ᠨᠠᠮ ᠪᠠ ᠤᠯᠤᠰ᠎ᠤᠨ ᠴᠢᠬᠤᠯᠠ ᠶᠡᠬᠡ ᠠᠷᠭ᠎ᠠ ᠪᠣᠳᠣᠯᠭ᠎ᠠ ᠵᠢᠨ ᠲᠤᠬᠠᠢ ᠤᠨᠤᠯ᠎ᠤᠨ ᠲᠠᠢ᠌ᠯᠪᠤᠷᠢᠯᠠᠯᠲᠠ ᠵᠢ ᠴᠢᠩᠭ᠋ᠠᠳᠬᠠᠬᠤ ᠪᠣᠯ ᠰᠢᠨᠵᠢᠯᠡᠬᠦ ᠤᠬᠠᠭ᠋ᠠᠨᠴᠢ᠎ᠪᠠᠷ ᠲᠠᠨᠢᠨ ᠮᠡᠳᠡᠬᠦᠢ᠂ ᠠᠷᠭ᠎ᠠ ᠪᠣᠳᠣᠯᠭ᠎ᠠ ᠵᠢᠨ ᠠᠭᠤᠯᠭ᠎ᠠ ᠵᠢ ᠣᠨᠣᠪᠴᠢᠲᠠᠢ ᠡᠵᠡᠮᠰᠢᠬᠦ᠂ ᠠᠷᠭ᠎ᠠ ᠪᠣᠳᠣᠯᠭ᠎ᠠ ᠵᠢᠨ ᠬᠠᠷᠠᠯᠲᠠ ᠵᠢ ᠪᠦᠲᠦᠮᠵᠢᠲᠡᠢ ᠦᠢ᠍ᠯᠡᠳᠦᠯᠭᠡᠵᠢᠭᠦᠯᠬᠦ ᠵᠢᠨ ᠤᠷᠢᠲᠠᠯ ᠮᠥᠨ᠂ ᠲᠡᠷᠡ᠎ᠨᠢ ᠠᠷᠭ᠎ᠠ ᠪᠣᠳᠣᠯᠭ᠎ᠠ ᠵᠢᠨ ᠲᠤᠬᠠᠢ ᠲᠠᠨᠢᠨ ᠮᠡᠳᠡᠬᠦᠢ ᠵᠢᠨ ᠢᠲᠡᠭᠡᠬᠦ ᠬᠡᠮᠵᠢᠶ᠎ᠡ᠂ ᠬᠡᠷᠡᠭᠵᠢᠭᠦᠯᠦᠯᠲᠡ ᠵᠢᠨ ᠦᠷ᠎ᠡ ᠠᠰᠢᠭ᠎ᠤᠨ ᠬᠡᠮᠵᠢᠶ᠎ᠡ ᠵᠢ ᠳᠡᠭᠡᠭᠰᠢᠯᠡᠭᠦᠯᠵᠦ ᠴᠢᠳᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠦᠢ᠍ᠯᠡᠴᠢᠯᠡᠬᠦ ᠴᠢᠬᠤᠯᠠ ᠶᠡᠬᠡ ᠠᠷᠭ᠎ᠠ ᠪᠣᠳᠣᠯᠭ᠎ᠠ ᠮᠥᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠨᠤᠯ᠎ᠢ ᠬᠦᠴᠦᠨ ᠪᠣᠯᠭ᠋ᠠᠨ ᠬᠤᠪᠢᠷᠠᠭᠤᠯᠪᠠᠯ ᠰᠠᠶᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠳᠤᠮᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠳᠡᠯᠭᠡᠬᠦ ᠬᠦᠴᠦᠨ᠎ᠤ ᠦᠢ᠍ᠯᠡᠳᠦᠯ᠎ᠢ ᠨᠡᠩ ᠭᠦᠨᠵᠡᠭᠡᠢ᠂ ᠨᠡᠩ ᠪᠦᠲᠦᠮᠵᠢᠲᠡᠢ᠎ᠪᠠᠷ ᠪᠠᠳᠠᠷᠠᠭᠤᠯᠵᠤ ᠴᠢᠳᠠᠨ᠎ᠠ᠃
ᠤᠨᠤᠯ ᠪᠣᠯ ᠠᠯᠢ ᠤᠯᠠᠨ ᠤᠬᠠᠭᠳᠠᠬᠤᠨ᠂ ᠠᠢ᠂ ᠤᠭ ᠶᠣᠰᠣ ᠵᠡᠷᠭᠡ᠎ᠪᠠᠷ ᠪᠦᠷᠢᠯᠳᠦᠭᠰᠡᠨ ᠪᠦᠷᠢᠨ ᠪᠦᠲᠦᠨ ᠮᠡᠳᠡᠯᠭᠡ ᠵᠢᠨ ᠪᠦᠲᠦᠴᠡ ᠪᠠ ᠦᠵᠡᠯ ᠰᠠᠨᠠᠭ᠋ᠠᠨ᠎ᠤ ᠰᠢᠰᠲ᠋ᠧᠮ ᠮᠥᠨ᠂ ᠬᠡᠢ᠌ᠰᠪᠦᠷᠢ ᠴᠢᠨᠠᠷ᠂ ᠯᠣᠭᠢᠭᠴᠢ ᠴᠢᠨᠠᠷ᠂ ᠰᠢᠰᠲ᠋ᠧᠮᠲᠦ ᠴᠢᠨᠠᠷ᠂ ᠨᠤᠲᠠᠯᠠᠵᠤ ᠪᠣᠯᠬᠤ ᠴᠢᠨᠠᠷ ᠬᠢᠭᠡᠳ ᠬᠠᠭᠤᠷᠮᠠᠭ ᠪᠣᠯᠬᠤ ᠵᠢ ᠭᠡᠷᠡᠴᠢᠯᠡᠵᠦ ᠪᠣᠯᠣᠰᠢ ᠦᠭᠡᠢ ᠴᠢᠨᠠᠷ ᠪᠣᠯ ᠤᠨᠤᠯ᠎ᠤᠨ ᠦᠨᠳᠦᠰᠦᠨ ᠣᠨᠴᠠᠯᠢᠭ ᠮᠥᠨ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠭᠡᠬᠦ ᠡᠨᠡ ᠬᠦ᠌ ᠪᠤᠰᠤᠳᠴᠢ ᠣᠷᠣᠰᠢᠬᠤᠢ ᠵᠢᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ ᠮᠥᠨ᠂ ᠲᠡᠷᠡ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠮᠥᠨ ᠴᠢᠨᠠᠷ᠎ᠢ ᠲᠤᠰᠬᠠᠳᠠᠭ᠂ ᠪᠢᠳᠡ ᠤᠬᠠᠭᠳᠠᠬᠤᠨ ᠵᠶ᠋ᠠᠷ ᠮᠠᠭ᠋ᠠᠳᠯᠠᠨ ᠵᠦᠢ᠍ᠴᠢᠯᠡᠬᠦ᠂ ᠯᠣᠭᠢᠭ ᠵᠶ᠋ᠠᠷ ᠤᠯᠠᠷᠢᠭᠤᠯᠤᠨ ᠲᠥᠰᠥᠭᠡᠯᠡᠬᠦ᠎ᠪᠠᠷ ᠳᠠᠮᠵᠢᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯᠲᠡ ᠵᠢᠨ ᠲᠤᠬᠠᠢ ᠮᠡᠳᠡᠯᠭᠡ ᠵᠢᠨ ᠰᠢᠰᠲ᠋ᠧᠮ᠎ᠢ ᠣᠯᠬᠤ ᠴᠢᠬᠤᠯᠠᠲᠠᠢ ᠶᠤᠮ᠃
ᠣᠳᠣᠬᠠᠨ᠎ᠳᠤ᠂ ᠮᠠᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠤᠬᠠᠢ ᠤᠨᠤᠯ᠎ᠤᠨ ᠰᠤᠳᠤᠯᠭ᠋ᠠᠨ ᠪᠠᠰᠠ ᠲᠠᠰᠤᠷᠠᠯᠲᠠ ᠦᠭᠡᠢ ᠭᠦᠨᠵᠡᠭᠡᠢ᠌ᠷᠡᠵᠦ ᠪᠠᠢ᠌ᠨ᠎ᠠ᠂ ᠤᠬᠠᠭᠳᠠᠬᠤᠨ᠎ᠤ ᠲᠠᠯ᠎ᠠ᠎ᠠᠴᠠ ᠠᠪᠴᠤ ᠬᠡᠯᠡᠭᠰᠡᠨ ᠴᠦ᠍ ᠲᠡᠷᠡ᠂ ᠶᠣᠰᠣ ᠵᠦᠢ ᠵᠢᠮ᠎ᠡ ᠬᠠᠤᠯᠢ ᠵᠢᠨ ᠲᠠᠯ᠎ᠠ᠎ᠠᠴᠠ ᠬᠡᠯᠡᠭᠰᠡᠨ ᠴᠤ᠌ ᠲᠡᠷᠡ᠂ ᠴᠥᠮ ᠲᠠᠰᠤᠷᠠᠯᠲᠠ ᠦᠭᠡᠢ ᠥᠷᠭᠡᠳᠬᠡᠬᠦ ᠪᠠ ᠭᠦᠨᠵᠡᠭᠡᠢ᠌ᠷᠡᠭᠦᠯᠬᠦ ᠴᠢᠷᠮᠠᠢ᠌ᠯᠭ᠎ᠠ ᠵᠢᠨ ᠵᠠᠮ ᠳᠤᠮᠳᠠ ᠣᠷᠣᠰᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠬᠢᠭᠡᠳ ᠣᠲᠣ ᠦᠶ᠎ᠡ ᠵᠢᠨ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠬᠣᠭᠤᠷᠤᠨᠳᠤᠬᠢ ᠬᠠᠷᠢᠴᠠᠭ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠬᠢᠭᠡᠳ ᠣᠷᠣᠨ ᠪᠦᠰᠡ ᠵᠢᠨ ᠬᠠᠮᠲᠤ ᠵᠢᠨ ᠴᠣᠭᠴᠠ ᠵᠢᠴᠢ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠬᠠᠷᠢᠴᠠᠭ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠦᠬᠡᠨ ᠶᠠᠪᠤᠴᠠ ᠬᠢᠭᠡᠳ ᠪᠦᠲᠦᠴᠡ ᠵᠢᠨ ᠤᠯᠠᠷᠢᠯᠲᠠ ᠵᠢᠨ ᠵᠢᠮ᠎ᠡ ᠶᠣᠰᠣ ᠵᠡᠷᠭᠡ ᠴᠢᠬᠤᠯᠠ ᠶᠡᠬᠡ ᠠᠰᠠᠭᠤᠳᠠᠯ᠎ᠤᠨ ᠲᠤᠬᠠᠢ ᠲᠠᠨᠢᠯᠲᠠ ᠪᠠᠰᠠ ᠤᠯᠠᠮ ᠨᠢᠭᠡ ᠠᠯᠬᠤᠮ ᠭᠦᠨᠵᠡᠭᠡᠢ᠌ᠷᠡᠵᠦ ᠪᠠᠢ᠌ᠨ᠎ᠠ᠃
ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠶᠢᠰᠦᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ᠂ 《ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠲᠡᠦᠬᠡ᠎ᠳᠤ ᠰᠠᠭᠤᠷᠢᠯᠠᠵᠤ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠵᠢᠨ ᠯᠣᠭᠢᠭ᠂ ᠤᠨᠤᠯ᠎ᠤᠨ ᠯᠣᠭᠢᠭ᠎ᠢ ᠵᠢᠷᠤᠮᠯᠠᠵᠤ᠂ ᠳᠤᠮᠳᠠᠳᠤ ᠵᠢᠨ ᠦᠨᠳᠦᠰᠦᠲᠡᠨ᠎ᠤ ᠪᠦᠷᠢᠯᠳᠦᠯ ᠪᠠ ᠬᠥᠭᠵᠢᠯᠲᠡ ᠵᠢᠨ ᠶᠣᠰᠣ ᠤᠴᠢᠷ᠂ ᠶᠣᠰᠣ ᠵᠦᠢ᠂ ᠭᠦᠨ ᠶᠣᠰᠣ ᠵᠢ ᠰᠢᠨᠵᠢᠯᠡᠬᠦ ᠤᠬᠠᠭ᠋ᠠᠨᠴᠢ᠎ᠪᠠᠷ ᠢᠯᠡᠷᠡᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃ ᠡᠨᠡ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲ᠋ᠧᠮ᠎ᠤᠨ ᠪᠠᠢ᠌ᠭᠤᠯᠤᠯᠲᠠ᠎ᠳᠤ ᠬᠣᠶᠠᠷ ᠠᠷᠭ᠎ᠠ ᠵᠠᠮ᠎ᠢ ᠵᠢᠭ᠋ᠠᠵᠤ ᠥᠭᠴᠡᠢ᠄ ᠲᠤᠷᠰᠢᠯᠭ᠎ᠠ ᠵᠢᠨ ᠠᠷᠭ᠎ᠠ ᠵᠠᠮ ᠪᠠᠢ᠌ᠭᠤᠯᠤᠯᠲᠠ ᠵᠢᠨ ᠠᠷᠭ᠎ᠠ ᠵᠠᠮ ᠪᠣᠯᠣᠨ᠎ᠠ᠃
ᠶᠠᠮᠠᠷᠪᠠ ᠤᠨᠤᠯ᠎ᠤᠨ ᠰᠢᠰᠲ᠋ᠧᠮ ᠴᠥᠮ ᠲᠤᠷᠰᠢᠯᠭ᠎ᠠ ᠵᠢᠨ ᠰᠢᠰᠲ᠋ᠧᠮ᠎ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯᠲᠡ ᠵᠢᠨ ᠲᠡᠦᠬᠡ᠂ ᠲᠡᠦᠬᠡ ᠵᠢᠨ ᠠᠬᠢᠴᠠ᠎ᠳᠠᠬᠢ ᠠᠭᠤᠯᠤᠭᠳᠠᠵᠤ ᠪᠠᠢ᠌ᠭ᠎ᠠ ᠳᠠᠯᠳᠠ ᠵᠢᠮ᠎ᠡ ᠶᠣᠰᠣ ᠪᠠ ᠰᠢᠢ᠍ᠳᠪᠦᠷᠢᠯᠡᠭᠴᠢ ᠴᠢᠨᠠᠷᠲᠠᠢ ᠡᠯᠧᠮᠧᠨ᠋ᠲ ᠪᠣᠯ ᠳᠠᠷᠤᠢ ᠲᠤᠷᠰᠢᠯᠭ᠎ᠠ ᠵᠢᠨ ᠰᠢᠰᠲ᠋ᠧᠮ ᠪᠣᠯᠣᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠦᠬᠡᠨ ᠶᠠᠪᠤᠴᠠ ᠬᠢᠭᠡᠳ ᠪᠦᠲᠦᠴᠡ ᠵᠢᠨ ᠬᠥᠭᠵᠢᠯᠲᠡ ᠵᠢᠨ ᠳᠤᠮᠳᠠᠬᠢ ᠶᠣᠰᠣ ᠤᠴᠢᠷ᠂ ᠶᠣᠰᠣ ᠵᠦᠢ᠂ ᠭᠦᠨ ᠶᠣᠰᠣ ᠵᠢ ᠢᠯᠡᠷᠡᠭᠦᠯᠬᠦ᠂ ᠨᠡᠪᠲᠡᠷᠬᠡᠢ ᠣᠢ᠌ᠯᠠᠭ᠋ᠠᠬᠤ᠂ ᠬᠡᠢ᠌ᠰᠪᠦᠷᠢᠯᠡᠨ ᠭᠠᠷᠭ᠋ᠠᠬᠤ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲ᠋ᠧᠮ᠎ᠤᠨ ᠪᠠᠢ᠌ᠭᠤᠯᠤᠯᠲᠠ ᠵᠢᠨ ᠲᠤᠷᠰᠢᠯᠭ᠎ᠠ ᠵᠢᠨ ᠠᠷᠭ᠎ᠠ ᠵᠠᠮ ᠮᠥᠨ᠂ ᠡᠭᠦᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠬᠢᠭᠡᠳ ᠬᠥᠭᠵᠢᠯᠲᠡ ᠵᠢᠨ ᠲᠡᠦᠬᠡ ᠵᠢᠨ ᠯᠣᠭᠢᠭ ᠠᠭᠤᠯᠤᠭᠳᠠᠵᠤ ᠪᠠᠢ᠌ᠳᠠᠭ᠃ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ (ᠮᠠᠷᠺᠰ᠎ᠤᠨ ᠦᠵᠡᠯ᠎ᠤᠨ ᠬᠠᠮᠲᠤ ᠵᠢᠨ ᠴᠣᠭᠴᠠ ᠵᠢᠨ ᠤᠨᠤᠯ᠂ ᠤᠯᠤᠰ᠎ᠤᠨ ᠲᠤᠬᠠᠢ ᠰᠤᠷᠭ᠋ᠠᠯ᠂ ᠦᠨᠳᠦᠰᠦᠲᠡᠨ᠎ᠤ ᠤᠨᠤᠯ ᠵᠡᠷᠭᠡ)᠎ᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠬᠤ (ᠶᠡᠬᠡ ᠨᠢᠭᠡᠳᠦᠯ᠎ᠤᠨ ᠤᠯᠠᠮᠵᠢᠯᠠᠯ᠂ ᠡᠯ᠎ᠡ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠬᠢᠭᠡᠳ ᠪᠣᠳᠠᠲᠤ ᠠᠬᠤᠢ ᠵᠡᠷᠭᠡ)᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ (ᠡᠪ ᠨᠠᠶ᠋ᠢᠷᠰᠠᠭ ᠰᠣᠶᠣᠯ᠂ ᠳᠡᠯᠡᠬᠡᠢ ᠳ᠋ᠠᠬᠢᠨ ᠵᠶ᠋ᠠᠷ ᠵᠶ᠋ᠠᠨ ᠨᠢᠭᠡ ᠭᠡᠷ ᠭᠡᠬᠦ ᠮᠡᠲᠦ)᠎ᠲᠠᠢ ᠤᠶᠠᠯᠳᠤᠭᠤᠯᠬᠤ ᠪᠣᠯ ᠰᠢᠨᠵᠢᠯᠡᠬᠦ ᠤᠬᠠᠭ᠋ᠠᠨᠴᠢ ᠤᠨᠤᠯ᠎ᠤᠨ ᠵᠦᠢ᠍ᠴᠢᠯᠡᠬᠦ᠂ ᠤᠳᠬ᠎ᠠ ᠰᠢᠯᠵᠢᠭᠦᠯᠬᠦ᠂ ᠪᠦᠷᠢᠯᠳᠦᠭᠦᠯᠬᠦ ᠦᠢ᠍ᠯᠡᠳᠦᠯ ᠴᠢᠳᠠᠪᠤᠷᠢ ᠵᠢ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲ᠋ᠧᠮ᠎ᠢ ᠪᠠᠢ᠌ᠭᠤᠯᠬᠤ ᠠᠷᠭ᠎ᠠ ᠵᠠᠮ ᠮᠥᠨ᠂ ᠡᠭᠦᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯᠲᠡ ᠵᠢᠨ ᠤᠨᠤᠯ᠎ᠤᠨ ᠯᠣᠭᠢᠭ ᠠᠭᠤᠯᠤᠭᠳᠠᠵᠤ ᠪᠠᠢ᠌ᠳᠠᠭ᠃
ᠤᠨᠤᠯ᠎ᠤᠨ ᠰᠤᠳᠤᠯᠭ᠋ᠠᠨ᠂ ᠴᠢᠳᠠᠪᠤᠷᠢᠲᠠᠨ᠎ᠢ ᠬᠥᠮᠥᠵᠢᠭᠦᠯᠬᠦ᠂ ᠮᠡᠳᠡᠯᠭᠡ ᠵᠢᠨ ᠦᠢ᠍ᠯᠡᠳᠪᠦᠷᠢᠯᠡᠯ ᠬᠢᠭᠡᠳ ᠳᠠᠮᠵᠢᠭᠤᠯᠭ᠎ᠠ᠎ᠨᠢ ᠴᠥᠮ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ᠎ᠠᠴᠠ ᠰᠠᠯᠵᠤ ᠴᠢᠳᠠᠬᠤ ᠦᠭᠡᠢ ᠶᠤᠮ᠃ ᠪᠣᠯᠪᠠᠰᠤᠷᠠᠩᠭᠤᠢ ᠪᠣᠯᠤᠭᠰᠠᠨ ᠰᠢᠨᠵᠢᠯᠡᠭᠡᠨ᠎ᠤ ᠰᠠᠯᠠᠭ᠎ᠠ᠎ᠨᠢ ᠰᠢᠰᠲ᠋ᠧᠮ᠎ᠲᠠᠢ ᠪᠦᠷᠢᠨ ᠪᠦᠲᠦᠨ ᠮᠡᠳᠡᠯᠭᠡ ᠵᠢᠨ ᠰᠢᠰᠲ᠋ᠧᠮ᠂ ᠯᠣᠭᠢᠭ ᠵᠶ᠋ᠠᠷ ᠴᠢᠩᠭ᠎ᠠ ᠠᠪᠴᠠᠯᠳᠤᠩᠭᠤᠢ ᠤᠨᠤᠯ᠎ᠤᠨ ᠰᠢᠰᠲ᠋ᠧᠮ᠎ᠤᠨ ᠲᠤᠯᠭ᠋ᠠᠭᠤᠷᠢᠯᠠᠯ᠎ᠢ ᠱᠠᠭ᠋ᠠᠷᠳᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠴᠢᠬᠤᠯᠠ ᠶᠡᠬᠡ ᠰᠠᠭᠤᠷᠢᠯᠠᠬᠤ ᠴᠢᠨᠠᠷᠲᠠᠢ ᠠᠰᠠᠭᠤᠳᠠᠯ᠎ᠤᠨ ᠰᠤᠳᠤᠯᠭ᠋ᠠᠨ᠎ᠢ ᠭᠦᠨᠵᠡᠭᠡᠢ᠌ᠷᠡᠭᠦᠯᠬᠦ᠎ᠳᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠭ᠋ᠠᠨ》᠎ᠤ ᠲᠡᠷᠢᠭᠦᠨ ᠵᠡᠷᠭᠡ ᠵᠢᠨ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ ᠵᠢ ᠠᠬᠢᠭᠤᠯᠬᠤ ᠵᠢ ᠱᠠᠭ᠋ᠠᠷᠳᠠᠨ᠎ᠠ᠃ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠭ᠋ᠠᠨ》᠎ᠤ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ᠎ᠪᠠᠷ ᠳᠠᠭ᠋ᠠᠭᠤᠯᠤᠭᠴᠢ ᠪᠣᠯᠭ᠋ᠠᠵᠤ᠂ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ ᠵᠢᠨ ᠳᠤᠮᠳᠠᠳᠤ ᠤᠯᠤᠰ᠎ᠤᠨ ᠪᠡᠶ᠎ᠡ᠎ᠪᠠᠨ ᠳᠠᠭ᠋ᠠᠭ᠋ᠠᠬᠤ ᠴᠢᠨᠠᠷ᠎ᠢ ᠲᠤᠪᠤᠢ᠍ᠢ᠍ᠯᠭ᠋ᠠᠵᠦ᠂ ᠣᠲᠣ᠎ᠤᠨ ᠪᠠᠢ᠌ᠭ᠎ᠠ ᠦᠨᠳᠦᠰᠦᠲᠡᠨ᠎ᠤ ᠤᠬᠠᠭ᠋ᠠᠨ᠂ ᠤᠯᠤᠰ ᠲᠥᠷᠥ ᠵᠢᠨ ᠤᠬᠠᠭ᠋ᠠᠨ᠂ ᠨᠡᠢ᠌ᠭᠡᠮ᠎ᠤᠨ ᠤᠬᠠᠭ᠋ᠠᠨ᠂ ᠠᠵᠤ ᠠᠬᠤᠢ ᠵᠢᠨ ᠤᠬᠠᠭ᠋ᠠᠨ᠂ ᠬᠠᠮᠢᠶᠠᠷᠤᠯᠲᠠ ᠵᠢᠨ ᠤᠬᠠᠭ᠋ᠠᠨ ᠵᠡᠷᠭᠡ ᠰᠢᠨᠵᠢᠯᠡᠭᠡᠨ᠎ᠤ ᠰᠠᠯᠠᠭ᠎ᠠ ᠵᠢ ᠰᠢᠯᠢᠳᠡᠭᠵᠢᠭᠦᠯᠦᠨ ᠲᠣᠬᠢᠷᠠᠭᠤᠯᠬᠤ ᠵᠢ ᠬᠥᠲᠥᠯᠥᠨ ᠲᠠᠢ᠍ᠢ᠍ᠴᠢᠯᠠᠵᠦ᠂ ᠤᠯᠠᠨ ᠰᠢᠨᠵᠢᠯᠡᠭᠡᠨ᠎ᠤ ᠰᠠᠯᠠᠭ᠎ᠠ ᠵᠢ ᠰᠣᠯᠪᠢᠴᠠᠭᠤᠯᠤᠨ ᠰᠤᠳᠤᠯᠬᠤ᠎ᠳᠤ ᠬᠦᠴᠦᠨ ᠴᠢᠳᠠᠯ ᠣᠯᠭᠣᠬᠤ ᠬᠡᠷᠡᠭᠲᠡᠢ᠃ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ᠎ᠳᠤ ᠪᠠᠢ᠌ᠭᠤᠯᠬᠤ ᠠᠯᠬᠤᠮ ᠳᠠᠷᠠᠭ᠎ᠠ᠂ ᠬᠢᠴᠢᠶᠡᠯ᠎ᠤᠨ ᠲᠣᠬᠢᠷᠠᠭᠤᠯᠤᠯᠲᠠ᠂ ᠵᠢᠭ᠋ᠠᠬᠤ ᠮᠠᠲ᠋ᠧᠷᠢᠶᠠᠯ᠎ᠤᠨ ᠪᠠᠢ᠌ᠭᠤᠯᠤᠯᠲᠠ᠂ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠵᠢ ᠪᠦᠬᠦᠯᠢ ᠴᠣᠭᠴᠠ᠎ᠪᠠᠷ᠎ᠨᠢ ᠲᠥᠯᠥᠪᠵᠢᠭᠦᠯᠵᠦ᠂ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ᠂ ᠡᠩᠨᠡᠭᠡᠨ᠎ᠤ ᠪᠠᠢ᠌ᠭᠤᠯᠤᠯᠲᠠ᠂ ᠴᠢᠳᠠᠪᠤᠷᠢᠲᠠᠨ᠎ᠢ ᠬᠥᠮᠥᠵᠢᠭᠦᠯᠬᠦ ᠵᠢ ᠵᠡᠷᠭᠡ᠎ᠪᠠᠷ ᠠᠬᠢᠭᠤᠯᠬᠤ ᠵᠢ ᠪᠡᠶᠡᠯᠡᠭᠦᠯᠵᠦ᠂ ᠡᠭᠦᠨ ᠵᠶ᠋ᠡᠷ ᠳᠤᠮᠳᠠᠳᠤ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠦᠬᠡᠨ ᠮᠠᠲ᠋ᠧᠷᠢᠶᠠᠯ᠎ᠤᠨ ᠰᠢᠰᠲ᠋ᠧᠮ᠂ ᠦᠭᠡ ᠶᠠᠷᠢᠶᠠᠨ᠎ᠤ ᠰᠢᠰᠲ᠋ᠧᠮ᠂ ᠤᠨᠤᠯ᠎ᠤᠨ ᠰᠢᠰᠲ᠋ᠧᠮ᠎ᠢ ᠲᠦᠷᠭᠡᠪᠴᠢᠯᠡᠨ ᠪᠦᠷᠢᠯᠳᠦᠭᠦᠯᠬᠦ ᠬᠡᠷᠡᠭᠲᠡᠶ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲ᠋ᠧᠮ ᠬᠢᠭᠡᠳ ᠰᠢᠨᠵᠢᠯᠡᠭᠡᠨ᠎ᠤ ᠰᠠᠯᠠᠭ᠎ᠠ ᠵᠢᠨ ᠰᠢᠰᠲ᠋ᠧᠮ᠎ᠤᠨ ᠪᠠᠢ᠌ᠭᠤᠯᠤᠯᠲᠠ᠎ᠳᠤ ᠬᠦᠴᠦ᠎ᠪᠠᠨ ᠲᠥᠪᠯᠡᠷᠡᠭᠦᠯᠵᠦ᠂ ᠬᠠᠷᠢᠯᠴᠠᠨ ᠠᠬᠢᠭᠤᠯᠵᠤ᠂ ᠬᠠᠷᠢᠯᠴᠠᠨ ᠲᠤᠰᠠᠯᠠᠯᠴᠠᠬᠤ᠎ᠪᠠᠷ ᠴᠢᠷᠮᠠᠢ᠌ᠵᠤ᠂ ᠲᠤᠰᠬᠠᠢ ᠮᠡᠷᠭᠡᠵᠢᠯᠲᠡᠨ ᠡᠷᠳᠡᠮᠲᠡᠳ᠎ᠤᠨ ᠬᠠᠮᠲᠤᠷᠠᠯ ᠬᠦᠴᠦᠨ᠎ᠢ ᠪᠤᠢ ᠪᠣᠯᠭ᠋ᠠᠵᠤ᠂ ᠵᠠᠯᠠᠭᠤ ᠲᠤᠰᠬᠠᠢ ᠮᠡᠷᠭᠡᠵᠢᠯᠲᠡᠨ ᠡᠷᠳᠡᠮᠲᠡᠳ᠎ᠢ ᠬᠥᠮᠥᠵᠢᠭᠦᠯᠦᠨ ᠦᠷᠭᠦᠯᠵᠢᠯᠡᠨ ᠵᠠᠯᠭ᠋ᠠᠨ ᠠᠪᠴᠤ ᠬᠦᠴᠦᠯᠡᠨ ᠴᠢᠷᠮᠠᠢ᠌ᠵᠤ᠂ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠰᠢᠭᠤᠯᠬᠤ᠂ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠲᠡᠦᠬᠡ᠎ᠳᠤ ᠰᠠᠭᠤᠷᠢᠯᠠᠭᠰᠠᠨ᠂ ᠳᠤᠮᠳᠠᠳᠤ ᠤᠯᠤᠰ᠎ᠤᠨ ᠦᠢ᠍ᠯᠡᠳᠦᠯᠭᠡ ᠵᠢ ᠲᠠᠢ᠌ᠯᠪᠤᠷᠢᠯᠠᠭᠰᠠᠨ᠂ ᠳᠤᠮᠳᠠᠳᠤ ᠤᠯᠤᠰ᠎ᠤᠨ ᠠᠰᠠᠭᠤᠯᠲᠠ ᠵᠢ ᠬᠠᠷᠢᠭᠤᠯᠤᠭᠰᠠᠨ ᠠᠩᠬᠠᠨ᠎ᠤ ᠡᠭᠦᠳᠦᠯᠲᠡ ᠵᠢᠨ ᠴᠢᠨᠠᠷᠲᠠᠢ ᠤᠨᠤᠯ᠎ᠤᠨ ᠦᠷ᠎ᠡ ᠪᠦᠲᠦᠭᠡᠯ᠎ᠢ ᠠᠯᠢ ᠲᠦᠷᠭᠡᠨ ᠵᠶ᠋ᠠᠷ ᠪᠦᠷᠢᠯᠳᠦᠭᠦᠯᠬᠦ ᠬᠡᠷᠡᠭᠲᠡᠢ᠃ (ᠵᠣᠬᠢᠶᠠᠭᠴᠢ ᠪᠣᠯ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠫᠷᠣᠹᠧᠰᠰᠣᠷ)