ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠦᠪᠦᠷ ᠮᠤᠩᠭᠤᠯ᠎ᠤᠨ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ᠎ᠬᠢᠨ ᠦᠪᠡᠷᠮᠢᠴᠡ ᠬᠡᠯᠪᠡᠷᠢ᠎ᠪᠠᠷ ᠬᠤᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠳᠤᠭᠰᠠᠨ
ᠨᠡᠶ᠋ᠢᠲᠡᠯᠡᠭᠰᠡᠨ ᠴᠠᠭ᠄ 2022-10-17

      10 ᠰᠠᠷ᠎ᠠ ᠵᠢᠨ 16᠎ᠤ ᠦᠳᠡ ᠵᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠢᠯᠠᠯᠲᠠ᠎ᠲᠠᠢ ᠬᠤᠷᠠᠯᠳᠤᠪᠠ᠂ ᠡᠨᠡ ᠪᠣᠯ ᠪᠦᠬᠦ ᠨᠠᠮ᠂ ᠪᠦᠬᠦ ᠤᠯᠤᠰ᠎ᠤᠨ ᠨᠢᠭᠡᠨ ᠶᠡᠬᠡ ᠶᠠᠪᠤᠳᠠᠯ᠂ ᠴᠢᠬᠤᠯᠠ ᠶᠠᠪᠤᠳᠠᠯ᠂ ᠪᠠᠶᠠᠷ᠎ᠤᠨ ᠶᠠᠪᠤᠳᠠᠯ ᠮᠥᠨ᠃ ᠣᠳᠣᠬᠠᠨ᠎ᠳᠤ᠂ ᠶᠠᠭ ᠬᠥᠬᠡᠬᠣᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠠᠩᠭᠢᠯᠠᠭ᠎ᠠ ᠵᠢᠨ ᠱᠠᠲᠤᠨ᠎ᠳᠤ ᠣᠷᠣᠵᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ᠂ ᠺᠠᠳ᠋ᠷ ᠠᠳᠠᠯᠢ ᠪᠤᠰᠤ ᠠᠷᠭ᠎ᠠ ᠬᠡᠯᠪᠡᠷᠢ᠎ᠪᠠᠷ ᠡᠨᠡ ᠬᠦ᠌ ᠴᠢᠬᠤᠯᠠ ᠶᠡᠬᠡ ᠲᠡᠦᠬᠡᠲᠦ ᠠᠴᠢ ᠬᠣᠯᠪᠣᠭᠳᠠᠯ᠎ᠲᠠᠢ ᠦᠪᠡᠳᠡᠭᠰᠢ ᠬᠤᠷᠠᠯ᠎ᠢ ᠪᠡᠯᠭᠡᠯᠡᠵᠦ ᠪᠠᠶ᠋ᠢᠨ᠎ᠠ᠃


内蒙古人社人:用不一样的方式喜迎二十大.jpg


      ᠲᠡᠳᠡᠨ᠎ᠤ ᠳᠣᠲᠣᠷ᠎ᠠ᠂ ᠠᠶᠤᠯ ᠲᠦᠭᠰᠢᠭᠦᠷᠢ᠎ᠠᠴᠠ ᠠᠶᠤᠬᠤ ᠦᠭᠡᠢ᠂ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠢ ᠪᠠᠲᠤ ᠰᠠᠬᠢᠭᠰᠠᠳ ᠪᠠᠶ᠋ᠢᠨ᠎ᠠ; ᠲᠡᠳᠡᠨ᠎ᠤ ᠳᠤᠮᠳᠠ᠂ ᠲᠦᠮᠡᠨ ᠪᠡᠷᠬᠡᠰᠢᠶᠡᠯ᠎ᠢ ᠢᠯᠠᠨ ᠳᠠᠪᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯ᠎ᠤᠨ ᠪᠠᠶ᠋ᠢᠷᠢ᠎ᠳᠠᠭᠠᠨ ᠠᠵᠢᠯᠯᠠᠵᠤ᠂ ᠵᠢᠵᠢᠭᠦᠷᠯᠡᠨ ᠰᠠᠬᠢᠵᠤ ᠪᠠᠶ᠋ᠢᠭ᠎ᠠ ᠨᠠᠮ᠎ᠤᠨ ᠭᠡᠰᠢᠭᠦᠨ ᠺᠠᠳ᠋ᠷ ᠪᠠᠶ᠋ᠢᠨ᠎ᠠ; ᠲᠡᠳᠡᠨ᠎ᠤ ᠳᠣᠲᠣᠷ᠎ᠠ ᠦᠭᠡ ᠳᠠᠭᠤ ᠦᠭᠡᠢ᠎ᠪᠠᠷ ᠬᠤᠪᠢ ᠨᠡᠮᠡᠷᠢ ᠦᠵᠡᠭᠦᠯᠵᠦ᠂ ᠭᠡᠷ᠎ᠲᠡᠭᠡᠨ ᠠᠵᠢᠯᠯᠠᠵᠤ ᠪᠠᠢ᠍ᠭ᠎ᠠ ᠠᠵᠢᠯᠲᠠᠨ ᠪᠠᠢ᠌ᠨ᠎ᠠ᠃
       ᠰᠢᠨ᠎ᠡ ᠴᠠᠭ ᠦᠶ᠎ᠡ᠎ᠳᠤ ᠰᠢᠨ᠎ᠡ ᠣᠷᠣᠨ ᠪᠠᠶ᠋ᠢᠷᠢ ᠵᠢ ᠲᠣᠭᠲᠠᠭ᠋ᠠᠵᠤ᠂ ᠰᠢᠨ᠎ᠡ ᠡᠭᠦᠷᠭᠡ ᠬᠠᠷᠢᠭᠤᠴᠠᠯᠭ᠎ᠠ ᠰᠢᠨ᠎ᠡ ᠠᠶᠠᠨ᠎ᠢ ᠡᠬᠢᠯᠡᠭᠦᠯᠦᠨ᠎ᠡ᠃ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠲᠡᠦᠬᠡᠨ ᠳᠡᠭᠡᠷᠡᠬᠢ ᠨᠢᠭᠡᠨ ᠴᠢᠬᠤᠯᠠ ᠶᠡᠬᠡ ᠪᠡᠯᠭᠡ ᠲᠡᠮᠳᠡᠭ ᠮᠥᠨ᠃ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠺᠠᠳ᠋ᠷ ᠪᠣᠯᠤᠭᠰᠠᠨ᠎ᠤ ᠬᠤᠪᠢ᠎ᠳᠤ᠂ ᠪᠢᠳᠡ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠠᠷᠠᠳ᠎ᠤᠨ ᠲᠥᠯᠥᠭᠡ ᠭᠡᠬᠦ ᠬᠠᠶ᠋ᠢᠷ᠎ᠠ ᠰᠡᠳᠬᠢᠯᠭᠡ ᠵᠢ ᠬᠢᠴᠢᠶᠡᠩᠭᠦᠶ᠋ᠢᠯᠡᠨ ᠰᠠᠬᠢᠵᠤ᠂ ᠬᠠᠮᠤᠭ᠎ᠤᠨ ᠶᠡᠬᠡ ᠴᠢᠷᠮᠠᠶ᠋ᠢᠯᠭ᠎ᠠ ᠭᠠᠷᠭ᠋ᠠᠵᠤ ᠪᠠᠶ᠋ᠢᠭ᠋ᠠᠳ ᠨᠠᠮ᠎ᠤᠨ ᠰᠡᠳᠬᠢᠯ᠂ ᠦᠨᠳᠦᠰᠦᠨ ᠱᠠᠳᠤ᠂ ᠠᠷᠠᠳ᠎ᠤᠨ ᠰᠡᠳᠬᠢᠯ᠎ᠢ ᠬᠤᠯᠪᠤᠭᠰᠠᠨ ᠠᠵᠢᠯ ᠣᠯᠭᠣᠬᠤ ᠦᠢ᠍ᠯᠡᠰ ᠪᠤᠰᠬᠠᠬᠤ᠂ ᠨᠡᠶ᠋ᠢᠭᠡᠮ᠎ᠤᠨ ᠪᠠᠲᠤᠯᠠᠭ᠎ᠠ᠂ ᠴᠢᠳᠠᠪᠤᠷᠢᠲᠠᠨ ᠠᠵᠢᠯᠳᠠᠨ᠎ᠤ ᠶᠠᠪᠤᠳᠠᠯ᠂ ᠬᠥᠳᠡᠯᠮᠦᠷᠢ ᠵᠢᠨ ᠬᠠᠷᠢᠴᠠᠭ᠎ᠠ ᠵᠡᠷᠭᠡ ᠡᠯ᠎ᠡ ᠵᠦᠢ᠍ᠯ᠎ᠤᠨ ᠠᠵᠢᠯ᠎ᠢ ᠨᠠᠷᠢᠯᠢᠭ ᠪᠣᠳᠠᠲᠠᠢ ᠬᠢᠵᠦ᠂ ᠦᠷ᠎ᠡ ᠪᠦᠲᠦᠮᠵᠢ ᠭᠠᠷᠭ᠋ᠠᠵᠤ᠂ ᠤᠯᠠᠨ ᠲᠦᠮᠡᠨ᠎ᠤ ᠪᠠᠴᠢᠮ ᠬᠦᠴᠢᠷ ᠵᠣᠪᠠᠭᠤᠷᠢ ᠵᠢ ᠰᠡᠳᠬᠢᠯ ᠲᠠᠯᠪᠢᠨ ᠬᠦᠴᠦ ᠣᠷᠣᠭᠤᠯᠤᠨ ᠰᠠᠶ᠋ᠢᠲᠤᠷ ᠰᠢᠢ᠍ᠳᠪᠦᠷᠢᠯᠡᠵᠦ᠂ ᠰᠠᠢ᠍ᠢ᠍ᠨ ᠰᠠᠶ᠋ᠢᠬᠠᠨ ᠠᠮᠵᠢᠯᠲᠠ ᠪᠦᠲᠦᠮᠵᠢ ᠪᠠ ᠰᠤᠷᠲᠠᠯ ᠵᠶ᠋ᠠᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠺᠠᠳ᠋ᠷ᠎ᠤᠨ ᠰᠢᠨ᠎ᠡ ᠲᠦᠷᠢ ᠲᠥᠷᠬᠦ ᠵᠢ ᠢᠯᠡᠷᠡᠭᠦᠯᠦᠨ᠎ᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠭᠦ ᠣᠷᠣᠨ᠎ᠤ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠶᠡᠬᠡ ᠬᠤᠷᠠᠯ ᠭᠦᠭᠡᠬᠣᠲᠠ᠎ᠳᠤ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ᠎ᠢ ᠡᠷᠭᠢᠯᠡᠵᠦ ᠵᠠᠩ ᠶᠠᠨ ᠺᠦᠨ ᠣᠷᠣᠯᠴᠠᠵᠠᠢ
ᠸᠠᠩ ᠯᠢ ᠰᠢᠶᠠ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠎ᠳᠤ ᠬᠦᠷᠴᠦ ᠲᠤᠬᠠᠢ ᠵᠢᠨ ᠲᠠᠯᠠᠪᠠᠢ᠎ᠳᠤ ᠠᠯᠪᠠᠯᠠᠪᠠ
ᠶᠡᠷᠦᠩᠬᠡᠢ ᠱᠦᠵᠢ ᠵᠢᠨ ᠴᠢᠬᠤᠯᠠ ᠨᠠᠢ᠌ᠳᠠᠯᠭ᠎ᠠ ᠵᠢ ᠪᠠᠲᠤ ᠴᠡᠭᠡᠵᠢᠯᠡᠵᠦ ᠰᠦ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠤᠨ᠎ᠠ ᠸᠠᠩ ᠯᠢ ᠰᠢᠶᠠ ᠰᠦ ᠵᠢᠨ ᠦᠢ᠍ᠯᠡᠰ ᠎ᠤᠨ ᠬᠥᠭᠵᠢᠯᠲᠡ ᠵᠢᠨ ᠠᠵᠢᠯ᠎ᠢ ᠪᠠᠢ᠌ᠴᠠᠭ᠋ᠠᠨ ᠰᠤᠳᠤᠯᠤᠭᠰᠠᠨ ᠪᠥᠭᠡᠳ ᠲᠤᠬᠠᠢ ᠵᠢᠨ ᠲᠠᠯᠠᠪᠠᠢ᠎ᠳᠤ ᠠᠯᠪᠠᠯᠠᠪᠠ
ᠨᠢᠭᠡ ᠰᠡᠳᠬᠢᠯ ᠨᠡᠢ᠌ᠳᠠ ᠵᠢᠨ ᠬᠦᠴᠦᠨ ᠵᠶ᠋ᠡᠷ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠢ ᠬᠥᠭᠵᠢᠭᠦᠯᠵᠦ ᠬᠦᠴᠦᠷᠬᠡᠭᠵᠢᠭᠦᠯᠬᠦ ᠬᠡᠷᠡᠭᠲᠡᠢ ᠸᠠᠩ ᠯᠢ ᠰᠢᠶᠠ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠳᠤ ᠪᠠᠢ᠌ᠴᠠᠭ᠋ᠠᠨ ᠰᠤᠳᠤᠯᠤᠯᠲᠠ ᠬᠢᠭᠰᠡᠨ ᠪᠥᠭᠡᠳ ᠲᠤᠬᠠᠢ ᠵᠢᠨ ᠲᠠᠯᠠᠪᠠᠢ᠎ᠳᠤ ᠠᠯᠪᠠᠯᠠᠪᠠ
ᠥᠪᠥᠷ ᠮᠣᠩᠭᠣᠯ᠎ᠳᠤ ᠪᠡᠯᠡ ᠣᠷᠣᠭᠤᠯᠤᠨ ᠦᠢ᠍ᠯᠡᠰ ᠵᠢᠡᠨ ᠮᠠᠨᠳᠤᠭᠤᠯᠬᠤ ᠪᠠ ᠨᠤᠲᠤᠭ᠎ᠲᠠᠭᠠᠨ ᠪᠤᠴᠠᠵᠤ ᠦᠢ᠍ᠯᠡᠰ ᠪᠣᠰᠬᠠᠬᠤ ᠬᠠᠯᠠᠭᠤᠨ ᠥᠷᠨᠢᠯᠲᠡ ᠵᠢ ᠪᠤᠢ ᠪᠤᠯᠭ᠋ᠠᠬᠤ ᠬᠡᠷᠡᠭᠲᠡᠢ ᠸᠠᠩ ᠯᠢ ᠰᠢᠶᠠ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ ᠵᠢᠴᠢ ᠠᠷᠠᠳ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠬᠠᠷᠢᠭᠤᠴᠠᠯᠭ᠋ᠠᠲᠠᠨ᠎ᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ
 
            