ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠰᠦᠯᠵᠢᠶᠡᠨ᠎ᠤ ᠰᠢᠭᠦᠮᠵᠢᠯᠡᠭᠴᠢ ᠵᠢᠨ ᠪᠣᠯᠪᠠᠰᠤᠷᠠᠯ᠎ᠤᠨ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2022-10-01

    9 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠬᠥᠬᠡᠬᠣᠲᠠ᠎ᠳᠤ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠰᠦᠯᠵᠢᠶᠡᠨ᠎ᠤ ᠰᠢᠭᠦᠮᠵᠢᠯᠡᠭᠴᠢ ᠵᠢᠨ ᠪᠣᠯᠪᠠᠰᠤᠷᠠᠯ᠎ᠤᠨ ᠠᠩᠭᠢ ᠡᠷᠭᠢᠯᠡᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠪᠢ ᠲᠤᠤ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃


自治区人社厅举办全区人社系统网评员培训班.png


    ᠪᠣᠯᠪᠠᠰᠤᠷᠠᠭᠤᠯᠤᠯ᠎ᠤᠨ ᠠᠩᠭᠢ᠎ᠨᠢ ᠰᠦᠯᠵᠢᠶᠡᠨ᠎ᠤ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠣᠯᠪᠣᠭᠳᠠᠯ ᠪᠥᠬᠥᠶ ᠲᠤᠰᠬᠠᠶ ᠮᠡᠷᠭᠡᠵᠢᠯ᠎ᠤᠨ ᠬᠦᠷᠢᠶᠡᠨ᠎ᠠᠴᠠ ᠢᠷᠡᠭᠰᠡᠨ 2 ᠲᠤᠰᠬᠠᠶ ᠮᠡᠷᠭᠡᠵᠢᠯᠲᠡᠨ᠎ᠢ ᠤᠷᠢᠵᠤ᠂ ᠰᠦᠯᠵᠢᠶᠡᠨ᠎ᠤ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠣᠳᠣᠬᠠᠨ᠎ᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ᠂ ᠰᠢᠯᠵᠢᠮᠡᠯ ᠢᠨᠲᠸᠷ ᠰᠦᠯᠵᠢᠶᠡᠨ᠎ᠤ ᠴᠠᠭ ᠦᠶ᠎ᠡ ᠵᠢᠨ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠶ᠋ᠢᠳᠠᠯ ᠰᠢᠨ᠎ᠡ ᠣᠨᠴᠠᠯᠢᠭ᠂ ᠰᠦᠯᠵᠢᠶᠡᠨ᠎ᠤ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠬᠡᠷᠬᠢᠨ ᠰᠠᠶ᠋ᠢᠲᠤᠷ ᠬᠢᠬᠦ᠂ ᠠᠵᠢᠯ᠎ᠤᠨ ᠮᠡᠳᠡᠭᠡ ᠵᠠᠩᠭᠢ ᠵᠢ ᠵᠣᠬᠢᠶᠠᠨ ᠪᠢᠴᠢᠬᠦ ᠪᠣᠳᠠᠲᠠᠶ ᠠᠵᠢᠯ ᠵᠡᠷᠭᠡ ᠲᠠᠯ᠎ᠠ᠎ᠠᠴᠠ ᠰᠦᠯᠵᠢᠶᠡᠨ᠎ᠤ ᠬᠠᠯᠠᠭᠤᠨ ᠴᠡᠭ᠎ᠤᠨ ᠰᠡᠳᠦᠪ ᠪᠠ ᠠᠮᠢᠳᠤ ᠰᠣᠷᠭᠣᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠭᠦᠨᠵᠡᠭᠡᠶ ᠪᠥᠭᠡᠳ ᠣᠶ᠋ᠢᠯᠠᠭ᠋ᠠᠮᠵᠢᠲᠠᠶ ᠲᠠᠶ᠋ᠢᠯᠪᠤᠷᠢᠯᠠᠯᠲᠠ ᠬᠢᠵᠦ᠂ ᠪᠥᠬᠥ ᠣᠷᠣᠨ᠎ᠤ ᠰᠦᠯᠵᠢᠶᠡᠨ᠎ᠤ ᠰᠢᠭᠦᠮᠵᠢᠯᠡᠭᠴᠢ ᠵᠢᠨ ᠰᠦᠯᠵᠢᠶᠡᠨ᠎ᠤ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠵᠢ ᠤᠯᠠᠮ ᠴᠢᠩᠭ᠋ᠠᠷᠠᠭᠤᠯᠪᠠ᠃
    ᠪᠥᠬᠥ ᠣᠷᠣᠨ᠎ᠤ ᠡᠯ᠎ᠡ ᠠᠶ᠋ᠢᠮᠠᠭ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ᠎ᠤᠨ ᠨᠢᠭᠡᠴᠢ ᠵᠢᠨ ᠰᠦᠯᠵᠢᠶᠡᠨ ᠰᠢᠭᠦᠮᠵᠢᠯᠡᠭᠴᠢ ᠵᠢᠴᠢ ᠬᠠᠮᠢᠶ᠎ᠠ ᠪᠥᠬᠥᠶ ᠠᠵᠢᠯᠲᠠᠨ ᠨᠡᠶ᠋ᠢᠲᠡ 40 ᠬᠥᠮᠦᠨ ᠲᠣᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠪᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠢᠳᠡᠪᠬᠢᠲᠡᠶ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠨᠡᠷ ᠨᠡᠶ᠋ᠢᠭᠡᠮ ᠲᠣᠭᠣᠷᠢᠭ᠎ᠲᠤ ᠬᠦᠷᠴᠦ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠪᠡ
ᠪᠠᠷᠢᠮᠳᠠᠯᠠᠯ᠂ ᠡᠬᠡ ᠤᠯᠤᠰ᠎ᠲᠠᠭᠠᠨ ᠦᠭᠬᠥ ᠬᠠᠮᠤᠭ᠎ᠤᠨ ᠨᠠᠨᠳᠢᠨ ᠬᠠᠶ᠋ᠢᠷ᠎ᠠ
ᠬᠠᠮᠲᠤ᠎ᠪᠠᠷ ᠵᠶ᠋ᠠᠨ ᠬᠦᠬᠡᠬᠤᠳᠠ᠎ᠪᠠᠨ ᠰᠠᠬᠢᠶ᠎ᠠ!
ᠪᠦᠬᠦ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠰᠢᠰᠲ᠋ᠧᠮ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ 《ᠬᠢᠵᠢᠭ》᠎ᠲᠠᠢ ᠲᠡᠮᠡᠴᠡᠬᠦ ᠦᠶ᠎ᠡ᠎ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠨ᠎ᠠ
 
            