ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠤ ᠬᠥᠯᠥᠰᠥᠨ ᠠᠵᠢᠯᠴᠢᠨ᠎ᠤ ᠠᠵᠢᠯ᠎ᠤᠨ ᠵᠤᠷᠭᠠᠨ᠎ᠤ ᠬᠠᠷᠢᠭᠤᠴᠠᠯᠭᠠᠲᠠᠨ ᠬᠡᠷ ᠠᠬᠤᠢ᠎ᠶ᠋ᠢᠨ ᠦᠶ᠋ᠯᠡᠴᠢᠯᠡᠭᠡᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠲᠤᠰᠭᠠᠶ ᠪᠣᠯᠪᠠᠰᠤᠷᠠᠯ᠎ᠤᠨ ᠠᠵᠢᠯᠯᠠᠠᠭ᠎ᠠ ᠦᠷᠨᠢᠬᠦᠯᠬᠦ᠌ ᠲᠤᠬᠠᠢ ᠰᠤᠷᠪᠤᠯᠵᠢᠯᠠᠭ᠍ᠴᠢ᠎ᠶ᠋ᠢᠨ ᠠᠰᠠᠭᠤᠯᠳᠠ᠎ᠶ᠋ᠢ ᠬᠠᠷᠢᠭᠤᠯᠪᠠ
ᠨᠡᠶ᠋ᠢᠲᠡᠯᠡᠭᠰᠡᠨ ᠴᠠᠭ᠄ 2025-07-15

    ᠣᠢᠷ᠎ᠠ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠰᠤᠷᠭᠠᠨ ᠬᠥᠮᠦᠵᠢᠯ᠎ᠤᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠪᠥᠬᠦ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠂ ᠪᠥᠬᠦ᠌ ᠤᠯᠤᠰ᠎ᠤᠨ ᠡᠮᠡᠭ᠌ᠲᠡᠢᠴᠦᠳ᠎ᠤᠨ ᠬᠤᠯᠪᠣᠭ᠎ᠠ᠎ᠶ᠋ᠢᠨ ᠠᠯᠪᠠᠨ ᠲᠢᠩᠬᠢᠮ ᠬᠠᠮᠲᠤᠷᠠᠨ 《ᠬᠡᠷ ᠠᠬᠤᠢ᠎ᠶ᠋ᠢᠨ ᠦᠶ᠋ᠯᠡᠴᠢᠯᠡᠭᠡᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠲᠤᠰᠭᠠᠶ ᠪᠣᠯᠪᠠᠰᠤᠷᠠᠯ᠎ᠤᠨ ᠠᠵᠢᠯᠯᠠᠭ᠎ᠠ ᠥᠷᠨᠢᠭᠦᠯᠬᠦ᠌ ᠲᠤᠬᠠᠶ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠤ ᠠᠯᠪᠠᠨ ᠲᠢᠩᠬᠢᠮ ᠵᠡᠷᠭᠡ 6 ᠰᠠᠯᠠᠭ᠎ᠠ ᠮᠥᠴᠢᠷ᠎ᠤᠨ ᠮᠡᠳᠡᠭ᠌ᠳᠡᠯ》 (ᠳᠣᠷᠣᠭ᠍ᠰᠢ 《ᠮᠡᠳᠡᠭ᠌ᠳᠡᠯ》 ᠭᠡᠵᠦ᠍ ᠲᠣᠪᠴᠢᠯᠠᠨ᠎ᠠ) ᠎ᠢ ᠳᠠᠷᠤᠮᠠᠯᠯᠠᠨ ᠲᠠᠷᠬᠠᠭᠠᠪᠠ᠃ 2025 ᠣᠨ᠎ᠠᠴᠠ 2027 ᠣᠨ ᠪᠣᠯᠲᠠᠯ᠎ᠠ ᠬᠡᠷ ᠠᠬᠤᠢ᠎ᠶ᠋ᠢᠨ ᠦᠶ᠋ᠯᠡᠴᠢᠯᠡᠭᠡᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠲᠤᠰᠭᠠᠶ ᠪᠣᠯᠪᠠᠰᠤᠷᠠᠯ᠎ᠤᠨ ᠠᠵᠢᠯᠯᠠᠭ᠎ᠠ (ᠳᠣᠷᠣᠭ᠍ᠰᠢ ᠬᠡᠷ ᠠᠬᠤᠢ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ ᠭᠡᠵᠦ᠍ ᠲᠣᠪᠴᠢᠯᠠᠨ᠎ᠠ) ᠎ᠶ᠋ᠢ ᠵᠣᠬᠢᠶᠠᠨ ᠪᠠᠢᠭᠤᠯᠤᠨ ᠥᠷᠨᠢᠭᠦᠯᠬᠦ᠌᠎ᠪᠠᠷ ᠲᠣᠭ᠍ᠲᠠᠪᠠ᠃ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠤ ᠬᠥᠯᠥᠰᠥᠨ ᠠᠵᠢᠯᠴᠢᠨ᠎ᠤ ᠠᠵᠢᠯ᠎ᠤᠨ ᠵᠤᠷᠭᠠᠨ᠎ᠤ ᠬᠠᠷᠢᠭᠤᠴᠠᠯᠭᠠᠲᠠᠨ ᠬᠤᠯᠪᠣᠭ᠍ᠳᠠᠯ ᠪᠦᠬᠦᠢ ᠠᠰᠠᠭᠤᠳᠠᠯ᠎ᠤᠨ ᠲᠤᠬᠠᠶ ᠰᠤᠷᠪᠤᠯᠵᠢᠯᠠᠭ᠍ᠴᠢ᠎ᠶ᠋ᠢᠨ ᠠᠰᠠᠭᠤᠯᠳᠠ᠎ᠶ᠋ᠢ ᠬᠠᠷᠢᠭᠤᠯᠪᠠ᠃
    ᠠᠰᠠᠭᠤᠯᠲᠠ᠄ ᠬᠡᠷ ᠠᠬᠤᠢ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠥᠷᠨᠢᠭᠦᠯᠬᠦ᠌᠎ᠶ᠋ᠢᠨ ᠭᠤᠥᠯ ᠪᠣᠳᠣᠯᠬᠢᠯᠠᠯ᠎ᠨᠢ ᠶᠠᠭᠤ ᠪᠣᠯᠬᠤ᠎ᠶ᠋ᠢ ᠲᠠᠨᠢᠯᠴᠠᠭᠤᠯᠤᠭᠠᠳ ᠥᠭ᠌ᠭᠦᠨ᠎ᠡ ᠤᠤ?
    ᠬᠠᠷᠢᠭᠤᠯᠲᠠ᠄ ᠭᠡᠷ ᠠᠬᠤᠢ᠎ᠶ᠋ᠢᠨ ᠦᠢᠯᠡᠴᠢᠯᠡᠭᠡ ᠪᠣᠯ ᠭᠡᠷ ᠪᠦᠯᠢ᠎ᠪᠠᠷ ᠦᠢᠯᠡᠴᠢᠯᠡᠬᠦ᠌ ᠡᠲᠡᠭᠡᠳ᠎ᠢᠶᠠᠨ ᠪᠣᠯᠭᠠᠵᠤ᠂ ᠭᠡᠷ ᠠᠬᠤᠢ᠎ᠶ᠋ᠢᠨ ᠬᠤᠭᠤᠯᠠ ᠤᠮᠳᠠ᠂ ᠭᠡᠷ ᠪᠦᠯᠢ᠎ᠶ᠋ᠢᠨ ᠪᠦᠷᠢᠯᠳᠦᠬᠦᠨ᠎ᠤ ᠬᠠᠷᠠᠭᠠᠯᠵᠠᠯ᠂ ᠭᠡᠷ ᠪᠦᠯᠢ᠎ᠶ᠋ᠢᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠡᠷᠭᠡ ᠭᠡᠷ ᠪᠦᠯᠢ᠎ᠶ᠋ᠢᠨ ᠠᠮᠢᠳᠤᠷᠠᠯ᠎ᠢ ᠬᠠᠷᠠᠭᠠᠯᠵᠠᠬᠤ ᠦᠢᠯᠡᠴᠢᠯᠡᠭᠡᠨ᠎ᠤ ᠬᠡᠷᠡᠭ᠌ᠴᠡᠭᠡ᠎ᠶ᠋ᠢ ᠬᠠᠩᠭᠠᠬᠤ ᠦᠢᠯᠡ ᠠᠵᠢᠯᠯᠠᠭ᠎ᠠ ᠪᠣᠯᠤᠨ᠎ᠠ᠃ ᠶᠡᠷᠦᠩᠬᠡᠶ ᠱᠦᠵᠢ ᠰᠢ᠎ᠶ᠋ᠢᠨ ᠫᠢᠩ ᠵᠢᠭᠠᠵᠤ ᠭᠠᠷᠭᠠᠭ᠍ᠰᠠᠨ᠎ᠨᠢ᠄ ᠬᠡᠷ ᠠᠬᠤᠶ᠎ᠶ᠋ᠢᠨ ᠦᠢᠯᠡᠴᠢᠯᠡᠭᠡᠨ᠎ᠤ ᠦᠶ᠋ᠯᠡᠰ ᠪᠣᠯ ᠥᠭᠡᠳᠡ᠎ᠲᠠᠢ ᠠᠵᠤ ᠦᠶ᠋ᠯᠡᠰ ᠮᠥᠨ᠂ ᠲᠡᠷᠡ᠎ᠨᠢ ᠬᠥᠳᠡᠭᠡ ᠲᠣᠰᠭᠤᠨ᠎ᠤ ᠬᠤᠲᠠ᠎ᠳᠤ ᠣᠷᠣᠵᠤ ᠠᠵᠢᠯ ᠬᠥᠳᠡᠯᠮᠦᠷᠢ ᠬᠢᠭ᠌ᠰᠡᠳ᠎ᠤᠨ ᠠᠵᠢᠯ ᠤᠯᠬᠤ ᠬᠡᠷᠡᠭ᠌ᠴᠡᠭᠡ᠎ᠶ᠋ᠢ ᠬᠠᠩᠭᠠᠭ᠍ᠰᠠᠨ ᠮᠥᠷᠲᠡᠭᠡᠨ ᠬᠤᠲᠠ᠎ᠶ᠋ᠢᠨ ᠬᠡᠷ ᠪᠦᠯᠢ᠎ᠶ᠋ᠢᠨ ᠬᠡᠥᠬᠡᠳ ᠪᠤᠢᠵᠢᠭᠤᠯᠬᠤ ᠨᠠᠰᠤᠳᠠᠳ᠎ᠢᠶᠠᠨ ᠠᠰᠠᠷᠠᠬᠤ ᠪᠣᠳᠠᠲᠤ ᠬᠡᠷᠡᠭ᠌ᠴᠡᠭᠡ᠎ᠶ᠋ᠢ ᠴᠦ᠍ ᠬᠠᠩᠭᠠᠭ᠍ᠰᠠᠨ ᠪᠠᠢᠨ᠎ᠠ᠃ ᠶᠡᠷᠦᠩᠬᠡᠶ ᠱᠦᠵᠢ ᠰᠢ᠎ᠶ᠋ᠢᠨ ᠫᠢᠩ ᠪᠠᠰᠠ ᠵᠢᠭᠠᠵᠤ ᠭᠠᠷᠭᠠᠭ᠍ᠰᠠᠨ᠎ᠨᠢ᠄ ᠬᠡᠷ ᠠᠬᠤᠢ᠎ᠶ᠋ᠢᠨ ᠦᠶ᠋ᠯᠡᠴᠢᠯᠡᠭᠡ᠎ᠶ᠋ᠢ ᠬᠢᠬᠦ᠌ ᠪᠣᠯᠤᠮᠵᠢ ᠶᠡᠭᠡ ᠪᠠᠢᠨ᠎ᠠ᠂ ᠦᠨᠡᠨᠴᠢ ᠢᠲᠡᠭᠡᠮᠵᠢᠲᠡᠶ᠎ᠪᠠᠷ ᠦᠨᠳᠦᠰᠦ ᠪᠣᠯᠭᠠᠬᠤ᠎ᠶ᠋ᠢ ᠪᠠᠷᠢᠮᠲᠠᠯᠠᠵᠤ᠂ ᠠᠵᠢᠯ ᠮᠡᠷᠭᠡᠵᠢᠬᠦ᠌ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠮᠠᠨ᠎ᠤ ᠤᠯᠤᠰ᠎ᠤᠨ ᠱᠢᠨ᠎ᠡ ᠮᠠᠶᠢᠭ᠎ᠤᠨ ᠬᠤᠳᠠ ᠪᠠᠯᠭᠠᠰᠤᠵᠢᠯᠳᠠ᠎ᠶ᠋ᠢᠨ ᠲᠦᠷᠭᠡᠨ ᠬᠥᠭ᠌ᠵᠢᠬᠦ᠌᠎ᠶ᠋ᠢ ᠳᠠᠭᠠᠯᠳᠤᠨ᠂ ᠬᠥᠮᠦᠨ ᠠᠮᠠ᠎ᠶ᠋ᠢᠨ ᠨᠠᠰᠤᠵᠢᠯᠲᠠ ᠡᠳᠦᠷ ᠢᠷᠡᠬᠦᠶ᠎ᠡ ᠱᠢᠷᠦᠭᠦᠰᠴᠦ᠍᠂ ᠠᠷᠠᠳ ᠤᠯᠠᠨ᠎ᠤ ᠭᠡᠷ ᠠᠬᠤᠶ᠎ᠶ᠋ᠢᠨ ᠦᠢᠯᠡᠴᠢᠯᠡᠭᠡᠨ᠎ᠤ ᠬᠡᠷᠡᠭ᠌ᠴᠡᠭᠡ ᠡᠳᠦᠷ ᠢᠷᠡᠬᠦᠶ᠎ᠡ ᠨᠡᠮᠡᠭ᠌ᠳᠡᠵᠦ᠍ ᠪᠠᠢᠨ᠎ᠠ᠃ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ ᠨᠡᠢᠲᠡᠯᠡᠭ᠌ᠰᠡᠨ ᠪᠦᠷᠢᠳᠭᠡᠯ᠎ᠠᠴᠠ ᠦᠵᠡᠪᠡᠯ᠂ ᠮᠠᠨ᠎ᠤ ᠤᠯᠤᠰ᠎ᠤᠨ ᠬᠡᠷ ᠠᠬᠤᠢ᠎ᠶ᠋ᠢᠨ ᠦᠶ᠋ᠯᠡᠴᠢᠯᠡᠭᠡᠨ᠎ᠤ ᠠᠵᠢᠯᠲᠠᠨ ᠨᠢᠭᠡᠨᠲᠡ 3000 ᠲᠦᠮᠡ᠎ᠶ᠋ᠢ ᠳᠠᠪᠠᠵᠤ᠂ ᠬᠡᠷ ᠠᠬᠤᠢ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ ᠪᠠᠷᠤᠭ 100 ᠭᠠᠷᠤᠶ ᠲᠦᠮᠡ ᠪᠠᠢᠨ᠎ᠠ᠃ ᠬᠤᠯᠪᠣᠭ᠍ᠳᠠᠯ ᠪᠥᠬᠦᠶ ᠠᠵᠢᠯ ᠲᠥᠷᠥᠯ᠎ᠤᠨ ᠵᠥᠪᠯᠡᠯᠭᠡ ᠥᠭ᠌ᠬᠦ ᠪᠠᠢᠭᠤᠯᠤᠮᠵᠢ᠎ᠶ᠋ᠢᠨ ᠨᠡᠢᠲᠡᠯᠡᠭ᠌ᠰᠡᠨ ᠲᠤᠭ᠎ᠠ ᠪᠠᠷᠢᠮᠲᠠ᠎ᠶ᠋ᠢ ᠦᠨᠳᠦᠰᠦᠯᠡᠪᠡᠯ᠂ ᠬᠡᠷ ᠠᠬᠤᠢ᠎ᠶ᠋ᠢᠨ ᠦᠶ᠋ᠯᠡᠴᠢᠯᠡᠭᠡᠨ᠎ᠤ ᠠᠵᠢᠯ ᠲᠥᠷᠥᠯ᠎ᠤᠨ ᠬᠡᠪᠴᠢᠶ᠎ᠡ ᠨᠢᠭᠡᠨᠲᠡ 1.1 ᠲᠦᠮᠡᠨ ᠳ᠋ᠦᠩᠱᠢᠭᠤᠷ ᠲᠥᠭᠦᠷᠢᠭ᠎ᠢ ᠳᠠᠪᠠᠭ᠍ᠰᠠᠨ ᠪᠠᠢᠨ᠎ᠠ᠃ ᠭᠡᠪᠡᠴᠦ᠍ ᠬᠡᠷ ᠠᠬᠤᠢ᠎ᠶ᠋ᠢᠨ ᠦᠶ᠋ᠯᠡᠴᠢᠯᠡᠭᠡᠨ᠎ᠤ ᠦᠶ᠋ᠯᠡᠰ᠎ᠤᠨ ᠬᠥᠭ᠌ᠵᠢᠯᠲᠡ᠎ᠶ᠋ᠢᠨ ᠪᠠᠢᠳᠠᠯ᠎ᠠᠴᠠ ᠦᠵᠡᠪᠡᠯ᠂ ᠶᠡᠷᠦᠩᠬᠡᠶ ᠬᠡᠮᠵᠢᠶᠡᠨ᠎ᠤ ᠬᠠᠩᠭᠠᠯᠭ᠎ᠠ ᠬᠦᠷᠦᠯᠴᠡᠬᠦ᠌ ᠥᠬᠡᠶ᠂ ᠤᠷ᠎ᠠ ᠮᠡᠷᠭᠡᠵᠢᠯ᠎ᠤᠨ ᠬᠢᠷᠢ ᠲᠦᠪᠱᠢᠨ ᠥᠨᠳᠥᠷ ᠪᠢᠰᠢ᠂ ᠠᠷᠠᠳ ᠣᠯᠠᠨ᠎ᠤ ᠰᠡᠳᠭᠢᠯ ᠬᠠᠨᠤᠮᠵᠢᠲᠠᠶ ᠪᠠᠢᠬᠤ ᠬᠡᠮᠵᠢᠶ᠎ᠡ ᠳᠣᠥᠷ᠎ᠠ ᠪᠠᠢᠬᠤ ᠵᠡᠷᠭᠡ ᠠᠰᠠᠭᠤᠳᠠᠯ ᠮᠥᠨ ᠬᠦ᠌ ᠨᠡᠯᠢᠶᠡᠳ ᠲᠣᠪᠤᠢᠮ᠎ᠠ ᠪᠠᠢᠵᠤ᠂ ᠬᠡᠷ ᠠᠬᠤᠢ᠎ᠶ᠋ᠢᠨ ᠦᠶ᠋ᠯᠡᠴᠢᠯᠡᠭ᠌ᠴᠢ᠎ᠶ᠋ᠢ ᠡᠷᠢᠬᠦ᠌᠎ᠳᠤ ᠬᠦᠴᠢᠷᠲᠡᠶ᠂ ᠬᠡᠷ ᠠᠬᠤᠢ᠎ᠶ᠋ᠢᠨ ᠰᠠᠢᠨ ᠦᠶ᠋ᠯᠡᠴᠢᠯᠡᠭ᠌ᠴᠢ᠎ᠶ᠋ᠢ ᠡᠷᠢᠬᠦ᠌᠎ᠳᠤ ᠨᠠᠩ ᠬᠦᠴᠢᠷᠲᠡᠶ ᠪᠠᠢᠬᠤ ᠠᠰᠠᠭᠤᠳᠠᠯ᠎ᠨᠢ ᠬᠡᠷ ᠠᠬᠤᠢ᠎ᠶ᠋ᠢᠨ ᠦᠶ᠋ᠯᠡᠴᠢᠯᠡᠭᠡᠨ᠎ᠤ ᠦᠶ᠋ᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠣᠷᠳᠣ ᠬᠤᠭᠤᠴᠠᠭ᠎ᠠ᠎ᠪᠠᠷ ᠬᠢᠵᠠᠭᠠᠷᠯᠠᠵᠤ ᠪᠠᠢᠨ᠎ᠠ᠃ 6 ᠰᠠᠯᠠᠭ᠎ᠠ ᠮᠥᠴᠢᠷ ᠬᠠᠮᠲᠤᠷᠠᠨ 《ᠮᠡᠳᠡᠭ᠌ᠳᠡᠯ》 ᠎ᠢ ᠳᠠᠷᠤᠮᠠᠯᠯᠠᠨ ᠲᠠᠷᠬᠠᠭᠠᠵᠤ᠂ ᠬᠡᠷ ᠠᠬᠤᠢ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠬᠦ᠌᠎ᠨᠢ ᠬᠡᠷ ᠠᠬᠤᠢ᠎ᠶ᠋ᠢᠨ ᠦᠶ᠋ᠯᠡᠴᠢᠯᠡᠭᠡᠨ᠎ᠤ ᠠᠵᠢᠯᠲᠠᠨ᠎ᠤ ᠤᠷ᠎ᠠ ᠮᠡᠷᠭᠡᠵᠢᠯ᠎ᠤᠨ ᠬᠢᠷᠢ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠂ ᠬᠡᠷ ᠠᠬᠤᠢ᠎ᠶ᠋ᠢᠨ ᠦᠢᠯᠡᠴᠢᠯᠡᠭᠡᠨ᠎ᠤ ᠬᠦᠷᠢᠶᠡᠨ᠎ᠳᠠᠬᠢ ᠪᠦᠲᠦᠴᠡ᠎ᠶ᠋ᠢᠨ ᠴᠢᠨᠠᠷᠲᠠᠶ ᠠᠵᠢᠯ ᠣᠯᠭᠤᠯᠲᠠ᠎ᠶ᠋ᠢᠨ ᠵᠥᠷᠢᠴᠡᠯ᠎ᠢ ᠨᠠᠮᠳᠠᠭᠤᠯᠬᠤ᠂ ᠨᠠᠩ ᠴᠢᠨᠠᠷ ᠰᠠᠢᠲᠠᠶ ᠪᠥᠭᠡᠳ ᠭᠦᠶ᠋ᠴᠡᠳ ᠠᠵᠢᠯ ᠣᠯᠭᠤᠯᠲᠠ᠎ᠶ᠋ᠢ ᠠᠬᠢᠭᠤᠯᠬᠤ᠂ ᠬᠡᠷ ᠠᠬᠤᠢ᠎ᠶ᠋ᠢᠨ ᠦᠶ᠋ᠯᠡᠴᠢᠯᠡᠭᠡᠨ᠎ᠤ ᠬᠠᠩᠭᠠᠯᠭ᠎ᠠ᠎ᠶ᠋ᠢ ᠪᠦᠲᠦᠮᠵᠢᠲᠡᠶ ᠥᠷᠭᠡᠳᠭᠡᠬᠦ᠂ ᠠᠷᠠᠳ ᠣᠯᠠᠨ᠎ᠤ ᠬᠡᠷ ᠠᠬᠤᠢ᠎ᠶ᠋ᠢᠨ ᠦᠶ᠋ᠯᠡᠴᠢᠯᠡᠭᠡᠨ᠎ᠤ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠬᠤ᠎ᠳᠤ ᠴᠥᠮ ᠴᠢᠬᠤᠯᠠ ᠠᠴᠢ ᠬᠤᠯᠪᠣᠭ᠍ᠳᠠᠯ᠎ᠲᠠᠢ ᠶᠤᠮ᠃
    2024 ᠣᠨ᠎ᠤ 6 ᠰᠠᠷ᠎ᠠ᠎ᠳᠤ᠂ ᠬᠡᠷ ᠠᠬᠤᠢ᠎ᠶ᠋ᠢᠨ ᠦᠢᠯᠡᠴᠢᠯᠡᠭᠡᠨ᠎ᠤ ᠲᠤᠬᠠᠢᠯᠠᠭ᠍ᠰᠠᠨ ᠠᠵᠢᠯ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠲᠣᠭᠤᠷᠢᠨ᠎ᠳᠤ ᠬᠡᠷ ᠠᠬᠤᠢ᠎ᠶ᠋ᠢᠨ ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠤᠯᠠᠮ ᠴᠢᠨᠠᠭ᠍ᠰᠢᠳᠠ ᠠᠬᠢᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠬᠤᠷᠢᠶ᠎ᠠ ᠵᠡᠷᠭᠡ ᠰᠠᠯᠠᠭ᠎ᠠ ᠮᠥᠴᠢᠷ᠎ᠠᠴᠠ 《ᠭᠡᠷ ᠠᠬᠤᠶ᠎ᠶ᠋ᠢᠨ ᠦᠢᠯᠡᠴᠢᠯᠡᠭᠡᠨ᠎ᠤ ᠲᠤᠰᠭᠠᠢᠵᠢᠯᠲᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠰᠠᠨᠠᠯ》 ᠎ᠢ ᠳᠠᠷᠤᠮᠠᠯᠯᠠᠨ ᠲᠠᠷᠬᠠᠭᠠᠵᠤ᠂ ᠬᠡᠷ ᠠᠬᠤᠢ᠎ᠶ᠋ᠢᠨ ᠦᠢᠯᠡᠴᠢᠯᠡᠭᠡᠨ᠎ᠤ ᠠᠵᠢᠯ ᠮᠡᠷᠭᠡᠵᠢᠯ᠎ᠤᠨ ᠪᠠᠷᠢᠮᠵᠢᠶ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠂ ᠬᠡᠷ ᠠᠬᠤᠢ᠎ᠶ᠋ᠢᠨ ᠦᠢᠯᠡᠴᠢᠯᠡᠭᠡᠨ᠎ᠤ ᠠᠵᠢᠯ ᠡᠷᠬᠢᠯᠡᠭ᠌ᠰᠡᠳ᠎ᠤᠨ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠢ ᠳᠡᠭᠡᠭ᠌ᠰᠢᠯᠡᠭᠦᠯᠬᠦ᠂ ᠬᠡᠷ ᠠᠬᠤᠢ᠎ᠶ᠋ᠢᠨ ᠦᠢᠯᠡᠴᠢᠯᠡᠭᠡᠨ᠎ᠤ ᠲᠤᠰᠭᠠᠢᠵᠢᠭ᠍ᠰᠠᠨ ᠬᠥᠮᠦᠵᠢᠯ᠎ᠢ ᠴᠢᠩᠭᠠᠳᠭᠠᠬᠤ᠂ ᠬᠡᠷ ᠠᠬᠤᠢ᠎ᠶ᠋ᠢᠨ ᠦᠢᠯᠡᠴᠢᠯᠡᠭᠡᠨ᠎ᠤ ᠠᠵᠢᠯ ᠡᠷᠬᠢᠯᠡᠭ᠌ᠰᠡᠳ᠎ᠤᠨ ᠠᠵᠢᠯ ᠮᠡᠷᠭᠡᠵᠢᠯ᠎ᠤᠨ ᠦᠨᠡᠯᠡᠯᠲᠡ᠎ᠶ᠋ᠢ ᠱᠢᠯᠢᠳᠡᠭ᠌ᠵᠢᠭᠦᠯᠬᠦ᠂ ᠬᠡᠷ ᠠᠬᠤᠢ᠎ᠶ᠋ᠢᠨ ᠦᠢᠯᠡᠴᠢᠯᠡᠭᠡᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠤᠷᠤᠯᠳᠤᠭᠠᠨ᠎ᠢ ᠥᠷᠨᠢᠭᠦᠯᠬᠦ᠌ ᠵᠡᠷᠭᠡ ᠱᠢᠷᠢᠰ ᠡᠬᠦᠷᠭᠡ ᠪᠠ ᠠᠷᠭ᠎ᠠ ᠬᠡᠮᠵᠢᠶ᠎ᠡ᠎ᠶ᠋ᠢ ᠲᠤᠷᠠᠳᠤᠭ᠍ᠰᠠᠨ ᠪᠠᠢᠨ᠎ᠠ᠃ 6 ᠰᠠᠯᠠᠭ᠎ᠠ ᠮᠥᠴᠢᠷ ᠬᠠᠮᠲᠤᠷᠠᠨ 《ᠮᠡᠳᠡᠭ᠌ᠳᠡᠯ》 ᠎ᠢ ᠳᠠᠷᠤᠮᠠᠯᠯᠠᠨ ᠲᠠᠷᠬᠠᠭᠠᠵᠤ᠂ ᠬᠡᠷ ᠠᠬᠤᠢ᠎ᠶ᠋ᠢᠨ ᠦᠢᠯᠡᠴᠢᠯᠡᠭᠡᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠢ ᠶᠡᠬᠡᠪᠡᠷ ᠥᠷᠨᠢᠭᠦᠯᠬᠦ᠌ ᠪᠣᠯ ᠬᠡᠷ ᠠᠬᠤᠢ᠎ᠶ᠋ᠢᠨ ᠦᠶ᠋ᠯᠡᠴᠢᠯᠡᠭᠡᠨ᠎ᠤ ᠠᠵᠢᠯ ᠮᠡᠷᠭᠡᠵᠢᠭᠦᠯᠬᠦ᠌ ᠪᠠᠢᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠨ᠂ ᠬᠡᠷ ᠠᠬᠤᠢ᠎ᠶ᠋ᠢᠨ ᠦᠶ᠋ᠯᠡᠴᠢᠯᠡᠭᠡᠨ᠎ᠤ ᠦᠶ᠋ᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠪᠠᠭ᠍ᠲᠠᠭᠠᠮᠵᠢ᠎ᠶ᠋ᠢ ᠥᠷᠭᠡᠳᠭᠡᠬᠦ᠌᠎ᠶ᠋ᠢ ᠠᠬᠢᠭᠤᠯᠬᠤ ᠬᠦᠴᠦᠲᠡᠶ ᠠᠷᠭ᠎ᠠ ᠬᠡᠮᠵᠢᠶ᠎ᠡ ᠮᠥᠨ᠂ ᠬᠡᠷ ᠠᠬᠤᠢ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ ᠥᠷᠨᠢᠭᠦᠯᠬᠦ᠌᠎ᠪᠠᠷ ᠳᠠᠮᠵᠢᠭᠤᠯᠤᠨ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠬᠥᠲᠥᠯᠦᠨ ᠵᠢᠯᠣᠭᠤᠳᠭᠤ ᠦᠶ᠋ᠯᠡᠳᠦᠯ᠎ᠢᠶᠠᠨ ᠢᠳᠡᠪᠬᠢᠲᠡᠶ ᠪᠠᠳᠠᠷᠠᠭᠤᠯᠵᠤ᠂ ᠬᠡᠷ ᠠᠬᠤᠢ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠪᠠᠢᠭᠤᠯᠤᠮᠵᠢ᠂ ᠬᠡᠷ ᠠᠬᠤᠢ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ ᠵᠡᠷᠭᠡ᠎ᠶ᠋ᠢ ᠳᠠᠢᠴᠢᠯᠠᠨ ᠬᠡᠷ ᠠᠬᠤᠢ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠢ ᠥᠷᠭᠡᠨ᠎ᠢᠶᠠᠷ ᠥᠷᠨᠢᠭᠦᠯᠬᠦ᠌ ᠪᠣᠯᠤᠨ᠎ᠠ᠃
    ᠠᠰᠠᠭᠤᠯᠲᠠ᠄ ᠬᠡᠷ ᠠᠬᠤᠢ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ ᠬᠢᠭᠡᠳ 《ᠤᠷ᠎ᠠ ᠮᠡᠷᠭᠡᠵᠢᠯ᠎ᠢᠶᠠᠷ ᠢᠷᠡᠭᠡᠳᠦᠢ᠎ᠪᠠᠨ ᠭᠡᠷᠡᠯᠳᠦᠬᠦᠯᠬᠦ᠌》 ᠪᠣᠯᠪᠠᠰᠤᠷᠠᠯ᠎ᠤᠨ ᠠᠵᠢᠯᠯᠠᠭ᠎ᠠ᠂ ᠶᠡᠭᠡ ᠬᠡᠪᠴᠢᠶᠡᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠢ ᠳᠡᠭᠡᠭ᠌ᠰᠢᠯᠡᠭᠦᠯᠬᠦ᠌ ᠪᠣᠯᠪᠠᠰᠤᠷᠠᠯ᠎ᠤᠨ ᠠᠵᠢᠯᠯᠠᠭ᠎ᠠ᠎ᠶ᠋ᠢᠨ ᠬᠤᠭᠤᠷᠣᠨᠳᠣᠬᠢ ᠬᠠᠷᠢᠴᠠᠭ᠎ᠠ᠎ᠶ᠋ᠢ ᠲᠥᠬᠦᠮ ᠲᠠᠨᠢᠯᠴᠠᠭᠤᠯᠤᠭᠠᠳ ᠥᠭ᠌ᠭᠦᠨ᠎ᠡ ᠤᠤ?
    ᠬᠠᠷᠢᠭᠤᠯᠲᠠ᠄ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠨᠡ ᠵᠢᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠎ᠳᠤ 《ᠶᠡᠭᠡ ᠬᠡᠪᠴᠢᠶᠡᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠢ ᠳᠡᠭᠡᠭ᠌ᠰᠢᠯᠡᠭᠦᠯᠬᠦ᠌ ᠪᠣᠯᠪᠠᠰᠤᠷᠠᠯ᠎ᠤᠨ ᠠᠵᠢᠯᠯᠠᠭ᠎ᠠ ᠥᠷᠨᠢᠭᠦᠯᠵᠦ᠍᠂ ᠦᠶ᠋ᠯᠡᠳᠬᠦ᠌ ᠦᠶ᠋ᠯᠡᠰ᠂ ᠦᠶ᠋ᠯᠡᠴᠢᠯᠡᠭᠡᠨ᠎ᠤ ᠦᠶ᠋ᠯᠡᠰ᠎ᠤᠨ ᠪᠠᠴᠢᠮ ᠳᠤᠲᠠᠭ᠍ᠳᠠᠵᠤ ᠪᠠᠢᠭ᠎ᠠ ᠤᠷ᠎ᠠ ᠴᠢᠳᠠᠪᠤᠷᠢᠲᠠᠨ᠎ᠤ ᠬᠠᠩᠭᠠᠯᠭ᠎ᠠ᠎ᠶ᠋ᠢ ᠴᠢᠩᠭᠠᠳᠭᠠᠨ᠎ᠠ》 ᠭᠡᠵᠦ᠍ ᠲᠤᠷᠠᠳᠤᠨ ᠭᠠᠷᠭᠠᠵᠠᠢ᠃ 3 ᠰᠠᠷ᠎ᠠ᠎ᠶ᠋ᠢᠨ 7 ᠎ᠤ ᠡᠳᠦᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠂ ᠡᠳ᠋᠎ᠤᠨ ᠵᠠᠰᠠᠭ᠎ᠤᠨ ᠶᠠᠮᠤᠨ ᠬᠠᠮᠲᠤᠷᠠᠨ 《〈ᠤᠷ᠎ᠠ ᠮᠡᠷᠭᠡᠵᠢᠯ᠎ᠢᠶᠠᠷ ᠢᠷᠡᠭᠡᠳᠦᠶ᠎ᠪᠠᠨ ᠭᠡᠷᠡᠯᠲᠦᠭᠦᠯᠬᠦ᠌〉 ᠪᠣᠯᠪᠠᠰᠤᠷᠠᠯ᠎ᠤᠨ ᠠᠵᠢᠯᠯᠠᠭ᠎ᠠ᠎ᠶ᠋ᠢ ᠬᠡᠷᠡᠭ᠌ᠵᠢᠭᠦᠯᠬᠦ᠌ ᠲᠤᠬᠠᠶ ᠮᠡᠳᠡᠭ᠌ᠳᠡᠯ》 ᠎ᠢ ᠳᠠᠷᠤᠮᠠᠯᠯᠠᠨ ᠲᠠᠷᠬᠠᠭᠠᠵᠤ᠂ ᠴᠢᠨᠠᠷ ᠰᠠᠢᠲᠠᠶ ᠭᠦᠶ᠋ᠴᠡᠳ ᠠᠵᠢᠯ ᠣᠯᠭᠤᠯᠲᠠ᠎ᠶ᠋ᠢ ᠠᠬᠢᠭᠤᠯᠬᠤ᠎ᠶ᠋ᠢᠨ ᠲᠣᠭᠤᠷᠢᠨ᠎ᠳᠤ᠂ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠢ ᠬᠦᠷᠢᠶ᠎ᠡ ᠴᠠᠷᠠᠭ᠎ᠠ ᠬᠤᠪᠢᠶᠠᠨ ᠥᠷᠨᠢᠭᠦᠯᠵᠦ᠍᠂ ᠬᠥᠳᠡᠯᠮᠦᠷᠢᠴᠢᠳ᠎ᠤᠨ ᠨᠢᠭᠡ ᠵᠦᠶ᠋ᠯ᠎ᠤᠨ ᠮᠡᠷᠭᠡᠵᠢᠯ ᠴᠢᠳᠠᠪᠤᠷᠢ᠎ᠪᠠᠷ᠎ᠢᠶᠠᠨ ᠠᠵᠢᠯ ᠣᠯᠬᠤ᠂ ᠤᠷ᠎ᠠ ᠮᠡᠷᠭᠡᠵᠢᠯᠳᠡᠨ ᠪᠣᠯᠬᠤ᠂ ᠤᠷ᠎ᠠ ᠮᠡᠷᠭᠡᠵᠢᠯ᠎ᠢᠶᠠᠷ᠎ᠢᠶᠠᠨ ᠣᠷᠣᠯᠭ᠎ᠠ᠎ᠪᠠᠨ ᠨᠡᠮᠡᠭ᠌ᠳᠡᠬᠦᠯᠬᠦ᠌᠎ᠶ᠋ᠢ ᠳᠡᠮᠵᠢᠬᠦ᠌᠎ᠪᠠᠷ ᠳᠤᠷᠠᠳᠤᠨ ᠭᠠᠷᠭᠠᠪᠠ᠃ ᠬᠡᠷ ᠠᠬᠤᠢ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠶ᠋ᠢ ᠬᠦᠷᠢᠶ᠎ᠡ ᠬᠤᠪᠢᠶᠠᠨ ᠬᠡᠷᠡᠭ᠌ᠵᠢᠭᠦᠯᠬᠦ᠌ ᠪᠣᠯ ᠶᠡᠭᠡ ᠬᠡᠪᠴᠢᠶᠡᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ ᠪᠠ 《ᠤᠷ᠎ᠠ ᠮᠡᠷᠭᠡᠵᠢᠯ᠎ᠢᠶᠠᠷ ᠢᠷᠡᠭᠡᠳᠦᠶ᠎ᠪᠠᠨ ᠭᠡᠷᠡᠯᠲᠦᠭᠦᠯᠬᠦ᠌》 ᠪᠣᠯᠪᠠᠰᠤᠷᠠᠯ᠎ᠤᠨ ᠠᠵᠢᠯᠯᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠃ ᠪᠢᠳᠡ 《ᠤᠷ᠎ᠠ ᠮᠡᠷᠭᠡᠵᠢᠯ᠎ᠢᠶᠠᠷ ᠢᠷᠡᠭᠡᠳᠦᠶ᠎ᠪᠠᠨ ᠭᠡᠷᠡᠯᠲᠦᠭᠦᠯᠬᠦ᠌》 ᠪᠣᠯᠪᠠᠰᠤᠷᠠᠯ᠎ᠤᠨ ᠠᠵᠢᠯᠯᠠᠭ᠎ᠠ᠎ᠳᠤ ᠲᠣᠳᠣᠷᠬᠠᠶ ᠲᠣᠭ᠍ᠲᠠᠭᠠᠭ᠍ᠰᠠᠨ ᠡᠭᠦᠷᠭᠡ ᠬᠠᠷᠠᠯᠲᠠ᠂ ᠭᠤᠥᠯ ᠠᠷᠭ᠎ᠠ ᠬᠡᠮᠵᠢᠶ᠎ᠡ ᠪᠠ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠶᠣᠰᠣᠭᠠᠷ᠂ ᠲᠥᠷᠥ᠎ᠶ᠋ᠢᠨ ᠪᠣᠳᠣᠯᠭ᠎ᠠ᠎ᠶ᠋ᠢᠨ ᠪᠠᠯᠠ ᠮᠥᠩᠭᠦ᠎ᠶ᠋ᠢᠨ ᠪᠠᠲᠤᠯᠠᠭ᠎ᠠ᠎ᠶ᠋ᠢ ᠴᠢᠩᠭᠠᠳᠭᠠᠵᠤ᠂ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠤ᠂ ᠬᠡᠷ ᠠᠬᠤᠶ᠎ᠶ᠋ᠢᠨ ᠦᠶ᠋ᠯᠡᠴᠢᠯᠡᠭᠡᠨ᠎ᠤ ᠠᠵᠢᠯ ᠡᠷᠬᠢᠯᠡᠭ᠌ᠰᠡᠳ᠎ᠤᠨ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠢ ᠳᠡᠭᠡᠭ᠌ᠰᠢᠯᠡᠭᠦᠯᠬᠦ᠌᠎ᠳᠤ ᠬᠦᠴᠦᠨ ᠨᠡᠮᠡᠷᠢᠯᠡᠵᠦ᠍᠂ ᠲᠡᠳᠡᠨ᠎ᠤ ᠬᠡᠷ ᠠᠬᠤᠶ᠎ᠶ᠋ᠢᠨ ᠦᠢᠯᠡᠴᠢᠯᠡᠭᠡᠨ᠎ᠤ ᠬᠦᠷᠢᠶᠡᠨ᠎ᠳᠤ ᠲᠣᠭ᠍ᠲᠠᠪᠤᠷᠢᠲᠠᠶ ᠠᠵᠢᠯ ᠤᠯᠬᠤ᠎ᠶ᠋ᠢ ᠠᠬᠢᠭᠤᠯᠤᠨ᠎ᠠ᠃
    ᠠᠰᠠᠭᠤᠯᠲᠠ᠄ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠳᠤ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠲᠠᠨᠢᠯᠴᠠᠭᠤᠯᠤᠭᠠᠳ ᠦᠭ᠌ᠬᠦᠨ᠎ᠡ ᠤᠤ᠂ ᠭᠤᠣᠯᠳᠠᠭᠤ ᠶᠠᠮᠠᠷ ᠶᠠᠮᠠᠷ ᠪᠣᠳᠣᠯᠬᠢᠯᠠᠯ ᠪᠠᠢᠬᠤ ᠪᠤᠢ?
    ᠬᠠᠷᠢᠭᠤᠯᠲᠠ᠄ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠳᠤ ᠳᠤᠷᠠᠳᠤᠭ᠍ᠰᠠᠨ ᠬᠠᠷᠠᠯᠲᠠ ᠡᠭᠦᠷᠭᠡ᠎ᠨᠢ ᠭᠤᠥᠯᠳᠠᠭᠤ ᠭᠤᠷᠪᠠᠨ ᠲᠠᠯ᠎ᠠ᠎ᠪᠠᠷ ᠢᠯᠡᠷᠡᠵᠦ᠍ ᠪᠠᠢᠨ᠎ᠠ᠃ ᠨᠢᠭᠡ᠎ᠳᠤ ᠪᠣᠯᠪᠠᠰᠤᠷᠠᠭᠤᠯᠬᠤ ᠡᠲᠡᠭᠡᠳ᠎ᠤᠨ ᠲᠤᠬᠠᠶ᠃ ᠭᠤᠥᠯᠳᠠᠭᠤ 《ᠶᠡᠭᠡ ᠬᠡᠪᠴᠢᠶ᠎ᠡ᠎ᠪᠠᠷ》 《ᠥᠷᠭᠡᠨ᠎ᠢᠶᠠᠷ ᠬᠠᠮᠤᠷᠬᠤ》 ᠱᠠᠭᠠᠷᠳᠠᠯᠭ᠎ᠠ ᠶᠣᠰᠣᠭᠠᠷ᠂ ᠣᠯᠠᠨ ᠠᠷᠭ᠎ᠠ ᠵᠠᠮ᠂ ᠣᠯᠠᠨ ᠲᠠᠰ ᠳᠠᠪᠬᠤᠷᠭ᠎ᠠ᠎ᠲᠠᠢ ᠤᠶᠠᠯᠳᠤᠭᠤᠯᠤᠨ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠢ ᠥᠷᠨᠢᠭᠦᠯᠵᠦ᠍᠂ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠶ᠋ᠢᠨ ᠡᠲᠡᠭᠡᠳ᠎ᠢ ᠬᠡᠷ ᠠᠬᠤᠶ᠎ᠶ᠋ᠢᠨ ᠦᠢᠯᠡᠴᠢᠯᠡᠭᠡᠨ᠎ᠤ ᠬᠦᠷᠢᠶᠡᠨ᠎ᠳᠠᠬᠢ ᠠᠵᠢᠯ ᠣᠯᠭᠤᠯᠲᠠ᠎ᠶ᠋ᠢᠨ ᠪᠣᠯᠪᠠᠰᠤᠷᠠᠯ᠎ᠤᠨ ᠬᠦᠰᠡᠯ᠎ᠲᠠᠢ ᠬᠥᠳᠡᠯᠮᠦᠷᠢᠴᠢᠨ ᠪᠠ ᠨᠢᠭᠡᠨᠲᠡ ᠬᠡᠷ ᠠᠬᠤᠶ᠎ᠶ᠋ᠢᠨ ᠦᠶ᠋ᠯᠡᠴᠢᠯᠡᠭᠡ ᠬᠢᠵᠦ᠍ ᠪᠠᠢᠭ᠎ᠠ ᠬᠥᠮᠦᠰ᠎ᠢᠶᠠᠷ ᠲᠣᠭ᠍ᠲᠠᠭᠠᠨ᠎ᠠ᠃ ᠬᠤᠶᠠᠷ᠎ᠲᠤ ᠪᠣᠯᠪᠠᠰᠤᠷᠠᠭᠤᠯᠬᠤ ᠠᠭᠤᠯᠭ᠎ᠠ᠎ᠶ᠋ᠢᠨ ᠲᠤᠬᠠᠶ᠃ ᠡᠭᠦᠨ᠎ᠳᠤ ᠭᠤᠥᠯᠳᠠᠭᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠢ ᠵᠢᠷᠤᠮᠵᠢᠭᠤᠯᠤᠨ ᠥᠷᠨᠢᠭᠦᠯᠬᠦ᠌ ᠬᠤᠯᠪᠣᠭ᠍ᠳᠠᠯ ᠪᠥᠬᠦᠶ ᠱᠠᠭᠠᠷᠳᠠᠯᠭ᠎ᠠ᠎ᠶ᠋ᠢ ᠦᠨᠳᠦᠰᠦᠯᠡᠨ᠂ ᠬᠡᠷ ᠠᠬᠤᠶ᠎ᠶ᠋ᠢᠨ ᠦᠢᠯᠡᠴᠢᠯᠡᠭᠡᠨ᠎ᠤ ᠬᠦᠷᠢᠶᠡᠨ᠎ᠳᠠᠬᠢ ᠬᠠᠮᠢᠶ᠎ᠠ ᠪᠥᠬᠦᠶ ᠠᠵᠢᠯ ᠮᠡᠷᠭᠡᠵᠢᠯ (ᠠᠵᠢᠯ ᠲᠥᠷᠥᠯ) ᠎ᠤᠨ ᠤᠯᠤᠰ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠣᠭ᠍ᠴᠣ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠵᠢᠭᠠᠬᠤ ᠮᠠᠲ᠋ᠧᠷᠢᠶᠠᠯ ᠶᠣᠰᠣᠭᠠᠷ ᠪᠣᠯᠪᠠᠰᠤᠷᠠᠯ᠎ᠤᠨ ᠬᠢᠴᠢᠶᠡᠯ᠎ᠢ ᠨᠢᠭᠡᠳᠦᠯᠲᠡᠶ ᠲᠥᠯᠥᠪᠯᠡᠨ ᠲᠣᠭ᠍ᠲᠠᠭᠠᠵᠤ᠂ ᠪᠣᠯᠪᠠᠰᠤᠷᠠᠯ᠎ᠤᠨ ᠲᠥᠰᠦᠯ᠎ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠨ᠂ ᠬᠡᠷ ᠠᠬᠤᠶ᠎ᠶ᠋ᠢᠨ ᠦᠢᠯᠡᠴᠢᠯᠡᠭᠡᠨ᠎ᠤ ᠬᠦᠷᠢᠶᠡᠨ᠎ᠳᠠᠬᠢ ᠬᠠᠮᠢᠶ᠎ᠠ ᠪᠥᠬᠦᠶ ᠠᠵᠢᠯ ᠮᠡᠷᠭᠡᠵᠢᠯ (ᠠᠵᠢᠯ ᠲᠥᠷᠥᠯ) ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠢ ᠥᠷᠭᠡᠨ᠎ᠢᠶᠠᠷ ᠥᠷᠨᠢᠭᠦᠯᠬᠦ᠌ ᠬᠡᠷᠡᠭ᠌ᠲᠡᠶ ᠭᠡᠵᠦ᠍ ᠳᠤᠷᠠᠳᠤᠨ ᠭᠠᠷᠭᠠᠪᠠ᠃ ᠭᠤᠷᠪᠠ᠎ᠳᠤ ᠪᠣᠯᠪᠠᠰᠤᠷᠠᠭᠤᠯᠬᠤ ᠡᠭᠦᠷᠭᠡ᠎ᠶ᠋ᠢᠨ ᠲᠤᠬᠠᠶ᠃ ᠬᠡᠷ ᠠᠬᠤᠶ᠎ᠶ᠋ᠢᠨ ᠦᠢᠯᠡᠴᠢᠯᠡᠭᠡᠨ᠎ᠤ ᠨᠥᠬᠦᠪᠥᠷᠢ᠎ᠶ᠋ᠢᠨ ᠪᠣᠯᠪᠠᠰᠤᠷᠠᠯ ᠪᠠ ᠰᠤᠷᠭᠠᠨ ᠬᠥᠮᠦᠵᠢᠯ᠂ ᠠᠵᠢᠯᠴᠢᠨ᠎ᠤ ᠡᠪᠯᠡᠯ᠂ ᠡᠮᠡᠭ᠌ᠲᠡᠢᠴᠦᠳ᠎ᠤᠨ ᠬᠤᠯᠪᠣᠭᠠᠲᠤ ᠬᠤᠷᠠᠯ᠎ᠤᠨ ᠱᠢᠰᠲ᠋ᠧᠮ᠎ᠤᠨ ᠥᠷᠨᠢᠭᠦᠯᠦᠭ᠌ᠰᠡᠨ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠵᠢᠯ ᠪᠦᠷᠢ 150 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠬᠤ᠎ᠪᠠᠷ ᠳᠤᠷᠠᠳᠪᠠ᠃ ᠪᠣᠳᠠᠲᠠᠶ ᠡᠭᠦᠷᠭᠡ᠎ᠶ᠋ᠢ ᠨᠠᠢᠳᠠᠪᠤᠷᠢᠵᠢᠭᠤᠯᠬᠤ ᠲᠠᠯ᠎ᠠ᠎ᠪᠠᠷ᠂ 《ᠤᠷ᠎ᠠ ᠮᠡᠷᠭᠡᠵᠢᠯ᠎ᠢᠶᠠᠷ ᠢᠷᠡᠭᠡᠳᠦᠶ᠎ᠪᠠᠨ ᠭᠡᠷᠡᠯᠲᠦᠭᠦᠯᠬᠦ᠌》 ᠪᠣᠯᠪᠠᠰᠤᠷᠠᠯ᠎ᠤᠨ ᠠᠵᠢᠯᠯᠠᠭ᠎ᠠ᠎ᠳᠤ ᠲᠣᠳᠣᠷᠬᠠᠶ ᠲᠣᠭ᠍ᠲᠠᠭᠠᠭ᠍ᠰᠠᠨ ᠭᠤᠥᠯᠳᠠᠯᠭ᠎ᠠ᠎ᠲᠠᠢ ᠬᠥᠮᠥᠰ᠎ᠤᠨ ᠶᠣᠰᠣᠭᠠᠷ᠂ ᠨᠥᠬᠦᠪᠥᠷᠢ᠎ᠶ᠋ᠢᠨ ᠴᠢᠨᠠᠷ᠎ᠲᠠᠢ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠢ 90 ᠲᠦᠮᠡᠨ ᠬᠥᠮᠦᠨ ᠤᠳᠠᠭ᠎ᠠ ᠬᠡᠷᠡᠭ᠌ᠵᠢᠭᠦᠯᠵᠦ᠍᠂ ᠰᠤᠷᠭᠠᠨ ᠬᠥᠮᠦᠵᠢᠯ᠂ ᠠᠵᠢᠯᠴᠢᠨ᠎ᠤ ᠡᠪᠯᠡᠯ᠂ ᠡᠮᠡᠭ᠌ᠲᠡᠢᠴᠦᠳ᠎ᠤᠨ ᠬᠤᠯᠪᠣᠭ᠎ᠠ᠎ᠶ᠋ᠢᠨ ᠱᠢᠰᠲ᠋ᠧᠮ᠎ᠤᠨ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠬᠠᠮᠢᠶ᠎ᠠ ᠪᠥᠬᠦᠶ ᠪᠠᠢᠷᠢᠯᠠᠭᠤᠯᠤᠯᠲᠠ ᠶᠣᠰᠣᠭᠠᠷ᠂ ᠬᠡᠷ ᠠᠬᠤᠶ᠎ᠶ᠋ᠢᠨ ᠦᠶ᠋ᠯᠡᠴᠢᠯᠡᠭᠡᠨ᠎ᠤ ᠬᠥᠮᠦᠰ᠎ᠢ ᠨᠡᠢᠲᠡ 60 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠤᠨ᠎ᠠ᠃
    ᠠᠰᠠᠭᠤᠯᠲᠠ᠄ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ ᠪᠣᠯ ᠨᠢᠭᠡᠨ ᠱᠢᠰᠲ᠋ᠧᠮᠲᠦ ᠢᠨᠵᠧᠨᠧᠷᠢᠩ ᠮᠥᠨ᠂ ᠲᠡᠭᠡᠪᠡᠯ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌ ᠲᠠᠯ᠎ᠠ᠎ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠪᠠᠢᠬᠤ ᠪᠣᠶ?
    ᠬᠠᠷᠢᠭᠤᠯᠲᠠ᠄ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠶ᠋ᠢ ᠪᠦᠲᠦᠮᠵᠢᠲᠡᠶ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠬᠥᠭ᠌ᠵᠢᠭᠦᠯᠦᠯᠲᠡ ᠪᠠ ᠥᠭᠡᠷᠡᠴᠢᠯᠡᠯᠲᠡ᠂ ᠰᠤᠷᠭᠠᠨ ᠬᠥᠮᠦᠵᠢᠯ᠂ ᠬᠤᠳᠠᠯᠳᠤᠭᠠᠨ᠎ᠤ ᠶᠠᠪᠤᠳᠠᠯ᠂ ᠠᠵᠢᠯᠴᠢᠨ᠎ᠤ ᠡᠪᠯᠡᠯ᠂ ᠡᠮᠡᠭ᠌ᠲᠡᠢᠴᠦᠳ᠎ᠤᠨ ᠬᠤᠯᠪᠣᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠬᠤᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠠᠵᠢᠯ᠎ᠤᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠶ᠋ᠢᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠬᠠᠮᠳᠤ᠎ᠪᠠᠷ ᠳᠥᠯᠭᠢᠨ ᠠᠬᠢᠭᠤᠯᠬᠤ ᠬᠡᠷᠡᠭ᠌ᠲᠡᠶ᠃ ᠨᠢᠭᠡ᠎ᠳᠤ ᠠᠵᠢᠯ ᠣᠯᠭᠤᠯᠲᠠ᠎ᠶ᠋ᠢᠨ ᠪᠣᠯᠪᠠᠰᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠲᠣᠳᠣᠷᠬᠠᠶ ᠣᠢᠯᠠᠭᠠᠵᠤ᠂ ᠡᠯ᠎ᠡ ᠲᠥᠷᠥᠯ᠎ᠤᠨ ᠪᠠᠢᠭᠤᠯᠤᠮᠵᠢ᠎ᠳᠤ ᠲᠦᠱᠢᠭ᠌ᠯᠡᠨ ᠬᠡᠷ ᠠᠬᠤᠶ᠎ᠶ᠋ᠢᠨ ᠦᠢᠯᠡᠴᠢᠯᠡᠭᠡᠨ᠎ᠤ ᠬᠦᠷᠢᠶᠡᠨ᠎ᠳᠠᠬᠢ ᠬᠥᠳᠡᠯᠮᠦᠷᠢᠴᠢᠳ᠎ᠤᠨ ᠠᠵᠢᠯ ᠡᠷᠢᠬᠦ᠌ ᠪᠠ ᠪᠣᠯᠪᠠᠰᠤᠷᠠᠯ ᠬᠢᠬᠦ᠌ ᠬᠦᠰᠡᠯ ᠰᠠᠨᠠᠭ᠎ᠠ᠎ᠶ᠋ᠢ ᠣᠢᠯᠠᠭᠠᠵᠤ ᠵᠢᠭ᠍ᠰᠠᠭᠠᠬᠤ ᠠᠵᠢᠯ᠎ᠢ ᠥᠷᠭᠡᠨ᠎ᠢᠶᠠᠷ ᠥᠷᠨᠢᠭᠦᠯᠵᠦ᠍᠂ ᠬᠡᠷ ᠠᠬᠤᠶ᠎ᠶ᠋ᠢᠨ ᠦᠢᠯᠡᠴᠢᠯᠡᠭᠡᠨ᠎ᠤ ᠬᠦᠷᠢᠶᠡᠨ᠎ᠳᠠᠬᠢ ᠠᠵᠢᠯ ᠤᠯᠬᠤ ᠪᠠ ᠪᠣᠯᠪᠠᠰᠤᠷᠠᠯ ᠬᠢᠬᠦ᠌ ᠬᠦᠰᠡᠯ ᠰᠠᠨᠠᠭ᠎ᠠ᠎ᠲᠠᠢ ᠬᠥᠳᠡᠯᠮᠦᠷᠢᠴᠢᠳ᠎ᠲᠤ ᠠᠵᠢᠯ ᠡᠷᠢᠬᠦ᠌ ᠪᠠ ᠪᠣᠯᠪᠠᠰᠤᠷᠠᠯ ᠬᠢᠬᠦ᠌ ᠮᠡᠳᠡᠭᠡ ᠵᠠᠩᠭᠢ᠎ᠶ᠋ᠢᠨ ᠳᠡᠩᠰᠡᠯᠡᠯᠲᠡ᠎ᠶ᠋ᠢ ᠰᠠᠢᠲᠤᠷ ᠬᠢᠨ᠎ᠡ᠃ ᠬᠤᠶᠠᠷ᠎ᠲᠤ ᠪᠣᠯᠪᠠᠰᠤᠷᠠᠯ᠎ᠤᠨ ᠲᠥᠯᠥᠪᠯᠡᠭᠡ᠎ᠶ᠋ᠢ ᠨᠢᠭᠡᠳᠦᠯᠲᠡᠶ ᠲᠥᠯᠥᠪᠯᠡᠨ ᠲᠣᠭ᠍ᠲᠠᠭᠠᠵᠤ᠂ ᠠᠳᠠᠯᠢ ᠪᠤᠰᠤ ᠠᠵᠢᠯ ᠣᠯᠭᠤᠯᠲᠠ᠎ᠶ᠋ᠢᠨ ᠬᠥᠮᠥᠰ᠎ᠤᠨ ᠣᠯᠠᠨ ᠶᠠᠩᠵᠤᠯᠠᠭ᠍ᠰᠠᠨ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠯᠡᠨ᠂ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠲᠥᠷᠥᠯ ᠵᠦᠶ᠋ᠯ᠎ᠢ ᠲᠣᠭ᠍ᠲᠠᠭᠠᠵᠤ᠂ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠵᠢᠯᠣᠭᠤᠳᠭᠤ ᠭᠠᠷᠴᠠᠭ᠎ᠲᠤ ᠣᠷᠣᠭᠤᠯᠤᠨ᠂ ᠴᠠᠭ ᠲᠤᠬᠠᠶ᠎ᠳᠤᠨᠢ ᠨᠡᠢᠭᠡᠮ᠎ᠳᠤ ᠢᠯᠡ ᠨᠡᠢᠲᠡᠯᠡᠨ᠎ᠡ᠃ ᠭᠤᠷᠪᠠ᠎ᠳᠤ᠂ ᠱᠢᠯᠢᠳᠡᠭ᠎ᠢ᠎ᠨᠢ ᠰᠣᠩᠭᠤᠨ ᠪᠣᠯᠪᠠᠰᠤᠷᠠᠯ᠎ᠤᠨ ᠪᠠᠢᠭᠤᠯᠤᠮᠵᠢ᠎ᠶ᠋ᠢ ᠲᠣᠭ᠍ᠲᠠᠭᠠᠵᠤ᠂ ᠬᠡᠷ ᠠᠬᠤᠶ᠎ᠶ᠋ᠢᠨ ᠦᠢᠯᠡᠴᠢᠯᠡᠭᠡᠨ᠎ᠤ ᠨᠥᠬᠦᠪᠥᠷᠢ᠎ᠶ᠋ᠢᠨ ᠪᠣᠯᠪᠠᠰᠤᠷᠠᠯ᠎ᠢ ᠬᠦᠯᠢᠶᠡᠨ ᠠᠪᠤᠨ᠎ᠠ᠃ ᠳᠥᠷᠪᠡ᠎ᠳᠤ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠳᠤ ᠣᠷᠣᠯᠴᠠᠬᠤ᠎ᠶ᠋ᠢ ᠬᠥᠲᠥᠯᠦᠨ ᠵᠢᠯᠣᠭᠤᠳᠴᠤ᠌᠂ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠶ᠋ᠢᠨ ᠤᠬᠠᠭᠤᠯᠭ᠎ᠠ᠎ᠶ᠋ᠢ ᠥᠷᠭᠡᠨ᠎ᠢᠶᠠᠷ ᠥᠷᠨᠢᠭᠦᠯᠦᠨ᠂ ᠬᠥᠳᠡᠯᠮᠦᠷᠢᠴᠢᠳ᠎ᠲᠤ ᠬᠡᠷ ᠠᠬᠤᠶ᠎ᠶ᠋ᠢᠨ ᠦᠢᠯᠡᠴᠢᠯᠡᠭᠡᠨ᠎ᠤ ᠬᠦᠷᠢᠶᠡᠨ᠎ᠳᠠᠬᠢ ᠠᠵᠢᠯ ᠣᠯᠭᠤᠯᠲᠠ ᠪᠠ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠮᠡᠳᠡᠭᠡ ᠵᠠᠩᠭᠢ᠎ᠶ᠋ᠢ ᠬᠦᠷᠭᠡᠨ ᠥᠭ᠌ᠴᠦ᠂ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠲᠤᠰᠭᠠᠶ ᠪᠤᠯᠤᠩ ᠳᠣᠭᠢᠷᠠᠭᠤᠯᠤᠨ᠂ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠮᠡᠳᠡᠭᠡ ᠵᠠᠩᠭᠢ᠎ᠶ᠋ᠢᠨ ᠵᠠᠮᠴᠢᠯᠠᠬᠤ ᠵᠢᠷᠤᠭ᠎ᠢ ᠢᠯᠡ ᠪᠣᠯᠭᠠᠵᠤ᠂ ᠬᠥᠳᠡᠯᠮᠦᠷᠢᠴᠢᠳ᠎ᠤᠨ ᠪᠣᠯᠪᠠᠰᠤᠷᠠᠯ᠎ᠳᠤ ᠣᠷᠣᠯᠴᠠᠬᠤ᠎ᠳᠤ ᠪᠠᠢᠴᠠᠭᠠᠨ ᠯᠠᠪᠯᠠᠬᠤ ᠪᠠ ᠬᠥᠲᠥᠯᠦᠨ ᠵᠢᠯᠣᠭᠤᠳᠭᠤ ᠦᠶ᠋ᠯᠡᠴᠢᠯᠡᠭᠡ ᠬᠠᠩᠭᠠᠨ᠎ᠠ᠃ ᠲᠠᠪᠤ᠎ᠳᠤ᠂ ᠬᠡᠷ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ᠎ᠤᠨ ᠪᠣᠯᠪᠠᠰᠤᠷᠠᠯ᠎ᠢ ᠵᠣᠷᠢᠭ᠍ᠵᠢᠭᠤᠯᠵᠤ᠂ ᠬᠡᠷ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ᠎ᠢ ᠬᠥᠲᠥᠯᠦᠨ ᠵᠢᠯᠣᠭᠤᠳᠴᠤ᠌ ᠪᠠᠢᠭᠠᠳ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠠᠵᠢᠯ᠎ᠤᠨ ᠪᠠᠢᠷᠢ᠎ᠶ᠋ᠢᠨ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠲᠥᠷᠥᠯ ᠵᠦᠶ᠋ᠯ᠎ᠢ ᠭᠤᠶᠤᠴᠢᠯᠠᠨ ᠮᠡᠳᠡᠭᠦᠯᠵᠦ᠍᠂ ᠬᠡᠷ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ ᠢᠯᠠᠩᠭᠤᠶ᠎ᠠ ᠠᠵᠢᠯᠲᠠᠨ ᠠᠵᠢᠯᠴᠢᠨ᠎ᠤ ᠳᠦᠷᠢᠮᠲᠦ ᠬᠡᠷ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ᠎ᠤᠨ ᠵᠢᠷᠤᠮᠵᠢᠭ᠍ᠰᠠᠨ ᠬᠠᠮᠢᠶᠠᠷᠤᠯᠲᠠ᠎ᠲᠠᠢ ᠬᠡᠷ ᠠᠬᠤᠶ᠎ᠶ᠋ᠢᠨ ᠦᠶ᠋ᠯᠡᠴᠢᠯᠡᠭᠡᠨ᠎ᠤ ᠠᠵᠢᠯᠲᠠᠨ᠎ᠳᠤ ᠲᠣᠭ᠍ᠲᠠᠮᠠᠯ ᠬᠤᠭᠤᠴᠠᠭ᠎ᠠ᠎ᠲᠠᠢ᠎ᠪᠠᠷ ᠠᠵᠢᠯ᠎ᠤᠨ ᠪᠠᠢᠷᠢ᠎ᠶ᠋ᠢᠨ ᠤᠷ᠎ᠠ ᠮᠡᠷᠭᠡᠵᠢᠯ᠎ᠢ ᠳᠡᠭᠡᠭ᠌ᠰᠢᠯᠡᠭᠦᠯᠬᠦ᠌ ᠪᠣᠯᠪᠠᠰᠤᠷᠠᠯ ᠦᠷᠨᠢᠬᠦᠯᠦᠨ᠎ᠡ᠃
    ᠠᠰᠠᠭᠤᠯᠲᠠ᠄ 《ᠤᠷ᠎ᠠ ᠮᠡᠷᠭᠡᠵᠢᠯ᠎ᠢᠶᠠᠷ ᠢᠷᠡᠭᠡᠳᠦᠶ᠎ᠪᠠᠨ ᠭᠡᠷᠡᠯᠲᠦᠭᠦᠯᠬᠦ᠌》 ᠪᠣᠯᠪᠠᠰᠤᠷᠠᠯ᠎ᠤᠨ ᠠᠵᠢᠯᠯᠠᠭ᠎ᠠ᠎ᠶ᠋ᠢ ᠨᠠᠢᠳᠠᠪᠤᠷᠢᠵᠢᠭᠤᠯᠬᠤ᠎ᠳᠤ ᠳᠤᠷᠠᠳᠤᠭ᠍ᠰᠠᠨ ᠳᠥᠷᠪᠡ᠎ᠶ᠋ᠢ ᠨᠢᠭᠡ ᠴᠤᠭ᠍ᠴᠠᠵᠢᠭᠤᠯᠤᠭ᠍ᠰᠠᠨ ᠪᠣᠯᠪᠠᠰᠤᠷᠠᠯ᠎ᠤᠨ ᠵᠠᠭ᠍ᠪᠤᠷ᠎ᠤᠨ ᠲᠣᠭᠤᠷᠢᠨ᠎ᠳᠤ᠂ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠳᠤ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠪᠠᠢᠬᠤ ᠪᠣᠶ?
    ᠬᠠᠷᠢᠭᠤᠯᠲᠠ᠄ ᠠᠵᠢᠯ ᠣᠯᠭᠤᠯᠲᠠ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ 《ᠠᠵᠢᠯ᠎ᠤᠨ ᠪᠠᠢᠷᠢ᠎ᠶ᠋ᠢᠨ ᠬᠡᠷᠡᠭ᠌ᠴᠡᠭᠡ + ᠤᠷ᠎ᠠ ᠮᠡᠷᠭᠡᠵᠢᠯ᠎ᠤᠨ ᠪᠣᠯᠪᠠᠰᠤᠷᠠᠯ + ᠤᠷ᠎ᠠ ᠮᠡᠷᠭᠡᠵᠢᠯ᠎ᠤᠨ ᠦᠨᠡᠯᠡᠯᠲᠡ + ᠠᠵᠢᠯ ᠣᠯᠭᠤᠯᠲᠠ᠎ᠶ᠋ᠢᠨ ᠦᠶ᠋ᠯᠡᠴᠢᠯᠡᠭᠡ》 ᠳᠥᠷᠪᠡ᠎ᠶ᠋ᠢ ᠨᠢᠭᠡ ᠴᠤᠭ᠍ᠴᠠᠵᠢᠭᠤᠯᠤᠭ᠍ᠰᠠᠨ ᠲᠥᠷᠥᠯ ᠵᠦᠶ᠋ᠯᠴᠢᠯᠡᠭ᠌ᠰᠡᠨ ᠪᠣᠯᠪᠠᠰᠤᠷᠠᠯ᠎ᠤᠨ ᠵᠠᠭ᠍ᠪᠤᠷ᠎ᠢ ᠳᠥᠯᠭᠢᠨ ᠠᠬᠢᠭᠤᠯᠬᠤ ᠪᠣᠯ 《ᠤᠷ᠎ᠠ ᠮᠡᠷᠭᠡᠵᠢᠯ᠎ᠢᠶᠠᠷ ᠢᠷᠡᠭᠡᠳᠦᠶ᠎ᠪᠠᠨ ᠭᠡᠷᠡᠯᠲᠦᠭᠦᠯᠬᠦ᠌》 ᠪᠣᠯᠪᠠᠰᠤᠷᠠᠯ᠎ᠤᠨ ᠠᠵᠢᠯᠯᠠᠭ᠎ᠠ᠎ᠳᠤ ᠳᠤᠷᠠᠳᠤᠭ᠍ᠰᠠᠨ ᠨᠢᠭᠡ ᠵᠦᠶ᠋ᠯ᠎ᠤᠨ ᠴᠢᠬᠤᠯᠠ ᠠᠷᠭ᠎ᠠ ᠬᠡᠮᠵᠢᠶ᠎ᠡ ᠮᠥᠨ᠂ ᠬᠥᠳᠡᠯᠮᠦᠷᠢᠴᠢᠳ᠎ᠲᠤ ᠴᠢᠨᠠᠷ ᠰᠠᠢᠲᠠᠶ ᠪᠥᠭᠡᠳ ᠭᠦᠶ᠋ᠴᠡᠳ ᠠᠵᠢᠯ ᠣᠯᠭᠤᠬᠤ᠎ᠳᠤ ᠴᠢᠳᠠᠪᠤᠷᠢ ᠣᠯᠭᠤᠵᠤ᠂ ᠢᠯᠡᠭᠦᠸ᠋ ᠬᠥᠳᠡᠯᠮᠦᠷᠢᠯᠡᠭ᠌ᠰᠡᠳ᠎ᠲᠤ ᠢᠯᠡᠭᠦᠸ᠋ ᠠᠱᠢᠭ ᠣᠯᠭᠤᠵᠤ᠂ ᠮᠡᠷᠭᠡᠵᠢᠯ ᠥᠨᠳᠥᠷ ᠬᠥᠮᠦᠰ᠎ᠲᠤ ᠢᠯᠡᠭᠦᠸ᠋ ᠠᠱᠢᠭ ᠣᠯᠭᠤᠵᠤ᠂ ᠱᠢᠨ᠎ᠡ᠎ᠶ᠋ᠢ ᠡᠭᠦᠳᠦᠭ᠌ᠴᠢᠳ᠎ᠲᠤ ᠢᠯᠡᠭᠦᠸ᠋ ᠠᠱᠢᠭ ᠣᠯᠭᠤᠬᠤ᠎ᠶ᠋ᠢ ᠪᠡᠶᠡᠯᠡᠭᠦᠯᠬᠦ᠌᠎ᠳᠤ ᠬᠦᠴᠦᠨ ᠨᠡᠮᠡᠷᠢᠯᠡᠨ᠎ᠡ᠃ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠨᠢ ᠳᠥᠷᠪᠡ᠎ᠶ᠋ᠢ ᠨᠢᠭᠡ ᠴᠤᠭ᠍ᠴᠠᠵᠢᠭᠤᠯᠤᠭ᠍ᠰᠠᠨ ᠲᠥᠷᠥᠯ ᠵᠦᠢᠯᠴᠢᠯᠡᠭ᠌ᠰᠡᠨ ᠪᠣᠯᠪᠠᠰᠤᠷᠠᠯ᠎ᠤᠨ ᠵᠠᠭ᠍ᠪᠤᠷ᠎ᠢ ᠠᠬᠢᠭᠤᠯᠬᠤ ᠲᠠᠯ᠎ᠠ᠎ᠪᠠᠷ᠂ ᠡᠮᠦᠨ᠎ᠡ ᠲᠠᠨᠢᠯᠴᠠᠭᠤᠯᠤᠭ᠍ᠰᠠᠨ ᠠᠵᠢᠯ ᠣᠯᠭᠤᠯᠲᠠ᠎ᠶ᠋ᠢᠨ ᠪᠣᠯᠪᠠᠰᠤᠷᠠᠯ᠎ᠢ ᠨᠠᠷᠢᠯᠢᠭ ᠣᠨᠣᠴᠠᠲᠠᠶ᠎ᠪᠠᠷ ᠥᠷᠨᠢᠭᠦᠯᠬᠦ᠌ ᠬᠦᠰᠡᠯ ᠰᠠᠨᠠᠭ᠎ᠠ᠎ᠶ᠋ᠢ ᠣᠢᠯᠠᠭᠠᠵᠤ ᠵᠢᠭ᠍ᠰᠠᠭᠠᠬᠤ ᠪᠠ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠢ ᠵᠣᠬᠢᠶᠠᠨ ᠪᠠᠢᠭᠤᠯᠤᠨ ᠥᠷᠨᠢᠭᠦᠯᠬᠦ᠌ ᠬᠠᠮᠢᠶ᠎ᠠ ᠪᠦᠬᠦᠢ ᠠᠷᠭ᠎ᠠ ᠬᠡᠮᠵᠢᠶ᠎ᠡ᠎ᠠᠴᠠ ᠭᠠᠳᠠᠨ᠎ᠠ᠂ ᠤᠷ᠎ᠠ ᠮᠡᠷᠭᠡᠵᠢᠯ᠎ᠤᠨ ᠦᠨᠡᠯᠡᠯᠲᠡ ᠪᠠ ᠠᠵᠢᠯ ᠣᠯᠭᠤᠯᠲᠠ᠎ᠶ᠋ᠢᠨ ᠦᠢᠯᠡᠴᠢᠯᠡᠭᠡ᠎ᠳᠤ ᠴᠢᠭ᠌ᠯᠡᠭᠦᠯᠦᠨ᠂ ᠳᠣᠣᠷᠠᠬᠢ ᠠᠷᠭ᠎ᠠ ᠬᠡᠮᠵᠢᠶ᠎ᠡ᠎ᠨᠦᠭᠦᠳ᠎ᠢ ᠳᠤᠷᠠᠳᠴᠠᠶ᠄ ᠨᠢᠭᠡ᠎ᠳᠤ ᠬᠡᠷ ᠠᠬᠤᠶ᠎ᠶ᠋ᠢᠨ ᠦᠢᠯᠡᠴᠢᠯᠡᠭᠡᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ᠎ᠶ᠋ᠢ ᠵᠢᠷᠤᠮᠵᠢᠭᠤᠯᠵᠤ᠂ ᠠᠵᠢᠯ ᠮᠡᠷᠭᠡᠵᠢᠯ᠎ᠤᠨ ᠴᠢᠳᠠᠪᠤᠷᠢ᠎ᠪᠠᠷ ᠤᠳᠤᠷᠢᠳᠤᠮᠵᠢ ᠪᠣᠯᠭᠠᠭ᠍ᠰᠠᠨ ᠭᠡᠷ ᠠᠬᠤᠶ᠎ᠶ᠋ᠢᠨ ᠦᠢᠯᠡᠴᠢᠯᠡᠭᠡᠨ᠎ᠤ ᠠᠵᠢᠯ ᠮᠡᠷᠭᠡᠵᠢᠯ᠎ᠤᠨ ᠦᠨᠡᠯᠡᠯᠲᠡ᠎ᠶ᠋ᠢᠨ ᠲᠣᠭ᠍ᠲᠠᠴᠠ ᠪᠠ ᠠᠵᠢᠯ ᠮᠡᠷᠭᠡᠵᠢᠯ᠎ᠤᠨ ᠦᠨᠡᠯᠡᠯᠲᠡ᠎ᠶ᠋ᠢᠨ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠬᠡᠷ ᠠᠬᠤᠶ᠎ᠶ᠋ᠢᠨ ᠦᠢᠯᠡᠴᠢᠯᠡᠭᠡᠨ᠎ᠤ ᠨᠡᠢᠭᠡᠮ᠎ᠤᠨ ᠪᠣᠯᠪᠠᠰᠤᠷᠠᠯ᠎ᠤᠨ ᠦᠨᠡᠯᠡᠯᠲᠡ᠎ᠶ᠋ᠢ ᠵᠣᠬᠢᠶᠠᠨ ᠪᠠᠢᠭᠤᠯᠵᠤ ᠡᠯᠰᠡᠨ ᠴᠤᠭ᠍ᠯᠠᠭᠤᠯᠵᠤ ᠱᠢᠯᠢᠨ ᠰᠣᠩᠭᠤᠬᠤ ᠡᠷᠴᠢᠮ᠎ᠢ ᠴᠢᠩᠭᠠᠷᠠᠭᠤᠯᠵᠤ᠂ ᠨᠡᠢᠭᠡᠮᠴᠢᠯᠡᠭ᠌ᠰᠡᠨ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ᠎ᠶ᠋ᠢ ᠢᠳᠡᠪᠬᠢᠲᠡᠶ᠎ᠪᠠᠷ ᠠᠬᠢᠭᠤᠯᠤᠨ᠂ ᠪᠣᠯᠪᠠᠰᠤᠷᠠᠯ᠎ᠤᠨ ᠳᠠᠷᠠᠭᠠᠬᠢ ᠬᠥᠳᠡᠯᠮᠦᠷᠢᠴᠢᠳ᠎ᠢ ᠬᠥᠲᠥᠯᠦᠨ ᠵᠢᠯᠣᠭᠤᠳᠴᠤ᠌ ᠪᠠᠢᠭᠠᠳ ᠬᠡᠷ ᠠᠬᠤᠶ᠎ᠶ᠋ᠢᠨ ᠦᠢᠯᠡᠴᠢᠯᠡᠭᠡᠨ᠎ᠤ ᠬᠠᠮᠢᠶ᠎ᠠ ᠪᠥᠬᠦᠶ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ᠂ ᠲᠤᠰᠭᠠᠶ ᠵᠦᠶ᠋ᠯ᠎ᠤᠨ ᠠᠵᠢᠯ ᠮᠡᠷᠭᠡᠵᠢᠯ᠎ᠤᠨ ᠴᠢᠳᠠᠪᠤᠷᠢ᠎ᠶ᠋ᠢ ᠱᠢᠯᠭᠠᠨ ᠬᠢᠨᠠᠬᠤ᠎ᠳᠤ ᠣᠷᠣᠯᠴᠠᠭᠤᠯᠵᠤ᠂ ᠬᠠᠮᠢᠶ᠎ᠠ ᠪᠥᠬᠦᠶ ᠦᠨᠡᠮᠯᠡᠯ ᠣᠯᠭᠤᠵᠤ᠂ ᠦᠨᠡᠯᠡᠯᠲᠡ ᠨᠥᠬᠦᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠯ ᠶᠣᠰᠣᠭᠠᠷ ᠨᠠᠢᠳᠠᠪᠤᠷᠢᠵᠢᠭᠤᠯᠤᠨ᠎ᠠ᠃ ᠬᠤᠶᠠᠷ᠎ᠲᠤ ᠬᠡᠷ ᠠᠬᠤᠶ᠎ᠶ᠋ᠢᠨ ᠦᠢᠯᠡᠴᠢᠯᠡᠭᠡᠨ᠎ᠤ ᠬᠦᠷᠢᠶᠡᠨ᠎ᠳᠠᠬᠢ ᠠᠵᠢᠯ ᠣᠯᠭᠤᠯᠲᠠ᠎ᠶ᠋ᠢᠨ ᠦᠶ᠋ᠯᠡᠴᠢᠯᠡᠭᠡ᠎ᠶ᠋ᠢ ᠴᠢᠩᠭᠠᠳᠭᠠᠵᠤ᠂ ᠪᠣᠯᠪᠠᠰᠤᠷᠠᠯ᠎ᠤᠨ ᠳᠠᠷᠠᠭᠠᠬᠢ ᠬᠥᠳᠡᠯᠮᠦᠷᠢᠴᠢᠳ᠎ᠲᠤ ᠬᠡᠷ ᠠᠬᠤᠶ᠎ᠶ᠋ᠢᠨ ᠦᠢᠯᠡᠴᠢᠯᠡᠭᠡᠨ᠎ᠤ ᠬᠦᠷᠢᠶᠡᠨ᠎ᠳᠠᠬᠢ ᠠᠵᠢᠯ ᠣᠯᠭᠤᠯᠲᠠ᠎ᠶ᠋ᠢᠨ ᠵᠢᠯᠣᠭᠤᠳᠣᠯᠭ᠎ᠠ᠎ᠶ᠋ᠢ ᠴᠢᠩᠭᠠᠳᠭᠠᠨ᠂ ᠠᠵᠢᠯ ᠣᠯᠭᠤᠯᠲᠠ᠎ᠶ᠋ᠢ ᠵᠣᠯᠭᠠᠭᠤᠯᠬᠤ ᠦᠶ᠋ᠯᠡᠴᠢᠯᠡᠭᠡ᠎ᠶ᠋ᠢ ᠰᠠᠢᠲᠤᠷ ᠬᠢᠵᠦ᠍᠂ ᠬᠡᠷ ᠠᠬᠤᠶ᠎ᠶ᠋ᠢᠨ ᠦᠢᠯᠡᠴᠢᠯᠡᠭᠡᠨ᠎ᠤ ᠬᠥᠳᠡᠯᠮᠦᠷᠢ ᠦᠶ᠋ᠯᠡᠴᠢᠯᠡᠭᠡᠨ᠎ᠤ ᠨᠠᠷᠠᠲᠤ ᠲᠥᠷᠥᠯ ᠲᠡᠮᠳᠡᠭ᠌ᠲᠦ ᠠᠵᠤ ᠠᠬᠤᠢᠯᠠᠯ᠂ ᠡᠮᠡᠭ᠌ᠲᠡᠢᠴᠦᠳ᠎ᠤᠨ ᠬᠡᠷ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ ᠵᠡᠷᠭᠡ᠎ᠶ᠋ᠢᠨ ᠠᠵᠢᠯ ᠣᠯᠭᠤᠯᠲᠠ᠎ᠶ᠋ᠢᠨ ᠵᠢᠱ᠌ᠢᠶ᠎ᠡ ᠦᠵᠡᠭᠦᠯᠬᠦ᠌ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠥᠳᠡᠯᠮᠦᠷᠢᠴᠢᠳ᠎ᠢ ᠬᠥᠲᠥᠯᠦᠨ ᠵᠢᠯᠣᠭᠤᠳᠴᠤ᠌ ᠪᠠᠢᠭᠠᠳ ᠬᠡᠷ ᠠᠬᠤᠶ᠎ᠶ᠋ᠢᠨ ᠦᠢᠯᠡᠴᠢᠯᠡᠭᠡᠨ᠎ᠤ ᠬᠦᠷᠢᠶᠡᠨ᠎ᠳᠤ ᠠᠵᠢᠯ ᠣᠯᠭᠤᠯᠲᠠ᠎ᠶ᠋ᠢᠨ ᠵᠢᠱ᠌ᠢᠶ᠎ᠡ ᠦᠵᠡᠭᠦᠯᠬᠦ᠌ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠎ᠠ᠃ ᠭᠤᠷᠪᠠ᠎ᠳᠤ ᠪᠣᠯᠪᠠᠰᠤᠷᠠᠯ᠎ᠤᠨ ᠳᠠᠷᠠᠭᠠᠬᠢ ᠬᠡᠷ ᠠᠬᠤᠶ᠎ᠶ᠋ᠢᠨ ᠦᠢᠯᠡᠴᠢᠯᠡᠭᠡᠨ᠎ᠤ ᠠᠵᠢᠯᠲᠠᠨ᠎ᠤ ᠤᠷ᠎ᠠ ᠮᠡᠷᠭᠡᠵᠢᠯ᠎ᠤᠨ ᠲᠠᠰ᠂ ᠠᠵᠢᠯ ᠣᠯᠤᠭ᠍ᠰᠠᠨ ᠪᠠᠢᠳᠠᠯ᠂ ᠴᠠᠯᠢᠩ ᠬᠥᠯᠥᠰᠥ᠎ᠶ᠋ᠢᠨ ᠪᠠᠢᠳᠠᠯ᠎ᠢ ᠴᠠᠭ᠎ᠲᠤᠨᠢ ᠳᠣᠭᠢᠷᠠᠭᠤᠯᠤᠨ ᠮᠥᠷᠳᠡᠨ ᠣᠢᠯᠠᠭᠠᠵᠤ᠂ ᠪᠣᠯᠪᠠᠰᠤᠷᠠᠯ᠎ᠤᠨ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠬᠦ᠌ ᠠᠵᠢᠯ᠎ᠢ ᠰᠠᠢᠲᠤᠷ ᠬᠢᠨ᠎ᠡ᠃
    ᠠᠰᠠᠭᠤᠯᠲᠠ᠄ ᠲᠠᠷᠠᠭᠠᠴᠢ᠎ᠶ᠋ᠢᠨ ᠠᠯᠬᠤᠮ᠎ᠳᠤ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠶ᠋ᠢ ᠪᠦᠲᠦᠮᠵᠢᠲᠡᠶ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠲᠠᠯ᠎ᠠ᠎ᠪᠠᠷ ᠶᠠᠮᠠᠷ ᠶᠠᠮᠠᠷ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ ᠪᠠᠢᠬᠤ ᠪᠣᠶ?
    ᠬᠠᠷᠢᠭᠤᠯᠲᠠ᠄ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠳᠤ ᠳᠤᠷᠠᠳᠤᠭ᠍ᠰᠠᠨ ᠬᠠᠷᠠᠯᠲᠠ ᠡᠭᠦᠷᠭᠡ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠬᠡᠷ ᠠᠬᠤᠶ᠎ᠶ᠋ᠢᠨ ᠦᠢᠯᠡᠴᠢᠯᠡᠭᠡᠨ᠎ᠤ ᠪᠣᠯᠪᠠᠰᠤᠷᠠᠯ᠎ᠤᠨ ᠠᠵᠢᠯᠯᠠᠭ᠎ᠠ᠎ᠶ᠋ᠢ ᠳᠡᠮᠵᠢᠨ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠪᠠᠷ ᠳᠣᠥᠷᠠᠬᠢ ᠮᠡᠲᠦ ᠱᠠᠭᠠᠷᠳᠠᠯᠭ᠎ᠠ ᠳᠤᠷᠠᠳᠪᠠ᠃ ᠨᠢᠭᠡ᠎ᠳᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠶ᠋ᠢ ᠴᠢᠩᠭᠠᠳᠭᠠᠨ᠎ᠠ᠃ ᠡᠯ᠎ᠡ ᠭᠠᠵᠠᠷ᠎ᠨᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠢᠶᠠᠷ ᠲᠦᠷᠦᠭᠦᠯᠡᠭᠦᠯᠦᠭ᠌ᠰᠡᠨ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠂ ᠰᠤᠷᠭᠠᠨ ᠬᠥᠮᠦᠵᠢᠯ᠂ ᠬᠤᠳᠠᠯᠳᠤᠭᠠᠨ᠎ᠤ ᠶᠠᠪᠤᠳᠠᠯ᠂ ᠠᠵᠢᠯᠴᠢᠨ᠎ᠤ ᠡᠪᠯᠡᠯ᠂ ᠡᠮᠡᠭ᠌ᠲᠡᠢᠴᠦᠳ᠎ᠤᠨ ᠬᠤᠯᠪᠣᠭ᠎ᠠ ᠵᠡᠷᠭᠡ ᠰᠠᠯᠠᠭ᠎ᠠ ᠮᠥᠴᠢᠷ᠎ᠤᠳ ᠬᠠᠮᠳᠤᠷᠠᠨ ᠬᠠᠮᠵᠢᠯᠴᠠᠬᠤ ᠠᠵᠢᠯ᠎ᠤᠨ ᠲᠣᠭ᠍ᠲᠠᠴᠠ᠎ᠶ᠋ᠢ ᠲᠣᠳᠣᠷᠬᠠᠢᠯᠠᠵᠤ᠂ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠶ᠃ ᠬᠤᠶᠠᠷ᠎ᠲᠤ ᠪᠡᠯᠡ ᠮᠥᠩᠭᠦᠨ᠎ᠤ ᠪᠠᠲᠤᠯᠠᠭ᠎ᠠ᠎ᠶ᠋ᠢ ᠴᠢᠩᠭᠠᠳᠭᠠᠨ᠎ᠠ᠃ ᠶᠡᠭᠡ ᠬᠡᠪᠴᠢᠶᠡᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠢ ᠳᠡᠭᠡᠭ᠌ᠰᠢᠯᠡᠭᠦᠯᠬᠦ᠌ ᠪᠣᠯᠪᠠᠰᠤᠷᠠᠯ᠎ᠤᠨ ᠠᠵᠢᠯᠯᠠᠭ᠎ᠠ ᠪᠠ 《ᠤᠷ᠎ᠠ ᠮᠡᠷᠭᠡᠵᠢᠯ᠎ᠢᠶᠠᠷ ᠢᠷᠡᠭᠡᠳᠦᠶ᠎ᠪᠠᠨ ᠭᠡᠷᠡᠯᠲᠦᠭᠦᠯᠬᠦ᠌》 ᠪᠣᠯᠪᠠᠰᠤᠷᠠᠯ᠎ᠤᠨ ᠠᠵᠢᠯᠯᠠᠭ᠎ᠠ᠎ᠶ᠋ᠢ ᠥᠷᠨᠢᠭᠦᠯᠬᠦ᠌᠎ᠳᠤ ᠲᠣᠳᠣᠷᠬᠠᠢᠯᠠᠭ᠍ᠰᠠᠨ ᠪᠠᠯᠠ ᠮᠥᠩᠭᠦ᠎ᠶ᠋ᠢᠨ ᠪᠠᠲᠤᠯᠠᠭ᠎ᠠ ᠪᠠ ᠨᠥᠬᠦᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠶᠣᠰᠣᠭᠠᠷ᠂ ᠬᠡᠷ ᠠᠬᠤᠶ᠎ᠶ᠋ᠢᠨ ᠦᠢᠯᠡᠴᠢᠯᠡᠭᠡᠨ᠎ᠤ ᠨᠥᠬᠦᠪᠥᠷᠢ᠎ᠶ᠋ᠢᠨ ᠪᠣᠯᠪᠠᠰᠤᠷᠠᠯ᠎ᠢ ᠨᠢᠭᠡᠳᠦᠯᠲᠡᠶ ᠲᠥᠯᠥᠪᠯᠡᠨ ᠥᠷᠨᠢᠭᠦᠯᠦᠨ᠎ᠡ᠃ ᠬᠡᠷ ᠠᠬᠤᠶ᠎ᠶ᠋ᠢᠨ ᠦᠢᠯᠡᠴᠢᠯᠡᠭᠡᠨ᠎ᠤ ᠬᠥᠳᠡᠯᠮᠦᠷᠢ ᠬᠦᠴᠦᠨ᠎ᠢ ᠬᠡᠷᠡᠭ᠌ᠯᠡᠬᠦ᠌ ᠣᠨᠴᠠᠯᠢᠭ᠎ᠲᠠᠢ ᠤᠶᠠᠯᠳᠤᠭᠤᠯᠤᠨ᠂ ᠬᠡᠷ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ ᠬᠢᠭᠡᠳ ᠬᠡᠷ ᠠᠬᠤᠶ᠎ᠶ᠋ᠢᠨ ᠦᠢᠯᠡᠴᠢᠯᠡᠭᠡᠨ᠎ᠤ ᠠᠵᠢᠯᠲᠠᠨ ᠬᠥᠳᠡᠯᠮᠦᠷᠢ᠎ᠶ᠋ᠢᠨ ᠭᠡᠷ᠎ᠡ ᠪᠤᠶᠤ ᠦᠶ᠋ᠯᠡᠴᠢᠯᠡᠭᠡᠨ᠎ᠤ ᠬᠡᠯᠡᠯᠴᠡᠭᠡᠷ᠂ ᠴᠠᠯᠢᠩ᠎ᠤᠨ ᠴᠤᠪᠤᠷᠠᠯ ᠬᠠᠭᠤᠳᠠᠰᠤ ᠵᠡᠷᠭᠡ᠎ᠶ᠋ᠢ ᠦᠨᠳᠦᠰᠦᠯᠡᠨ ᠠᠵᠢᠯ ᠣᠯᠭᠤᠯᠲᠠ᠎ᠶ᠋ᠢᠨ ᠦᠨᠡᠯᠡᠨ ᠵᠢᠱ᠌ᠢᠯᠲᠡ᠎ᠶ᠋ᠢ ᠰᠠᠢᠲᠤᠷ ᠬᠢᠵᠦ᠍᠂ ᠪᠣᠯᠪᠠᠰᠤᠷᠠᠯ᠎ᠤᠨ ᠨᠥᠬᠦᠪᠥᠷᠢ᠎ᠶ᠋ᠢ ᠲᠣᠭ᠍ᠲᠠᠭᠠᠯ ᠶᠣᠰᠣᠭᠠᠷ ᠨᠠᠢᠳᠠᠪᠤᠷᠢᠵᠢᠭᠤᠯᠤᠨ᠎ᠠ ᠭᠡᠵᠦ᠍ ᠳᠤᠷᠠᠳᠤᠨ ᠭᠠᠷᠭᠠᠪᠠ᠃ ᠭᠤᠷᠪᠠ᠎ᠳᠤ ᠪᠣᠯᠪᠠᠰᠤᠷᠠᠯ᠎ᠤᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ 《ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠬᠠᠮᠢᠶᠠᠷᠤᠯᠲᠠ᠎ᠶ᠋ᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠤ ᠮᠡᠳᠡᠭ᠌ᠳᠡᠯ》 ᠎ᠤᠨ ᠱᠠᠭᠠᠷᠳᠠᠯᠭ᠎ᠠ ᠶᠣᠰᠣᠭᠠᠷ᠂ ᠬᠡᠷ ᠠᠬᠤᠶ᠎ᠶ᠋ᠢᠨ ᠦᠢᠯᠡᠴᠢᠯᠡᠭᠡᠨ᠎ᠤ ᠨᠥᠬᠦᠪᠥᠷᠢ᠎ᠶ᠋ᠢᠨ ᠪᠣᠯᠪᠠᠰᠤᠷᠠᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠶ᠋ᠢ ᠴᠢᠩᠭᠠᠳᠭᠠᠵᠤ᠂ ᠪᠣᠯᠪᠠᠰᠤᠷᠠᠯ᠎ᠤᠨ ᠶᠠᠰᠤ ᠴᠢᠨᠠᠷ᠎ᠢ ᠦᠨᠡᠨ ᠬᠦ᠌ ᠪᠠᠳᠤᠯᠠᠨ᠎ᠠ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            