ᠠᠯᠲᠠᠨ ᠨᠠᠮᠤᠷ᠎ᠤᠨ ᠠᠷᠪᠠᠨ ᠰᠠᠷ᠎ᠠ ᠪᠣᠯ ᠬᠥᠬᠡᠬᠣᠲᠠ ᠵᠢᠨ ᠠᠷᠠᠳ ᠲᠦᠮᠡᠨ ᠥᠩᠭᠡ ᠢᠯᠭ᠋ᠠᠷᠠᠮ᠎ᠠ ᠦᠵᠡᠮᠵᠢ ᠵᠢ ᠰᠤᠨᠢᠷᠬᠠᠬᠤ ᠰᠠᠶ᠋ᠢᠬᠠᠨ ᠤᠯᠠᠷᠢᠯ ᠪᠠᠶ᠋ᠢᠵᠤ ᠲᠠᠭ᠋ᠠᠷᠠᠨ᠎ᠠ᠂ ᠬᠠᠷᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠢᠷᠦ᠋ᠰ ᠳᠠᠬᠢᠨᠲᠠ ᠬᠠᠯᠳᠠᠪᠤᠷᠢᠯᠠᠵᠤ᠂ ᠪᠣᠶ ᠪᠥᠬᠥᠶ ᠰᠠᠶ᠋ᠢᠨ ᠰᠠᠶ᠋ᠢᠬᠠᠨ᠎ᠢ ᠡᠪᠳᠡᠪᠡ᠃ ᠣᠶ᠋ᠢᠷ᠎ᠠ ᠵᠢᠨ ᠡᠳᠦᠷ᠎ᠤᠳ᠎ᠲᠤ᠂ ᠡᠨᠡ ᠬᠦ᠌ ᠣᠲᠣᠭ᠎ᠠ ᠥᠬᠡᠶ ᠪᠠᠶ᠋ᠢᠯᠳᠤᠭ᠋ᠠᠨ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠨᠠᠮ᠎ᠤᠨ ᠭᠡᠰᠢᠭᠦᠨ᠂ ᠺᠠᠳ᠋ᠷ ᠤᠷᠢᠶᠠᠯᠠᠭ᠎ᠠ ᠵᠢ ᠴᠤᠤᠷᠢᠶᠠᠲᠤᠨ᠂ ᠴᠡᠭᠡᠵᠢ ᠳᠦᠷᠢᠨ ᠭᠠᠷᠴᠤ᠂ ᠨᠡᠶ᠋ᠢᠭᠡᠮ ᠲᠣᠭᠣᠷᠢᠭ ᠪᠠ ᠣᠷᠣᠰᠢᠨ ᠰᠠᠭᠤᠭ᠎ᠠ ᠰᠠᠭᠤᠭ᠋ᠠᠯᠢ ᠲᠣᠭᠣᠷᠢᠭ᠎ᠤᠨ ᠬᠢᠵᠢᠭ᠎ᠢ ᠰᠡᠷᠭᠡᠶ᠋ᠢᠯᠡᠨ ᠬᠣᠷᠢᠭᠯᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠢᠳᠡᠪᠬᠢᠲᠡᠶ ᠣᠷᠣᠯᠴᠠᠨ᠂ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠢ ᠬᠠᠮᠠᠭ᠋ᠠᠯᠠᠬᠤ᠎ᠳᠤ ᠬᠤᠪᠢᠰᠬᠠᠯᠲᠤ ᠰᠡᠷᠭᠡᠶ᠋ᠢᠯᠡᠯᠲᠡ ᠵᠢᠨ ᠱᠤᠭᠤᠮ ᠪᠠᠶ᠋ᠢᠭᠤᠯᠵᠤ᠂ ᠪᠠᠲᠤ ᠰᠠᠬᠢᠬᠤ᠎ᠪᠠᠷ ᠠᠭᠤᠤ ᠶᠡᠬᠡ ᠡᠬᠡ ᠤᠯᠤᠰ᠎ᠤᠨ ᠵᠶ᠋ᠠᠨ ᠲᠥᠷᠥᠭᠰᠡᠨ ᠡᠳᠦᠷ᠎ᠢ ᠪᠡᠯᠭᠡᠯᠡᠪᠡ᠃

(ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠭᠡᠰᠢᠭᠦᠨ ᠺᠠᠳ᠋ᠷ ᠳᠠᠭ᠋ᠠᠭ᠋ᠠᠴᠢᠯᠠᠨ ᠬᠣᠯᠪᠣᠭ᠋ᠠᠯᠠᠬᠤ ᠨᠡᠶ᠋ᠢᠭᠡᠮ ᠲᠣᠭᠣᠷᠢᠭ ᠪᠠ ᠰᠠᠭᠤᠭ᠎ᠠ ᠰᠠᠭᠤᠭ᠋ᠠᠯᠢ ᠲᠣᠭᠣᠷᠢᠭ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠢᠳᠡᠪᠬᠢᠲᠡᠶ ᠣᠷᠣᠯᠴᠠᠪᠠ)
《ᠬᠢᠵᠢᠭ》᠎ᠲᠠᠢ ᠲᠡᠮᠡᠴᠡᠬᠦ ᠲᠡᠮᠡᠴᠡᠯ ᠪᠠᠰᠠ ᠦᠷᠭᠦᠯᠵᠢᠯᠡᠵᠦ ᠪᠠᠢ᠌ᠨ᠎ᠠ᠃ ᠪᠢᠳᠡ ᠮᠥᠷᠥ ᠵᠡᠷᠭᠡᠴᠡᠨ ᠪᠠᠶ᠋ᠢᠯᠳᠤᠵᠤ᠂ ᠡᠨᠡ ᠬᠦ᠌ ᠰᠠᠯᠬᠢ ᠪᠣᠷᠣᠭ᠋ᠠᠨ᠎ᠢ ᠬᠠᠮᠲᠤ᠎ᠪᠠᠷ ᠲᠤᠭᠤᠯᠪᠠᠯ᠂ ᠡᠴᠦᠰ᠎ᠲᠡᠭᠡᠨ ᠬᠢᠵᠢᠭ᠎ᠤᠨ ᠪᠠᠶ᠋ᠢᠳᠠᠯ᠎ᠢ ᠢᠯᠠᠨ ᠳᠠᠪᠠᠵᠤ ᠴᠢᠳᠠᠨ᠎ᠠ ᠭᠡᠳᠡᠭ᠎ᠢ ᠢᠲᠡᠭᠡᠵᠦ ᠪᠠᠶ᠋ᠢᠨ᠎ᠠ᠃
ᠴᠢᠷᠮᠠᠢ ᠬᠥᠬᠡᠬᠣᠲᠠ!
ᠴᠢᠷᠮᠠᠢ ᠮᠠᠨ᠎ᠤ ᠬᠣᠲᠠ!