ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠨᠡᠷ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠳᠤ ᠬᠦᠷᠴᠦ ᠲᠥᠷᠥ ᠵᠢᠨ ᠪᠣᠳᠣᠯᠭ᠎ᠠ ᠬᠦᠷᠭᠡᠬᠦ ᠠᠵᠢᠯᠯᠠᠭ᠎ᠠ ᠥᠷᠨᠢᠭᠦᠯᠦᠭᠰᠡᠨ ᠪᠥᠭᠡᠳ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠥᠰᠥᠭ ᠵᠢᠷᠤᠪᠠ
ᠨᠡᠶ᠋ᠢᠲᠡᠯᠡᠭᠰᠡᠨ ᠴᠠᠭ᠄ 2022-09-30

内蒙古自治区人力资源和社会保障厅党组书记、厅长翟瑛珺一行到内蒙古广播电视台开展送政策活动并签署战略合作协议 1.png


    9 ᠰᠠᠷ᠎ᠠ ᠵᠢᠨ 28᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠨᠡᠷ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠳᠤ ᠬᠦᠷᠴᠦ ᠲᠥᠷᠥ ᠵᠢᠨ ᠪᠣᠳᠣᠯᠭ᠎ᠠ ᠬᠦᠷᠭᠡᠬᠦ ᠠᠵᠢᠯᠯᠠᠭ᠎ᠠ ᠥᠷᠨᠢᠭᠦᠯᠦᠭᠰᠡᠨ ᠪᠥᠭᠡᠳ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠬᠤᠷᠢᠶᠠᠨ ᠳᠠᠷᠤᠭ᠎ᠠ ᠭᠤᠤ ᠸᠸᠨ ᠬᠣᠩ ᠶᠠᠷᠢᠯᠴᠠᠬᠤ ᠬᠤᠷᠠᠯ ᠪᠣᠯᠤᠨ ᠭᠠᠷ᠎ᠤᠨ ᠦᠰᠦᠭ ᠵᠢᠷᠤᠬᠤ ᠶᠣᠰᠣᠯᠠᠯ᠎ᠳᠤ ᠣᠷᠣᠯᠴᠠᠪᠠ᠃


内蒙古自治区人力资源和社会保障厅党组书记、厅长翟瑛珺一行到内蒙古广播电视台开展送政策活动并签署战略合作协议 2.png


    ᠵᠠᠶ ᠶᠢᠩ ᠵᠢᠶᠦ᠋ᠨ ᠨᠡᠷ ᠨᠢᠭᠡᠳᠦᠭᠡᠷ ᠳᠠᠪᠬᠤᠷᠯᠢᠭ᠎ᠤᠨ ᠪᠠᠷᠠᠭᠤᠨ ᠲᠠᠯ᠎ᠠ ᠵᠢᠨ ᠰᠣᠶᠣᠯ᠎ᠤᠨ ᠬᠣᠩᠭᠢᠯ᠂ ᠲᠧᠯᠸᠢᠰ ᠰᠣᠨᠢᠨ ᠮᠡᠳᠡᠭᠡᠨ᠎ᠤ ᠦᠢ᠍ᠯᠡᠳᠴᠦ ᠨᠡᠪᠲᠡᠷᠡᠭᠦᠯᠬᠦ ᠲᠣᠭᠣᠷᠢᠭ᠎ᠤᠨ 300 ᠲᠡᠭᠰᠢ ᠳᠥᠷᠪᠡᠯᠵᠢᠨ ᠮᠧᠲᠷ᠎ᠤᠨ ᠲᠣᠭᠯᠠᠯᠲᠠ ᠨᠡᠪᠲᠡᠷᠡᠭᠦᠯᠭᠡ ᠵᠢᠨ ᠲᠠᠰᠤᠭ᠂ ᠪᠧᠨ ᠲᠧᠩ ᠬᠡᠲᠦ ᠵᠠᠭᠤᠴᠢᠯᠠᠭᠤᠷ᠎ᠤᠨ MCN᠂ ᠬᠠᠮ ᠵᠠᠭᠤᠴᠢᠯᠠᠭᠤᠷ᠎ᠤᠨ ᠵᠢᠯᠣᠭᠣᠳᠤᠨ ᠲᠣᠬᠢᠷᠠᠭᠤᠯᠬᠤ ᠲᠥᠪ᠎ᠢ ᠲᠣᠭᠣᠷᠢᠨ ᠦᠵᠡᠭᠰᠡᠨ᠎ᠤ ᠳᠠᠷᠠᠭ᠎ᠠ᠂ ᠬᠣᠶᠠᠷ ᠲᠠᠯ᠎ᠠ᠎ᠪᠠᠷ ᠵᠶ᠋ᠠᠨ ᠶᠠᠷᠢᠯᠴᠠᠬᠤ ᠬᠤᠷᠠᠯ ᠬᠢᠪᠠ᠃ ᠶᠠᠷᠢᠯᠴᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠣᠯᠪᠣᠭᠳᠠᠯ ᠪᠥᠬᠥᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠥᠳ ᠲᠣᠰ ᠲᠣᠰ ᠴᠢᠳᠠᠪᠤᠷᠢᠲᠠᠨ᠎ᠢ ᠰᠢᠯᠢᠨ ᠰᠣᠩᠭᠣᠬᠤ᠂ ᠴᠢᠳᠠᠪᠤᠷᠢᠲᠠᠨ᠎ᠢ ᠬᠥᠮᠦᠵᠢᠭᠦᠯᠬᠦ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠂ ᠦᠨᠡᠯᠡᠬᠦ ᠪᠠᠷᠢᠮᠵᠢᠶ᠎ᠠ᠂ ᠴᠠᠯᠢᠩ ᠣᠯᠭᠣᠮᠵᠢ ᠵᠡᠷᠭᠡ ᠲᠥᠷᠥ ᠵᠢᠨ ᠪᠣᠳᠣᠯᠭ᠎ᠠ ᠵᠢᠨ ᠲᠤᠬᠠᠶ ᠨᠠᠷᠢᠨ ᠲᠠᠨᠢᠯᠴᠠᠭᠤᠯᠭ᠎ᠠ ᠪᠠ ᠲᠠᠶ᠋ᠢᠯᠤᠮᠵᠢ ᠬᠢᠪᠠ᠃


内蒙古自治区人力资源和社会保障厅党组书记、厅长翟瑛珺一行到内蒙古广播电视台开展送政策活动并签署战略合作协议 3.png


    ᠶᠠᠷᠢᠯᠴᠠᠬᠤ ᠬᠤᠷᠠᠯ᠎ᠤᠨ ᠲᠠᠷᠠᠭ᠎ᠠ᠂ ᠬᠣᠶᠠᠷ ᠲᠠᠯ᠎ᠠ᠎ᠪᠠᠷ ᠵᠶ᠋ᠠᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠤᠬᠢᠷᠠᠯᠴᠠᠪᠠ᠃ ᠵᠠᠢ ᠶᠢᠩ ᠵᠢᠶᠦ᠋ᠨ᠂ ᠭᠤᠤ ᠸᠸᠨ ᠬᠣᠩ ᠲᠤᠰ ᠲᠤᠰ ᠪᠠᠶᠠᠷ᠎ᠤᠨ ᠦᠭᠡ ᠬᠡᠯᠡᠪᠡ᠃


内蒙古自治区人力资源和社会保障厅党组书记、厅长翟瑛珺一行到内蒙古广播电视台开展送政策活动并签署战略合作协议 4.png


    ᠵᠠᠶ ᠶᠢᠩ ᠵᠢᠶᠦ᠋ᠨ ᠪᠠᠶᠠᠷ᠎ᠤᠨ ᠦᠭᠡ ᠬᠡᠯᠡᠬᠦ᠎ᠳᠡᠭᠡᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠣᠯ ᠠᠷᠠᠳ᠎ᠤᠨ ᠠᠮᠢᠳᠤᠷᠠᠯ᠎ᠤᠨ ᠴᠢᠬᠤᠯᠠ ᠰᠠᠯᠠᠭ᠎ᠠ ᠮᠥᠴᠢᠷ ᠮᠥᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ᠎ᠳᠤ ᠭᠤᠤᠯ ᠤᠷᠤᠰᠬᠠᠯ᠎ᠤᠨ ᠵᠠᠭᠤᠴᠢᠯᠠᠭᠤᠷ᠎ᠤᠨ ᠬᠦᠴᠦᠲᠡᠶ ᠳᠡᠮᠵᠢᠯᠭᠡ᠎ᠠᠴᠠ ᠰᠠᠯᠵᠤ ᠴᠢᠳᠠᠬᠤ ᠥᠬᠡᠶ ᠶᠤᠮ᠃ ᠡᠨᠡ ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠣᠯᠤᠨ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠭᠰᠠᠨ᠎ᠨᠢ ᠡᠷᠬᠡ ᠰᠦᠷᠲᠦ ᠵᠠᠭᠤᠴᠢᠯᠠᠭᠤᠷ᠎ᠤᠨ ᠲᠠᠪᠴᠠᠩ᠎ᠢ ᠠᠰᠢᠭᠯᠠᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠭᠤᠤᠯᠳᠠᠯᠭ᠎ᠠ᠎ᠲᠠᠢ ᠠᠵᠢᠯ ᠪᠣᠯᠤᠨ ᠣᠯᠠᠨ ᠲᠦᠮᠡᠨ᠎ᠤ ᠠᠩᠬᠠᠷᠤᠨ ᠬᠠᠯᠠᠮᠵᠢᠯᠠᠵᠤ ᠪᠠᠶ᠋ᠢᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠤ ᠰᠢᠨ᠎ᠡ ᠬᠠᠷᠠᠭ᠋ᠠᠰᠤ᠂ ᠣᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ᠎ᠪᠠᠷ ᠨᠠᠮ ᠪᠣᠯᠤᠨ ᠵᠠᠰᠠᠭ᠎ᠤᠨ ᠣᠷᠳᠣᠨ᠎ᠤ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠰᠠᠶ᠋ᠢᠨ ᠲᠥᠷᠥ ᠵᠢᠨ ᠪᠣᠳᠣᠯᠭ᠎ᠠ ᠵᠢ ᠤᠬᠠᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠢ ᠠᠷᠠᠳ ᠲᠦᠮᠡᠨ᠎ᠤ ᠰᠢᠨ᠎ᠡ ᠦᠢ᠍ᠯᠡᠳᠦᠯᠭᠡ ᠰᠢᠨ᠎ᠡ ᠦᠷ᠎ᠡ ᠪᠦᠲᠦᠮᠵᠢ ᠪᠣᠯᠭ᠋ᠠᠨ ᠢᠯᠡᠷᠡᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠤᠬᠠᠭᠤᠯᠭ᠎ᠠ ᠵᠢᠨ ᠠᠵᠢᠯ᠎ᠤᠨ ᠨᠥᠯᠥᠭᠡᠯᠡᠬᠦ ᠬᠦᠴᠦᠨ᠂ ᠳᠠᠮᠵᠢᠭᠤᠯᠬᠤ ᠬᠦᠴᠦᠨ᠎ᠢ ᠲᠠᠰᠤᠷᠠᠯᠲᠠ ᠥᠬᠡᠶ ᠥᠷᠭᠡᠳᠬᠡᠭᠰᠡᠨ ᠶᠠᠪᠤᠳᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠵᠠᠭᠤᠴᠢᠯᠠᠭᠤᠷ᠎ᠤᠨ ᠠᠩᠬᠠᠷᠴᠤ ᠪᠠᠶ᠋ᠢᠭ᠎ᠠ ᠬᠠᠯᠠᠮᠰᠢᠯ ᠲᠥᠪᠯᠡᠷᠡᠯ᠎ᠤᠨ ᠴᠡᠭ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠣᠯᠠᠨ ᠲᠦᠮᠡᠨ᠎ᠤ ᠪᠠᠴᠢᠮ ᠲᠤᠯᠭ᠋ᠠᠮ ᠪᠠ ᠬᠦᠴᠢᠷ ᠵᠣᠪᠠᠭᠤᠷᠢ ᠪᠠ ᠬᠦᠰᠡᠯ ᠡᠷᠡᠮᠡᠯᠵᠡᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭᠴᠦ᠂ ᠰᠣᠨᠢᠨ ᠮᠡᠳᠡᠭᠡᠨ᠎ᠤ ᠰᠦᠪᠡᠭᠴᠢ ᠪᠠ ᠰᠢᠨ᠎ᠡ ᠰᠣᠷᠭᠣᠭ ᠪᠣᠷᠣ ᠮᠠᠲ᠋ᠧᠷᠢᠶᠠᠯ᠎ᠢ ᠢᠳᠡᠪᠬᠢᠲᠡᠶ ᠬᠠᠩᠭ᠋ᠠᠵᠤ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠪᠠ ᠠᠷᠠᠳ᠎ᠤᠨ ᠠᠮᠢᠳᠤᠷᠠᠯ᠎ᠤᠨ ᠳᠤᠯᠠᠭ᠋ᠠᠨ᠎ᠤ ᠬᠡᠮᠵᠢᠶ᠎ᠡ ᠵᠢ ᠳᠠᠮᠵᠢᠭᠤᠯᠬᠤ ᠵᠢ ᠰᠠᠶ᠋ᠢᠲᠤᠷ ᠬᠢᠵᠦ᠂ ᠨᠠᠮ ᠪᠠ ᠵᠠᠰᠠᠭ᠎ᠤᠨ ᠣᠷᠳᠣᠨ᠎ᠤ ᠰᠠᠶ᠋ᠢᠨ ᠲᠥᠷᠥ ᠵᠢᠨ ᠪᠣᠳᠣᠯᠭ᠎ᠠ ᠵᠢ ᠡᠷᠦᠬᠡ ᠪᠣᠯᠭ᠋ᠠᠨ᠎ᠳᠤ ᠮᠡᠳᠡᠭᠦᠯᠵᠦ᠂ ᠡᠬᠡᠯ ᠠᠷᠠᠳ᠎ᠤᠨ ᠬᠡᠷ᠎ᠲᠤ ᠬᠦᠷᠭᠡᠨ᠎ᠡ ᠭᠡᠵᠡᠢ᠃


内蒙古自治区人力资源和社会保障厅党组书记、厅长翟瑛珺一行到内蒙古广播电视台开展送政策活动并签署战略合作协议 5.png



    ᠭᠤᠤ ᠸᠸᠨ ᠬᠣᠩ ᠪᠠᠶᠠᠷ᠎ᠤᠨ ᠦᠭᠡ ᠬᠡᠯᠡᠬᠦ᠎ᠳᠡᠭᠡᠨ᠂ ᠤᠢ᠍ᠢ᠍ᠷ᠎ᠠ ᠵᠢᠨ ᠵᠢᠯ᠎ᠠᠴᠠ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠤᠷᠢᠶ᠎ᠠ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠲᠠᠢ ᠳᠣᠲᠣᠨᠣ᠎ᠪᠠᠷ ᠬᠠᠮᠲᠤᠷᠠᠯᠴᠠᠵᠤ᠂ ᠨᠡᠶ᠋ᠢᠭᠡᠮ᠎ᠳᠤ ᠦᠢ᠍ᠯᠡᠴᠢᠯᠡᠬᠦ ᠪᠠ ᠤᠯᠠᠨ ᠲᠦᠮᠡᠨ᠎ᠳᠤ ᠦᠢ᠍ᠯᠡᠴᠢᠯᠡᠬᠦ ᠳᠤᠮᠳᠠ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶ᠋ᠢᠯᠭ᠎ᠠ᠎ᠪᠠᠨ ᠢᠯᠡᠷᠡᠭᠦᠯᠪᠡ᠃ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠭᠤᠤᠯ ᠵᠠᠭᠤᠴᠢᠯᠠᠭᠤᠷ ᠪᠣᠯᠤᠭᠰᠠᠨ᠎ᠤ ᠬᠤᠪᠢ᠎ᠳᠤ᠂ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠤᠬᠠᠭᠤᠯᠭ᠎ᠠ ᠵᠢᠨ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠪᠣᠯᠤᠨ᠎ᠠ᠄ ᠨᠢᠭᠡ᠎ᠳᠤ᠂ ᠨᠠᠩ ᠥᠨᠳᠥᠷ ᠤᠯᠤᠰ ᠲᠥᠷᠥ ᠵᠢᠨ ᠵᠣᠭᠰᠣᠴᠠ᠎ᠠᠴᠠ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ ᠵᠢᠨ ᠬᠥᠲᠥᠯᠥᠨ ᠵᠢᠯᠣᠭᠣᠳᠬᠤ ᠳᠠᠪᠠᠭᠤᠯᠢᠭ ᠪᠠ ᠪᠥᠬᠥ ᠵᠠᠭᠤᠴᠢᠯᠠᠭᠤᠷ᠎ᠤᠨ ᠤᠯᠠᠮᠵᠢᠯᠠᠨ ᠲᠠᠷᠬᠠᠭ᠋ᠠᠬᠤ ᠵᠢᠭᠰᠠᠭ᠋ᠠᠯ᠎ᠤᠨ ᠳᠠᠪᠠᠭᠤᠯᠢᠭ᠎ᠲᠤ ᠭᠦᠢ᠍ᠴᠡᠳ ᠲᠦᠰᠢᠭᠯᠡᠨ᠂ ᠸᠢᠳᠢᠣ᠋ ᠵᠢᠨ ᠠᠭᠤᠯᠭ᠎ᠠ ᠵᠢᠨ ᠦᠢ᠍ᠯᠡᠳᠪᠦᠷᠢᠯᠡᠯ᠎ᠤᠨ ᠳᠠᠪᠠᠭᠤᠯᠢᠭ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠪᠠᠳᠠᠷᠠᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠰᠠᠶ᠋ᠢᠲᠤᠷ ᠤᠬᠠᠭᠤᠯᠭ᠎ᠠ ᠬᠢᠨ᠎ᠠ; ᠬᠣᠶᠠᠷ᠎ᠲᠤ᠂ ᠬᠠᠷᠢᠯᠴᠠᠨ ᠠᠰᠢᠭᠲᠠᠶ ᠬᠠᠮᠲᠤ᠎ᠪᠠᠷ ᠠᠰᠢᠭ ᠭᠥᠷᠳᠡᠵᠦ ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ ᠳᠤᠮᠳᠠ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠬᠠᠮᠲᠤᠷᠠᠯᠴᠠᠭ᠎ᠠ ᠨᠡᠪᠲᠡᠷᠡᠯᠴᠡᠭᠡ᠎ᠪᠠᠨ ᠤᠯᠠᠮ ᠴᠢᠩᠭ᠋ᠠᠳᠬᠠᠵᠤ᠂ ᠴᠢᠬᠤᠯᠠ ᠴᠠᠭ᠂ ᠴᠢᠬᠤᠯᠠ ᠶᠡᠬᠡ ᠬᠡᠷᠡᠭ ᠵᠶ᠋ᠠᠷ ᠭᠠᠷᠳᠠᠬᠤ ᠴᠡᠭ ᠪᠣᠯᠭ᠋ᠠᠵᠤ᠂ ᠠᠯᠢ ᠣᠯᠠᠨ ᠲᠤᠰᠬᠠᠶ ᠰᠡᠳᠦᠪᠲᠦ ᠴᠢᠨᠠᠷᠲᠠᠶ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠥᠷᠨᠢᠭᠦᠯᠵᠦ᠂ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠲᠡᠷᠢᠭᠦᠨ᠎ᠤ ᠵᠢᠱ᠌ᠢᠶᠡᠴᠢ᠂ ᠨᠡᠶ᠋ᠢᠲᠡᠯᠢᠭ ᠲᠤᠷᠰᠢᠯᠭ᠎ᠠ ᠪᠠ ᠠᠵᠢᠯ᠎ᠤᠨ ᠲᠥᠷᠥᠯ ᠲᠡᠮᠳᠡᠭ᠎ᠢ ᠭᠦᠨᠵᠡᠭᠡᠶ ᠠᠭᠤᠳᠠᠯᠤᠨ ᠮᠡᠳᠡᠭᠡᠯᠡᠨ᠎ᠡ; ᠭᠤᠷᠪᠠ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠰᠠᠶ᠋ᠢᠨ ᠰᠠᠶ᠋ᠢᠬᠠᠨ ᠳᠦᠷᠢ ᠲᠥᠷᠬᠦ ᠵᠢ ᠪᠥᠬᠥ ᠲᠠᠯ᠎ᠠ᠎ᠪᠠᠷ ᠤᠬᠠᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠥᠯᠢᠭᠡᠷ᠎ᠢ ᠰᠠᠶ᠋ᠢᠲᠤᠷ ᠶᠠᠷᠢᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠥᠭᠵᠢᠯᠲᠡ ᠵᠢᠨ ᠰᠠᠶ᠋ᠢᠨ ᠲᠠᠭᠤᠨ᠎ᠢ ᠴᠤᠤᠷᠢᠶᠠᠲᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠂ ᠲᠠᠪᠠᠯᠳᠠᠳᠤ ᠬᠥᠭᠵᠢᠯᠲᠡ ᠵᠢ ᠬᠦᠴᠦᠯᠡᠨ ᠠᠬᠢᠭᠤᠯᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ

ᠭᠡᠵᠡᠢ᠃
    ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠪᠢ ᠲᠤᠤ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠬᠣᠷᠢᠶᠠᠨ ᠳᠠᠷᠤᠭ᠎ᠠ ᠯᠢ ᡁᠢ ᠲᠣᠰ ᠲᠣᠰ ᠬᠣᠶᠠᠷ ᠲᠠᠯ᠎ᠠ ᠵᠢ ᠲᠥᠯᠥᠭᠡᠯᠡᠨ ᠬᠠᠮᠲᠤ᠎ᠪᠠᠷ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠪᠠ᠃
    ᠬᠣᠶᠠᠷ ᠲᠠᠯ᠎ᠠ ᠵᠢᠨ ᠬᠠᠮᠢᠶ᠎ᠠ ᠪᠥᠬᠥᠶ ᠭᠠᠵᠠᠷ ᠲᠠᠰᠤᠭ᠂ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠠᠷ᠎ᠠ ᠪᠣᠯᠵᠣ ᠪᠠᠶ᠋ᠢᠴᠠᠭ᠋ᠠᠨ ᠰᠤᠳᠤᠯᠤᠯᠲᠠ ᠬᠢᠭᠰᠡᠨ ᠪᠥᠭᠡᠳ ᠭᠠᠷ᠎ᠤᠨ ᠥᠰᠥᠭ ᠵᠢᠷᠤᠬᠤ ᠶᠣᠰᠣᠯᠠᠯ᠎ᠳᠤ ᠣᠷᠣᠯᠴᠠᠪᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠡᠶᠡᠳᠡᠭᠦᠯᠬᠦ ᠬᠥᠨᠳᠡᠯᠡᠨ᠎ᠠᠴᠠ ᠲᠠᠰᠤᠯᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠮᠠᠨ᠎ᠤ ᠣᠷᠣᠨ᠎ᠳᠤ ᠠᠮᠵᠢᠯᠲᠠ᠎ᠲᠠᠢ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠰᠦᠯᠵᠢᠶᠡᠨ᠎ᠤ ᠰᠢᠭᠦᠮᠵᠢᠯᠡᠭᠴᠢ ᠵᠢᠨ ᠪᠣᠯᠪᠠᠰᠤᠷᠠᠯ᠎ᠤᠨ ᠠᠩᠭᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠢᠳᠡᠪᠬᠢᠲᠡᠶ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠨᠡᠷ ᠨᠡᠶ᠋ᠢᠭᠡᠮ ᠲᠣᠭᠣᠷᠢᠭ᠎ᠲᠤ ᠬᠦᠷᠴᠦ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠪᠡ
ᠪᠠᠷᠢᠮᠳᠠᠯᠠᠯ᠂ ᠡᠬᠡ ᠤᠯᠤᠰ᠎ᠲᠠᠭᠠᠨ ᠦᠭᠬᠥ ᠬᠠᠮᠤᠭ᠎ᠤᠨ ᠨᠠᠨᠳᠢᠨ ᠬᠠᠶ᠋ᠢᠷ᠎ᠠ
 
            