ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠠᠷᠠᠳ᠎ᠤᠨ ᠠᠮᠢᠳᠤᠷᠠᠯ ᠴᠢᠬᠤᠯᠠ ᠪᠠᠢᠳᠠᠭ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠠᠴᠠ ᠬᠢᠨᠠᠨ ᠵᠥᠪᠯᠡᠵᠦ ᠪᠠᠲᠤᠯᠠᠭᠰᠠᠨ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ 》 ( ᠳᠣᠷᠣᠭ᠍ᠰᠢ 《ᠰᠠᠨᠠᠭᠤᠯᠭ᠎ᠠ》 ᠭᠡᠵᠦ ᠳᠥᠭᠥᠮᠴᠢᠯᠡᠨ᠎ᠡ ) ᠳ᠋ᠦ᠍ 《 ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ》 ᠶ᠋ᠢ ᠳᠤᠷᠠᠳᠴᠤ᠂ 《 ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ》᠂ 《 ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠬᠦ》᠂ 《 ᠬᠥᠮᠥᠨ ᠠᠮᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ》 ᠵᠡᠷᠭᠡ ᠰᠢᠷᠢᠰ ᠪᠠᠢᠷᠢᠯᠠᠭᠤᠯᠤᠯᠲᠠ ᠬᠢᠵᠡᠢ᠃
ᠬᠠᠮᠢᠶ᠎ᠠ ᠪᠦᠬᠦᠢ ᠪᠠᠢᠷᠢᠯᠠᠭᠤᠯᠤᠯᠲᠠ᠎ᠶᠢ ᠬᠡᠷᠬᠢᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠤᠢ? ᠲᠠᠷᠠᠭᠠᠴᠢ᠎ᠶᠢᠨ ᠠᠯᠬᠤᠮ᠎ᠳᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠢ ᠠᠯᠢ ᠠᠯᠢ ᠲᠠᠯ᠎ᠠ᠎ᠪᠠᠷ ᠬᠦᠴᠦᠯᠡᠬᠦ ᠪᠣᠢ ? ᠰᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠰᠠᠢᠳ ᠸᠠᠩ ᠰᠢᠶᠣᠣ ᠫᠢᠩ᠎ᠢ ᠰᠤᠷᠪᠤᠯᠵᠢᠯᠠᠪᠠ᠃
ᠠᠷᠠᠳ᠎ᠤᠨ ᠠᠮᠢᠳᠤᠷᠠᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ ᠠᠷᠠᠳ᠎ᠤᠨ ᠠᠮᠢᠳᠤᠷᠠᠯ᠎ᠤᠨ ᠬᠡᠪ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ
ᠠᠰᠠᠭᠤᠯᠲᠠ᠄ 《 ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠢᠯ ᠣᠯᠭᠣᠯᠲᠠ᠂ ᠨᠡᠢᠭᠡᠮ᠎ᠦᠨ ᠪᠠᠲᠤᠯᠠᠭ᠎ᠠ ᠵᠡᠷᠭᠡ ᠬᠦᠷᠢᠶᠡᠨ᠎ᠳᠦ ᠣᠯᠣᠭᠰᠠᠨ ᠠᠮᠵᠢᠯᠲᠠ ᠪᠦᠲᠦᠮᠵᠢ᠎ᠶᠢ ᠬᠡᠷᠬᠢᠨ ᠦᠵᠡᠬᠦ ᠪᠤᠢ ?
ᠬᠠᠷᠢᠭᠤᠯᠲᠠ᠄ 《 ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ ᠲᠠᠯ᠎ᠠ᠎ᠶᠢ ᠶᠡᠷᠦᠩᠬᠡᠢᠯᠡᠨ ᠵᠢᠯᠤᠭᠣᠳᠴᠤ᠂ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠵᠦ᠂ ᠬᠡᠪ᠎ᠦᠨ ᠪᠤᠰᠤ ᠠᠷᠭ᠎ᠠ ᠬᠡᠮᠵᠢᠶ᠎ᠡ᠎ᠪᠡᠷ ᠶᠡᠷᠦ ᠪᠤᠰᠤ᠎ᠶᠢᠨ ᠪᠠᠢᠳᠠᠯ᠎ᠢ ᠠᠷᠭᠠᠴᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢ ᠨᠡᠩ ᠲᠣᠪᠣᠢᠮ᠎ᠠ ᠪᠠᠢᠷᠢᠨ᠎ᠳᠤ ᠲᠠᠯᠪᠢᠵᠠᠢ᠃ ᠪᠢᠳᠡ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠵᠢᠯ ᠣᠯᠭᠣᠯᠲᠠ᠂ ᠨᠡᠢᠭᠡᠮ᠎ᠦᠨ ᠪᠠᠲᠤᠯᠠᠭ᠎ᠠ ᠵᠡᠷᠭᠡ ᠡᠯ᠎ᠡ ᠵᠦᠢᠯ᠎ᠦᠨ ᠦᠢᠯᠡᠰ᠎ᠦᠨ ᠲᠦᠷᠭᠡᠨ ᠬᠥᠭᠵᠢᠯᠲᠡ᠎ᠲᠠᠢ ᠪᠣᠯᠬᠤ᠎ᠶᠢ ᠲᠦᠯᠬᠢᠨ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠣᠣᠷ᠎ᠢ ᠤᠯᠠᠮ ᠨᠢᠭᠡ ᠠᠯᠬᠤᠮ ᠨᠢᠭ᠍ᠲᠠ ᠰᠦᠯᠵᠢᠵᠦ ᠪᠡᠬᠢᠵᠢᠭᠦᠯᠪᠡ᠃
ᠠᠵᠢᠯ ᠣᠯᠭᠣᠯᠲᠠ᠎ᠶᠢᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠵᠤ᠂ ᠨᠡᠯᠢᠶᠡᠳ ᠭᠦᠢᠴᠡᠳ ᠠᠵᠢᠯ ᠣᠯᠭᠣᠯᠲᠠ᠎ᠶᠢ ᠪᠡᠶᠡᠯᠡᠭᠦᠯᠪᠡ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ᠂ ᠡᠨᠡ ᠵᠢᠯ᠎ᠦᠨ 9 ᠳ᠋ᠦ᠍ᠭᠡᠷ ᠰᠠᠷ᠎ᠠ᠎ᠶᠢᠨ ᠰᠡᠭᠦᠯᠴᠢ ᠪᠣᠯᠲᠠᠯ᠎ᠠ ᠂ ᠬᠣᠲᠠ ᠪᠠᠯᠭᠠᠰᠤᠨ᠎ᠤ ᠰᠢᠨ᠎ᠡ᠎ᠪᠡᠷ ᠠᠵᠢᠯ ᠣᠯᠣᠭᠰᠠᠨ ᠬᠥᠮᠥᠨ ᠨᠡᠶ᠋ᠢᠲᠡ 6032 ᠲᠦᠮᠡ᠎ᠳᠦ ᠬᠦᠷᠴᠦ᠂ 5500 ᠲᠦᠮᠡᠨ ᠬᠥᠮᠥᠨ᠎ᠦ ᠬᠠᠷᠠᠯᠲᠠ ᠡᠭᠦᠷᠭᠡ᠎ᠶᠢ ᠳᠠᠪᠠᠭᠤᠯᠤᠨ ᠪᠡᠶᠡᠯᠡᠭᠦᠯᠵᠡᠢ᠃ ᠬᠣᠲᠠ ᠪᠠᠯᠭᠠᠰᠤᠨ᠎ᠤ ᠪᠠᠢᠴᠠᠭᠠᠯᠲᠠ᠎ᠶᠢᠨ ᠠᠵᠢᠯ ᠠᠯᠳᠠᠯᠲᠠ᠎ᠶᠢᠨ ᠨᠣᠷᠮ᠎ᠠ᠎ᠶᠢᠨ ᠲᠦᠷᠦᠭᠦᠸ᠋ 4 ᠵᠢᠯ᠎ᠦᠨ ᠳᠤᠮᠳᠠᠴᠢ ᠥᠷᠲᠡᠭ ᠨᠢ 5.3% ᠪᠠᠢᠵᠤ᠂ ᠵᠢᠱ᠌ᠢᠭᠰᠡᠨ ᠡᠵᠡᠮᠳᠡᠬᠦ ᠬᠠᠷᠠᠯᠲᠠ᠎ᠠᠴᠠ ᠳᠣᠣᠷ᠎ᠠ ᠪᠠᠢᠨ᠎ᠠ ᠃ ᠠᠵᠢᠯ ᠣᠯᠭᠣᠯᠲᠠ᠎ᠶᠢᠨ ᠴᠢᠨᠠᠷ ᠴᠢᠨᠰᠠᠭ᠎ᠠ᠎ᠶᠢ ᠲᠣᠭᠲᠠᠭᠤᠨ᠎ᠢᠶᠠᠷ ᠳᠡᠭᠡᠭᠰᠢᠯᠡᠭᠦᠯᠵᠦ᠂ ᠬᠥᠳᠡᠯᠮᠦᠷᠢᠴᠢᠳ᠎ᠦᠨ ᠡᠷᠬᠡ ᠠᠰᠢᠭ᠋᠎ᠢ ᠪᠦᠲᠦᠮᠵᠢᠲᠡᠶ᠎ᠪᠡᠷ ᠬᠠᠮᠠᠭᠠᠯᠠᠪᠠ᠃
ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ᠂ ᠴᠢᠳᠠᠮᠵᠢ᠎ᠪᠠᠷ ᠪᠦᠷᠢᠨ ᠲᠡᠭᠦᠯᠳᠡᠷ᠂ ᠢᠯᠡ ᠲᠣᠳᠣ᠌ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠪᠠᠢᠭᠤᠯᠪᠠ᠃ ᠪᠦᠬᠦ ᠤᠯᠤᠰ᠎ᠤᠨ ᠨᠠᠰᠤᠵᠢᠯ᠎ᠤᠨ ᠠᠰᠠᠷᠠᠮᠵᠢ᠎ᠶᠢᠨ ᠦᠨᠳᠦᠰᠦᠨ ᠳᠠᠭᠠᠳᠬᠠᠯ᠎ᠳᠤ ᠣᠷᠣᠯᠴᠠᠭᠰᠠᠨ ᠨᠤᠷᠮ᠎ᠠ 95% ᠶ᠋ᠢ ᠳᠠᠪᠠᠵᠤ᠂ ᠨᠠᠰᠤᠵᠢᠯ᠎ᠤᠨ ᠠᠰᠠᠷᠠᠮᠵᠢ᠂ ᠠᠵᠢᠯ ᠠᠯᠳᠠᠯᠲᠠ᠂ ᠠᠵᠢᠯ᠎ᠠᠴᠠ ᠪᠣᠯᠤᠭᠰᠠᠨ ᠭᠡᠮᠲᠦᠯ ᠵᠡᠷᠭᠡ ᠭᠤᠷᠪᠠᠨ ᠵᠦᠢᠯ᠎ᠦᠨ ᠨᠡᠢᠭᠡᠮ᠎ᠦᠨ ᠳᠠᠭᠠᠳᠬᠠᠯ᠎ᠤᠨ ᠰᠠᠭᠤᠷᠢ ᠮᠥᠩᠭᠥ᠎ᠶᠢᠨ ᠣᠷᠣᠯᠭ᠎ᠠ ᠵᠠᠷᠤᠯᠭ᠎ᠠ᠎ᠶᠢᠨ ᠶᠡᠷᠦᠩᠬᠡᠢ ᠬᠡᠪᠴᠢᠶ᠎ᠡ 70.8 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠨᠡᠢ᠍ᠢᠳᠡ 9.8 ᠲᠦᠮᠡᠨ ᠳ᠋ᠦᠩᠰᠢᠭᠤᠷ ᠲᠥᠭᠥᠷᠢᠭ᠎ᠦᠨ ᠦᠯᠡᠳᠡᠪᠦᠷᠢ᠎ᠲᠠᠢ ᠪᠣᠯᠵᠤ᠂ ᠪᠠᠲᠤᠯᠠᠭ᠎ᠠ᠎ᠶᠢᠨ ᠴᠢᠳᠠᠮᠵᠢ ᠨᠢ ᠨᠡᠩ ᠪᠦᠬᠦ ᠲᠠᠯ᠎ᠠ᠎ᠶᠢᠨ ᠪᠣᠯᠵᠤ᠂ ᠰᠠᠭᠤᠷᠢ ᠮᠥᠩᠭᠥᠨ᠎ᠦ ᠰᠠᠭᠤᠷᠢ ᠲᠣᠭ᠎ᠠ ᠨᠡᠩ ᠵᠤᠵᠠᠭᠠᠨ ᠪᠣᠯᠵᠠᠢ᠃
ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠨᠡᠭᠡᠭᠡᠨ ᠠᠰᠢᠭ᠍ᠯᠠᠯᠲᠠ᠎ᠶᠢ ᠴᠢᠩᠭᠠᠳᠬᠠᠬᠤ᠎ᠪᠠᠷ ᠬᠥᠮᠥᠨ ᠠᠮᠠ᠎ᠶᠢᠨ ᠴᠡᠪᠡᠷ ᠠᠰᠢᠭ᠋᠎ᠢ ᠴᠢᠳᠠᠪᠤᠷᠢᠲᠠᠨ᠎ᠤ ᠴᠡᠪᠡᠷ ᠠᠰᠢᠭ᠋ ᠲᠡᠢᠰᠢ ᠬᠤᠪᠢᠷᠠᠭᠤᠯᠪᠠ᠃ ᠬᠠᠤᠯᠢ᠎ᠪᠠᠷ ᠲᠣᠭᠲᠠᠭᠠᠭᠰᠠᠨ ᠠᠵᠢᠯ᠎ᠠᠴᠠ᠎ᠪᠠᠨ ᠪᠠᠭᠤᠵᠤ ᠠᠮᠠᠷᠠᠬᠤ ᠨᠠᠰᠤ᠎ᠶᠢ ᠠᠭᠠᠵᠢᠮ᠎ᠢᠶᠠᠷ ᠬᠣᠢᠰᠢᠯᠠᠭᠤᠯᠬᠤ ᠲᠦᠷᠦ᠎ᠶᠢᠨ ᠪᠣᠳᠣᠯᠭ᠎ᠠ᠎ᠶᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠬᠡᠷᠡᠭᠵᠢᠭᠦᠯᠪᠡ᠃ ᠨᠡᠢ᠍ᠢᠳᠡ 9200 ᠲᠦᠮᠡᠨ ᠬᠥᠮᠥᠨ ᠤᠳᠠᠭ᠎ᠠ᠎ᠳᠤ ᠬᠠᠨᠳᠤᠭᠤᠯᠤᠨ ᠨᠥᠬᠥᠪᠦᠷᠢ᠎ᠶᠢᠨ ᠴᠢᠨᠠᠷᠲᠠᠢ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠥᠷᠨᠢᠭᠦᠯᠪᠡ᠃ ᠮᠠᠨ᠎ᠤ ᠤᠯᠤᠰ᠎ᠤᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ 8000 ᠲᠦᠮᠡ᠎ᠶᠢ ᠳᠠᠪᠠᠵᠤ᠂ ᠤᠷ᠎ᠠ ᠮᠡᠷᠭᠡᠵᠢᠯ᠎ᠦᠨ ᠬᠥᠳᠡᠯᠮᠦᠷᠢᠴᠢᠨ 2.2 ᠳ᠋ᠦᠩᠰᠢᠭᠤᠷ᠎ᠢ ᠳᠠᠪᠠᠵᠠᠢ᠂ ᠡᠭᠦᠨ᠎ᠳᠦ ᠳᠡᠭᠡᠳᠦ ᠮᠡᠷᠭᠡᠵᠢᠯ᠎ᠦᠨ ᠴᠢᠳᠠᠪᠤᠷᠢᠲᠠᠨ 7200 ᠲᠦᠮᠡ᠎ᠶᠢ ᠳᠠᠪᠠᠵᠠᠢ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠠᠵᠢᠯ᠎ᠳᠤ ᠪᠦᠬᠦ ᠲᠠᠯ᠎ᠠ᠎ᠶᠢᠨ ᠪᠠᠢᠷᠢᠯᠠᠭᠤᠯᠤᠯᠲᠠ ᠬᠢᠪᠡ᠃ ᠪᠢᠳᠡ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠢᠳᠠᠯ᠎ᠤᠨ᠎ᠢᠶᠠᠨ ᠬᠢᠷᠢ᠎ᠪᠡᠷ ᠬᠢᠵᠦ ᠂ ᠬᠢᠷᠢ ᠳᠣᠲᠣᠷ᠎ᠠ᠎ᠪᠠᠨ ᠴᠢᠷᠮᠠᠢᠬᠤ᠎ᠶᠢ ᠪᠠᠷᠢᠮᠲᠠᠯᠠᠵᠤ ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ᠂ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠳᠦᠷᠢᠮ᠎ᠢ ᠲᠡᠭᠦᠯᠳᠡᠷᠵᠢᠭᠦᠯᠬᠦ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠬᠦ᠂ ᠬᠥᠮᠥᠨ ᠠᠮᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠵᠡᠷᠭᠡ ᠱᠠᠭᠠᠷᠳᠠᠯᠭ᠎ᠠ᠎ᠲᠠᠢ ᠤᠶᠠᠯᠳᠤᠭᠤᠯᠤᠨ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠬᠥᠭᠵᠢᠯᠲᠡ᠎ᠶᠢᠨ ᠲᠥᠯᠦᠪᠵᠢᠭᠦᠯᠭᠡ ᠪᠠ ᠬᠣᠯᠪᠣᠭᠳᠠᠯ ᠪᠦᠬᠦᠢ ᠲᠤᠰᠬᠠᠢ ᠲᠥᠯᠦᠪᠵᠢᠭᠦᠯᠭᠡ᠎ᠶᠢ ᠨᠠᠷᠢᠨ ᠨᠢᠮᠪᠠᠢ ᠨᠠᠢᠷᠠᠭᠤᠯᠤᠨ ᠵᠣᠬᠢᠶᠠᠵᠤ᠂ ᠠᠷᠠᠳ᠎ᠤᠨ ᠠᠮᠢᠳᠤᠷᠠᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠨᠡᠩ ᠤᠯᠠᠨ ᠨᠡᠩ ᠭᠣᠣᠯᠴᠢ᠎ᠪᠠᠷ ᠬᠦᠷᠲᠡᠭᠡᠪᠡ᠃
ᠥᠷᠭᠡᠨ ᠤᠯᠠᠨ ᠬᠥᠳᠡᠯᠮᠦᠷᠢᠴᠢᠳ᠎ᠲᠦ ᠠᠮᠠᠷᠬᠠᠨ ᠠᠵᠢᠯ ᠣᠯᠭᠣᠵᠤ ᠰᠠᠢᠨ ᠠᠵᠢᠯ ᠣᠯᠭᠣᠨ᠎ᠠ
ᠠᠰᠠᠭᠤᠯᠲᠠ᠄ ᠪᠦᠭᠦᠳᠡ ᠬᠤᠷᠠᠯ᠎ᠠᠴᠠ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ᠎ᠳᠤ ᠬᠢᠭᠰᠡᠨ ᠪᠠᠢᠷᠢᠯᠠᠭᠤᠯᠤᠯᠲᠠ᠎ᠶᠢ ᠬᠡᠷᠬᠢᠨ ᠨᠠᠢᠳᠠᠪᠤᠷᠢᠵᠢᠭᠤᠯᠬᠤ ᠪᠤᠢ? ᠡᠨᠡ ᠵᠢᠯ᠎ᠦᠨ ᠠᠵᠢᠯ ᠣᠯᠭᠣᠯᠲᠠ᠎ᠶᠢᠨ ᠬᠠᠷᠠᠯᠲᠠ᠎ᠶᠢ ᠪᠡᠶᠡᠯᠡᠭᠦᠯᠬᠦ᠎ᠶᠢ ᠬᠡᠷᠬᠢᠨ ᠦᠨᠡᠨ ᠬᠦ᠌ ᠪᠠᠲᠤᠯᠠᠬᠤ ᠪᠣᠢ ?
ᠬᠠᠷᠢᠭᠤᠯᠲᠠ᠄ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠠᠵᠤ ᠠᠬᠤᠢ᠎ᠶᠢᠨ ᠤᠷᠳᠤ ᠬᠤᠭᠤᠴᠠᠭ᠎ᠠ᠎ᠪᠠᠷ ᠰᠠᠢᠵᠢᠷᠠᠬᠤ᠎ᠶᠢᠨ ᠲᠤᠯᠭᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠎ᠳᠤ ᠪᠠᠲᠤ ᠪᠡᠬᠢ ᠰᠠᠭᠤᠷᠢ᠎ᠶᠢ ᠬᠠᠩᠭᠠᠭᠰᠠᠨ ᠪᠠᠢᠨ᠎ᠠ᠃ ᠡᠭᠦᠨ᠎ᠦ ᠬᠠᠮᠲᠤ᠂ ᠠᠵᠢᠯ ᠣᠯᠭᠣᠯᠲᠠ᠎ᠶᠢᠨ ᠶᠡᠷᠦᠩᠬᠡᠢ ᠬᠡᠮᠵᠢᠶᠡᠨ᠎ᠦ ᠳᠠᠷᠤᠯᠲᠠ ᠮᠥᠨ ᠯᠡ ᠣᠷᠣᠰᠢᠵᠤ᠂ ᠪᠦᠲᠦᠴᠡ᠎ᠶᠢᠨ ᠴᠢᠨᠠᠷᠲᠠᠢ ᠠᠵᠢᠯ ᠣᠯᠭᠣᠯᠲᠠ᠎ᠶᠢᠨ ᠵᠥᠷᠢᠴᠡᠯ ᠨᠡᠩ ᠲᠣᠪᠣᠢᠮ᠎ᠠ ᠪᠣᠯᠵᠤ᠂ ᠭᠠᠳᠠᠭᠠᠳᠤ ᠣᠷᠴᠢᠨ ᠨᠥᠬᠥᠴᠡᠯ᠎ᠦᠨ ᠬᠤᠪᠢᠷᠠᠯᠲᠠ ᠨᠢ ᠵᠠᠷᠢᠮ ᠰᠢᠨ᠎ᠡ ᠪᠠᠢᠳᠠᠯ ᠰᠢᠨ᠎ᠡ ᠠᠰᠠᠭᠤᠳᠠᠯ᠎ᠢ ᠠᠪᠴᠢᠷᠠᠬᠤ ᠪᠣᠯᠣᠨ᠎ᠠ᠃
《ᠰᠠᠨᠠᠭᠤᠯᠭ᠎ᠠ》᠎ᠳᠤ ᠴᠢᠨᠠᠷ ᠰᠠᠢᠲᠠᠢ ᠪᠥᠭᠡᠳ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠲᠤᠬᠠᠢ ᠠᠯᠢ ᠣᠯᠠᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠣᠳᠣᠷᠬᠠᠢ ᠲᠣᠭᠲᠠᠭᠠᠪᠠ᠃ ᠪᠢᠳᠡ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ ᠪᠠ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠬᠡᠷᠡᠭᠴᠡᠭᠡ᠎ᠲᠠᠢ ᠨᠢᠭ᠍ᠲᠠ ᠤᠶᠠᠯᠳᠤᠭᠤᠯᠤᠨ᠂ ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠠᠵᠢᠯ ᠣᠯᠭᠣᠯᠲᠠ᠎ᠶᠢ ᠠᠬᠢᠭᠤᠯᠬᠤ ᠲᠣᠭᠲᠠᠴᠠ᠎ᠶᠢ ᠪᠦᠷᠢᠨᠰᠢᠭᠦᠯᠦᠨ᠂ ᠠᠵᠢᠯ ᠣᠯᠭᠣᠯᠲᠠ᠎ᠶᠢᠨ ᠴᠢᠨᠠᠷ ᠴᠢᠨᠰᠠᠭ᠎ᠠ᠎ᠶᠢ ᠪᠦᠲᠦᠮᠵᠢᠲᠡᠶ᠎ᠪᠡᠷ ᠳᠡᠭᠡᠭᠰᠢᠯᠡᠭᠦᠯᠬᠦ ᠪᠠ ᠲᠣᠭ᠎ᠠ ᠬᠡᠮᠵᠢᠶ᠎ᠡ᠎ᠶᠢ ᠵᠦᠢ ᠵᠣᠬᠢᠰᠲᠠᠢ ᠨᠡᠮᠡᠭᠳᠡᠭᠦᠯᠬᠦ᠎ᠶᠢ ᠲᠦᠯᠬᠢᠨ ᠠᠬᠢᠭᠤᠯᠵᠤ᠂ ᠥᠷᠭᠡᠨ ᠤᠯᠠᠨ ᠬᠥᠳᠡᠯᠮᠦᠷᠢᠴᠢᠳ᠎ᠢ ᠠᠮᠠᠷᠬᠠᠨ ᠠᠵᠢᠯ ᠣᠯᠵᠤ ᠰᠠᠢᠨ ᠠᠵᠢᠯ ᠣᠯᠬᠤ ᠪᠣᠯᠭᠠᠨ᠎ᠠ᠃
ᠨᠢᠭᠡ᠎ᠳᠦ᠂ ᠠᠵᠢᠯ ᠣᠯᠭᠣᠯᠲᠠ᠎ᠳᠤ ᠨᠥᠬᠥᠷᠰᠡᠭ ᠬᠡᠯᠪᠡᠷᠢ᠎ᠶᠢᠨ ᠬᠥᠭᠵᠢᠯᠲᠡ᠎ᠶᠢᠨ ᠠᠷᠭ᠎ᠠ ᠮᠠᠶᠢᠭ᠋᠎ᠢ ᠢᠳᠡᠪᠬᠢᠲᠡᠢ ᠪᠠᠢᠭᠤᠯᠤᠨ᠎ᠠ᠃ ᠠᠵᠤ ᠦᠢᠯᠡᠰ ᠪᠠ ᠠᠵᠢᠯ ᠣᠯᠭᠣᠯᠲᠠ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠠᠵᠤ ᠠᠬᠤᠢᠯᠠᠯ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠬᠦ᠎ᠶᠢ ᠲᠡᠮᠵᠢᠵᠤ᠂ ᠰᠢᠨ᠎ᠡ ᠠᠵᠢᠯ ᠮᠡᠷᠭᠡᠵᠢᠯ ᠰᠢᠨ᠎ᠡ ᠠᠵᠢᠯ᠎ᠤᠨ ᠪᠠᠢᠷᠢ᠎ᠶᠢ ᠢᠳᠡᠪᠬᠢᠲᠡᠢ᠎ᠪᠡᠷ ᠪᠣᠢᠵᠢᠭᠤᠯᠵᠤ᠂ ᠲᠣᠭᠠᠵᠢᠭᠤᠯᠤᠭᠰᠠᠨ ᠠᠵᠤ ᠠᠬᠤᠢ᠂ ᠳᠡᠭᠡᠳᠦ ᠲᠡᠰ᠎ᠤᠨ ᠦᠢᠯᠡᠳᠬᠦ ᠦᠢᠯᠡᠰ᠂ ᠤᠳᠤ ᠦᠶ᠎ᠡ᠎ᠶᠢᠨ ᠦᠢᠯᠡᠴᠢᠯᠡᠭᠡ ᠵᠡᠷᠭᠡ ᠬᠦᠷᠢᠶᠡᠨ᠎ᠦ ᠬᠥᠭᠵᠢᠯᠲᠡ᠎ᠶᠢᠨ ᠳᠤᠮᠳᠠ ᠨᠡᠩ ᠤᠯᠠᠨ ᠴᠢᠨᠠᠷ ᠰᠠᠢᠲᠠᠢ ᠠᠵᠢᠯ ᠣᠯᠭᠣᠯᠲᠠ᠎ᠶᠢᠨ ᠠᠵᠢᠯ᠎ᠤᠨ ᠪᠠᠢᠷᠢ᠎ᠶᠢ ᠪᠤᠢ ᠪᠣᠯᠭᠠᠨ᠎ᠠ᠃ ᠦᠢᠯᠡᠰ ᠪᠣᠰᠬᠠᠬᠤ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠤᠨ᠎ᠠ᠃ ᠠᠵᠢᠯ ᠣᠯᠭᠣᠯᠲᠠ᠎ᠶᠢᠨ ᠨᠥᠯᠥᠭᠡ᠎ᠶᠢ ᠦᠨᠡᠯᠡᠨ ᠵᠢᠱ᠌ᠢᠬᠦ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠴᠢᠩᠭᠠᠳᠬᠠᠵᠤ᠂ ᠲᠦᠷᠦ᠎ᠶᠢᠨ ᠪᠣᠳᠣᠯᠭ᠎ᠠ᠎ᠶᠢᠨ ᠨᠥᠭᠡᠴᠡᠯᠡᠯᠲᠡ᠎ᠶᠢ ᠰᠤᠳᠤᠯᠤᠨ ᠲᠡᠭᠦᠯᠳᠡᠷᠵᠢᠭᠦᠯᠵᠦ᠂ ᠭᠠᠳᠠᠭᠠᠳᠤ ᠣᠷᠴᠢᠨ ᠨᠥᠬᠥᠴᠡᠯ᠎ᠦᠨ ᠬᠤᠪᠢᠷᠠᠯᠲᠠ ᠪᠠ ᠰᠢᠨ᠎ᠡ ᠮᠡᠷᠭᠡᠵᠢᠯ᠎ᠦᠨ ᠬᠥᠭᠵᠢᠯᠲᠡ᠎ᠶᠢᠨ ᠠᠵᠢᠯ ᠣᠯᠭᠣᠯᠲᠠ᠎ᠳᠤ ᠦᠵᠡᠭᠦᠯᠬᠦ ᠨᠥᠯᠥᠭᠡ᠎ᠶᠢ ᠶᠡᠷᠦᠩᠬᠡᠢᠯᠡᠨ ᠠᠷᠭᠠᠴᠠᠨ᠎ᠠ᠃
ᠬᠣᠶᠠᠷ᠎ᠲᠤ᠂ ᠪᠦᠲᠦᠴᠡ᠎ᠶᠢᠨ ᠴᠢᠨᠠᠷᠲᠠᠢ ᠠᠵᠢᠯ ᠣᠯᠭᠣᠯᠲᠠ᠎ᠶᠢᠨ ᠵᠥᠷᠢᠴᠡᠯ᠎ᠢ ᠬᠦᠴᠦᠯᠡᠨ ᠰᠢᠢᠳᠪᠦᠷᠢᠯᠡᠨ᠎ᠡ᠃ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭᠴᠡᠭᠡ ᠵᠣᠬᠢᠴᠠᠯᠳᠤᠬᠤ ᠦᠭᠡᠢ ᠪᠠᠢᠬᠤ ᠪᠣᠯ ᠣᠳᠣᠬᠠᠨ᠎ᠤ ᠮᠠᠨ᠎ᠤ ᠤᠯᠤᠰ᠎ᠤᠨ ᠠᠵᠢᠯ ᠣᠯᠭᠣᠯᠲᠠ᠎ᠶᠢᠨ ᠬᠦᠷᠢᠶᠡᠨ᠎ᠳᠦ ᠲᠤᠯᠭᠠᠷᠠᠵᠤ ᠪᠠᠢᠭ᠎ᠠ ᠭᠣᠣᠯ ᠵᠥᠷᠢᠴᠡᠯ ᠮᠥᠨ᠃ ᠪᠢᠳᠡ ᠨᠠᠰᠤᠨ ᠲᠤᠷᠰᠢᠲᠠ᠎ᠶᠢᠨ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠳᠦᠷᠢᠮ᠎ᠢ ᠪᠦᠷᠢᠨᠰᠢᠭᠦᠯᠵᠦ᠂ 《 ᠤᠷ᠎ᠠ ᠮᠡᠷᠭᠡᠵᠢᠯ᠎ᠢᠶᠡᠷ ᠢᠷᠡᠭᠡᠳᠦᠢ᠎ᠪᠠᠨ ᠭᠡᠷᠡᠯᠲᠦᠭᠦᠯᠬᠦ 》 ᠪᠣᠯᠪᠠᠰᠤᠷᠠᠯ᠎ᠤᠨ ᠠᠵᠢᠯᠯᠠᠭ᠎ᠠ᠎ᠪᠠᠷ ᠬᠥᠲᠥᠯᠥᠮᠵᠢ ᠪᠣᠯᠭᠠᠵᠤ᠂ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠬᠠᠨᠳᠤᠯᠭᠠᠲᠤ ᠴᠢᠨᠠᠷ ᠪᠠ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠦᠨ᠎ᠡ᠃ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭᠴᠡᠭᠡ᠎ᠶᠢ ᠵᠣᠬᠢᠴᠠᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ ᠠᠵᠢᠯ ᠣᠯᠭᠣᠯᠲᠠ᠎ᠶᠢᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠰᠲᠧᠮ᠎ᠢ ᠪᠦᠷᠢᠨᠰᠢᠭᠦᠯᠦᠨ᠂ 《 ᠲᠣᠮᠣ᠌ ᠳ᠋ᠠᠢᠲ᠋ᠠ + ᠲᠡᠮᠦᠷ ᠤᠯᠠ 》᠎ᠶᠢᠨ ᠦᠢᠯᠡᠴᠢᠯᠡᠭᠡᠨ᠎ᠦ ᠵᠠᠭᠪᠤᠷ᠎ᠢ ᠬᠡᠷᠡᠭᠵᠢᠭᠦᠯᠵᠦ᠂ ᠦᠢᠯᠡᠴᠢᠯᠡᠭᠡ᠎ᠶᠢ ᠦᠨᠳᠦᠰᠦᠨ ᠱᠠᠲᠤ ᠲᠡᠢᠰᠢ ᠳᠣᠷᠣᠭ᠍ᠰᠢ ᠪᠠᠭᠤᠯᠭᠠᠬᠤ᠂ ᠬᠦᠴᠢᠷᠳᠡᠯ᠎ᠲᠠᠢ ᠤᠯᠠᠨ ᠲᠦᠮᠡᠨ ᠲᠡᠢᠰᠢ ᠬᠡᠯᠪᠡᠢᠯᠭᠡᠬᠦ᠎ᠶᠢ ᠲᠦᠯᠬᠢᠨ ᠠᠬᠢᠭᠤᠯᠤᠨ᠎ᠠ᠃
ᠭᠤᠷᠪᠠ᠎ᠳᠤ᠂ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ᠎ᠶᠢ ᠲᠣᠭᠲᠠᠪᠤᠷᠢᠵᠢᠭᠤᠯᠤᠨ ᠥᠷᠭᠡᠳᠬᠡᠨ᠎ᠡ᠃ ᠬᠣᠢᠰᠢᠳᠠ᠎ᠶᠢᠨ 5 ᠵᠢᠯ᠎ᠳᠦ ᠶᠡᠬᠡ ᠳᠡᠭᠡᠳᠦ ᠰᠤᠷᠭᠠᠭᠤᠯᠢ᠎ᠠᠴᠠ ᠲᠡᠭᠦᠰᠬᠦ ᠰᠤᠷᠤᠭ᠍ᠴᠢᠳ᠎ᠤᠨ ᠲᠣᠭ᠎ᠠ ᠦᠷᠭᠦᠯᠵᠢᠯᠡᠨ ᠨᠡᠮᠡᠭᠳᠡᠬᠦ ᠪᠣᠯᠣᠨ᠎ᠠ᠂ ᠪᠢᠳᠡ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠶᠡᠬᠡ ᠳᠡᠭᠡᠳᠦ ᠰᠤᠷᠭᠠᠭᠤᠯᠢ᠎ᠠᠴᠠ ᠲᠡᠭᠦᠰᠦᠭᠰᠡᠨ ᠰᠤᠷᠤᠭ᠍ᠴᠢᠳ ᠵᠡᠷᠭᠡ ᠵᠠᠯᠠᠭᠤᠴᠤᠳ᠎ᠤᠨ ᠵᠠᠬ᠎ᠠ ᠳᠡᠯᠭᠡᠭᠦᠷᠴᠢᠯᠡᠭᠰᠡᠨ ᠨᠡᠢᠭᠡᠮᠴᠢᠯᠡᠭᠰᠡᠨ ᠠᠵᠢᠯ ᠣᠯᠭᠣᠯᠲᠠ᠎ᠶᠢᠨ ᠠᠷᠭ᠎ᠠ ᠵᠠᠮ᠎ᠢ ᠥᠷᠭᠡᠳᠬᠡᠵᠦ᠂ ᠠᠵᠢᠯ ᠰᠣᠩᠭᠣᠬᠤ ᠪᠠ ᠬᠥᠮᠥᠨ ᠬᠡᠷᠡᠭᠯᠡᠬᠦ ᠦᠵᠡᠯᠲᠡ᠎ᠪᠡᠷ ᠬᠥᠲᠥᠯᠥᠨ ᠵᠢᠯᠤᠭᠣᠳᠬᠤ᠎ᠶᠢ ᠴᠢᠩᠭᠠᠳᠬᠠᠨ᠎ᠠ᠃ ᠡᠯ᠎ᠡ ᠲᠦᠷᠦᠯ᠎ᠦᠨ ᠴᠢᠳᠠᠪᠤᠷᠢᠲᠠᠨ᠎ᠤ ᠬᠥᠳᠡᠭᠡ ᠪᠠᠭᠤᠵᠤ ᠦᠢᠯᠡᠴᠢᠯᠡᠬᠦ ᠪᠠ ᠦᠢᠯᠡᠰ ᠪᠣᠰᠬᠠᠨ ᠠᠵᠢᠯ ᠣᠯᠬᠤ᠎ᠶᠢ ᠵᠣᠷᠢᠭ᠍ᠵᠢᠭᠤᠯᠵᠤ᠂ ᠬᠥᠯᠥᠰᠦᠨ ᠠᠵᠢᠯᠴᠢᠨ ᠢᠯᠠᠩᠭᠤᠶ᠎ᠠ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠎ᠶᠢᠨ ᠠᠵᠢᠯ ᠬᠢᠬᠦ ᠬᠡᠪᠴᠢᠶ᠎ᠡ ᠪᠠ ᠠᠵᠢᠯ ᠬᠢᠬᠦ ᠣᠷᠣᠯᠭ᠎ᠠ᠎ᠶᠢ ᠲᠣᠭᠲᠠᠪᠤᠷᠢᠵᠢᠭᠤᠯᠤᠨ᠎ᠠ᠃ ᠠᠵᠢᠯ ᠣᠯᠬᠤ᠎ᠳᠤ ᠬᠦᠴᠢᠷᠲᠡᠢ ᠬᠥᠮᠥᠰ᠎ᠲᠦ ᠨᠠᠷᠢᠯᠢᠭ᠋ ᠣᠨᠣᠴᠠᠲᠠᠢ᠎ᠪᠠᠷ ᠲᠤᠰᠠᠯᠠᠮᠵᠢ ᠦᠵᠡᠭᠦᠯᠬᠦ᠎ᠶᠢ ᠴᠢᠩᠭᠠᠳᠬᠠᠵᠤ᠂ ᠠᠷᠠᠳ᠎ᠤᠨ ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠷᠢᠮᠵᠢᠶ᠎ᠠ᠎ᠶᠢ ᠪᠠᠲᠤ ᠰᠠᠬᠢᠨ᠎ᠠ᠃
ᠳᠥᠷᠪᠡ᠎ᠳᠦ᠂ ᠡᠷᠬᠡ ᠲᠡᠭᠰᠢ ᠡᠮᠬᠢ ᠵᠢᠷᠤᠮ᠎ᠲᠠᠢ ᠠᠵᠢᠯ ᠣᠯᠭᠣᠯᠲᠠ᠎ᠶᠢᠨ ᠣᠷᠴᠢᠨ ᠨᠥᠬᠥᠴᠡᠯ᠎ᠢ ᠪᠤᠢ ᠪᠣᠯᠭᠠᠨ᠎ᠠ᠃ ᠠᠵᠢᠯ ᠣᠯᠭᠣᠯᠲᠠ᠎ᠶᠢᠨ ᠰᠢᠨ᠎ᠡ ᠬᠡᠯᠪᠡᠷᠢ ᠪᠠᠢᠳᠠᠯ᠎ᠤᠨ ᠬᠥᠳᠡᠯᠮᠦᠷᠢᠴᠢᠳ᠎ᠦᠨ ᠡᠷᠬᠡ ᠠᠰᠢᠭ᠋᠎ᠢ ᠪᠠᠲᠤᠯᠠᠬᠤ ᠬᠣᠯᠪᠣᠭᠳᠠᠯ ᠪᠦᠬᠦᠢ ᠬᠠᠤᠯᠢ ᠲᠣᠭᠲᠠᠭᠠᠯᠲᠠ᠎ᠶᠢ ᠲᠦᠷᠭᠡᠪᠴᠢᠯᠡᠨ ᠠᠬᠢᠭᠤᠯᠵᠤ᠂ ᠬᠥᠳᠡᠯᠮᠦᠷᠢ᠎ᠶᠢᠨ ᠪᠠᠷᠢᠮᠵᠢᠶᠠᠨ᠎ᠤ ᠰᠢᠰᠲᠧᠮ ᠪᠠ ᠬᠥᠳᠡᠯᠮᠦᠷᠢ᠎ᠶᠢᠨ ᠬᠠᠷᠢᠴᠠᠭ᠎ᠠ᠎ᠶᠢ ᠵᠥᠪᠳᠡᠯᠴᠡᠨ ᠵᠣᠬᠢᠴᠠᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ ᠨᠠᠰᠤ ᠬᠡᠲᠦᠷᠡᠭᠰᠡᠨ ᠬᠥᠳᠡᠯᠮᠦᠷᠢᠴᠢᠳ᠎ᠦᠨ ᠡᠷᠬᠡ ᠠᠰᠢᠭ᠋᠎ᠢ ᠪᠠᠲᠤᠯᠠᠬᠤ ᠳᠦᠷᠢᠮ᠎ᠢ ᠲᠡᠭᠦᠯᠳᠡᠷᠵᠢᠭᠦᠯᠦᠨ᠎ᠡ᠃ ᠬᠤᠳᠠ ᠬᠥᠳᠡᠭᠡ᠎ᠶᠢᠨ ᠠᠵᠢᠯ ᠣᠯᠭᠣᠯᠲᠠ᠎ᠶᠢᠨ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠨᠢᠭᠡᠳᠦᠯᠲᠡᠢ ᠲᠥᠯᠥᠪᠯᠡᠵᠦ᠂ ᠬᠦᠢᠰᠦ᠎ᠶᠢᠨ ᠢᠯᠭᠠᠯ᠂ ᠨᠠᠰᠤ ᠵᠢᠯ ᠵᠡᠷᠭᠡ ᠡᠷᠬᠡ ᠲᠡᠭᠰᠢ᠎ᠪᠡᠷ ᠠᠵᠢᠯ ᠣᠯᠬᠤ᠎ᠶᠢ ᠨᠥᠯᠥᠭᠡᠯᠡᠬᠦ ᠵᠦᠢ ᠵᠣᠬᠢᠰ ᠦᠭᠡᠢ ᠬᠢᠵᠠᠭᠠᠷᠯᠠᠯ ᠪᠠ ᠠᠵᠢᠯ ᠣᠯᠭᠣᠯᠲᠠ᠎ᠶᠢᠨ ᠭᠠᠳᠠᠭᠤᠷᠴᠢᠯᠠᠯ᠎ᠢ ᠠᠷᠢᠯᠭᠠᠨ᠎ᠠ᠃
ᠡᠨᠡ ᠵᠢᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠠᠵᠢᠯ ᠣᠯᠭᠣᠯᠲᠠ᠎ᠶᠢ ᠲᠣᠭᠲᠠᠭᠤᠨ ᠪᠠᠢᠯᠭᠠᠬᠤ᠎ᠶᠢ 《 ᠳᠥᠷᠪᠡ᠎ᠶᠢ ᠲᠣᠭᠲᠠᠭᠤᠨ ᠪᠠᠢᠯᠭᠠᠬᠤ 》᠎ᠶᠢᠨ ᠲᠡᠷᠢᠭᠦᠨ ᠪᠠᠢᠷᠢᠨ᠎ᠳᠤ ᠲᠠᠯᠪᠢᠵᠤ᠂ ᠠᠵᠢᠯ ᠣᠯᠭᠣᠯᠲᠠ᠎ᠶᠢ ᠲᠣᠭᠲᠠᠭᠤᠨ ᠪᠠᠢᠯᠭᠠᠬᠤ ᠪᠠ ᠠᠵᠤ ᠠᠬᠤᠢ᠎ᠶᠢ ᠲᠣᠭᠲᠠᠭᠤᠨ ᠪᠠᠢᠯᠭᠠᠬᠤ ᠠᠯᠢ ᠣᠯᠠᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠡᠢᠲᠡᠯᠡᠨ ᠬᠡᠷᠡᠭᠵᠢᠭᠦᠯᠵᠦ ᠂ ᠠᠵᠢᠯ ᠣᠯᠭᠣᠯᠲᠠ᠎ᠶᠢᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠬᠤ᠎ᠶᠢ ᠪᠠᠲᠤᠯᠠᠪᠠ ᠃ 1 – 9 ᠳ᠋ᠦ᠍ᠭᠡᠷ ᠰᠠᠷ᠎ᠠ ᠪᠣᠯᠲᠠᠯ᠎ᠠ᠂ ᠪᠦᠭᠦ ᠤᠯᠤᠰ᠎ᠤᠨ ᠬᠣᠲᠠ ᠪᠠᠯᠭᠠᠰᠤᠨ᠎ᠤ 1057 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ ᠂ ᠪᠦᠭᠦ ᠵᠢᠯ᠎ᠦᠨ ᠬᠠᠷᠠᠯᠲᠠ ᠡᠭᠦᠷᠭᠡ᠎ᠶᠢᠨ 88% ᠶᠢ ᠪᠡᠶᠡᠯᠡᠭᠦᠯᠵᠡᠢ ᠃ ᠪᠥᠬᠥ ᠤᠯᠤᠰ᠎ᠤᠨ ᠬᠣᠲᠠ ᠪᠠᠯᠭᠠᠰᠤᠨ᠎ᠤ ᠪᠠᠢᠴᠠᠭᠠᠯᠲᠠ᠎ᠶᠢᠨ ᠠᠵᠢᠯ ᠠᠯᠳᠠᠯᠲᠠ᠎ᠶᠢᠨ ᠨᠣᠷᠮ᠎ᠠ᠎ᠶᠢᠨ ᠳᠤᠮᠳᠠᠴᠢ ᠬᠡᠮᠵᠢᠭᠳᠡᠯ 5.2% ᠪᠠᠢᠵᠤ᠂ 5.5%᠎ᠶᠢᠨ ᠵᠢᠱ᠌ᠢᠭᠰᠡᠨ ᠬᠢᠵᠠᠭᠠᠷᠯᠠᠬᠤ ᠬᠠᠷᠠᠯᠲᠠ᠎ᠠᠴᠠ ᠳᠣᠣᠷ᠎ᠠ ᠪᠠᠢᠨ᠎ᠠ᠃
ᠲᠠᠷᠠᠭᠠᠴᠢ᠎ᠶᠢᠨ ᠠᠯᠬᠤᠮ᠎ᠳᠤ᠂ ᠪᠢᠳᠡ ᠨᠡᠢᠭᠡᠮ᠎ᠦᠨ ᠳᠠᠭᠠᠳᠬᠠᠯ᠎ᠤᠨ ᠰᠦᠢᠳᠬᠡᠯ᠎ᠢ ᠱᠠᠲᠤᠴᠢ ᠴᠢᠨᠠᠷᠲᠠᠢ᠎ᠪᠠᠷ ᠬᠠᠰᠤᠵᠤ ᠬᠡᠯᠲᠦᠷᠢᠭᠦᠯᠬᠦ᠂ ᠠᠵᠢᠯ ᠠᠯᠳᠠᠯᠲᠠ᠎ᠶᠢᠨ ᠳᠠᠭᠠᠳᠬᠠᠯ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠤᠴᠠᠭᠠᠬᠤ ᠂ ᠠᠵᠢᠯ ᠣᠯᠵᠤ ᠦᠢᠯᠡᠰ ᠪᠣᠰᠬᠠᠬᠤ ᠨᠥᠬᠥᠪᠦᠷᠢ ᠥᠭᠬᠦ ᠵᠡᠷᠭᠡ ᠳᠡᠮᠵᠢᠯᠭᠡ᠎ᠶᠢᠨ ᠲᠥᠷᠥ᠎ᠶᠢᠨ ᠪᠣᠳᠣᠯᠭ᠎ᠠ᠎ᠶᠢ ᠭᠦᠢᠴᠡᠳ ᠰᠠᠢᠲᠤᠷ ᠬᠡᠷᠡᠭᠯᠡᠨ ᠂ ᠳᠠᠯᠳᠠ ᠬᠦᠴᠦᠨ᠎ᠢ ᠴᠢᠷᠮᠠᠢᠨ ᠠᠭᠤᠳᠠᠯᠵᠤ ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ᠂ ᠭᠣᠣᠯᠳᠠᠯᠭ᠎ᠠ᠎ᠶᠢ ᠪᠠᠲᠤᠯᠠᠵᠤ᠂ ᠪᠣᠯᠪᠠᠰᠤᠷᠠᠯ᠎ᠢ ᠴᠢᠩᠭᠠᠳᠬᠠᠨ᠂ ᠦᠢᠯᠡᠴᠢᠯᠡᠭᠡ᠎ᠶᠢ ᠰᠢᠯᠢᠳᠡᠭᠵᠢᠭᠦᠯᠵᠦ᠂ ᠪᠥᠬᠥ ᠵᠢᠯ᠎ᠦᠨ ᠬᠠᠷᠠᠯᠲᠠᠲᠤ ᠡᠭᠦᠷᠭᠡ᠎ᠪᠡᠨ ᠪᠡᠶᠡᠯᠡᠭᠦᠯᠬᠦ᠎ᠶᠢ ᠦᠨᠡᠨ ᠬᠦ᠌ ᠪᠠᠲᠤᠯᠠᠨ᠎ᠠ᠃
ᠨᠡᠢᠭᠡᠮ᠎ᠦᠨ ᠪᠠᠲᠤᠯᠠᠭ᠎ᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠦᠷᠬᠦᠯᠵᠢᠯᠡᠨ ᠭᠦᠨᠵᠡᠭᠡᠢᠷᠡᠭᠦᠯᠦᠨ᠎ᠡ
ᠠᠰᠠᠭᠤᠯᠳᠠ᠄ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠥᠪᠯᠡᠭᠡᠨ᠎ᠦ ᠬᠤᠭᠤᠴᠠᠭᠠᠨ᠎ᠳᠤ ᠨᠡᠢᠭᠡᠮ᠎ᠦᠨ ᠪᠠᠲᠤᠯᠠᠭ᠎ᠠ᠎ᠳᠤ ᠶᠠᠮᠠᠷ ᠰᠢᠨ᠎ᠡ ᠪᠠᠢᠳᠠᠯ ᠲᠤᠯᠭᠠᠷᠠᠬᠤ ᠪᠤᠢ ? ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠬᠦ ᠲᠤᠬᠠᠢ ᠪᠥᠬᠥᠳᠡ ᠬᠤᠷᠠᠯ᠎ᠠᠴᠠ ᠭᠠᠷᠭᠠᠭᠰᠠᠨ ᠪᠠᠢᠷᠢᠯᠠᠭᠤᠯᠤᠯᠲᠠ᠎ᠶᠢ ᠬᠡᠷᠬᠢᠨ ᠨᠠᠢᠳᠠᠪᠤᠷᠢᠵᠢᠭᠤᠯᠬᠤ ᠪᠤᠢ ?
ᠬᠠᠷᠢᠭᠤᠯᠲᠠ᠄ ᠨᠡᠢᠭᠡᠮ᠎ᠦᠨ ᠪᠠᠲᠤᠯᠠᠭ᠎ᠠ ᠪᠣᠯ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠂ ᠨᠡᠢᠭᠡᠮ᠎ᠦᠨ ᠭᠣᠣᠯᠴᠢ ᠶᠣᠰᠣ᠌᠎ᠶᠢ ᠬᠠᠮᠠᠭᠠᠯᠠᠬᠤ᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭᠳᠡᠭᠦᠯᠬᠦ ᠦᠨᠳᠦᠰᠦᠨ ᠳᠦᠷᠢᠮ᠎ᠦᠨ ᠪᠠᠲᠤᠯᠠᠭ᠎ᠠ ᠮᠥᠨ᠂ ᠣᠷᠣᠯᠭ᠎ᠠ᠎ᠶᠢᠨ ᠳᠠᠬᠢᠨ ᠬᠤᠪᠢᠶᠠᠷᠢᠯᠠᠯᠲᠠ᠎ᠶᠢ ᠪᠡᠶᠡᠯᠡᠭᠦᠯᠬᠦ ᠂ ᠬᠠᠮᠲᠤ᠎ᠪᠠᠷ ᠴᠢᠨᠡᠭᠡᠯᠢᠭᠵᠢᠬᠦ᠎ᠶᠢ ᠠᠬᠢᠭᠤᠯᠬᠤ ᠴᠢᠬᠤᠯᠠ ᠠᠷᠭ᠎ᠠ ᠵᠠᠮ ᠮᠥᠨ ᠃ 2024 ᠣᠨ᠎ᠤ ᠡᠴᠦᠰ ᠪᠣᠯᠲᠠᠯ᠎ᠠ ᠂ ᠮᠠᠨ᠎ᠤ ᠤᠯᠤᠰ᠎ᠤᠨ 65 ᠨᠠᠰᠤ ᠵᠢᠴᠢ ᠲᠡᠭᠦᠨ᠎ᠡᠴᠡ ᠳᠡᠭᠡᠭᠰᠢᠬᠢ ᠨᠠᠰᠤᠲᠠᠢᠴᠤᠳ᠎ᠤᠨ ᠬᠥᠮᠥᠨ ᠠᠮᠠ 2.2 ᠳ᠋ᠦᠩᠰᠢᠭᠤᠷ᠎ᠲᠤ ᠬᠦᠷᠴᠦ᠂ ᠨᠠᠰᠤᠵᠢᠬᠤ ᠬᠠᠨᠳᠤᠰᠢ ᠢᠯᠡᠷᠬᠡᠢ ᠪᠠᠢᠨ᠎ᠠ᠃ ᠬᠥᠮᠥᠨ ᠠᠮᠠ᠎ᠶᠢᠨ ᠪᠦᠲᠦᠴᠡ᠎ᠶᠢᠨ ᠬᠤᠪᠢᠷᠠᠯᠲᠠ ᠨᠢ ᠤᠷᠳᠤ ᠬᠤᠭᠤᠴᠠᠭᠠᠨ᠎ᠤ ᠥᠷᠢᠰᠦᠯᠳᠦᠭᠡᠨ᠎ᠢ ᠪᠤᠢ ᠪᠣᠯᠭᠠᠵᠤ᠂ ᠰᠢᠨ᠎ᠡ ᠮᠠᠶᠢᠭ᠋᠎ᠤᠨ ᠬᠤᠳᠠ ᠪᠠᠯᠭᠠᠰᠤᠵᠢᠯᠲᠠ ᠵᠢᠨ ᠪᠦᠲᠦᠴᠡ᠎ᠶᠢᠨ ᠴᠢᠨᠠᠷᠲᠠᠢ ᠠᠰᠠᠭᠤᠳᠠᠯ ᠲᠣᠪᠣᠢᠮ᠎ᠠ ᠢᠯᠡᠷᠡᠵᠦ᠂ ᠠᠵᠢᠯ ᠣᠯᠭᠣᠯᠲᠠ᠎ᠶᠢᠨ ᠠᠷᠭ᠎ᠠ ᠮᠠᠶᠢᠭ᠋᠎ᠤᠨ ᠤᠯᠠᠨ ᠶᠠᠨᠭᠵᠤᠴᠢᠯᠠᠯᠳᠠ ᠨᠢ ᠵᠠᠷᠢᠮ ᠰᠢᠨ᠎ᠡ ᠰᠡᠳᠦᠪ᠎ᠢ ᠪᠤᠢ ᠪᠣᠯᠭᠠᠪᠠ᠃ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠴᠢᠨᠠᠷ ᠰᠠᠢᠲᠠᠢ ᠦᠷᠭᠦᠯᠵᠢᠯᠡᠬᠦ ᠬᠥᠭᠵᠢᠯᠲᠡ᠎ᠶᠢ ᠠᠬᠢᠭᠤᠯᠬᠤ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠢᠨ᠎ᠠ᠃
ᠪᠢᠳᠡ ᠨᠡᠢᠭᠡᠮ᠎ᠦᠨ ᠪᠠᠲᠤᠯᠠᠭ᠎ᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠨᠡᠢᠭᠡᠮ᠎ᠦᠨ ᠪᠠᠲᠤᠯᠠᠭ᠎ᠠ᠎ᠶᠢᠨ ᠦᠷᠭᠦᠯᠵᠢᠯᠡᠬᠦ ᠴᠢᠨᠠᠷ᠂ ᠲᠥᠪ ᠭᠣᠣᠯᠴᠢ ᠬᠦᠷᠴᠦ ᠪᠣᠯᠬᠤᠢᠴᠠ ᠴᠢᠨᠠᠷ᠂ ᠠᠶᠤᠯᠭᠦᠢ ᠴᠢᠨᠠᠷ᠂ ᠳᠥᠭᠥᠮ ᠳᠥᠲᠡ ᠴᠢᠨᠠᠷ᠂ ᠵᠢᠷᠤᠮᠵᠢᠯᠳᠤ ᠴᠢᠨᠠᠷ᠎ᠢ ᠲᠠᠰᠤᠷᠠᠯᠳᠠ ᠦᠭᠡᠢ ᠴᠢᠩᠭᠠᠳᠬᠠᠨ᠎ᠠ᠃
ᠨᠢᠭᠡ᠎ᠳᠦ᠂ ᠣᠯᠠᠨ ᠲᠠᠰ ᠳᠠᠪᠬᠤᠷᠭ᠎ᠠ᠂ ᠣᠯᠠᠨ ᠲᠤᠯᠭᠠᠭᠤᠷᠢᠲᠤ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠰᠢᠰᠲᠧᠮ᠎ᠢ ᠲᠦᠷᠭᠡᠪᠴᠢᠯᠡᠨ ᠬᠥᠭᠵᠢᠭᠦᠯᠦᠨ᠎ᠡ᠃ ᠨᠠᠰᠤᠵᠢᠯ᠎ᠤᠨ ᠠᠰᠠᠷᠠᠮᠵᠢ᠎ᠶᠢᠨ ᠦᠨᠳᠦᠰᠦᠨ ᠳᠠᠭᠠᠳᠬᠠᠯ᠎ᠢ ᠪᠥᠬᠥ ᠤᠯᠤᠰ᠎ᠲᠤ ᠨᠢᠭᠡᠳᠦᠯᠲᠡᠢ ᠲᠥᠯᠥᠪᠯᠡᠬᠦ ᠳᠦᠷᠢᠮ᠎ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ᠂ 《 ᠦᠨᠳᠦᠰᠦᠨ ᠵᠦᠢᠯ᠎ᠢ ᠪᠠᠲᠤᠯᠠᠬᠤ 》 ᠴᠢᠳᠠᠮᠵᠢ᠎ᠶᠢᠨ ᠪᠠᠢᠷᠢ ᠲᠣᠭᠲᠠᠭᠠᠯᠲᠠ᠎ᠶᠢ ᠴᠢᠩᠭᠠᠳᠬᠠᠨ᠂ ᠠᠵᠤ ᠠᠬᠤᠢᠯᠠᠯ᠎ᠤᠨ ᠣᠨ᠎ᠤ ᠮᠥᠩᠭᠥ᠎ᠶᠢᠨ ᠬᠠᠮᠤᠷᠬᠤ ᠬᠡᠪᠴᠢᠶ᠎ᠡ᠎ᠶᠢ ᠥᠷᠭᠡᠳᠬᠡᠬᠦ᠎ᠶᠢ ᠢᠳᠡᠪᠬᠢᠲᠡᠢ ᠠᠬᠢᠭᠤᠯᠵᠤ᠂ ᠬᠤᠪᠢ ᠬᠥᠮᠥᠨ᠎ᠦ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ ᠳᠦᠷᠢᠮ᠎ᠢ ᠭᠦᠨᠵᠡᠭᠡᠢ ᠬᠡᠷᠡᠭᠵᠢᠭᠦᠯᠦᠨ᠂ ᠠᠷᠠᠳ ᠣᠯᠠᠨ᠎ᠤ ᠣᠯᠠᠨ ᠶᠠᠩᠵᠤ᠎ᠶᠢᠨ ᠨᠠᠰᠤᠵᠢᠯ᠎ᠤᠨ ᠠᠰᠠᠷᠠᠮᠵᠢ᠎ᠶᠢᠨ ᠪᠠᠲᠤᠯᠠᠭ᠎ᠠ᠎ᠶᠢᠨ ᠬᠡᠷᠡᠭᠴᠡᠭᠡ᠎ᠶᠢ ᠬᠠᠩᠭᠠᠨ᠎ᠠ᠃ ᠬᠥᠭᠵᠢᠯᠲᠡ᠎ᠶᠢᠨ ᠱᠠᠲᠤ ᠦᠶ᠎ᠡ᠎ᠲᠠᠢ ᠵᠣᠬᠢᠴᠠᠭᠤᠯᠤᠨ᠂ ᠨᠡᠢᠭᠡᠮ᠎ᠦᠨ ᠪᠠᠲᠤᠯᠠᠭ᠎ᠠ᠎ᠶᠢᠨ ᠬᠠᠷᠠᠭᠠᠯᠵᠠᠯ᠎ᠤᠨ ᠬᠢᠷᠢ ᠲᠦᠪᠰᠢᠨ᠎ᠳᠦ ᠲᠣᠭᠲᠠᠭᠤᠨ᠎ᠢᠶᠠᠷ ᠲᠣᠬᠢᠷᠠᠭᠤᠯᠤᠯᠲᠠ ᠬᠢᠵᠦ᠂ ᠣᠷᠣᠯᠭ᠎ᠠ ᠪᠠᠭᠠᠲᠠᠢ ᠬᠥᠮᠥᠰ᠎ᠲᠤ ᠨᠠᠩ ᠢᠯᠡᠭᠦᠦ ᠬᠡᠯᠪᠡᠢᠯᠭᠡᠵᠦ᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢ ᠠᠯᠬᠤᠮ ᠠᠯᠬᠤᠮ᠎ᠢᠶᠠᠷ ᠲᠡᠭᠡᠭᠰᠢᠯᠡᠬᠦᠯᠦᠨ᠎ᠡ᠃
ᠬᠣᠶᠠᠷ᠎ᠲᠤ᠂ ᠴᠢᠨᠠᠷ ᠰᠠᠢᠲᠠᠢ ᠳᠠᠭᠠᠳᠬᠠᠯ᠎ᠳᠤ ᠣᠷᠣᠯᠴᠠᠬᠤ᠎ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠪᠦᠬᠦ ᠠᠷᠠᠳ᠎ᠢᠶᠠᠷ᠎ᠢᠶᠠᠨ ᠳᠠᠭᠠᠳᠬᠠᠯ᠎ᠳᠤ ᠣᠷᠣᠯᠴᠠᠬᠤ ᠲᠥᠯᠥᠪᠯᠡᠭᠡ᠎ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠮᠢᠳᠤᠯᠢᠭ᠋᠎ᠢᠶᠠᠷ ᠠᠵᠢᠯ ᠣᠯᠣᠭᠰᠠᠳ᠂ ᠬᠥᠯᠥᠰᠦᠨ ᠠᠵᠢᠯᠴᠢᠨ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ ᠪᠠᠢᠳᠠᠯ᠎ᠲᠠᠢ ᠬᠥᠮᠥᠰ ᠵᠡᠷᠭᠡ᠎ᠳᠦ ᠲᠤᠯᠭᠠᠷᠠᠵᠤ ᠪᠠᠢᠭ᠎ᠠ ᠨᠡᠢᠭᠡᠮ᠎ᠦᠨ ᠪᠠᠲᠤᠯᠠᠭ᠎ᠠ ᠬᠦᠷᠦᠯᠴᠡᠬᠦ ᠦᠭᠡᠢ ᠪᠠᠢᠬᠤ ᠠᠰᠠᠭᠤᠳᠠᠯ᠎ᠢ ᠭᠦᠨᠵᠡᠭᠡᠢ ᠰᠤᠳᠤᠯᠵᠤ᠂ ᠳᠠᠭᠠᠳᠬᠠᠯ᠎ᠳᠤ ᠣᠷᠣᠯᠴᠠᠬᠤ ᠨᠤᠷᠮ᠎ᠠ᠎ᠶᠢ ᠳᠡᠭᠡᠭᠰᠢᠯᠡᠭᠦᠯᠵᠦ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ ᠪᠠᠢᠳᠠᠯ᠎ᠲᠠᠢ ᠬᠥᠮᠥᠰ᠎ᠦᠨ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠶᠢᠨ ᠳᠦᠷᠢᠮ᠎ᠢ ᠬᠡᠷᠡᠭᠵᠢᠭᠦᠯᠬᠦ ᠬᠡᠪᠴᠢᠶ᠎ᠡ᠎ᠶᠢ ᠯᠠᠪᠳᠠᠭᠤᠨ᠎ᠢᠶᠠᠷ ᠥᠷᠭᠡᠳᠬᠡᠵᠦ᠂ ᠠᠵᠢᠯ ᠠᠯᠳᠠᠯᠲᠠ᠂ ᠠᠵᠢᠯ᠎ᠤᠨ ᠭᠡᠮᠲᠦᠯ᠎ᠦᠨ ᠳᠠᠭᠠᠳᠬᠠᠯ᠎ᠤᠨ ᠬᠠᠮᠤᠷᠬᠤ ᠬᠡᠪᠴᠢᠶ᠎ᠡ᠎ᠶᠢ ᠤᠯᠠᠮ ᠨᠢᠭᠡ ᠠᠯᠬᠤᠮ ᠥᠷᠭᠡᠳᠬᠡᠨ᠎ᠡ᠃
ᠭᠤᠷᠪᠠ᠎ᠳᠤ᠂ ᠰᠠᠭᠤᠷᠢ ᠮᠥᠩᠭᠥᠨ᠎ᠦ ᠣᠷᠳᠣ᠌ ᠬᠤᠭᠤᠴᠠᠭᠠᠨ᠎ᠤ ᠲᠤᠯᠭᠠᠭᠤᠷᠢᠯᠠᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠨᠡᠢᠭᠡᠮ᠎ᠦᠨ ᠳᠠᠭᠠᠳᠬᠠᠯ᠎ᠤᠨ ᠨᠠᠷᠢᠯᠢᠭ᠋ ᠪᠤᠳᠤᠬᠤ ᠳᠦᠷᠢᠮ᠎ᠢ ᠪᠦᠷᠢᠨᠰᠢᠭᠦᠯᠵᠦ᠂ ᠤᠯᠤᠰ᠎ᠤᠨ ᠥᠮᠴᠢᠯᠡᠯ᠎ᠦᠨ ᠬᠥᠷᠥᠩᠭᠡ᠎ᠶᠢ ᠦᠷᠭᠦᠯᠵᠢᠯᠡᠨ ᠬᠤᠪᠢᠶᠠᠷᠢᠯᠠᠨ ᠰᠢᠯᠵᠢᠭᠦᠯᠵᠦ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢ ᠲᠡᠭᠦᠯᠳᠡᠷᠵᠢᠭᠦᠯᠦᠨ᠂ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢ ᠤᠷᠳᠤ ᠬᠤᠭᠤᠴᠠᠭ᠎ᠠ᠎ᠪᠠᠷ ᠬᠤᠷᠠᠮᠳᠤᠭᠤᠯᠬᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠦᠷᠳᠡᠭ᠎ᠢ ᠪᠠᠲᠤᠯᠠᠵᠤ ᠨᠡᠮᠡᠭᠳᠡᠭᠦᠯᠬᠦ ᠪᠠ ᠠᠶᠤᠯᠭᠦᠢ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠪᠦᠷᠢᠨᠰᠢᠭᠦᠯᠵᠦ᠂ ᠳᠠᠭᠠᠳᠬᠠᠯ᠎ᠤᠨ ᠮᠥᠩᠭᠥ᠎ᠶᠢ ᠮᠡᠬᠡᠯᠡᠵᠦ ᠠᠪᠬᠤ ᠠᠵᠢᠯᠯᠠᠭ᠎ᠠ᠎ᠳᠤ ᠴᠣᠬᠢᠯᠲᠠ ᠥᠭᠬᠦ ᠬᠦᠴᠦᠲᠡᠢ ᠳᠠᠷᠤᠯᠲᠠ ᠦᠵᠡᠭᠦᠯᠬᠦ ᠪᠠᠢᠳᠠᠯ᠎ᠢ ᠪᠠᠲᠤᠯᠠᠵᠤ᠂ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢᠨ ᠪᠣᠳᠠᠰ᠎ᠤᠨ ᠰᠠᠭᠤᠷᠢ᠎ᠶᠢ ᠪᠠᠲᠤᠳᠬᠠᠨ᠂ ᠳᠦᠷᠢᠮ᠎ᠦᠨ ᠠᠵᠢᠯᠯᠠᠭᠠᠨ᠎ᠤ ᠠᠶᠤᠯᠭᠦᠢ ᠪᠥᠭᠡᠳ ᠦᠷᠭᠦᠯᠵᠢᠯᠡᠬᠦ᠎ᠶᠢ ᠠᠬᠢᠭᠤᠯᠤᠨ᠎ᠠ᠃
ᠳᠥᠷᠪᠡ᠎ᠳᠦ᠂ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠦᠨ᠎ᠡ᠃ ᠨᠡᠢᠭᠡᠮ᠎ᠦᠨ ᠪᠠᠲᠤᠯᠠᠭ᠎ᠠ᠎ᠶᠢᠨ ᠬᠠᠷᠢᠴᠠᠭ᠎ᠠ᠎ᠶᠢ ᠰᠢᠯᠵᠢᠭᠦᠯᠦᠨ ᠦᠷᠭᠦᠯᠵᠢᠯᠡᠭᠦᠯᠬᠦ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠪᠦᠬᠦ ᠤᠯᠤᠰ᠎ᠤᠨ ᠨᠢᠭᠡᠳᠦᠯᠲᠡᠢ ᠨᠡᠢᠭᠡᠮ᠎ᠦᠨ ᠪᠠᠲᠤᠯᠠᠭ᠎ᠠ᠎ᠶᠢᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠪᠴᠠᠩ᠎ᠢ ᠰᠢᠯᠢᠳᠡᠭᠵᠢᠭᠦᠯᠵᠦ᠂ ᠨᠡᠢᠭᠡᠮ᠎ᠦᠨ ᠪᠠᠲᠤᠯᠠᠭ᠎ᠠ᠎ᠶᠢᠨ ᠭᠠᠷᠳᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡ᠎ᠶᠢᠨ ᠠᠳᠠᠯᠢ ᠲᠡᠭᠰᠢ ᠪᠠᠢᠬᠤ᠂ ᠤᠶᠤᠨ ᠤᠬᠠᠭᠠᠨ ᠬᠠᠯᠠᠭᠤᠨ ᠳᠤᠯᠠᠭᠠᠨ ᠪᠠᠢᠬᠤ᠎ᠶᠢ ᠲᠦᠯᠬᠢᠨ ᠠᠬᠢᠭᠤᠯᠤᠨ᠎ᠠ᠃
ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠎ᠶᠢ ᠴᠢᠩᠭᠠᠳᠬᠠᠨ᠎ᠠ
ᠠᠰᠠᠭᠤᠯᠲᠠ᠄ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠳᠠᠪᠠᠭᠤᠯᠢᠭ᠋᠎ᠢ ᠬᠡᠷᠬᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠬᠤ ᠪᠤᠢ?
ᠬᠠᠷᠢᠭᠤᠯᠲᠠ᠄ 《 ᠰᠠᠨᠠᠭᠤᠯᠭ᠎ᠠ 》 ᠳ᠋ᠦ᠍ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠴᠢᠳᠠᠪᠤᠷᠢᠲᠠᠨ᠎ᠤ ᠬᠦᠴᠦᠨ᠎ᠢ ᠲᠦᠷᠭᠡᠨ ᠪᠠᠶ᠋ᠢᠭᠤᠯᠬᠤ᠂ ᠬᠥᠮᠥᠨ ᠠᠮᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠶᠡᠬᠡ ᠰᠢᠨ᠎ᠡ ᠪᠠᠢᠷᠢᠯᠠᠭᠤᠯᠤᠯᠲᠠ ᠬᠢᠵᠦ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠬᠦ ᠵᠡᠷᠭᠡ ᠪᠠᠢᠯᠳᠤᠬᠤ ᠪᠣᠳᠣᠯᠭ᠎ᠠ᠎ᠶᠢᠨ ᠡᠭᠦᠷᠭᠡ ᠨᠢ ᠴᠦ᠍ ᠣᠳᠣᠬᠢᠴᠢᠯᠠᠭᠰᠠᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠪᠤᠢ ᠪᠣᠯᠭᠠᠬᠤ᠎ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠢᠨ᠎ᠠ᠃ ᠪᠢᠳᠡ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠴᠢᠳᠠᠪᠤᠷᠢᠲᠠᠨ᠎ᠢᠶᠠᠷ ᠤᠯᠤᠰ ᠣᠷᠣᠨ᠎ᠢᠶᠠᠨ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠎ᠶᠢ ᠴᠢᠩᠭᠠᠳᠬᠠᠵᠤ᠂ ᠮᠡᠳᠡᠯᠭᠡ᠎ᠶᠢᠨ ᠬᠡᠯᠪᠡᠷᠢ᠎ᠶᠢᠨ᠂ ᠤᠷ᠎ᠠ ᠮᠡᠷᠭᠡᠵᠢᠯ᠎ᠦᠨ ᠬᠡᠯᠪᠡᠷᠢ᠎ᠶᠢᠨ᠂ ᠰᠢᠨ᠎ᠡ᠎ᠶᠢ ᠡᠭᠦᠳᠬᠦ ᠬᠡᠯᠪᠡᠷᠢ᠎ᠶᠢᠨ ᠬᠥᠳᠡᠯᠮᠦᠷᠢᠴᠢᠳ᠎ᠦᠨ ᠶᠡᠬᠡ ᠡᠩᠨᠡᠭᠡ᠎ᠶᠢ ᠪᠠᠶ᠋ᠢᠭᠤᠯᠬᠤ᠎ᠶᠢ ᠲᠦᠯᠬᠢᠨ ᠠᠬᠢᠭᠤᠯᠤᠨ᠎ᠠ᠃
ᠨᠢᠭᠡ᠎ᠳᠦ ᠂ ᠴᠢᠳᠠᠪᠤᠷᠢᠲᠠᠨ᠎ᠢ ᠬᠥᠮᠥᠵᠢᠭᠦᠯᠦᠨ ᠪᠣᠯᠪᠠᠰᠤᠷᠠᠭᠤᠯᠬᠤ ᠬᠠᠨᠳᠤᠯᠭᠠᠲᠤ ᠴᠢᠨᠠᠷ᠎ᠢ ᠳᠡᠭᠡᠭᠰᠢᠯᠡᠭᠦᠯᠦᠨ᠎ᠡ᠃ ᠪᠣᠳᠠᠲᠤ ᠴᠣᠭᠴᠠ᠎ᠶᠢᠨ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ᠂ ᠤᠳᠤ ᠦᠶ᠎ᠡ᠎ᠶᠢᠨ ᠮᠥᠩᠭᠥᠨ ᠭᠦᠢᠯᠭᠡᠭᠡ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠵᠣᠬᠢᠴᠠᠯᠳᠤᠭᠤᠯᠤᠨ ᠬᠥᠭᠵᠢᠭᠦᠯᠬᠦ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ᠎ᠶᠢᠨ ᠲᠣᠭᠣᠷᠢᠨ᠎ᠳᠤ᠂ ᠲᠣᠭᠠᠵᠢᠭᠤᠯᠤᠭᠰᠠᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ ᠵᠡᠷᠭᠡ ᠢᠷᠡᠭᠡᠳᠦᠢ᠎ᠶᠢᠨ ᠭᠣᠣᠯᠳᠠᠯᠭ᠎ᠠ᠎ᠲᠠᠢ ᠬᠦᠷᠢᠶ᠎ᠡ᠎ᠶᠢ ᠲᠣᠪᠤᠢᠯᠭᠠᠨ᠂ ᠶᠡᠬᠡ ᠬᠡᠪᠴᠢᠶᠡᠨ᠎ᠦ ᠮᠡᠳᠡᠯᠭᠡ᠎ᠶᠢ ᠰᠢᠨᠡᠳᠬᠡᠬᠦ ᠪᠠ ᠤᠷ᠎ᠠ ᠴᠢᠳᠠᠪᠤᠷᠢ᠎ᠶᠢ ᠳᠡᠭᠡᠭᠰᠢᠯᠡᠭᠦᠯᠬᠦ ᠠᠵᠢᠯᠯᠠᠭ᠎ᠠ᠎ᠶᠢ ᠬᠡᠷᠡᠭᠵᠢᠭᠦᠯᠦᠨ᠎ᠡ᠃ ᠵᠠᠯᠠᠭᠤ ᠴᠢᠳᠠᠪᠤᠷᠢᠲᠠᠨ᠎ᠢ ᠬᠥᠮᠥᠵᠢᠭᠦᠯᠬᠦ᠎ᠶᠢ ᠲᠣᠪᠣᠢᠮ᠎ᠠ ᠰᠠᠢᠲᠤᠷ ᠠᠳᠬᠤᠵᠤ᠂ 《 ᠳᠡᠭᠡᠳᠦ ᠨᠠᠷᠢᠯᠢᠭ᠋ ᠣᠷᠣᠢᠯᠠᠭ᠍ᠴᠢ ᠲᠤᠲᠠᠭᠳᠠᠵᠤ ᠪᠠᠢᠬᠤ 》 ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ᠎ᠢ ᠴᠠᠭ ᠲᠤᠬᠠᠢ ᠳ᠋ᠤᠨᠢ ᠨᠡᠢᠲᠡᠯᠡᠵᠦ᠂ ᠫᠤᠰᠲ ᠳ᠋ᠣᠺᠲ᠋ᠣᠷ᠎ᠤᠨ ᠲᠦᠷᠦᠯ ᠵᠦᠢᠯ᠂ ᠵᠠᠰᠠᠭ᠎ᠤᠨ ᠣᠷᠳᠣᠨ᠎ᠤ ᠣᠨᠴᠠ ᠨᠥᠬᠥᠪᠦᠷᠢ ᠮᠥᠩᠭᠥ ᠵᠡᠷᠭᠡ᠎ᠶᠢ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠦᠨ ᠬᠦᠷᠢᠶ᠎ᠡ ᠪᠣᠯᠣᠨ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ᠎ᠦᠨ ᠴᠢᠳᠠᠪᠤᠷᠢᠲᠠᠨ ᠲᠡᠢᠰᠢ ᠬᠡᠯᠪᠡᠢᠯᠭᠡᠬᠦ᠎ᠶᠢ ᠠᠬᠢᠭᠤᠯᠤᠨ᠎ᠠ᠃ 《 ᠤᠷ᠎ᠠ ᠮᠡᠷᠭᠡᠵᠢᠯ᠎ᠢᠶᠠᠷ ᠢᠷᠡᠭᠡᠳᠦᠢ᠎ᠪᠠᠨ ᠭᠡᠷᠡᠯᠲᠦᠭᠦᠯᠬᠦ 》 ᠪᠣᠯᠪᠠᠰᠤᠷᠠᠯ᠎ᠤᠨ ᠠᠵᠢᠯᠯᠠᠭ᠎ᠠ᠎ᠶᠢ ᠬᠡᠷᠡᠭᠵᠢᠭᠦᠯᠵᠦ᠂ 《 ᠦᠢᠯᠡᠳᠪᠦᠷᠢᠯᠡᠯ ᠰᠤᠷᠭᠠᠨ ᠬᠥᠮᠦᠵᠢᠯ ᠦᠨᠡᠯᠡᠯᠲᠡ 》 ᠵᠢᠨ ᠤᠷ᠎ᠠ ᠮᠡᠷᠭᠡᠵᠢᠯ᠎ᠤᠨ ᠠᠮᠢ ᠠᠬᠤᠢ᠎ᠶᠢᠨ ᠬᠡᠯᠬᠢᠶᠡᠰᠦ᠎ᠶᠢ ᠪᠠᠢᠭᠤᠯᠤᠨ᠂ ᠠᠵᠤ ᠠᠬᠤᠢᠯᠠᠯ᠎ᠤᠨ ᠰᠢᠨ᠎ᠡ ᠮᠠᠶᠢᠭ᠋᠎ᠤᠨ ᠱᠠᠪᠢ ᠣᠷᠣᠬᠤ ᠳᠦᠷᠢᠮ᠎ᠢ ᠶᠡᠬᠡᠪᠡᠷ ᠬᠡᠷᠡᠭᠵᠢᠭᠦᠯᠦᠨ᠎ᠡ᠃
ᠬᠣᠶᠠᠷ᠎ᠲᠤ᠂ ᠴᠢᠳᠠᠪᠤᠷᠢᠲᠠᠨ᠎ᠤ ᠬᠥᠭᠵᠢᠯᠲᠡ᠎ᠶᠢᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ᠃ ᠰᠢᠨ᠎ᠡ᠎ᠶᠢ ᠡᠭᠦᠳᠬᠦ ᠴᠢᠳᠠᠪᠤᠷᠢ᠂ ᠶᠠᠰᠤ ᠴᠢᠨᠠᠷ᠂ ᠪᠣᠳᠠᠲᠤ ᠦᠷ᠎ᠡ ᠪᠦᠲᠦᠮᠵᠢ ᠂ ᠬᠤᠪᠢ ᠨᠡᠮᠡᠷᠢ᠎ᠪᠡᠷ ᠦᠨᠡᠯᠡᠯᠲᠡ᠎ᠶᠢᠨ ᠤᠳᠤᠷᠢᠳᠤᠮᠵᠢ ᠪᠣᠯᠭᠠᠵᠤ᠂ ᠮᠡᠷᠭᠡᠵᠢᠯ᠎ᠦᠨ ᠴᠣᠯᠠ ᠂ ᠠᠵᠢᠯ ᠮᠡᠷᠭᠡᠵᠢᠯ᠎ᠦᠨ ᠬᠢᠷᠢ ᠬᠡᠮ ᠂ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠡᠷᠭᠡ ᠳᠦᠷᠢᠮ᠎ᠦᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠦᠨ᠎ᠡ ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠭᠠᠨ᠎ᠤ ᠬᠦᠷᠢᠶᠡᠯᠡᠩ ᠭᠠᠵᠠᠷ᠂ ᠠᠯᠪᠠᠨ᠎ᠠᠴᠠ ᠪᠠᠢᠭᠤᠯᠤᠭᠰᠠᠨ ᠡᠮᠨᠡᠯᠭᠡ᠎ᠶᠢᠨ ᠬᠣᠷᠢᠶᠠᠨ᠎ᠤ ᠴᠠᠯᠢᠩ ᠣᠯᠭᠣᠮᠵᠢ᠎ᠶᠢᠨ ᠳᠦᠷᠢᠮ᠎ᠤᠨ ᠥᠭᠡᠷᠡᠴᠢᠯᠡᠯᠲᠡ᠎ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠤᠷ᠎ᠠ ᠮᠡᠷᠭᠡᠵᠢᠯ᠎ᠢᠶᠠᠷ ᠤᠳᠤᠷᠢᠳᠤᠮᠵᠢ ᠪᠣᠯᠭᠠᠭᠰᠠᠨ ᠴᠠᠯᠢᠩ ᠣᠯᠭᠣᠮᠵᠢ᠎ᠶᠢᠨ ᠬᠤᠪᠢᠶᠠᠷᠢᠯᠠᠯᠲᠠ᠎ᠶᠢᠨ ᠳᠦᠷᠢᠮ᠎ᠢ ᠲᠦᠷᠭᠡᠳᠬᠡᠨ ᠪᠠᠢᠭᠤᠯᠤᠨ᠎ᠠ᠃ 《 ᠰᠢᠨ᠎ᠡ ᠨᠠᠢ᠍ᠮᠠᠨ ᠳᠡᠰ᠎ᠤᠨ ᠠᠵᠢᠯᠴᠢᠨ 》᠎ᠤ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ᠃ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠵᠡᠷᠭᠡ ᠳᠡᠰ ᠬᠢᠭᠡᠳ ᠬᠠᠷᠠᠭᠠᠯᠵᠠᠭᠰᠠᠨ ᠮᠡᠷᠭᠡᠵᠢᠯ᠎ᠦᠨ ᠴᠣᠯᠠ᠂ ᠰᠤᠷᠤᠯᠭ᠎ᠠ᠎ᠶᠢᠨ ᠨᠠᠮᠲᠠᠷ᠎ᠢ ᠬᠣᠣᠰ ᠴᠢᠭᠯᠡᠯ᠎ᠢᠶᠡᠷ ᠬᠠᠷᠢᠴᠠᠭᠤᠯᠤᠨ ᠮᠠᠭᠠᠳᠯᠠᠨ ᠲᠣᠭᠲᠠᠭᠠᠬᠤ᠎ᠶᠢ ᠲᠦᠯᠬᠢᠨ ᠠᠬᠢᠭᠤᠯᠤᠨ᠎ᠠ᠃ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠤᠷᠤᠯᠳᠤᠭᠠᠨ᠎ᠤ ᠰᠢᠰᠲᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 48 ᠳ᠋ᠤᠭᠠᠷ ᠬᠤᠭᠤᠴᠠᠭᠠᠨ᠎ᠤ ᠳᠡᠯᠡᠬᠡᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ᠎ᠢ ᠰᠠᠢᠲᠤᠷ ᠡᠷᠬᠢᠯᠡᠨ᠎ᠡ᠃
ᠭᠤᠷᠪᠠ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ ᠲᠣᠭᠲᠠᠴᠠ᠎ᠶᠢ ᠪᠦᠷᠢᠨᠰᠢᠭᠦᠯᠦᠨ᠎ᠡ᠃ ᠬᠠᠤᠯᠢ᠎ᠪᠠᠷ ᠲᠣᠭᠲᠠᠭᠠᠭᠰᠠᠨ ᠠᠵᠢᠯ᠎ᠠᠴᠠ᠎ᠪᠠᠨ ᠪᠠᠭᠤᠵᠤ ᠠᠮᠠᠷᠠᠬᠤ ᠨᠠᠰᠤ᠎ᠶᠢ ᠠᠭᠠᠵᠢᠮ᠎ᠢᠶᠠᠷ ᠬᠣᠢᠰᠢᠯᠠᠭᠤᠯᠬᠤ ᠲᠦᠷᠦ᠎ᠶᠢᠨ ᠪᠣᠳᠣᠯᠭ᠎ᠠ᠎ᠶᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠬᠡᠷᠡᠭᠵᠢᠭᠦᠯᠦᠨ᠎ᠡ᠃ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠵᠢᠷᠤᠮᠵᠢᠭᠤᠯᠵᠤ᠂ ᠠᠵᠢᠯ ᠣᠯᠭᠣᠯᠲᠠ᠂ ᠨᠡᠢᠭᠡᠮ᠎ᠦᠨ ᠪᠠᠲᠤᠯᠠᠭ᠎ᠠ ᠵᠡᠷᠭᠡ ᠲᠠᠯ᠎ᠠ᠎ᠶᠢᠨ ᠨᠠᠰᠤᠨ᠎ᠤ ᠬᠢᠵᠠᠭᠠᠷᠯᠠᠯ᠎ᠤᠨ ᠲᠦᠷᠦ᠎ᠶᠢᠨ ᠪᠣᠳᠣᠯᠭ᠎ᠠ᠎ᠶᠢ ᠵᠢᠷᠤᠮᠵᠢᠭᠤᠯᠤᠨ᠎ᠠ᠃ ᠨᠠᠰᠤᠲᠠᠢᠴᠤᠳ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠲᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠪᠤᠭᠤᠷᠤᠯᠴᠤᠳ᠎ᠤᠨ ᠠᠵᠤ ᠠᠬᠤᠢ᠎ᠶᠢᠨ ᠬᠥᠭᠵᠢᠯᠲᠡ᠎ᠶᠢ ᠲᠦᠯᠬᠢᠨ ᠠᠬᠢᠭᠤᠯᠵᠤ᠂ ᠡᠮᠡᠭᠲᠡᠢᠴᠦᠳ᠎ᠦᠨ ᠬᠥᠳᠡᠯᠮᠦᠷᠢ ᠠᠵᠢᠯ ᠣᠯᠭᠣᠯᠲᠠ᠎ᠶᠢ ᠦᠷᠭᠦᠯᠵᠢᠯᠡᠨ ᠨᠡᠮᠡᠭᠳᠡᠭᠦᠯᠵᠦ᠂ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ᠎ᠶᠢ ᠬᠤᠳᠠ᠎ᠶᠢᠨ ᠠᠷᠠᠳ ᠪᠣᠯᠭᠠᠬᠤ᠎ᠶᠢ ᠲᠦᠯᠬᠢᠨ ᠠᠬᠢᠭᠤᠯᠵᠤ᠂ ᠬᠥᠳᠡᠯᠮᠦᠷᠢ᠎ᠳᠦ ᠣᠷᠣᠯᠴᠠᠬᠤ ᠨᠤᠷᠮ᠎ᠠ᠎ᠶᠢ ᠲᠣᠭᠲᠠᠪᠤᠷᠢᠵᠢᠭᠤᠯᠤᠨ᠎ᠠ᠃ ( ᠵᠠᠩ ᠰᠢᠶᠣᠣ ᠵᠢᠶᠧ )