ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠦᠬᠦ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠰᠢᠰᠲ᠋ᠧᠮ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ 《ᠬᠢᠵᠢᠭ》᠎ᠲᠠᠢ ᠲᠡᠮᠡᠴᠡᠬᠦ ᠦᠶ᠎ᠡ᠎ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠨ᠎ᠠ
ᠨᠡᠶ᠋ᠢᠲᠡᠯᠡᠭᠰᠡᠨ ᠴᠠᠭ᠄ 2022-10-10

        ᠣᠶ᠋ᠢᠷ᠎ᠠ᠎ᠳᠤ᠂ ᠰᠢᠨ᠎ᠡ ᠨᠢᠭᠡ ᠡᠭᠡᠯᠵᠢ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠳᠠᠭ᠋ᠠᠷᠢᠨ ᠢᠷᠡᠭᠰᠡᠨ᠎ᠨᠢ ᠮᠠᠨ᠎ᠤ ᠣᠷᠣᠨ᠎ᠤ ᠬᠡᠰᠡᠭ ᠠᠶ᠋ᠢᠮᠠᠭ ᠬᠣᠲᠠ ᠵᠢ 《ᠬᠢᠵᠢᠭ》᠎ᠲᠠᠢ ᠲᠡᠮᠡᠴᠡᠬᠦ ᠪᠠᠶ᠋ᠢᠳᠠᠯ᠎ᠳᠤ ᠣᠷᠣᠭᠤᠯᠪᠠ᠃ ᠬᠢᠵᠢᠭ᠎ᠤᠨ ᠪᠠᠶ᠋ᠢᠳᠠᠯ ᠭᠠᠷᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠣᠳᠣᠬᠠᠨ᠎ᠤ ᠬᠠᠮᠤᠭ᠎ᠤᠨ ᠴᠢᠬᠤᠯᠠ ᠤᠯᠤᠰ ᠲᠥᠷᠥ ᠵᠢᠨ ᠬᠠᠷᠢᠭᠤᠴᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠳᠠᠷᠤᠶ ᠲᠦᠷᠭᠡᠨ ᠬᠥᠳᠡᠯᠦᠯᠴᠡᠵᠦ᠂ ᠨᠠᠷᠢᠨ ᠨᠢᠮᠪᠠᠶ ᠪᠠᠶ᠋ᠢᠷᠢᠯᠠᠭᠤᠯᠵᠤ᠂ ᠲᠡᠷᠡ ᠳᠠᠷᠤᠶ᠎ᠳᠤᠨᠢ 《ᠴᠤᠭᠯᠠᠷᠠᠯ᠎ᠤᠨ ᠪᠦᠷᠢᠶ᠎ᠡ》 ᠪᠠ 《ᠳᠠᠶ᠋ᠢᠴᠢᠯᠠᠯᠲᠠ ᠵᠢᠨ ᠵᠠᠷᠯᠢᠭ》᠎ᠢ ᠬᠠᠩᠭᠢᠨᠠᠭᠤᠯᠵᠤ᠂ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷ᠎ᠢ ᠵᠣᠬᠢᠶᠠᠨ ᠪᠠᠶ᠋ᠢᠭᠤᠯᠤᠨ ᠳᠠᠶ᠋ᠢᠴᠢᠯᠠᠵᠤ ᠪᠠᠶ᠋ᠢᠭ᠋ᠠᠳ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠡᠮᠦᠨ᠎ᠡ᠎ᠨᠢ ᠭᠠᠪᠰᠢᠭ᠋ᠠᠶ᠋ᠢᠯᠠᠵᠤ᠂ ᠠᠷᠠᠳ ᠣᠯᠠᠨ᠎ᠲᠠᠢ ᠬᠠᠮᠲᠤ᠎ᠪᠠᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ 《ᠲᠡᠮᠦᠷ ᠬᠡᠷᠡᠮ ᠲᠡᠮᠦᠷ ᠬᠠᠨ᠎ᠠ》 ᠵᠢ ᠴᠣᠭᠴᠠᠯᠠᠵᠤ᠂ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠢ ᠬᠠᠮᠠᠭ᠋ᠠᠯᠠᠵᠤ᠂ ᠡᠨᠡ ᠬᠦ᠌ ᠠᠯᠲᠠᠨ ᠨᠠᠮᠤᠷ᠎ᠲᠤ ᠬᠠᠶ᠋ᠢᠷ᠎ᠠ ᠬᠠᠯᠠᠮᠵᠢ ᠵᠢ ᠤᠯᠭᠤᠭᠰᠠᠨ ᠪᠠᠶ᠋ᠢᠨ᠎ᠠ᠃
       ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠄ 《ᠳᠦᠷᠭᠡᠨ ᠳᠠᠷᠤᠪᠴᠢ》 ᠵᠢ ᠬᠥᠳᠡᠯᠭᠡᠵᠦ ᠨᠢᠭᠡ ᠬᠣᠲᠠ ᠵᠢ ᠰᠠᠬᠢᠨ ᠬᠠᠮᠠᠭ᠋ᠠᠯᠠᠨ᠎ᠠ
       ᠬᠢᠵᠢᠭ᠎ᠤᠨ ᠪᠠᠶ᠋ᠢᠳᠠᠯ ᠪᠣᠯ ᠵᠠᠷᠯᠢᠭ᠂ ᠰᠡᠷᠭᠡᠶ᠋ᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠢᠵᠢᠭ᠎ᠢ ᠰᠡᠷᠭᠡᠶ᠋ᠢᠯᠡᠬᠦ ᠪᠠᠶ᠋ᠢᠳᠠᠯ᠎ᠤᠨ ᠡᠮᠦᠨ᠎ᠡ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠪᠠᠶ᠋ᠢᠷᠢᠯᠠᠭᠤᠯᠤᠯᠲᠠ ᠬᠢᠵᠦ᠂ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ ᠰᠠᠨᠠᠭ᠋ᠠᠴᠢᠯᠠᠭ᠎ᠠ ᠭᠠᠷᠭ᠋ᠠᠵᠤ᠂ ᠲᠢᠩᠬᠢᠮ᠎ᠤᠨ ᠪᠠᠶ᠋ᠢᠭᠤᠯᠭ᠎ᠠ ᠵᠢᠴᠢ ᠬᠠᠷᠢᠶ᠎ᠠ ᠨᠢᠭᠡᠴᠢ ᠵᠢᠨ ᠨᠠᠮ᠎ᠤᠨ ᠭᠡᠰᠢᠭᠦᠨ᠂ ᠺᠠᠳ᠋ᠷ ᠢᠳᠡᠪᠬᠢᠲᠡᠶ᠎ᠪᠠᠷ ᠨᠡᠷ᠎ᠡ ᠮᠡᠳᠡᠭᠦᠯᠵᠦ᠂ ᠳᠠᠷᠤᠶ ᠲᠦᠷᠭᠡᠨ ᠴᠤᠭᠯᠠᠷᠠᠵᠤ᠂ ᠳᠠᠭ᠋ᠠᠭ᠋ᠠᠴᠢᠯᠠᠨ ᠬᠠᠷᠢᠯᠴᠠᠬᠤ ᠨᠡᠶ᠋ᠢᠭᠡᠮ ᠲᠣᠭᠣᠷᠢᠭ ᠪᠣᠯᠤᠨ ᠰᠠᠭᠤᠭ᠎ᠠ ᠰᠠᠭᠤᠭ᠋ᠠᠯᠢ ᠠᠷᠠᠳ᠎ᠤᠨ ᠲᠣᠭᠣᠷᠢᠭ᠎ᠤᠨ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠣᠷᠣᠯᠴᠠᠵᠤ᠂ ᠰᠢᠯᠭ᠋ᠠᠨ ᠪᠠᠶ᠋ᠢᠴᠠᠭ᠋ᠠᠭᠰᠠᠨ ᠮᠡᠳᠡᠭᠡ ᠵᠠᠩᠭᠢ ᠵᠢ ᠣᠷᠣᠭᠤᠯᠬᠤ᠂ ᠡᠮᠬᠢ ᠳᠢᠭᠯᠢᠮ᠎ᠢ ᠬᠠᠮᠠᠭ᠋ᠠᠯᠠᠬᠤ᠂ ᠲᠤᠬᠠᠶ ᠵᠢᠨ ᠲᠠᠯᠠᠪᠠᠶ᠎ᠳᠤ ᠠᠷᠢᠭᠤᠳᠬᠠᠬᠤ᠂ ᠨᠡᠶ᠋ᠢᠭᠡᠮ ᠲᠣᠭᠣᠷᠢᠭ᠎ᠤᠨ ᠵᠢᠵᠢᠭᠦᠷᠯᠡᠨ ᠰᠠᠬᠢᠬᠤ ᠵᠡᠷᠭᠡ ᠠᠵᠢᠯ᠎ᠢ ᠬᠠᠪᠰᠤᠷᠤᠨ ᠰᠠᠶ᠋ᠢᠲᠤᠷ ᠬᠢᠵᠦ᠂ ᠨᠡᠶ᠋ᠢᠭᠡᠮ ᠲᠣᠭᠣᠷᠢᠭ᠎ᠤᠨ ᠠᠵᠢᠯᠲᠠᠳ᠎ᠲᠠᠢ ᠬᠠᠮᠲᠤ᠎ᠪᠠᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠨᠢᠭᠡᠳᠦᠭᠡᠷ ᠰᠡᠷᠭᠡᠶ᠋ᠢᠯᠡᠯᠲᠡ ᠵᠢᠨ ᠱᠤᠭᠤᠮ᠎ᠢ ᠴᠣᠭᠴᠠᠯᠠᠪᠠ᠃ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠂ ᠨᠡᠶ᠋ᠢᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠴᠦᠨ ᠢᠥᠢ ᠨᠡᠶ᠋ᠢᠭᠡᠮ ᠲᠣᠭᠣᠷᠢᠭ᠂ ᠰᠢᠩ ᠾᠦᠸᠸ ᠰᠢᠶᠠᠩ ᠨᠡᠶ᠋ᠢᠭᠡᠮ ᠲᠣᠭᠣᠷᠢᠭ᠎ᠲᠤ ᠨᠡᠢ᠍ᠢ᠍ᠳᠡ 1.5 ᠲᠦᠮᠡ ᠭᠠᠷᠤᠢ ᠲᠥᠭᠥᠷᠢᠭ᠎ᠤᠨ ᠬᠢᠵᠢᠭ᠎ᠢ ᠰᠡᠷᠭᠡᠶ᠋ᠢᠯᠡᠬᠦ ᠡᠳ᠋ ᠪᠣᠳᠠᠰ ᠪᠣᠯᠤᠨ ᠲᠦᠬᠦᠮ ᠢᠳᠡᠭᠡᠨ ᠬᠠᠨᠳᠢᠪᠯᠠᠵᠤ᠂  ᠬᠠᠨᠳᠢᠪ᠎ᠤᠨ ᠭᠡᠷᠡᠯ ᠵᠶ᠋ᠠᠷ ᠡᠨᠡ ᠨᠠᠮᠤᠷ᠎ᠢ ᠳᠤᠯᠠᠭ᠋ᠠᠴᠠᠭᠤᠯᠪᠠ᠃

 


 凝聚人社力量 彰显担当作为1.png


凝聚人社力量 彰显担当作为2.jpg


        ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠄ ᠬᠢᠵᠢᠭ᠎ᠢ ᠲᠤᠰᠠᠭ᠋ᠠᠷᠯᠠᠭᠰᠠᠨ ᠴᠤ᠌ ᠠᠷᠠᠳ᠎ᠤᠨ ᠪᠠᠶ᠋ᠢᠳᠠᠯ᠎ᠢ ᠥᠯᠥ ᠲᠤᠰᠠᠭ᠋ᠠᠷᠯᠠᠨ᠎ᠠ
       ᠨᠠᠮ᠎ᠤᠨ ᠲᠤᠭ᠎ᠤᠨ ᠵᠢᠭ᠋ᠠᠭᠰᠠᠨ ᠴᠢᠭᠯᠡᠯ ᠪᠤᠯ ᠳᠠᠷᠤᠢ ᠤᠷᠤᠭᠰᠢᠯᠠᠯᠳᠠ ᠵᠢᠨ ᠴᠢᠭᠯᠡᠯ ᠮᠦᠨ᠃ ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠬᠣᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠠᠮᠤᠭ᠎ᠤᠨ ᠲᠡᠷᠢᠭᠦᠨ᠎ᠳᠤ ᠳᠠᠭ᠋ᠠᠭ᠋ᠠᠴᠢᠯᠠᠨ ᠬᠣᠯᠪᠣᠭ᠋ᠠᠯᠠᠬᠤ ᠵᠡᠭᠡᠯᠢ᠎ᠳᠠᠬᠢ ᠬᠡᠷᠡᠭ ᠡᠷᠬᠢᠯᠡᠬᠦ ᠭᠠᠵᠠᠷ ᠵᠡᠷᠭᠡ 5 ᠨᠡᠶ᠋ᠢᠭᠡᠮ ᠲᠣᠭᠣᠷᠢᠭ᠎ᠲᠠᠢ ᠵᠣᠯᠭ᠋ᠠᠭᠤᠯᠵᠤ᠂ ᠲᠣᠪᠴᠢᠶᠠᠨ᠎ᠤ ᠬᠠᠷᠢᠶ᠎ᠠ ᠡᠯ᠎ᠡ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠶ᠋ᠢᠭᠤᠯᠵᠤ ᠨᠢᠭᠡᠳᠦᠭᠡᠷ ᠹᠷᠣᠨᠲ᠎ᠲᠤ ᠪᠠᠭᠤᠯᠭ᠋ᠠᠵᠤ᠂ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠠᠵᠢᠯ᠎ᠳᠤ ᠪᠥᠬᠥ ᠬᠦᠴᠦᠨ ᠵᠶ᠋ᠠᠷ ᠵᠶ᠋ᠠᠨ ᠬᠠᠮᠵᠢᠯᠴᠠᠪᠠ᠃ ᠡᠨᠡ ᠬᠤᠭᠤᠴᠠᠭ᠋ᠠᠨ᠎ᠳᠤ᠂ ᠬᠥᠳᠡᠯᠮᠦᠷᠢ ᠵᠢᠨ ᠴᠡᠴᠡᠷᠯᠢᠭ ᠰᠠᠭᠤᠭ᠋ᠠᠯᠢ ᠠᠷᠠᠳ᠎ᠤᠨ ᠲᠣᠭᠣᠷᠢᠭ᠎ᠢ ᠪᠢᠲᠡᠭᠦᠮᠵᠢᠯᠡᠨ ᠡᠵᠡᠮᠳᠡᠵᠦ᠂ ᠲᠤᠰ ᠰᠠᠭᠤᠭ᠋ᠠᠯᠢ ᠠᠷᠠᠳ᠎ᠤᠨ ᠲᠣᠭᠣᠷᠢᠭ᠎ᠲᠤ ᠰᠠᠭᠤᠵᠤ ᠪᠠᠶ᠋ᠢᠭ᠎ᠠ ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶᠠᠨ᠎ᠤ 28 ᠨᠠᠮ᠎ᠤᠨ ᠭᠡᠰᠢᠭᠦᠨ ᠺᠠᠳ᠋ᠷ ᠦᠳᠲᠡᠷ ᠲᠦᠷᠭᠡᠨ ᠬᠥᠳᠡᠯᠦᠯᠴᠡᠵᠦ᠂ ᠪᠡᠶ᠎ᠡ ᠵᠢᠨ ᠭᠠᠷᠤᠯ ᠵᠶ᠋ᠠᠨ ᠲᠣᠳᠣᠷᠬᠠᠶ᠋ᠢᠯᠠᠵᠤ᠂ ᠶᠢᠩ ᠰᠢᠨ ᠵᠠᠮ᠎ᠤᠨ ᠬᠡᠷᠡᠭ ᠡᠷᠬᠢᠯᠡᠬᠦ ᠭᠠᠵᠠᠷ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠬᠢᠵᠢᠭ᠎ᠲᠠᠢ ᠲᠡᠮᠡᠴᠡᠬᠦ ᠲᠦᠷ ᠴᠠᠭ᠎ᠤᠨ ᠨᠠᠮ᠎ᠤᠨ ᠡᠭᠦᠷ᠎ᠢ ᠰᠤᠳᠤᠯᠤᠨ ᠪᠠᠶ᠋ᠢᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠲᠣᠳᠣᠷᠬᠠᠶ᠋ᠢᠯᠠᠨ᠂ ᠡᠭᠦᠷᠭᠡ ᠪᠠᠶ᠋ᠢᠷᠢᠯᠠᠭᠤᠯᠵᠤ᠂ ᠨᠠᠮ᠎ᠤᠨ ᠲᠤᠭ᠎ᠢ 《ᠬᠢᠵᠢᠭ》᠎ᠲᠠᠢ ᠲᠡᠮᠡᠴᠡᠬᠦ ᠡᠮᠦᠨ᠎ᠡ ᠹᠷᠣᠨᠲ᠎ᠲᠤ ᠥᠨᠳᠥᠷ ᠨᠠᠮᠢᠷᠠᠭᠤᠯᠵᠤ᠂ ᠨᠠᠮ᠎ᠤᠨ ᠰᠦᠯᠳᠡ ᠵᠢ 《ᠬᠢᠵᠢᠭ》᠎ᠲᠠᠢ ᠲᠡᠮᠡᠴᠡᠬᠦ ᠡᠮᠦᠨ᠎ᠡ ᠹᠷᠣᠨᠲ᠎ᠲᠤ ᠭᠢᠯᠠᠯᠵᠠᠭᠤᠯᠪᠠ᠃


凝聚人社力量 彰显担当作为3.png

 


       ᠪᠤᠭᠤᠲᠤ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠄ ᠦᠨᠡᠨᠴᠢ ᠰᠢᠳᠤᠷᠭᠤ ᠪᠠ ᠡᠭᠦᠷᠭᠡᠯᠡᠯ ᠵᠶ᠋ᠠᠷ ᠬᠢᠵᠢᠭ᠎ᠲᠠᠢ ᠲᠡᠮᠡᠴᠡᠬᠦ ᠨᠢᠭᠡᠳᠦᠭᠡᠷ ᠹᠷᠣᠨᠲ᠎ᠲᠤ ᠭᠠᠪᠰᠢᠭ᠋ᠠᠢ᠌ᠯᠠᠨ᠎ᠠ
       ᠪᠤᠭᠤᠲᠤ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ᠎ᠤ ᠤᠷᠢᠶᠠᠯᠠᠭ᠎ᠠ ᠵᠢ ᠢᠳᠡᠪᠬᠢᠲᠡᠶ ᠴᠤᠤᠷᠢᠶᠠᠲᠤᠨ ᠳᠠᠭ᠋ᠠᠵᠤ᠂ ᠲᠡᠷᠡ ᠳᠠᠷᠤᠶ᠎ᠳᠤᠨᠢ ᠬᠥᠨᠳᠡᠯᠡᠨ ᠲᠣᠭᠣᠷᠢᠭ᠂ ᠴᠢᠩᠱ᠌ᠠᠨ ᠲᠣᠭᠣᠷᠢᠭ᠂ ᠵᠢᠦᠶᠤᠸᠠᠨ ᠲᠣᠭᠣᠷᠢᠭ᠂ ᠳ᠋ᠦᠩ ᠾᠧ ᠲᠣᠭᠣᠷᠢᠭ᠂ ᠬᠣᠪᠣᠷ ᠰᠢᠷᠣᠶ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ 5 ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠠᠩᠭᠢ (ᠲᠦᠷ ᠴᠠᠭ᠎ᠤᠨ ᠨᠠᠮ᠎ᠤᠨ ᠡᠭᠦᠷ)᠂ 150 ᠭᠠᠷᠤᠶ ᠨᠠᠮ᠎ᠤᠨ ᠭᠡᠰᠢᠭᠦᠨ ᠺᠠᠳ᠋ᠷ 《ᠬᠢᠵᠢᠭ》᠎ᠤᠨ ᠠᠵᠢᠯ᠎ᠳᠤ ᠰᠢᠭᠤᠷᠬᠠᠶ᠋ᠢᠯᠠᠨ ᠣᠷᠣᠯᠴᠠᠵᠤ᠂ ᠲᠤᠬᠠᠶ ᠵᠢᠨ ᠭᠠᠵᠠᠷ᠎ᠤᠨ ᠣᠶ᠋ᠢᠷ᠎ᠠ ᠬᠠᠪᠢ ᠵᠢᠨ ᠨᠡᠶ᠋ᠢᠭᠡᠮ ᠲᠣᠭᠣᠷᠢᠭ᠎ᠲᠤ ᠬᠦᠷᠴᠦ ᠨᠡᠷ᠎ᠡ ᠮᠡᠳᠡᠭᠦᠯᠦᠨ ᠰᠠᠶ᠋ᠢᠨ ᠲᠤᠷᠠᠴᠤᠳ ᠪᠣᠯᠵᠣ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠢᠳᠡᠪᠬᠢᠲᠡᠶ ᠣᠷᠣᠯᠴᠠᠨ᠂ 《ᠬᠢᠵᠢᠭ》᠎ᠲᠠᠢ ᠲᠡᠮᠡᠴᠡᠬᠦ ᠡᠮᠦᠨ᠎ᠡ ᠹᠷᠣᠨᠲ᠎ᠲᠤ ᠨᠠᠮ᠎ᠤᠨ ᠭᠡᠰᠢᠭᠦᠨ᠎ᠤ ᠬᠡᠪ ᠴᠢᠨᠠᠷ ᠵᠶ᠋ᠠᠨ ᠳᠠᠪᠲᠠᠨ ᠪᠣᠯᠪᠠᠰᠤᠷᠠᠭᠤᠯᠵᠤ᠂ ᠣᠯᠠᠨ ᠲᠦᠮᠡᠨ᠎ᠳᠤ ᠦᠢ᠍ᠯᠡᠴᠢᠯᠡᠬᠦ ᠳᠤᠮᠳᠠ ᠣᠭ ᠰᠠᠨᠠᠭ᠎ᠠ ᠣᠭ ᠰᠠᠨᠠᠭ᠎ᠠ᠎ᠪᠠᠨ ᠢᠯᠡᠷᠡᠭᠦᠯᠵᠡᠶ᠃ ᠲᠣᠪᠴᠢᠶ᠎ᠠ ᠵᠢᠨ ᠪᠠᠶ᠋ᠢᠭᠤᠯᠭ᠎ᠠ ᠵᠢᠨ ᠬᠣᠶᠠᠳᠤᠭ᠋ᠠᠷ ᠡᠭᠦᠷ᠎ᠤᠨ ᠨᠠᠮ᠎ᠤᠨ ᠭᠡᠰᠢᠭᠦᠨ ᠭᠦᠸᠧ ᠶᠦᠩ ᠬᠥᠨᠳᠡᠯᠡᠨ ᠲᠣᠭᠣᠷᠢᠭ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠠᠩᠭᠢ ᠵᠢᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠡᠪ ᠬᠠᠮᠲᠤ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠳᠦᠷ ᠪᠦᠷᠢ ᠵᠢᠨ ᠥᠷᠯᠥᠭᠡ ᠵᠢᠨ 5 ᠴᠠᠭ᠎ᠲᠤ ᠨᠡᠶ᠋ᠢᠭᠡᠮ ᠲᠣᠭᠣᠷᠢᠭ᠎ᠤᠨ ᠪᠥᠭᠡᠮ ᠬᠦᠴᠢᠯ᠎ᠢ ᠰᠢᠯᠭ᠋ᠠᠨ ᠪᠠᠶ᠋ᠢᠴᠠᠭ᠋ᠠᠬᠤ ᠴᠡᠭ᠎ᠤᠨ ᠲᠤᠬᠠᠶ ᠵᠢᠨ ᠲᠠᠯᠠᠪᠠᠶ᠎ᠳᠤ ᠬᠦᠷᠴᠦ ᠡᠮᠬᠢ ᠵᠢᠷᠤᠮ᠎ᠢ ᠪᠠᠲᠤᠯᠠᠵᠤ᠂ ᠭᠠᠷ ᠤᠲᠠᠰᠤ᠎ᠪᠠᠷ ᠡᠷᠡᠭᠦᠯ ᠮᠡᠨᠳᠦ ᠵᠢᠨ ᠺᠣᠳ᠋ ᠵᠶ᠋ᠠᠨ ᠰᠢᠷᠪᠢᠵᠦ᠂ ᠬᠤᠪᠢ ᠬᠥᠮᠦᠨ᠎ᠤ ᠮᠡᠳᠡᠭᠡ ᠵᠠᠩᠭᠢ᠎ᠪᠠᠨ ᠰᠢᠩᠭᠡᠭᠡᠵᠦ᠂ ᠨᠠᠭ᠋ᠠᠯᠲᠠ ᠲᠠᠷᠬᠠᠭ᠋ᠠᠵᠤ᠂ ᠵᠠᠭᠪᠤᠷ ᠠᠪᠬᠤ ᠬᠤᠷᠤᠭᠤ ᠰᠢᠯ ᠵᠶ᠋ᠠᠨ ᠰᠣᠯᠢᠵᠤ᠂ ᠠᠳᠠᠯᠢᠬᠠᠨ ᠬᠥᠳᠡᠯᠦᠯ᠎ᠢ ᠬᠡᠳᠦᠨ ᠮᠢᠩᠭ᠋ᠠᠨ ᠤᠳᠠᠭ᠎ᠠ ᠳᠠᠪᠲᠠᠵᠤ᠂ ᠪᠡᠶ᠎ᠡ᠎ᠨᠢ ᠱᠠᠷᠬᠢᠷᠠᠨ ᠡᠪᠡᠳᠴᠦ᠂ ᠭᠠᠷ᠎ᠨᠢ  ᠮᠢᠨᠴᠦᠭᠦᠷᠦᠭᠰᠡᠨ ᠴᠤ᠌᠂ ᠭᠠᠯ ᠹᠷᠣᠨᠲ᠎ᠠᠴᠠ ᠰᠠᠯᠬᠤ ᠥᠬᠡᠶ ᠪᠠᠶ᠋ᠢᠪᠠ᠃

凝聚人社力量 彰显担当作为4.png

        ᠬᠥᠯᠥᠨ ᠪᠣᠶ᠋ᠢᠷ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠄ ᠬᠠᠬᠢᠷ ᠬᠦᠢ᠍ᠳᠡᠨ ᠬᠢᠵᠢᠭ᠎ᠲᠠᠢ ᠲᠡᠮᠡᠴᠡᠬᠦ ᠰᠡᠳᠬᠢᠯ᠎ᠢ ᠬᠣᠷᠢᠭᠯᠠᠵᠤ ᠴᠢᠳᠠᠬᠤ ᠥᠬᠡᠶ
       ᠨᠠᠮᠤᠷ᠎ᠤᠨ ᠰᠡᠭᠦᠯᠴᠢ᠎ᠪᠠᠷ ᠬᠥᠯᠥᠨ ᠪᠤᠢ᠍ᠢ᠍ᠷ᠎ᠲᠤ ᠠᠭ᠋ᠠᠷ᠎ᠤᠨ ᠳᠤᠯᠠᠭ᠋ᠠᠨ ᠲᠦᠷᠭᠡᠨ ᠪᠠᠭᠤᠷᠠᠵᠤ᠂ ᠬᠠᠬᠢᠷ ᠬᠦᠢ᠍ᠳᠡᠨ ᠪᠠᠶ᠋ᠢᠯ᠎ᠠ᠃ 10 ᠳ᠋ᠤᠭ᠋ᠠᠷ ᠰᠠᠷ᠎ᠠ ᠵᠢᠨ 7᠎ᠤ ᠡᠳᠦᠷ᠂ ᠬᠥᠯᠥᠨ ᠪᠣᠶ᠋ᠢᠷ ᠬᠣᠲᠠ ᠵᠢᠨ ᠬᠠᠶ᠋ᠢᠯᠠᠷ ᠲᠣᠭᠣᠷᠢᠭ ᠲᠦᠷ ᠴᠠᠭ᠎ᠤᠨ ᠪᠥᠬᠥ ᠣᠷᠣᠨ ᠪᠦᠰᠡ ᠵᠢᠨ ᠨᠠᠮ ᠵᠢᠮ ᠬᠠᠮᠢᠶᠠᠷᠤᠯᠲᠠ ᠵᠢᠨ ᠬᠤᠭᠤᠴᠠᠭ᠋ᠠᠨ᠎ᠳᠤ ᠣᠷᠣᠪᠠ᠃ ᠲᠣᠰ ᠣᠷᠣᠶ᠂ ᠬᠥᠯᠥᠨ ᠪᠣᠶ᠋ᠢᠷ ᠬᠣᠲᠠ ᠵᠢᠨ ᠲᠣᠪᠴᠢᠶ᠎ᠠ ᠵᠢᠨ 12 ᠰᠠᠶ᠋ᠢᠨ ᠳᠤᠷᠠᠴᠤᠳ ᠬᠠᠬᠢᠷ ᠬᠦᠢ᠍ᠳᠡᠨ᠎ᠠᠴᠠ ᠠᠶᠤᠬᠤ ᠥᠬᠡᠶ᠎ᠪᠠᠷ ᠬᠠᠮᠤᠭ᠎ᠤᠨ ᠲᠡᠷᠢᠭᠦᠨ᠎ᠳᠤ ᠳᠠᠭ᠋ᠠᠭ᠋ᠠᠴᠢᠯᠠᠨ ᠬᠠᠷᠢᠯᠴᠠᠬᠤ ᠬᠠᠶ᠋ᠢᠯᠠᠷ ᠲᠣᠭᠣᠷᠢᠭ᠎ᠤᠨ ᠢ ᠯᠦᠩ ᠶᠤᠸᠠᠨ ᠰᠠᠭᠤᠭ᠋ᠠᠯᠢ ᠠᠷᠠᠳ᠎ᠤᠨ ᠲᠣᠭᠣᠷᠢᠭ᠂ ᠢᠯᠴᠢ ᠵᠢᠨ ᠴᠠᠬᠢᠯᠭ᠋ᠠᠨ᠎ᠤ ᠰᠠᠭᠤᠭ᠋ᠠᠯᠢ ᠠᠷᠠᠳ᠎ᠤᠨ ᠲᠣᠭᠣᠷᠢᠭ᠂ ᠪᠦᠷᠢᠨ ᠪᠠᠷᠠᠭ᠋ᠠᠲᠤ ᠰᠠᠭᠤᠭ᠋ᠠᠯᠢ ᠠᠷᠠᠳ᠎ᠤᠨ ᠲᠣᠭᠣᠷᠢᠭ᠎ᠲᠤ ᠬᠦᠷᠴᠦ ᠰᠠᠶ᠋ᠢᠨ ᠳᠤᠷ᠎ᠠ ᠵᠢᠨ ᠦᠢ᠍ᠯᠡᠴᠢᠯᠡᠭᠡ ᠥᠷᠨᠢᠭᠦᠯᠵᠦ᠂ ᠡᠮᠬᠢ ᠳᠢᠭᠯᠢᠮ᠎ᠤᠨ 《ᠳᠠᠭ᠋ᠠᠭᠤᠯᠤᠭᠴᠢ》᠂ ᠲᠥᠷᠥ ᠵᠢᠨ ᠪᠣᠳᠣᠯᠭ᠎ᠠ ᠵᠢᠨ 《ᠲᠠᠶ᠋ᠢᠯᠪᠤᠷᠢᠯᠠᠭᠴᠢ》᠂ ᠪᠠᠭᠤᠷᠠᠶ᠋ᠢᠴᠤᠤᠯ᠎ᠤᠨ 《ᠦᠢ᠍ᠯᠡᠴᠢᠯᠡᠭᠴᠢ》 ᠪᠤᠯᠵᠤ᠂ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ᠂ ᠡᠮᠬᠢ ᠳᠢᠭᠯᠢᠮ᠎ᠤᠨ ᠬᠠᠮᠠᠭ᠋ᠠᠯᠠᠯᠲᠠ᠂ ᠬᠢᠵᠢᠭ᠎ᠢ ᠰᠡᠷᠭᠡᠶ᠋ᠢᠯᠡᠬᠦ ᠤᠬᠠᠭᠤᠯᠭ᠎ᠠ ᠵᠡᠷᠭᠡ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠢ ᠪᠠᠲᠤ ᠰᠠᠬᠢᠵᠤ᠂ ᠬᠢᠵᠢᠭ᠎ᠲᠠᠢ ᠲᠡᠮᠡᠴᠡᠬᠦ 《ᠤᠯᠠᠭ᠋ᠠᠨ ᠰᠡᠷᠭᠡᠶ᠋ᠢᠯᠡᠯᠲᠡ ᠵᠢᠨ ᠱᠤᠭᠤᠮ》᠎ᠢ ᠬᠠᠮᠲᠤ᠎ᠪᠠᠷ ᠴᠣᠭᠴᠠᠯᠠᠬᠤ ᠬᠠᠷᠢᠭᠤᠴᠠᠯᠭ᠎ᠠ ᠵᠢ ᠪᠠᠲᠤ ᠰᠠᠬᠢᠵᠤ᠂ ᠰᠠᠭᠤᠭ᠋ᠠᠯᠢ ᠠᠷᠠᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠢ ᠬᠠᠮᠠᠭ᠋ᠠᠯᠠᠪᠠ᠃ ᠬᠢᠵᠢᠭ᠎ᠤᠨ ᠪᠠᠶ᠋ᠢᠳᠠᠯ᠎ᠤᠨ ᠬᠥᠭᠵᠢᠯᠲᠡ ᠵᠢ ᠳᠠᠭ᠋ᠠᠯᠳᠤᠨ᠂ ᠬᠣᠲᠠ ᠵᠢᠨ ᠨᠠᠮ᠎ᠤᠨ ᠬᠣᠷᠢᠶᠠᠨ᠎ᠤ ᠨᠠᠮ᠎ᠤᠨ ᠪᠠᠶ᠋ᠢᠭᠤᠯᠤᠯᠲᠠ ᠵᠢᠨ 《ᠨᠢᠭᠡ ᠴᠣᠭᠴᠠᠵᠢᠭᠰᠠᠨ ᠣᠯᠠᠨ ᠡᠰᠢᠲᠦ᠂ ᠡᠩ᠎ᠤᠨ ᠪᠠ ᠪᠠᠴᠢᠮ ᠪᠠᠶ᠋ᠢᠳᠠᠯ᠎ᠢ ᠤᠶᠠᠯᠳᠤᠭᠤᠯᠬᠤ》 ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠬᠥᠯᠥᠨ ᠪᠣᠶ᠋ᠢᠷ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ᠎ᠬᠢᠨ 64 ᠨᠠᠮ᠎ᠤᠨ ᠡᠭᠦᠷ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠶ᠋ᠢᠭᠤᠯᠵᠤ ᠳᠠᠭ᠋ᠠᠭ᠋ᠠᠴᠢᠯᠠᠨ ᠬᠠᠷᠢᠯᠴᠠᠬᠤ ᠨᠡᠶ᠋ᠢᠭᠡᠮ ᠲᠣᠭᠣᠷᠢᠭ ᠵᠢᠴᠢ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠣᠷᠣᠯᠴᠠᠭᠤᠯᠵᠤ᠂ ᠬᠠᠪᠰᠤᠷᠤᠯᠭ᠎ᠠ ᠬᠡᠷᠡᠭᠰᠡᠬᠦ ᠣᠯᠠᠨ ᠲᠦᠮᠡᠨ᠎ᠳᠤ ᠬᠠᠶ᠋ᠢᠷ᠎ᠠ ᠬᠠᠯᠠᠮᠵᠢ ᠬᠦᠷᠭᠡᠪᠡ᠃


 

凝聚人社力量 彰显担当作为5.jpg

 

      ᠬᠢᠩᠭ᠋ᠠᠨ ᠠᠶ᠋ᠢᠮᠠᠭ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ

ᠲᠣᠪᠴᠢᠶ᠎ᠠ᠄ ᠬᠢᠵᠢᠭ᠎ᠤᠨ ᠪᠠᠶ᠋ᠢᠳᠠᠯ᠎ᠳᠤ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠤᠷᠤᠭᠰᠢᠯᠠᠨ᠎ᠠ
      ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠭᠡᠨᠡᠳᠲᠡ ᠡᠭᠦᠰᠦᠭᠰᠡᠨ ᠬᠦᠨᠳᠦ ᠨᠣᠴᠢᠲᠠᠶ ᠬᠢᠵᠢᠭ᠎ᠤᠨ ᠪᠠᠶ᠋ᠢᠳᠠᠯ᠎ᠤᠨ ᠡᠮᠦᠨ᠎ᠡ᠂ ᠬᠢᠩᠭ᠋ᠠᠨ ᠠᠶ᠋ᠢᠮᠠᠭ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠠᠷᠯᠢᠭ᠎ᠢ ᠰᠣᠨᠣᠰᠤᠮᠠᠭᠴᠠ ᠬᠦᠳᠡᠯᠦᠯᠴᠡᠵᠦ᠂ 《ᠶᠡᠬᠡ ᠤᠯᠠᠭ᠋ᠠᠨᠬᠣᠲᠠ ᠬᠣᠲᠠ ᠵᠢᠨ ᠲᠣᠭᠣᠷᠢᠭ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠤᠬᠠᠶ ᠵᠢᠨ ᠲᠠᠯᠠᠪᠤᠷ᠎ᠤᠨ ᠵᠢᠯᠣᠭᠣᠳᠬᠤ ᠭᠠᠵᠠᠷ᠎ᠤᠨ ᠶᠡᠬᠡ ᠤᠯᠠᠭ᠋ᠠᠨᠬᠣᠲᠠ ᠬᠣᠲᠠ ᠵᠢᠨ ᠲᠣᠭᠣᠷᠢᠭ᠎ᠲᠤ ᠨᠠᠮ ᠵᠢᠮ ᠬᠠᠮᠢᠶᠠᠷᠤᠯᠲᠠ ᠶᠠᠪᠤᠭᠤᠯᠬᠤ ᠲᠤᠬᠠᠶ ᠠᠯᠪᠠᠨ ᠵᠠᠷ》᠎ᠤᠨ ᠱᠠᠭ᠋ᠠᠷᠳᠠᠯᠭ᠎ᠠ ᠶᠣᠰᠣᠭ᠋ᠠᠷ᠂ ᠪᠠᠶ᠋ᠢᠭᠤᠯᠭ᠎ᠠ ᠵᠢᠴᠢ ᠲᠡᠭᠦᠨ᠎ᠤ ᠬᠠᠷᠢᠶ᠎ᠠ ᠨᠢᠭᠡᠴᠢ ᠵᠢᠨ ᠨᠠᠮ᠎ᠤᠨ ᠡᠭᠦᠷ᠎ᠤᠨ ᠨᠠᠮ᠎ᠤᠨ ᠭᠡᠰᠢᠭᠦᠨ ᠺᠠᠳ᠋ᠷ᠎ᠢ ᠦᠳᠲᠡᠷ ᠲᠦᠷᠭᠡᠨ ᠵᠣᠬᠢᠶᠠᠨ ᠪᠠᠶ᠋ᠢᠭᠤᠯᠵᠤ ᠡᠷᠡᠭᠡᠯᠵᠡᠯ ᠦᠭᠡᠢ᠎ᠪᠠᠷ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠲᠤ ᠭᠠᠪᠰᠢᠭ᠋ᠠᠢ᠌ᠯᠠᠵᠤ᠂ ᠲᠣᠪᠴᠢᠶᠠᠨ᠎ᠤ ᠪᠠᠶ᠋ᠢᠭᠤᠯᠭ᠎ᠠ ᠵᠢᠴᠢ ᠬᠠᠷᠢᠶ᠎ᠠ ᠨᠢᠭᠡᠴᠢ ᠵᠢᠨ ᠨᠠᠮ᠎ᠤᠨ ᠡᠭᠦᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ 88 ᠣᠨᠴᠠ ᠲᠣᠮᠢᠯᠠᠭᠰᠠᠨ ᠭᠡᠰᠢᠭᠦᠳ ᠦᠳᠲᠡᠷ ᠲᠦᠷᠭᠡᠨ ᠠᠵᠢᠯ᠎ᠤᠨ ᠪᠠᠶ᠋ᠢᠷᠢ᠎ᠳᠤ ᠴᠤᠭᠯᠠᠷᠠᠵᠤ᠂ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠵᠠᠰᠠᠬᠤ᠂ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ 《ᠳᠠᠢ᠌ᠴᠢᠨ ᠪᠦᠷᠢᠶ᠎ᠡ》 ᠵᠢ ᠬᠠᠩᠬᠢᠨᠠᠭᠤᠯᠵᠤ᠂ ᠪᠦᠬᠦ ᠬᠦᠴᠦᠨ ᠵᠶ᠋ᠠᠷ ᠵᠶ᠋ᠠᠨ ᠹᠦ᠋ ᠮᠢᠨ ᠨᠡᠶ᠋ᠢᠭᠡᠮ ᠲᠣᠭᠣᠷᠢᠭ᠂ ᠲᠢᠶᠸ ᠯᠤ᠌ ᠪᠠᠭ᠎ᠠ ᠲᠣᠭᠣᠷᠢᠭ᠂ ᠵᠣᠯ ᠵᠢᠷᠭ᠋ᠠᠯᠲᠤ ᠨᠡᠶ᠋ᠢᠭᠡᠮ ᠲᠣᠭᠣᠷᠢᠭ᠂ ᠰᠢᠩ ᠮᠢᠨ ᠨᠡᠶ᠋ᠢᠭᠡᠮ ᠲᠣᠭᠣᠷᠢᠭ᠂ ᠬᠤᠸᠠ ᠷᠦᠩ ᠨᠡᠶ᠋ᠢᠭᠡᠮ ᠲᠣᠭᠣᠷᠢᠭ᠂ ᠵᠢᠨ ᠽᠦᠸᠧ ᠴᠡᠴᠡᠷᠯᠢᠭ᠂ ᠵᠢᠨ ᠳ᠋ᠢ ᠪᠠᠭᠤᠳᠠᠯ᠎ᠲᠠᠢ ᠬᠠᠷᠢᠯᠴᠠᠨ ᠪᠥᠬᠥ ᠠᠵᠢᠯᠲᠠᠨ᠎ᠤ ᠪᠥᠭᠡᠮ ᠬᠦᠴᠢᠯ᠎ᠤᠨ ᠪᠠᠶ᠋ᠢᠴᠠᠭ᠋ᠠᠨ ᠰᠢᠯᠭ᠋ᠠᠬᠤ ᠠᠵᠢᠯ᠎ᠢ ᠦᠷᠨᠢᠬᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠢᠵᠢᠭ》᠎ᠤᠨ ᠱᠤᠭᠤᠮ ᠳᠡᠭᠡᠷ᠎ᠡ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠡᠭᠦᠷᠭᠡᠯᠡᠯ᠎ᠢ ᠪᠢᠴᠢᠭᠯᠡᠪᠡ᠃


凝聚人社力量 彰显担当作为6.jpg  

 

       ᠤᠯᠠᠭ᠋ᠠᠨᠴᠠᠪ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠄ ᠬᠢᠵᠢᠭ᠎ᠤᠨ ᠪᠠᠶ᠋ᠢᠳᠠᠯ᠎ᠤᠨ ᠶᠡᠬᠡ ᠳᠠᠶ᠋ᠢᠯᠠᠯᠳᠤᠭ᠋ᠠᠨ ᠶᠡᠬᠡ ᠰᠢᠯᠭ᠋ᠠᠯᠲᠠ᠎ᠳᠤ ᠰᠡᠷᠭᠡᠶ᠋ᠢᠯᠡᠨ ᠡᠵᠡᠮᠳᠡᠬᠦ ᠬᠠᠷᠢᠭᠤᠴᠠᠯᠭ᠎ᠠ ᠵᠢ ᠡᠭᠦᠷᠭᠡᠯᠡᠪᠡ
      ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠣᠯ ᠨᠢᠭᠡ ᠤᠳᠠᠭ᠎ᠠ ᠵᠢᠨ ᠶᠡᠬᠡ ᠳᠠᠶ᠋ᠢᠯᠠᠯᠳᠤᠭ᠋ᠠᠨ ᠪᠣᠯᠬᠤ ᠪᠥᠭᠡᠳ ᠪᠠᠰᠠ ᠴᠤ᠌ ᠨᠢᠭᠡ ᠤᠳᠠᠭ᠎ᠠ ᠵᠢᠨ ᠶᠡᠬᠡ ᠰᠢᠯᠭ᠋ᠠᠯᠲᠠ ᠪᠣᠯᠤᠨ᠎ᠠ᠃ 10 ᠰᠠᠷ᠎ᠠ ᠵᠢᠨ 9᠎ᠤ ᠡᠳᠦᠷ᠂ ᠤᠯᠠᠭ᠋ᠠᠨᠴᠠᠪ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠤᠯᠠᠭ᠋ᠠᠨᠴᠠᠪ ᠬᠣᠲᠠ ᠵᠢᠨ ᠰᠢᠭᠤᠳ ᠬᠠᠷᠢᠶ᠎ᠠ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠵᠠᠷᠯᠢᠭ᠎ᠢ ᠰᠣᠨᠣᠰᠤᠮᠠᠭᠴᠠ ᠬᠦᠳᠡᠯᠦᠯᠴᠡᠵᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠠᠢ᠍ᠢ᠍ᠴᠢᠨ ᠪᠡᠬᠢᠯᠡᠯᠲᠡ ᠵᠢᠨ ᠦᠢ᠍ᠯᠡᠳᠦᠯ ᠪᠠ ᠥᠷᠭᠡᠨ ᠤᠯᠠᠨ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠠᠷᠤᠶ᠋ᠢᠬᠠᠨ ᠳᠠᠭ᠋ᠠᠭ᠋ᠠᠴᠢᠯᠠᠨ ᠬᠠᠷᠢᠯᠴᠠᠬᠤ ᠰᠠᠭᠤᠭ᠋ᠠᠯᠢ ᠠᠷᠠᠳ᠎ᠤᠨ ᠲᠣᠭᠣᠷᠢᠭ᠎ᠲᠤ ᠬᠦᠷᠴᠦ ᠨᠡᠶ᠋ᠢᠭᠡᠮ ᠲᠣᠭᠣᠷᠢᠭ᠂ ᠠᠳᠠᠯ ᠠᠬᠤᠢ ᠵᠢᠨ ᠠᠵᠢᠯᠲᠠᠨ ᠬᠥᠮᠦᠨ ᠬᠠᠷ᠎ᠠ ᠲᠡᠷᠭᠡ ᠬᠥᠰᠬᠡ ᠵᠢᠨ ᠣᠷᠣᠵᠤ ᠭᠠᠷᠬᠤ ᠵᠢ ᠬᠠᠮᠢᠶᠠᠷᠤᠨ ᠡᠵᠡᠮᠳᠡᠬᠦ᠂ ᠲᠤᠰᠬᠠᠶ ᠬᠥᠮᠦᠨ ᠵᠣᠬᠢᠶᠠᠨ ᠪᠠᠢ᠍ᠭᠤᠯᠵᠤ ᠡᠮᠬᠢ ᠳᠢᠭᠯᠢᠮ᠎ᠢ ᠬᠠᠮᠠᠭ᠋ᠠᠯᠠᠬᠤ᠂ ᠡᠮᠴᠢ ᠰᠤᠪᠢᠯᠠᠭᠴᠢ ᠵᠢ ᠬᠠᠮᠵᠢᠨ ᠰᠠᠭᠤᠭ᠋ᠠᠯᠢ ᠲᠣᠭᠣᠷᠢᠭ᠎ᠤᠨ ᠰᠠᠭᠤᠭ᠋ᠠᠯᠢ ᠠᠷᠠᠳ᠎ᠲᠤ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ᠎ᠳᠤ ᠬᠠᠮᠵᠢᠯᠴᠠᠨ᠂ ᠪᠣᠳᠠᠲᠤ ᠠᠵᠢᠯᠯᠠᠭ᠎ᠠ᠎ᠪᠠᠷ ᠵᠶ᠋ᠠᠨ 《ᠨᠢᠭᠡ ᠨᠠᠮ᠎ᠤᠨ ᠡᠭᠦᠷ ᠨᠢᠭᠡ ᠪᠡᠬᠢᠯᠡᠯᠲᠡ᠂ ᠨᠢᠭᠡ ᠨᠠᠮ᠎ᠤᠨ ᠭᠡᠰᠢᠭᠦᠨ ᠪᠣᠯ ᠨᠢᠭᠡ ᠲᠤᠭ ᠲᠡᠮᠳᠡᠭ》 ᠪᠤᠯᠬᠤ ᠵᠢᠨ ᠦᠢ᠍ᠯᠡᠳᠦᠯᠭᠡᠵᠢᠬᠦᠯᠵᠦ᠂ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ ᠵᠢ ᠬᠠᠮᠠᠭ᠋ᠠᠯᠠᠬᠤ᠎ᠪᠠᠷ ᠰᠢᠭᠤᠷᠬᠠᠢ᠌ᠯᠠᠨ ᠠᠵᠢᠯᠯᠠᠪᠠ᠃


 凝聚人社力量 彰显担当作为7.jpg 


       《ᠬᠢᠵᠢᠭ》᠎ᠲᠠᠢ ᠲᠡᠮᠡᠴᠡᠬᠦ ᠵᠠᠮ ᠳᠡᠭᠡᠷ᠎ᠡ᠂ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ ᠠᠵᠢᠯᠳᠠᠨ ᠴᠠᠭ ᠢᠮᠠᠭᠲᠠ ᠪᠡᠯᠡᠬᠡᠨ ᠪᠠᠢ᠌ᠨ᠎ᠠ᠃ ᠥᠨᠳᠥᠷ ᠨᠠᠮᠢᠷᠠᠭᠰᠠᠨ ᠨᠠᠮ᠎ᠤᠨ ᠲᠤᠭ᠎ᠤᠨ ᠵᠢᠯᠤᠭᠤᠳᠤᠯᠭ᠎ᠠ ᠳᠣᠣᠷ᠎ᠠ᠂ ᠨᠠᠮ ᠪᠠ ᠤᠯᠠᠨ ᠲᠦᠮᠡᠨ ᠰᠡᠳᠬᠢᠯ ᠵᠶ᠋ᠠᠨ ᠨᠢᠭᠡᠳᠭᠡᠨ ᠴᠦᠭᠦᠷᠡᠰᠢ ᠦᠭᠡᠢ ᠴᠢᠷᠮᠠᠢ᠌ᠪᠠᠯ᠂ ᠪᠢᠳᠡ ᠡᠨᠡ ᠬᠦ᠌ ᠠᠷᠠᠳ ᠤᠯᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠢ ᠬᠠᠮᠠᠭ᠋ᠠᠯᠠᠬᠤ ᠲᠠᠢ᠍ᠢ᠍ᠨ᠎ᠳᠤ ᠯᠠᠪᠲᠠᠢ ᠢᠯᠠᠯᠲᠠ ᠣᠯᠤᠨ᠎ᠠ ᠭᠡᠳᠡᠭ᠎ᠢ ᠪᠠᠲᠤ ᠢᠲᠡᠭᠡᠵᠦ ᠪᠠᠶ᠋ᠢᠨ᠎ᠠ!

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ 《ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯᠲᠠᠨ》᠎ᠤ ᠬᠢᠵᠢᠭ᠎ᠲᠠᠢ ᠲᠡᠮᠡᠴᠡᠭᠰᠡᠨ ᠳᠡᠮᠳᠡᠭᠯᠡᠯ
ᠦᠪᠦᠷ ᠮᠤᠩᠭᠤᠯ᠎ᠤᠨ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ᠎ᠬᠢᠨ ᠦᠪᠡᠷᠮᠢᠴᠡ ᠬᠡᠯᠪᠡᠷᠢ᠎ᠪᠠᠷ ᠬᠤᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠳᠤᠭᠰᠠᠨ
ᠪᠦᠭᠦ ᠣᠷᠣᠨ᠎ᠤ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠶᠡᠬᠡ ᠬᠤᠷᠠᠯ ᠭᠦᠭᠡᠬᠣᠲᠠ᠎ᠳᠤ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ᠎ᠢ ᠡᠷᠭᠢᠯᠡᠵᠦ ᠵᠠᠩ ᠶᠠᠨ ᠺᠦᠨ ᠣᠷᠣᠯᠴᠠᠵᠠᠢ
ᠸᠠᠩ ᠯᠢ ᠰᠢᠶᠠ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠎ᠳᠤ ᠬᠦᠷᠴᠦ ᠲᠤᠬᠠᠢ ᠵᠢᠨ ᠲᠠᠯᠠᠪᠠᠢ᠎ᠳᠤ ᠠᠯᠪᠠᠯᠠᠪᠠ
ᠶᠡᠷᠦᠩᠬᠡᠢ ᠱᠦᠵᠢ ᠵᠢᠨ ᠴᠢᠬᠤᠯᠠ ᠨᠠᠢ᠌ᠳᠠᠯᠭ᠎ᠠ ᠵᠢ ᠪᠠᠲᠤ ᠴᠡᠭᠡᠵᠢᠯᠡᠵᠦ ᠰᠦ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠤᠨ᠎ᠠ ᠸᠠᠩ ᠯᠢ ᠰᠢᠶᠠ ᠰᠦ ᠵᠢᠨ ᠦᠢ᠍ᠯᠡᠰ ᠎ᠤᠨ ᠬᠥᠭᠵᠢᠯᠲᠡ ᠵᠢᠨ ᠠᠵᠢᠯ᠎ᠢ ᠪᠠᠢ᠌ᠴᠠᠭ᠋ᠠᠨ ᠰᠤᠳᠤᠯᠤᠭᠰᠠᠨ ᠪᠥᠭᠡᠳ ᠲᠤᠬᠠᠢ ᠵᠢᠨ ᠲᠠᠯᠠᠪᠠᠢ᠎ᠳᠤ ᠠᠯᠪᠠᠯᠠᠪᠠ
 
            