠᠢ᠌ᠯ᠎ᠠ᠃

      ᠼᠦᠢ ᠵᠢᠶᠠ ᠵᠧᠩ ᠥᠷᠯᠥᠭᠡ ᠡᠷᠲᠡ᠎ᠠᠴᠠ ᠣᠷᠣᠢ ᠪᠤᠯᠲᠠᠯ᠎ᠠ ᠬᠠᠲᠠᠭᠤᠵᠢᠯᠲᠠᠢ ᠪᠣᠯᠪᠠᠰᠤᠷᠠᠵᠤ᠂ ᠡᠳᠦᠷ ᠪᠦᠷᠢ ᠨᠢᠭᠡ ᠤᠳᠠᠭ᠎ᠠ ᠲᠣᠨᠣᠭᠯᠠᠯ᠎ᠢ ᠪᠦᠷᠢᠨ ᠤᠭᠰᠠᠷᠠᠵᠤ ᠪᠠᠷᠠᠬᠤ ᠡᠭᠦᠷᠭᠡ ᠵᠢ ᠪᠡᠶᠡᠯᠡᠭᠦᠯᠵᠦ᠂ ᠣᠷᠣᠢ ᠪᠣᠯᠭ᠋ᠠᠨ ᠡᠨᠡ ᠡᠳᠦᠷ᠎ᠤᠨ ᠬᠢᠷᠢ ᠪᠦᠲᠦᠮᠵᠢ᠎ᠪᠠᠨ ᠲᠡᠮᠳᠡᠭᠯᠡᠨ ᠲᠠᠯᠪᠢᠵᠤ᠂ ᠶᠠᠭ᠋ᠠᠬᠢᠭ᠋ᠠᠳ ᠬᠤᠷᠳᠤᠨ ᠪᠤᠯᠤᠬᠰᠠᠨ ᠪᠠ ᠶᠠᠭ᠋ᠠᠬᠢᠭ᠋ᠠᠳ ᠤᠳᠠᠭ᠋ᠠᠨ ᠪᠤᠯᠤᠬᠰᠠᠨ ᠰᠢᠯᠲᠠᠭ᠋ᠠᠨ ᠵᠶ᠋ᠠᠨ ᠵᠠᠳᠠᠯᠵᠤ᠂ ᠪᠠᠭᠰᠢ ᠵᠢᠨ ᠵᠶ᠋ᠡᠨ ᠵᠢᠯᠣᠭᠣᠳᠤᠯᠭ᠎ᠠ ᠳᠣᠣᠷ᠎ᠠ᠂ ᠲᠡᠷᠡ ᠮᠡᠳᠡᠭᠡ ᠵᠠᠩᠭᠢ ᠵᠢᠨ ᠰᠦᠯᠵᠢᠶᠡᠨ᠎ᠤ ᠤᠲᠠᠰᠤ ᠪᠠᠢ᠌ᠷᠢᠯᠠᠭᠤᠯᠬᠤ ᠵᠢ 5 ᠴᠠᠭ᠎ᠤᠨ ᠳᠣᠲᠣᠷ᠎ᠠ ᠪᠡᠶᠡᠯᠡᠭᠦᠯᠬᠦ ᠬᠠᠷᠠᠯᠲᠠ᠎ᠳᠤ ᠬᠦᠷᠦᠭᠰᠡᠨ ᠪᠠᠢ᠌ᠨ᠎ᠠ᠃ 《ᠬᠦᠴᠢᠷᠲᠡᠢ ᠪᠥᠭᠡᠳ ᠬᠠᠲᠠᠭᠤᠵᠢᠯᠲᠠᠢ》 ᠲᠠᠯᠪᠢᠭᠳᠠᠨ ᠪᠤᠯᠪᠠᠰᠤᠷᠠᠯ᠎ᠨᠢ ᠲᠡᠭᠦᠨ᠎ᠤ ᠠᠮᠵᠢᠯᠲᠠ ᠣᠯᠬᠤ ᠰᠠᠭᠤᠷᠢ ᠵᠢ ᠲᠠᠯᠪᠢᠵᠤ ᠥᠭᠴᠡᠢ᠃

      ᠠᠩᠬᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠶᠡᠬᠡ ᠤᠷᠤᠯᠳᠤᠭ᠋ᠠᠨ᠎ᠳᠤ᠂ ᠼᠦᠢ ᠵᠢᠶᠠ ᠵᠧᠩ ᠯᠠᠪᠳᠠᠭᠤᠨ ᠬᠢᠨᠠᠭᠤᠷ ᠵᠶ᠋ᠠᠷ ᠤᠷᠤᠯᠳᠤᠭ᠋ᠠᠨ᠎ᠳᠤ ᠣᠷᠣᠯᠴᠠᠵᠤ᠂ ᠭᠡᠷᠡᠯᠯᠢᠭ ᠳᠡᠭᠡᠰᠦᠨ᠎ᠤ ᠭᠣᠣᠯ ᠤᠲᠠᠰᠤ ᠵᠢ ᠪᠠᠢ᠌ᠷᠢᠯᠠᠭᠤᠯᠬᠤ ᠰᠢᠰᠲ᠋ᠧᠮ᠂ ᠪᠦᠳᠦᠴᠡᠴᠢᠯᠡᠭᠰᠡᠨ ᠶᠡᠷᠦᠩᠬᠡᠢ᠌ᠯᠡᠭᠰᠡᠨ ᠤᠲᠠᠰᠤ ᠪᠠᠢ᠌ᠷᠢᠯᠠᠭᠤᠯᠬᠤ ᠰᠢᠰᠲ᠋ᠧᠮ᠂ ᠣᠶᠤᠨᠲᠤ ᠭᠡᠷ᠎ᠤᠨ ᠬᠡᠷᠡᠭᠰᠡᠯ᠎ᠤᠨ ᠤᠲᠠᠰᠤ ᠵᠢ ᠪᠠᠢ᠌ᠷᠢᠯᠠᠭᠤᠯᠬᠤ ᠬᠢᠭᠡᠳ ᠡᠴᠦᠰ᠎ᠤᠨ ᠲᠣᠬᠢᠷᠠᠭᠤᠯᠤᠯᠲᠠ ᠵᠢᠨ ᠰᠢᠰᠲ᠋ᠧᠮ᠂ ᠰᠠᠭ᠋ᠠᠳ ᠬᠡᠮ᠎ᠤᠨ ᠴᠥᠷᠬᠡᠯᠡᠭᠡ ᠵᠠᠮ᠎ᠢ ᠰᠢᠯᠭ᠋ᠠᠨ ᠪᠠᠢ᠌ᠴᠠᠭ᠋ᠠᠬᠤ ᠳᠥᠷᠪᠡᠨ ᠶᠡᠬᠡ ᠡᠭᠦᠷᠭᠡ ᠵᠢ ᠳᠡᠰ ᠳᠠᠷᠠᠭ᠎ᠠ᠎ᠲᠠᠢ᠎ᠪᠠᠷ ᠪᠡᠶᠡᠯᠡᠭᠦᠯᠵᠦ᠂ ᠰᠢᠯᠢᠳᠡᠭ ᠠᠮᠵᠢᠯᠲᠠ ᠣᠯᠵᠠᠢ᠃

      ᠼᠦᠢ ᠵᠢᠶᠠ ᠵᠧᠩ᠄ 《ᠪᠢ ᠥᠪᠡᠷ᠎ᠤᠨ ᠰᠣᠩᠭᠣᠭᠰᠠᠨ ᠵᠠᠮ ᠵᠶ᠋ᠠᠨ ᠵᠥᠪ ᠪᠣᠯᠬᠤ ᠵᠢ ᠭᠡᠷᠡᠴᠢᠯᠡᠪᠡ᠂ ᠨᠡᠩ ᠴᠤ᠌ ᠨᠡᠢ᠌ᠭᠡᠮ ᠨᠠᠢ᠌ᠳᠠ᠎ᠳᠤ ᠡᠬᠡᠯ ᠵᠢᠷ᠎ᠤᠨ ᠠᠵᠢᠯ᠎ᠤᠨ ᠪᠠᠶ᠋ᠢᠷᠢ ᠳᠡᠭᠡᠷ᠎ᠡ ᠴᠤ᠌ ᠶᠡᠷᠦ ᠪᠤᠰᠤ ᠵᠢᠨ ᠬᠥᠮᠥᠨ᠎ᠤ ᠠᠮᠢᠳᠤᠷᠠᠯ᠎ᠢ ᠴᠣᠭᠴᠠᠯᠠᠵᠤ ᠪᠣᠯᠣᠨ᠎ᠠ᠂ ᠨᠢᠭᠡ ᠵᠦᠢ᠍ᠯ᠎ᠤᠨ ᠮᠡᠷᠭᠡᠵᠢᠯ ᠰᠤᠷᠬᠤ᠎ᠨᠢ ᠠᠳᠠᠯᠢᠬᠠᠨ ᠭᠡᠭᠡᠨ ᠰᠠᠷᠠᠭᠤᠯ ᠢᠷᠡᠭᠡᠳᠦᠢ᠎ᠲᠠᠢ ᠭᠡᠳᠡᠭ᠎ᠢ ᠭᠡᠷᠡᠴᠢᠯᠡᠪᠡ᠂ ᠬᠥᠮᠥᠨ ᠭᠠᠭᠴᠠᠬᠦ ᠲᠠᠰᠤᠷᠠᠯᠲᠠ ᠦᠭᠡᠢ ᠳᠠᠪᠲᠠᠭᠳᠠᠨ ᠪᠣᠯᠪᠠᠰᠤᠷᠠᠪᠠᠯ ᠰᠠᠶᠢ ᠠᠮᠢ ᠨᠠᠰᠤᠨ᠎ᠤ ᠰᠠᠶ᠋ᠢᠨ ᠰᠠᠢ᠌ᠬᠠᠨ᠎ᠢ ᠪᠡᠶᠡᠯᠡᠭᠦᠯᠵᠦ ᠴᠢᠳᠠᠨ᠎ᠠ》 ᠭᠡᠵᠦ ᠬᠡᠯᠡᠪᠡ᠃

      ᠮᠠ ᠷᠦᠢ᠄ ᠨᠢᠭᠡ ᠰᠡᠳᠬᠢᠯ ᠵᠶ᠋ᠡᠷ ᠮᠡᠷᠭᠡᠵᠢᠯ ᠴᠢᠳᠠᠪᠤᠷᠢ᠎ᠪᠠᠨ ᠳᠡᠭᠡᠭᠰᠢᠯᠡᠭᠦᠯᠵᠦ ᠬᠦᠰᠡᠯ ᠵᠡᠭᠦᠳᠦ᠎ᠪᠠᠨ ᠪᠡᠶᠡᠯᠡᠭᠦᠯᠬᠦ ᠪᠣᠯᠣᠮᠵᠢ ᠵᠢ ᠡᠭᠦᠳᠦᠨ᠎ᠡ

      ᠥᠩᠭᠡ ᠥᠩᠭᠡ᠎ᠨᠢ ᠢᠯᠭ᠋ᠠᠷᠠᠭᠰᠠᠨ ᠨᠢᠳᠦ ᠪᠤᠳᠤᠬᠤ ᠪᠤᠳᠤᠭ᠎ᠤᠨ ᠲᠠᠪᠠᠭ᠂ ᠬᠥᠮᠥᠨ᠎ᠢ ᠤᠯᠠᠮ ᠴᠤᠭ ᠵᠢᠪᠬᠤᠭ᠎ᠠ᠎ᠲᠠᠢ ᠪᠣᠯᠭ᠋ᠠᠬᠤ ᠤᠷᠤᠭᠤᠯ᠎ᠤᠨ ᠪᠤᠳᠤᠭ᠂ ᠬᠠᠴᠠᠷ ᠳᠡᠭᠡᠷ᠎ᠡ ᠨᠠᠭ᠋ᠠᠰᠢ ᠴᠠᠭ᠋ᠠᠰᠢ 《ᠪᠥᠵᠢᠭᠯᠡᠬᠦ》 ᠭᠣᠶᠣᠯᠠᠯ᠎ᠤᠨ ᠱᠤᠸᠠᠰᠠ᠂ ᠭᠡᠵᠢᠭᠡᠨ᠎ᠤ ᠬᠣᠭᠣᠷᠣᠨᠳᠤ ᠤᠷᠠᠨ ᠬᠥᠳᠡᠯᠬᠦ ᠬᠣᠶᠠᠷ ᠭᠠᠷ ᠁ ᠤᠯᠠᠭ᠋ᠠᠨᠬᠠᠳᠠ ᠵᠢᠨ ᠯᠥᠸᠧ ᠶᠠ ᠰᠤᠷᠭ᠋ᠠᠭᠤᠯᠢ᠎ᠠᠴᠠ ᠢᠷᠡᠭᠰᠡᠨ ᠮᠠ ᠷᠦᠢ ᠤᠷᠠᠨ ᠭᠠᠷ ᠵᠶ᠋ᠠᠷ ᠵᠶ᠋ᠠᠨ ᠭᠣᠶᠣ ᠰᠠᠢ᠌ᠬᠠᠨ ᠠᠮᠢᠳᠤᠷᠠᠯ ᠵᠶ᠋ᠠᠨ ᠵᠢᠷᠤᠭᠯᠠᠨ᠎ᠠ᠃ ᠲᠡᠷᠡ᠄ 《ᠭᠠᠭᠴᠠᠬᠦ ᠳᠠᠰᠤᠷᠠᠯᠳᠠ ᠦᠭᠡᠢ ᠪᠣᠯᠪᠠᠰᠤᠷᠠᠵᠤ᠂ ᠳᠠᠰᠤᠷᠠᠯᠳᠠ ᠦᠭᠡᠢ ᠴᠢᠷᠮᠠᠢ᠌ᠵᠤ᠂ ᠳᠠᠪᠲᠠᠭᠳᠠᠨ ᠪᠣᠯᠪᠠᠰᠤᠷᠠᠪᠠᠯ ᠰᠠᠶᠢ ᠨᠢᠭᠡ ᠵᠦᠢ᠍ᠯ᠎ᠤᠨ ᠮᠡᠷᠭᠡᠵᠢᠯ᠎ᠢ ᠪᠣᠯᠪᠠᠰᠤᠷᠠᠩᠭᠤᠢ ᠡᠵᠡᠮᠰᠢᠵᠦ᠂ ᠤᠷᠤᠯᠳᠤᠭ᠋ᠠᠨ᠎ᠤ ᠳᠤᠮᠳᠠ ᠰᠠᠢ᠍ᠢ᠍ᠨ ᠬᠢᠷᠢ ᠪᠦᠲᠦᠮᠵᠢ ᠣᠯᠵᠤ᠂ ᠥᠪᠥᠷ ᠮᠣᠩᠭᠣᠯ᠎ᠳᠤ ᠢᠷᠠᠭᠤ ᠠᠯᠳᠠᠷ ᠣᠯᠭᠣᠬᠤ᠎ᠳᠤ ᠬᠦᠴᠦᠨ ᠨᠡᠮᠡᠷᠢᠯᠡᠵᠦ ᠴᠢᠳᠠᠨ᠎ᠠ》 ᠭᠡᠪᠡ᠃

      ᠡᠨᠡ ᠵᠢᠯ 18 ᠨᠠᠰᠤᠲᠠᠢ ᠮᠠ ᠷᠦᠢ ᠬᠠᠷᠠᠬᠠᠨ ᠪᠠᠭ᠎ᠠ᠎ᠠᠴᠠ᠎ᠪᠠᠨ ᠵᠢᠰᠦ ᠭᠣᠶᠣᠯᠠᠬᠤ ᠠᠵᠢᠯ᠎ᠳᠤ ᠳᠤᠷᠠᠲᠠᠢ᠂ 2022 ᠣᠨ᠎ᠳᠤ ᠤᠯᠠᠭ᠋ᠠᠨᠬᠠᠳᠠ ᠵᠢᠨ ᠯᠥᠸᠧ ᠶᠠ ᠰᠤᠷᠭ᠋ᠠᠭᠤᠯᠢ᠎ᠳᠤ ᠢᠷᠠᠵᠤ᠂ ᠵᠢᠰᠦ ᠭᠣᠶᠣᠯᠠᠬᠤ ᠠᠩᠭᠢ ᠵᠢᠨ ᠰᠤᠷᠤᠭᠴᠢ ᠪᠣᠯᠵᠠᠢ᠃ ᠵᠢᠰᠦ ᠭᠣᠶᠣᠯᠠᠬᠤ ᠮᠡᠷᠭᠡᠵᠢᠯ᠎ᠤᠨ ᠠᠭᠤᠯᠭ᠎ᠠ᠎ᠨᠢ ᠨᠡᠯᠢᠶᠡᠳ ᠤᠯᠠᠨ ᠪᠠᠢ᠌ᠵᠤ᠂ ᠨᠢᠭᠤᠷ᠎ᠤᠨ ᠬᠡᠰᠡᠭ᠎ᠤᠨ ᠰᠤᠪᠢᠯᠠᠯᠲᠠ᠂ ᠪᠡᠶ᠎ᠡ ᠵᠢᠨ ᠢᠯᠢᠯᠭᠡ᠂ ᠨᠢᠭᠤᠷ᠎ᠤᠨ ᠬᠡᠰᠡᠭ᠎ᠤᠨ ᠭᠣᠶᠣᠯᠠᠯ᠂ ᠬᠢᠮᠤᠰᠤᠨ᠎ᠤ ᠬᠡᠯᠪᠡᠷᠢ ᠮᠠᠶᠢᠭ᠎ᠢ ᠵᠢᠷᠤᠵᠤ ᠬᠢᠬᠦ ᠵᠡᠷᠭᠡ᠎ᠳᠤ ᠬᠣᠯᠪᠣᠭᠳᠠᠨ᠂ ᠶᠡᠬᠡ ᠬᠡᠮᠵᠢᠶᠡᠨ᠎ᠤ ᠪᠣᠯᠪᠠᠰᠤᠷᠠᠯ᠎ᠢ ᠱᠠᠭ᠋ᠠᠷᠳᠠᠳᠠᠭ᠂ ᠡᠨᠡ ᠲᠠᠯ᠎ᠠ ᠵᠢᠨ ᠮᠡᠳᠡᠯᠭᠡ ᠵᠢᠨ ᠰᠠᠭᠤᠷᠢ ᠦᠭᠡᠢ ᠮᠠ ᠷᠦᠢ᠎ᠳᠤ ᠠᠪᠴᠤ ᠬᠡᠯᠡᠪᠡᠯ᠂ ᠠᠭᠤᠯᠭ᠎ᠠ ᠨᠢᠭᠡᠪᠦᠷᠢ᠎ᠨᠢ ᠴᠥᠮ ᠰᠢᠨ᠎ᠡ ᠥᠷᠢᠰᠥᠯᠳᠦᠭᠡᠨ ᠪᠠᠢ᠌ᠵᠤ᠂ ᠬᠢᠴᠢᠶᠡᠯ᠎ᠤᠨ ᠲᠠᠩᠬᠢᠮ᠎ᠳᠤ ᠰᠤᠷᠤᠯᠴᠠᠵᠤ ᠪᠣᠯᠪᠠᠰᠤᠷᠠᠬᠤ᠎ᠠᠴᠠ ᠭᠠᠳᠠᠨ᠎ᠠ᠂ ᠡᠳᠦᠷ ᠪᠦᠷᠢ ᠬᠢᠴᠢᠶᠡᠯ ᠲᠠᠷᠬᠠᠪᠠᠯ ᠬᠢᠴᠢᠶᠡᠯ᠎ᠤᠨ ᠭᠡᠷ᠎ᠲᠡᠭᠡᠨ ᠦᠦᠷ ᠴᠠᠢ᠌ᠲᠠᠯ᠎ᠠ ᠪᠣᠯᠪᠠᠰᠤᠷᠠᠳᠠᠭ᠃ ᠪᠡᠶ᠎ᠡ ᠵᠢᠨ ᠢᠯᠢᠯᠭᠡ᠎ᠨᠢ ᠲᠠᠮᠢᠷ ᠲᠡᠩᠬᠡᠭᠡ ᠵᠢ ᠶᠡᠬᠡ ᠵᠠᠷᠤᠴᠠᠭᠤᠯᠳᠠᠭ᠂ ᠪᠣᠯᠪᠠᠰᠤᠷᠠᠯ᠎ᠤᠨ ᠳᠤᠮᠳᠠ ᠬᠥᠯᠥᠰᠦ ᠠᠰᠬᠠᠷᠠᠬᠤ᠂ ᠭᠠᠷ ᠬᠥᠯ ᠴᠡᠴᠡᠷᠡᠬᠦ ᠪᠣᠯ ᠡᠩ᠎ᠤᠨ ᠬᠡᠷᠡᠭ ᠶᠤᠮ᠂ ᠪᠤᠰᠤᠳ ᠬᠥᠮᠥᠨ ᠬᠣᠶᠠᠷ ᠤᠳᠠᠭ᠎ᠠ ᠪᠣᠯᠪᠠᠰᠤᠷᠠᠪᠠᠯ ᠲᠡᠷᠡ ᠳᠠᠷᠤᠢ ᠲᠠᠪᠤ ᠵᠢᠷᠭᠤᠭ᠎ᠠ ᠤᠳᠠᠭ᠎ᠠ ᠢᠯᠡᠭᠦᠦ ᠪᠣᠯᠪᠠᠰᠤᠷᠠᠵᠤ᠂ ᠥᠪᠡᠷ ᠵᠶ᠋ᠡᠨ ᠰᠡᠳᠬᠢᠯ ᠬᠠᠨᠤᠮᠵᠢᠲᠠᠢ ᠪᠣᠯᠲᠠᠯ᠎ᠠ ᠪᠣᠯᠪᠠᠰᠤᠷᠠᠳᠠᠭ᠃ ᠴᠥᠬᠥᠷᠡᠰᠢ ᠦᠭᠡᠢ ᠴᠢᠷᠮᠠᠢ᠌ᠯᠭ᠎ᠠ᠎ᠪᠠᠷ ᠳᠠᠮᠵᠢᠨ᠂ ᠮᠠ ᠷᠦᠢ ᠤᠯᠤᠰ᠎ᠤᠨ ᠤᠷᠤᠯᠳᠤᠭ᠋ᠠᠨ᠎ᠤ ᠤᠷᠤᠯᠳᠤᠭ᠋ᠠᠨ᠎ᠳᠤ ᠣᠷᠣᠬᠤ ᠡᠷᠬᠡ ᠵᠢ ᠣᠯᠵᠤ᠂ ᠬᠦᠰᠡᠯ ᠵᠡᠭᠦᠳᠦ᠎ᠠᠴᠠ᠎ᠪᠠᠨ ᠤᠯᠠᠮ ᠣᠢ᠌ᠷᠠᠲᠤᠪᠠ᠃

      ᠪᠣᠯᠪᠠᠰᠤᠷᠠᠯ᠎ᠤᠨ ᠳᠤᠮᠳᠠ᠂ ᠤᠷᠤᠯᠳᠤᠭ᠋ᠠᠨ᠎ᠤ ᠳᠦᠷᠦᠯ ᠵᠦᠢ᠍ᠯ ᠮᠠᠰᠢ ᠤᠯᠠᠨ᠂ ᠵᠥᠪᠬᠡᠨ ᠠᠭᠤᠯᠭ᠎ᠠ ᠪᠦᠷᠢ ᠵᠢᠨ ᠬᠤᠪᠢ ᠥᠭᠬᠦ ᠬᠦᠰᠦᠨᠦᠭ᠎ᠨᠢ ᠳᠠᠷᠤᠢ ᠮᠠᠰᠢ ᠤᠯᠠᠨ ᠨᠢᠭᠤᠷ ᠪᠤᠢ᠂ ᠬᠡᠳᠦᠨ ᠠᠷᠪᠠᠨ ᠵᠤᠷᠪᠤᠰ ᠱᠠᠭ᠋ᠠᠷᠳᠠᠯᠭ᠎ᠠ ᠪᠠ ᠬᠤᠪᠢ ᠣᠯᠬᠤ ᠴᠡᠭ᠎ᠢ ᠮᠠ ᠷᠦᠢ ᠡᠷᠬᠡᠪᠰᠢ ᠶᠡᠬᠡ ᠪᠠᠭ᠎ᠠ ᠭᠡᠵᠦ ᠢᠯᠭ᠋ᠠᠯ ᠦᠭᠡᠢ᠎ᠪᠠᠷ ᠨᠢᠭᠡ ᠨᠢᠭᠡ᠎ᠪᠠᠷ ᠪᠠᠲᠤ ᠴᠡᠭᠡᠵᠢᠯᠡᠵᠦ᠂ ᠪᠡᠶᠡᠯᠡᠭᠦᠯᠬᠦ ᠬᠡᠷᠡᠭᠲᠡᠶ᠃ ᠪᠣᠯᠪᠠᠰᠤᠷᠠᠯ᠎ᠤᠨ ᠳᠤᠮᠳᠠ ᠮᠡᠷᠭᠡᠵᠢᠯ᠎ᠤᠨ ᠲᠠᠯ᠎ᠠ᠎ᠪᠠᠷ᠎ᠬᠢ ᠶᠠᠮᠠᠷ ᠨᠢᠭᠡᠨ ᠮᠡᠳᠡᠬᠦ ᠦᠭᠡᠢ᠂ ᠣᠢ᠌ᠯᠠᠭ᠋ᠠᠬᠤ ᠦᠭᠡᠢ ᠵᠦᠢ᠍ᠯ ᠪᠠᠢ᠌ᠪᠠᠯ ᠲᠡᠷᠡ ᠪᠦᠷ ᠵᠢᠭ᠋ᠠᠨ ᠵᠢᠯᠣᠭᠣᠳᠤᠭᠴᠢ ᠪᠠᠭᠰᠢ᠎ᠠᠴᠠ᠎ᠪᠠᠨ ᠠᠰᠠᠭᠤᠵᠤ᠂ ᠪᠠᠭᠰᠢ ᠵᠢᠨ ᠵᠶ᠋ᠠᠨ ᠵᠢᠯᠣᠭᠣᠳᠤᠯᠭ᠎ᠠ ᠳᠣᠣᠷ᠎ᠠ ᠰᠢᠮᠳᠠᠨ ᠰᠤᠳᠤᠯᠵᠤ᠂ ᠨᠠᠷᠢᠨ ᠵᠦᠢ᠍ᠯᠡᠰ ᠪᠦᠬᠦᠨ᠎ᠢ ᠪᠦᠷᠢᠨ ᠰᠠᠢ᠌ᠬᠠᠨ ᠪᠡᠶᠡᠯᠡᠭᠦᠯᠪᠡᠯ ᠰᠠᠶᠢ ᠰᠠᠨᠠᠭ᠎ᠠ ᠠᠮᠤᠷ ᠪᠣᠯᠳᠠᠭ᠃

      ᠮᠠ ᠷᠦᠢ᠄ 《ᠮᠢᠨᠤ ᠤᠳᠠᠭ᠎ᠠ ᠪᠦᠷᠢ ᠵᠢᠨ ᠥᠰᠦᠯᠲᠡ ᠪᠣᠢ᠌ᠵᠢᠯᠲᠠ᠎ᠨᠢ ᠪᠠᠭᠰᠢ ᠪᠣᠯᠣᠨ ᠰᠤᠷᠭ᠋ᠠᠭᠤᠯᠢ ᠵᠢᠨ ᠨᠠᠷᠢᠨ ᠨᠢᠮᠪᠠᠢ ᠵᠢᠯᠣᠭᠣᠳᠤᠯᠭ᠎ᠠ ᠬᠥᠮᠦᠵᠢᠯ᠎ᠠᠴᠠ ᠰᠠᠯᠵᠤ ᠴᠢᠳᠠᠬᠤ ᠦᠭᠡᠢ᠂ ᠨᠢᠭᠡ ᠰᠡᠳᠬᠢᠯ ᠵᠶ᠋ᠠᠷ ᠮᠡᠷᠭᠡᠵᠢᠯ ᠴᠢᠳᠠᠪᠤᠷᠢ ᠰᠤᠷᠤᠬᠰᠠᠨ᠎ᠨᠢ ᠮᠢᠨᠤ ᠬᠦᠰᠡᠯ ᠵᠡᠭᠦᠳᠦ᠎ᠪᠠᠨ ᠪᠡᠶᠡᠯᠡᠭᠦᠯᠬᠦ ᠵᠠᠮ᠎ᠢ ᠬᠡᠷᠡᠯᠳᠦᠬᠦᠯᠪᠡ᠃ ᠪᠢ ᠯᠠᠪᠳᠠᠭᠤᠨ ᠬᠢᠨᠠᠮᠠᠭ᠋ᠠᠢ᠎ᠪᠠᠷ ᠮᠡᠷᠭᠡᠵᠢᠯ ᠴᠢᠳᠠᠪᠤᠷᠢ᠎ᠪᠠᠨ ᠦᠷᠬᠦᠯᠵᠢᠯᠡᠨ ᠳᠠᠪᠲᠠᠨ ᠪᠣᠯᠪᠠᠰᠤᠷᠠᠵᠤ᠂ ᠡᠬᠡ ᠤᠯᠤᠰ᠎ᠲᠠᠭᠠᠨ ᠥᠩᠭᠡ ᠭᠡᠷᠡᠯ ᠨᠡᠮᠡᠷᠢᠯᠡᠨ᠎ᠡ᠂ ᠨᠡᠩ ᠤᠯᠠᠨ ᠬᠥᠮᠥᠨ ᠮᠡᠷᠭᠡᠵᠢᠯ ᠴᠢᠳᠠᠪᠤᠷᠢ ᠵᠢ ᠬᠠᠢ᠌ᠷᠠᠯᠠᠵᠤ᠂ ᠮᠡᠷᠭᠡᠵᠢᠯ ᠴᠢᠳᠠᠪᠤᠷᠢ ᠵᠢᠨ ᠬᠦᠴᠦᠨ ᠵᠶ᠋ᠡᠷ ᠡᠬᠡ ᠤᠯᠤᠰ᠎ᠤᠨ ᠵᠶ᠋ᠠᠨ ᠲᠥᠯᠥᠭᠡ ᠵᠢᠳᠬᠦᠬᠦ ᠵᠢ ᠬᠦᠰᠡᠵᠦ ᠪᠠᠢ᠌ᠨ᠎ᠠ》 ᠭᠡᠪᠡ᠃

      ᠸᠠᠩ ᠵᠢᠶᠠ ᠸᠧᠢ᠄ ᠮᠡᠷᠭᠡᠵᠢᠯ ᠴᠢᠳᠠᠪᠤᠷᠢ᠎ᠪᠠᠷ ᠤᠯᠤᠰ᠎ᠲᠠᠭᠠᠨ ᠵᠢᠳᠬᠦᠬᠦ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠨ᠎ᠠ

      ᠬᠣᠶᠠᠷ ᠭᠠᠷ ᠵᠶ᠋ᠠᠨ ᠲᠠᠰᠤᠷᠠᠯᠲᠠ ᠦᠭᠡᠢ ᠰᠤᠯᠪᠢᠴᠠᠨ ᠮᠠᠰᠢᠨ ᠵᠶ᠋ᠠᠨ ᠠᠵᠢᠯᠯᠠᠭᠤᠯᠵᠤ᠂ 3D ᠳᠠᠷᠤᠮᠠᠯᠯᠠᠬᠤ ᠮᠠᠰᠢᠨ᠎ᠢ ᠪᠣᠯᠪᠠᠰᠤᠷᠠᠩᠭᠤᠢ ᠬᠡᠷᠡᠭᠯᠡᠨ᠎ᠡ ᠁ ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠣᠳᠠᠲᠠᠢ ᠬᠢᠵᠦ ᠪᠣᠯᠪᠠᠰᠤᠷᠠᠬᠤ ᠲᠠᠰᠤᠭ᠎ᠲᠤ᠂ ᠥᠪᠥᠷ ᠮᠣᠩᠭᠣᠯ᠎ᠤᠨ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠮᠠᠲ᠋ᠧᠷᠢᠶᠠᠯ ᠨᠡᠮᠡᠵᠦ ᠦᠢ᠍ᠯᠡᠳᠬᠦ ᠳᠦᠷᠦᠯ ᠵᠦᠢ᠍ᠯ᠎ᠤᠨ ᠮᠥᠩᠭᠥᠨ ᠱᠠᠩᠨᠠᠯ ᠬᠦᠷᠲᠡᠭᠴᠢ ᠸᠠᠩ ᠵᠢᠶᠠ ᠸᠧᠢ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠤᠷ᠎ᠠ ᠮᠡᠷᠭᠡᠵᠢᠯ᠎ᠤᠨ ᠤᠷᠤᠯᠳᠤᠭ᠋ᠠᠨ᠎ᠳᠤ ᠪᠡᠯᠡᠳᠬᠡᠬᠦ ᠵᠢᠨ ᠲᠥᠯᠥᠭᠡ ᠠᠮᠠᠷᠠᠯᠲᠠ ᠵᠢᠨ ᠬᠤᠭᠤᠴᠠᠭ᠎ᠠ ᠪᠠ ᠠᠮᠠᠷᠠᠬᠤ ᠴᠠᠭ ᠵᠶ᠋ᠠᠨ ᠤᠮᠠᠷᠲᠠᠵᠤ᠂ ᠨᠠᠢ᠌ᠳᠠ 100 ᠭᠠᠷᠤᠢ ᠡᠳᠦᠷ ᠬᠠᠲᠠᠭᠤᠵᠢᠯᠲᠠᠢ ᠪᠣᠯᠪᠠᠰᠤᠷᠠᠪᠠ᠂ ᠡᠨᠡ᠎ᠨᠢ ᠪᠣᠯᠪᠠᠰᠤᠷᠠᠩᠭᠤᠢ ᠵᠢᠷᠤᠭ ᠵᠢᠷᠤᠬᠤ ᠠᠷᠭ᠎ᠠ ᠪᠠᠷᠢᠯ᠎ᠢ 《ᠪᠤᠯᠴᠢᠩ᠎ᠳᠠᠭᠠᠨ ᠰᠢᠩᠭᠡᠭᠡᠵᠦ ᠠᠪᠬᠤ ᠵᠢᠨ ᠲᠥᠯᠥᠭᠡ》 ᠶᠤᠮ᠃

      2018 ᠣᠨ᠎ᠳᠤ᠂ ᠸᠠᠩ ᠵᠢᠶᠠ ᠸᠧᠢ ᠥᠪᠥᠷ ᠮᠣᠩᠭᠣᠯ᠎ᠤᠨ ᠠᠵᠤ ᠠᠬᠤᠢ ᠠᠷᠠᠯᠵᠢᠶᠠᠨ᠎ᠤ ᠰᠤᠷᠭ᠋ᠠᠭᠤᠯᠢ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠢ ᠵᠢᠷᠤᠵᠤ ᠲᠥᠯᠥᠪᠯᠡᠬᠦ ᠲᠤᠰᠬᠠᠢ ᠮᠡᠷᠭᠡᠵᠢᠯ᠎ᠳᠤ ᠣᠷᠣᠵᠤ ᠰᠤᠷᠤᠯᠴᠠᠬᠰᠠᠨ ᠪᠥᠭᠡᠳ ᠰᠤᠷᠭ᠋ᠠᠭᠤᠯᠢ᠎ᠨᠢ ᠠᠩᠬ᠎ᠠ ᠤᠳᠠᠭ᠎ᠠ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ ᠵᠢ ᠪᠠᠢ᠌ᠭᠤᠯᠬᠤ᠎ᠳᠤ ᠲᠡᠷᠡ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ ᠵᠢᠨ ᠨᠢᠭᠡ ᠭᠡᠰᠢᠭᠦᠨ᠎ᠨᠢ ᠪᠣᠯᠵᠠᠢ᠃ ᠲᠥᠪᠯᠡᠷᠡᠭᠦᠯᠦᠨ ᠪᠣᠯᠪᠠᠰᠤᠷᠠᠭᠤᠯᠬᠤ ᠶᠠᠪᠤᠴᠠ᠎ᠳᠤ᠂ ᠸᠠᠩ ᠵᠢᠶᠠ ᠸᠧᠢ ᠰᠢᠮᠳᠠᠨ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠵᠤ᠂ ᠵᠣᠷᠢᠭᠲᠠᠢ᠎ᠪᠠᠷ ᠰᠤᠳᠤᠯᠵᠤ᠂ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ᠎ᠳᠠᠭᠠᠨ ᠨᠢᠭᠡᠳᠦᠭᠡᠷ ᠨᠡᠷᠡᠰ᠎ᠤᠨ ᠬᠢᠷᠢ ᠪᠦᠲᠦᠮᠵᠢ᠎ᠪᠠᠷ ᠤᠯᠠᠨ᠎ᠤ ᠳᠤᠮᠳᠠ᠎ᠠᠴᠠ ᠴᠣᠯᠭᠣᠷᠠᠨ ᠭᠠᠷᠤᠭᠰᠠᠨ ᠪᠠᠢ᠌ᠨ᠎ᠠ᠃

      2021 ᠣᠨ᠎ᠳᠤ᠂ 19 ᠨᠠᠰᠤᠲᠠᠢ ᠸᠠᠩ ᠵᠢᠶᠠ ᠸᠧᠢ ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠰᠢᠯᠭ᠋ᠠᠨ ᠣᠷᠣᠵᠤ᠂ ᠮᠠᠲ᠋ᠧᠷᠢᠶᠠᠯ ᠨᠡᠮᠡᠭᠳᠡᠭᠦᠯᠵᠦ ᠦᠢ᠍ᠯᠡᠳᠬᠦ ᠲᠤᠰᠬᠠᠢ ᠮᠡᠷᠭᠡᠵᠢᠯ ᠵᠶ᠋ᠠᠷ ᠰᠤᠷᠤᠯᠴᠠᠬᠤ᠎ᠳᠠᠭᠠᠨ ᠠᠬᠠᠮᠠᠳ ᠨᠢᠭᠡ ᠦᠶ᠎ᠡ ᠵᠢᠨ ᠬᠥᠮᠥᠰ᠎ᠤᠨ ᠵᠣᠷᠢᠭ ᠰᠠᠨᠠᠭ᠋ᠠᠨ᠎ᠠᠴᠠ ᠵᠣᠷᠢᠭᠵᠢᠭᠤᠯᠤᠯ ᠣᠯᠵᠤ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠳᠠᠪᠲᠠᠨ ᠪᠣᠯᠪᠠᠰᠤᠷᠠᠭᠤᠯᠵᠤ᠂ ᠤᠷ᠎ᠠ ᠮᠡᠷᠭᠡᠵᠢᠯ᠎ᠢ ᠨᠠᠷᠢᠯᠢᠭ ᠪᠠᠲᠤᠲᠠᠢ ᠡᠵᠡᠮᠰᠢᠬᠦ᠎ᠪᠠᠷ ᠵᠣᠷᠢᠭ ᠰᠢᠭᠤᠳᠴᠠᠢ᠃ ᠡᠨᠡ ᠬᠤᠭᠤᠴᠠᠭ᠋ᠠᠨ᠎ᠳᠤ ᠲᠡᠷᠡ ᠲᠤᠰᠬᠠᠢ ᠮᠡᠷᠭᠡᠵᠢᠯ᠎ᠤᠨ ᠮᠡᠳᠡᠯᠭᠡ ᠪᠠ ᠮᠡᠷᠭᠡᠵᠢᠯ ᠴᠢᠳᠠᠪᠤᠷᠢ ᠵᠢᠨ ᠬᠢᠷᠢ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠤᠨ ᠳᠤᠮᠳᠠ ᠲᠣᠪᠣᠢ᠌ᠮ᠎ᠠ ᠬᠢᠷᠢ ᠪᠦᠲᠦᠮᠵᠢ ᠣᠯᠵᠠᠢ᠃

      2022 ᠣᠨ᠎ᠤ ᠥᠪᠥᠷ ᠮᠣᠩᠭᠣᠯ᠎ᠤᠨ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠶᠡᠬᠡ ᠤᠷᠤᠯᠳᠤᠭ᠋ᠠᠨ᠎ᠳᠤ᠂ ᠸᠠᠩ ᠵᠢᠶᠠ ᠸᠧᠢ ᠬᠦᠴᠦᠷᠬᠡᠭ᠎ᠠᠴᠠ ᠠᠶᠤᠬᠤ ᠦᠭᠡᠢ᠎ᠪᠠᠷ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠵᠢᠷᠤᠭ ᠲᠥᠯᠥᠪᠯᠡᠭᠡ᠂ 3D ᠳᠠᠷᠤᠮᠠᠯᠯᠠᠬᠤ ᠮᠠᠰᠢᠨ᠎ᠢ ᠠᠵᠢᠯᠯᠠᠭᠤᠯᠬᠤ᠂ ᠭᠤᠷᠪᠠᠨ ᠬᠡᠮᠵᠢᠯᠲᠦ ᠰᠢᠷᠪᠢᠯᠲᠡ ᠵᠢᠨ ᠲᠣᠨᠣᠭ ᠲᠥᠬᠦᠭᠡᠷᠦᠮᠵᠢ᠂ ᠰᠥᠷᠭᠡᠦ ᠴᠢᠭᠯᠡᠯ ᠵᠶ᠋ᠡᠷ ᠵᠠᠭᠪᠤᠷ ᠪᠠᠢ᠌ᠭᠤᠯᠬᠤ ᠵᠡᠷᠭᠡ ᠲᠠᠪᠤᠨ ᠶᠡᠬᠡ ᠡᠭᠦᠷᠭᠡ ᠵᠢ ᠯᠠᠪᠳᠠᠭᠤᠨ ᠬᠢᠨᠠᠭᠤᠷ ᠵᠶ᠋ᠠᠷ ᠪᠡᠶᠡᠯᠡᠭᠦᠯᠵᠦ᠂ ᠤᠷᠤᠯᠳᠤᠭ᠋ᠠᠨ᠎ᠤ ᠮᠠᠲ᠋ᠧᠷᠢᠶᠠᠯ ᠨᠡᠮᠡᠵᠦ ᠦᠢ᠍ᠯᠡᠳᠬᠦ ᠳᠦᠷᠦᠯ ᠵᠦᠢ᠍ᠯ᠎ᠤᠨ ᠮᠥᠩᠭᠥᠨ ᠱᠠᠩᠨᠠᠯ᠎ᠢ ᠲᠤᠰᠴᠠᠢ᠃

      ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠵᠢᠨ ᠨᠢᠭᠡᠨ ᠰᠤᠷᠤᠭᠴᠢ ᠪᠠᠢ᠌ᠭᠰᠠᠨ᠎ᠠᠴᠠ᠎ᠪᠠᠨ ᠠᠯᠬᠤᠮ ᠠᠯᠬᠤᠮ ᠵᠶ᠋ᠠᠷ ᠮᠡᠷᠭᠡᠵᠢᠯ ᠴᠢᠳᠠᠪᠤᠷᠢ ᠵᠢᠨ ᠱᠠᠩᠨᠠᠯ ᠬᠦᠷᠲᠡᠭᠴᠢ ᠪᠣᠯᠤᠭᠰᠠᠨ ᠶᠠᠪᠤᠴᠠ᠎ᠳᠤ᠂ ᠮᠡᠷᠭᠡᠵᠢᠯ ᠴᠢᠳᠠᠪᠤᠷᠢ᠎ᠨᠢ ᠲᠡᠭᠦᠨ᠎ᠤ ᠬᠤᠪᠢ ᠵᠠᠶᠠᠭ᠎ᠠ ᠵᠢ ᠬᠤᠪᠢᠷᠠᠭᠤᠯᠤᠭᠰᠠᠨ ᠶᠤᠮ᠃ ᠸᠠᠩ ᠵᠢᠶᠠ ᠸᠧᠢ᠄ 《ᠰᠢᠨ᠎ᠡ ᠴᠠᠭ ᠦᠶ᠎ᠡ ᠵᠢᠨ ᠮᠡᠷᠭᠡᠵᠢᠯ᠎ᠤᠨ ᠵᠠᠯᠠᠭᠤ ᠪᠣᠯᠤᠭᠰᠠᠨ᠎ᠤ ᠬᠤᠪᠢ᠎ᠳᠤ᠂ ᠪᠢ ᠰᠤᠷᠤᠯᠴᠠᠬᠤ ᠪᠠ ᠥᠪᠡᠷ᠎ᠢ᠎ᠪᠠᠨ ᠳᠡᠭᠡᠭᠰᠢᠯᠡᠭᠦᠯᠬᠦ ᠲᠣᠬᠢᠶᠠᠯ ᠪᠦᠬᠦᠨ᠎ᠢ ᠡᠵᠡᠮᠳᠡᠵᠦ᠂ ᠵᠣᠷᠢᠭᠲᠠᠢ᠎ᠪᠠᠷ ᠲᠤᠷᠰᠢᠬᠤ ᠪᠠ ᠰᠢᠨ᠎ᠡ ᠵᠢ ᠡᠭᠦᠳᠴᠦ᠂ ᠰᠢᠷᠭ᠋ᠠᠭᠤ ᠰᠤᠷᠤᠯᠴᠠᠨ ᠬᠠᠲᠠᠭᠤᠵᠢᠯᠲᠠᠢ ᠪᠣᠯᠪᠠᠰᠤᠷᠠᠵᠤ᠂ ᠨᠢᠭᠲᠠ᠎ᠠᠴᠠ ᠨᠢᠭᠲᠠ ᠪᠠᠶ᠋ᠢᠬᠤ ᠵᠢ ᠬᠥᠭᠡᠭᠡᠴᠡᠯᠳᠦᠵᠦ᠂ ᠥᠨᠳᠥᠷ ᠬᠡᠪ ᠪᠣᠯᠪᠠᠰᠤᠷᠠᠯ᠎ᠲᠠᠢ ᠮᠡᠷᠭᠡᠵᠢᠯ ᠴᠢᠳᠠᠪᠤᠷᠢ᠎ᠲᠠᠢ ᠴᠢᠳᠠᠪᠤᠷᠢᠲᠠᠨ ᠪᠣᠯᠬᠤ᠎ᠪᠠᠷ ᠴᠢᠷᠮᠠᠢ᠌ᠵᠤ᠂ ᠤᠷ᠎ᠠ ᠮᠡᠷᠭᠡᠵᠢᠯ ᠵᠶ᠋ᠡᠷ ᠤᠯᠤᠰ᠎ᠲᠠᠭᠠᠨ ᠵᠢᠳᠬᠦᠬᠦ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠨ᠎ᠠ》 ᠭᠡᠪᠡ᠃

      ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠦᠰᠦᠨ ᠪᠣᠶ᠋ᠢᠵᠢᠬᠤ ᠥᠩ ᠰᠢᠮᠡᠯᠢᠭ ᠬᠥᠷᠥᠰᠥ ᠵᠢ ᠵᠤᠵᠠᠭ᠋ᠠᠳᠬᠠᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ᠃ ᠣᠢ᠌ᠷ᠎ᠠ ᠵᠢᠨ ᠵᠢᠯ᠎ᠤᠳ᠎ᠲᠤ᠂ ᠥᠪᠥᠷ ᠮᠣᠩᠭᠣᠯ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠰᠢᠨ᠎ᠡ ᠠᠷᠭ᠎ᠠ ᠵᠠᠮ᠎ᠢ ᠨᠡᠭᠡᠭᠡᠵᠦ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ᠂ ᠬᠡᠷᠡᠭᠯᠡᠬᠦ᠂ ᠤᠷᠮᠠᠰᠢᠭᠤᠯᠬᠤ ᠡᠷᠴᠢᠮ ᠵᠶ᠋ᠡᠨ ᠲᠠᠰᠤᠷᠠᠯᠲᠠ ᠦᠭᠡᠢ ᠴᠢᠩᠭ᠋ᠠᠷᠠᠭᠤᠯᠤᠨ᠂ 《ᠤᠷ᠎ᠠ ᠮᠡᠷᠭᠡᠵᠢᠯ᠎ᠤᠨ ᠥᠪᠥᠷ ᠮᠣᠩᠭᠣᠯ》᠎ᠤᠨ ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠵᠦ᠂ 《ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ》᠂ 《ᠠᠵᠤ ᠠᠬᠤᠢ᠌ᠯᠠᠯ᠎ᠤᠨ ᠰᠢᠨ᠎ᠡ ᠮᠠᠶᠢᠭ᠎ᠤᠨ ᠱᠠᠪᠢ ᠣᠷᠣᠬᠤ ᠳᠦᠷᠢᠮ》 ᠵᠡᠷᠭᠡ ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠬᠡᠪᠴᠢᠶ᠎ᠡ ᠵᠢ ᠲᠠᠰᠤᠷᠠᠯᠲᠠ ᠦᠭᠡᠢ ᠪᠤᠵᠠᠭ᠋ᠠᠢ᠌ᠷᠠᠭᠤᠯᠪᠠ᠃

      ᠣᠳᠣ ᠪᠣᠯᠲᠠᠯ᠎ᠠ᠂ ᠥᠪᠥᠷ ᠮᠣᠩᠭᠣᠯ᠎ᠳᠤ 29 ᠤᠯᠤᠰ᠎ᠤᠨ ᠲᠠᠰ᠎ᠤᠨ᠂ 99 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠭᠤᠯᠤᠯ᠎ᠤᠨ ᠰᠠᠭᠤᠷᠢᠨ᠎ᠢ ᠪᠠᠢ᠌ᠭᠤᠯᠵᠤ᠂ 50 ᠤᠯᠤᠰ᠎ᠤᠨ ᠲᠠᠰ᠎ᠤᠨ᠂ 92 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠢ ᠪᠠᠢ᠌ᠭᠤᠯᠵᠤ᠂ ᠪᠥᠬᠥ ᠣᠷᠣᠨ᠎ᠤ ᠮᠡᠷᠭᠡᠵᠢᠯ ᠴᠢᠳᠠᠪᠤᠷᠢ ᠵᠢᠨ ᠴᠢᠳᠠᠪᠤᠷᠢᠲᠠᠨ᠎ᠤ ᠶᠡᠷᠦᠩᠬᠡᠢ ᠲᠣᠭ᠎ᠠ 385 ᠲᠦᠮᠡ᠎ᠳᠤ ᠬᠦᠷᠴᠦ᠂ 11 ᠳᠤᠮᠳᠠᠳᠤ ᠵᠢᠨ ᠮᠡᠷᠭᠡᠵᠢᠯ ᠴᠢᠳᠠᠪᠤᠷᠢ ᠵᠢᠨ ᠲᠣᠮᠣ ᠱᠠᠩᠨᠠᠯ ᠬᠦᠷᠲᠡᠭᠴᠢ᠂ 94 ᠪᠥᠬᠥ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ᠂ 2300 ᠭᠠᠷᠤᠢ ᠪᠥᠬᠥ ᠣᠷᠣᠨ᠎ᠤ ᠮᠡᠷᠭᠡᠵᠢᠯ᠎ᠤᠨ ᠴᠢᠳᠠᠪᠤᠷᠢᠲᠠᠨ ᠴᠣᠯᠭᠣᠷᠠᠨ ᠭᠠᠷᠴᠤ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠎ᠳᠤ ᠬᠦᠴᠦᠷᠬᠡᠭ ᠶᠡᠬᠡ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ 《ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠳᠤ ᠰᠢᠢ᠍ᠳᠬᠡᠯ ᠥᠭᠬᠦ ᠲᠣᠭᠲᠠᠭ᠋ᠠᠯ》᠎ᠤᠨ ᠲᠤᠬᠠᠢ ᠰᠤᠷᠪᠤᠯᠵᠢᠯᠠᠬ᠍ᠴᠢ ᠵᠢᠨ ᠠᠰᠠᠭᠤᠯᠲᠠ ᠵᠢ ᠬᠠᠷᠢᠭᠤᠯᠪᠠ
《ᠨᠡᠢ᠌ᠭᠡᠮ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠳᠦᠷᠢᠮ》᠎ᠤᠨ ᠬᠠᠯᠠᠮᠰᠢᠯ ᠠᠰᠠᠭᠤᠳᠠᠯ᠎ᠤᠨ ᠲᠤᠬᠠᠢ ᠲᠠᠢ᠌ᠯᠤᠮᠵᠢ
ᠶᠠᠨ ᠴᠢᠩ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠤᠳᠤᠯᠭ᠋ᠠᠨ ᠵᠢᠴᠢ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ
ᠠᠵᠢᠯ᠎ᠤᠨ ᠣᠨ᠎ᠤ ᠮᠥᠩᠭᠥ ᠵᠢᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《2023 ᠣᠨ · ᠡᠷᠭᠢᠴᠡᠭᠦᠯᠦᠯ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠠᠷᠪᠠᠳᠤᠭ᠋ᠠᠷ ᠲᠠᠯᠠᠪᠠᠢ — ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠤᠰᠬᠠᠢ ᠲᠡᠯᠡᠪᠡᠢ ᠰᠣᠨᠢᠨ ᠮᠡᠳᠡᠭᠡ ᠨᠡᠢ᠌ᠲᠡᠯᠡᠬᠦ ᠬᠤᠷᠠᠯ
 
            