ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠠᠮᠲᠤ᠎ᠪᠠᠷ ᠵᠶ᠋ᠠᠨ ᠬᠦᠬᠡᠬᠤᠳᠠ᠎ᠪᠠᠨ ᠰᠠᠬᠢᠶ᠎ᠠ!
ᠨᠡᠶ᠋ᠢᠲᠡᠯᠡᠭᠰᠡᠨ ᠴᠠᠭ᠄ 2022-10-08

    ᠨᠠᠮᠤᠷ᠎ᠤᠨ ᠭᠦᠨ᠎ᠳᠤ ᠬᠥᠬᠡᠬᠣᠲᠠ᠎ᠳᠤ ᠬᠦᠢ᠍ᠲᠡᠨ ᠰᠠᠯᠬᠢ ᠰᠡᠷᠴᠢᠭᠢᠨᠡᠵᠦ᠂ ᠬᠢᠵᠢᠭ᠎ᠤᠨ ᠪᠠᠶ᠋ᠢᠳᠠᠯ ᠮᠥᠨ ᠬᠦ᠌ ᠠᠷᠢᠯᠤᠭ᠋ᠠᠳᠤᠢ ᠪᠠᠶ᠋ᠢᠭᠰᠠᠭ᠋ᠠᠷ᠃ ᠤᠢ᠍ᠢ᠍ᠷ᠎ᠠ ᠵᠢᠨ ᠡᠳᠦᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠰᠢᠰᠲ᠋ᠧᠮ᠎ᠤᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠡᠷᠡᠭᠡᠯᠵᠡᠯ ᠦᠭᠡᠢ ᠲᠡᠮᠡᠴᠡᠵᠦ᠂ 《ᠬᠢᠵᠢᠭ》᠎ᠲᠠᠢ ᠳᠠᠶ᠋ᠢᠯᠠᠯᠳᠤᠭ᠋ᠠᠨ ᠬᠢᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠠᠢ᠍ᠢ᠍ᠨ ᠳᠤᠷ᠎ᠠ ᠵᠢᠨ ᠦᠢ᠍ᠯᠡᠴᠢᠯᠡᠭᠡ᠎ᠳᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠺᠠᠳ᠋ᠷ ᠠᠷᠠᠳ ᠲᠦᠮᠡᠨ᠎ᠤ ᠲᠥᠯᠥᠭᠡ ᠪᠠᠶ᠋ᠢᠬᠤ》 ᠪᠠᠲᠤ ᠲᠠᠩᠭ᠋ᠠᠷᠢᠭ ᠵᠶ᠋ᠠᠨ ᠦᠢ᠍ᠯᠡᠳᠦᠯᠭᠡᠵᠢᠭᠦᠯᠪᠡ᠃
    ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠲᠥᠪ᠎ᠤᠨ ᠨᠠᠮ᠎ᠤᠨ ᠭᠡᠰᠢᠭᠦᠨ

ᠶᠠᠩ ᠮᠠᠨ ᠳ᠋ᠢ᠄ ᠭᠡᠨᠡᠳᠲᠡ᠎ᠪᠠᠷ ᠲᠠᠭ᠋ᠠᠷᠢᠨ ᠢᠷᠡᠭᠰᠡᠨ ᠬᠢᠵᠢᠭ᠎ᠤᠨ ᠪᠠᠶ᠋ᠢᠳᠠᠯ᠎ᠤᠨ ᠡᠮᠦᠨ᠎ᠡ᠂ ᠪᠢ ᠬᠥᠭᠰᠢᠨ᠎ᠲᠠᠢ᠎ᠪᠠᠨ ᠬᠣᠶᠠᠷ 60 ᠣᠨ᠎ᠠᠴᠠ ᠰᠡᠭᠦᠯᠡᠷ ᠲᠦᠷᠦᠭᠰᠡᠨ ᠨᠠᠮ᠎ᠤᠨ ᠭᠡᠰᠢᠭᠦᠨ ᠡᠾᠸ ᠰᠢᠶᠸ ᠶᠤᠸᠠᠨ ᠨᠡᠢ᠌ᠭᠡᠮ ᠲᠣᠭᠣᠷᠢᠭ᠎ᠤᠨ ᠬᠢᠵᠢᠭ᠎ᠲᠠᠢ ᠲᠡᠮᠡᠴᠡᠬᠦ ᠰᠠᠢ᠍ᠢ᠍ᠨ ᠳᠤᠷ᠎ᠠ ᠵᠢᠨ ᠠᠵᠢᠯᠯᠠᠭ᠎ᠠ᠎ᠳᠤ ᠣᠷᠣᠯᠴᠠᠵᠤ᠂ ᠥᠷᠭᠡᠨ ᠤᠯᠠᠨ ᠰᠠᠭᠤᠭ᠋ᠠᠯᠢ ᠠᠷᠠᠳ᠎ᠤᠨ ᠳᠡᠭᠡᠳᠦ ᠬᠡᠮᠵᠢᠶᠡᠨ᠎ᠤ ᠤᠬᠠᠮᠰᠠᠷᠲᠤ ᠬᠠᠮᠵᠢᠯᠴᠠᠭ᠎ᠠ᠎ᠳᠤ ᠰᠡᠳᠬᠢᠯ ᠳᠣᠭᠳᠣᠯᠤᠨ᠂ ᠡᠮᠴᠢ ᠰᠤᠪᠢᠯᠠᠭᠴᠢᠳ᠎ᠤᠨ ᠠᠶᠤᠯ ᠲᠦᠭᠰᠢᠭᠦᠷᠢ ᠵᠢ ᠰᠦᠷᠦᠨ ᠤᠷᠤᠭᠰᠢᠯᠠᠬᠤ᠎ᠳᠤ ᠰᠡᠳᠬᠢᠯ ᠳᠣᠭᠳᠣᠯᠵᠤ ᠶᠠᠪᠤᠨ᠎ᠠ᠂ ᠢᠯᠠᠩᠭᠤᠶ᠎ᠠ ᠵᠠᠯᠠᠭᠤ 80᠂ 90 ᠣᠨ᠎ᠠᠴᠠ ᠰᠡᠭᠦᠯᠡᠷ ᠲᠦᠷᠦᠭᠰᠡᠨ ᠬᠥᠮᠦᠰ ᠪᠠᠶ᠋ᠢᠯᠳᠤᠭ᠋ᠠᠨ᠎ᠤ ᠬᠤᠪᠴᠠᠰᠤ᠎ᠪᠠᠨ ᠨᠥᠮᠥᠷᠴᠦ᠂ ᠰᠥᠷᠥᠨ

ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠬᠦᠰᠡᠯ ᠡᠷᠡᠮᠡᠯᠵᠡᠯ᠎ᠢ ᠪᠢᠳᠡᠨ᠎ᠳᠤ ᠬᠠᠷᠠᠭᠤᠯᠪᠠ᠃


内蒙古人社人:让我们一起守“呼”!1.jpg


     ᠪᠠᠶ᠋ᠢᠭᠤᠯᠭ᠎ᠠ ᠵᠢᠨ ᠠᠵᠢᠯ᠎ᠠᠴᠠ᠎ᠪᠠᠨ ᠳᠠᠷᠬᠠᠯᠠᠭᠳᠠᠵᠤ ᠠᠵᠢᠯ᠎ᠠᠴᠠ᠎ᠪᠠᠨ ᠠᠮᠠᠷᠠᠭᠰᠠᠨ ᠬᠥᠮᠦᠰ᠎ᠤᠨ ᠠᠵᠢᠯ᠎ᠤᠨ ᠭᠠᠵᠠᠷ᠎ᠤᠨ ᠨᠠᠮ᠎ᠤᠨ ᠭᠡᠰᠢᠭᠦᠨ ᠵᠠᠩ ᠵᠣᠣ ᠰᠢᠤᠢ᠄ ᠬᠢᠵᠢᠭ᠎ᠤᠨ ᠪᠠᠶ᠋ᠢᠳᠠᠯ ᠡᠭᠦᠰᠦᠭᠰᠡᠨ᠎ᠤ ᠳᠠᠷᠠᠭ᠎ᠠ᠂ ᠪᠢ ᠰᠢᠨ᠎ᠡ ᠬᠣᠲᠠ ᠲᠣᠭᠣᠷᠢᠭ᠎ᠤᠨ ᠲᠡᠮᠦᠷ ᠵᠠᠮ ᠰᠠᠭᠤᠭ᠋ᠠᠯᠢ ᠲᠣᠭᠣᠷᠢᠭ᠎ᠤᠨ ᠬᠢᠵᠢᠭ᠎ᠲᠠᠢ ᠲᠡᠮᠡᠴᠡᠬᠦ ᠰᠠᠶ᠋ᠢᠨ ᠳᠤᠷ᠎ᠠ ᠵᠢᠨ ᠦᠢ᠍ᠯᠡᠴᠢᠯᠡᠬᠡᠨ᠎ᠤ ᠠᠵᠢᠯᠯᠠᠭ᠎ᠠ᠎ᠳᠤ ᠣᠷᠣᠯᠴᠠᠵᠤ᠂ ᠥᠷᠯᠥᠭᠡ ᠪᠦᠷᠢ ᠵᠢᠨ 5 ᠴᠠᠭ ᠭᠠᠷᠤᠶ᠎ᠳᠤ ᠪᠡᠯᠡᠳᠬᠡᠯ ᠬᠢᠵᠦ᠂ ᠪᠥᠭᠡᠮ ᠬᠦᠴᠢᠯ᠎ᠤᠨ ᠪᠠᠶ᠋ᠢᠴᠠᠭ᠋ᠠᠯᠲᠠ ᠬᠢᠬᠦ᠂ ᠵᠢᠵᠢᠭᠦᠷᠯᠡᠨ ᠰᠠᠬᠢᠬᠤ᠂ ᠣᠷᠣᠨ ᠪᠦᠰᠡ ᠵᠢᠨ ᠠᠷᠢᠭᠤᠳᠬᠠᠯ᠎ᠢ ᠬᠠᠮᠢᠶᠠᠷᠤᠨ ᠡᠵᠡᠮᠳᠡᠬᠦ ᠵᠡᠷᠭᠡ ᠠᠵᠢᠯ᠎ᠢ ᠬᠠᠮᠵᠢᠨ ᠦᠷᠨᠢᠬᠦᠯᠪᠡ᠃ ᠬᠡᠳᠦᠶ ᠵᠦᠳᠡᠷᠡᠭᠰᠡᠨ ᠴᠦ᠍ ᠡᠳᠡᠭᠡᠷ᠎ᠨᠢ ᠴᠦᠮ ᠡᠪ ᠬᠠᠮᠲᠤ ᠨᠠᠮ᠎ᠤᠨ ᠭᠡᠰᠢᠭᠦᠨ᠎ᠤ ᠬᠢᠬᠦ ᠶᠣᠰᠣᠲᠠᠶ ᠠᠵᠢᠯ᠂ ᠡᠶ᠋ᠢᠮᠦ ᠦᠶ᠎ᠡ᠎ᠳᠤ ᠨᠠᠮ᠎ᠤᠨ ᠭᠡᠰᠢᠭᠦᠨ ᠡᠮᠦᠨ᠎ᠡ᠎ᠨᠢ ᠭᠠᠪᠰᠢᠭ᠋ᠠᠢ᠌ᠯᠠᠪᠠᠯ ᠰᠠᠶᠢ ᠣᠯᠠᠨ ᠲᠦᠮᠡᠨ᠎ᠳᠤ ᠮᠠᠨ᠎ᠤ ᠨᠠᠮ ᠵᠶ᠋ᠠᠨ ᠢᠲᠡᠭᠡᠭᠦᠯᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠢᠵᠢᠭ᠎ᠤᠨ ᠪᠠᠶ᠋ᠢᠳᠠᠯ᠎ᠢ ᠠᠷᠢᠯᠭ᠋ᠠᠵᠤ ᠴᠢᠳᠠᠨ᠎ᠠ᠃


内蒙古人社人:让我们一起守“呼”!2.jpg


     ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠲᠥᠪ᠎ᠤᠨ ᠨᠠᠮ᠎ᠤᠨ ᠭᠡᠰᠢᠭᠦᠨ ᠨᠢᠶᠧ ᠮᠧᠶ᠄ ᠬᠢᠵᠢᠭ᠎ᠤᠨ ᠪᠠᠶ᠋ᠢᠳᠠᠯ ᠬᠦᠨᠳᠦ ᠨᠣᠴᠢᠲᠠᠶ ᠪᠣᠯᠵᠣ᠂ ᠬᠥᠮᠦᠰ᠎ᠤᠨ ᠰᠡᠳᠬᠢᠯ᠎ᠢ ᠰᠠᠨᠠᠭ᠋ᠠᠰᠢᠷᠠᠭᠤᠯᠵᠤ ᠪᠠᠶ᠋ᠢᠨ᠎ᠠ᠃ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠰᠠᠨᠠᠭ᠋ᠠᠴᠢᠯᠠᠭ᠎ᠠ ᠪᠠ 《ᠬᠤᠤᠰ ᠨᠡᠷ᠎ᠡ ᠮᠡᠳᠡᠭᠦᠯᠬᠦ》 ᠱᠠᠭ᠋ᠠᠷᠳᠠᠯᠭ᠎ᠠ ᠶᠣᠰᠣᠭ᠋ᠠᠷ᠂ ᠪᠢ 5 ᠡᠳᠦᠷ ᠳᠠᠷᠠᠭ᠋ᠠᠯᠠᠨ ᠰᠠᠭᠤᠵᠤ ᠪᠠᠶ᠋ᠢᠭ᠎ᠠ ᠨᠡᠶ᠋ᠢᠭᠡᠮ ᠲᠣᠭᠣᠷᠢᠭ᠎ᠲᠠᠭᠠᠨ ᠬᠦᠷᠴᠦ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠣᠷᠣᠯᠴᠠᠪᠠ᠃ ᠡᠨᠡ ᠬᠤᠭᠤᠴᠠᠭ᠋ᠠᠨ᠎ᠳᠤ᠂ ᠪᠢ ᠨᠢᠭᠡ ᠲᠠᠯ᠎ᠠ᠎ᠪᠠᠷ ᠠᠵᠢᠯ ᠵᠶ᠋ᠠᠨ ᠳ᠋ᠦᠩᠨᠡᠵᠦ᠂ ᠦᠢ᠍ᠯᠡᠴᠢᠯᠡᠭᠡᠨ᠎ᠤ ᠠᠷᠭ᠎ᠠ ᠬᠡᠯᠪᠡᠷᠢ᠎ᠪᠠᠨ ᠲᠠᠰᠤᠷᠠᠯᠲᠠ ᠦᠭᠡᠢ ᠰᠠᠶ᠋ᠢᠵᠢᠷᠠᠭᠤᠯᠵᠤ᠂ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠳᠡᠭᠡᠭᠰᠢᠯᠡᠭᠦᠯᠪᠡ᠂ ᠮᠢᠨᠦ ᠦᠨ᠎ᠡ ᠥᠷᠲᠡᠭ ᠴᠦ᠍ ᠣᠯᠠᠨ᠎ᠳᠤ ᠦᠢ᠍ᠯᠡᠴᠢᠯᠡᠬᠦ ᠶᠠᠪᠤᠴᠠ᠎ᠳᠤ

ᠢᠯᠡᠷᠡᠵᠦ᠂ ᠨᠠᠮ᠎ᠠ ᠵᠢ ᠳᠠᠪᠲᠠᠨ ᠪᠣᠯᠪᠠᠰᠤᠷᠠᠭᠤᠯᠵᠤ᠂ ᠣᠯᠠᠨ᠎ᠳᠤ ᠮᠡᠳᠡᠷᠡᠭᠳᠡᠪᠡ᠃ ᠮᠢᠨᠦ ᠪᠤᠳᠦᠬᠤ᠎ᠪᠠᠷ᠂ ᠨᠢᠭᠡᠨ ᠨᠠᠮ᠎ᠤᠨ ᠭᠡᠰᠢᠭᠦᠨ ᠺᠠᠳ᠋ᠷ᠎ᠤᠨ ᠦᠨ᠎ᠡ ᠤᠢ᠍ᠷᠳᠡᠭ ᠪᠣᠯ ᠳᠠᠷᠤᠢ ᠠᠷᠠᠳ ᠲᠦᠮᠡᠨ ᠴᠢᠮᠠᠶ᠋ᠢ ᠬᠡᠷᠡᠭᠰᠡᠬᠦ ᠦᠶ᠎ᠡ᠎ᠳᠤ ᠴᠠᠭ ᠲᠤᠬᠠᠢ᠎ᠳᠤᠨᠢ ᠪᠣᠰᠴᠤ ᠵᠣᠭᠰᠣᠨ᠂ ᠬᠤᠪᠢ ᠨᠡᠮᠡᠷᠢ ᠦᠵᠡᠭᠦᠯᠵᠦ ᠴᠢᠳᠠᠨ᠎ᠠ᠂ ᠡᠨᠡ ᠪᠣᠯ ᠳᠠᠷᠤᠢ ᠡᠭᠦᠷᠭᠡᠯᠡᠯ ᠮᠥᠨ!


内蒙古人社人:让我们一起守“呼”!3.jpg


     ᠪᠠᠶ᠋ᠢᠭᠤᠯᠭ᠎ᠠ ᠵᠢᠨ ᠨᠠᠮ᠎ᠤᠨ ᠬᠣᠷᠢᠶᠠᠨ᠎ᠤ ᠱᠦᠵᠢ ᠱ᠌ᠢ ᠶᠦᠨ ᠵᠢᠶᠤᠤ᠄ ᠪᠢ ᠪᠣᠯ ᠰᠠᠶ᠋ᠢᠨ ᠳᠤᠷ᠎ᠠ ᠵᠢᠨ ᠠᠵᠢᠯᠯᠠᠭᠴᠢ ᠪᠣᠯᠬᠤ᠎ᠪᠠᠷ ᠪᠠᠷᠠᠬᠤ ᠥᠬᠡᠶ ᠨᠠᠩ ᠴᠤ᠌ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠵᠠᠯᠠᠭᠤ ᠺᠠᠳ᠋ᠷ ᠮᠥᠨ᠃ ᠡᠨᠡ ᠤᠳᠠᠭ᠎ᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠶᠡᠬᠡ ᠰᠢᠯᠭ᠋ᠠᠯᠲᠠ᠎ᠳᠤ᠂ ᠪᠢ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠷᠢᠶᠠᠯᠠᠭ᠎ᠠ ᠵᠢ ᠴᠤᠤᠷᠢᠶᠠᠲᠤᠨ ᠳᠠᠭ᠋ᠠᠵᠤ᠂ ᠳᠠᠭ᠋ᠠᠭ᠋ᠠᠴᠢᠯᠠᠨ ᠬᠣᠯᠪᠣᠭ᠋ᠠᠯᠠᠬᠤ ᠨᠡᠶ᠋ᠢᠭᠡᠮ ᠲᠣᠭᠣᠷᠢᠭ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠢᠳᠡᠪᠬᠢᠲᠡᠶ ᠣᠷᠣᠯᠴᠠᠵᠤ᠂ ᠤᠬᠤᠷᠢᠬᠤ ᠥᠬᠡᠶ᠂ ᠬᠦᠴᠢᠷ᠎ᠠᠴᠠ ᠠᠶᠤᠬᠤ ᠥᠬᠡᠶ᠂ ᠬᠠᠮᠲᠤ᠎ᠪᠠᠷ ᠲᠡᠮᠡᠴᠡᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠪᠡ!


内蒙古人社人:让我们一起守“呼”!4.jpg


    ᠳᠡᠭᠡᠳᠦ ᠳᠤᠤᠷᠠᠳᠤ ᠱᠠᠳᠤ ᠰᠡᠳᠬᠢᠯ ᠨᠢᠭᠡᠳᠦᠪᠡᠯ ᠢᠯᠠᠯᠲᠠ ᠣᠯᠵᠤ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ ᠴᠢᠳᠠᠨ᠎ᠠ᠃
    ᠬᠠᠬᠢᠷ ᠬᠦᠢ᠍ᠲᠡᠨ ᠬᠠᠯᠠᠭᠤᠨ ᠰᠡᠳᠬᠢᠯ᠎ᠢ ᠬᠠᠯᠬᠠᠯᠠᠵᠤ ᠴᠢᠳᠠᠬᠤ ᠦᠭᠡᠢ᠂ ᠬᠢᠵᠢᠭ᠎ᠤᠨ ᠪᠠᠢ᠍ᠳᠠᠯ ᠬᠥᠮᠦᠨ᠎ᠤ ᠨᠡᠶ᠋ᠢᠭᠡᠮ᠎ᠤᠨ ᠬᠠᠶ᠋ᠢᠷ᠎ᠠ ᠵᠢ ᠲᠠᠰᠤᠯᠵᠤ ᠴᠢᠳᠠᠬᠤ ᠦᠭᠡᠢ᠃
     ᠪᠢᠳᠡ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠦᠴᠢᠷ ᠪᠡᠷᠬᠡ ᠵᠢ ᠬᠠᠮᠲᠤ᠎ᠪᠠᠷ

ᠲᠤᠭᠤᠯᠤᠶ᠎ᠠ!
       ᠴᠢᠷᠮᠠᠢ ᠬᠥᠬᠡᠬᠣᠲᠠ!

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠰᠢᠰᠲ᠋ᠧᠮ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ 《ᠬᠢᠵᠢᠭ》᠎ᠲᠠᠢ ᠲᠡᠮᠡᠴᠡᠬᠦ ᠦᠶ᠎ᠡ᠎ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠨ᠎ᠠ
ᠥᠪᠥᠷ ᠮᠣᠩᠭᠣᠯ᠎ᠤᠨ 《ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯᠲᠠᠨ》᠎ᠤ ᠬᠢᠵᠢᠭ᠎ᠲᠠᠢ ᠲᠡᠮᠡᠴᠡᠭᠰᠡᠨ ᠳᠡᠮᠳᠡᠭᠯᠡᠯ
ᠦᠪᠦᠷ ᠮᠤᠩᠭᠤᠯ᠎ᠤᠨ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ᠎ᠬᠢᠨ ᠦᠪᠡᠷᠮᠢᠴᠡ ᠬᠡᠯᠪᠡᠷᠢ᠎ᠪᠠᠷ ᠬᠤᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠳᠤᠭᠰᠠᠨ
ᠪᠦᠭᠦ ᠣᠷᠣᠨ᠎ᠤ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠶᠡᠬᠡ ᠬᠤᠷᠠᠯ ᠭᠦᠭᠡᠬᠣᠲᠠ᠎ᠳᠤ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ᠎ᠢ ᠡᠷᠭᠢᠯᠡᠵᠦ ᠵᠠᠩ ᠶᠠᠨ ᠺᠦᠨ ᠣᠷᠣᠯᠴᠠᠵᠠᠢ
ᠸᠠᠩ ᠯᠢ ᠰᠢᠶᠠ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠎ᠳᠤ ᠬᠦᠷᠴᠦ ᠲᠤᠬᠠᠢ ᠵᠢᠨ ᠲᠠᠯᠠᠪᠠᠢ᠎ᠳᠤ ᠠᠯᠪᠠᠯᠠᠪᠠ
 
            