ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠢᠳᠡᠪᠬᠢᠲᠡᠶ ᠣᠷᠣᠯᠴᠠᠪᠠ
ᠨᠡᠶ᠋ᠢᠲᠡᠯᠡᠭᠰᠡᠨ ᠴᠠᠭ᠄ 2022-10-06

       ᠣᠶ᠋ᠢᠷ᠎ᠠ ᠵᠢᠨ ᠡᠳᠦᠷ᠎ᠤᠳ᠎ᠲᠤ᠂ ᠬᠥᠬᠡᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶ᠋ᠢᠳᠠᠯ᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠤᠷᠢᠶᠠᠯᠠᠭ᠎ᠠ ᠵᠢ ᠢᠳᠡᠪᠬᠢᠲᠡᠶ ᠴᠤᠤᠷᠢᠶᠠᠲᠤᠨ ᠳᠠᠭ᠋ᠠᠵᠤ᠂ ᠵᠠᠷᠯᠢᠭ᠎ᠢ ᠰᠣᠨᠣᠰᠤᠮᠠᠭᠴᠠ ᠬᠥᠳᠡᠯᠦᠯᠴᠡᠨ᠂ ᠬᠢᠵᠢᠭ᠎ᠲᠠᠢ ᠲᠡᠮᠡᠴᠡᠵᠦ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠠᠶ᠋ᠢᠴᠢᠨ ᠪᠡᠬᠢᠯᠡᠯᠲᠡ ᠵᠢᠨ ᠦᠢ᠍ᠯᠡᠳᠦᠯ ᠪᠣᠯᠤᠨ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠠᠭ᠋ᠠᠭ᠋ᠠᠴᠢᠯᠠᠨ ᠬᠠᠷᠢᠯᠴᠠᠬᠤ ᠨᠡᠶ᠋ᠢᠭᠡᠮ ᠲᠣᠭᠣᠷᠢᠭ ᠪᠣᠯᠤᠨ ᠰᠠᠭᠤᠭ᠎ᠠ ᠭᠠᠵᠠᠷ᠎ᠤᠨ ᠨᠡᠶ᠋ᠢᠭᠡᠮ ᠲᠣᠭᠣᠷᠢᠭ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠮᠦᠨ᠎ᠡ ᠹᠷᠣᠨᠲ᠎ᠲᠤ ᠰᠢᠭᠤᠷᠬᠠᠶ᠋ᠢᠯᠠᠨ ᠣᠷᠣᠯᠴᠠᠵᠤ᠂ ᠪᠣᠳᠠᠲᠤ ᠠᠵᠢᠯᠯᠠᠭ᠎ᠠ ᠪᠣᠯᠤᠨ ᠭᠣᠶᠠᠴᠢ ᠥᠬᠡᠶ ᠶᠡᠬᠡ ᠬᠠᠶ᠋ᠢᠷ᠎ᠠ᠎ᠪᠠᠷ ᠵᠶ᠋ᠠᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠵᠣᠷᠢᠭ ᠰᠠᠨᠠᠭ᠎ᠠ ᠵᠢ ᠲᠠᠶ᠋ᠢᠯᠪᠤᠷᠢᠯᠠᠵᠤ᠂ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠣᠯᠤᠨ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠴᠦᠨ ᠴᠢᠳᠠᠯ ᠵᠶ᠋ᠠᠨ ᠡᠷᠭᠦᠪᠡ᠃
       ᠵᠠᠷᠯᠢᠭ᠎ᠢ ᠰᠣᠨᠣᠰᠤᠮᠠᠭᠴᠠ ᠳᠠᠷᠤᠢ᠌ᠬᠠᠨ ᠬᠦᠳᠡᠯᠦᠯᠴᠡᠪᠡ
       ᠬᠢᠵᠢᠭ᠎ᠤᠨ ᠪᠠᠶ᠋ᠢᠳᠠᠯ ᠪᠣᠯ ᠵᠠᠷᠯᠢᠭ᠂ ᠰᠡᠷᠭᠡᠶ᠋ᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠬᠢᠵᠢᠭ᠎ᠤᠨ ᠪᠠᠶ᠋ᠢᠳᠠᠯ ᠭᠠᠷᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠳᠠᠷᠤᠶ ᠲᠦᠷᠭᠡᠨ ᠬᠥᠳᠡᠯᠦᠯᠴᠡᠵᠦ᠂ ᠨᠠᠷᠢᠨ ᠨᠢᠮᠪᠠᠶ ᠪᠠᠶ᠋ᠢᠷᠢᠯᠠᠭᠤᠯᠪᠠ; 9 ᠰᠠᠷ᠎ᠠ ᠵᠢᠨ 30᠎ᠤ ᠦᠳᠡ ᠵᠢᠨ ᠬᠣᠶ᠋ᠢᠨ᠎ᠠ᠂ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ ᠸᠢᠴᠠᠲ᠎ᠤᠨ ᠠᠵᠢᠯ᠎ᠤᠨ ᠬᠤᠯᠪᠤᠭ᠎ᠠ ᠳᠣᠲᠣᠷ᠎ᠠ ᠰᠠᠨᠠᠭ᠋ᠠᠴᠢᠯᠠᠭ᠎ᠠ ᠭᠠᠷᠭ᠋ᠠᠵᠤ᠂ ᠪᠠᠶ᠋ᠢᠭᠤᠯᠭ᠎ᠠ ᠵᠢᠨ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷᠴᠤᠳ ᠬᠣᠶ᠋ᠢᠨ᠎ᠠ ᠬᠣᠶ᠋ᠢᠨ᠎ᠠ᠎ᠠᠴᠠ᠎ᠪᠠᠨ ᠴᠤᠤᠷᠢᠶᠠᠲᠤᠨ ᠳᠠᠭ᠋ᠠᠵᠤ᠂ ᠢᠳᠡᠪᠬᠢᠲᠡᠶ᠎ᠪᠠᠷ ᠨᠡᠷ᠎ᠡ ᠮᠡᠳᠡᠭᠦᠯᠪᠡ᠃ 10 ᠰᠠᠷ᠎ᠠ ᠵᠢᠨ 1᠎ᠤ ᠡᠳᠦᠷ᠂ ᠠᠩᠬᠠᠳᠤᠭ᠋ᠠᠷ ᠪᠦᠯᠦᠭ᠎ᠤᠨ 12 ᠰᠠᠶ᠋ᠢᠨ ᠲᠤᠷᠠᠴᠤᠳ ᠳᠠᠭ᠋ᠠᠭ᠋ᠠᠴᠢᠯᠠᠨ ᠬᠣᠯᠪᠣᠭ᠋ᠠᠯᠠᠬᠤ ᠠᠵᠢᠯᠲᠠᠨ᠎ᠤ ᠶᠠᠪᠤᠳᠠᠯ᠎ᠤᠨ ᠲᠢᠩᠬᠢᠮ᠎ᠤᠨ ᠰᠠᠭᠤᠭ᠋ᠠᠯᠢ ᠠᠷᠠᠳ᠎ᠤᠨ ᠲᠣᠭᠣᠷᠢᠭ᠂ ᠮᠧᠩ ᠶᠢᠨ ᠰᠠᠭᠤᠭ᠋ᠠᠯᠢ ᠠᠷᠠᠳ᠎ᠤᠨ ᠲᠣᠭᠣᠷᠢᠭ᠎ᠲᠤ ᠰᠠᠶ᠋ᠢᠨ ᠳᠤᠷ᠎ᠠ ᠵᠢᠨ ᠦᠢ᠍ᠯᠡᠴᠢᠯᠡᠭᠡ ᠥᠷᠨᠢᠭᠦᠯᠵᠦ᠂ ᠪᠠᠶ᠋ᠢᠴᠠᠭ᠋ᠠᠨ ᠬᠡᠮᠵᠢᠭᠰᠡᠨ ᠮᠡᠳᠡᠭᠡ ᠵᠠᠩᠭᠢ ᠵᠢ ᠣᠷᠣᠭᠤᠯᠬᠤ᠂ ᠡᠮᠬᠢ ᠳᠢᠭᠯᠢᠮ᠎ᠢ ᠬᠠᠮᠠᠭ᠋ᠠᠯᠠᠬᠤ᠂ ᠲᠤᠬᠠᠶ ᠵᠢᠨ ᠲᠠᠯᠠᠪᠠᠶ᠎ᠳᠤ ᠠᠷᠢᠭᠤᠳᠬᠠᠬᠤ᠂ ᠨᠡᠶ᠋ᠢᠭᠡᠮ ᠲᠣᠭᠣᠷᠢᠭ᠎ᠲᠤ ᠵᠢᠵᠢᠭᠦᠷᠯᠡᠨ ᠰᠠᠬᠢᠬᠤ ᠵᠡᠷᠭᠡ ᠠᠵᠢᠯ᠎ᠢ ᠬᠠᠪᠰᠤᠷᠤᠨ ᠰᠠᠶ᠋ᠢᠲᠤᠷ ᠬᠢᠵᠦ᠂ ᠨᠡᠶ᠋ᠢᠭᠡᠮ ᠲᠣᠭᠣᠷᠢᠭ᠎ᠤᠨ ᠠᠵᠢᠯᠲᠠᠳ᠎ᠲᠠᠢ ᠬᠠᠮᠲᠤ᠎ᠪᠠᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠨᠢᠭᠡᠳᠦᠭᠡᠷ ᠰᠡᠷᠭᠡᠶ᠋ᠢᠯᠡᠯᠲᠡ ᠵᠢᠨ ᠱᠤᠭᠤᠮ᠎ᠢ ᠴᠣᠭᠴᠠᠯᠠᠪᠠ᠃ ᠣᠳᠣᠬᠠᠨ ᠪᠣᠯᠲᠠᠯ᠎ᠠ᠂ ᠲᠢᠩᠬᠢᠮ᠎ᠤᠨ ᠰᠢᠰᠲ᠋ᠧᠮ᠎ᠤᠨ ᠨᠡᠶ᠋ᠢᠲᠡ 5 ᠪᠦᠯᠦᠭ ᠤᠳᠠᠭ᠎ᠠ᠂ 48 ᠨᠠᠮ᠎ᠤᠨ ᠭᠡᠰᠢᠭᠦᠨ ᠺᠠᠳ᠋ᠷ ᠳᠠᠭ᠋ᠠᠭ᠋ᠠᠴᠢᠯᠠᠨ ᠬᠠᠷᠢᠯᠴᠠᠬᠤ ᠨᠡᠶ᠋ᠢᠭᠡᠮ ᠲᠣᠭᠣᠷᠢᠭ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠣᠷᠣᠯᠴᠠᠪᠠ᠃


党建引领聚合力 疫情防控显担当1.jpg


      (ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠭᠡᠰᠢᠭᠦᠨ ᠺᠠᠳ᠋ᠷ ᠰᠠᠶ᠋ᠢᠨ ᠳᠤᠷ᠎ᠠ ᠵᠢᠨ ᠦᠢ᠍ᠯᠡᠴᠢᠯᠡᠭᠡ ᠦᠷᠨᠢᠬᠦᠯᠦᠨ᠎ᠡ)


党建引领聚合力 疫情防控显担当2.png


      (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠡᠮᠦᠨ᠎ᠡ ᠹᠷᠣᠨᠲ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠠᠵᠢᠯᠲᠠᠨ ᠪᠠ ᠰᠠᠶ᠋ᠢᠨ ᠲᠤᠷᠠᠴᠤᠳ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠯᠢᠨ ᠬᠠᠮᠲᠤ ᠠᠶᠠᠯᠠᠪᠠ)
      ᠳᠡᠭᠡᠳᠦ ᠳᠤᠤᠷᠠᠳᠤ ᠱᠠᠲᠤ ᠬᠣᠯᠪᠣᠭ᠋ᠠᠯᠠᠨ ᠬᠥᠳᠡᠯᠦᠯᠴᠡᠵᠦ ᠰᠡᠳᠬᠢᠯ ᠨᠢᠭᠡᠳᠦᠨ 《ᠬᠢᠵᠢᠭ》᠎ᠢ ᠡᠰᠡᠷᠭᠦᠴᠡᠨ᠎ᠡ
      《ᠬᠢᠵᠢᠭ》᠎ᠤᠨ ᠡᠮᠦᠨ᠎ᠡ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠰᠠᠯᠬᠢ ᠪᠣᠷᠣᠭ᠋ᠠᠨ᠎ᠢ ᠬᠠᠮᠲᠤ᠎ᠪᠠᠷ ᠲᠤᠭᠤᠯᠤᠨ᠎ᠠ᠃ ᠲᠢᠩᠬᠢᠮ᠎ᠤᠨ ᠬᠠᠷᠢᠶ᠎ᠠ ᠨᠢᠭᠡᠴᠢ ᠪᠣᠯᠤᠨ ᠦᠨᠳᠦᠰᠦᠨ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠣᠷᠣᠨ᠎ᠤ ᠲᠥᠪ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠪᠥᠬᠥ ᠬᠦᠴᠦᠨ ᠵᠶ᠋ᠠᠷ ᠵᠶ᠋ᠠᠨ ᠣᠷᠣᠯᠴᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠺᠠᠳ᠋ᠷ᠎ᠤᠨ ᠴᠢᠳᠠᠪᠤᠷᠢ ᠰᠤᠷᠲᠠᠯ᠎ᠢ ᠰᠢᠯᠭ᠋ᠠᠬᠤ ᠴᠢᠬᠤᠯᠠ ᠲᠡᠶ᠋ᠢᠨ᠎ᠤ ᠲᠠᠯᠠᠪᠤᠷ᠂ ᠴᠢᠬᠤᠯᠠ ᠶᠡᠬᠡ ᠰᠢᠯᠭ᠋ᠠᠯᠲᠠ ᠪᠣᠯᠭ᠋ᠠᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠺᠠᠳ᠋ᠷ᠎ᠤᠨ ᠳᠦᠷᠢ ᠲᠥᠷᠬᠦ ᠵᠢ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠲᠤ ᠴᠤᠭᠴᠠᠯᠠᠵᠤ ᠪᠠᠢ᠌ᠨ᠎ᠠ᠃


党建引领聚合力 疫情防控显担当3.jpg


      (10 ᠳ᠋ᠤᠭ᠋ᠠᠷ ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠂ ᠨᠡᠶ᠋ᠢᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ ᠳᠠᠭ᠋ᠠᠭ᠋ᠠᠴᠢᠯᠠᠨ ᠬᠣᠯᠪᠣᠭ᠋ᠠᠯᠠᠬᠤ ᠨᠡᠶ᠋ᠢᠭᠡᠮ ᠲᠣᠭᠣᠷᠢᠭ ᠪᠣᠯᠤᠨ ᠠᠵᠢᠯᠯᠠᠵᠤ ᠪᠠᠶ᠋ᠢᠭ᠎ᠠ ᠭᠠᠵᠠᠷ᠎ᠤᠨ ᠨᠡᠶ᠋ᠢᠭᠡᠮ ᠲᠣᠭᠣᠷᠢᠭ᠎ᠲᠤ ᠬᠠᠮᠠᠭ᠋ᠠᠯᠠᠯᠲᠠ ᠵᠢᠨ ᠬᠤᠪᠴᠠᠰᠤ᠂ ᠠᠮᠠᠪᠴᠢ᠂ ᠰᠫᠢᠷᠲ ᠵᠡᠷᠭᠡ ᠬᠢᠵᠢᠭ᠎ᠲᠠᠢ ᠲᠡᠮᠡᠴᠡᠬᠦ ᠡᠳ᠋ ᠪᠣᠳᠠᠰ ᠬᠠᠨᠳᠢᠪᠯᠠᠪᠠ)


党建引领聚合力 疫情防控显担当4.png


      (ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶᠠᠨ᠎ᠤ ᠨᠠᠮ᠎ᠤᠨ ᠭᠡᠰᠢᠭᠦᠨ ᠺᠠᠳ᠋ᠷ ᠪᠤᠭᠤᠲᠤ ᠵᠢᠨ ᠨᠡᠶ᠋ᠢᠭᠡᠮ ᠲᠣᠭᠣᠷᠢᠭ᠎ᠲᠤ ᠬᠦᠷᠴᠦ ᠰᠠᠶ᠋ᠢᠨ ᠳᠤᠷ᠎ᠠ ᠵᠢᠨ ᠦᠢ᠍ᠯᠡᠴᠢᠯᠡᠭᠡ ᠥᠷᠨᠢᠭᠦᠯᠪᠡ)
       ᠨᠠᠮ᠎ᠤᠨ ᠲᠤᠭ ᠵᠶ᠋ᠠᠷ ᠵᠠᠮᠴᠢᠯᠠᠭᠤᠯᠵᠤ 《ᠬᠢᠵᠢᠭ》᠎ᠲᠠᠢ ᠲᠡᠮᠡᠴᠡᠬᠦ᠎ᠳᠤ ᠬᠦᠴᠦ᠎ᠪᠠᠨ ᠡᠷᠭᠦᠨ᠎ᠡ
       ᠨᠢᠭᠡ ᠨᠠᠮ᠎ᠤᠨ ᠭᠡᠰᠢᠭᠦᠨ ᠪᠣᠯ ᠨᠢᠭᠡ ᠲᠤᠭ ᠮᠥᠨ᠃ ᠦᠷᠪᠢᠰᠦᠨ ᠳᠡᠯᠭᠡᠷᠡᠵᠦ ᠪᠠᠶ᠋ᠢᠭ᠎ᠠ ᠸᠢᠷᠦ᠋ᠰ᠎ᠤᠨ ᠡᠮᠦᠨ᠎ᠡ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷ 《ᠬᠤᠤᠰ ᠨᠡᠷ᠎ᠡ ᠮᠡᠳᠡᠭᠦᠯᠬᠦ》 ᠲᠦᠷᠢᠮ᠎ᠢ ᠨᠠᠶ᠋ᠢᠳᠠᠪᠤᠷᠢᠵᠢᠭᠤᠯᠵᠤ᠂ ᠤᠯᠤᠰ᠎ᠤᠨ ᠪᠠᠶᠠᠷ᠎ᠤᠨ ᠠᠮᠠᠷᠠᠯᠲᠠ ᠵᠢᠨ ᠴᠠᠭ ᠵᠶ᠋ᠠᠨ ᠦᠷᠡᠭᠳᠡᠭᠦᠯᠵᠦ᠂ ᠬᠡᠷ ᠪᠦᠯᠢ᠎ᠪᠠᠨ ᠠᠷᠤ᠎ᠳᠠᠭᠠᠨ ᠤᠷᠬᠢᠨ᠂ ᠣᠯᠠᠨ᠎ᠤ ᠲᠥᠯᠥᠭᠡ᠂ ᠸᠢᠷᠦ᠋ᠰ᠎ᠲᠠᠢ ᠲᠡᠶ᠋ᠢᠨ ᠵᠠᠷᠯᠠᠵᠤ᠂ ᠸᠢᠷᠦ᠋ᠰ᠎ᠲᠠᠢ ᠤᠷᠤᠯᠳᠤᠨ ᠭᠦᠶᠦᠵᠦ ᠪᠠᠶ᠋ᠢᠨ᠎ᠠ᠂ ᠲᠡᠳᠡᠨ᠎ᠤ ᠳᠣᠲᠣᠷ᠎ᠠ ᠢᠳᠡᠷ ᠵᠠᠯᠠᠭᠤ ᠨᠠᠮ᠎ᠤᠨ ᠭᠡᠰᠢᠭᠦᠨ ᠪᠠᠶ᠋ᠢᠬᠤ ᠪᠥᠭᠡᠳ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠵᠠᠯᠠᠭᠤ ᠭᠤᠤᠯᠯᠠᠭᠴᠢ ᠬᠦᠴᠦᠨ ᠪᠠᠶ᠋ᠢᠵᠤ᠂ ᠪᠠᠰᠠ ᠰᠠᠶᠢᠬᠠᠨ ᠠᠵᠢᠯ᠎ᠳᠤ ᠣᠷᠣᠭ᠋ᠠᠳ ᠤᠳᠠᠭ᠋ᠠᠳᠤᠶ ᠰᠢᠨ᠎ᠡ ᠬᠦᠴᠦᠨ ᠴᠢᠳᠠᠯ ᠪᠠᠶ᠋ᠢᠵᠤ᠂ ᠠᠷᠠᠳ ᠣᠯᠠᠨ᠎ᠲᠠᠢ ᠬᠠᠮᠲᠤ᠎ᠪᠠᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ 《ᠲᠡᠮᠦᠷ ᠬᠡᠷᠡᠮ ᠲᠡᠮᠦᠷ ᠬᠠᠨ᠎ᠠ》 ᠵᠢ ᠪᠠᠲᠤ ᠴᠣᠭᠴᠠᠯᠠᠵᠤ᠂ ᠨᠠᠮ᠎ᠤᠨ ᠲᠣᠭ᠎ᠢ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠲᠤ ᠥᠨᠳᠥᠷ ᠨᠠᠮᠢᠷᠠᠭᠤᠯᠪᠠ᠃


党建引领聚合力 疫情防控显担当4.jpg


      (ᠡᠨᠡ ᠵᠢᠯ 58 ᠨᠠᠰᠤᠲᠠᠶ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠨᠠᠮ᠎ᠤᠨ ᠭᠡᠰᠢᠭᠦᠨ ᠶᠠᠩ ᠮᠠᠨ ᠳ᠋ᠢ᠂ ᠨᠠᠶᠠᠭ᠋ᠠᠳ ᠣᠨ᠎ᠳᠤ ᠲᠥᠷᠥᠭᠰᠡᠨ ᠵᠠᠯᠠᠭᠤ ᠨᠠᠮ᠎ᠤᠨ ᠭᠡᠰᠢᠭᠦᠨ᠎ᠲᠠᠢ ᠬᠠᠮᠲᠤ ᠰᠠᠭᠤᠭ᠎ᠠ ᠨᠡᠶ᠋ᠢᠭᠡᠮ ᠲᠣᠭᠣᠷᠢᠭ᠎ᠤᠨ ᠬᠢᠵᠢᠭ᠎ᠲᠠᠢ ᠲᠡᠮᠡᠴᠡᠬᠦ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠣᠷᠣᠯᠴᠠᠪᠠ)


党建引领聚合力 疫情防控显担当5.jpg


      (ᠲᠢᠩᠬᠢᠮ᠎ᠤᠨ ᠰᠢᠰᠲ᠋ᠧᠮ᠎ᠤᠨ ᠵᠠᠯᠠᠭᠤ ᠰᠠᠶ᠋ᠢᠨ ᠲᠤᠷᠠᠴᠤᠳ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠣᠷᠣᠯᠴᠠᠪᠠ)
      ᠬᠢᠵᠢᠭ᠎ᠤᠨ ᠪᠠᠶ᠋ᠢᠳᠠᠯ᠎ᠤᠨ ᠡᠮᠦᠨ᠎ᠡ᠂ ᠡᠭᠦᠷᠭᠡ ᠬᠠᠷᠢᠭᠤᠴᠠᠯᠭ᠎ᠠ ᠬᠦᠨᠳᠦ ᠪᠠᠶ᠋ᠢᠨ᠎ᠠ᠃ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ᠎ᠬᠢᠨ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠯᠤᠰ ᠲᠥᠷᠥ ᠵᠢᠨ ᠪᠠᠶ᠋ᠢᠭᠤᠯᠭ᠎ᠠ ᠵᠢᠨ ᠡᠭᠦᠷᠭᠡᠯᠡᠯ ᠪᠠ ᠵᠢᠳᠬᠦᠯ ᠴᠢᠷᠮᠠᠶ᠋ᠢᠯᠭ᠎ᠠ ᠵᠢ ᠭᠦᠢ᠍ᠴᠡᠳ ᠪᠠᠳᠠᠷᠠᠭᠤᠯᠵᠤ᠂ ᠰᠢᠯᠢᠳᠡᠭ ᠰᠠᠶ᠋ᠢᠨ ᠲᠤᠷᠠᠴᠤᠳ᠎ᠢ ᠦᠷᠭᠦᠯᠵᠢᠯᠡᠨ ᠰᠣᠩᠭᠣᠨ ᠲᠣᠮᠢᠯᠠᠵᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠣᠷᠣᠯᠴᠠᠭᠤᠯᠵᠤ᠂ ᠬᠠᠮᠤᠭ᠎ᠤᠨ ᠶᠡᠬᠡ ᠴᠢᠷᠮᠠᠶ᠋ᠢᠯᠭ᠎ᠠ ᠭᠠᠷᠭ᠋ᠠᠵᠤ ᠪᠠᠶ᠋ᠢᠭ᠋ᠠᠳ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠵᠣᠬᠢᠴᠠᠭᠤᠯᠤᠨ ᠰᠡᠷᠭᠡᠶ᠋ᠢᠯᠡᠨ ᠡᠵᠡᠮᠳᠡᠬᠦ ᠡᠳ᠋ ᠪᠣᠳᠠᠰ ᠭᠤᠶᠤᠴᠢᠯᠠᠵᠤ᠂ ᠣᠷᠣᠨ᠎ᠤ ᠲᠥᠪ᠎ᠤᠨ ᠬᠢᠵᠢᠭ᠎ᠲᠠᠢ ᠲᠡᠮᠡᠴᠡᠬᠦ᠎ᠳᠤ ᠪᠥᠬᠥ ᠬᠦᠴᠦᠨ ᠵᠶ᠋ᠠᠷ ᠵᠶ᠋ᠠᠨ ᠬᠦᠴᠦᠨ ᠨᠡᠮᠡᠷᠢᠯᠡᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠴᠦᠨ ᠴᠢᠳᠠᠯ ᠵᠶ᠋ᠠᠨ ᠡᠷᠭᠦᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠪᠣᠯᠤᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠨᠡᠷ ᠨᠡᠶ᠋ᠢᠭᠡᠮ ᠲᠣᠭᠣᠷᠢᠭ᠎ᠲᠤ ᠬᠦᠷᠴᠦ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠪᠡ
ᠪᠠᠷᠢᠮᠳᠠᠯᠠᠯ᠂ ᠡᠬᠡ ᠤᠯᠤᠰ᠎ᠲᠠᠭᠠᠨ ᠦᠭᠬᠥ ᠬᠠᠮᠤᠭ᠎ᠤᠨ ᠨᠠᠨᠳᠢᠨ ᠬᠠᠶ᠋ᠢᠷ᠎ᠠ
ᠬᠠᠮᠲᠤ᠎ᠪᠠᠷ ᠵᠶ᠋ᠠᠨ ᠬᠦᠬᠡᠬᠤᠳᠠ᠎ᠪᠠᠨ ᠰᠠᠬᠢᠶ᠎ᠠ!
ᠪᠦᠬᠦ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠰᠢᠰᠲ᠋ᠧᠮ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ 《ᠬᠢᠵᠢᠭ》᠎ᠲᠠᠢ ᠲᠡᠮᠡᠴᠡᠬᠦ ᠦᠶ᠎ᠡ᠎ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠨ᠎ᠠ
ᠥᠪᠥᠷ ᠮᠣᠩᠭᠣᠯ᠎ᠤᠨ 《ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯᠲᠠᠨ》᠎ᠤ ᠬᠢᠵᠢᠭ᠎ᠲᠠᠢ ᠲᠡᠮᠡᠴᠡᠭᠰᠡᠨ ᠳᠡᠮᠳᠡᠭᠯᠡᠯ
 
            