ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠠᠵᠢᠯ᠎ᠤᠨ ᠣᠨ᠎ᠤ ᠮᠥᠩᠭᠥ ᠵᠢᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2024-02-08

      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠠᠵᠢᠯ᠎ᠤᠨ ᠣᠨ᠎ᠤ ᠮᠥᠩᠭᠥ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ    ᠨᠢᠢ ᠶᠠᠨ ᠮᠢᠩ

      ᠲᠣᠪᠴᠢ ᠠᠭᠤᠯᠭ᠎ᠠ᠄ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠨᠡᠢ᠌ᠭᠡᠮ᠎ᠤᠨ ᠠᠩᠬᠠᠷᠤᠯ ᠲᠠᠯᠪᠢᠵᠤ ᠪᠠᠢ᠌ᠭ᠎ᠠ᠂ ᠤᠯᠠᠨ ᠲᠦᠮᠡᠨ᠎ᠤ ᠬᠠᠠᠯᠠᠮᠵᠢᠯᠠᠵᠤ ᠪᠠᠢ᠌ᠭ᠎ᠠ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠢᠳᠡ 《ᠭᠠᠵᠠᠷ᠎ᠤᠨ ᠳᠠᠷᠤᠭ᠎ᠠ ᠵᠢᠨ ᠰᠦᠯᠵᠢᠶᠡᠨ ᠰᠢᠷᠢᠰ ᠰᠣᠷᠪᠤᠯᠵᠢᠯᠠᠭ᠎ᠠ》 ᠵᠢ ᠨᠡᠢ᠌ᠲᠡᠯᠡᠵᠦ᠂ ᠲᠢᠩᠬᠢᠮ᠎ᠤᠨ ᠰᠢᠰᠲ᠋ᠧᠮ᠎ᠤᠨ ᠳᠣᠲᠣᠷᠠᠬᠢ ᠭᠠᠵᠠᠷ ᠲᠠᠰᠤᠭ ᠨᠢᠭᠡᠴᠢ ᠵᠢᠨ ᠬᠠᠷᠢᠭᠤᠴᠠᠯᠭ᠋ᠠᠲᠠᠨ᠎ᠢ ᠤᠷᠢᠵᠤ ᠲᠥᠷᠥ ᠵᠢᠨ ᠪᠣᠳᠣᠯᠭ᠎ᠠ ᠵᠢᠨ ᠲᠤᠬᠠᠢ ᠲᠠᠢ᠌ᠯᠤᠮᠵᠢ ᠬᠢᠯᠭᠡᠵᠦ ᠪᠣᠢ᠂ ᠠᠩᠬᠠᠷᠤᠯ ᠵᠶ᠋ᠡᠨ ᠬᠠᠨᠳᠤᠭᠤᠯᠤᠮᠤ᠃

      ᠬᠥᠲᠥᠯᠥᠭᠴᠢ᠄

      ᠰᠦᠯᠵᠢᠶᠡᠨ ᠠᠨᠳᠠ ᠨᠠᠷ ᠰᠠᠶ᠋ᠢᠨ ᠪᠠᠢ᠌ᠵᠠᠭ᠋ᠠᠨ᠎ᠠ ᠦᠦ! ᠲᠤᠰ ᠬᠤᠭᠤᠴᠠᠭ᠋ᠠᠨ᠎ᠤ ᠭᠠᠵᠠᠷ᠎ᠤᠨ ᠳᠠᠷᠤᠭ᠎ᠠ ᠵᠢᠨ ᠰᠦᠯᠵᠢᠶᠡᠨ ᠰᠣᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠠᠵᠢᠯ᠎ᠤᠨ ᠣᠨ᠎ᠤ ᠮᠥᠩᠭᠥ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠵᠢ ᠤᠷᠢᠵᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠎ᠳᠤ ᠲᠠᠢ᠌ᠯᠤᠮᠵᠢ ᠬᠢᠯᠭᠡᠬᠦ ᠪᠤᠯᠤᠬᠰᠠᠨ᠎ᠳᠠᠭᠠᠨ ᠮᠠᠰᠢ ᠪᠠᠶᠠᠷ᠎ᠲᠠᠢ ᠪᠠᠢ᠌ᠨ᠎ᠠ᠂ ᠳᠣᠣᠷ᠎ᠠ ᠠᠵᠢᠯ᠎ᠤᠨ ᠣᠨ᠎ᠤ ᠮᠥᠩᠭᠥ ᠵᠢᠨ ᠲᠤᠬᠠᠢ ᠤᠬᠠᠭᠳᠠᠬᠤᠨ᠂ ᠬᠡᠷᠬᠢᠨ ᠰᠦᠢ᠍ᠳᠬᠡᠯ ᠲᠤᠰᠢᠶᠠᠬᠤ᠂ ᠣᠨ᠎ᠤ ᠮᠥᠩᠭᠥ ᠵᠢᠨ ᠡᠵᠡᠩᠨᠡᠯᠲᠡ ᠵᠡᠷᠭᠡ ᠲᠠᠯ᠎ᠠ᠎ᠪᠠᠷ ᠤᠯᠠᠨ᠎ᠯᠤᠭ᠎ᠠ ᠶᠠᠷᠢᠯᠴᠠᠨ ᠰᠣᠯᠢᠯᠴᠠᠬᠤ ᠪᠣᠯᠣᠨ᠎ᠠ᠃ ᠨᠢᠢ ᠭᠠᠵᠠᠷ᠎ᠤᠨ ᠳᠠᠷᠤᠭ᠎ᠠ᠂ ᠲᠠ ᠰᠠᠢ᠌ᠨ ᠦᠦ!

      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄

      ᠬᠥᠲᠥᠯᠥᠭᠴᠢ ᠰᠠᠢ᠍ᠢ᠍ᠨ ᠦᠦ᠂ ᠤᠯᠠᠨ ᠵᠶ᠋ᠠᠷ ᠵᠶ᠋ᠠᠨ ᠰᠠᠢ᠍ᠢ᠍ᠨ ᠪᠠᠢ᠌ᠵᠠᠭ᠋ᠠᠨ᠎ᠠ ᠦᠦ! ᠠᠲᠠ ᠤᠯᠠᠨ᠎ᠲᠠᠢ ᠶᠠᠷᠢᠯᠴᠠᠵᠤ ᠰᠣᠯᠢᠯᠴᠠᠬᠤ ᠪᠣᠯᠤᠭᠰᠠᠨ᠎ᠳᠠᠭᠠᠨ ᠮᠠᠰᠢ ᠪᠠᠶᠠᠷ᠎ᠲᠠᠢ ᠪᠠᠢ᠌ᠨ᠎ᠠ᠃ ᠡᠨᠡ ᠬᠦ᠌ ᠲᠣᠬᠢᠶᠠᠯ ᠵᠶ᠋ᠠᠷ ᠳᠠᠮᠵᠢᠨ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠷᠭᠡᠨ ᠤᠯᠠᠨ ᠰᠦᠯᠵᠢᠶᠡᠨ ᠠᠨᠳᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠢ᠌ᠨ᠎ᠠ!

      ᠬᠥᠲᠥᠯᠥᠭᠴᠢ᠄

      ᠶᠠᠭᠤ ᠵᠢ ᠠᠵᠢᠯ᠎ᠤᠨ ᠣᠨ᠎ᠤ ᠮᠥᠩᠭᠥ ᠭᠡᠬᠦ ᠪᠤᠢ?

      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄

      ᠠᠵᠢᠯ᠎ᠤᠨ ᠣᠨ᠎ᠤ ᠮᠥᠩᠭᠥ ᠪᠣᠯ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ᠎ᠤᠨ ᠥᠭᠡᠷᠡᠴᠢᠯᠡᠯᠲᠡ ᠵᠢᠨ ᠲᠤᠬᠠᠢ ᠲᠣᠭᠲᠠᠭ᠋ᠠᠯ》 (ᠲᠥᠷᠥ ᠵᠢᠨ ᠶᠠᠪᠤᠳᠠᠯ᠎ᠤᠨ ᠬᠣᠷᠢᠶ᠎ᠠ ᠲᠠᠷᠬᠠᠭ᠋ᠠᠪᠠ 2015 ᠣᠨ᠎ᠤ 2 ᠳ᠋ᠤᠭ᠋ᠠᠷ ᠲᠣᠭ᠋ᠠᠲᠤ) ᠶᠣᠰᠣᠭ᠋ᠠᠷ᠂ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠴᠢ ᠲᠡᠭᠦᠨ᠎ᠤ ᠳᠣᠲᠣᠷ᠎ᠠ ᠠᠵᠢᠯᠯᠠᠵᠤ ᠪᠠᠢ᠌ᠭ᠎ᠠ ᠠᠵᠢᠯᠲᠠᠨ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠰᠠᠭᠤᠷᠢᠨ ᠳᠡᠭᠡᠷ᠎ᠡ᠂ ᠬᠠᠤᠯᠢ ᠶᠣᠰᠣᠭ᠋ᠠᠷ ᠪᠠᠢ᠌ᠭᠤᠯᠤᠭᠰᠠᠨ ᠠᠵᠢᠯ᠎ᠤᠨ ᠣᠨ᠎ᠤ ᠮᠥᠩᠭᠥ ᠵᠢᠨ ᠲᠥᠯᠥᠪᠯᠡᠭᠡ᠎ᠪᠠᠷ ᠬᠣᠷᠢᠶᠠᠨ ᠴᠤᠭᠯᠠᠭᠤᠯᠤᠭᠰᠠᠨ ᠪᠡᠯᠡ ᠮᠥᠩᠭᠥ ᠵᠢᠴᠢ ᠲᠡᠭᠦᠨ᠎ᠤ ᠪᠡᠯᠡ ᠣᠷᠣᠭᠤᠯᠵᠤ ᠡᠵᠡᠩᠨᠡᠵᠦ ᠣᠯᠣᠭᠰᠠᠨ ᠠᠰᠢᠭ ᠣᠯᠵᠠᠪᠤᠷᠢ᠎ᠪᠠᠷ ᠪᠦᠷᠢᠯᠳᠦᠭᠰᠡᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠨᠥᠬᠥᠪᠦᠷᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠥ ᠪᠣᠯᠣᠨ᠎ᠠ᠃ ᠠᠵᠢᠯ᠎ᠤᠨ ᠣᠨ᠎ᠤ ᠮᠥᠩᠭᠥ ᠵᠢᠨ ᠳᠦᠷᠢᠮ᠎ᠤᠨ ᠪᠠᠢ᠌ᠭᠤᠯᠤᠭᠳᠠᠭᠰᠠᠨ᠎ᠨᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠦᠢ ᠵᠣᠬᠢᠰᠲᠠᠢ ᠰᠢᠯᠵᠢᠯᠲᠡ ᠵᠢ ᠠᠬᠢᠭᠤᠯᠵᠤ᠂ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠳᠠᠭ᠋ᠠᠳᠬᠠᠯ᠎ᠳᠤ ᠣᠷᠣᠯᠴᠠᠭᠰᠠᠳ᠎ᠤᠨ ᠠᠵᠢᠯ᠎ᠠᠴᠠ᠎ᠪᠠᠨ ᠠᠮᠠᠷᠠᠭᠰᠠᠨ᠎ᠤ ᠳᠠᠷᠠᠭ᠋ᠠᠬᠢ ᠠᠮᠢᠳᠤᠷᠠᠯ᠎ᠤᠨ ᠬᠢᠷᠢ ᠲᠦᠪᠰᠢᠨ᠎ᠢ ᠪᠠᠲᠤᠯᠠᠪᠠ᠂ ᠡᠨᠡ ᠪᠣᠯ ᠮᠠᠨ᠎ᠤ ᠤᠯᠤᠰ᠎ᠤᠨ ᠪᠡᠯᠡ ᠮᠥᠩᠭᠥ ᠵᠢᠨ ᠢᠷᠡᠯᠲᠡ ᠵᠢᠨ ᠠᠷᠭ᠎ᠠ ᠵᠠᠮ ᠤᠯᠠᠨ᠂ ᠪᠠᠲᠤᠯᠠᠭ᠎ᠠ ᠵᠢᠨ ᠬᠡᠯᠪᠡᠷᠢ ᠤᠯᠠᠨ ᠲᠠᠰ ᠳᠠᠪᠬᠤᠷᠭ᠎ᠠ᠎ᠲᠠᠢ᠂ ᠬᠠᠮᠢᠶᠠᠷᠤᠯᠲᠠ ᠦᠢ᠍ᠯᠡᠴᠢᠯᠡᠭᠡ ᠨᠡᠢ᠌ᠭᠡᠮᠴᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠢᠰᠲ᠋ᠧᠮ᠎ᠢ ᠪᠠᠢ᠌ᠭᠤᠯᠬᠤ ᠵᠢᠨ ᠨᠢᠭᠡᠨ ᠴᠢᠬᠤᠯᠠ ᠠᠷᠭ᠎ᠠ ᠵᠠᠮ ᠪᠣᠯᠣᠨ᠎ᠠ᠃

      ᠬᠥᠲᠥᠯᠥᠭᠴᠢ᠄

      ᠠᠵᠢᠯ᠎ᠤᠨ ᠣᠨ᠎ᠤ ᠮᠥᠩᠭᠥ᠎ᠨᠢ ᠶᠠᠮᠠᠷ ᠶᠠᠮᠠᠷ ᠲᠥᠷᠥᠯ ᠵᠦᠢ᠍ᠯ ᠵᠶ᠋ᠡᠷ ᠪᠦᠷᠢᠯᠳᠦᠳᠡᠭ ᠪᠤᠢ?

      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄

      ᠠᠵᠢᠯ᠎ᠤᠨ ᠣᠨ᠎ᠤ ᠮᠥᠩᠭᠥ᠎ᠨᠢ ᠭᠣᠣᠯᠳᠠᠭᠤ ᠳᠥᠷᠪᠡᠨ ᠬᠡᠰᠡᠭ᠎ᠠᠴᠠ ᠪᠦᠷᠢᠯᠳᠦᠨ᠎ᠡ᠂ ᠨᠢᠭᠡ᠎ᠨᠢ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠎ᠠᠴᠠ ᠲᠤᠰᠢᠶᠠᠭᠰᠠᠨ ᠰᠦᠢ᠍ᠳᠬᠡᠯ᠂ ᠬᠣᠶᠠᠷ᠎ᠲᠤ ᠳᠠᠭ᠋ᠠᠳᠬᠠᠯ᠎ᠳᠤ ᠣᠷᠣᠯᠴᠠᠭᠰᠠᠨ ᠬᠥᠮᠥᠨ᠎ᠤ ᠬᠤᠪᠢ ᠬᠥᠮᠥᠨ᠎ᠤ ᠲᠤᠰᠢᠶᠠᠭᠰᠠᠨ ᠰᠦᠢ᠍ᠳᠬᠡᠯ᠂ ᠭᠤᠷᠪᠠ᠎ᠳᠤ ᠠᠵᠢᠯ᠎ᠤᠨ ᠣᠨ᠎ᠤ ᠮᠥᠩᠭᠥ ᠵᠢᠨ ᠰᠠᠭᠤᠷᠢ ᠮᠥᠩᠭᠥ ᠵᠢᠨ ᠪᠡᠯᠡ ᠣᠷᠣᠭᠤᠯᠵᠤ ᠡᠵᠡᠩᠨᠡᠭᠰᠡᠨ ᠠᠰᠢᠭ ᠣᠷᠣᠯᠭ᠎ᠠ᠂ ᠳᠥᠷᠪᠡ᠎ᠳᠤ ᠤᠯᠤᠰ᠎ᠠᠴᠠ ᠲᠣᠭᠲᠠᠭ᠋ᠠᠭᠰᠠᠨ ᠪᠤᠰᠤᠳ ᠣᠷᠣᠯᠭ᠎ᠠ ᠪᠣᠯᠣᠨ᠎ᠠ᠃

      ᠬᠥᠲᠥᠯᠥᠭᠴᠢ᠄

      ᠠᠵᠢᠯ ᠎ᠤᠨ ᠣᠨ᠎ᠤ ᠮᠥᠩᠭᠥ ᠵᠢᠨ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ ᠵᠢ ᠬᠡᠷᠬᠢᠨ ᠭᠦᠢ᠍ᠴᠡᠳᠬᠡᠬᠦ ᠪᠤᠢ?

      ᠰᠣᠷᠪᠤᠯᠵᠢᠯᠠᠭ᠎ᠠ ᠬᠦᠯᠢᠶᠡᠭᠰᠡᠨ ᠵᠣᠴᠢᠨ᠄

      ᠣᠳᠣᠬᠠᠨ᠎ᠳᠤ᠂ ᠠᠯᠪᠠᠨ ᠪᠠᠢ᠌ᠭᠤᠯᠭ᠎ᠠ᠂ ᠠᠯᠪᠠᠳᠠᠨ᠎ᠤ ᠬᠠᠤᠯᠢ᠎ᠪᠠᠷ ᠯᠠᠪᠯᠠᠯᠲᠠ ᠪᠣᠯᠭ᠋ᠠᠨ ᠬᠠᠮᠢᠶᠠᠷᠬᠤ ᠠᠵᠢᠯ ᠦᠢ᠍ᠯᠡᠰ᠎ᠤᠨ ᠨᠢᠭᠡᠴᠢ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠪᠦᠬᠦᠨ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠬᠤ ᠦᠶ᠎ᠡ᠎ᠳᠤ ᠳᠠᠷᠤᠢ ᠠᠵᠢᠯ᠎ᠤᠨ ᠣᠨ᠎ᠤ ᠮᠥᠩᠭᠥ᠎ᠳᠤ ᠰᠢᠭᠤᠳ ᠤᠷᠤᠯᠴᠠᠬᠰᠠᠨ ᠶᠠᠪᠤᠳᠠᠯ ᠪᠣᠯᠣᠨ᠎ᠠ᠂ ᠲᠤᠰᠬᠠᠢ᠌ᠯᠠᠨ ᠠᠵᠢᠯ᠎ᠤᠨ ᠣᠨ᠎ᠤ ᠮᠥᠩᠭᠥ ᠵᠢᠨ ᠳᠠᠭ᠋ᠠᠳᠬᠠᠯ᠎ᠳᠤ ᠣᠷᠣᠯᠴᠠᠬᠤ ᠭᠠᠷᠳᠠᠮ ᠭᠦᠢ᠍ᠴᠡᠳᠬᠡᠬᠦ ᠬᠡᠷᠡᠭ ᠦᠭᠡᠢ᠃ ᠠᠵᠢᠯ᠎ᠤᠨ ᠣᠨ᠎ᠤ ᠮᠥᠩᠭᠥ ᠵᠢᠨ ᠰᠦᠢ᠍ᠳᠬᠡᠯ ᠲᠤᠰᠢᠶᠠᠬᠤ ᠵᠢ ᠨᠢᠭᠡᠴᠢ ᠪᠠ ᠨᠢᠭᠡᠴᠢ᠎ᠳᠤ ᠠᠵᠢᠯᠯᠠᠵᠤ ᠪᠠᠢ᠌ᠭ᠎ᠠ ᠠᠵᠢᠯᠲᠠᠨ ᠬᠠᠮᠲᠤ᠎ᠪᠠᠷ ᠡᠭᠦᠷᠭᠡᠯᠡᠵᠦ᠂ ᠨᠢᠭᠡᠴᠢ ᠵᠢᠨ ᠠᠵᠢᠯ᠎ᠤᠨ ᠣᠨ᠎ᠤ ᠮᠥᠩᠭᠥ ᠵᠢᠨ ᠰᠦᠢ᠍ᠳᠬᠡᠯ᠎ᠢ ᠲᠤᠰᠢᠶᠠᠬᠤ ᠬᠠᠷᠢᠴᠠᠯ᠎ᠨᠢ 8%᠂ ᠬᠤᠪᠢ ᠬᠥᠮᠥᠨ᠎ᠤ ᠰᠦᠢ᠍ᠳᠬᠡᠯ ᠲᠤᠰᠢᠶᠠᠬᠤ ᠬᠠᠷᠢᠴᠠᠯ᠎ᠨᠢ 4% ᠪᠠᠢ᠌ᠵᠤ᠂ ᠬᠤᠪᠢ ᠬᠥᠮᠥᠨ᠎ᠤ ᠲᠤᠰᠢᠶᠠᠬᠤ ᠰᠦᠢ᠍ᠳᠬᠡᠯ᠎ᠢ ᠪᠣᠯ ᠪᠠᠢ᠌ᠭ᠎ᠠ ᠨᠢᠭᠡᠴᠢ᠎ᠠᠴᠠ ᠨᠢᠭᠡᠳᠦᠯᠲᠡᠢ ᠰᠠᠭᠤᠯᠭ᠋ᠠᠵᠤ ᠠᠪᠤᠭ᠋ᠠᠳ ᠣᠷᠣᠯᠠᠨ ᠲᠤᠰᠢᠶᠠᠵᠤ ᠥᠭᠭᠦᠨ᠎ᠡ᠃ ᠨᠢᠭᠡᠴᠢ ᠪᠠ ᠬᠤᠪᠢ ᠬᠥᠮᠥᠨ᠎ᠤ ᠠᠵᠢᠯ᠎ᠤᠨ ᠣᠨ᠎ᠤ ᠮᠥᠩᠭᠥ ᠵᠢᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ᠎ᠪᠠᠷ ᠲᠣᠭᠲᠠᠭ᠋ᠠᠵᠤ᠂ ᠲᠤᠰᠢᠶᠠᠭᠰᠠᠨ ᠰᠦᠢ᠍ᠳᠬᠡᠯ᠎ᠢ ᠪᠦᠬᠦᠨ᠎ᠢ ᠳᠠᠭ᠋ᠠᠳᠬᠠᠯ᠎ᠳᠤ ᠣᠷᠣᠯᠴᠠᠭᠰᠠᠳ᠎ᠤᠨ ᠠᠵᠢᠯ᠎ᠤᠨ ᠣᠨ᠎ᠤ ᠮᠥᠩᠭᠥ ᠵᠢᠨ ᠬᠤᠪᠢ ᠬᠥᠮᠥᠨ᠎ᠤ ᠲᠠᠩᠰᠠᠨ ᠡᠷᠦᠬᠡ᠎ᠳᠤ ᠪᠤᠳᠤᠵᠤ ᠣᠷᠣᠭᠤᠯᠤᠨ᠎ᠠ᠃

      ᠬᠥᠲᠥᠯᠥᠭᠴᠢ᠄

      ᠠᠵᠢᠯ᠎ᠤᠨ ᠣᠨ᠎ᠤ ᠮᠥᠩᠭᠥ ᠵᠢᠨ ᠬᠤᠪᠢ ᠬᠥᠮᠥᠨ᠎ᠤ ᠲᠠᠩᠰᠠᠨ ᠡᠷᠦᠬᠡ ᠭᠡᠳᠡᠭ᠎ᠨᠢ ᠶᠠᠮᠠᠷ ᠤᠳᠬ᠎ᠠ᠎ᠲᠠᠢ ᠪᠤᠢ?

      ᠰᠣᠷᠪᠤᠯᠵᠢᠯᠠᠭ᠎ᠠ ᠬᠦᠯᠢᠶᠡᠭᠰᠡᠨ ᠵᠣᠴᠢᠨ᠄

      ᠠᠵᠢᠯ᠎ᠤᠨ ᠣᠨ᠎ᠤ ᠮᠥᠩᠭᠥ ᠵᠢ ᠬᠤᠪᠢ ᠬᠥᠮᠥᠨ᠎ᠤ ᠲᠠᠩᠰᠠᠨ ᠡᠷᠦᠬᠡ ᠵᠢᠨ ᠬᠡᠯᠪᠡᠷᠢ᠎ᠪᠠᠷ ᠬᠠᠮᠢᠶᠠᠷᠴᠤ᠂ ᠬᠤᠪᠢ ᠬᠥᠮᠥᠨ᠎ᠤ ᠰᠦᠢ᠍ᠳᠬᠡᠯ ᠲᠤᠰᠢᠶᠠᠬᠤ ᠵᠢ ᠪᠣᠳᠠᠲᠤ ᠲᠠᠩᠰᠠ᠎ᠪᠠᠷ ᠬᠤᠷᠠᠮᠳᠤᠭᠤᠯᠬᠤ ᠵᠢ ᠬᠡᠷᠡᠭᠵᠢᠭᠦᠯᠦᠨ᠎ᠡ᠃ ᠨᠢᠭᠡᠴᠢ᠎ᠠᠴᠠ ᠲᠤᠰᠢᠶᠠᠬᠤ ᠰᠦᠢ᠍ᠳᠬᠡᠯ᠎ᠢ ᠬᠣᠶᠠᠷ ᠵᠦᠢ᠍ᠯ᠎ᠤᠨ ᠪᠠᠶ᠋ᠢᠳᠠᠯ᠎ᠳᠤ ᠬᠤᠪᠢᠶᠠᠵᠤ᠂ ᠡᠳ᠋᠎ᠤᠨ ᠵᠠᠰᠠᠭ᠎ᠠᠴᠠ ᠠᠯᠪᠠᠨ᠎ᠤ ᠵᠠᠷᠤᠳᠠᠯ᠎ᠢ ᠪᠥᠬᠥ ᠲᠣᠭ᠎ᠠ᠎ᠪᠠᠷ ᠥᠭᠬᠦ ᠨᠢᠭᠡᠴᠢ ᠪᠣᠯ᠂ ᠨᠢᠭᠡᠴᠢ ᠵᠢᠨ ᠲᠤᠰᠢᠶᠠᠬᠤ ᠰᠦᠢ᠍ᠳᠬᠡᠯ᠎ᠤᠨ ᠬᠡᠰᠡᠭ᠎ᠲᠤ ᠲᠠᠩᠰᠠ ᠲᠡᠮᠳᠡᠭᠯᠡᠬᠦ ᠬᠡᠯᠪᠡᠷᠢ ᠵᠢ ᠠᠪᠴᠤ᠂ ᠳᠠᠭ᠋ᠠᠳᠬᠠᠯ᠎ᠳᠤ ᠣᠷᠣᠯᠴᠠᠭᠰᠠᠳ ᠠᠵᠢᠯ᠎ᠠᠴᠠ᠎ᠪᠠᠨ ᠠᠮᠠᠷᠠᠬᠤ ᠪᠤᠶᠤ ᠠᠵᠢᠯ ᠰᠢᠯᠵᠢᠬᠦ ᠦᠶ᠎ᠡ᠎ᠳᠤ ᠠᠳᠠᠯᠢ ᠱᠠᠲᠤᠨ᠎ᠤ ᠡᠳ᠋᠎ᠤᠨ ᠵᠠᠰᠠᠭ᠎ᠠᠴᠠ ᠪᠡᠯᠡ ᠮᠥᠩᠭᠥ ᠵᠢ ᠰᠢᠯᠵᠢᠭᠦᠯᠦᠨ ᠥᠭᠴᠦ ᠲᠡᠮᠳᠡᠭᠯᠡᠨ᠎ᠡ; ᠡᠳ᠋᠎ᠤᠨ ᠵᠠᠰᠠᠭ᠎ᠠᠴᠠ ᠠᠯᠪᠠᠨ᠎ᠤ ᠵᠠᠷᠤᠳᠠᠯ᠎ᠢ ᠪᠥᠬᠥ ᠲᠣᠭ᠎ᠠ᠎ᠪᠠᠷ ᠥᠭᠬᠦ ᠪᠤᠰᠤ ᠨᠢᠭᠡᠴᠢ ᠪᠣᠯ᠂ ᠨᠢᠭᠡᠴᠢ ᠵᠢᠨ ᠰᠦᠢ᠍ᠳᠬᠡᠯ ᠲᠤᠰᠢᠶᠠᠬᠤ ᠬᠡᠰᠡᠭ᠎ᠲᠤ ᠪᠣᠳᠠᠲᠤ ᠲᠠᠩᠰᠠ᠎ᠪᠠᠷ ᠬᠤᠷᠠᠮᠳᠤᠭᠤᠯᠬᠤ ᠵᠢ ᠬᠡᠷᠡᠭᠵᠢᠭᠦᠯᠦᠨ᠎ᠡ᠃ ᠪᠣᠳᠠᠲᠤ ᠲᠠᠩᠰᠠ ᠵᠢᠨ ᠬᠤᠷᠠᠮᠳᠤᠭᠤᠯᠭ᠎ᠠ᠎ᠪᠠᠷ ᠪᠦᠷᠢᠯᠳᠦᠭᠰᠡᠨ ᠠᠵᠢᠯ᠎ᠤᠨ ᠣᠨ᠎ᠤ ᠮᠥᠩᠭᠥ ᠵᠢᠨ ᠰᠠᠭᠤᠷᠢ ᠮᠥᠩᠭᠥ᠎ᠳᠤ ᠵᠠᠬ᠎ᠠ ᠳᠡᠯᠭᠡᠭᠦᠷᠴᠢᠯᠡᠨ ᠪᠡᠯᠡ ᠣᠷᠣᠭᠤᠯᠵᠤ ᠡᠵᠡᠩᠨᠡᠬᠦ ᠵᠢ ᠬᠡᠷᠡᠭᠵᠢᠭᠦᠯᠵᠦ᠂ ᠪᠣᠳᠠᠲᠠᠢ ᠠᠰᠢᠭ ᠣᠷᠣᠯᠭ᠎ᠠ᠎ᠪᠠᠷ ᠬᠦᠦ ᠮᠥᠩᠭᠥ ᠪᠣᠳᠣᠵᠤ ᠥᠭᠭᠦᠨ᠎ᠡ; ᠳᠠᠩᠰᠠᠯᠠᠭᠰᠠᠨ ᠬᠡᠰᠡᠭ᠎ᠤᠨ ᠠᠵᠢᠯ᠎ᠤᠨ ᠣᠨ᠎ᠤ ᠮᠥᠩᠭᠥ᠎ᠳᠤ ᠪᠣᠳᠠᠲᠤ ᠲᠠᠩᠰᠠᠨ᠎ᠳᠠᠬᠢ ᠡᠵᠡᠩᠨᠡᠯᠲᠡ ᠵᠢᠨ ᠠᠰᠢᠭ ᠣᠷᠣᠯᠭ᠎ᠠ᠎ᠪᠠᠷ ᠯᠠᠪᠯᠠᠯᠲᠠ ᠪᠣᠯᠭ᠋ᠠᠵᠤ ᠬᠦᠦ ᠮᠥᠩᠭᠥ ᠪᠤᠳᠤᠨ᠎ᠠ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠵᠣᠷᠢᠭ ᠰᠠᠨᠠᠭ᠎ᠠ ᠶᠣᠰᠣᠭ᠋ᠠᠷ᠂ ᠨᠥᠬᠥᠴᠡᠯ᠎ᠲᠠᠢ ᠠᠶ᠋ᠢᠮᠠᠭ ᠬᠣᠲᠠ᠂ ᠬᠣᠰᠢᠭᠤ ᠰᠢᠶᠠᠨ᠎ᠤ ᠭᠠᠵᠠᠷ ᠣᠷᠣᠨ᠎ᠤ ᠠᠵᠢᠯ᠎ᠤᠨ ᠣᠨ᠎ᠤ ᠮᠥᠩᠭᠥ ᠵᠢᠨ ᠲᠠᠩᠰᠠ ᠲᠡᠮᠳᠡᠭᠯᠡᠬᠦ ᠬᠠᠮᠢᠶᠠᠷᠤᠯᠲᠠ ᠵᠢᠨ ᠬᠡᠰᠡᠭ᠎ᠢ ᠠᠯᠬᠤᠮ ᠠᠯᠬᠤᠮ ᠵᠶ᠋ᠠᠷ ᠪᠣᠳᠠᠲᠠᠢ᠌ᠵᠢᠭᠤᠯᠬᠤ ᠵᠢ ᠵᠣᠷᠢᠭᠵᠢᠭᠤᠯᠤᠨ᠎ᠠ᠃

      ᠬᠥᠲᠥᠯᠥᠭᠴᠢ᠄

      ᠠᠵᠢᠯ᠎ᠤᠨ ᠣᠨ᠎ᠤ ᠮᠥᠩᠭᠥ ᠵᠢᠨ ᠵᠠᠬ᠎ᠠ ᠳᠡᠯᠭᠡᠭᠦᠷᠴᠢᠯᠡᠨ ᠪᠡᠯᠡ ᠣᠷᠣᠭᠤᠯᠵᠤ ᠡᠵᠡᠩᠨᠡᠬᠦ ᠵᠢ ᠬᠡᠷᠬᠢᠨ ᠪᠡᠶᠡᠯᠡᠭᠦᠯᠬᠦ ᠪᠤᠢ?

      ᠰᠣᠷᠪᠤᠯᠵᠢᠯᠠᠭ᠎ᠠ ᠬᠦᠯᠢᠶᠡᠭᠰᠡᠨ ᠵᠣᠴᠢᠨ᠄

      ᠣᠳᠣᠬᠠᠨ᠎ᠳᠤ᠂ ᠮᠠᠨ᠎ᠤ ᠣᠷᠣᠨ᠎ᠤ ᠠᠵᠢᠯ᠎ᠤᠨ ᠣᠨ᠎ᠤ ᠮᠥᠩᠭᠥ ᠵᠢᠨ ᠰᠠᠭᠤᠷᠢ ᠮᠥᠩᠭᠥ ᠵᠢᠨ ᠪᠡᠯᠡ ᠣᠷᠣᠭᠤᠯᠬᠤ ᠬᠠᠮᠢᠶᠠᠷᠤᠯᠲᠠ᠎ᠳᠤ ᠬᠢᠨᠠᠭᠤᠷ ᠪᠣᠯᠭᠣᠮᠵᠢᠲᠠᠢ ᠪᠠᠶ᠋ᠢᠬᠤ᠂ ᠲᠦᠭᠰᠢᠭᠦᠷᠢ ᠵᠢ ᠬᠤᠪᠢᠶᠠᠷᠢᠯᠠᠬᠤ ᠵᠠᠷᠴᠢᠮ᠎ᠢ ᠵᠢᠷᠤᠮᠯᠠᠵᠤ᠂ ᠤᠯᠠᠨ ᠲᠠᠯ᠎ᠠ ᠵᠢᠨ ᠲᠥᠯᠥᠪᠯᠡᠭᠡ᠎ᠳᠤ ᠨᠢᠭᠡᠳᠦᠯᠲᠡᠢ ᠠᠰᠢᠭ ᠣᠷᠣᠯᠭ᠎ᠠ ᠵᠢᠨ ᠨᠣᠷᠮ᠎ᠠ ᠵᠢᠨ ᠵᠠᠭᠪᠤᠷ᠎ᠢ ᠠᠪᠴᠤ᠂ ᠠᠵᠢᠯ᠎ᠤᠨ ᠣᠨ᠎ᠤ ᠮᠥᠩᠭᠥ ᠵᠢᠨ 11 ᠲᠥᠯᠥᠪᠯᠡᠭᠡ ᠵᠢ ᠪᠠᠢ᠌ᠭᠤᠯᠵᠤ᠂ ᠠᠵᠢᠯ᠎ᠤᠨ ᠣᠨ᠎ᠤ ᠮᠥᠩᠭᠥ ᠵᠢᠨ ᠰᠠᠭᠤᠷᠢ ᠮᠥᠩᠭᠥ ᠵᠢᠨ ᠪᠡᠯᠡ ᠣᠷᠣᠭᠤᠯᠵᠤ ᠡᠵᠡᠩᠨᠡᠬᠦ ᠵᠢᠨ ᠠᠮᠤᠷ ᠲᠦᠪᠰᠢᠨ ᠴᠢᠨᠠᠷ᠂ ᠠᠰᠢᠭ ᠣᠷᠣᠯᠭ᠎ᠠ ᠵᠢᠨ ᠴᠢᠨᠠᠷ ᠪᠠ ᠬᠥᠳᠡᠯᠦᠩᠭᠦᠢ ᠴᠢᠨᠠᠷ᠎ᠢ ᠪᠠᠲᠤᠯᠠᠪᠠ᠃ ᠡᠨᠡᠬᠦ 11 ᠲᠥᠯᠥᠪᠯᠡᠭᠡ᠎ᠪᠠᠷ ᠪᠡᠯᠡ ᠣᠷᠣᠭᠤᠯᠤᠨ ᠡᠵᠡᠩᠨᠡᠭᠰᠡᠨ ᠦᠷ᠎ᠡ ᠳ᠋ᠦᠩ ᠵᠶ᠋ᠡᠷ ᠳᠠᠮᠵᠢᠭᠤᠯᠤᠨ ᠨᠢᠭᠡᠳᠦᠯᠲᠡᠢ ᠲᠥᠯᠥᠪᠯᠡᠭᠡ ᠵᠢᠨ ᠠᠰᠢᠭ ᠣᠷᠣᠯᠭ᠎ᠠ ᠵᠢᠨ ᠨᠣᠷᠮ᠎ᠠ ᠵᠢ ᠪᠦᠷᠢᠯᠳᠦᠭᠦᠯᠵᠦ᠂ ᠪᠥᠬᠥ ᠣᠷᠣᠨ᠎ᠤ ᠳᠠᠭ᠋ᠠᠳᠬᠠᠯ᠎ᠳᠤ ᠣᠷᠣᠯᠴᠠᠭᠰᠠᠳ᠎ᠲᠤ ᠨᠢᠭᠡᠳᠦᠯᠲᠡᠢ ᠠᠰᠢᠭ ᠣᠷᠣᠯᠭ᠎ᠠ ᠵᠢᠨ ᠨᠣᠷᠮ᠎ᠠ᠎ᠪᠠᠷ ᠬᠦᠦ ᠮᠥᠩᠭᠥ ᠪᠤᠳᠤᠨ᠎ᠠ᠃

      ᠬᠥᠲᠥᠯᠥᠭᠴᠢ᠄

      ᠠᠵᠢᠯ᠎ᠤᠨ ᠣᠨ᠎ᠤ ᠮᠥᠩᠭᠥ ᠵᠢᠨ ᠮᠥᠩᠭᠥ ᠣᠯᠭᠣᠮᠵᠢ ᠵᠢ ᠬᠡᠷᠬᠢᠨ ᠪᠤᠳᠤᠬᠤ ᠪᠤᠢ?

      ᠵᠣᠴᠢᠨ᠄

      ᠳᠠᠭ᠋ᠠᠳᠬᠠᠯ᠎ᠳᠤ ᠣᠷᠣᠯᠴᠠᠭᠰᠠᠳ ᠤᠯᠤᠰ᠎ᠠᠴᠠ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠥᠬᠥᠴᠡᠯ᠎ᠳᠤ ᠭᠦᠷᠦᠭᠰᠡᠨ ᠪᠥᠭᠡᠳ ᠬᠠᠤᠯᠢ ᠶᠣᠰᠣᠭ᠋ᠠᠷ ᠠᠵᠢᠯ᠎ᠠᠴᠠ᠎ᠪᠠᠨ ᠠᠮᠠᠷᠠᠬᠤ ᠭᠠᠷᠳᠠᠮ ᠵᠶ᠋ᠠᠨ ᠭᠦᠢ᠍ᠴᠡᠳᠬᠡᠭᠰᠡᠨ᠎ᠤ ᠳᠠᠷᠠᠭ᠎ᠠ᠂ ᠲᠣᠰ ᠬᠥᠮᠥᠨ᠎ᠤ ᠠᠵᠢᠯ᠎ᠠᠴᠠ᠎ᠪᠠᠨ ᠠᠮᠠᠷᠠᠬᠤ ᠦᠶ᠎ᠡ ᠵᠢᠨ ᠬᠠᠷᠠᠭ᠋ᠠᠯᠵᠠᠭᠰᠠᠨ ᠰᠠᠷ᠎ᠠ ᠵᠢᠨ ᠲᠣᠭ᠎ᠠ᠎ᠪᠠᠷ ᠪᠤᠳᠤᠵᠤ ᠠᠵᠢᠯ᠎ᠤᠨ ᠣᠨ᠎ᠤ ᠮᠥᠩᠭᠥ ᠵᠢᠨ ᠰᠠᠷ᠎ᠠ ᠪᠦᠷᠢ ᠲᠡᠭᠰᠢᠳᠬᠡᠭᠡᠳ ᠣᠯᠬᠤ ᠮᠥᠩᠭᠥ ᠣᠯᠭᠣᠮᠵᠢ ᠵᠢᠨ ᠪᠠᠷᠢᠮᠵᠢᠶ᠎ᠠ ᠶᠣᠰᠣᠭ᠋ᠠᠷ᠂ ᠰᠠᠷ᠎ᠠ ᠰᠠᠷ᠎ᠠ᠎ᠪᠠᠷ ᠠᠵᠢᠯ᠎ᠤᠨ ᠣᠨ᠎ᠤ ᠮᠥᠩᠭᠥ ᠵᠢᠨ ᠮᠥᠩᠭᠥ ᠣᠯᠭᠣᠮᠵᠢ᠎ᠪᠠᠨ ᠠᠪᠤᠨ᠎ᠠ᠃ ᠨᠢᠭᠡ ᠰᠠᠷ᠎ᠠ ᠵᠢᠨ ᠣᠯᠬᠤ ᠲᠡᠭᠰᠢᠳᠬᠡᠭᠰᠡᠨ ᠮᠥᠩᠭᠥ ᠣᠯᠭᠣᠮᠵᠢ ᠵᠢᠨ ᠪᠠᠷᠢᠮᠵᠢᠶ᠎ᠠ᠎ᠨᠢ ᠬᠤᠪᠢ ᠬᠥᠮᠥᠨ᠎ᠤ ᠳᠠᠩᠰᠠᠨ ᠡᠷᠦᠬᠡ᠎ᠳᠤ ᠪᠠᠢ᠌ᠭ᠎ᠠ ᠬᠠᠳᠠᠭ᠋ᠠᠯᠠᠮᠵᠢ ᠵᠢᠨ ᠨᠡᠢ᠌ᠲᠡ ᠲᠣᠭ᠎ᠠ ᠵᠢ ᠣᠨ᠎ᠤ ᠮᠥᠩᠭᠥ ᠣᠯᠭᠣᠬᠤ ᠨᠡᠢ᠌ᠲᠡ ᠰᠠᠷ᠎ᠠ ᠵᠢᠨ ᠲᠣᠭ᠎ᠠ᠎ᠪᠠᠷ ᠬᠤᠪᠢᠶᠠᠭᠰᠠᠨ᠎ᠲᠠᠢ ᠲᠡᠩᠴᠡᠨ᠎ᠡ᠂ ᠵᠢᠱ᠌ᠢᠶᠡᠯᠡᠪᠡᠯ 60 ᠨᠠᠰᠤᠲᠠᠢ ᠬᠥᠮᠥᠨ᠎ᠳᠤ ᠣᠨ᠎ᠤ ᠮᠥᠩᠭᠥ ᠵᠢ ᠣᠯᠭᠣᠬᠤ ᠨᠠᠢ᠌ᠳᠠ ᠰᠠᠷ᠎ᠠ ᠵᠢᠨ ᠲᠣᠭ᠎ᠠ᠎ᠨᠢ 139 ᠰᠠᠷ᠎ᠠ᠂ 55 ᠨᠠᠰᠤᠲᠠᠢ ᠬᠥᠮᠥᠨ᠎ᠳᠤ ᠣᠨ᠎ᠤ ᠮᠥᠩᠭᠥ ᠵᠢ ᠣᠯᠭᠣᠬᠤ ᠨᠠᠢ᠌ᠳᠠ ᠰᠠᠷ᠎ᠠ ᠵᠢᠨ ᠲᠣᠭ᠎ᠠ᠎ᠨᠢ 170 ᠰᠠᠷ᠎ᠠ᠂ 50 ᠨᠠᠰᠤᠲᠠᠢ ᠬᠥᠮᠥᠨ᠎ᠳᠤ ᠣᠨ᠎ᠤ ᠮᠥᠩᠭᠥ ᠵᠢ ᠣᠯᠭᠣᠬᠤ ᠨᠠᠢ᠌ᠳᠠ ᠰᠠᠷ᠎ᠠ ᠵᠢᠨ ᠲᠣᠭ᠎ᠠ᠎ᠨᠢ 195 ᠰᠠᠷ᠎ᠠ᠎ᠪᠠᠷ ᠪᠤᠳᠤᠨ᠎ᠠ᠃

      ᠬᠥᠲᠥᠯᠥᠭᠴᠢ᠄

      ᠠᠵᠢᠯ᠎ᠤᠨ ᠣᠨ᠎ᠤ ᠮᠥᠩᠭᠥ ᠵᠢ ᠭᠠᠷᠭ᠋ᠠᠨ ᠠᠪᠬᠤ᠎ᠳᠤ ᠶᠠᠮᠠᠷ ᠶᠠᠮᠠᠷ ᠬᠡᠯᠪᠡᠷᠢ ᠪᠠᠢ᠌ᠬᠤ ᠪᠤᠢ?

      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄

      ᠳᠣᠣᠷᠠᠬᠢ ᠨᠥᠬᠥᠴᠡᠯ᠎ᠳᠤ ᠨᠡᠶ᠋ᠢᠴᠡᠬᠦ ᠦᠶ᠎ᠡ᠎ᠳᠤ ᠠᠵᠢᠯ᠎ᠤᠨ ᠣᠨ᠎ᠤ ᠮᠥᠩᠭᠥ ᠵᠢ ᠭᠠᠷᠭ᠋ᠠᠨ ᠠᠪᠴᠤ ᠪᠣᠯᠣᠨ᠎ᠠ᠂ ᠨᠢᠭᠡ᠎ᠳᠤ᠂ ᠳᠠᠭ᠋ᠠᠳᠬᠠᠯ᠎ᠳᠤ ᠣᠷᠣᠯᠴᠠᠭᠰᠠᠳ ᠤᠯᠤᠰ᠎ᠤᠨ ᠲᠣᠭᠲᠠᠭ᠋ᠠᠯ ᠶᠣᠰᠣᠭ᠋ᠠᠷ ᠠᠵᠢᠯ᠎ᠠᠴᠠ᠎ᠪᠠᠨ ᠠᠮᠠᠷᠠᠭᠰᠠᠨ᠎ᠤ ᠳᠠᠷᠠᠭ᠎ᠠ᠂ ᠪᠤᠳᠤᠵᠤ ᠭᠠᠷᠭ᠋ᠠᠭᠰᠠᠨ ᠰᠠᠷ᠎ᠠ ᠵᠢᠨ ᠲᠡᠭᠰᠢᠳᠬᠡᠭᠰᠡᠨ ᠠᠵᠢᠯ᠎ᠤᠨ ᠣᠨ᠎ᠤ ᠮᠥᠩᠭᠥ ᠵᠢ ᠥᠭᠬᠦ ᠪᠠᠷᠢᠮᠵᠢᠶ᠎ᠠ ᠵᠢ ᠦᠨᠳᠦᠰᠦᠯᠡᠨ᠂ ᠠᠵᠢᠯ᠎ᠤᠨ ᠣᠨ᠎ᠤ ᠮᠥᠩᠭᠥ ᠵᠢᠨ ᠮᠥᠩᠭᠥ ᠣᠯᠭᠣᠮᠵᠢ ᠵᠢ ᠰᠠᠷ᠎ᠠ ᠰᠠᠷ᠎ᠠ᠎ᠪᠠᠷ ᠣᠯᠭᠣᠵᠤ᠂ ᠠᠵᠢᠯ᠎ᠤᠨ ᠣᠨ᠎ᠤ ᠮᠥᠩᠭᠥ ᠵᠢᠨ ᠬᠤᠪᠢ ᠬᠥᠮᠥᠨ᠎ᠤ ᠲᠠᠩᠰᠠᠨ ᠡᠷᠦᠬᠡ ᠵᠢᠨ ᠳᠣᠲᠣᠷᠠᠬᠢ ᠬᠠᠳᠠᠭ᠋ᠠᠯᠠᠮᠵᠢ ᠵᠢ ᠲᠠᠷᠬᠠᠭ᠋ᠠᠵᠤ ᠳᠠᠭᠤᠰᠲᠠᠯ᠎ᠠ ᠣᠯᠭᠣᠨ᠎ᠠ; ᠬᠣᠶᠠᠷ᠎ᠲᠤ᠂ ᠳᠠᠭ᠋ᠠᠳᠬᠠᠯ᠎ᠳᠤ ᠣᠷᠣᠯᠴᠠᠭᠰᠠᠳ ᠭᠠᠳᠠᠭ᠋ᠠᠳᠤ (ᠬᠢᠯᠢ)᠎ᠳᠤ ᠭᠠᠷᠴᠤ ᠰᠠᠭᠤᠷᠢᠰᠢᠭᠰᠠᠨ ᠪᠠᠢ᠌ᠪᠠᠯ᠂ ᠲᠣᠰ ᠬᠥᠮᠥᠨ᠎ᠤ ᠱᠠᠭ᠋ᠠᠷᠳᠠᠯᠭ᠎ᠠ ᠵᠢ ᠦᠨᠳᠦᠰᠦᠯᠡᠨ ᠠᠵᠢᠯ᠎ᠤᠨ ᠣᠨ᠎ᠤ ᠮᠥᠩᠭᠥ ᠵᠢᠨ ᠬᠤᠪᠢ ᠬᠥᠮᠥᠨ᠎ᠤ ᠲᠠᠩᠰᠠᠨ ᠡᠷᠦᠬᠡ ᠵᠢᠨ ᠳᠣᠲᠣᠷᠠᠬᠢ ᠪᠡᠯᠡ ᠮᠥᠩᠭᠥ ᠵᠢ ᠨᠢᠭᠡ ᠯᠡ ᠤᠳᠠᠭ᠎ᠠ ᠳᠡᠭᠡᠷ᠎ᠡ ᠪᠥᠬᠥᠨ᠎ᠢ ᠭᠠᠷᠭ᠋ᠠᠨ ᠠᠪᠴᠤ ᠪᠣᠯᠣᠨ᠎ᠠ; ᠭᠤᠷᠪᠠ᠎ᠳᠤ᠂ ᠳᠠᠭ᠋ᠠᠳᠬᠠᠯ᠎ᠳᠤ ᠣᠷᠣᠯᠴᠠᠭᠰᠠᠳ ᠠᠵᠢᠯ᠎ᠤᠨ ᠪᠠᠶ᠋ᠢᠷᠢᠨ᠎ᠳᠤ ᠪᠠᠶ᠋ᠢᠬᠤ ᠬᠤᠭᠤᠴᠠᠭ᠋ᠠᠨ᠎ᠳᠠᠭᠠᠨ ᠪᠤᠶᠤ ᠠᠵᠢᠯ᠎ᠠᠴᠠ᠎ᠪᠠᠨ ᠠᠮᠠᠷᠠᠭᠰᠠᠨ᠎ᠤ ᠳᠠᠷᠠᠭ᠎ᠠ ᠨᠠᠰᠤ ᠪᠠᠷᠠᠭᠰᠠᠨ ᠪᠠᠢ᠌ᠪᠠᠯ᠂ ᠠᠵᠢᠯ᠎ᠤᠨ ᠣᠨ᠎ᠤ ᠮᠥᠩᠭᠥ ᠵᠢᠨ ᠬᠤᠪᠢ ᠬᠥᠮᠥᠨ᠎ᠤ ᠲᠠᠨᠭ᠌ᠰᠠᠨ ᠡᠷᠦᠭᠡ ᠵᠢᠨ ᠳᠣᠲᠣᠷᠠᠬᠢ ᠦᠯᠡᠳᠡᠪᠦᠷᠢ ᠪᠡᠯᠡ ᠮᠥᠩᠭᠥ᠎ᠨᠢ ᠵᠠᠯᠭ᠋ᠠᠮᠵᠢᠯᠠᠬᠤ ᠡᠷᠬᠡ ᠵᠢ ᠬᠠᠳᠠᠭ᠋ᠠᠯᠠᠨ᠎ᠠ᠃

      ᠬᠥᠲᠥᠯᠥᠭᠴᠢ᠄

      ᠳᠠᠭ᠋ᠠᠳᠬᠠᠯ᠎ᠳᠤ ᠣᠷᠣᠯᠴᠠᠭᠰᠠᠳ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ᠎ᠠᠴᠠ ᠰᠠᠯᠤᠭᠰᠠᠨ᠎ᠤ ᠳᠠᠷᠠᠭ᠎ᠠ᠂ ᠡᠭᠦᠨ᠎ᠠᠴᠠ ᠡᠮᠦᠨ᠎ᠡ ᠲᠤᠰᠢᠶᠠᠭᠰᠠᠨ ᠠᠵᠢᠯ᠎ᠤᠨ ᠣᠨ᠎ᠤ ᠮᠥᠩᠭᠥ ᠵᠢ᠎ᠨᠢ ᠬᠡᠷᠬᠢᠨ ᠰᠢᠢ᠍ᠳᠪᠦᠷᠢᠯᠡᠬᠦ ᠪᠤᠢ?

      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄

      ᠳᠠᠭ᠋ᠠᠳᠬᠠᠯ᠎ᠳᠤ ᠣᠷᠣᠯᠴᠠᠭᠰᠠᠳ ᠥᠪᠡᠷᠲᠡᠭᠡᠨ ᠵᠠᠰᠠᠬᠤ ᠣᠷᠣᠨ᠎ᠠᠴᠠ ᠭᠠᠳᠠᠨᠠᠬᠢ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠪᠤᠶᠤ ᠠᠵᠤ ᠠᠬᠤᠢ᠌ᠯᠠᠯ᠎ᠳᠤ ᠰᠢᠯᠵᠢᠵᠦ ᠠᠵᠢᠯᠯᠠᠬᠤ᠎ᠳᠤ ᠬᠥᠷᠪᠡᠯ᠂ ᠰᠢᠨ᠎ᠡ ᠨᠢᠭᠡᠴᠢ᠎ᠨᠢ ᠨᠢᠭᠡᠨᠲᠡ ᠠᠵᠢᠯ᠎ᠤᠨ ᠣᠨ᠎ᠤ ᠮᠥᠩᠭᠥ ᠪᠤᠶᠤ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠳᠦᠷᠢᠮ᠎ᠢ ᠪᠠᠢ᠌ᠭᠤᠯᠤᠭᠰᠠᠨ ᠪᠠᠢ᠌ᠪᠠᠯ᠂ ᠤᠤᠯ᠎ᠤᠨ ᠠᠵᠢᠯ᠎ᠤᠨ ᠣᠨ᠎ᠤ ᠮᠥᠩᠭᠥ ᠵᠢᠨ ᠬᠤᠪᠢ ᠬᠥᠮᠥᠨ᠎ᠤ ᠲᠠᠩᠰᠠᠨ ᠡᠷᠦᠬᠡ ᠵᠢᠨ ᠳᠣᠲᠣᠷᠠᠬᠢ ᠪᠡᠯᠡ ᠮᠥᠩᠭᠥ ᠵᠢ ᠬᠠᠮᠲᠤ᠎ᠳᠤᠨᠢ ᠰᠢᠨ᠎ᠡ᠎ᠪᠠᠷ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠲᠤ᠎ᠪᠠᠨ ᠰᠢᠯᠵᠢᠭᠦᠯᠵᠦ ᠪᠣᠯᠣᠨ᠎ᠠ; ᠳᠠᠭ᠋ᠠᠳᠬᠠᠯ᠎ᠳᠤ ᠣᠷᠣᠯᠴᠠᠭᠰᠠᠳ ᠰᠤᠷᠭ᠋ᠠᠭᠤᠯᠢ ᠳᠡᠪᠰᠢᠬᠦ᠂ ᠴᠡᠷᠢᠭ᠎ᠲᠤ ᠣᠷᠣᠬᠤ᠂ ᠠᠵᠢᠯ ᠠᠯᠳᠠᠬᠤ ᠪᠤᠶᠤ ᠰᠢᠨ᠎ᠡ᠎ᠪᠠᠷ ᠠᠵᠢᠯ ᠣᠯᠣᠭᠰᠠᠨ ᠨᠢᠭᠡᠴᠢ᠎ᠳᠤ᠎ᠨᠢ ᠠᠵᠢᠯ᠎ᠤᠨ ᠣᠨ᠎ᠤ ᠮᠥᠩᠭᠥ ᠪᠤᠶᠤ ᠠᠵᠤ ᠠᠬᠤᠢ᠌ᠯᠠᠯ᠎ᠤᠨ ᠣᠨ᠎ᠤ ᠮᠥᠩᠭᠥ ᠪᠠᠶ᠋ᠢᠬᠤ ᠦᠭᠡᠢ ᠪᠣᠯ᠂ ᠠᠵᠢᠯ᠎ᠤᠨ ᠣᠨ᠎ᠤ ᠮᠥᠩᠭᠥ ᠵᠢᠨ ᠬᠤᠪᠢ ᠬᠥᠮᠥᠨ᠎ᠤ ᠲᠠᠩᠰᠠᠨ ᠡᠷᠦᠬᠡ ᠵᠢᠨ ᠳᠣᠲᠣᠷᠠᠬᠢ ᠪᠡᠯᠡ ᠮᠥᠩᠭᠥ ᠵᠢ ᠮᠥᠨ ᠬᠦ᠌ ᠤᠤᠯ᠎ᠤᠨ ᠨᠡᠢ᠌ᠭᠡᠮ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠠᠴᠠ ᠦᠷᠭᠦᠯᠵᠢᠯᠡᠨ ᠬᠠᠮᠢᠶᠠᠷᠴᠤ᠂ ᠪᠡᠯᠡ ᠣᠷᠣᠭᠤᠯᠤᠨ ᠡᠵᠡᠩᠨᠡᠵᠦ᠂ ᠳᠠᠭ᠋ᠠᠳᠬᠠᠯ᠎ᠳᠤ ᠤᠷᠤᠯᠴᠠᠬᠰᠠᠨ ᠬᠥᠮᠥᠨ ᠠᠵᠢᠯ᠎ᠠᠴᠠ᠎ᠪᠠᠨ ᠠᠮᠠᠷᠠᠬᠤ ᠦᠶ᠎ᠡ᠎ᠳᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠠᠵᠢᠯ᠎ᠤᠨ ᠣᠨ᠎ᠤ ᠮᠥᠩᠭᠥ ᠵᠢᠨ ᠮᠥᠩᠭᠥ ᠣᠯᠭᠣᠮᠵᠢ ᠵᠢ᠎ᠨᠢ ᠪᠤᠳᠤᠵᠤ ᠥᠭᠭᠦᠨ᠎ᠡ᠃

      ᠬᠥᠲᠥᠯᠥᠭᠴᠢ᠄

      ᠠᠵᠢᠯ᠎ᠤᠨ ᠣᠨ᠎ᠤ ᠮᠥᠩᠭᠥ ᠵᠢ ᠭᠠᠷᠲᠠᠨ ᠭᠦᠢ᠍ᠴᠡᠳᠬᠡᠬᠦ ᠬᠠᠮᠢᠶᠠᠷᠤᠯᠲᠠ ᠵᠢ ᠶᠠᠮᠠᠷ ᠰᠠᠯᠠᠭ᠎ᠠ ᠮᠥᠴᠢᠷ᠎ᠠᠴᠠ ᠬᠠᠷᠢᠭᠤᠴᠠᠬᠤ ᠪᠤᠢ?

      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄

      ᠠᠵᠢᠯ᠎ᠤᠨ ᠣᠨ᠎ᠤ ᠮᠥᠩᠭᠥ ᠵᠢ ᠭᠠᠷᠲᠠᠨ ᠭᠦᠢ᠍ᠴᠡᠳᠬᠡᠬᠦ ᠬᠠᠮᠢᠶᠠᠷᠤᠯᠲᠠ ᠵᠢᠨ ᠠᠵᠢᠯ᠎ᠢ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠵᠢᠨ ᠪᠠᠢ᠌ᠭ᠎ᠠ ᠬᠠᠷᠢᠶᠠᠲᠤ ᠭᠠᠵᠠᠷ᠎ᠤᠨ ᠨᠡᠢ᠌ᠭᠡᠮ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠠᠴᠠ ᠬᠠᠷᠢᠭᠤᠴᠠᠨ᠎ᠠ᠃ ᠲᠤᠬᠠᠢ ᠵᠢᠨ ᠭᠠᠵᠠᠷ᠎ᠤᠨ ᠨᠡᠢ᠌ᠭᠡᠮ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠨᠢ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠪᠠ ᠬᠤᠪᠢ ᠬᠥᠮᠥᠨ᠎ᠤ ᠰᠦᠢ᠍ᠳᠬᠡᠯ ᠲᠤᠰᠢᠶᠠᠬᠤ ᠵᠢ ᠮᠡᠳᠡᠭᠦᠯᠬᠦ᠂ ᠰᠠᠭᠤᠷᠢ ᠮᠥᠩᠭᠥ ᠵᠢ ᠬᠣᠷᠢᠶᠠᠨ ᠴᠤᠭᠯᠠᠭᠤᠯᠬᠤ᠂ ᠮᠥᠩᠭᠥ ᠣᠯᠭᠣᠮᠵᠢ ᠵᠢ ᠪᠤᠳᠤᠬᠤ᠂ ᠮᠥᠩᠭᠥ ᠣᠯᠭᠣᠮᠵᠢ ᠵᠢ ᠥᠭᠬᠦ ᠲᠥᠯᠥᠪᠯᠡᠭᠡ ᠵᠢ ᠵᠣᠬᠢᠶᠠᠬᠤ᠂ ᠰᠢᠯᠵᠢᠭᠦᠯᠬᠦ ᠭᠤᠶᠤᠴᠢᠯᠠᠯ ᠵᠡᠷᠭᠡ ᠨᠡᠢ᠌ᠭᠡᠮ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠲᠤᠬᠠᠢ᠌ᠯᠠᠭᠰᠠᠨ ᠠᠵᠢᠯ᠎ᠢ ᠪᠣᠳᠠᠲᠠᠢ ᠬᠠᠷᠢᠭᠤᠴᠠᠨ ᠭᠦᠢ᠍ᠴᠡᠳᠬᠡᠨ᠎ᠡ᠃ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠨᠢ ᠪᠥᠬᠥ ᠣᠷᠣᠨ᠎ᠤ ᠠᠵᠢᠯ᠎ᠤᠨ ᠣᠨ᠎ᠤ ᠮᠥᠩᠭᠥ ᠵᠢᠨ ᠰᠠᠭᠤᠷᠢ ᠮᠥᠩᠭᠥ ᠵᠢ ᠬᠤᠷᠢᠶᠠᠵᠤ ᠴᠤᠭᠯᠠᠭᠤᠯᠤᠨ ᠳᠡᠭᠡᠭᠰᠢ ᠲᠤᠰᠢᠶᠠᠬᠤ ᠪᠠ ᠪᠡᠯᠡ ᠣᠷᠣᠭᠤᠯᠤᠨ ᠡᠵᠡᠩᠨᠡᠬᠦ ᠵᠢ ᠨᠢᠭᠡᠳᠦᠯᠲᠡᠢ ᠬᠠᠷᠢᠭᠤᠴᠠᠵᠤ᠂ ᠡᠯ᠎ᠡ ᠭᠠᠵᠠᠷ᠎ᠤᠨ ᠮᠥᠩᠭᠥ ᠣᠯᠭᠣᠮᠵᠢ ᠵᠢ ᠥᠭᠬᠦ ᠲᠥᠯᠥᠪᠯᠡᠭᠡ ᠵᠢ ᠬᠤᠷᠢᠶᠠᠩᠭᠤᠢ᠌ᠯᠠᠨ ᠪᠥᠬᠥ ᠣᠷᠣᠨ᠎ᠤ ᠮᠥᠩᠭᠥ ᠣᠯᠭᠣᠮᠵᠢ ᠵᠢ ᠥᠭᠬᠦ ᠵᠢ ᠪᠡᠶᠡᠯᠡᠭᠦᠯᠦᠨ᠎ᠡ᠃

      ᠬᠥᠲᠥᠯᠥᠭᠴᠢ᠄

      ᠳᠠᠭ᠋ᠠᠳᠬᠠᠯ᠎ᠳᠤ ᠣᠷᠣᠯᠴᠠᠭᠰᠠᠳ ᠥᠪᠡᠷ᠎ᠤᠨ ᠲᠣᠰ ᠬᠥᠮᠥᠨ᠎ᠤ ᠠᠵᠢᠯ᠎ᠤᠨ ᠣᠨ᠎ᠤ ᠮᠥᠩᠭᠥ ᠵᠢᠨ ᠬᠣᠯᠪᠣᠭᠳᠠᠯ ᠪᠦᠬᠦᠢ ᠮᠡᠳᠡᠭᠡ ᠵᠠᠩᠭᠢ᠎ᠪᠠᠨ ᠬᠡᠷᠬᠢᠨ ᠪᠠᠢ᠌ᠴᠠᠭ᠋ᠠᠨ ᠯᠠᠪᠯᠠᠬᠤ ᠪᠤᠢ?

      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄

      ᠣᠳᠣᠬᠠᠨ᠎ᠳᠤ᠂ ᠮᠠᠨ᠎ᠤ ᠣᠷᠣᠨ᠎ᠤ ᠳᠠᠭ᠋ᠠᠳᠬᠠᠯ᠎ᠳᠤ ᠣᠷᠣᠯᠴᠠᠭᠰᠠᠳ ᠭᠠᠷ ᠤᠲᠠᠰᠤᠨ ᠳᠡᠭᠡᠷ᠎ᠡ᠎ᠪᠠᠨ ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ APP ᠵᠢ ᠪᠠᠭᠤᠯᠭ᠋ᠠᠵᠤ᠂ ᠲᠣᠰ ᠭᠠᠷ ᠤᠲᠠᠰᠤᠨ᠎ᠤ ᠵᠥᠭᠡᠯᠡᠨ ᠲᠣᠨᠣᠭ ᠵᠶ᠋ᠠᠷ ᠳᠠᠭ᠋ᠠᠳᠬᠠᠯ᠎ᠳᠤ ᠣᠷᠣᠯᠴᠠᠭᠰᠠᠳ᠎ᠤᠨ ᠲᠣᠰ ᠬᠥᠮᠥᠨ᠎ᠤ ᠠᠵᠢᠯ᠎ᠤᠨ ᠣᠨ᠎ᠤ ᠮᠥᠩᠭᠥ ᠵᠢᠨ ᠰᠦᠢ᠍ᠳᠬᠡᠯ ᠲᠤᠰᠢᠶᠠᠭᠰᠠᠨ ᠮᠡᠳᠡᠭᠡ ᠵᠠᠩᠭᠢ᠂ ᠬᠤᠪᠢ ᠬᠥᠮᠥᠨ᠎ᠤ ᠲᠠᠩᠰᠠᠨ ᠡᠷᠦᠬᠡ ᠵᠢᠨ ᠳᠣᠲᠣᠷᠠᠬᠢ ᠪᠡᠯᠡ ᠮᠥᠩᠭᠥ᠂ ᠬᠤᠪᠢ ᠬᠥᠮᠥᠨ᠎ᠤ ᠡᠷᠬᠡ ᠠᠰᠢᠭ᠂ ᠪᠡᠯᠡ ᠣᠷᠣᠭᠤᠯᠤᠭᠰᠠᠨ ᠠᠰᠢᠭ ᠣᠷᠣᠯᠭ᠎ᠠ ᠵᠢᠨ ᠪᠠᠶ᠋ᠢᠳᠠᠯ ᠵᠢᠴᠢ ᠰᠠᠷ᠎ᠠ ᠪᠦᠷᠢ ᠵᠢᠨ ᠠᠵᠢᠯ᠎ᠤᠨ ᠣᠨ᠎ᠤ ᠮᠥᠩᠭᠥ ᠵᠢᠨ ᠮᠥᠩᠭᠥ ᠣᠯᠭᠣᠮᠵᠢ ᠵᠢ ᠲᠠᠷᠬᠠᠭ᠋ᠠᠵᠤ ᠪᠠᠢ᠌ᠭ᠎ᠠ ᠪᠠᠶ᠋ᠢᠳᠠᠯ ᠵᠡᠷᠭᠡ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠵᠤ ᠪᠣᠯᠣᠨ᠎ᠠ᠃

      ᠬᠥᠲᠥᠯᠥᠭᠴᠢ᠄

      ᠵᠠ᠂ ᠲᠠᠨ᠎ᠤ ᠨᠠᠷᠢᠯᠢᠭ ᠲᠣᠳᠣᠷᠬᠠᠢ ᠬᠠᠷᠢᠭᠤᠯᠵᠤ ᠥᠭᠭᠦᠭᠰᠡᠨ᠎ᠳᠤ ᠲᠠᠯᠠᠷᠬᠠᠵᠤ ᠪᠠᠢ᠌ᠨ᠎ᠠ᠂ ᠪᠠᠰᠠ ᠰᠦᠯᠵᠢᠶᠡᠨ ᠠᠨᠳᠠ ᠨᠠᠷ᠎ᠤᠨ ᠭᠥᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠢ᠌ᠨ᠎ᠠ᠂ ᠲᠣᠰ ᠬᠤᠭᠤᠴᠠᠭ᠋ᠠᠨ᠎ᠤ ᠫᠷᠣᠭ᠌ᠷᠠᠮ᠎ᠢ ᠠᠲᠠ ᠬᠦᠷᠭᠡᠶ᠎ᠡ᠂ ᠲᠠᠷᠠᠭ᠋ᠠᠴᠢ ᠵᠢᠨ ᠬᠤᠭᠤᠴᠠᠭ᠋ᠠᠨ᠎ᠳᠤ ᠳᠠᠬᠢᠨ ᠠᠭᠤᠯᠵᠠᠶ᠎ᠠ!


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
《2023 ᠣᠨ · ᠡᠷᠭᠢᠴᠡᠭᠦᠯᠦᠯ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠠᠷᠪᠠᠳᠤᠭ᠋ᠠᠷ ᠲᠠᠯᠠᠪᠠᠢ — ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠤᠰᠬᠠᠢ ᠲᠡᠯᠡᠪᠡᠢ ᠰᠣᠨᠢᠨ ᠮᠡᠳᠡᠭᠡ ᠨᠡᠢ᠌ᠲᠡᠯᠡᠬᠦ ᠬᠤᠷᠠᠯ
ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠰᠢᠨ᠎ᠡ ᠠᠵᠢᠯ ᠣᠯᠭᠣᠯᠲᠠ ᠵᠢᠨ ᠬᠡᠯᠪᠡᠷᠢ ᠵᠢᠨ ᠬᠥᠳᠡᠯᠮᠦᠷᠢᠯᠡᠭᠴᠢᠳ᠎ᠤᠨ ᠡᠷᠬᠡ ᠠᠰᠢᠭ᠎ᠤᠨ ᠪᠠᠲᠤᠯᠠᠭ᠎ᠠ ᠵᠢᠨ ᠵᠢᠯᠣᠭᠣᠳᠤᠮᠵᠢ ᠵᠦᠭᠯᠡᠭᠦᠷ᠎ᠲᠤ ᠲᠠᠢ᠌ᠯᠤᠮᠵᠢ ᠬᠢᠪᠡ
《ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠢ ᠰᠠᠶ᠋ᠢᠲᠤᠷ ᠬᠢᠬᠦ ᠲᠤᠬᠠᠢ ᠠᠷᠭ᠎ᠠ ᠬᠡᠮᠵᠢᠶ᠎ᠡ᠎ᠨᠦᠭᠦᠳ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠨ ᠬᠤᠷᠠᠯ ᠬᠤᠷᠠᠯᠳᠤᠪᠠ
ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠠᠵᠢᠯ ᠣᠯᠬᠤ᠎ᠳᠤ ᠠᠮᠠᠷᠬᠠᠨ᠂ ᠰᠠᠶ᠋ᠢᠨ ᠠᠵᠢᠯ ᠣᠯᠬᠤ ᠵᠢ ᠠᠬᠢᠭᠤᠯᠤᠨ᠎ᠠ
 
            