ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ 《ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯᠲᠠᠨ》᠎ᠤ ᠬᠢᠵᠢᠭ᠎ᠲᠠᠢ ᠲᠡᠮᠡᠴᠡᠭᠰᠡᠨ ᠳᠡᠮᠳᠡᠭᠯᠡᠯ
ᠨᠡᠶ᠋ᠢᠲᠡᠯᠡᠭᠰᠡᠨ ᠴᠠᠭ᠄ 2022-10-12

     ᠰᠢᠨ᠎ᠡ ᠨᠢᠭᠡ ᠡᠭᠡᠯᠵᠢ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠭᠠᠷᠤᠭᠰᠠᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷ ᠦᠳᠲᠡᠷ ᠲᠦᠷᠭᠡᠨ ᠴᠤᠭᠯᠠᠷᠠᠵᠤ᠂ ᠬᠢᠵᠢᠭ᠎ᠲᠤ ᠲᠡᠶ᠋ᠢᠨ ᠵᠠᠷᠯᠠᠵᠤ᠂ ᠳᠠᠭ᠋ᠠᠭ᠋ᠠᠴᠢᠯᠠᠨ ᠬᠠᠷᠢᠯᠴᠠᠬᠤ ᠨᠡᠶ᠋ᠢᠭᠡᠮ ᠲᠣᠭᠣᠷᠢᠭ ᠪᠣᠯᠤᠨ ᠰᠠᠭᠤᠭ᠎ᠠ ᠰᠠᠭᠤᠭ᠋ᠠᠯᠢ ᠠᠷᠠᠳ᠎ᠤᠨ ᠲᠣᠭᠣᠷᠢᠭ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠢᠳᠡᠪᠬᠢᠲᠡᠶ ᠣᠷᠣᠯᠴᠠᠵᠤ᠂ ᠨᠠᠮ ᠪᠣᠯᠤᠨ ᠵᠠᠰᠠᠭ᠎ᠤᠨ ᠣᠷᠳᠣᠨ᠎ᠤ ᠬᠠᠶ᠋ᠢᠷ᠎ᠠ ᠬᠠᠯᠠᠮᠵᠢ ᠵᠢ ᠳᠠᠮᠵᠢᠭᠤᠯᠵᠤ᠂ ᠸᠢᠷᠦ᠋ᠰ᠎ᠢ ᠢᠯᠠᠬᠤ ᠵᠠᠪᠠᠯ ᠢᠯᠠᠬᠤ ᠢᠲᠡᠭᠡᠯ ᠵᠣᠷᠢᠭ ᠵᠶ᠋ᠠᠨ ᠪᠠᠲᠤᠳᠬᠠᠵᠤ᠂ ᠭᠣᠶᠠᠴᠢ ᠥᠬᠡᠶ ᠶᠡᠬᠡ ᠬᠠᠶ᠋ᠢᠷ᠎ᠠ᠎ᠪᠠᠷ ᠵᠶ᠋ᠠᠨ ᠦᠵᠡᠰᠬᠦᠯᠡᠩᠲᠦ ᠰᠠᠶ᠋ᠢᠬᠠᠨ ᠬᠥᠬᠡᠬᠣᠲᠠ᠎ᠪᠠᠨ ᠰᠠᠬᠢᠨ ᠬᠠᠮᠠᠭ᠋ᠠᠯᠠᠵᠤ᠂ ᠡᠨᠡ ᠬᠦ᠌ ᠵᠢᠭᠡᠬᠦᠨ ᠨᠠᠮᠤᠷ᠎ᠢ ᠳᠤᠯᠠᠭ᠋ᠠᠴᠠᠭᠤᠯᠤᠭᠰᠠᠨ ᠪᠠᠶ᠋ᠢᠨ᠎ᠠ᠃
       ᠦᠵᠡᠭᠳᠡᠯ ᠨᠢᠭᠡ᠄
       ᠸᠠᠩ ᠵᠢᠩ ᠢᠦᠶ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠣᠯᠭᠣᠯᠲᠠ ᠵᠢ ᠠᠬᠢᠭᠤᠯᠬᠤ ᠭᠠᠵᠠᠷ᠎ᠤᠨ ᠬᠠᠷᠢᠭᠤᠴᠠᠯᠭ᠋ᠠᠲᠠᠨ᠂ ᠨᠢᠭᠡᠴᠡ ᠵᠢᠨ ᠨᠡᠷ᠎ᠡ ᠠᠯᠳᠠᠷᠰᠢᠭᠰᠠᠨ 《ᠭᠠᠷᠮᠠᠭ᠋ᠠᠢ ᠠᠵᠢᠯᠲᠠᠨ》 ᠮᠥᠨ᠃ 10 ᠰᠠᠷ᠎ᠠ ᠵᠢᠨ 5᠎ᠤ ᠡᠳᠦᠷ᠎ᠠᠴᠠ ᠡᠬᠢᠯᠡᠨ᠂ ᠲᠡᠷᠡ ᠡᠳᠦᠷ ᠪᠦᠷᠢ ᠰᠠᠭᠤᠭ᠎ᠠ ᠰᠠᠭᠤᠭ᠋ᠠᠯᠢ ᠠᠷᠠᠳ᠎ᠤᠨ ᠲᠣᠭᠣᠷᠢᠭ᠎ᠲᠠᠭᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠣᠷᠣᠯᠴᠠᠵᠤ᠂ 20 ᠭᠠᠷᠤᠢ ᠴᠠᠭ ᠦᠢ᠍ᠯᠡᠴᠢᠯᠡᠵᠦ᠂ ᠠᠵᠢᠯ᠎ᠤᠨ ᠪᠠᠶ᠋ᠢᠷᠢ᠎ᠪᠠᠨ ᠰᠣᠯᠢᠭᠰᠠᠨ ᠴᠤ᠌ ᠠᠵᠢᠯ᠎ᠤᠨ ᠰᠤᠷᠲᠠᠯ ᠵᠶ᠋ᠠᠨ ᠬᠤᠪᠢᠷᠠᠭᠤᠯᠬᠤ ᠦᠭᠡᠢ᠃

 

感动!内蒙古“人社人”的抗疫身影 1.jpg 

 

      ᠦᠵᠡᠭᠳᠡᠯ ᠬᠣᠶᠠᠷ᠄
       ᠵᠠᠩ ᠬᠠᠶ ᠹᠸᠩ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠭᠠᠵᠠᠷ᠎ᠤᠨ ᠨᠠᠮ᠎ᠤᠨ ᠭᠡᠰᠢᠭᠦᠨ᠂ ᠰᠠᠭᠤᠭ᠎ᠠ ᠨᠡᠶ᠋ᠢᠭᠡᠮ ᠲᠣᠭᠣᠷᠢᠭ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠢᠳᠡᠪᠬᠢᠲᠡᠶ ᠣᠷᠣᠯᠴᠠᠵᠤ᠂ ᠡᠳᠦᠷ ᠪᠦᠷᠢ ᠨᠡᠶ᠋ᠢᠭᠡᠮ ᠲᠣᠭᠣᠷᠢᠭ᠎ᠤᠨ ᠠᠵᠢᠯᠲᠠᠨ᠎ᠲᠠᠢ ᠬᠠᠮᠲᠤ ᠰᠠᠭᠤᠭ᠋ᠠᠯᠢ ᠠᠷᠠᠳ᠎ᠤᠨ ᠲᠣᠭᠣᠷᠢᠭ᠎ᠤᠨ 400 ᠭᠠᠷᠤᠶ ᠡᠷᠦᠬᠡ ᠰᠠᠭᠤᠭ᠋ᠠᠯᠢ ᠠᠷᠠᠳ᠎ᠲᠤ ᠢᠳᠡᠰᠢᠨ ᠨᠣᠭᠣᠭ᠎ᠠ ᠵᠡᠷᠭᠡ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ ᠣᠯᠭᠣᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠡᠪᠦᠷ ᠳᠡᠭᠡᠷᠡᠬᠢ ᠨᠠᠮ᠎ᠤᠨ ᠰᠦᠯᠳᠡ ᠵᠢ ᠬᠢᠯᠠᠷᠠᠭᠤᠯᠤᠯ᠎ᠠ᠃

 

感动!内蒙古“人社人”的抗疫身影 2.png


       ᠦᠵᠡᠭᠳᠡᠯ ᠭᠤᠷᠪᠠ᠄
       ᠶᠠᠩ ᠰᠢᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠺᠠᠳ᠋ᠷ᠂ ᠣᠯᠠᠨ ᠡᠳᠦᠷ ᠳᠠᠷᠠᠭ᠋ᠠᠯᠠᠨ ᠰᠠᠭᠤᠭ᠋ᠠᠯᠢ ᠲᠣᠭᠣᠷᠢᠭ᠎ᠤᠨ ᠬᠣᠷᠢᠭ᠎ᠠ ᠪᠤᠭᠤᠮᠲᠠ᠎ᠳᠤ ᠵᠢᠵᠢᠭᠦᠷᠯᠡᠵᠦ ᠪᠣᠶ᠃ ᠠᠵᠢᠯ᠎ᠤᠨ ᠳᠤᠮᠳᠠ᠎ᠪᠠᠨ ᠲᠡᠷᠡ ᠪᠣᠯ ᠠᠷᠠᠳ ᠤᠯᠠᠨ᠎ᠤ 《ᠨᠠᠰᠤᠵᠢᠯ᠎ᠤᠨ ᠮᠥᠩᠭᠥ》᠂ 《ᠠᠮᠢ ᠨᠠᠰᠤ ᠵᠢ ᠬᠠᠮᠠᠭ᠋ᠠᠯᠠᠬᠤ ᠵᠣᠭᠣᠰ》᠎ᠤᠨ ᠰᠠᠬᠢᠨ ᠬᠠᠮᠠᠭ᠋ᠠᠯᠠᠭᠴᠢ ᠮᠥᠨ᠂ ᠰᠡᠷᠭᠡᠶ᠋ᠢᠯᠡᠨ ᠡᠵᠡᠮᠳᠡᠬᠦ ᠶᠠᠪᠤᠴᠠ᠎ᠳᠤ ᠲᠡᠷᠡ ᠪᠣᠯ ᠰᠠᠭᠤᠭ᠋ᠠᠯᠢ ᠠᠷᠠᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠤ ᠰᠠᠬᠢᠨ ᠬᠠᠮᠠᠭ᠋ᠠᠯᠠᠭᠴᠢ ᠮᠥᠨ᠃

 

感动!内蒙古“人社人”的抗疫身影 3.jpg


      ᠦᠵᠡᠭᠳᠡᠯ ᠳᠥᠷᠪᠡ᠄
       ᠵᠠᠩ ᠵᠣᠣ ᠰᠢᠤᠢ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠤᠨ ᠭᠠᠵᠠᠷ᠎ᠤᠨ ᠨᠠᠮ᠎ᠤᠨ ᠭᠡᠰᠢᠭᠦᠨ᠃ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠰᠠᠨᠠᠭ᠋ᠠᠴᠢᠯᠠᠭ᠎ᠠ᠎ᠠᠴᠠ᠎ᠪᠠᠨ ᠨᠡᠶ᠋ᠢᠭᠡᠮ ᠲᠣᠭᠣᠷᠢᠭ᠎ᠢ ᠬᠠᠪᠰᠤᠷᠤᠨ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ᠂ ᠵᠢᠵᠢᠭᠦᠷᠯᠡᠨ ᠰᠠᠬᠢᠬᠤ᠂ ᠣᠷᠣᠨ ᠪᠦᠰᠡ ᠵᠢ ᠠᠷᠢᠭᠤᠳᠬᠠᠬᠤ ᠵᠡᠷᠭᠡ ᠠᠵᠢᠯ ᠥᠷᠨᠢᠭᠦᠯᠬᠦ ᠵᠢᠨ ᠬᠠᠮᠲᠤ ᠬᠡᠷ᠎ᠤᠨ ᠬᠥᠮᠦᠰ ᠵᠢᠴᠢ ᠲᠥᠷᠥᠯ ᠰᠠᠳᠤᠨ ᠨᠠᠶ᠋ᠢᠵᠠ ᠨᠥᠬᠥᠳ ᠵᠶ᠋ᠠᠨ ᠳᠠᠶ᠋ᠢᠴᠢᠯᠠᠨ ᠲᠦᠮᠡ ᠭᠠᠷᠤᠶ ᠲᠥᠭᠥᠷᠢᠭ᠎ᠤᠨ ᠥᠷᠲᠡᠭ ᠪᠥᠬᠥᠶ ᠡᠳ᠋ ᠪᠣᠳᠠᠰ ᠬᠠᠨᠳᠢᠪᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠦᠴᠦᠨ ᠨᠡᠮᠡᠷᠢᠯᠡᠪᠡ᠃

 

感动!内蒙古“人社人”的抗疫身影 4.jpg


       ᠦᠵᠡᠭᠳᠡᠯ ᠲᠠᠪᠤ᠄
      ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ᠎ᠤᠨ ᠨᠠᠮ᠎ᠤᠨ ᠭᠡᠰᠢᠭᠦᠨ ᠺᠠᠳ᠋ᠷ ᠠᠷᠭ᠎ᠠ ᠪᠦᠬᠦᠨ᠎ᠢ ᠰᠦᠪᠡᠭᠴᠢᠯᠡᠨ ᠵᠣᠬᠢᠴᠠᠭᠤᠯᠵᠤ ᠪᠠᠶ᠋ᠢᠭ᠋ᠠᠳ ᠠᠮᠠᠪᠴᠢ᠂ ᠠᠷᠢᠭᠤᠳᠬᠠᠯ᠎ᠤᠨ ᠰᠢᠩᠭᠡᠨ᠂ ᠰᠫᠢᠷᠲ ᠵᠡᠷᠭᠡ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠳ᠋ ᠪᠣᠳᠠᠰ᠎ᠢ ᠣᠯᠵᠤ᠂ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠤᠨ ᠰᠠᠶ᠋ᠢᠨ ᠳᠤᠷᠠᠴᠤᠳ ᠪᠣᠯᠤᠨ ᠪᠠᠶ᠋ᠢᠭᠤᠯᠭ᠎ᠠ ᠵᠢᠨ ᠵᠢᠵᠢᠭᠦᠷᠯᠡᠨ ᠰᠠᠬᠢᠵᠤ ᠪᠠᠶ᠋ᠢᠭ᠎ᠠ ᠬᠥᠮᠦᠰ᠎ᠤᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠦᠨᠡᠨ ᠰᠡᠳᠬᠢᠯ᠎ᠠᠴᠠ᠎ᠪᠠᠨ ᠰᠥᠷᠭᠡᠤ ᠲᠡᠮᠡᠴᠡᠭᠰᠡᠳ᠎ᠲᠤ ᠪᠠᠲᠤ ᠰᠠᠬᠢᠵᠤ᠂ ᠬᠤᠪᠢ ᠨᠡᠮᠡᠷᠢ ᠦᠵᠡᠭᠦᠯᠦᠭᠰᠡᠳ᠎ᠲᠤ ᠦᠢ᠍ᠯᠡᠴᠢᠯᠡᠪᠡ᠃

 

感动!内蒙古“人社人”的抗疫身影 5.jpg


      ᠦᠵᠡᠭᠳᠡᠯ ᠵᠢᠷᠭᠤᠭ᠎ᠠ᠄
       ᠰᠢᠶᠧ ᠽᠦᠨ ᠭᠦᠸᠧ᠂ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠬᠦᠷᠢᠶᠡᠯᠡᠩ᠎ᠤᠨ ᠳᠠᠷᠤᠭ᠎ᠠ᠂ 10 ᠰᠠᠷ᠎ᠠ ᠵᠢᠨ 2᠎ᠤᠨ ᠡᠳᠦᠷ᠎ᠠᠴᠠ ᠡᠬᠢᠯᠡᠨ ᠡᠳᠦᠷ ᠪᠦᠷᠢ ᠵᠢᠨ ᠦᠳᠡ ᠵᠢᠨ ᠡᠮᠦᠨ᠎ᠡ ᠰᠠᠭᠤᠭ᠋ᠠᠯᠢ ᠠᠷᠠᠳ᠎ᠤᠨ ᠲᠣᠭᠣᠷᠢᠭ᠎ᠲᠤ ᠬᠢᠵᠢᠭ᠎ᠲᠠᠢ ᠲᠡᠮᠡᠴᠡᠬᠦ ᠰᠠᠶ᠋ᠢᠨ ᠳᠤᠷ᠎ᠠ ᠵᠢᠨ ᠠᠵᠢᠯᠯᠠᠭᠴᠢ ᠪᠣᠯᠵᠣ᠂ ᠦᠳᠡ ᠵᠢᠨ ᠬᠣᠶ᠋ᠢᠨ᠎ᠠ ᠪᠠᠶ᠋ᠢᠭᠤᠯᠭ᠎ᠠ ᠨᠢᠭᠡᠴᠢ᠎ᠳᠡᠭᠡᠨ ᠬᠦᠷᠴᠦ ᠠᠵᠢᠯ᠎ᠤᠨ ᠪᠠᠶ᠋ᠢᠷᠢ᠎ᠪᠠᠨ ᠪᠠᠲᠤ ᠰᠠᠬᠢᠨ ᠵᠢᠵᠢᠭᠦᠷᠯᠡᠵᠦ᠂ ᠨᠠᠮ᠎ᠤᠨ ᠭᠡᠰᠢᠭᠦᠨ ᠺᠠᠳ᠋ᠷ᠎ᠤᠨ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃

 

感动!内蒙古“人社人”的抗疫身影 6.jpg


       ᠦᠵᠡᠭᠳᠡᠯ ᠳᠣᠯᠣᠭ᠎ᠠ᠄
       ᠯᠢ ᠵᠢᠶᠠᠨ ᠫᠦ᠋᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ ᠺᠠᠳ᠋ᠷ᠂ ᠲᠢᠩᠬᠢᠮ ᠪᠠᠶ᠋ᠢᠭᠤᠯᠭ᠎ᠠ ᠵᠢᠨ ᠨᠡᠶ᠋ᠢᠭᠡᠮ ᠲᠣᠭᠣᠷᠢᠭ᠎ᠢ ᠳᠠᠭ᠋ᠠᠭ᠋ᠠᠴᠢᠯᠠᠨ ᠬᠠᠷᠢᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠢᠳᠡᠪᠬᠢᠲᠡᠶ ᠣᠷᠣᠯᠴᠠᠵᠤ᠂ ᠰᠡᠷᠭᠡᠶ᠋ᠢᠯᠡᠨ ᠡᠵᠡᠮᠳᠡᠬᠦ ᠡᠮᠦᠨ᠎ᠡ ᠹᠷᠣᠨᠲ᠎ᠲᠤ 《ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠺᠠᠳ᠋ᠷ ᠠᠷᠠᠳ ᠲᠦᠮᠡᠨ᠎ᠤ ᠲᠥᠯᠥᠭᠡ ᠪᠠᠶ᠋ᠢᠬᠤ》 ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠬᠦᠯᠪᠡ᠃

 

感动!内蒙古“人社人”的抗疫身影 7.jpg


      ᠦᠵᠡᠭᠳᠡᠯ ᠨᠠᠢ᠍ᠮᠠ᠄
       ᠶᠧ ᠽᠢ ᠶᠢᠩ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠲᠥᠪ᠎ᠤᠨ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠭᠠᠵᠠᠷ᠎ᠤᠨ ᠵᠠᠯᠠᠭᠤ ᠺᠠᠳ᠋ᠷ᠃ 10 ᠰᠠᠷ᠎ᠠ ᠵᠢᠨ 7᠎ᠤ ᠡᠳᠦᠷ᠎ᠤᠨ 16 ᠴᠠᠭ᠎ᠠᠴᠠ 10 ᠰᠠᠷ᠎ᠠ ᠵᠢᠨ 8᠎ᠤ ᠡᠳᠦᠷ᠎ᠤᠨ 1 ᠴᠠᠭ ᠪᠣᠯᠲᠠᠯ᠎ᠠ᠂ ᠴᠢᠩᠭᠡᠯᠢᠭ ᠡᠮᠨᠡᠯᠭᠡ ᠵᠢᠨ ᠬᠣᠷᠢᠶᠠᠨ᠎ᠤ ᠪᠥᠲᠥᠭᠡᠨ ᠪᠠᠶ᠋ᠢᠭᠤᠯᠤᠯᠲᠠ ᠵᠢᠨ ᠡᠭᠦᠷᠭᠡ᠎ᠳᠤ ᠣᠷᠣᠯᠴᠠᠵᠤ᠂ 120 ᠭᠠᠷᠤᠶ ᠣᠷᠣ ᠳᠡᠪᠢᠰᠬᠡᠷ ᠳᠡᠪᠢᠰᠴᠦ᠂ ᠶᠠᠳᠠᠷᠠᠭ᠋ᠠᠳ ᠭᠠᠷ ᠵᠶ᠋ᠠᠨ ᠡᠷᠭᠦᠬᠦ ᠵᠢᠨ ᠠᠷᠭ᠎ᠠ ᠥᠬᠡᠶ ᠪᠣᠯᠵᠣ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠪᠡ᠃

 

感动!内蒙古“人社人”的抗疫身影 8.jpg


      《ᠬᠢᠵᠢᠭ》᠎ᠲᠠᠢ ᠲᠡᠮᠡᠴᠡᠬᠦ ᠵᠠᠮ ᠳᠡᠭᠡᠷ᠎ᠡ ᠪᠠᠰᠠ ᠡᠶ᠋ᠢᠮᠦ ᠨᠢᠭᠡ ᠪᠦᠯᠦᠭ ᠬᠥᠮᠦᠰ ᠪᠤᠢ᠂ ᠲᠡᠳᠡ ᠬᠡᠳᠦᠶ᠋ᠢᠪᠡᠷ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠲᠤ ᠪᠠᠶ᠋ᠢᠬᠤ ᠦᠭᠡᠢ ᠪᠣᠯᠪᠠᠴᠤ ᠮᠥᠨ ᠬᠦ᠌ ᠬᠦᠴᠢᠷ ᠪᠡᠷᠬᠡᠰᠢᠶᠡᠯ᠎ᠢ ᠢᠯᠠᠨ ᠳᠠᠪᠠᠵᠤ ᠠᠵᠢᠯ᠎ᠤᠨ ᠪᠠᠶ᠋ᠢᠷᠢ᠎ᠳᠠᠭᠠᠨ ᠬᠦᠷᠴᠦ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠦᠭᠡ ᠳᠠᠭᠤᠨ ᠦᠭᠡᠢ ᠵᠢᠳᠬᠦᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠲᠠᠰᠤᠷᠠᠰᠢ ᠦᠭᠡᠢ᠂ ᠠᠳᠠᠯᠢ ᠪᠤᠰᠤ 《ᠳᠠᠶ᠋ᠢᠯᠠᠯᠳᠤᠭ᠋ᠠᠨ》᠎ᠤ ᠪᠠᠶ᠋ᠢᠷᠢᠨ᠎ᠳᠤ ᠠᠳᠠᠯᠢᠬᠠᠨ ᠪᠠᠲᠤ ᠰᠠᠬᠢᠬᠤ ᠵᠢ ᠪᠠᠲᠤᠯᠠᠵᠤ ᠪᠠᠶ᠋ᠢᠨ᠎ᠠ᠃


感动!内蒙古“人社人”的抗疫身影 9.jpg


       ᠶᠠᠷᠢᠶᠠᠨ ᠥᠬᠡᠶ᠂ ᠪᠢᠳᠡ ᠪᠠᠰᠠ ᠠᠯᠪᠠᠨ ᠲᠣᠭᠣᠷᠢᠭ᠎ᠤᠨ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠵᠢᠨ ᠮᠡᠳᠡᠭᠳᠡᠯ᠎ᠢ ᠣᠯᠤᠭᠰᠠᠨ᠎ᠤ ᠳᠠᠷᠠᠭ᠎ᠠ᠂ ᠲᠢᠶᠠᠨ ᠵᠢᠨ ᠰᠢᠤᠸᠠᠢ᠂ ᠢᠦᠶ ᠵᠢᠶᠠᠨ᠂ ᠵᠣᠣ ᠴᠢᠦᠶ ᠴᠤᠤ᠂ ᠸᠠᠩ ᠰᠢᠶᠤᠤ ᠢᠦᠶ᠂ ᠭᠤᠤ ᠶᠠᠨ ᠬᠤ᠌ ᠵᠡᠷᠭᠡ ᠬᠡᠳᠦᠨ ᠨᠥᠬᠥᠳ ᠰᠠᠨᠠᠭ᠋ᠠᠴᠢᠯᠠᠭ᠎ᠠ᠎ᠠᠴᠠ᠎ᠪᠠᠨ ᠭᠤᠶᠤᠴᠢᠯᠠᠵᠤ᠂ ᠬᠡᠷ᠎ᠤᠨ ᠬᠥᠮᠦᠰ ᠵᠶ᠋ᠠᠨ ᠲᠥᠪᠬᠢᠨᠡᠭᠦᠯᠦᠨ᠂ ᠳᠠᠷᠤᠶ ᠲᠦᠷᠭᠡᠨ ᠠᠵᠢᠯᠯᠠᠵᠤ ᠵᠢᠵᠢᠭᠦᠷᠯᠡᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠺᠠᠳ᠋ᠷ᠎ᠤᠨ ᠡᠭᠦᠷᠭᠡᠯᠡᠯ᠎ᠢ ᠭᠦᠢ᠍ᠴᠡᠳ ᠢᠯᠡᠷᠡᠭᠦᠯᠪᠡ᠃
      ᠴᠠᠭ ᠮᠥᠴᠡ ᠠᠯᠢᠪᠠ ᠪᠦᠬᠦᠨ᠎ᠢ ᠲᠡᠮᠳᠡᠭᠯᠡᠵᠦ᠂ ᠠᠯᠢᠪᠠ ᠪᠦᠬᠦᠨ᠎ᠢ ᠭᠡᠷᠡᠴᠢᠯᠡᠪᠡ᠃
     ᠬᠠᠷᠢᠭᠤᠴᠠᠯᠭ᠎ᠠ ᠡᠭᠦᠷᠭᠡᠯᠡᠬᠦ᠂ ᠪᠠᠲᠤ ᠰᠠᠬᠢᠬᠤ᠂ ᠬᠤᠪᠢ ᠨᠡᠮᠡᠷᠢ ᠦᠵᠡᠭᠦᠯᠬᠦ᠎ᠨᠢ 《ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ ᠬᠦᠮᠦᠨ》᠎ᠤ ᠡᠷᠬᠢᠮ ᠨᠠᠨᠳᠢᠨ ᠬᠡᠪ ᠰᠤᠷᠲᠠᠯ ᠮᠦᠨ!

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ᠎ᠬᠢᠨ ᠦᠪᠡᠷᠮᠢᠴᠡ ᠬᠡᠯᠪᠡᠷᠢ᠎ᠪᠠᠷ ᠬᠤᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠳᠤᠭᠰᠠᠨ
ᠪᠦᠭᠦ ᠣᠷᠣᠨ᠎ᠤ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠶᠡᠬᠡ ᠬᠤᠷᠠᠯ ᠭᠦᠭᠡᠬᠣᠲᠠ᠎ᠳᠤ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ᠎ᠢ ᠡᠷᠭᠢᠯᠡᠵᠦ ᠵᠠᠩ ᠶᠠᠨ ᠺᠦᠨ ᠣᠷᠣᠯᠴᠠᠵᠠᠢ
ᠸᠠᠩ ᠯᠢ ᠰᠢᠶᠠ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠎ᠳᠤ ᠬᠦᠷᠴᠦ ᠲᠤᠬᠠᠢ ᠵᠢᠨ ᠲᠠᠯᠠᠪᠠᠢ᠎ᠳᠤ ᠠᠯᠪᠠᠯᠠᠪᠠ
ᠶᠡᠷᠦᠩᠬᠡᠢ ᠱᠦᠵᠢ ᠵᠢᠨ ᠴᠢᠬᠤᠯᠠ ᠨᠠᠢ᠌ᠳᠠᠯᠭ᠎ᠠ ᠵᠢ ᠪᠠᠲᠤ ᠴᠡᠭᠡᠵᠢᠯᠡᠵᠦ ᠰᠦ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠤᠨ᠎ᠠ ᠸᠠᠩ ᠯᠢ ᠰᠢᠶᠠ ᠰᠦ ᠵᠢᠨ ᠦᠢ᠍ᠯᠡᠰ ᠎ᠤᠨ ᠬᠥᠭᠵᠢᠯᠲᠡ ᠵᠢᠨ ᠠᠵᠢᠯ᠎ᠢ ᠪᠠᠢ᠌ᠴᠠᠭ᠋ᠠᠨ ᠰᠤᠳᠤᠯᠤᠭᠰᠠᠨ ᠪᠥᠭᠡᠳ ᠲᠤᠬᠠᠢ ᠵᠢᠨ ᠲᠠᠯᠠᠪᠠᠢ᠎ᠳᠤ ᠠᠯᠪᠠᠯᠠᠪᠠ
ᠨᠢᠭᠡ ᠰᠡᠳᠬᠢᠯ ᠨᠡᠢ᠌ᠳᠠ ᠵᠢᠨ ᠬᠦᠴᠦᠨ ᠵᠶ᠋ᠡᠷ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠢ ᠬᠥᠭᠵᠢᠭᠦᠯᠵᠦ ᠬᠦᠴᠦᠷᠬᠡᠭᠵᠢᠭᠦᠯᠬᠦ ᠬᠡᠷᠡᠭᠲᠡᠢ ᠸᠠᠩ ᠯᠢ ᠰᠢᠶᠠ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠳᠤ ᠪᠠᠢ᠌ᠴᠠᠭ᠋ᠠᠨ ᠰᠤᠳᠤᠯᠤᠯᠲᠠ ᠬᠢᠭᠰᠡᠨ ᠪᠥᠭᠡᠳ ᠲᠤᠬᠠᠢ ᠵᠢᠨ ᠲᠠᠯᠠᠪᠠᠢ᠎ᠳᠤ ᠠᠯᠪᠠᠯᠠᠪᠠ
 
            