ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠡᠶᠡᠳᠡᠭᠦᠯᠬᠦ ᠬᠥᠨᠳᠡᠯᠡᠨ᠎ᠠᠴᠠ ᠲᠠᠰᠤᠯᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠮᠠᠨ᠎ᠤ ᠣᠷᠣᠨ᠎ᠳᠤ ᠠᠮᠵᠢᠯᠲᠠ᠎ᠲᠠᠢ ᠶᠠᠪᠤᠭᠳᠠᠪᠠ
ᠨᠡᠶ᠋ᠢᠲᠡᠯᠡᠭᠰᠡᠨ ᠴᠠᠭ᠄ 2022-10-01

    ᠪᠥᠬᠥ ᠣᠷᠣᠨ᠎ᠤ ᠡᠶ᠎ᠡ ᠵᠣᠬᠢᠴᠠᠩᠭᠤᠶ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠬᠤ ᠠᠵᠢᠯ᠎ᠢ ᠨᠠᠩ ᠰᠠᠶ᠋ᠢᠲᠤᠷ ᠠᠬᠢᠭᠤᠯᠵᠤ᠂ ᠬᠥᠨᠳᠡᠯᠡᠨ᠎ᠠᠴᠠ ᠲᠠᠰᠤᠯᠤᠭᠴᠢ ᠵᠢᠨ ᠬᠡᠷᠡᠭ ᠰᠢᠢ᠍ᠳᠪᠦᠷᠢᠯᠡᠬᠦ ᠴᠢᠳᠠᠪᠤᠷᠢ ᠪᠠ ᠬᠥᠨᠳᠡᠯᠡᠨ᠎ᠠᠴᠠ ᠲᠠᠰᠤᠯᠬᠤ ᠪᠣᠳᠠᠲᠤ ᠶᠠᠪᠤᠳᠠᠯ᠎ᠤᠨ ᠠᠵᠢᠯᠯᠠᠭ᠋ᠠᠨ᠎ᠤ ᠲᠦᠪᠰᠢᠨ᠎ᠢ ᠤᠯᠠᠮ ᠴᠢᠨᠠᠭᠰᠢᠳᠠ ᠳᠡᠭᠡᠭᠰᠢᠯᠡᠭᠦᠯᠬᠦ ᠵᠢᠨ

ᠲᠥᠯᠥᠭᠡ᠂ 9 ᠰᠠᠷ᠎ᠠ ᠵᠢᠨ 19᠎ᠤ ᠡᠳᠦᠷ᠎ᠠᠴᠠ 24᠎ᠤ ᠡᠳᠦᠷ ᠪᠣᠯᠲᠠᠯ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠦᠶᠯᠡᠰ᠎ᠤᠨ ᠨᠢᠭᠡᠴᠡ ᠵᠢᠨ ᠠᠵᠢᠯᠲᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ ᠬᠥᠬᠡᠬᠣᠲᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠡᠶᠡᠳᠡᠭᠦᠯᠬᠦ ᠬᠥᠨᠳᠡᠯᠡᠨ᠎ᠠᠴᠠ ᠲᠠᠰᠤᠯᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠪᠢ ᠲᠤᠤ ᠬᠢᠴᠢᠶᠡᠯ ᠡᠬᠢᠯᠡᠬᠦ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃



    ᠪᠣᠯᠪᠠᠰᠤᠷᠠᠭᠤᠯᠤᠯ᠎ᠤᠨ ᠠᠩᠭᠢ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠡᠶᠡᠳᠡᠭᠦᠯᠬᠦ ᠪᠠ ᠬᠥᠨᠳᠡᠯᠡᠨ᠎ᠠᠴᠠ ᠲᠠᠰᠤᠯᠬᠤ ᠬᠠᠮᠢᠶᠠᠷᠤᠯᠲᠠ ᠵᠢᠨ ᠵᠤᠷᠭ᠋ᠠᠨ ᠪᠠ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠵᠤᠷᠭ᠋ᠠᠨ᠂ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠠᠷᠠᠳ᠎ᠤᠨ ᠶᠠᠪᠤᠳᠠᠯ᠎ᠤᠨ ᠨᠢᠭᠡᠳᠦᠭᠡᠷ ᠲᠢᠩᠬᠢᠮ᠂ ᠲᠥᠪ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ᠂ ᠱᠠᠩᠬᠠᠶ ᠬᠣᠲᠠ ᠵᠢᠨ ᠬᠥᠨᠳᠡᠯᠡᠨ᠎ᠠᠴᠠ ᠲᠠᠰᠤᠯᠬᠤ ᠬᠦᠷᠢᠶᠡᠯᠡᠩ ᠵᠡᠷᠭᠡ ᠨᠢᠭᠡᠴᠡ ᠵᠢᠨ ᠬᠠᠮᠢᠶ᠎ᠠ ᠪᠥᠬᠥᠶ ᠲᠤᠰᠬᠠᠶ ᠮᠡᠷᠭᠡᠵᠢᠯᠲᠡᠨ ᠡᠷᠳᠡᠮᠲᠡᠨ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠡᠶᠡᠳᠡᠭᠦᠯᠬᠦ ᠪᠠ ᠬᠥᠨᠳᠡᠯᠡᠨ᠎ᠠᠴᠠ ᠲᠠᠰᠤᠯᠬᠤ ᠲᠥᠷᠥ ᠵᠢᠨ ᠪᠣᠳᠣᠯᠭ᠎ᠠ᠂ ᠮᠠᠷᠭᠤᠯᠳᠤᠭ᠋ᠠᠨ᠎ᠤ ᠬᠡᠷᠡᠭ᠎ᠢ ᠰᠢᠶᠳᠪᠦᠷᠢᠯᠡᠬᠦ᠂ ᠳᠦᠷᠢᠮᠵᠢᠭᠰᠡᠨ ᠥᠰᠥᠭ ᠪᠢᠴᠢᠭ ᠵᠶ᠋ᠠᠷ ᠪᠢᠴᠢᠬᠦ ᠪᠠ ᠬᠢᠨᠠᠨ ᠰᠢᠭᠦᠬᠦ ᠵᠢ ᠵᠣᠯᠭ᠋ᠠᠯᠳᠤᠭᠤᠯᠬᠤ ᠵᠡᠷᠭᠡ ᠲᠠᠯ᠎ᠠ᠎ᠪᠠᠷ ᠲᠤᠰᠬᠠᠶ ᠮᠡᠷᠭᠡᠵᠢᠯ᠎ᠤᠨ ᠵᠢᠯᠣᠭᠣᠳᠣᠯᠭ᠎ᠠ ᠬᠢᠵᠦ᠂ ᠰᠤᠷᠤᠭᠴᠢᠳ᠎ᠲᠤ ᠬᠥᠨᠳᠡᠯᠡᠨ᠎ᠠᠴᠠ ᠲᠠᠰᠤᠯᠬᠤ ᠲᠤᠬᠠᠶ᠋ᠢᠯᠠᠭᠰᠠᠨ ᠠᠵᠢᠯ᠎ᠤᠨ ᠭᠤᠤᠯᠳᠠᠯᠭ᠎ᠠ ᠵᠢ ᠪᠥᠬᠥ ᠲᠠᠯ᠎ᠠ᠎ᠪᠠᠷ ᠲᠠᠶ᠋ᠢᠯᠪᠤᠷᠢᠯᠠᠵᠤ ᠥᠭᠪᠡ᠃
    ᠲᠣᠰ ᠤᠳᠠᠭ᠋ᠠᠨ᠎ᠤ ᠪᠣᠯᠪᠠᠰᠤᠷᠠᠭᠤᠯᠤᠯ᠎ᠳᠤ᠂ ᠪᠥᠬᠥ ᠣᠷᠣᠨ᠎ᠳᠤ ᠨᠡᠶ᠋ᠢᠲᠡ 134 ᠬᠥᠮᠦᠨ ᠪᠣᠯᠪᠠᠰᠤᠷᠠᠭᠤᠯᠤᠯ᠎ᠳᠤ ᠣᠷᠣᠯᠴᠠᠵᠤ᠂ ᠪᠣᠯᠪᠠᠰᠤᠷᠠᠭᠤᠯᠤᠯ᠎ᠳᠤ ᠣᠷᠣᠯᠴᠠᠭᠰᠠᠨ ᠰᠤᠷᠤᠭᠴᠢᠳ ᠪᠣᠯᠪᠠᠰᠤᠷᠠᠭᠤᠯᠤᠯ᠎ᠤᠨ ᠳᠤᠮᠳᠠ ᠭᠦᠨᠵᠡᠭᠡᠶ ᠰᠤᠷᠤᠯᠴᠠᠨ ᠬᠠᠷᠢᠯᠴᠠᠨ ᠰᠣᠯᠢᠯᠴᠠᠵᠤ᠂ ᠲᠤᠰᠬᠠᠶ ᠮᠡᠷᠭᠡᠵᠢᠯ᠎ᠤᠨ ᠬᠡᠪ ᠴᠢᠨᠠᠷ ᠪᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠵᠦ᠂ ᠪᠥᠬᠥ ᠣᠷᠣᠨ᠎ᠤ ᠡᠶᠡᠳᠡᠭᠦᠯᠵᠦ ᠬᠥᠨᠳᠡᠯᠡᠨ᠎ᠠᠴᠠ ᠲᠠᠰᠤᠯᠬᠤ ᠠᠵᠢᠯ᠎ᠤᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ᠎ᠳᠤ ᠰᠠᠶ᠋ᠢᠨ ᠰᠠᠶ᠋ᠢᠬᠠᠨ ᠰᠠᠭᠤᠷᠢ ᠵᠢ ᠲᠠᠯᠪᠢᠭᠰᠠᠨ ᠪᠠᠶ᠋ᠢᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠰᠦᠯᠵᠢᠶᠡᠨ᠎ᠤ ᠰᠢᠭᠦᠮᠵᠢᠯᠡᠭᠴᠢ ᠵᠢᠨ ᠪᠣᠯᠪᠠᠰᠤᠷᠠᠯ᠎ᠤᠨ ᠠᠩᠭᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠢᠳᠡᠪᠬᠢᠲᠡᠶ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠨᠡᠷ ᠨᠡᠶ᠋ᠢᠭᠡᠮ ᠲᠣᠭᠣᠷᠢᠭ᠎ᠲᠤ ᠬᠦᠷᠴᠦ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠪᠡ
ᠪᠠᠷᠢᠮᠳᠠᠯᠠᠯ᠂ ᠡᠬᠡ ᠤᠯᠤᠰ᠎ᠲᠠᠭᠠᠨ ᠦᠭᠬᠥ ᠬᠠᠮᠤᠭ᠎ᠤᠨ ᠨᠠᠨᠳᠢᠨ ᠬᠠᠶ᠋ᠢᠷ᠎ᠠ
ᠬᠠᠮᠲᠤ᠎ᠪᠠᠷ ᠵᠶ᠋ᠠᠨ ᠬᠦᠬᠡᠬᠤᠳᠠ᠎ᠪᠠᠨ ᠰᠠᠬᠢᠶ᠎ᠠ!
 
            