ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠥᠷᠡᠯ ᠦᠭᠡᠢ ᠨᠠᠢ᠌ᠳᠠᠪᠤᠷᠢᠵᠢᠭᠤᠯᠤᠶ᠎ᠠ — ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠠᠬᠢᠭᠤᠯᠬᠤ ᠲᠠᠯ᠎ᠠ᠎ᠪᠠᠷ ᠤᠷᠤᠭᠰᠢᠯᠠᠵᠤ᠂ ᠦᠯᠢᠭᠡᠷ ᠳᠠᠭᠤᠷᠢᠶᠠᠯ ᠦᠵᠡᠭᠦᠯᠰᠦᠭᠡᠢ — ᠲᠥᠪ᠎ᠤᠨ ᠪᠠ ᠲᠦᠷᠦ ᠵᠢᠨ ᠪᠠᠶ᠋ᠢᠭᠤᠯᠭ᠎ᠠ᠂ ᠠᠷᠠᠳ᠎ᠤᠨ ᠪᠦᠯᠬᠦᠮ᠎ᠤᠨ᠎ᠬᠢᠨ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠪᠡ
ᠨᠡᠶ᠋ᠢᠲᠡᠯᠡᠭᠰᠡᠨ ᠴᠠᠭ᠄ 2025-06-23

      ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠠᠬᠢᠭᠤᠯᠬᠤ ᠲᠠᠯ᠎ᠠ᠎ᠪᠠᠷ ᠤᠷᠤᠭᠰᠢᠯᠠᠵᠤ᠂ ᠦᠯᠢᠭᠡᠷ ᠳᠠᠭᠤᠷᠢᠶᠠᠯ ᠦᠵᠡᠭᠦᠯᠰᠦᠭᠡᠢ — ᠲᠥᠪ᠎ᠤᠨ ᠪᠠ ᠲᠦᠷᠦ ᠵᠢᠨ ᠪᠠᠶ᠋ᠢᠭᠤᠯᠭ᠎ᠠ᠂ ᠠᠷᠠᠳ᠎ᠤᠨ ᠪᠦᠯᠬᠦᠮ᠎ᠤᠨ᠎ᠬᠢᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠦᠷᠨᠢᠬᠦᠯᠪᠡ
      ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠭᠣᠣᠯ ᠰᠡᠳᠦᠪᠲᠦ ᠬᠥᠮᠦᠵᠢᠯ ᠪᠣᠯᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠶ᠋ᠢᠷᠡᠭᠦᠯᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠢ᠎ᠡ ᠮᠥᠨ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ᠎ᠤ ᠬᠠᠷᠢᠴᠠᠭ᠎ᠠ ᠵᠢ ᠨᠢᠭᠲᠠᠷᠠᠭᠤᠯᠬᠤ᠂ ᠨᠠᠮ᠎ᠤᠨ ᠲᠦᠷᠦ ᠪᠠᠷᠢᠬᠤ ᠰᠠᠭᠤᠷᠢ ᠵᠢ ᠪᠡᠬᠢᠵᠢᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠬᠦᠴᠦᠲᠡᠢ ᠪᠠᠲᠤᠯᠠᠭ᠎ᠠ ᠮᠥᠨ᠃
      ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠭᠰᠡᠨ᠎ᠠᠴᠠ ᠨᠠᠭ᠋ᠠᠰᠢ᠂ ᠲᠥᠪ᠎ᠤᠨ ᠪᠠ ᠲᠥᠷᠥ ᠵᠢᠨ ᠪᠠᠶ᠋ᠢᠭᠤᠯᠭ᠎ᠠ᠂ ᠠᠷᠠᠳ᠎ᠤᠨ ᠪᠦᠯᠬᠦᠮ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠲᠤᠬᠠᠶ ᠰᠤᠷᠤᠯᠴᠠᠯᠭ᠎ᠠ ᠬᠥᠮᠦᠵᠢᠯ᠎ᠤᠨ ᠴᠢᠬᠤᠯᠠ ᠶᠠᠷᠢᠶ᠎ᠠ ᠪᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠰᠢᠨᠲᠠᠷᠠᠰᠢ ᠦᠭᠡᠢ ᠲᠤᠭᠤᠰᠢᠯᠠᠭᠤᠯᠵᠤ᠂ ᠨᠢᠭᠡᠳᠦᠭᠡᠷ ᠵᠢᠭᠰᠠᠭ᠋ᠠᠯ᠎ᠤᠨ ᠡᠩᠨᠡᠭᠡᠨ᠎ᠳᠤ ᠰᠠᠶ᠋ᠢᠲᠤᠷ ᠶᠠᠪᠤᠵᠤ᠂ ᠰᠠᠢ᠍ᠢ᠍ᠨ ᠲᠠᠭ᠋ᠠᠭᠤᠯᠤᠭᠴᠢ ᠪᠤᠯᠵᠤ᠂ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠤᠯᠬᠤ ᠵᠢ ᠲᠦᠯᠬᠢᠨ ᠠᠬᠢᠭᠤᠯᠵᠠᠢ᠃
      ᠵᠣᠭᠰᠣᠴᠠ᠎ᠪᠠᠨ ᠳᠡᠭᠡᠭᠰᠢᠯᠡᠭᠦᠯᠵᠦ ᠪᠦᠬᠦ ᠲᠠᠯ᠎ᠠ᠎ᠪᠠᠷ ᠲᠥᠯᠥᠪᠯᠡᠨ᠎ᠡ
      ᠬᠤᠷᠠᠯ ᠬᠤᠷᠠᠯᠳᠤᠭᠤᠯᠵᠤ᠂ ᠠᠵᠢᠯ᠎ᠤᠨ ᠲᠤᠰᠬᠠᠢ ᠠᠩᠬᠢ ᠪᠠᠶ᠋ᠢᠭᠤᠯᠵᠤ᠂ ᠲᠥᠰᠦᠯ ᠲᠣᠭᠲᠠᠭ᠋ᠠᠪᠠ ᠁ ᠤᠢ᠍ᠢ᠍ᠷ᠎ᠠ ᠵᠢᠨ ᠡᠳᠦᠷ᠎ᠤᠳ᠎ᠲᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ᠂ ᠠᠷᠠᠳ᠎ᠤᠨ ᠪᠦᠯᠬᠦᠮ᠎ᠤᠨ᠎ᠬᠢᠨ ᠰᠤᠳᠤᠯᠤᠨ ᠲᠥᠯᠥᠪᠵᠢᠭᠦᠯᠬᠦ ᠠᠵᠢᠯ ᠵᠶ᠋ᠠᠨ ᠴᠢᠩᠭ᠋ᠠᠳᠬᠠᠵᠤ᠂ ᠨᠠᠷᠢᠨ ᠬᠢᠨᠠᠮᠠᠭ᠋ᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠬᠦᠳᠦᠯᠦᠨ ᠵᠢᠯᠣᠭᠣᠳᠴᠤ ᠪᠠᠶ᠋ᠢᠭ᠋ᠠᠳ ᠤᠯᠤᠰ ᠲᠦᠷᠦ ᠵᠢᠨ ᠵᠣᠭᠰᠣᠴᠠ ᠵᠢ᠎ᠨᠢ ᠳᠡᠭᠡᠭᠰᠢᠯᠡᠭᠦᠯᠵᠦ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭ᠋ᠠᠭᠤᠯᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠡᠢ᠃
      ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠢ᠎ᠠ ᠤᠯᠤᠰ᠎ᠤᠨ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭᠤᠯᠭ᠎ᠠ ᠵᠢᠨ᠎ᠬᠢᠨ ᠤᠳᠤᠷᠢᠳᠬᠤ ᠺᠠᠳ᠋ᠷᠴᠤᠳ᠎ᠤᠨ ᠲᠦᠷᠦᠭᠦᠯᠡᠨ ᠵᠢᠱ᠌ᠢᠢ᠎ᠡ ᠦᠵᠡᠭᠦᠯᠬᠦ ᠵᠢ ᠠᠬᠢᠭᠤᠯᠵᠤ᠂ ᠵᠠᠯᠠᠭᠤ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠢ ᠲᠤᠪᠤᠢ᠍ᠢ᠍ᠮ᠎ᠠ ᠰᠠᠶ᠋ᠢᠲᠤᠷ ᠠᠳᠬᠤᠵᠤ᠂ ᠨᠠᠮ᠎ᠤᠨ ᠲᠥᠪ ᠬᠣᠷᠢᠶᠠᠨ᠎ᠤ ᠱᠠᠭ᠋ᠠᠷᠳᠠᠯᠭ᠎ᠠ᠎ᠲᠠᠢ ᠬᠠᠷᠢᠴᠠᠭᠤᠯᠵᠤ᠂ ᠰᠤᠷᠤᠯᠴᠠᠯᠭ᠎ᠠ ᠰᠤᠳᠤᠯᠤᠨ ᠶᠠᠷᠢᠯᠴᠠᠬᠤ ᠵᠢ ᠲᠦᠷᠦᠯ ᠳᠠᠷᠠᠭ᠋ᠠᠯᠠᠨ ᠨᠠᠷᠢᠯᠢᠬ᠍ᠵᠢᠭᠤᠯᠤᠨ ᠥᠷᠨᠢᠭᠦᠯᠵᠦ᠂ ᠠᠰᠠᠭᠤᠳᠠᠯ᠎ᠢ ᠭᠦᠨᠵᠡᠭᠡᠢ ᠪᠠᠶ᠋ᠢᠴᠠᠭ᠋ᠠᠨ ᠳᠡᠯᠭᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠴᠢᠩᠭ᠎ᠠ ᠠᠳᠬᠤᠵᠤ᠂ ᠡᠭᠦᠳᠡ᠎ᠪᠠᠨ ᠨᠡᠭᠡᠭᠡᠵᠦ ᠰᠤᠷᠭ᠋ᠠᠨ ᠬᠥᠮᠦᠵᠢᠭᠦᠯᠬᠦ ᠲᠦᠷᠪᠡᠨ ᠲᠠᠯ᠎ᠠ ᠵᠢᠨ ᠲᠤᠬᠢᠷᠠᠭᠤᠯᠤᠯᠳᠠ ᠵᠢ ᠪᠠᠷᠢᠮᠲᠠᠯᠠᠵᠤ᠂ ᠰᠤᠷᠲᠠᠯ᠎ᠢ ᠴᠡᠭᠴᠡᠯᠡᠨ ᠢᠯᠵᠢᠷᠡᠯ᠎ᠢ ᠡᠰᠡᠷᠭᠦᠴᠡᠬᠦ ᠵᠢ ᠴᠢᠩᠭ᠋ᠠᠳᠬᠠᠵᠤ᠂ ᠪᠠᠶ᠋ᠢᠩᠭᠤ ᠵᠢᠨ ᠪᠠ ᠤᠷᠳᠤ ᠬᠤᠭᠤᠴᠠᠭ᠋ᠠᠨ᠎ᠤ ᠪᠦᠲᠦᠮᠵᠢᠲᠡᠢ ᠪᠠᠶ᠋ᠢᠬᠤ ᠵᠢ ᠠᠬᠢᠭᠤᠯᠪᠠ; 《ᠰᠠᠬᠢᠯᠭ᠎ᠠ ᠪᠠᠲᠤ ᠵᠢᠨ ᠴᠡᠷᠢᠭ ᠠᠩᠭᠢ》 ᠵᠢᠨ ᠡᠭᠦᠷᠭᠡ ᠬᠠᠷᠢᠭᠤᠴᠠᠯᠭ᠎ᠠ᠎ᠲᠠᠢ ᠨᠢᠭᠲᠠ ᠤᠶᠠᠯᠳᠤᠭᠤᠯᠤᠨ᠂ ᠰᠤᠷᠤᠯᠴᠠᠯᠭ᠎ᠠ ᠬᠥᠮᠦᠵᠢᠯ᠎ᠢ 《ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠵᠢᠷᠤᠮᠵᠢᠭᠤᠯᠤᠯᠲᠠ ᠬᠠᠥᠯᠢᠵᠢᠭᠤᠯᠤᠯᠲᠠ ᠵᠢᠩᠬᠢᠨᠢᠴᠢᠯᠡᠯᠲᠡ ᠵᠢᠨ ᠪᠠᠶ᠋ᠢᠭᠤᠯᠤᠯᠲᠠ ᠵᠢᠨ ᠣᠨ》᠎ᠤ ᠠᠵᠢᠯᠯᠠᠭ᠎ᠠ᠎ᠲᠠᠢ ᠨᠢᠭᠡᠳᠦᠯᠲᠡᠶ ᠲᠥᠯᠥᠪᠯᠡᠨ᠂ ᠪᠠᠶ᠋ᠢᠭᠤᠯᠭ᠎ᠠ ᠵᠢᠨ ᠲᠣᠮᠢᠯᠠᠨ ᠰᠠᠭᠤᠯᠭ᠋ᠠᠬᠤ ᠵᠢ ᠬᠠᠮᠵᠢᠯᠴᠠᠨ ᠬᠣᠯᠪᠣᠯᠳᠤᠭᠤᠯᠵᠤ᠂ ᠰᠢᠰᠲ᠋ᠧᠮ᠎ᠤᠨ ᠳᠡᠭᠡᠷ᠎ᠡ ᠳᠣᠥᠷ᠎ᠠ ᠱᠠᠲᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠪᠦᠬᠦᠯᠢ ᠴᠣᠭᠴᠠ ᠵᠢᠨ ᠦᠢᠯᠡᠳᠦᠯ᠎ᠢ ᠪᠣᠶ ᠪᠣᠯᠭ᠋ᠠᠪᠠ᠃
      ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ ᠶᠠᠮᠤᠨ᠎ᠤ ᠶᠠᠪᠤᠳᠠᠯ᠎ᠤᠨ ᠬᠤᠷᠠᠯ ᠬᠤᠷᠠᠯᠳᠤᠭᠤᠯᠵᠤ ᠳᠠᠶ᠋ᠢᠴᠢᠯᠠᠯᠲᠠ ᠵᠢᠨ ᠪᠠᠶ᠋ᠢᠷᠢᠯᠠᠭᠤᠯᠤᠯᠲᠠ ᠬᠢᠵᠦ᠂ ᠡᠯ᠎ᠡ ᠵᠦᠢ᠍ᠯ᠎ᠤᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠡᠮᠬᠢ ᠵᠢᠷᠤᠮ᠎ᠲᠠᠢ ᠲᠦᠯᠬᠢᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠢ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠂ ᠵᠣᠬᠢᠶᠠᠨ ᠪᠠᠶ᠋ᠢᠭᠤᠯᠬᠤ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠵᠢ ᠠᠬᠢᠭᠤᠯᠬᠤ᠂ ᠵᠢᠱ᠌ᠢᠶᠡᠴᠢ ᠰᠠᠯᠠᠭ᠎ᠠ ᠮᠥᠴᠢᠷ ᠪᠣᠯᠤᠨ ᠰᠢᠯᠭ᠋ᠠᠷᠠᠭᠰᠠᠨ ᠡᠩᠨᠡᠭᠡ ᠵᠢᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ᠎ᠲᠠᠢ ᠤᠶᠠᠯᠳᠤᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠡᠯ᠎ᠡ ᠵᠦᠢ᠍ᠯ᠎ᠤᠨ ᠰᠠᠬᠢᠯᠭ᠎ᠠ ᠪᠠᠲᠤ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠬᠤ ᠵᠢ ᠬᠦᠳᠦᠯᠦᠨ ᠵᠢᠯᠣᠭᠣᠳᠴᠤ᠂ ᠰᠠᠬᠢᠯᠭ᠎ᠠ ᠪᠠᠲᠤ ᠶᠣᠰᠣ ᠲᠦᠷᠢᠮ ᠭᠡᠬᠦ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠷᠠᠭᠤᠯᠵᠤ᠂ ᠰᠢᠯᠢᠳᠡᠭ ᠰᠤᠷᠲᠠᠯ ᠵᠶ᠋ᠠᠷ ᠠᠵᠢᠯ ᠬᠢᠵᠦ ᠦᠢ᠍ᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠦᠢ᠍ᠯᠡᠰ ᠪᠦᠲᠦᠭᠡᠬᠦ ᠵᠢ ᠬᠦᠳᠦᠯᠦᠨ ᠵᠢᠯᠣᠭᠣᠳᠴᠤ᠂ ᠰᠤᠷᠲᠠᠯ᠎ᠢ ᠠᠳᠬᠤᠨ ᠠᠵᠢᠯ᠎ᠢ ᠠᠬᠢᠭᠤᠯᠬᠤ᠂ ᠠᠵᠢᠯ᠎ᠢ ᠠᠳᠬᠤᠨ ᠰᠤᠷᠲᠠᠯ᠎ᠢ ᠴᠢᠩᠭ᠋ᠠᠳᠬᠠᠬᠤ ᠰᠠᠢ᠍ᠢ᠍ᠨ ᠣᠷᠴᠢᠯ᠎ᠢ ᠪᠤᠢ ᠪᠣᠯᠭ᠋ᠠᠵᠠᠢ᠃
      ᠲᠥᠪ᠎ᠤᠨ ᠤᠬᠠᠭᠤᠯᠬᠤ ᠬᠡᠯᠲᠡᠰ ᠭᠣᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠬᠦ ᠵᠢ ᠪᠠᠷᠢᠮᠲᠠᠯᠠᠵᠤ᠂ ᠳᠥᠭᠥᠮ ᠳᠥᠲᠡ ᠪᠣᠳᠠᠲᠠᠢ ᠵᠢ ᠡᠷᠬᠢᠮᠯᠡᠵᠦ᠂ ᠰᠤᠷᠤᠯᠴᠠᠬᠤ ᠪᠠᠶ᠋ᠢᠴᠠᠭ᠋ᠠᠬᠤ ᠥᠭᠡᠷᠡᠴᠢᠯᠡᠬᠦ ᠵᠢ ᠨᠢᠭᠡ ᠴᠤᠭᠴᠠᠵᠢᠭᠤᠯᠤᠨ ᠠᠬᠢᠭᠤᠯᠵᠤ᠂ ᠲᠦᠷᠪᠡᠨ ᠲᠠᠯ᠎ᠠ᠎ᠠᠴᠠ 14 ᠵᠦᠢ᠍ᠯ᠎ᠤᠨ ᠠᠵᠢᠯ᠎ᠤᠨ ᠡᠭᠦᠷᠭᠡ ᠵᠢ ᠨᠠᠷᠢᠯᠢᠬ᠍ᠵᠢᠭᠤᠯᠪᠠ; ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠬᠠᠢ ᠠᠩᠬᠢ ᠵᠢ ᠪᠠᠶ᠋ᠢᠭᠤᠯᠵᠤ᠂ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠪᠠ ᠱᠠᠯᠠᠪᠳᠠᠭᠤᠯᠤᠨ ᠵᠢᠯᠣᠭᠣᠳᠬᠤ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠵᠤ᠂ ᠰᠤᠷᠤᠯᠴᠠᠯᠭ᠎ᠠ᠎ᠨᠢ ᠶᠠᠰᠤ ᠴᠢᠨᠠᠷ᠎ᠲᠠᠢ᠂ ᠪᠠᠶ᠋ᠢᠴᠠᠭ᠋ᠠᠯᠲᠠ᠎ᠨᠢ ᠡᠷᠴᠢᠮ᠎ᠲᠠᠢ᠂ ᠥᠭᠡᠷᠡᠴᠢᠯᠡᠯᠲᠡ᠎ᠨᠢ ᠦᠷ᠎ᠡ ᠪᠦᠲᠦᠮᠵᠢ᠎ᠲᠠᠢ ᠪᠠᠶ᠋ᠢᠬᠤ ᠵᠢ ᠪᠠᠳᠤᠯᠠᠪᠠ; ᠬᠣᠯᠪᠣᠭᠳᠠᠯ ᠪᠥᠬᠥᠶ ᠨᠢᠭᠡᠴᠢ᠎ᠲᠠᠢ ᠬᠠᠮᠲᠤᠷᠠᠨ ᠤᠬᠠᠭᠤᠯᠵᠤ ᠬᠥᠲᠥᠯᠦᠨ ᠵᠢᠯᠣᠭᠣᠳᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠰᠣᠨᠢᠨ ᠮᠡᠳᠡᠭᠡᠨ᠎ᠤ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ᠎ᠤ ᠬᠥᠲᠥᠯᠦᠨ ᠵᠢᠯᠣᠭᠣᠳᠬᠤ ᠵᠢ ᠢᠳᠡᠪᠬᠢᠲᠡᠶ ᠯᠠᠪᠳᠠᠭᠤᠨ ᠵᠶ᠋ᠠᠷ ᠰᠠᠶ᠋ᠢᠲᠤᠷ ᠬᠢᠵᠦ᠂ ᠰᠤᠷᠤᠯᠴᠠᠯᠭ᠎ᠠ ᠬᠥᠮᠦᠵᠢᠯ᠎ᠳᠤ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠣᠶ ᠪᠣᠯᠭ᠋ᠠᠵᠠᠢ᠃
      ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠡᠯ᠎ᠡ ᠰᠢᠭᠤᠳ ᠬᠠᠷᠢᠶ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠪᠣᠯᠤᠨ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠡᠷᠭᠡ ᠵᠢ ᠲᠡᠷᠡ ᠬᠡᠪ ᠵᠶ᠋ᠡᠷ᠎ᠨᠢ ᠰᠤᠷᠤᠯᠴᠠᠵᠤ᠂ ᠰᠤᠷᠤᠯᠴᠠᠯᠭ᠎ᠠ ᠬᠥᠮᠦᠵᠢᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠤᠬ ᠵᠣᠬᠢᠶᠠᠯ᠎ᠤᠨ ᠦᠨᠳᠦᠰᠦᠯᠡᠯ᠎ᠢ ᠣᠨᠣᠪᠴᠢᠲᠠᠢ ᠡᠵᠡᠮᠰᠢᠵᠦ᠂ ᠭᠣᠣᠯ ᠴᠢᠮᠥᠭᠡ ᠴᠢᠬᠤᠯᠠ ᠠᠭᠤᠯᠭ᠎ᠠ ᠵᠢ ᠭᠦᠨᠵᠡᠭᠡᠢ ᠣᠶ᠋ᠢᠯᠠᠭ᠋ᠠᠬᠤ ᠬᠡᠷᠡᠭᠲᠡᠢ; ᠨᠠᠮ᠎ᠤᠨ ᠭᠡᠰᠢᠭᠦᠨ ᠺᠠᠳ᠋ᠷ ᠰᠡᠷᠡᠮᠵᠢᠯᠡᠨ ᠡᠮᠢᠶᠡᠵᠦ᠂ ᠬᠢᠬᠦ᠎ᠳᠡᠭᠡᠨ ᠪᠢᠰᠢᠷᠡᠨ ᠵᠢᠷᠦᠬᠡᠰᠢᠶᠡᠵᠦ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠵᠦ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠢ ᠭᠡᠵᠦ ᠱᠠᠭ᠋ᠠᠷᠳᠠᠪᠠ᠃
      ᠰᠡᠳᠬᠢᠯ᠎ᠢ ᠨᠢᠭᠲᠠᠷᠠᠭᠤᠯᠵᠤ ᠰᠦᠭ ᠰᠦᠨᠡᠰᠦ ᠵᠢ ᠱᠤᠭᠤᠵᠤ ᠭᠦᠨ ᠰᠤᠷᠤᠯᠴᠠᠵᠤ ᠨᠠᠷᠢᠨ ᠤᠬᠠᠨ᠎ᠠ
      ᠲᠦᠷᠦᠭᠦᠬᠡᠨ᠂ ᠲᠥᠪ᠎ᠤᠨ ᠪᠠ ᠲᠥᠷᠥ ᠵᠢᠨ ᠪᠠᠶ᠋ᠢᠭᠤᠯᠭ᠎ᠠ ᠵᠢᠨ ᠠᠵᠢᠯ᠎ᠤᠨ ᠬᠣᠷᠢᠶ᠎ᠠ ᠵᠡᠷᠭᠡ᠎ᠠᠴᠠ ᠭᠣᠥᠯᠯᠠᠨ ᠡᠷᠭᠢᠯᠡᠭᠰᠡᠨ 《ᠨᠠᠢ᠍ᠮᠠᠨ ᠵᠦᠢᠯ᠎ᠤᠨ ᠲᠣᠭᠲᠠᠭ᠋ᠠᠯ ᠵᠶ᠋ᠠᠷ ᠳᠤᠮᠳᠠᠳᠤ ᠤᠯᠤᠰ᠎ᠢ ᠬᠤᠪᠢᠷᠠᠭᠤᠯᠤᠨ᠎ᠠ — ᠲᠥᠪ᠎ᠤᠨ ᠨᠠᠢ᠍ᠮᠠᠨ ᠵᠦᠢᠯ᠎ᠤᠨ ᠲᠣᠭᠲᠠᠭ᠋ᠠᠯ᠎ᠠᠴᠠ ᠨᠠᠮ᠎ᠤᠨ ᠰᠤᠷᠲᠠᠯ ᠵᠠᠰᠠᠭ᠎ᠤᠨ ᠰᠤᠷᠲᠠᠯ ᠨᠡᠶ᠋ᠢᠭᠡᠮ᠎ᠤᠨ ᠰᠤᠷᠲᠠᠯ᠎ᠤᠨ ᠬᠤᠪᠢᠷᠠᠯᠲᠠ ᠵᠢ ᠦᠵᠡᠬᠦ᠎ᠨᠢ》 ᠭᠡᠬᠦ ᠰᠡᠳᠦᠪ ᠵᠶ᠋ᠡᠷ ᠲᠠᠶ᠋ᠢᠯᠤᠮᠵᠢ ᠬᠢᠬᠦ ᠠᠵᠢᠯᠯᠠᠭ᠎ᠠ ᠪᠡᠭᠡᠵᠢᠩ᠎ᠳᠤ ᠶᠠᠪᠤᠭᠳᠠᠪᠠ᠃
ᠲᠠᠶ᠋ᠢᠯᠤᠮᠵᠢ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ ᠵᠢᠨ ᠲᠣᠭᠣᠷᠢᠨ᠎ᠳᠤ᠂ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠢ ᠨᠡᠶ᠋ᠢᠲᠡᠯᠡᠭᠰᠡᠨ ᠠᠬᠤᠶ ᠪᠠᠶ᠋ᠢᠳᠠᠯ᠂ ᠣᠨᠴᠠᠯᠢᠭ ᠵᠢᠴᠢ ᠲᠡᠭᠦᠨ᠎ᠠᠴᠠ ᠪᠣᠯᠤᠭᠰᠠᠨ ᠠᠯᠤᠰ ᠬᠡᠳᠤ ᠵᠢᠨ ᠨᠥᠯᠥᠭᠡ᠂ ᠴᠢᠬᠤᠯᠠ ᠶᠡᠬᠡ ᠠᠴᠢ ᠬᠣᠯᠪᠣᠭᠳᠠᠯ᠎ᠢ ᠰᠢᠰᠲ᠋ᠧᠮ᠎ᠲᠠᠢ ᠲᠠᠶ᠋ᠢᠯᠪᠤᠷᠢᠯᠠᠵᠤ᠂ ᠲᠤᠬᠠᠶ ᠵᠢᠨ ᠲᠠᠯᠠᠪᠤᠷ᠎ᠤᠨ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ 300 ᠭᠠᠷᠤᠶ ᠨᠠᠮ᠎ᠤᠨ ᠭᠡᠰᠢᠭᠦᠨ ᠺᠠᠳ᠋ᠷᠴᠤᠳ᠎ᠢ ᠬᠠᠪᠰᠤᠷᠤᠨ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠨᠡᠩ ᠰᠠᠶ᠋ᠢᠲᠤᠷ ᠰᠤᠷᠤᠯᠴᠠᠨ ᠣᠶ᠋ᠢᠯᠠᠭ᠋ᠠᠭᠤᠯᠵᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠪᠠ᠃
      ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠭᠰᠡᠨ᠎ᠠᠴᠠ ᠨᠠᠭ᠋ᠠᠰᠢ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠠᠵᠢᠯ᠎ᠤᠨ ᠬᠣᠷᠢᠢ᠎ᠠ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠡᠯ᠎ᠡ ᠰᠠᠯᠠᠭ᠎ᠠ ᠮᠥᠴᠢᠷ᠎ᠤᠨ ᠰᠤᠷᠤᠯᠴᠠᠯᠭ᠎ᠠ ᠬᠥᠮᠦᠵᠢᠯ᠎ᠤᠨ ᠠᠵᠢᠯ ᠲᠦᠷᠦᠯ ᠵᠶ᠋ᠡᠷ ᠵᠢᠯᠣᠭᠣᠳᠬᠤ ᠠᠵᠢᠯ᠎ᠢ ᠢᠳᠡᠪᠬᠢᠲᠡᠢ ᠰᠠᠶ᠋ᠢᠲᠤᠷ ᠬᠢᠵᠦ᠂ ᠨᠡᠩ ᠰᠠᠢ᠍ᠢ᠍ᠨ ᠰᠤᠷᠲᠠᠯ ᠵᠶ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠦᠳᠦᠯᠦᠨ ᠵᠢᠯᠣᠭᠣᠳᠴᠤ ᠪᠠᠶ᠋ᠢᠭ᠋ᠠᠳ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭ᠋ᠠᠭᠤᠯᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠨᠢᠭᠡᠳᠦᠭᠡᠷ ᠵᠢᠭᠰᠠᠭ᠋ᠠᠯ᠎ᠤᠨ ᠡᠩᠨᠡᠭᠡ᠎ᠪᠠᠷ ᠰᠠᠶ᠋ᠢᠲᠤᠷ ᠵᠠᠮᠨᠠᠵᠠᠢ᠃ ᠪᠦᠬᠦ ᠲᠠᠯ᠎ᠠ᠎ᠪᠠᠷ ᠰᠤᠷᠤᠯᠴᠠᠵᠤ᠂ ᠭᠣᠣᠯᠳᠠᠯᠭ᠎ᠠ᠎ᠲᠠᠢ᠎ᠪᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠨᠠᠮᠴᠢ ᠴᠢᠨᠠᠷ ᠵᠶ᠋ᠠᠨ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ᠎ᠪᠠᠨ ᠪᠠᠳᠤᠳᠬᠠᠪᠠ᠃
      ᠴᠡᠷᠢᠭ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠶᠠᠮᠤᠨ 3 ᠰᠠᠷ᠎ᠠ ᠵᠢᠨ 31᠎ᠤ ᠡᠳᠦᠷ᠎ᠠᠴᠠ 5 ᠰᠠᠷ᠎ᠠ ᠵᠢᠨ ᠰᠡᠭᠦᠯᠴᠢ ᠪᠣᠯᠲᠠᠯ᠎ᠠ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠬᠢ ᠡᠷᠬᠢᠯᠡᠵᠦ᠂ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠪᠠ ᠡᠳᠦᠷ ᠲᠤᠳᠤᠮ᠎ᠤᠨ ᠬᠤᠪᠢ ᠬᠥᠮᠦᠨ᠎ᠤ ᠥᠪᠡᠷ ᠵᠶ᠋ᠡᠨ ᠰᠤᠷᠤᠯᠴᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠪᠦᠬᠦᠨ᠎ᠢ ᠬᠠᠮᠤᠷᠬᠤ ᠵᠢ ᠪᠡᠶᠡᠯᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠱᠠᠯᠠᠪᠳᠠᠭᠤᠯᠤᠨ ᠵᠢᠯᠣᠭᠣᠳᠴᠤ ᠪᠠᠶ᠋ᠢᠭ᠋ᠠᠳ ᠨᠠᠮ ᠰᠠᠭᠤᠵᠤ ᠰᠡᠳᠬᠢᠯ ᠵᠶ᠋ᠡᠨ ᠲᠣᠭᠲᠠᠭᠤᠨ ᠪᠠᠶ᠋ᠢᠯᠭ᠋ᠠᠵᠤ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶ᠋ᠢᠯᠠᠭ᠋ᠠᠭᠤᠯᠪᠠ; ᠡᠯ᠎ᠡ ᠨᠢᠭᠡᠴᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ 《ᠭᠤᠷᠪᠠᠨ ᠬᠤᠷᠠᠯ ᠨᠢᠭᠡ ᠬᠢᠴᠢᠶᠡᠯ》᠂ ᠭᠣᠥᠯ ᠰᠡᠳᠦᠪᠲᠦ ᠨᠠᠮ᠎ᠤᠨ ᠡᠳᠦᠷ᠂ ᠨᠠᠮ᠎ᠤᠨ ᠳᠤᠭᠤᠶ᠋ᠢᠯᠠᠩ᠎ᠤᠨ ᠰᠤᠷᠤᠯᠴᠠᠯᠭ᠎ᠠ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠳᠠᠮᠵᠢᠭᠤᠯᠤᠨ᠂ ᠰᠢᠮᠳᠠᠨ ᠠᠬᠢᠭᠤᠯᠵᠤ᠂ ᠰᠤᠷᠤᠯᠴᠠᠵᠤ ᠰᠤᠳᠤᠯᠤᠨ ᠶᠠᠷᠢᠯᠴᠠᠬᠤ ᠵᠢ ᠰᠠᠶ᠋ᠢᠲᠤᠷ ᠠᠳᠬᠤᠪᠠ᠃
      《ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠡᠳᠬᠢᠴᠡ᠎ᠪᠠᠨ ᠥᠷᠭᠡᠳᠬᠡᠪᠡ》᠂ 《ᠨᠠᠮ᠎ᠢ ᠰᠡᠳᠬᠢᠯ ᠠᠮᠤᠷ ᠪᠠᠶ᠋ᠢᠯᠭ᠋ᠠᠬᠤ᠂ ᠡᠮᠡᠭᠲᠡᠢ ᠤᠯᠠᠨ ᠲᠦᠮᠡᠨ᠎ᠢ ᠰᠡᠳᠬᠢᠯ ᠬᠠᠨᠤᠮᠵᠢᠲᠠᠢ ᠪᠣᠯᠭ᠋ᠠᠬᠤ ᠡᠮᠡᠭᠲᠡᠶ᠋ᠢᠴᠦᠳ᠎ᠤᠨ ᠬᠣᠯᠪᠣᠭ᠎ᠠ ᠵᠢᠨ ᠺᠠᠳ᠋ᠷ ᠪᠣᠯᠬᠤ ᠬᠡᠷᠡᠭᠲᠡᠢ》᠁ 3 ᠰᠠᠷ᠎ᠠ ᠵᠢᠨ ᠰᠡᠭᠦᠯᠴᠢ᠎ᠪᠠᠷ᠂ ᠰᠢᠶᠠᠨ ᠰᠢᠶᠠᠩ᠎ᠤᠨ ᠡᠮᠡᠭᠲᠡᠶ᠋ᠢᠴᠦᠳ᠎ᠤᠨ ᠬᠣᠯᠪᠣᠭ᠎ᠠ ᠵᠢᠨ ᠲᠡᠷᠢᠭᠦᠯᠡᠭᠴᠢ ᠵᠢᠨ ᠪᠣᠯᠪᠠᠰᠤᠷᠠᠯ᠎ᠤᠨ ᠠᠩᠬᠢ ᠪᠡᠭᠡᠵᠢᠩ᠎ᠳᠤ ᠶᠠᠪᠤᠭᠳᠠᠵᠤ᠂ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠠᠳᠬᠤᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ 3.7 ᠲᠦᠮᠡᠨ ᠰᠤᠷᠤᠬ᠍ᠴᠢ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠬᠡᠯᠪᠡᠷᠢ᠎ᠪᠠᠷ ᠪᠣᠯᠪᠠᠰᠤᠷᠠᠯ᠎ᠳᠤ ᠣᠷᠣᠯᠴᠠᠵᠤ᠂ ᠮᠠᠰᠢ ᠤᠯᠠᠨ ᠣᠶ᠋ᠢᠯᠠᠭ᠋ᠠᠯᠲᠠ᠎ᠲᠠᠢ ᠪᠣᠯᠵᠠᠢ᠃
      ᠪᠦᠬᠦ ᠤᠯᠤᠰ᠎ᠤᠨ ᠡᠮᠡᠭᠲᠡᠶ᠋ᠢᠴᠦᠳ᠎ᠤᠨ ᠬᠣᠯᠪᠣᠭ᠎ᠠ 《ᠰᠤᠷᠤᠯᠴᠠᠬᠤ》 ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠨᠣᠮ ᠤᠩᠰᠢᠬᠤ ᠠᠩᠬᠢ ᠵᠢ ᠵᠣᠬᠢᠶᠠᠨ ᠪᠠᠶ᠋ᠢᠭᠤᠯᠬᠤ᠂ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠢ ᠬᠦᠳᠦᠯᠦᠨ ᠵᠢᠯᠣᠭᠣᠳᠴᠤ ᠪᠠᠶ᠋ᠢᠭ᠋ᠠᠳ ᠤᠭ ᠵᠣᠬᠢᠶᠠᠯ᠎ᠢ᠎ᠨᠢ ᠤᠩᠰᠢᠭᠤᠯᠵᠤ᠂ ᠤᠭ ᠵᠣᠬᠢᠶᠠᠯ᠎ᠢ᠎ᠨᠢ ᠰᠤᠷᠤᠯᠴᠠᠭᠤᠯᠵᠤ᠂ ᠤᠭ ᠶᠣᠰᠣ ᠵᠢ᠎ᠨᠢ ᠤᠬᠠᠭ᠋ᠠᠷᠠᠭᠤᠯᠵᠤ᠂ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ ᠪᠣᠯ ᠤᠷᠳᠤ ᠬᠤᠭᠤᠴᠠᠭ᠋ᠠᠨ᠎ᠤ ᠪᠦᠲᠦᠮᠵᠢᠲᠡᠢ ᠲᠡᠮᠤᠷ ᠮᠡᠲᠦ ᠬᠠᠲᠠᠭᠤ ᠲᠦᠷᠢᠮ ᠲᠣᠭᠲᠠᠭ᠋ᠠᠯ ᠪᠣᠯᠬᠤ ᠵᠢ ᠭᠦᠨᠵᠡᠭᠡᠢ ᠲᠠᠨᠢᠭᠤᠯᠵᠤ᠂ ᠰᠤᠷᠤᠯᠴᠠᠯᠭ᠎ᠠ ᠵᠢᠨ ᠶᠠᠪᠤᠴᠠ ᠵᠢ ᠦᠵᠡᠯ ᠰᠠᠨᠠᠭ᠋ᠠᠨ᠎ᠤ ᠬᠥᠮᠦᠵᠢᠯ ᠬᠦᠷᠳᠡᠬᠦ᠂ ᠠᠵᠢᠯᠯᠠᠭ᠋ᠠᠨ᠎ᠤ ᠤᠬᠠᠮᠰᠠᠷ ᠵᠶ᠋ᠠᠨ ᠳᠡᠭᠡᠭᠰᠢᠯᠡᠭᠦᠯᠬᠦ ᠶᠠᠪᠤᠴᠠ ᠪᠣᠯᠭ᠋ᠠᠭᠰᠠᠨ ᠪᠠᠶ᠋ᠢᠨ᠎ᠠ᠃
      ᠰᠤᠷᠬᠤ ᠪᠠ ᠬᠡᠷᠡᠭᠯᠡᠬᠦ ᠵᠢ ᠤᠶᠠᠯᠳᠤᠭᠤᠯᠤᠨ ᠰᠤᠷᠬᠤ᠎ᠪᠠᠷ ᠠᠵᠢᠯ᠎ᠢ ᠠᠬᠢᠭᠤᠯᠤᠨ᠎ᠠ
      ᠤᠨᠦᠯ᠎ᠤᠨ ᠦᠨ᠎ᠡ ᠴᠡᠨ᠎ᠡ᠎ᠨᠢ ᠦᠢ᠍ᠯᠡᠳᠦᠯᠭᠡ ᠵᠢ ᠵᠢᠯᠣᠭᠣᠳᠬᠤ᠎ᠳᠤ ᠪᠤᠢ᠂ ᠰᠤᠷᠦᠯᠴᠡᠯᠭ᠎ᠠ ᠵᠢᠨ ᠵᠣᠷᠢᠯᠭ᠎ᠠ᠎ᠨᠢ ᠪᠣᠳᠠᠲᠠᠶ᠎ᠪᠠᠷ ᠬᠡᠷᠡᠭᠯᠡᠬᠦ᠎ᠳᠤ ᠪᠤᠢ᠃ ᠰᠤᠷᠤᠯᠴᠠᠯᠭ᠎ᠠ ᠬᠥᠮᠦᠵᠢᠯ᠎ᠤᠨ ᠳᠤᠮᠳᠠ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ᠂ ᠠᠷᠠᠳ᠎ᠤᠨ ᠪᠦᠯᠬᠦᠮ᠎ᠤᠨ᠎ᠬᠢᠨ ᠰᠤᠷᠤᠯᠴᠠᠬᠤ᠂ ᠪᠠᠶ᠋ᠢᠴᠠᠭ᠋ᠠᠬᠤ᠂ ᠥᠭᠡᠷᠡᠴᠢᠯᠡᠬᠦ ᠵᠢ ᠨᠢᠭᠡ ᠴᠤᠭᠴᠠᠵᠢᠭᠤᠯᠤᠨ ᠠᠬᠢᠭᠤᠯᠵᠤ᠂ ᠡᠳᠦᠷ ᠳᠤᠳᠤᠮ᠎ᠤᠨ ᠠᠵᠢᠯ᠎ᠳᠤ ᠠᠭᠤᠰᠤᠯᠴᠠᠭᠤᠯᠵᠤ᠂ ᠪᠠᠶ᠋ᠢᠩᠭᠤ ᠠᠳᠬᠤᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠵᠤ᠂ ᠢᠳᠡᠪᠬᠢᠲᠡᠢ᠎ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠤᠯᠠᠨ ᠲᠦᠮᠡᠨ᠎ᠳᠤ ᠦᠢ᠍ᠯᠡᠴᠢᠯᠡᠬᠦ ᠵᠢ ᠬᠦᠳᠦᠯᠦᠨ ᠳᠠᠭ᠋ᠠᠭᠤᠯᠪᠠ᠃
      ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠲᠣᠪᠣᠶ᠋ᠢᠮ᠎ᠠ ᠠᠰᠠᠭᠤᠳᠠᠯ ᠪᠠ ᠰᠤᠷᠲᠠᠯ᠎ᠤᠨ ᠨᠠᠷᠢᠨ ᠳᠠᠩᠰᠠ᠎ᠲᠠᠢ ᠬᠠᠷᠭᠤᠭᠤᠯᠤᠨ᠂ ᠬᠡᠯᠪᠡᠷᠢ ᠵᠢᠨ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠨᠡᠶ᠋ᠢᠲᠡᠯᠢᠭ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠤᠯᠠᠨ ᠲᠦᠮᠡᠨ᠎ᠳᠤ ᠰᠡᠷᠡᠭᠳᠡᠵᠦ ᠳᠡᠶ᠋ᠢᠯᠬᠦ ᠠᠰᠠᠭᠤᠳᠠᠯ᠎ᠢ ᠢᠮᠠᠭᠲᠠ ᠲᠤᠭᠤᠰᠢᠯᠠᠭᠤᠯᠵᠤ᠂ 《ᠠᠷᠠᠳ᠎ᠤᠨ ᠠᠮᠢᠳᠤᠷᠠᠯ ᠲᠦᠮᠡᠨ ᠡᠷᠦᠬᠡ᠎ᠲᠠᠢ ᠵᠠᠯᠭ᠋ᠠᠯᠳᠤᠬᠤ》 ᠪᠠᠶ᠋ᠢᠴᠠᠭ᠋ᠠᠨ ᠰᠤᠳᠤᠯᠤᠯᠲᠠ ᠵᠢ ᠦᠷᠭᠦᠯᠵᠢᠯᠡᠨ ᠥᠷᠨᠢᠭᠦᠯᠵᠦ᠂ 《ᠪᠢ ᠤᠯᠠᠨ ᠲᠦᠮᠡᠨ᠎ᠳᠤ ᠪᠣᠳᠠᠲᠠᠢ ᠠᠵᠢᠯ ᠬᠢᠵᠦ ᠥᠭᠬᠦ》 ᠠᠵᠢᠯ᠎ᠢ ᠥᠷᠨᠢᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠰᠢᠰᠲ᠋ᠧᠮ᠎ᠤᠨ ᠠᠵᠢᠯ ᠲᠦᠷᠦᠯ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠳᠤ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠤᠯᠲᠠ ᠬᠢᠵᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠵᠢ ᠦᠷᠭᠦᠯᠵᠢᠯᠡᠨ ᠬᠦᠨᠵᠡᠭᠡᠢ᠌ᠷᠡᠬᠦᠯᠵᠡᠢ᠃
      ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ 11 ᠲᠠᠯ᠎ᠠ ᠵᠢᠨ ᠭᠣᠣᠯᠳᠠᠯᠭ᠎ᠠ᠎ᠲᠠᠢ ᠠᠰᠠᠭᠤᠳᠠᠯ᠎ᠢ ᠲᠣᠳᠣᠷᠬᠠᠶ ᠡᠷᠢᠵᠦ᠂ 6 ᠲᠠᠯ᠎ᠠ ᠵᠢᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠢᠯᠠᠩᠭᠤᠶ᠎ᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠤᠯᠠᠨ ᠲᠦᠮᠡᠨ᠎ᠤ ᠪᠠᠴᠢᠮᠲᠠᠵᠣ ᠲᠦᠪᠡᠭᠲᠡᠵᠦ ᠵᠤᠪᠠᠨᠢᠵᠤ ᠬᠦᠰᠡᠵᠣ ᠪᠠᠢ᠌ᠭ᠎ᠠ ᠪᠠ ᠦᠨᠳᠦᠰᠦᠨ ᠱᠠᠲᠤᠨ᠎ᠤ ᠲᠤᠰᠬᠠᠭᠰᠠᠨ ᠪᠣᠳᠠᠲᠠᠢ ᠠᠰᠠᠭᠤᠳᠠᠯ᠎ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ᠂ ᠬᠠᠷᠢᠭᠤᠴᠠᠯᠭ᠎ᠠ᠎ᠪᠠᠨ ᠬᠠᠷᠢᠯᠴᠠᠨ ᠲᠦᠯᠬᠢᠯᠴᠡᠬᠦ᠂ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ᠎ᠳᠤ 《ᠨᠢᠭᠡ ᠯᠡ ᠠᠳᠠᠯᠢ᠎ᠪᠠᠷ ᠱᠠᠭ᠋ᠠᠷᠳᠠᠬᠤ》᠂ ᠱᠠᠳᠤ ᠱᠠᠳᠤ᠎ᠪᠠᠷ ᠡᠭᠦᠷᠭᠡ ᠨᠡᠮᠡᠬᠦ᠂ ᠤᠯᠠᠨ ᠲᠦᠮᠡᠨ᠎ᠢ ᠦᠯᠦ ᠣᠶ᠋ᠢᠰᠢᠶᠠᠬᠤ᠂ ᠤᠯᠠᠨ ᠲᠦᠮᠡᠨ᠎ᠠᠴᠠ ᠬᠥᠨᠳᠡᠶ᠋ᠢᠷᠡᠬᠦ᠂ ᠤᠯᠠᠨ ᠲᠦᠮᠡᠨ᠎ᠤ ᠠᠰᠢᠭ ᠲᠤᠰᠠ ᠵᠢ ᠬᠣᠬᠢᠷᠠᠭᠤᠯᠬᠤ ᠵᠡᠷᠭᠡ ᠲᠤᠪᠤᠢ᠍ᠢ᠍ᠮ᠎ᠠ ᠠᠰᠠᠭᠤᠳᠠᠯ᠎ᠢ ᠡᠷᠡᠰ ᠴᠡᠭᠴᠡᠯᠡᠨ ᠵᠠᠰᠠᠵᠤ᠂ ᠠᠵᠤ ᠠᠬᠤᠢ ᠵᠢᠨ ᠲᠤᠮᠤ ᠮᠤᠵᠢ ᠵᠢᠨ ᠭᠣᠣᠯ ᠡᠭᠦᠷᠭᠡ ᠵᠢ ᠡᠭᠦᠷᠭᠡᠯᠡᠬᠦ ᠵᠢ ᠪᠦᠬᠦ ᠬᠦᠴᠦᠨ ᠵᠶ᠋ᠡᠷ ᠵᠶ᠋ᠡᠨ ᠳᠡᠮᠵᠢᠵᠦ᠂ ᠴᠢᠨᠠᠷ ᠰᠠᠶ᠋ᠢᠲᠠᠢ ᠬᠥᠭᠵᠢᠯᠲᠡ᠎ᠳᠤ ᠰᠠᠭᠤᠷᠢ ᠲᠤᠯᠭ᠋ᠠᠭᠤᠷᠢᠯᠠᠯ ᠬᠠᠩᠭ᠋ᠠᠪᠠ᠃
      ᠲᠤᠰᠬᠠᠶ ᠮᠡᠷᠭᠡᠵᠢᠯᠲᠡᠨ᠎ᠠᠴᠠ ᠵᠢᠭ᠋ᠠᠨ ᠵᠢᠯᠣᠭᠣᠳᠴᠤ ᠬᠠᠪᠰᠤᠷᠤᠨ ᠲᠡᠳᠬᠦᠬᠦ᠂ ᠣᠯᠠᠨ ᠲᠦᠮᠡᠨ᠎ᠤ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠰᠢᠢᠳᠪᠦᠷᠢᠯᠡᠬᠦ ᠪᠠ ᠰᠦᠪᠡᠭᠴᠢ ᠵᠢ ᠬᠢᠨᠠᠨ ᠬᠠᠷᠭᠤᠭᠤᠯᠵᠤ ᠪᠠᠶ᠋ᠢᠴᠠᠭ᠋ᠠᠨ ᠰᠢᠢᠳᠪᠦᠷᠢᠯᠡᠬᠦ ᠁ 3 ᠰᠠᠷ᠎ᠠ ᠵᠢᠨ ᠳᠤᠮᠳᠠᠴᠢ᠎ᠪᠠᠷ᠂ 2025 ᠣᠨ᠎ᠤ ᠲᠥᠪ᠎ᠤᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠬᠤ ᠲᠣᠭᠣᠷᠢᠨ ᠪᠠᠶ᠋ᠢᠴᠠᠭ᠋ᠠᠯᠲᠠ ᠵᠢᠨ ᠨᠢᠭᠡᠳᠦᠭᠡᠷ ᠤᠯᠠᠷᠢᠯ᠎ᠤᠨ ᠠᠶᠤᠯᠭᠦᠢ ᠦᠢ᠍ᠯᠡᠳᠪᠦᠷᠢᠯᠡᠯ᠎ᠤᠨ ᠢᠯᠡ ᠪᠠᠢ᠌ᠴᠠᠭ᠋ᠠᠵᠤ ᠳᠠᠯᠳᠠᠭᠤᠷ ᠰᠤᠷᠪᠤᠯᠵᠢᠯᠠᠬᠤ ᠠᠵᠢᠯ᠎ᠢ ᠡᠬᠢᠯᠡᠭᠦᠯᠵᠦ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠠᠯᠪᠠᠨ ᠭᠡᠷ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠬᠡᠯᠲᠡᠰ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠳᠠᠪᠠᠭᠤᠯᠢᠭ ᠵᠶ᠋ᠠᠨ ᠪᠠᠳᠠᠷᠠᠭᠤᠯᠵᠤ᠂ 22 ᠬᠢᠨᠠᠨ ᠰᠢᠯᠭ᠋ᠠᠬᠤ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ᠎ᠳᠤ ᠴᠥᠮ ᠲᠦᠷ ᠴᠠᠭ᠎ᠤᠨ ᠨᠠᠮ᠎ᠤᠨ ᠡᠭᠦᠷ ᠪᠠᠶ᠋ᠢᠭᠤᠯᠵᠤ᠂ ᠠᠵᠢᠯ᠎ᠤᠨ ᠬᠤᠭᠤᠴᠠᠭ᠋ᠠᠨ᠎ᠳᠠᠭᠠᠨ ᠰᠤᠷᠤᠯᠴᠠᠯᠭ᠎ᠠ ᠬᠥᠮᠦᠵᠢᠯ᠎ᠢ ᠵᠡᠷᠭᠡᠪᠡᠷ ᠥᠷᠨᠢᠭᠦᠯᠵᠦ᠂ ᠠᠵᠢᠯ᠎ᠳᠠᠭᠠᠨ ᠴᠠᠭ᠋ᠠᠷᠠᠭᠰᠠᠨ ᠰᠤᠷᠲᠠᠯ ᠵᠶ᠋ᠠᠷ ᠨᠢᠭᠡᠳᠦᠭᠡᠷ ᠹᠷᠣᠨᠲ᠎ᠤᠨ ᠠᠵᠢᠯ᠎ᠤᠨ ᠯᠠᠪᠳᠠᠭᠤᠨ ᠪᠠᠲᠤᠲᠠᠢ ᠥᠷᠨᠢᠬᠦ ᠵᠢ ᠪᠠᠲᠤᠯᠠᠪᠠ᠃
      ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠭᠰᠡᠨ᠎ᠠᠴᠠ ᠨᠠᠭ᠋ᠠᠰᠢ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠶᠠᠮᠤᠨ᠎ᠠᠴᠠ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠰᠤᠷᠤᠯᠴᠠᠯᠭ᠎ᠠ ᠬᠥᠮᠦᠵᠢᠯ᠎ᠢ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠪᠦᠬᠦ ᠬᠦᠴᠦᠨ ᠵᠶ᠋ᠡᠷ ᠵᠶ᠋ᠡᠨ ᠰᠡᠷᠭᠡᠶ᠋ᠢᠯᠡᠨ ᠠᠷᠢᠯᠭ᠋ᠠᠬᠤ ᠵᠡᠷᠭᠡ᠎ᠲᠠᠢ ᠨᠢᠭᠲᠠ ᠤᠶᠠᠯᠳᠤᠭᠤᠯᠵᠤ᠂ ᠨᠢᠭᠡ ᠴᠤᠭᠴᠠᠵᠢᠭᠤᠯᠤᠨ ᠠᠬᠢᠭᠤᠯᠵᠤ᠂ ᠦᠨᠡᠨ ᠬᠦ᠌ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠬᠠᠮᠠᠭ᠋ᠠᠯᠠᠬᠤ᠂ ᠬᠥᠭᠵᠢᠯᠲᠡ ᠵᠢ ᠠᠬᠢᠭᠤᠯᠬᠤ ᠪᠣᠳᠠᠲᠤ ᠠᠮᠵᠢᠯᠲᠠ᠎ᠪᠠᠷ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠵᠢ ᠰᠢᠯᠭ᠋ᠠᠬᠤ ᠬᠡᠷᠡᠭᠲᠡᠢ ᠭᠡᠵᠦ ᠱᠠᠭ᠋ᠠᠷᠳᠠᠪᠠ᠃
      ᠰᠢᠨ᠎ᠡ ᠠᠶᠠᠨ ᠵᠠᠮ᠎ᠳᠤ᠂ ᠡᠷᠬᠡᠪᠰᠢ ᠬᠠᠳᠠᠭ᠋ᠠᠰᠤ ᠬᠠᠳᠠᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠰᠤᠷᠲᠠᠯ᠎ᠤᠨ ᠪᠠᠶ᠋ᠢᠭᠤᠯᠤᠯᠲᠠ ᠵᠢ ᠡᠴᠦᠰ᠎ᠲᠤᠨᠢ ᠲᠤᠯᠲᠠᠯ᠎ᠠ ᠬᠢᠬᠦ ᠬᠡᠷᠡᠭᠲᠡᠢ᠃
      ᠲᠥᠪ᠎ᠤᠨ ᠪᠠ ᠲᠥᠷᠥ ᠵᠢᠨ ᠪᠠᠶ᠋ᠢᠭᠤᠯᠭ᠎ᠠ᠂ ᠠᠷᠠᠳ᠎ᠤᠨ ᠪᠦᠯᠬᠦᠮ᠎ᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠢᠯᠡᠷᠬᠡᠶ᠋ᠢᠯᠡᠬᠦ᠎ᠳᠡᠭᠡᠨ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠲᠤᠭᠤᠰᠢᠯᠠᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠰᠤᠷᠤᠯᠴᠠᠯᠭ᠎ᠠ᠎ᠪᠠᠨ ᠴᠢᠩᠭ᠋ᠠᠳᠬᠠᠬᠤ ᠲᠠᠯ᠎ᠠ᠎ᠪᠠᠷ ᠡᠮᠦᠨ᠎ᠡ᠎ᠨᠢ ᠶᠠᠪᠤᠵᠤ᠂ ᠪᠠᠶ᠋ᠢᠴᠠᠭ᠋ᠠᠬᠤ ᠵᠢ ᠪᠠᠲᠤᠯᠠᠬᠤ ᠲᠠᠯ᠎ᠠ᠎ᠪᠠᠷ ᠦᠨᠡᠨ ᠲᠦᠷᠢᠮ᠎ᠢ ᠢᠯᠡᠷᠡᠭᠦᠯᠵᠦ᠂ ᠥᠭᠡᠷᠡᠴᠢᠯᠡᠯᠲᠡ ᠵᠢ ᠪᠠᠲᠤᠯᠠᠬᠤ ᠲᠠᠯ᠎ᠠ᠎ᠪᠠᠷ ᠬᠦᠴᠦ ᠲᠠᠯᠪᠢᠵᠤ᠂ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠴᠢᠨᠠᠷ ᠰᠠᠶ᠋ᠢᠲᠠᠢ ᠪᠡᠶᠡᠯᠡᠭᠦᠯᠵᠦ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠵᠢᠱ᠌ᠢᠶᠡᠴᠢ ᠪᠠᠶ᠋ᠢᠭᠤᠯᠭ᠎ᠠ ᠵᠢ ᠪᠠᠶ᠋ᠢᠭᠤᠯᠵᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠠᠯ᠎ᠠ᠎ᠪᠠᠷ ᠡᠮᠦᠨ᠎ᠡ᠎ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ (ᠰᠢᠠᠬᠣᠠ ᠬᠣᠷᠢᠶᠠᠨ᠎ᠤ ᠰᠤᠷᠪᠤᠯᠵᠢᠯᠠᠭᠴᠢ ᠹᠠᠨ ᠰᠧ ᠰᠢᠶᠠᠩ)

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠦᠷᠪᠡᠳᠤᠬᠡᠷ ᠲᠠᠪᠤᠨ ᠵᠢᠯ᠎ᠤᠨ ᠲᠦᠯᠦᠪᠵᠢᠬᠦᠯᠬᠡ》 ᠵᠢᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ ᠎ᠤᠨ ᠲᠦᠯᠦᠪᠵᠢᠬᠦᠯᠬᠡ》 ᠵᠢᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠲᠡᠬᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠦᠷᠪᠡᠳᠣᠭᠡᠷ ᠲᠠᠪᠣᠨ ᠵᠢᠯ》᠎ᠤᠨ ᠲᠦᠯᠦᠪᠵᠢᠬᠦᠯᠬᠡ ᠵᠢᠨ ᠬᠣᠭᠣᠴᠠᠭ᠋ᠠᠨ ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 2021 ᠣᠨ᠎ᠤ ᠳᠡᠭᠡᠷ᠎ᠡ ᠬᠠᠭ᠋ᠠᠰ ᠵᠢᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠠᠬᠢᠴᠠ ᠵᠢᠨ ᠪᠠᠶ᠋ᠢᠳᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ
 
            