10 ᠰᠠᠷ᠎ᠠ ᠵᠢᠨ 2᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠳᠠᠭ᠋ᠠᠭ᠋ᠠᠴᠢᠯᠠᠨ ᠬᠠᠷᠢᠯᠴᠠᠬᠤ ᠨᠡᠶ᠋ᠢᠭᠡᠮ ᠲᠣᠭᠣᠷᠢᠭ ᠪᠤᠯᠬᠤ ᠰᠠᠶ᠋ᠢᠬᠠᠨ ᠲᠣᠭᠣᠷᠢᠭ᠎ᠤᠨ ᠵᠦᠩ ᠵᠤᠸᠠᠨ ᠵᠠᠮ᠎ᠤᠨ ᠴᠦᠨ ᠢᠦᠶ ᠨᠡᠶ᠋ᠢᠭᠡᠮ ᠲᠣᠭᠣᠷᠢᠭ᠎ᠤᠨ ᠠᠵᠢᠯᠲᠠᠨ᠎ᠤ ᠶᠠᠪᠤᠳᠠᠯ᠎ᠤᠨ ᠲᠢᠩᠬᠢᠮ᠎ᠤᠨ ᠰᠠᠭᠤᠭ᠋ᠠᠯᠢ ᠲᠣᠭᠣᠷᠢᠭ ᠪᠠ ᠮᠸᠩ ᠶᠢᠨ ᠰᠠᠭᠤᠭ᠋ᠠᠯᠢ ᠠᠷᠠᠳ᠎ᠤᠨ ᠲᠣᠭᠣᠷᠢᠭ᠎ᠲᠤ ᠬᠦᠷᠴᠦ ᠨᠢᠭᠡᠳᠦᠭᠡᠷ ᠹᠷᠣᠨᠲ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠠᠵᠢᠯᠲᠠᠨ ᠪᠠ ᠰᠠᠶ᠋ᠢᠨ ᠲᠤᠷᠠᠴᠤᠳ᠎ᠢ ᠪᠤᠯᠭᠤᠭ᠋ᠠᠨ ᠦᠵᠡᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠯᠢᠨ ᠪᠠᠷ᠎ᠠ ᠪᠤᠯᠪᠠ᠃

ᠵᠠᠢ ᠶᠢᠩ ᠵᠢᠶᠦ᠋ᠨ ᠡᠩ ᠲᠡᠷᠢᠭᠦᠨ᠎ᠳᠤ ᠠᠵᠢᠯᠳᠠᠨ᠎ᠤ ᠶᠠᠪᠤᠳᠠᠯ᠎ᠤᠨ ᠲᠢᠩᠬᠢᠮ᠎ᠤᠨ ᠰᠠᠭᠤᠭ᠋ᠠᠯᠢ ᠠᠷᠠᠳ᠎ᠤᠨ ᠲᠣᠭᠣᠷᠢᠭ᠎ᠲᠤ ᠭᠦᠨᠵᠡᠭᠡᠶ᠋ᠢᠷᠡᠵᠦ᠂ ᠨᠡᠶ᠋ᠢᠭᠡᠮ ᠲᠣᠭᠣᠷᠢᠭ᠎ᠤᠨ ᠱᠦᠵᠢ ᠮᠸᠩ ᠵᠢᠨ ᠨᠥᠬᠥᠷ᠎ᠠᠴᠠ ᠰᠠᠭᠤᠭ᠋ᠠᠯᠢ ᠠᠷᠠᠳ᠎ᠤᠨ ᠲᠣᠭᠣᠷᠢᠭ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠠᠮᠢᠶ᠎ᠠ ᠪᠦᠬᠦᠢ ᠪᠠᠶ᠋ᠢᠳᠠᠯ᠎ᠢ
ᠣᠶ᠋ᠢᠯᠠᠭ᠋ᠠᠵᠤ᠂ ᠲᠤᠬᠠᠢ ᠵᠢᠨ ᠲᠠᠯᠠᠪᠠᠢ᠎ᠳᠤ ᠰᠠᠢ᠍ᠢ᠍ᠨ ᠲᠤᠷᠠᠴᠤᠳ᠎ᠤᠨ ᠠᠵᠢᠯ᠎ᠢ ᠪᠠᠶ᠋ᠢᠴᠠᠭ᠋ᠠᠨ ᠦᠵᠡᠭᠰᠡᠨ ᠪᠥᠭᠡᠳ ᠲᠢᠩᠬᠢᠮ᠎ᠤᠨ ᠰᠢᠰᠲᠸᠮ᠎ᠤᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠲᠠᠢ ᠳᠣᠲᠣᠨᠣ᠎ᠪᠠᠷ ᠶᠠᠷᠢᠯᠴᠠᠵᠤ᠂ ᠠᠬᠠᠮᠠᠳ ᠺᠠᠳ᠋ᠷᠴᠤᠳ᠎ᠢ ᠥᠪᠡᠷ᠎ᠢ᠎ᠪᠠᠨ ᠰᠠᠶ᠋ᠢᠲᠤᠷ ᠬᠠᠮᠠᠭ᠋ᠠᠯᠠᠭ᠋ᠠᠷᠠᠢ ᠭᠡᠵᠦ ᠵᠠᠬᠢᠪᠠ᠃

ᠲᠠᠷᠠᠭ᠎ᠠ᠎ᠨᠢ᠂ ᠵᠠᠢ ᠶᠢᠩ ᠵᠢᠶᠦ᠋ᠨ ᠪᠠᠰᠠ ᠮᠸᠩ ᠶᠢᠨ ᠰᠠᠭᠤᠭ᠋ᠠᠯᠢ ᠠᠷᠠᠳ᠎ᠤᠨ ᠲᠣᠭᠣᠷᠢᠭ᠎ᠲᠤ ᠬᠦᠷᠴᠦ᠂ ᠨᠡᠶ᠋ᠢᠭᠡᠮ ᠲᠣᠭᠣᠷᠢᠭ᠎ᠤᠨ ᠠᠵᠢᠯᠳᠠᠨ᠂ ᠡᠮᠨᠡᠯᠭᠡ ᠵᠢᠨ ᠠᠵᠢᠯᠳᠠᠨ ᠪᠣᠯᠤᠨ ᠰᠠᠢ᠍ᠢ᠍ᠨ ᠲᠤᠷᠠᠴᠤᠳ᠎ᠲᠠᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠪᠠᠶ᠋ᠢᠳᠠᠯ᠎ᠢ ᠣᠶ᠋ᠢᠯᠠᠭ᠋ᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠣᠷᠣᠯᠴᠠᠭᠰᠠᠨ ᠰᠠᠢ᠍ᠢ᠍ᠨ ᠲᠤᠷᠠᠴᠤᠳ᠎ᠢ ᠭᠦᠢ᠍ᠴᠡᠳ ᠨᠤᠲᠠᠯᠠᠵᠤ ᠬᠠᠯᠠᠮᠵᠢᠯᠠᠵᠤ᠂ ᠨᠡᠶ᠋ᠢᠭᠡᠮ ᠲᠣᠭᠣᠷᠢᠭ᠎ᠲᠠᠢ ᠢᠳᠡᠪᠬᠢᠲᠡᠢ ᠬᠠᠮᠵᠢᠯᠴᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠮᠡᠳᠡᠭᠡ ᠵᠠᠩᠭᠢ ᠵᠢ ᠴᠤᠭᠯᠠᠭᠤᠯᠬᠤ᠂ ᠡᠮᠬᠢ ᠳᠢᠭᠯᠢᠮ᠎ᠢ ᠬᠠᠮᠠᠭ᠋ᠠᠯᠠᠬᠤ ᠵᠡᠷᠭᠡ ᠠᠵᠢᠯ᠎ᠢ ᠰᠠᠶ᠋ᠢᠲᠤᠷ ᠬᠢᠬᠦ ᠵᠢᠨ ᠬᠠᠮᠲᠤ᠂ ᠬᠤᠪᠢ ᠬᠥᠮᠦᠨ᠎ᠤ ᠰᠡᠷᠭᠡᠶ᠋ᠢᠯᠡᠯᠲᠡ ᠬᠠᠮᠠᠭ᠋ᠠᠯᠠᠯᠲᠠ ᠵᠢ ᠰᠠᠶ᠋ᠢᠲᠤᠷ ᠬᠢᠵᠦ᠂ ᠥᠪᠡᠷ᠎ᠤᠨ ᠪᠡᠶ᠎ᠡ ᠪᠣᠯᠤᠨ ᠭᠡᠷ᠎ᠤᠨ ᠬᠥᠮᠦᠰ᠎ᠤᠨ ᠵᠶ᠋ᠠᠨ ᠡᠷᠡᠭᠦᠯ ᠮᠡᠨᠳᠦ ᠵᠢ ᠰᠠᠶ᠋ᠢᠲᠤᠷ ᠬᠠᠮᠠᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠵᠠᠶ ᠶᠢᠩ ᠵᠢᠶᠦ᠋ᠨ ᠴᠢᠬᠤᠯᠠᠴᠢᠯᠠᠭᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠤᠯᠤᠰ ᠲᠥᠷᠥ ᠵᠢᠨ ᠪᠠᠶ᠋ᠢᠭᠤᠯᠭ᠎ᠠ ᠵᠢᠨ ᠡᠭᠦᠷᠭᠡᠯᠡᠯ ᠪᠠ ᠵᠢᠳᠬᠦᠯ ᠴᠢᠷᠮᠠᠶ᠋ᠢᠯᠭ᠎ᠠ ᠵᠢ ᠭᠦᠢ᠍ᠴᠡᠳ ᠪᠠᠳᠠᠷᠠᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠨᠡᠶ᠋ᠢᠭᠡᠮ ᠲᠣᠭᠣᠷᠢᠭ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠳᠠᠭ᠋ᠠᠭ᠋ᠠᠴᠢᠯᠠᠨ ᠬᠠᠷᠢᠯᠴᠠᠬᠤ᠎ᠳᠤ ᠦᠷᠭᠦᠯᠵᠢᠯᠡᠨ ᠬᠦᠴᠦᠨ ᠨᠡᠮᠡᠷᠢᠯᠡᠬᠦ ᠬᠡᠷᠡᠭᠲᠡᠶ᠂ ᠨᠢᠭᠡ᠎ᠳᠤ ᠰᠢᠯᠢᠳᠡᠭ ᠰᠠᠶ᠋ᠢᠨ ᠲᠤᠷᠠᠴᠤᠳ᠎ᠢ ᠰᠣᠩᠭᠣᠨ ᠲᠣᠮᠢᠯᠠᠵᠤ᠂ ᠪᠥᠭᠡᠮ ᠬᠦᠴᠢᠯ᠎ᠢ ᠰᠢᠯᠭ᠋ᠠᠨ ᠪᠠᠶ᠋ᠢᠴᠠᠭ᠋ᠠᠬᠤ ᠮᠡᠳᠡᠭᠡ ᠵᠠᠩᠭᠢ ᠵᠢ ᠴᠤᠭᠯᠠᠭᠤᠯᠬᠤ ᠵᠡᠷᠭᠡ ᠲᠤᠰᠠᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠂ ᠬᠣᠶᠠᠷ᠎ᠲᠤ ᠬᠠᠮᠤᠭ᠎ᠤᠨ ᠶᠡᠬᠡ ᠴᠢᠷᠮᠠᠶ᠋ᠢᠯᠭ᠎ᠠ ᠭᠠᠷᠭ᠋ᠠᠵᠤ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠵᠣᠬᠢᠴᠠᠭᠤᠯᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠳ᠋ ᠪᠣᠳᠠᠰ ᠭᠤᠶᠤᠴᠢᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠴᠦᠨ ᠴᠢᠳᠠᠯ ᠵᠶ᠋ᠠᠨ ᠡᠷᠭᠦᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠶ᠃