ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠬᠣᠯᠪᠣᠭᠳᠠᠯ ᠪᠦᠬᠦᠢ ᠵᠤᠷᠭᠠᠨ ᠲᠣᠪᠴᠢᠶ᠎ᠠ᠎ᠶᠢᠨ ᠬᠠᠷᠢᠭᠤᠴᠠᠯᠭᠠᠲᠠᠨ ᠨᠥᠬᠥᠳ 《 ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠦᠨᠡᠯᠡᠬᠦ ᠦᠨᠳᠦᠰᠦᠨ ᠪᠠᠷᠢᠮᠵᠢᠶ᠎ᠠ ( ᠲᠤᠷᠰᠢᠨ ᠬᠡᠷᠡᠭᠵᠢᠭᠦᠯᠬᠦ ) 》 ᠶ᠋ᠢ ᠳᠠᠷᠤᠮᠠᠯᠯᠠᠨ ᠲᠠᠷᠬᠠᠭᠠᠭᠰᠠᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ
ᠨᠡᠶ᠋ᠢᠲᠡᠯᠡᠭᠰᠡᠨ ᠴᠠᠭ᠄ 2025-11-14

      ᠣᠢᠷ᠎ᠠ᠎ᠳᠤ᠂ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ 《 ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠦᠨᠡᠯᠡᠬᠦ ᠦᠨᠳᠦᠰᠦᠨ ᠪᠠᠷᠢᠮᠵᠢᠶ᠎ᠠ ( ᠲᠤᠷᠰᠢᠨ ᠬᠡᠷᠡᠭᠵᠢᠭᠦᠯᠬᠦ ) 》 ( ᠳᠣᠷᠣᠭ᠍ᠰᠢ 《 ᠪᠠᠷᠢᠮᠵᠢᠶ᠎ᠠ 》 ᠭᠡᠵᠦ ᠲᠣᠪᠴᠢᠯᠠᠨ᠎ᠠ )᠎ᠶᠢ ᠳᠠᠷᠤᠮᠠᠯᠯᠠᠨ ᠲᠠᠷᠬᠠᠭᠠᠪᠠ ᠃ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠎ᠶᠢᠨ ᠠᠵᠢᠯᠲᠠᠨ᠎ᠤ ᠶᠠᠪᠤᠳᠠᠯ᠎ᠤᠨ ᠵᠤᠷᠭᠠᠨ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠲᠤᠰᠬᠠᠢ ᠮᠡᠷᠭᠡᠵᠢᠯ᠎ᠦᠨ ᠠᠵᠢᠯᠲᠠᠨ᠎ᠤ ᠬᠠᠮᠢᠶᠠᠷᠤᠯᠲᠠ᠎ᠶᠢᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ 《 ᠪᠠᠷᠢᠮᠵᠢᠶ᠎ᠠ 》᠎ᠶᠢᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠳᠠ᠎ᠶᠢ ᠬᠠᠷᠢᠭᠤᠯᠪᠠ ᠃
      ᠨᠢᠭᠡ᠂ 《 ᠪᠠᠷᠢᠮᠵᠢᠶ᠎ᠠ 》᠎ᠶᠢ ᠨᠡᠢᠲᠡᠯᠡᠭᠰᠡᠨ ᠠᠬᠤᠢ ᠪᠠᠢᠳᠠᠯ᠎ᠢ ᠲᠥᠬᠥᠮ ᠲᠠᠨᠢᠯᠴᠠᠭᠤᠯᠤᠭᠠᠷᠠᠢ᠃
      ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠡᠩᠨᠡᠭᠡ᠎ᠶᠢᠨ ᠪᠠᠢᠭᠤᠯᠤᠯᠲᠠ᠎ᠶᠢ ᠦᠨᠡᠨ ᠬᠦ᠌ ᠴᠢᠩᠭᠠᠳᠬᠠᠬᠤ᠎ᠶᠢᠨ ᠲᠥᠯᠥᠭᠡ᠂ ᠡᠮᠦᠨᠡᠬᠢ ᠬᠤᠭᠤᠴᠠᠭᠠᠨ᠎ᠤ ᠭᠦᠨᠵᠡᠭᠡᠢ ᠪᠠᠢᠴᠠᠭᠠᠨ ᠰᠤᠳᠤᠯᠤᠯᠲᠠ᠎ᠶᠢᠨ ᠰᠠᠭᠤᠷᠢᠨ ᠳᠡᠭᠡᠷ᠎ᠡ ᠂ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ 《 ᠪᠠᠷᠢᠮᠵᠢᠶ᠎ᠠ 》᠎ᠶᠢ ᠰᠤᠳᠤᠯᠤᠨ ᠲᠣᠭᠲᠠᠭᠠᠪᠠ ᠂ ᠡᠨᠡ ᠨᠢ ᠭᠣᠣᠯᠳᠠᠭᠤ ᠬᠣᠶᠠᠷ ᠲᠠᠯ᠎ᠠ᠎ᠶᠢᠨ ᠪᠣᠳᠣᠯᠬᠢᠯᠠᠯ᠎ᠳᠤ ᠰᠠᠭᠤᠷᠢᠯᠠᠵᠠᠢ᠃
      ᠨᠢᠭᠡ᠎ᠳᠦ᠂ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠡᠩᠨᠡᠭᠡ᠎ᠶᠢᠨ ᠴᠢᠳᠠᠪᠤᠷᠢ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠡᠩᠨᠡᠭᠡ᠎ᠶᠢᠨ ᠬᠡᠪᠴᠢᠶ᠎ᠡ ᠶᠠᠰᠤ ᠴᠢᠨᠠᠷ᠎ᠢ ᠳᠡᠭᠡᠭᠰᠢᠯᠡᠭᠦᠯᠬᠦ ᠪᠣᠯ ᠬᠥᠯ ᠪᠥᠮᠪᠥᠭᠡ᠎ᠶᠢᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠴᠢᠩᠭᠠᠳᠬᠠᠬᠤ ᠂ ᠬᠥᠯ ᠪᠥᠮᠪᠥᠭᠡ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠂ ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠬᠦ᠎ᠶᠢᠨ ᠴᠢᠬᠤᠯᠠ ᠲᠤᠯᠭᠠᠭᠤᠷᠢᠯᠠᠯ ᠮᠥᠨ ᠃ ᠮᠡᠷᠭᠡᠵᠢᠯ᠎ᠦᠨ ᠴᠣᠯᠠ᠎ᠶᠢᠨ ᠦᠨᠡᠯᠡᠯᠲᠡ᠎ᠶᠢᠨ 《 ᠳᠣᠬᠢᠭᠤᠷ 》᠎ᠤᠨ ᠦᠢᠯᠡᠳᠦᠯ᠎ᠢ ᠭᠦᠢᠴᠡᠳ ᠪᠠᠳᠠᠷᠠᠭᠤᠯᠬᠤ᠎ᠶᠢᠨ ᠲᠥᠯᠥᠭᠡ ᠂ ᠴᠢᠳᠠᠪᠤᠷᠢᠲᠠᠨ᠎ᠢ ᠦᠨᠡᠯᠡᠬᠦ ᠪᠠᠷᠢᠮᠵᠢᠶ᠎ᠠ᠎ᠪᠠᠷ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠠᠵᠢᠯ ᠮᠡᠷᠭᠡᠵᠢᠯ᠎ᠦᠨ ᠴᠢᠳᠠᠪᠤᠷᠢ᠎ᠶᠢᠨ ᠬᠥᠭᠵᠢᠯᠲᠡ᠎ᠶᠢ ᠬᠥᠲᠥᠯᠥᠨ ᠵᠢᠯᠤᠭᠣᠳᠴᠤ ᠂ ᠪᠢᠳᠡ ᠡᠨᠡ ᠬᠦ᠌ 《 ᠪᠠᠷᠢᠮᠵᠢᠶ᠎ᠠ 》᠎ᠶᠢ ᠲᠣᠭᠲᠠᠭᠠᠨ ᠨᠡᠢᠲᠡᠯᠡᠵᠦ ᠂ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠠᠵᠢᠯ ᠲᠥᠷᠥᠯ᠎ᠦᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ ᠂ ᠠᠵᠢᠯ ᠮᠡᠷᠭᠡᠵᠢᠯ᠎ᠦᠨ ᠶᠣᠰᠣ᠌ ᠮᠣᠷᠠᠯ ᠂ ᠲᠤᠰᠬᠠᠢ ᠮᠡᠷᠭᠡᠵᠢᠯ᠎ᠦᠨ ᠮᠡᠳᠡᠯᠭᠡ ᠂ ᠵᠢᠭᠠᠨ ᠰᠤᠷᠭᠠᠬᠤ ᠴᠢᠳᠠᠪᠤᠷᠢ ᠂ ᠦᠢᠯᠡᠳᠦᠯᠭᠡ᠎ᠶᠢᠨ ᠮᠡᠷᠭᠡᠵᠢᠯ ᠵᠡᠷᠭᠡ ᠣᠯᠠᠨ ᠲᠠᠯ᠎ᠠ᠎ᠶᠢ ᠬᠠᠮᠤᠷᠤᠭᠰᠠᠨ ᠦᠨᠡᠯᠡᠯᠲᠡ᠎ᠶᠢᠨ ᠭᠦᠢᠴᠡᠳᠬᠡᠯ ᠲᠣᠭᠠᠨ᠎ᠤ ᠰᠢᠰᠲᠧᠮ᠎ᠢ ᠪᠠᠢᠭᠤᠯᠵᠤ ᠂ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠮᠡᠳᠡᠯᠭᠡ ᠴᠢᠳᠠᠪᠤᠷᠢ᠎ᠪᠠᠨ ᠲᠠᠰᠤᠷᠠᠯᠲᠠ ᠦᠭᠡᠢ ᠰᠢᠨᠡᠳᠬᠡᠵᠦ᠂ ᠵᠢᠭᠠᠨ ᠰᠤᠷᠭᠠᠬᠤ ᠬᠢᠷᠢ ᠲᠦᠪᠰᠢᠨ᠎ᠢᠶᠡᠨ ᠳᠡᠭᠡᠭᠰᠢᠯᠡᠭᠦᠯᠬᠦ᠎ᠶᠢ ᠬᠥᠲᠥᠯᠥᠨ ᠵᠢᠯᠣᠭᠣᠳᠤᠨ᠎ᠠ᠃ ᠡᠭᠦᠨ᠎ᠦ ᠬᠠᠮᠲᠤ ᠪᠠᠰᠠ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠬᠠᠮᠢᠶᠠᠷᠤᠯᠲᠠ᠎ᠶᠢ ᠤᠯᠠᠮ ᠨᠢᠭᠡ ᠠᠯᠬᠤᠮ ᠵᠢᠷᠤᠮᠵᠢᠭᠤᠯᠵᠤ ᠂ ᠬᠢᠨᠠᠨ ᠲᠣᠭᠲᠠᠭᠠᠬᠤ ᠶᠠᠰᠤ ᠴᠢᠨᠠᠷ᠎ᠢ ᠠᠬᠢᠭᠤᠯᠤᠨ ᠳᠡᠭᠡᠭᠰᠢᠯᠡᠭᠦᠯᠵᠦ ᠂ ᠴᠢᠳᠠᠪᠤᠷᠢᠲᠠᠨ᠎ᠢ ᠦᠨᠡᠯᠡᠬᠦ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠣᠯᠭᠠᠨ᠎ᠠ᠃
      ᠬᠣᠶᠠᠷ᠎ᠲᠤ᠂ ᠪᠡᠶ᠎ᠡ᠎ᠶᠢᠨ ᠲᠠᠮᠢᠷ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ ᠰᠢᠨᠵᠢᠯᠡᠬᠦ ᠤᠬᠠᠭᠠᠨᠴᠢ᠎ᠪᠠᠷ ᠲᠥᠷᠥᠯ ᠬᠤᠪᠢᠶᠠᠨ ᠦᠨᠡᠯᠡᠨ᠎ᠡ ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠂ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠎ᠶᠢᠨ 《 ᠪᠡᠶ᠎ᠡ᠎ᠶᠢᠨ ᠲᠠᠮᠢᠷ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠲᠤᠬᠠᠢ ᠵᠢᠯᠤᠭᠣᠳᠬᠤ ᠰᠠᠨᠠᠯ 》 ( ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠲᠠᠷᠬᠠᠭᠠᠭᠰᠠᠨ [ 2020 ] 76 ᠳ᠋ᠤᠭᠠᠷ ᠲᠣᠭᠠᠲᠤ )᠎ᠳᠦ ᠂ ᠰᠤᠷᠭᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠦᠨᠡᠯᠡᠬᠦ ᠠᠵᠢᠯ᠎ᠳᠤ 《 ᠲᠡᠳᠡᠨ᠎ᠦ ᠵᠢᠭᠠᠨ ᠰᠤᠷᠭᠠᠬᠤ ᠡᠲᠡᠭᠡᠳ᠎ᠦᠨ ᠬᠥᠳᠡᠯᠭᠡᠭᠡᠨ᠎ᠦ ᠬᠢᠷᠢ ᠬᠡᠮᠵᠢᠶ᠎ᠡ᠎ᠶᠢ ᠳᠡᠭᠡᠭᠰᠢᠯᠡᠭᠦᠯᠬᠦ ᠴᠢᠳᠠᠪᠤᠷᠢ᠎ᠶᠢ ᠭᠣᠣᠯᠳᠠᠯᠭ᠎ᠠ᠎ᠲᠠᠢ ᠦᠨᠡᠯᠡᠬᠦ᠎ᠶᠢᠨ ᠬᠠᠮᠲᠤ ᠵᠢᠭᠠᠨ ᠰᠤᠷᠭᠠᠬᠤ ᠡᠲᠡᠭᠡᠳ ᠂ ᠵᠢᠭᠠᠨ ᠰᠤᠷᠭᠠᠬᠤ ᠠᠭᠤᠯᠭ᠎ᠠ ᠵᠡᠷᠭᠡ ᠠᠳᠠᠯᠢ ᠪᠤᠰᠤ ᠠᠵᠢᠯ᠎ᠤᠨ ᠪᠠᠢᠷᠢ᠎ᠶᠢᠨ ᠰᠤᠷᠭᠠᠭ᠍ᠴᠢ᠎ᠶᠢᠨ ᠣᠨᠴᠠᠯᠢᠭ᠋᠎ᠢ ᠦᠨᠳᠦᠰᠦᠯᠡᠨ ᠂ ᠦᠨᠡᠯᠡᠬᠦ ᠪᠠᠷᠢᠮᠵᠢᠶ᠎ᠠ᠎ᠶᠢ ᠲᠥᠷᠥᠯ ᠬᠤᠪᠢᠶᠠᠨ ᠲᠣᠭᠲᠠᠭᠠᠬᠤ᠎ᠶᠢ ᠪᠣᠳᠣᠯᠬᠢᠯᠠᠬᠤ ᠬᠡᠷᠡᠭᠲᠡᠢ 》 ᠂ 《 ᠮᠡᠷᠭᠡᠵᠢᠯ᠎ᠦᠨ ᠴᠣᠯᠠ ᠬᠢᠭᠡᠳ ᠤᠯᠤᠰ᠎ᠤᠨ ᠳᠣᠲᠣᠭᠠᠳᠤ ᠭᠠᠳᠠᠭᠠᠳᠤ᠎ᠶᠢᠨ ᠦᠨᠡᠯᠡᠯᠲᠡ᠎ᠶᠢᠨ ᠰᠢᠰᠲᠧᠮᠵᠢ᠎ᠶᠢ ᠵᠣᠯᠭᠠᠭᠤᠯᠵᠤ ᠬᠠᠷᠢᠯᠴᠠᠨ ᠮᠡᠳᠡᠷᠡᠬᠦ᠎ᠶᠢ ᠠᠯᠬᠤᠮ ᠠᠯᠬᠤᠮ᠎ᠢᠶᠠᠷ ᠬᠠᠢᠨ ᠰᠦᠪᠡᠭᠴᠢᠯᠡᠬᠦ ᠬᠡᠷᠡᠭᠲᠡᠢ 》 ᠭᠡᠵᠦ ᠳᠤᠷᠠᠳᠤᠨ ᠭᠠᠷᠭᠠᠪᠠ ᠃ ᠬᠥᠯ ᠪᠥᠮᠪᠥᠭᠡ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠬᠡᠷᠡᠭᠵᠢᠭᠦᠯᠦᠭᠰᠡᠨ ᠠᠵᠢᠯ ᠮᠡᠷᠭᠡᠵᠢᠭᠰᠡᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ ᠮᠥᠨ ᠂ ᠴᠢᠳᠠᠪᠤᠷᠢᠲᠠᠨ᠎ᠤ ᠦᠨᠡᠯᠡᠯᠲᠡ᠎ᠶᠢᠨ ᠨᠡᠢᠭᠡᠮᠴᠢᠯᠡᠯᠲᠡ ᠂ ᠳᠡᠯᠡᠬᠡᠢᠴᠢᠯᠡᠯᠲᠡ᠎ᠶᠢᠨ ᠬᠢᠷᠢ ᠬᠡᠮᠵᠢᠶ᠎ᠡ ᠨᠡᠯᠢᠶᠡᠳ ᠥᠨᠳᠥᠷ ᠪᠠᠢᠵᠤ ᠂ ᠪᠣᠳᠠᠲᠠᠢ ᠦᠨᠡᠯᠡᠯᠲᠡ᠎ᠶᠢᠨ ᠠᠭᠤᠯᠭ᠎ᠠ᠎ᠶᠢᠨ ᠲᠠᠯ᠎ᠠ᠎ᠪᠠᠷ ᠪᠤᠰᠤᠳ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠲᠥᠷᠥᠯ ᠵᠦᠢᠯ᠎ᠲᠠᠢ ᠨᠡᠯᠢᠶᠡᠳ ᠢᠯᠡᠷᠬᠡᠢ ᠵᠥᠷᠢᠶ᠎ᠡ᠎ᠲᠠᠢ ᠪᠠᠢᠳᠠᠭ ᠪᠣᠯᠬᠣᠷ ᠠᠵᠢᠯ ᠲᠥᠷᠥᠯ᠎ᠦᠨ ᠣᠨᠴᠠᠯᠢᠭ᠋᠎ᠢᠶᠠᠨ ᠦᠨᠳᠦᠰᠦᠯᠡᠨ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠦᠨᠡᠯᠡᠯᠲᠡ᠎ᠶᠢᠨ ᠪᠣᠳᠠᠲᠠᠢ ᠪᠠᠷᠢᠮᠵᠢᠶ᠎ᠠ᠎ᠶᠢ ᠲᠣᠭᠲᠠᠭᠠᠬᠤ ᠴᠢᠬᠤᠯᠠᠲᠠᠢ ᠶᠤᠮ᠃
      ᠬᠣᠶᠠᠷ᠂ 《 ᠪᠠᠷᠢᠮᠵᠢᠶ᠎ᠠ 》᠎ᠶᠢᠨ ᠭᠣᠣᠯ ᠠᠭᠤᠯᠭ᠎ᠠ ᠨᠢ ᠶᠠᠭᠤ ᠪᠤᠢ ?
      《 ᠪᠠᠷᠢᠮᠵᠢᠶ᠎ᠠ 》 ᠨᠢ ᠪᠡᠶ᠎ᠡ᠎ᠶᠢᠨ ᠲᠠᠮᠢᠷ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠥᠭᠡᠷᠡᠴᠢᠯᠡᠯᠲᠡ᠎ᠶᠢᠨ ᠵᠣᠷᠢᠭ᠋ ᠰᠠᠨᠠᠭ᠎ᠠ᠎ᠶᠢ ᠦᠨᠡᠨ ᠬᠦ᠌ ᠨᠠᠢᠳᠠᠪᠤᠷᠢᠵᠢᠭᠤᠯᠵᠤ ᠂ ᠵᠠᠩ ᠮᠣᠷᠠᠯ ᠂ ᠴᠢᠳᠠᠪᠤᠷᠢ ᠂ ᠠᠵᠢᠯ᠎ᠤᠨ ᠪᠦᠲᠦᠮᠵᠢ᠎ᠪᠡᠷ ᠤᠳᠤᠷᠢᠳᠤᠮᠵᠢ ᠪᠣᠯᠭᠠᠵᠤ ᠂ ᠰᠤᠷᠤᠯᠭ᠎ᠠ᠎ᠶᠢᠨ ᠨᠠᠮᠲᠠᠷ ᠂ ᠬᠢᠷᠢ ᠬᠡᠮ ᠂ ᠥᠭᠦᠯᠡᠯ ᠵᠡᠷᠭᠡ ᠬᠡᠯᠪᠡᠷᠢᠯ᠎ᠢ ᠲᠡᠪᠴᠢᠵᠦ ᠂ ᠬᠥᠯ ᠪᠥᠮᠪᠥᠭᠡ᠎ᠶᠢᠨ ᠰᠤᠷᠭᠠᠭ᠍ᠴᠢ᠎ᠳᠤ ᠮᠡᠷᠭᠡᠵᠢᠯ᠎ᠦᠨ ᠴᠣᠯᠠ᠎ᠶᠢᠨ ᠰᠢᠨᠵᠢᠯᠡᠬᠦ ᠤᠬᠠᠭᠠᠨᠴᠢ ᠪᠤᠰᠤᠳᠴᠢ ᠲᠥᠪ ᠭᠣᠥᠯᠴᠢ ᠦᠨᠡᠯᠡᠯᠲᠡ ᠬᠢᠨ᠎ᠡ᠃
      ᠨᠢᠭᠡ᠎ᠳᠦ᠂ ᠵᠠᠩ ᠮᠣᠷᠠᠯ ᠪᠠ ᠠᠵᠢᠯ ᠮᠡᠷᠭᠡᠵᠢᠯ᠎ᠦᠨ ᠶᠣᠰᠣ᠌ ᠮᠣᠷᠠᠯ᠎ᠢ ᠲᠣᠪᠣᠢᠯᠭᠠᠨ᠎ᠠ᠃ 《 ᠪᠠᠷᠢᠮᠵᠢᠶ᠎ᠠ 》᠎ᠳᠤ ᠵᠠᠩ ᠮᠣᠷᠠᠯ ᠪᠠ ᠠᠵᠢᠯ ᠮᠡᠷᠭᠡᠵᠢᠯ᠎ᠦᠨ ᠶᠣᠰᠣ᠌ ᠮᠣᠷᠠᠯ᠎ᠢ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠦᠨᠡᠯᠡᠯᠲᠡ᠎ᠶᠢᠨ ᠲᠡᠷᠢᠭᠦᠨ ᠱᠠᠭᠠᠷᠳᠠᠯᠭ᠎ᠠ ᠪᠣᠯᠭᠠᠬᠤ᠎ᠶᠢ ᠪᠠᠷᠢᠮᠲᠠᠯᠠᠨ᠎ᠠ ᠃ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠭᠤᠶᠤᠴᠢᠯᠠᠨ ᠮᠡᠳᠡᠭᠦᠯᠬᠦ᠎ᠳᠦ ᠂ ᠡᠷᠬᠡᠪᠰᠢ ᠪᠡᠶ᠎ᠡ᠎ᠶᠢᠨ ᠲᠠᠮᠢᠷ ᠪᠠ ᠬᠥᠯ ᠪᠥᠮᠪᠥᠭᠡ᠎ᠶᠢᠨ ᠦᠢᠯᠡᠰ᠎ᠢ ᠬᠠᠢᠷᠠᠯᠠᠵᠤ ᠂ ᠰᠠᠢᠨ ᠰᠠᠢᠬᠠᠨ ᠠᠵᠢᠯ ᠮᠡᠷᠭᠡᠵᠢᠯ᠎ᠦᠨ ᠶᠣᠰᠣ᠌ ᠮᠣᠷᠠᠯ ᠪᠠ ᠠᠵᠢᠯ ᠦᠢᠯᠡᠰ᠎ᠢᠶᠡᠨ ᠳᠡᠭᠡᠳᠦᠯᠡᠨ ᠬᠠᠷᠠᠮ ᠦᠭᠡᠢ ᠵᠣᠷᠢᠭᠤᠯᠬᠤ ᠵᠣᠷᠢᠭ᠋ ᠰᠠᠨᠠᠭ᠎ᠠ᠎ᠲᠠᠢ ᠪᠠᠢᠬᠤ ᠬᠡᠷᠡᠭᠲᠡᠢ ᠃ ᠬᠥᠯ ᠪᠥᠮᠪᠥᠭᠡ᠎ᠶᠢᠨ ᠲᠥᠷᠥᠯ ᠵᠦᠢᠯ᠎ᠳᠦ ᠪᠠᠭᠰᠢᠯᠠᠬᠤ᠎ᠪᠠᠷ ᠳᠠᠮᠵᠢᠭᠤᠯᠤᠨ ᠂ ᠶᠣᠰᠣ᠌ ᠰᠤᠷᠲᠠᠬᠤᠨ᠎ᠢ ᠪᠣᠶ ᠪᠣᠯᠭᠠᠵᠤ ᠬᠥᠮᠥᠨ᠎ᠢ ᠬᠥᠮᠥᠵᠢᠭᠦᠯᠬᠦ ᠠᠵᠢᠯ ᠮᠡᠷᠭᠡᠵᠢᠯ᠎ᠦᠨ ᠬᠡᠪ ᠰᠤᠷᠲᠠᠯ᠎ᠢ ᠦᠢᠯᠡᠳᠦᠯᠭᠡᠵᠢᠭᠦᠯᠵᠦ ᠂ ᠡᠷᠬᠡ ᠲᠡᠭᠰᠢ ᠲᠥᠪ ᠭᠣᠥᠯᠴᠢ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ᠎ᠶᠢ ᠪᠠᠳᠠᠷᠠᠭᠤᠯᠤᠨ ᠂ ᠡᠷᠡᠭᠦᠯ ᠥᠭᠡᠳᠡᠷᠬᠡᠭ ᠬᠥᠯ ᠪᠥᠮᠪᠥᠭᠡ᠎ᠶᠢᠨ ᠰᠣᠶᠣᠯ᠎ᠢ ᠤᠯᠠᠮᠵᠢᠯᠠᠨ᠎ᠠ᠃
      ᠬᠣᠶᠠᠷ᠎ᠲᠤ᠂ ᠴᠢᠳᠠᠪᠤᠷᠢ᠎ᠶᠢᠨ ᠬᠡᠪ ᠴᠢᠨᠠᠷ᠎ᠢ ᠲᠤᠪᠤᠢ᠍ᠢᠯᠭᠠᠨ᠎ᠠ᠃ 《 ᠪᠠᠷᠢᠮᠵᠢᠶ᠎ᠠ 》᠎ᠳᠤ ᠬᠥᠯ ᠪᠥᠮᠪᠥᠭᠡ᠎ᠶᠢᠨ ᠳᠠᠰᠬᠠᠯᠵᠢᠭᠤᠯᠤᠭ᠍ᠴᠢ᠎ᠳᠤ ᠵᠣᠬᠢᠬᠤ ᠲᠤᠰᠬᠠᠢ ᠮᠡᠷᠭᠡᠵᠢᠯ᠎ᠦᠨ ᠮᠡᠳᠡᠯᠭᠡ ᠪᠠ ᠮᠡᠷᠭᠡᠵᠢᠯ ᠣᠯᠭᠣᠵᠤ ᠬᠥᠮᠥᠨ ᠬᠥᠮᠥᠵᠢᠭᠦᠯᠬᠦ ᠴᠢᠳᠠᠪᠤᠷᠢ᠎ᠲᠠᠢ ᠪᠠᠢᠬᠤ ᠬᠡᠷᠡᠭᠲᠡᠢ ᠂ ᠢᠯᠠᠩᠭᠤᠶ᠎ᠠ ᠤᠯᠤᠰ᠎ᠤᠨ ᠲᠠᠰ᠎ᠤᠨ ᠳᠠᠰᠬᠠᠯᠵᠢᠭᠤᠯᠤᠭ᠍ᠴᠢ᠎ᠳᠤ ᠲᠣᠰ ᠵᠦᠢᠯ᠎ᠦᠨ ᠪᠣᠯᠪᠠᠰᠤᠷᠠᠯ᠎ᠤᠨ ᠤᠷᠤᠯᠳᠤᠭᠠᠨ᠎ᠢ ᠭᠦᠨᠵᠡᠭᠡᠢ ᠰᠤᠳᠤᠯᠵᠤ᠂ ᠪᠡᠶ᠎ᠡ᠎ᠶᠢᠨ ᠲᠠᠮᠢᠷ᠎ᠤᠨ ᠪᠣᠯᠪᠠᠰᠤᠷᠠᠯ᠎ᠤᠨ ᠲᠠᠯ᠎ᠠ᠎ᠶᠢᠨ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ᠎ᠢ ᠪᠣᠶ ᠪᠣᠯᠭᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠭᠰᠠᠨ ᠪᠠᠢᠨ᠎ᠠ᠃ ᠡᠭᠦᠨ᠎ᠡᠴᠡ ᠭᠠᠳᠠᠨ᠎ᠠ ᠂ ᠰᠤᠷᠭᠠᠭ᠍ᠴᠢ᠎ᠶᠢ ᠪᠠᠰᠠ ᠠᠵᠢᠯ᠎ᠤᠨ ᠪᠠᠢᠷᠢ᠎ᠶᠢᠨ ᠪᠣᠯᠪᠠᠰᠤᠷᠠᠯ᠎ᠢ ᠪᠡᠶᠡᠯᠡᠭᠦᠯᠵᠦ ᠂ ᠮᠡᠳᠡᠯᠭᠡ᠎ᠪᠡᠨ ᠦᠷᠭᠦᠯᠵᠢᠯᠡᠨ ᠰᠢᠨᠡᠳᠬᠡᠵᠦ ᠂ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ ᠃ 《 ᠪᠠᠷᠢᠮᠵᠢᠶ᠎ᠠ 》᠎ᠳᠤ ᠪᠠᠰᠠ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠠᠵᠢᠯ᠎ᠤᠨ ᠪᠠᠢᠷᠢ᠎ᠶᠢᠨ ᠪᠣᠯᠪᠠᠰᠤᠷᠠᠯ᠎ᠤᠨ ᠨᠥᠬᠥᠴᠡᠯ᠎ᠢ ᠰᠢᠯᠢᠳᠡᠭᠵᠢᠭᠦᠯᠵᠦ ᠂ ᠬᠥᠯ ᠪᠥᠮᠪᠥᠭᠡ᠎ᠶᠢᠨ ᠠᠵᠢᠯ ᠲᠥᠷᠥᠯ᠎ᠦᠨ ᠨᠡᠢᠭᠡᠮᠯᠢᠭ᠎ᠦᠨ ᠰᠤᠷᠭᠠᠭ᠍ᠴᠢ᠎ᠶᠢᠨ ᠵᠡᠷᠭᠡ ᠳᠡᠰ᠎ᠤᠨ ᠪᠣᠯᠪᠠᠰᠤᠷᠠᠯ᠎ᠳᠤ ᠬᠢᠷᠢ ᠲᠡᠩᠴᠡᠭᠰᠡᠨ ᠪᠥᠭᠡᠳ ᠣᠯᠠᠨ ᠤᠯᠤᠰ᠎ᠤᠨ ᠨᠡᠢᠳᠡᠮ ᠬᠡᠷᠡᠭᠯᠡᠵᠦ ᠪᠠᠢᠭ᠎ᠠ ᠬᠢᠷᠢ ᠲᠡᠩᠴᠡᠭᠰᠡᠨ ᠦᠨᠡᠮᠯᠡᠯ ᠣᠯᠣᠭᠰᠠᠳ᠎ᠢ ᠪᠠᠰᠠ ᠬᠠᠷᠠᠭᠠᠯᠵᠠᠭᠰᠠᠨ ᠲᠠᠰ ᠳᠠᠪᠬᠤᠷᠭ᠎ᠠ᠎ᠶᠢᠨ ᠰᠤᠷᠭᠠᠭ᠍ᠴᠢ᠎ᠶᠢᠨ ᠠᠵᠢᠯ᠎ᠤᠨ ᠪᠠᠢᠷᠢ᠎ᠶᠢᠨ ᠪᠣᠯᠪᠠᠰᠤᠷᠠᠯ᠎ᠳᠤ ᠬᠢᠷᠢ ᠲᠡᠩᠴᠡᠭᠰᠡᠨ᠎ᠢᠶᠡᠷ ᠦᠵᠡᠵᠦ ᠪᠣᠯᠣᠨ᠎ᠠ᠃
      ᠭᠤᠷᠪᠠ᠎ᠳᠤ᠂ ᠠᠵᠢᠯ᠎ᠤᠨ ᠠᠮᠵᠢᠯᠲᠠ ᠪᠦᠲᠦᠮᠵᠢ᠎ᠶᠢ ᠳᠣᠪᠣᠶ᠋ᠢᠯᠭᠠᠨ᠎ᠠ᠃ 《 ᠪᠠᠷᠢᠮᠵᠢᠶ᠎ᠠ 》 ᠨᠢ ᠰᠤᠷᠭᠠᠭ᠍ᠴᠢ᠎ᠶᠢᠨ ᠵᠢᠭᠠᠨ ᠰᠤᠷᠭᠠᠬᠤ ᠬᠢᠷᠢ ᠲᠦᠪᠰᠢᠨ ᠪᠠ ᠠᠵᠢᠯ᠎ᠤᠨ ᠠᠮᠵᠢᠯᠲᠠ ᠪᠦᠲᠦᠮᠵᠢ᠎ᠶᠢᠨ ᠬᠤᠪᠢ ᠨᠡᠮᠡᠷᠢ᠎ᠶᠢ ᠦᠨᠡᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ ᠂ ᠰᠢᠯᠢᠳᠡᠭ ᠤᠷᠤᠯᠳᠤᠭᠠᠨ᠎ᠤ ᠬᠢᠷᠢ ᠪᠦᠲᠦᠮᠵᠢ ᠣᠯᠬᠤ᠂ ᠰᠢᠯᠢᠳᠡᠭ ᠲᠠᠮᠢᠷᠴᠢᠨ᠎ᠢ ᠬᠦᠷᠭᠡᠬᠦ ᠵᠡᠷᠭᠡ ᠬᠠᠮᠢᠶ᠎ᠠ ᠪᠦᠬᠦᠢ ᠠᠮᠵᠢᠯᠲᠠ ᠪᠦᠲᠦᠮᠵᠢ᠎ᠶᠢᠨ ᠠᠭᠤᠯᠭ᠎ᠠ᠎ᠶᠢ ᠤᠯᠠᠮ ᠨᠢᠭᠡ ᠠᠯᠬᠤᠮ ᠨᠠᠷᠢᠯᠢᠭ᠍ᠵᠢᠭᠤᠯᠤᠨ ᠪᠠᠶᠠᠯᠢᠭ᠍ᠵᠢᠭᠤᠯᠵᠤ᠂ ᠬᠥᠯ ᠪᠥᠮᠪᠥᠭᠡ᠎ᠶᠢᠨ ᠤᠷᠤᠯᠳᠤᠭᠠᠨ᠎ᠤ ᠵᠦᠢᠯ᠎ᠦᠨ ᠤᠷᠤᠯᠳᠤᠭᠠᠨ᠎ᠤ ᠵᠦᠢᠯ᠎ᠦᠨ ᠰᠢᠰᠲᠧᠮ᠎ᠢ ᠦᠨᠳᠦᠰᠦᠯᠡᠨ ᠰᠤᠷᠭᠠᠭ᠍ᠴᠢ᠎ᠶᠢᠨ ᠪᠠᠭᠰᠢᠯᠠᠭᠰᠠᠨ ᠬᠢᠷᠢ ᠪᠦᠲᠦᠮᠵᠢ ᠯᠦ᠍ᠭᠡ ᠨᠢᠭ᠍ᠲᠠ ᠬᠣᠯᠪᠣᠭ᠎ᠠ᠎ᠲᠠᠢ ᠤᠷᠤᠯᠳᠤᠭᠠᠨ᠎ᠤ ᠵᠦᠢᠯ᠎ᠢ ᠮᠠᠭᠠᠳᠯᠠᠨ ᠲᠣᠭᠲᠠᠭᠠᠬᠤ ᠬᠡᠪᠴᠢᠶ᠎ᠡ᠎ᠶᠢ ᠵᠦᠢ ᠵᠣᠬᠢᠰᠲᠠᠢ ᠥᠷᠭᠡᠳᠬᠡᠵᠦ ᠂ ᠣᠯᠠᠨ ᠤᠯᠤᠰ᠎ᠤᠨ ᠬᠥᠯ ᠪᠥᠮᠪᠥᠭᠡ᠎ᠶᠢᠨ ᠵᠠᠯᠠᠭᠤᠴᠤᠳ᠎ᠤᠨ ᠲᠠᠰ᠎ᠤᠨ ᠤᠷᠤᠯᠳᠤᠭᠠᠨ ᠂ ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠠᠵᠢᠯ ᠮᠡᠷᠭᠡᠵᠢᠯ᠎ᠦᠨ ᠬᠣᠯᠪᠣᠭᠠᠲᠤ ᠤᠷᠤᠯᠳᠤᠭᠠᠨ᠎ᠤ ᠰᠢᠰᠲᠧᠮ᠎ᠦᠨ ᠤᠷᠤᠯᠳᠤᠭᠠᠨ ᠂ ᠤᠯᠤᠰ᠎ᠤᠨ ᠳᠣᠲᠣᠭᠠᠳᠤ᠎ᠶᠢᠨ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶᠢᠨ ᠤᠷᠤᠯᠳᠤᠭᠠᠨ ᠵᠡᠷᠭᠡ᠎ᠶᠢ ᠲᠣᠳᠣᠷᠬᠠᠢᠯᠠᠵᠤ ᠂ ᠦᠨᠡᠯᠡᠬᠦ ᠰᠢᠰᠲᠧᠮ ᠪᠣᠯᠣᠨ ᠤᠷᠤᠯᠳᠤᠭᠠᠨ᠎ᠤ ᠵᠦᠢᠯ᠎ᠦᠨ ᠰᠢᠰᠲᠧᠮ᠎ᠦᠨ ᠵᠣᠯᠭᠠᠯᠳᠤᠯ᠎ᠢ ᠠᠬᠢᠭᠤᠯᠤᠨ᠎ᠠ ᠃ ᠡᠭᠦᠨ᠎ᠦ ᠵᠡᠷᠭᠡ᠎ᠳᠦ ᠂ ᠲᠠᠮᠢᠷ᠎ᠤᠨ ᠰᠤᠷᠭᠠᠭᠤᠯᠢ ᠂ ᠬᠥᠯ ᠪᠥᠮᠪᠥᠭᠡ᠎ᠶᠢᠨ ᠣᠨᠴᠠᠯᠢᠭ᠍ᠲᠤ ᠰᠤᠷᠭᠠᠭᠤᠯᠢ ᠂ ᠬᠥᠯ ᠪᠥᠮᠪᠥᠭᠡ᠎ᠶᠢᠨ ᠵᠠᠯᠠᠭᠤᠴᠤᠳ᠎ᠤᠨ ᠪᠣᠯᠪᠠᠰᠤᠷᠠᠯ᠎ᠤᠨ ᠲᠥᠪ ᠪᠠ ᠠᠵᠢᠯ ᠮᠡᠷᠭᠡᠵᠢᠯ᠎ᠦᠨ ᠺᠯᠦ᠋ᠪ᠎ᠦᠨ ᠱᠠᠲᠤᠯᠵᠢᠨ ᠡᠩᠨᠡᠭᠡ ᠵᠡᠷᠭᠡ᠎ᠳᠦ ᠴᠢᠳᠠᠪᠤᠷᠢᠲᠠᠨ ᠬᠦᠷᠭᠡᠬᠦ᠎ᠶᠢ ᠴᠥᠮ ᠰᠤᠷᠭᠠᠭ᠍ᠴᠢ᠎ᠶᠢᠨ ᠠᠵᠢᠯ᠎ᠤᠨ ᠠᠮᠵᠢᠯᠲᠠ ᠪᠦᠲᠦᠮᠵᠢ᠎ᠪᠠᠷ ᠦᠵᠡᠵᠦ ᠂ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠰᠢᠯᠢᠳᠡᠭ ᠴᠢᠳᠠᠪᠤᠷᠢᠲᠠᠨ᠎ᠢ ᠬᠥᠮᠥᠵᠢᠭᠦᠯᠦᠨ ᠬᠦᠷᠭᠡᠬᠦ ᠢᠳᠡᠪᠬᠢᠵᠢᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃
      ᠳᠥᠷᠪᠡ᠎ᠳᠦ᠂ ᠦᠨᠳᠦᠰᠦᠨ ᠱᠠᠲᠤᠨ᠎ᠤ ᠤᠳᠤᠷᠢᠳᠤᠮᠵᠢ᠎ᠶᠢ ᠲᠣᠪᠣᠢᠯᠭᠠᠨ᠎ᠠ᠃ ᠳᠡᠯᠡᠬᠡᠢ᠎ᠶᠢᠨ ᠬᠥᠯ ᠪᠥᠮᠪᠥᠭᠡ᠎ᠶᠢᠨ ᠬᠦᠴᠦᠷᠬᠡᠭ ᠤᠯᠤᠰ᠎ᠤᠨ ᠬᠥᠭᠵᠢᠯᠲᠡ᠎ᠶᠢᠨ ᠲᠤᠷᠰᠢᠯᠭ᠎ᠠ᠎ᠶᠢ ᠦᠨᠳᠦᠰᠦᠯᠡᠪᠡᠯ ᠂ ᠬᠥᠯ ᠪᠥᠮᠪᠥᠭᠡ᠎ᠶᠢᠨ ᠲᠥᠷᠥᠯ ᠵᠦᠢᠯ᠎ᠦᠨ ᠲᠦᠭᠡᠮᠡᠯᠵᠢᠯᠲᠡ ᠨᠢ ᠤᠷᠤᠯᠳᠤᠭᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠦ ᠰᠠᠭᠤᠷᠢᠯᠠᠬᠤ ᠴᠢᠨᠠᠷᠲᠠᠢ ᠂ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠲᠠᠢ ᠶᠤᠮ ᠃ ᠮᠠᠨ᠎ᠤ ᠤᠯᠤᠰ᠎ᠤᠨ ᠬᠥᠯ ᠪᠥᠮᠪᠥᠭᠡ᠎ᠶᠢᠨ ᠦᠢᠯᠡᠰ᠎ᠦᠨ ᠰᠠᠭᠤᠷᠢ ᠪᠠᠭᠤᠷᠠᠢ ᠪᠠᠢᠬᠤ ᠵᠡᠷᠭᠡ ᠠᠰᠠᠭᠤᠳᠠᠯ᠎ᠢ ᠴᠢᠷᠮᠠᠢᠨ ᠰᠢᠢᠳᠪᠦᠷᠢᠯᠡᠬᠦ᠎ᠶᠢᠨ ᠲᠥᠯᠥᠭᠡ ᠂ 《 ᠪᠠᠷᠢᠮᠵᠢᠶ᠎ᠠ 》᠎ᠳᠤ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠦᠨᠳᠦᠰᠦᠨ ᠱᠠᠲᠤᠨ᠎ᠳᠤ ᠦᠨᠳᠦᠰᠦᠯᠡᠬᠦ᠎ᠶᠢ ᠵᠣᠷᠢᠭ᠍ᠵᠢᠭᠤᠯᠵᠤ ᠂ ᠰᠤᠷᠭᠠᠭᠤᠯᠢ ᠂ ᠲᠠᠮᠢᠷ᠎ᠤᠨ ᠰᠤᠷᠭᠠᠭᠤᠯᠢ ᠪᠠ ᠨᠡᠢᠭᠡᠮ᠎ᠦᠨ ᠵᠠᠯᠠᠭᠤᠴᠤᠳ᠎ᠤᠨ ᠪᠣᠯᠪᠠᠰᠤᠷᠠᠯ᠎ᠤᠨ ᠪᠠᠢᠭᠤᠯᠤᠮᠵᠢ ᠵᠡᠷᠭᠡ ᠪᠠᠭᠠᠴᠤᠳ ᠬᠡᠦᠬᠡᠳ᠎ᠦᠨ ᠬᠥᠯ ᠪᠥᠮᠪᠥᠭᠡ᠎ᠶᠢᠨ ᠰᠡᠬᠡᠭᠡᠷᠡᠭᠦᠯᠬᠦ ᠠᠵᠢᠯ ᠬᠢᠵᠦ ᠪᠠᠢᠭ᠎ᠠ ᠦᠨᠳᠦᠰᠦᠨ ᠱᠠᠲᠤᠨ᠎ᠤ ᠰᠤᠷᠭᠠᠭ᠍ᠴᠢ᠎ᠳᠤ ᠢᠯᠡᠭᠦᠦ ᠬᠠᠷᠠᠭᠠᠯᠵᠠᠯ ᠦᠵᠡᠭᠦᠯᠵᠦ ᠂ ᠡᠭᠦᠨ᠎ᠦ ᠤᠯᠠᠮ᠎ᠢᠶᠠᠷ ᠬᠥᠯ ᠪᠥᠮᠪᠥᠭᠡ᠎ᠶᠢᠨ ᠬᠥᠮᠥᠨ ᠠᠮᠠ᠎ᠶᠢ ᠥᠷᠭᠡᠳᠬᠡᠨ ᠂ ᠬᠥᠯ ᠪᠥᠮᠪᠥᠭᠡ᠎ᠶᠢᠨ ᠰᠣᠶᠣᠯ᠎ᠢ ᠭᠦᠨᠵᠡᠭᠡᠢᠷᠡᠭᠦᠯᠵᠦ ᠂ ᠲᠦᠭᠡᠮᠡᠯᠵᠢᠭᠦᠯᠬᠦ᠎ᠪᠡᠷ ᠳᠡᠭᠡᠭᠰᠢᠯᠡᠭᠦᠯᠬᠦ᠎ᠶᠢ ᠠᠬᠢᠭᠤᠯᠤᠨ᠎ᠠ᠃
      ᠭᠤᠷᠪᠠ᠂ 《 ᠪᠠᠷᠢᠮᠵᠢᠶ᠎ᠠ 》᠎ᠶᠢ ᠬᠡᠷᠬᠢᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠤᠢ ?
      ᠪᠡᠶ᠎ᠡ᠎ᠶᠢᠨ ᠲᠠᠮᠢᠷ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠮᠡᠷᠭᠡᠵᠢᠯ᠎ᠦᠨ ᠴᠣᠯᠠ᠎ᠶᠢᠨ ᠳᠦᠷᠢᠮ᠎ᠳᠦ ᠥᠭᠡᠷᠡᠴᠢᠯᠡᠯᠲᠡ ᠬᠢᠭᠰᠡᠨ᠎ᠡᠴᠡ ᠨᠠᠭᠠᠰᠢ ᠂ ᠠᠯᠢ ᠣᠯᠠᠨ ᠢᠵᠢ ᠪᠦᠷᠢᠳᠦᠭᠰᠡᠨ ᠲᠥᠷᠥ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ᠎ᠢ ᠨᠡᠢᠲᠡᠯᠡᠵᠦ ᠂ ᠦᠨᠡᠯᠡᠬᠦ ᠪᠠᠷᠢᠮᠵᠢᠶ᠎ᠠ᠎ᠶᠢ ᠲᠡᠭᠦᠯᠳᠡᠷᠵᠢᠭᠦᠯᠬᠦ ᠂ ᠦᠨᠡᠯᠡᠬᠦ ᠲᠣᠭᠲᠠᠴᠠ᠎ᠶᠢ ᠰᠢᠨᠡᠴᠢᠯᠡᠵᠦ ᠂ ᠮᠡᠷᠭᠡᠵᠢᠯ᠎ᠦᠨ ᠴᠣᠯᠠ᠎ᠶᠢᠨ ᠬᠠᠮᠢᠶᠠᠷᠤᠯᠲᠠ ᠦᠢᠯᠡᠴᠢᠯᠡᠭᠡ᠎ᠶᠢ ᠰᠠᠢᠵᠢᠷᠠᠭᠤᠯᠬᠤ ᠵᠡᠷᠭᠡ ᠲᠠᠯ᠎ᠠ᠎ᠪᠠᠷ ᠵᠠᠯᠭᠠᠭ᠎ᠠ᠎ᠪᠠᠷ ᠨᠠᠷᠢᠯᠢᠭ᠍ᠵᠢᠭᠤᠯᠤᠨ ᠲᠡᠭᠦᠯᠳᠡᠷᠵᠢᠭᠦᠯᠪᠡ ᠃ ᠡᠨᠡ ᠤᠳᠠᠭ᠎ᠠ ᠬᠥᠯ ᠪᠥᠮᠪᠥᠭᠡ᠎ᠶᠢᠨ ᠤᠷᠤᠯᠳᠤᠭᠠᠨ᠎ᠤ ᠵᠦᠢᠯ᠎ᠦᠨ ᠰᠤᠷᠭᠠᠭ᠍ᠴᠢ᠎ᠶᠢᠨ ᠮᠡᠷᠭᠡᠵᠢᠯ᠎ᠦᠨ ᠴᠣᠯᠠ᠎ᠶᠢᠨ ᠦᠨᠡᠯᠡᠯᠲᠡ᠎ᠶᠢᠨ ᠦᠨᠳᠦᠰᠦᠨ ᠪᠠᠷᠢᠮᠵᠢᠶ᠎ᠠ᠎ᠶᠢ ᠨᠡᠢᠲᠡᠯᠡᠵᠦ ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠮᠡᠷᠭᠡᠵᠢᠯ᠎ᠦᠨ ᠴᠣᠯᠠ ᠰᠢᠯᠭᠠᠷᠠᠭᠤᠯᠬᠤ ᠺᠣᠮᠢᠰ ᠨᠢ ᠪᠡᠶ᠎ᠡ᠎ᠶᠢᠨ ᠲᠠᠮᠢᠷ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠥᠭᠡᠷᠡᠴᠢᠯᠡᠯᠲᠡ᠎ᠶᠢᠨ ᠵᠣᠷᠢᠭ᠋ ᠰᠠᠨᠠᠭ᠎ᠠ ᠶᠣᠰᠣᠭᠠᠷ ᠂ ᠲᠣᠰ ᠭᠠᠵᠠᠷ ᠣᠷᠣᠨ᠎ᠤ ᠪᠣᠳᠠᠲᠠᠢ᠎ᠳᠤ ᠨᠡᠢᠴᠡᠭᠰᠡᠨ ᠦᠨᠡᠯᠡᠬᠦ ᠪᠠᠷᠢᠮᠵᠢᠶ᠎ᠠ ᠪᠠ ᠨᠠᠷᠢᠨ ᠳᠦᠷᠢᠮ᠎ᠢ ᠰᠦᠪᠡᠭᠴᠢᠯᠡᠨ ᠲᠣᠭᠲᠠᠭᠠᠵᠤ ᠂ ᠮᠡᠷᠭᠡᠵᠢᠯ᠎ᠦᠨ ᠴᠣᠯᠠ ᠰᠢᠯᠭᠠᠷᠠᠭᠤᠯᠬᠤ ᠠᠵᠢᠯ᠎ᠤᠨ ᠠᠷᠭ᠎ᠠ ᠬᠡᠮᠵᠢᠶ᠎ᠡ᠎ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠂ ᠭᠤᠶᠤᠴᠢᠯᠠᠨ ᠮᠡᠳᠡᠭᠦᠯᠬᠦ ᠪᠠ ᠰᠢᠯᠭᠠᠷᠠᠭᠤᠯᠤᠨ ᠲᠣᠭᠲᠠᠭᠠᠬᠤ᠎ᠶᠢ ᠵᠣᠬᠢᠶᠠᠨ ᠪᠠᠶ᠋ᠢᠭᠤᠯᠬᠤ ᠦᠢᠯᠡᠴᠢᠯᠡᠭᠡ᠎ᠶᠢ ᠰᠠᠢᠲᠤᠷ ᠬᠢᠵᠦ ᠂ ᠬᠥᠯ ᠪᠥᠮᠪᠥᠭᠡ᠎ᠶᠢᠨ ᠰᠤᠷᠭᠠᠭ᠍ᠴᠢ᠎ᠶᠢᠨ ᠬᠠᠨᠤᠮᠵᠢ᠎ᠶᠢᠨ ᠬᠡᠮᠵᠢᠶ᠎ᠡ ᠂ ᠬᠦᠷᠲᠡᠮᠵᠢ᠎ᠶᠢᠨ ᠲᠥᠷᠥᠭᠳᠡᠯ᠎ᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            