ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠭᠠᠳᠠᠭ᠋ᠠᠳᠤ᠎ᠳᠤ ᠰᠤᠷᠤᠯᠴᠠᠭᠰᠠᠳ ᠪᠠ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠲᠥᠪ᠎ᠤᠨ᠎ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠪᠠ
ᠨᠡᠶ᠋ᠢᠲᠡᠯᠡᠭᠰᠡᠨ ᠴᠠᠭ᠄ 2022-09-29

    9 ᠰᠠᠷ᠎ᠠ ᠵᠢᠨ 26᠎ᠤ ᠡᠳᠦᠷ᠎ᠠᠴᠠ 27᠎ᠤ ᠡᠳᠦᠷ ᠪᠣᠯᠲᠠᠯ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠭᠠᠳᠠᠭ᠋ᠠᠳᠤ᠎ᠳᠤ ᠰᠤᠷᠤᠯᠴᠠᠭᠰᠠᠳ ᠪᠠ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ ᠯᠢ ᠵᠢᠩ᠂ ᠲᠤᠰᠬᠠᠶ ᠮᠡᠷᠭᠡᠵᠢᠯᠲᠡᠨ᠎ᠤ ᠭᠠᠵᠠᠷ᠎ᠤᠨ ᠳᠡᠳ᠋ ᠳᠠᠷᠤᠭ᠎ᠠ ᠯᠢᠦ ᠯᠸᠢ ᠨᠠᠷ ᠬᠥᠬᠡᠬᠣᠲᠠ᠎ᠳᠤ ᠢᠷᠡᠵᠦ᠂ ᠥᠪᠡᠷᠲᠡᠭᠡᠨ ᠵᠠᠰᠠᠬᠤ ᠣᠷᠣᠨ᠎ᠤ ᠰᠠᠷ᠎ᠠ ᠪᠦᠷᠢ ᠣᠨᠴᠠᠭ᠋ᠠᠶ ᠨᠡᠮᠡᠭᠦᠷᠢ ᠣᠯᠭᠣᠬᠤ ᠠᠵᠢᠯ ᠵᠢᠴᠢ ᠤᠯᠤᠰ᠎ᠤᠨ ᠲᠠᠰ᠎ᠤᠨ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠲᠤᠬᠠᠶ ᠪᠠᠶ᠋ᠢᠴᠠᠭ᠋ᠠᠨ ᠰᠤᠳᠤᠯᠤᠯᠲᠠ ᠬᠢᠪᠠ᠃ 26᠎ᠤ ᠡᠳᠦᠷ᠂ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠲᠤᠰᠬᠠᠶ ᠰᠡᠳᠦᠪ ᠵᠶ᠋ᠠᠷ ᠶᠠᠷᠢᠯᠴᠠᠬᠤ᠂ ᠦᠢ᠍ᠯᠡᠴᠢᠯᠡᠬᠦ ᠡᠲᠡᠭᠡᠳ᠎ᠲᠠᠢ ᠰᠠᠨᠠᠯ ᠵᠶ᠋ᠠᠨ ᠭᠦᠨᠵᠡᠭᠡᠶ ᠰᠣᠯᠢᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠣᠨᠴᠠ ᠨᠡᠮᠡᠭᠦᠷᠢ ᠵᠢ ᠰᠠᠷ᠎ᠠ᠎ᠪᠠᠷ ᠣᠯᠭᠣᠬᠤ ᠬᠠᠮᠢᠶ᠎ᠠ ᠪᠥᠬᠥᠶ ᠠᠵᠢᠯ᠎ᠢ ᠪᠥᠬᠥ ᠲᠠᠯ᠎ᠠ᠎ᠪᠠᠷ ᠣᠶ᠋ᠢᠯᠠᠭ᠋ᠠᠭᠰᠠᠨ ᠪᠥᠭᠡᠳ ᠲᠠᠷᠠᠭ᠋ᠠᠴᠢ ᠵᠢᠨ ᠠᠯᠬᠤᠮ᠎ᠤᠨ ᠣᠨᠴᠠ ᠨᠡᠮᠡᠭᠦᠷᠢ ᠵᠢᠨ ᠠᠵᠢᠯ᠎ᠤᠨ ᠭᠤᠤᠯᠳᠠᠯᠭ᠎ᠠ᠎ᠲᠠᠢ ᠥᠷᠨᠢᠭᠦᠯᠬᠦ ᠴᠢᠭᠯᠡᠯ᠎ᠢ ᠵᠢᠭ᠋ᠠᠨ ᠵᠢᠯᠣᠭᠣᠳᠪᠠ᠃
    27᠎ᠤ ᠡᠳᠦᠷ᠂ ᠯᠢ ᠵᠢᠩ ᠨᠠᠷ ᠤᠯᠤᠰ᠎ᠤᠨ ᠲᠠᠰ᠎ᠤᠨ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠰᠠᠭᠤᠷᠢᠨ ᠭᠠᠵᠠᠷ᠎ᠤᠨ ᠥᠪᠥᠷ ᠮᠣᠩᠭᠣᠯ᠎ᠤᠨ ᠮᠸᠩ ᠼᠤᠤ ᠠᠮᠢ ᠠᠬᠤᠶ ᠣᠷᠴᠢᠨ ᠲᠣᠭᠣᠷᠢᠨ (ᠪᠦᠯᠦᠭᠯᠡᠯ)᠎ᠤ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ᠂ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠳᠠᠯ᠂ ᠺᠣᠮᠫᠠᠨᠢ ᠵᠢᠨ ᠣᠷᠴᠢᠨ ᠲᠣᠭᠣᠷᠢᠨ᠂ ᠠᠵᠤ ᠠᠬᠤᠶ᠋ᠢᠯᠠᠯ᠎ᠤᠨ ᠰᠣᠶᠣᠯ᠂ ᠲᠤᠰᠬᠠᠶ ᠮᠡᠷᠭᠡᠵᠢᠯᠲᠡᠨ᠎ᠤ ᠪᠠᠶ᠋ᠢᠳᠠᠯ ᠵᠢᠴᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠢᠷᠢ ᠲᠦᠪᠰᠢᠨ᠎ᠳᠤ ᠰᠢᠨᠵᠢᠯᠡᠨ ᠪᠠᠶ᠋ᠢᠴᠠᠭ᠋ᠠᠯᠲᠠ ᠬᠢᠵᠦ᠂ ᠠᠵᠤ ᠠᠬᠤᠶ᠋ᠢᠯᠠᠯ᠎ᠤᠨ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠰᠠᠭᠤᠷᠢᠨ ᠭᠠᠵᠠᠷ᠎ᠤᠨ ᠲᠥᠷᠥ ᠵᠢᠨ ᠪᠣᠳᠣᠯᠭ᠎ᠠ ᠵᠢᠴᠢ ᠰᠠᠭᠤᠷᠢᠨ ᠭᠠᠵᠠᠷ᠎ᠤᠨ ᠬᠦᠰᠡᠯ ᠱᠠᠭ᠋ᠠᠷᠳᠠᠯᠭ᠎ᠠ ᠵᠢ ᠭᠥᠷᠳᠡᠬᠦ ᠵᠢᠨ ᠲᠣᠭᠣᠷᠢᠨ᠎ᠳᠤ᠂ ᠬᠣᠯᠪᠣᠭᠳᠠᠯ ᠪᠥᠬᠥᠶ ᠠᠵᠢᠯᠲᠠᠨ᠎ᠤ ᠰᠡᠵᠢᠭ᠎ᠢ ᠲᠠᠢ᠌ᠯᠵᠠᠢ᠃ ᠡᠭᠦᠨ᠎ᠤ ᠬᠠᠮᠲᠤ᠂ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠭᠦᠢ᠍ᠴᠡᠳ ᠨᠤᠲᠠᠯᠠᠭᠰᠠᠨ ᠪᠥᠭᠡᠳ ᠲᠠᠷᠠᠭ᠋ᠠᠴᠢ ᠵᠢᠨ ᠠᠯᠬᠤᠮ᠎ᠳᠤ ᠥᠪᠡᠷᠲᠡᠭᠡᠨ ᠵᠠᠰᠠᠬᠤ ᠣᠷᠣᠨ᠎ᠤ ᠲᠤᠰᠬᠠᠶ ᠮᠡᠷᠭᠡᠵᠢᠯᠲᠡᠨ᠎ᠤ ᠠᠵᠢᠯ᠎ᠤᠨ ᠬᠥᠭᠵᠢᠯᠲᠡ ᠵᠢᠨ ᠪᠠᠶ᠋ᠢᠳᠠᠯ᠎ᠢ ᠦᠷᠭᠦᠯᠵᠢᠯᠡᠨ ᠠᠩᠬᠠᠷᠤᠨ᠎ᠠ ᠭᠡᠵᠦ ᠢᠯᠡᠳᠬᠡᠪᠡ᠃


 

人社部留学人员和专家服务中心一行到内蒙古自治区开展调研.png


 

    ᠪᠠᠶ᠋ᠢᠴᠠᠭ᠋ᠠᠨ ᠰᠤᠳᠤᠯᠬᠤ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ

ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠪᠢ ᠲᠤᠤ ᠵᠢᠴᠢ ᠬᠠᠮᠢᠶ᠎ᠠ ᠪᠥᠬᠥᠶ ᠭᠠᠵᠠᠷ ᠲᠠᠰᠤᠭ᠎ᠤᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠪᠠᠷ᠎ᠠ ᠪᠣᠯᠪᠠ᠃


 

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠶ ᠮᠡᠷᠭᠡᠵᠢᠯᠲᠡᠨ᠎ᠤ ᠦᠨᠳᠦᠰᠦᠨ ᠱᠠᠲᠤᠨ᠎ᠳᠤ ᠦᠢ᠍ᠯᠡᠴᠢᠯᠡᠬᠦ ᠵᠢᠱ᠌ᠢᠶ᠎ᠡ ᠦᠵᠡᠭᠦᠯᠬᠦ ᠠᠵᠢᠯᠯᠠᠭ᠎ᠠ ᠨᠣᠣᠯᠤᠷ᠎ᠤᠨ ᠢᠮᠠᠭ᠋ᠠᠨ᠎ᠤ ᠪᠠᠷᠢᠮᠵᠢᠶᠠᠵᠢᠭᠤᠯᠤᠭᠰᠠᠨ ᠴᠢᠨᠠᠷ ᠰᠠᠶ᠋ᠢᠲᠠᠶ ᠲᠡᠵᠢᠭᠡᠨ ᠦᠷᠡᠵᠢᠭᠦᠯᠬᠦ ᠮᠡᠷᠭᠡᠵᠢᠯ᠎ᠤᠨ ᠬᠤᠷᠠᠮᠠᠯ ᠬᠡᠷᠡᠭᠯᠡᠭᠡᠨ᠎ᠤ ᠲᠥᠷᠥᠯ ᠵᠦᠢ᠍ᠯ᠎ᠢ ᠣᠲᠣᠭ ᠬᠣᠰᠢᠭᠤᠨ᠎ᠳᠤ ᠤᠷᠤᠭᠰᠢᠲᠠᠶ ᠡᠬᠢᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠨᠡᠷ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠳᠤ ᠬᠦᠷᠴᠦ ᠲᠥᠷᠥ ᠵᠢᠨ ᠪᠣᠳᠣᠯᠭ᠎ᠠ ᠬᠦᠷᠭᠡᠬᠦ ᠠᠵᠢᠯᠯᠠᠭ᠎ᠠ ᠥᠷᠨᠢᠭᠦᠯᠦᠭᠰᠡᠨ ᠪᠥᠭᠡᠳ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠥᠰᠥᠭ ᠵᠢᠷᠤᠪᠠ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠡᠶᠡᠳᠡᠭᠦᠯᠬᠦ ᠬᠥᠨᠳᠡᠯᠡᠨ᠎ᠠᠴᠠ ᠲᠠᠰᠤᠯᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠮᠠᠨ᠎ᠤ ᠣᠷᠣᠨ᠎ᠳᠤ ᠠᠮᠵᠢᠯᠲᠠ᠎ᠲᠠᠢ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠰᠦᠯᠵᠢᠶᠡᠨ᠎ᠤ ᠰᠢᠭᠦᠮᠵᠢᠯᠡᠭᠴᠢ ᠵᠢᠨ ᠪᠣᠯᠪᠠᠰᠤᠷᠠᠯ᠎ᠤᠨ ᠠᠩᠭᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠢᠳᠡᠪᠬᠢᠲᠡᠶ ᠣᠷᠣᠯᠴᠠᠪᠠ
 
            