ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠲᠠᠪᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠪᠦᠳᠦᠭᠡᠯᠴᠢ ᠭᠠᠷ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ 《ᠬᠣᠷᠴᠢᠨ ᠬᠤᠨᠳᠠᠭ᠋ᠠᠲᠤ 》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2022-04-05

        ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠲᠠᠪᠤᠳᠤᠭ᠋ᠠᠷ ᠬᠤᠭᠤᠴᠠᠭ᠋ᠠᠨ᠎ᠤ《ᠳᠤᠮᠳᠠᠳᠤ ᠤᠯᠤᠰ᠎ᠤᠨ ᠪᠦᠳᠦᠭᠡᠯᠴᠢ ᠭᠠᠷ》ᠦᠢ᠍ᠯᠡᠰ  ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ《ᠬᠣᠷᠴᠢᠨ ᠬᠤᠨᠳᠠᠭ᠋ᠠᠲᠤ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ

ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠯᠢᠨ᠂ ᠲᠦᠩᠯᠢᠶᠣᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠬᠣᠲᠠ ᠵᠢᠨ ᠳᠡᠳ᠋ ᠳᠠᠷᠤᠭ᠎ᠠ ᠰᠦᠨ ᠯᠸ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠣᠯᠭᠣᠯᠲᠠ ᠵᠢ ᠠᠬᠢᠭᠤᠯᠬᠤ ᠭᠠᠵᠠᠷ᠎ᠤᠨ ᠳᠠᠷᠤᠭ᠎ᠠ ᠹᠦ᠋ ᠯᠢᠩ ᠲᠤᠤ ᠬᠠᠮᠢᠶ᠎ᠠ ᠪᠥᠬᠥᠶ ᠪᠠᠶ᠋ᠢᠳᠠᠯ᠎ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

 

中国创翼.jpg 

 

      《ᠳᠤᠮᠳᠠᠳᠤ ᠤᠯᠤᠰ᠎ᠤᠨ ᠪᠦᠳᠦᠭᠡᠯᠴᠢ ᠭᠠᠷ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ ᠪᠣᠯ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠶᠠᠮᠤᠨ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠷᠬᠢᠯᠡᠭᠰᠡᠨ ᠪᠦᠬᠦ ᠤᠯᠤᠰ᠎ᠤᠨ ᠴᠢᠨᠠᠷᠲᠠᠢ ᠤᠷᠤᠯᠳᠤᠭ᠋ᠠᠨ ᠪᠣᠯᠤᠨ᠎ᠠ᠂ ᠬᠣᠶᠠᠷ ᠵᠢᠯ᠎ᠳᠤ ᠨᠢᠭᠡ ᠤᠳᠠᠭ᠎ᠠ ᠶᠠᠪᠤᠭᠳᠠᠳᠠᠭ᠂ ᠡᠨᠡ ᠵᠢᠯ ᠨᠢᠭᠡᠨᠲᠡ ᠲᠠᠪᠤᠳᠤᠭ᠋ᠠᠷ ᠬᠤᠭᠤᠴᠠᠭ᠎ᠠ ᠪᠣᠯᠵᠠᠢ᠃ 《ᠲᠠᠪᠤᠳᠤᠭ᠋ᠠᠷ ᠬᠤᠭᠤᠴᠠᠭ᠋ᠠᠨ᠎ᠤ 〈ᠳᠤᠮᠳᠠᠳᠤ ᠤᠯᠤᠰ᠎ᠤᠨ ᠪᠦᠳᠦᠭᠡᠯᠴᠢ ᠭᠠᠷ〉ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠢ ᠡᠷᠭᠢᠯᠡᠬᠦ ᠲᠤᠬᠠᠶ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ ᠲᠠᠪᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠪᠦᠳᠦᠭᠡᠯᠴᠢ ᠭᠠᠷ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ《ᠬᠣᠷᠴᠢᠨ ᠬᠤᠨᠳᠠᠭ᠋ᠠᠲᠤ》ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠢ ᠡᠷᠭᠢᠯᠡᠬᠦ᠎ᠪᠠᠷ ᠪᠣᠶ᠃
        ᠨᠢᠭᠡ᠂ ᠤᠷᠤᠯᠳᠤᠭ᠋ᠠᠨ᠎ᠤ ᠵᠣᠷᠢᠯᠭ᠎ᠠ
         ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠤᠯᠤᠰ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠪᠠᠶ᠋ᠢᠯᠳᠤᠬᠤ ᠪᠣᠳᠣᠯᠭ᠎ᠠ ᠵᠢᠴᠢ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠰᠢᠨ᠎ᠡ ᠵᠢ ᠡᠭᠦᠳᠬᠦ᠎ᠪᠠᠷ ᠦᠢ᠍ᠯᠡᠰ ᠪᠦᠳᠦᠭᠡᠬᠦ ᠵᠢ ᠬᠥᠲᠥᠯᠥᠨ ᠳᠠᠭ᠋ᠠᠭᠤᠯᠬᠤ᠂ ᠦᠢ᠍ᠯᠡᠰ ᠪᠦᠳᠦᠭᠡᠬᠦ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠪᠠᠷ ᠭᠤᠤᠯ ᠥᠷᠲᠡᠭ ᠪᠠ ᠭᠤᠤᠯᠳᠠᠯᠭ᠎ᠠ᠎ᠲᠠᠢ ᠦᠨᠡᠯᠡᠬᠦ ᠭᠦᠢ᠍ᠴᠡᠳᠭᠡᠯ ᠲᠣᠭ᠎ᠠ ᠪᠣᠯᠭ᠋ᠠᠵᠤ᠂ ᠮᠠᠨ᠎ᠤ ᠣᠷᠣᠨ᠎ᠤ ᠰᠢᠨ᠎ᠡ ᠵᠢ ᠡᠭᠦᠳᠬᠦ ᠦᠢ᠍ᠯᠡᠰ ᠪᠦᠳᠦᠭᠡᠬᠦ ᠵᠢ ᠵᠣᠷᠢᠭᠵᠢᠭᠤᠯᠤᠨ ᠳᠡᠮᠵᠢᠬᠦ ᠭᠦᠨ ᠵᠤᠵᠠᠭ᠋ᠠᠨ ᠠᠭᠤᠷ ᠠᠮᠢᠰᠬᠤᠯ ᠪᠠ ᠰᠠᠶ᠋ᠢᠨ ᠰᠠᠶ᠋ᠢᠬᠠᠨ ᠣᠷᠴᠢᠨ ᠨᠥᠬᠥᠴᠡᠯ᠎ᠢ ᠶᠡᠬᠡᠪᠡᠷ ᠪᠣᠶ ᠪᠣᠯᠭ᠋ᠠᠵᠤ᠂ 《ᠲᠦᠮᠡᠨ ᠣᠯᠠᠨ ᠵᠶ᠋ᠠᠷ ᠵᠶ᠋ᠠᠨ ᠦᠢ᠍ᠯᠡᠰ ᠪᠦᠳᠦᠭᠡᠵᠦ᠂ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ》ᠵᠢ ᠴᠢᠨᠠᠷ ᠰᠠᠶ᠋ᠢᠲᠠᠶ ᠬᠥᠭᠵᠢᠭᠦᠯᠬᠦ ᠵᠢ ᠠᠬᠢᠭᠤᠯᠤᠨ᠎ᠠ᠃
        ᠬᠣᠶᠠᠷ᠂ ᠤᠷᠤᠯᠳᠤᠭ᠋ᠠᠨ᠎ᠤ ᠭᠣᠣᠯ ᠰᠡᠳᠦᠪ
        ᠲᠤᠰ ᠬᠤᠭᠤᠴᠠᠭ᠋ᠠᠨ᠎ᠤ ᠤᠷᠤᠯᠳᠤᠭ᠋ᠠᠨ᠎ᠤ ᠭᠣᠣᠯ ᠰᠡᠳᠦᠪ ᠪᠣᠯ《ᠰᠢᠨ᠎ᠡ ᠴᠠᠭ ᠦᠶ᠎ᠡ ᠵᠢ ᠡᠭᠦᠳᠴᠦ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠦᠶ᠎ᠡ》ᠪᠣᠯᠤᠨ᠎ᠠ᠃
        ᠭᠤᠷᠪᠠ᠂ ᠤᠷᠤᠯᠳᠤᠭ᠋ᠠᠨ᠎ᠤ ᠵᠣᠬᠢᠶᠠᠨ ᠪᠠᠢ᠌ᠭᠤᠯᠤᠯᠲᠠ
        (ᠨᠢᠭᠡ) ᠭᠤᠤᠯᠯᠠᠨ ᠡᠷᠭᠢᠯᠡᠭᠰᠡᠨ ᠨᠢᠭᠡᠴᠡ ᠵᠢᠴᠢ ᠭᠠᠵᠠᠷ ᠣᠷᠣᠨ
  ᠲᠣᠰ ᠬᠤᠭᠤᠴᠠᠭ᠋ᠠᠨ᠎ᠤ ᠤᠷᠤᠯᠳᠤᠭ᠋ᠠᠨ᠎ᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠪ ᠬᠠᠮᠲᠤ ᠵᠠᠯᠠᠭᠤᠴᠤᠳ᠎ᠤᠨ ᠡᠪᠯᠡᠯ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠲᠦᠩᠯᠢᠶᠣᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠭᠤᠤᠯᠯᠠᠨ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠦᠢ᠍ᠯᠡᠴᠢᠯᠡᠭᠡᠨ᠎ᠤ ᠲᠥᠪ᠂ ᠲᠦᠩᠯᠢᠶᠣᠤ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠲᠦᠩᠯᠢᠶᠣᠤ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠠᠵᠢᠯ ᠣᠯᠭᠣᠬᠤ ᠦᠢ᠍ᠯᠡᠴᠢᠯᠡᠭᠡᠨ᠎ᠤ ᠲᠥᠪ ᠬᠠᠮᠲᠤᠪᠠᠷ ᠳᠠᠭ᠋ᠠᠭ᠋ᠠᠴᠢᠯᠠᠨ ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠭᠠᠵᠠᠷ᠎ᠢ ᠲᠦᠩᠯᠢᠶᠣᠤ ᠬᠣᠲᠠ᠎ᠳᠤ ᠲᠣᠬᠢᠷᠠᠭᠤᠯᠪᠠ᠃
       (ᠬᠣᠶᠠᠷ) ᠤᠷᠤᠯᠳᠤᠭ᠋ᠠᠨ᠎ᠤ ᠵᠣᠬᠢᠶᠠᠨ ᠪᠠᠢ᠌ᠭᠤᠯᠬᠤ ᠺᠣᠮᠢᠰ᠎ᠢ ᠵᠣᠬᠢᠶᠠᠨ ᠪᠠᠶ᠋ᠢᠭᠤᠯᠤᠨ᠎ᠠ
        ᠤᠷᠤᠯᠳᠤᠭ᠋ᠠᠨ᠎ᠨᠢ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠢ ᠵᠣᠬᠢᠶᠠᠨ ᠪᠠᠶ᠋ᠢᠭᠤᠯᠵᠤ ᠤᠳᠤᠷᠢᠳᠬᠤ ᠵᠢ ᠬᠠᠷᠢᠭᠤᠴᠠᠨ᠎ᠠ᠃ ᠵᠣᠬᠢᠶᠠᠨ ᠪᠠᠶ᠋ᠢᠭᠤᠯᠬᠤ ᠺᠣᠮᠢᠰ᠎ᠤᠨ ᠠᠯᠪᠠᠨ ᠭᠡᠷ᠎ᠢ ᠲᠦᠩᠯᠢᠶᠣᠤ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ ᠲᠣᠬᠢᠷᠠᠭᠤᠯᠵᠤ᠂ ᠳᠣᠣᠷ᠎ᠠ᠎ᠨᠢ ᠶᠡᠷᠦᠩᠬᠡᠶ᠋ᠢᠯᠡᠭᠰᠡᠨ ᠳᠤᠭᠤᠶ᠋ᠢᠯᠠᠩ᠂ ᠤᠷᠤᠯᠳᠤᠭ᠋ᠠᠨ᠎ᠤ ᠳᠤᠭᠤᠶ᠋ᠢᠯᠠᠩ᠂ ᠤᠬᠠᠭᠤᠯᠭ᠎ᠠ ᠵᠢᠨ ᠳᠤᠭᠤᠶ᠋ᠢᠯᠠᠩ᠂ ᠪᠠᠲᠤᠯᠠᠭ᠎ᠠ ᠵᠢᠨ ᠳᠤᠭᠤᠶ᠋ᠢᠯᠠᠩ ᠲᠣᠬᠢᠷᠠᠭᠤᠯᠵᠤ᠂ ᠤᠷᠤᠯᠳᠤᠭ᠋ᠠᠨ᠎ᠤ ᠲᠥᠰᠦᠯ᠎ᠢ ᠵᠢᠷᠤᠭᠯᠠᠨ ᠲᠥᠯᠥᠪᠯᠡᠬᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠤᠬᠠᠭᠤᠯᠤᠨ ᠳᠠᠶ᠋ᠢᠴᠢᠯᠠᠬᠤ᠂ ᠨᠡᠷ᠎ᠡ ᠮᠡᠳᠡᠭᠦᠯᠵᠦ ᠬᠢᠨᠠᠨ ᠬᠠᠷᠭᠤᠭᠤᠯᠬᠤ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ᠂ ᠵᠣᠬᠢᠴᠠᠭᠤᠯᠤᠨ ᠬᠠᠮᠢᠶᠠᠷᠬᠤ᠂ ᠰᠢᠯᠢᠳᠡᠭ ᠲᠥᠷᠥᠯ ᠵᠦᠢ᠍ᠯ᠎ᠢ ᠤᠬᠠᠭᠤᠯᠬᠤ ᠵᠡᠷᠭᠡ ᠠᠵᠢᠯ᠎ᠢ ᠪᠣᠳᠠᠲᠠᠶ ᠬᠠᠷᠢᠭᠤᠴᠠᠨ᠎ᠠ᠃
       (ᠭᠤᠷᠪᠠ) ᠬᠢᠨᠠᠨ ᠲᠣᠭᠲᠠᠭ᠋ᠠᠬᠤ ᠺᠣᠮᠢᠰ ᠪᠠᠶ᠋ᠢᠭᠤᠯᠤᠨ᠎ᠠ
        ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠬᠢᠨᠠᠨ ᠲᠣᠭᠲᠠᠭ᠋ᠠᠬᠤ ᠠᠵᠢᠯ᠎ᠤᠨ

ᠢᠯᠡ᠂ ᠡᠷᠬᠡ ᠲᠡᠭᠰᠢ᠂ ᠲᠥᠪ ᠭᠤᠤᠯᠴᠢ ᠶᠠᠪᠤᠭᠳᠠᠬᠤ ᠵᠢ ᠦᠨᠡᠨᠬᠦ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠣᠨᠴᠠ ᠤᠷᠢᠭᠰᠠᠨ ᠡᠷᠳᠡᠮᠲᠡᠨ ᠮᠡᠷᠭᠡᠵᠢᠯᠲᠡᠨ᠂  ᠦᠢ᠍ᠯᠡᠰ ᠪᠦᠳᠦᠭᠡᠭᠰᠡᠨ ᠠᠵᠤ ᠠᠬᠤᠶ᠋ᠢᠯᠠᠯᠲᠠᠨ ᠵᠢᠴᠢ  ᠦᠢ᠍ᠯᠡᠰ ᠪᠦᠳᠦᠭᠡᠬᠦ ᠪᠠᠯᠠ ᠣᠷᠣᠭᠤᠯᠤᠯᠲᠠ ᠵᠢᠨ ᠠᠵᠢᠯ ᠲᠥᠷᠥᠯ᠎ᠤᠨ ᠳᠠᠭ᠋ᠠᠭᠤᠯᠤᠭᠴᠢ ᠬᠥᠮᠦᠰ᠎ᠢ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠬᠢᠨᠠᠨ ᠲᠣᠭᠲᠠᠭ᠋ᠠᠬᠤ ᠺᠣᠮᠢᠰ ᠪᠣᠯᠭ᠋ᠠᠨ ᠪᠦᠷᠢᠯᠳᠦᠭᠦᠯᠦᠨ᠎ᠡ᠃ ᠰᠢᠯᠭ᠋ᠠᠷᠠᠭᠤᠯᠬᠤ ᠺᠣᠮᠢᠰ᠎ᠨᠢ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠲᠤ ᠬᠠᠷᠢᠭᠤᠴᠠᠵᠤ᠂ ᠰᠢᠯᠭ᠋ᠠᠷᠠᠭᠤᠯᠬᠤ ᠠᠵᠢᠯ᠎ᠢ ᠪᠡᠶ᠎ᠡ᠎ᠪᠠᠨ ᠳᠠᠭ᠋ᠠᠭ᠋ᠠᠨ ᠥᠷᠨᠢᠭᠦᠯᠦᠨ᠎ᠡ᠃ ᠤᠷᠤᠯᠳᠤᠭ᠋ᠠᠨ᠎ᠳᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠲᠥᠰᠦᠯ᠎ᠢ ᠲᠥᠰᠦᠪᠯᠡᠨ ᠲᠥᠯᠥᠪᠯᠡᠬᠦ᠂ ᠰᠢᠯᠭ᠋ᠠᠷᠠᠭᠤᠯᠬᠤ ᠪᠠᠷᠢᠮᠵᠢᠶ᠎ᠠ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠴᠤ᠂ ᠰᠢᠯᠭ᠋ᠠᠷᠠᠭᠤᠯᠬᠤ ᠺᠣᠮᠢᠰ᠎ᠤᠨ ᠬᠢᠷᠢ ᠬᠡᠮ᠎ᠢ ᠬᠢᠨᠠᠨ ᠬᠠᠷᠭᠤᠭᠤᠯᠵᠤ᠂ ᠰᠢᠯᠭ᠋ᠠᠷᠠᠭᠤᠯᠬᠤ ᠶᠠᠪᠤᠴᠠ᠎ᠳᠤ ᠬᠢᠨᠠᠯᠲᠠ ᠲᠠᠯᠪᠢᠨ᠎ᠠ᠃
        ᠳᠥᠷᠪᠡ᠂ ᠤᠷᠤᠯᠳᠤᠭ᠋ᠠᠨ᠎ᠤ ᠴᠠᠭ
       ᠤᠷᠤᠯᠳᠤᠭ᠋ᠠᠨ᠎ᠢ ᠠᠶ᠋ᠢᠮᠠᠭ ᠬᠣᠲᠠ ᠵᠢᠨ ᠠᠩᠬᠠᠨ᠎ᠤ ᠤᠷᠤᠯᠳᠤᠭ᠋ᠠᠨ ᠪᠠ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ ᠭᠡᠵᠦ ᠬᠣᠶᠠᠷ ᠱᠠᠲᠤ ᠬᠤᠪᠢᠶᠠᠨ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ 5 ᠳ᠋ᠤᠭ᠋ᠠᠷ ᠰᠠᠷ᠎ᠠ ᠵᠢᠨ 10 ᠎ᠤ ᠡᠳᠦᠷ᠎ᠠᠴᠠ ᠡᠮᠦᠨ᠎ᠡ ᠠᠶ᠋ᠢᠮᠠᠭ ᠬᠣᠲᠠ ᠵᠢᠨ ᠠᠩᠬᠠᠨ᠎ᠤ ᠤᠷᠤᠯᠳᠤᠭ᠋ᠠᠨ᠎ᠢ

ᠳᠠᠭᠤᠰᠬᠠᠵᠤ᠂ 6 ᠳ᠋ᠤᠭ᠋ᠠᠷ ᠰᠠᠷ᠎ᠠ ᠵᠢᠨ 15 ᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠢ ᠳᠠᠭᠤᠰᠬᠠᠨ᠎ᠠ᠃
        ᠲᠠᠪᠤ᠂ ᠤᠷᠤᠯᠳᠤᠭ᠋ᠠᠨ᠎ᠤ ᠳᠦᠷᠢᠮ᠎ᠤᠨ ᠲᠣᠬᠢᠷᠠᠭᠤᠯᠤᠯᠲᠠ
        ᠤᠷᠤᠯᠳᠤᠭ᠋ᠠᠨ᠎ᠢ 《1 + 3》ᠵᠢᠨ ᠵᠠᠭᠪᠤᠷ ᠵᠶ᠋ᠠᠷ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠂ ᠲᠤᠬᠠᠶ᠋ᠢᠯᠠᠪᠠᠯ 1 ᠭᠣᠣᠯ ᠴᠣᠭᠴᠠ ᠵᠢᠨ ᠤᠷᠤᠯᠳᠤᠭ᠋ᠠᠨ ᠳᠡᠭᠡᠷ᠎ᠡ 3 ᠲᠤᠰᠬᠠᠶ ᠵᠦᠢ᠍ᠯ᠎ᠤᠨ ᠤᠷᠤᠯᠳᠤᠭ᠋ᠠᠨ ᠨᠡᠮᠡᠨ᠎ᠡ᠃
       (ᠨᠢᠭᠡ) ᠭᠣᠣᠯ ᠴᠣᠭᠴᠠ ᠵᠢᠨ ᠤᠷᠤᠯᠳᠤᠭ᠋ᠠᠨ 
        ᠭᠣᠣᠯ ᠴᠣᠭᠴᠠ ᠵᠢᠨ ᠤᠷᠤᠯᠳᠤᠭ᠋ᠠᠨ᠎ᠢ ᠦᠢ᠍ᠯᠡᠳᠭᠡᠯ᠎ᠤᠨ ᠦᠢ᠍ᠯᠡᠰ ᠪᠠ ᠦᠢ᠍ᠯᠡᠴᠢᠯᠡᠭᠡᠨ᠎ᠤ ᠦᠢ᠍ᠯᠡᠰ ᠭᠡᠵᠦ ᠬᠣᠶᠠᠷ ᠳᠤᠭᠤᠶ᠋ᠢᠯᠠᠩ ᠬᠤᠪᠢᠶᠠᠳᠠᠭ᠃ ᠦᠢ᠍ᠯᠡᠳᠭᠡᠯ᠎ᠤᠨ ᠦᠢ᠍ᠯᠡᠰ᠎ᠤᠨ ᠳᠤᠭᠤᠶ᠋ᠢᠯᠠᠩ᠎ᠳᠤ ᠠᠭᠤᠷᠬᠠᠢ ᠮᠠᠯᠲᠠᠬᠤ ᠲᠡᠮᠦᠷᠯᠢᠭ ᠬᠠᠶ᠋ᠢᠯᠤᠭᠤᠯᠬᠤ ᠵᠡᠷᠭᠡ ᠤᠯᠠᠮᠵᠢᠯᠠᠯᠲᠤ ᠠᠵᠤ ᠦᠢ᠍ᠯᠡᠰ ᠪᠠᠭᠲᠠᠬᠤ ᠪᠥᠭᠡᠳ ᠪᠣᠬᠢᠷᠲᠤᠯ ᠦᠭᠡᠢ ᠣᠷᠴᠢᠨ ᠲᠣᠭᠣᠷᠢᠨ᠎ᠢ ᠬᠠᠮᠠᠭ᠋ᠠᠯᠠᠬᠤ ᠵᠡᠷᠭᠡ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠴᠦ᠍ ᠪᠠᠭᠲᠠᠨ᠎ᠠ; ᠦᠢ᠍ᠯᠡᠴᠢᠯᠡᠭᠡᠨ᠎ᠤ ᠦᠢ᠍ᠯᠡᠰ᠎ᠤᠨ ᠳᠤᠭᠤᠶ᠋ᠢᠯᠠᠩ᠎ᠳᠤ ᠠᠷᠠᠯᠵᠢᠶ᠎ᠠ ᠬᠤᠳᠠᠯᠳᠤᠭ᠎ᠠ ᠢᠳᠡᠭᠡᠨ ᠤᠮᠳᠠᠭ᠋ᠠᠨ ᠵᠡᠷᠭᠡ ᠤᠯᠠᠮᠵᠢᠯᠠᠯᠲᠤ ᠦᠢ᠍ᠯᠡᠴᠢᠯᠡᠭᠡᠨ᠎ᠤ ᠦᠢ᠍ᠯᠡᠰ᠎ᠤᠨ ᠲᠥᠷᠥᠯ ᠵᠦᠢ᠍ᠯ᠎ᠢ ᠪᠠᠭᠲᠠᠭ᠋ᠠᠬᠤ ᠮᠥᠷᠲᠡᠭᠡᠨ ᠪᠠᠰᠠ ᠡᠯᠧᠺᠲᠷᠣᠨ ᠬᠤᠳᠠᠯᠳᠤᠭ᠋ᠠᠨ᠎ᠤ ᠪᠠᠷᠠᠭ᠋ᠠᠨ᠎ᠤ ᠭᠦᠢ᠍ᠯᠭᠡᠭᠡ ᠵᠡᠷᠭᠡ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠲᠥᠷᠥᠯ  ᠵᠦᠢ᠍ᠯ᠎ᠢ

ᠪᠠᠭᠲᠠᠭ᠋ᠠᠨ᠎ᠠ᠃
       (ᠬᠣᠶᠠᠷ) ᠲᠤᠰᠬᠠᠶ ᠵᠦᠢ᠍ᠯ᠎ᠤᠨ ᠤᠷᠤᠯᠳᠤᠭ᠋ᠠᠨ
        ᠲᠤᠰᠬᠠᠶ ᠤᠷᠤᠯᠳᠤᠭ᠋ᠠᠨ᠎ᠢ ᠵᠠᠯᠠᠭᠤᠴᠤᠳ᠎ᠤᠨ ᠪᠦᠲᠦᠭᠡᠯᠴᠢ ᠰᠡᠳᠬᠢᠮᠵᠢ ᠵᠢᠨ ᠲᠤᠰᠬᠠᠶ ᠤᠷᠤᠯᠳᠤᠭ᠋ᠠᠨ᠂ ᠬᠥᠳᠡᠯᠮᠦᠷᠢ  ᠦᠢ᠍ᠯᠡᠴᠢᠯᠡᠭᠡᠨ᠎ᠤ ᠨᠠᠷᠠᠲᠤ ᠲᠡᠮᠳᠡᠭ᠎ᠤᠨ ᠲᠤᠰᠬᠠᠶ ᠤᠷᠤᠯᠳᠤᠭ᠋ᠠᠨ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠶ ᠤᠷᠤᠯᠳᠤᠭ᠋ᠠᠨ ᠭᠡᠵᠦ 3 ᠲᠥᠷᠥᠯ ᠬᠤᠪᠢᠶᠠᠨ᠎ᠠ᠃
        ᠵᠠᠯᠠᠭᠤᠴᠤᠳ᠎ᠤᠨ ᠪᠦᠲᠦᠭᠡᠯᠴᠢ ᠰᠡᠳᠬᠢᠮᠵᠢ ᠵᠢᠨ ᠲᠤᠰᠬᠠᠢ ᠤᠷᠤᠯᠳᠤᠭ᠋ᠠᠨ᠎ᠤ ᠲᠦᠷᠦᠯ ᠵᠦᠢ᠍ᠯ᠎ᠢ ᠬᠢᠵᠠᠭ᠋ᠠᠷᠯᠠᠬᠤ ᠦᠭᠡᠢ᠂ ᠡᠷᠬᠡᠪᠰᠢ ᠮᠡᠷᠭᠡᠵᠢᠯ᠂ ᠦᠢ᠍ᠯᠡᠳᠬᠦᠨ᠂ ᠵᠠᠭᠪᠤᠷ ᠵᠡᠷᠭᠡ ᠲᠠᠯ᠎ᠠ ᠵᠢᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠲᠠᠢ᠂ ᠪᠦᠷᠢᠨ ᠪᠦᠲᠦᠨ ᠦᠢ᠍ᠯᠡᠰ ᠪᠤᠰᠬᠠᠬᠤ ᠲᠥᠯᠥᠪᠯᠡᠭᠡ ᠵᠢᠨ ᠪᠢᠴᠢᠭ᠎ᠲᠠᠢ ᠪᠠᠶ᠋ᠢᠬᠤ

ᠬᠡᠷᠡᠭᠲᠡᠢ᠃ 
        ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠡᠮᠳᠡᠭ᠎ᠤᠨ ᠲᠤᠰᠬᠠᠶ ᠵᠦᠢ᠍ᠯ᠎ᠤᠨ ᠤᠷᠤᠯᠳᠤᠭ᠋ᠠᠨ᠎ᠢ  ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠡᠮᠳᠡᠭ᠎ᠲᠤ ᠲᠦᠰᠢᠭᠯᠡᠬᠦ ᠪᠠ ᠠᠰᠢᠭᠯᠠᠬᠤ᠎ᠪᠠᠷ ᠳᠠᠮᠵᠢᠨ ᠪᠤᠢ᠌ᠵᠢᠭᠤᠯᠬᠤ᠂ ᠨᠡᠭᠡᠭᠡᠬᠦ ᠪᠠ ᠦᠢ᠍ᠯᠡᠰ ᠪᠦᠳᠦᠭᠡᠬᠦ ᠡᠯ᠎ᠡ ᠵᠦᠢ᠍ᠯ᠎ᠤᠨ ᠲᠥᠷᠥᠯ ᠵᠦᠢ᠍ᠯ᠎ᠳᠤ ᠬᠠᠨᠳᠤᠭᠤᠯᠤᠨ᠎ᠠ᠃ 
        ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠶ ᠵᠦᠢ᠍ᠯ᠎ᠤᠨ ᠤᠷᠤᠯᠳᠤᠭ᠋ᠠᠨ᠎ᠨᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠂ ᠤᠨᠴᠠᠯᠢᠭᠲᠤ ᠲᠠᠷᠢᠮᠠᠯ ᠲᠡᠵᠢᠭᠡᠪᠦᠷᠢ᠂ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠵᠡᠷᠭᠡ ᠬᠥᠳᠡᠭᠡ ᠲᠣᠰᠬᠣᠨ᠎ᠤ ᠡᠯ᠎ᠡ ᠲᠥᠷᠥᠯ᠎ᠤᠨ ᠦᠢ᠍ᠯᠡᠰ ᠪᠦᠳᠦᠭᠡᠬᠦ ᠲᠥᠷᠥᠯ  ᠵᠦᠢ᠍ᠯ᠎ᠳᠤ ᠬᠠᠨᠳᠤᠭᠤᠯᠤᠨ᠎ᠠ᠃
       (ᠭᠤᠷᠪᠠ) ᠤᠷᠤᠯᠳᠤᠭ᠋ᠠᠨ᠎ᠤ ᠬᠡᠯᠪᠡᠷᠢ
        ᠭᠤᠤᠯ ᠴᠣᠭᠴᠠ ᠵᠢᠨ ᠤᠷᠤᠯᠳᠤᠭ᠋ᠠᠨ᠂ ᠵᠠᠯᠠᠭᠤᠴᠤᠳ᠎ᠤᠨ ᠪᠦᠲᠦᠭᠡᠯᠴᠢ ᠲᠥᠰᠦᠪᠯᠡᠯ᠎ᠤᠨ ᠲᠤᠰᠬᠠᠶ ᠤᠷᠤᠯᠳᠤᠭ᠋ᠠᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠶ ᠤᠷᠤᠯᠳᠤᠭ᠋ᠠᠨ᠎ᠨᠢ ᠤᠷᠤᠯᠳᠤᠭ᠋ᠠᠨ᠎ᠳᠤ ᠣᠷᠣᠯᠴᠠᠬᠤ ᠲᠥᠷᠥᠯ ᠵᠦᠢ᠍ᠯ᠎ᠤᠨ ᠦᠵᠡᠬᠦᠯᠭᠡ ᠵᠢᠨ ᠬᠡᠯᠪᠡᠷᠢ᠎ᠪᠠᠷ ᠤᠷᠤᠯᠳᠤᠭ᠋ᠠᠨ ᠶᠠᠪᠤᠭᠤᠯᠤᠨ᠎ᠠ᠃ ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠡᠮᠳᠡᠭ᠎ᠤᠨ ᠲᠤᠰᠬᠠᠶ ᠲᠥᠷᠥᠯ᠎ᠤᠨ ᠤᠷᠤᠯᠳᠤᠭ᠋ᠠᠨ᠎ᠢ ᠡᠯ᠎ᠡ ᠠᠶ᠋ᠢᠮᠠᠭ ᠬᠣᠲᠠ ᠵᠢᠨ ᠵᠣᠬᠢᠶᠠᠨ ᠪᠠᠶ᠋ᠢᠭᠤᠯᠬᠤ ᠺᠣᠮᠢᠰ᠎ᠠᠴᠠ ᠵᠣᠬᠢᠶᠠᠨ ᠪᠠᠶ᠋ᠢᠭᠤᠯᠬᠤ ᠠᠷᠭ᠎ᠠ ᠮᠠᠶᠢᠭ᠎ᠢ ᠥᠪᠡᠰᠦᠪᠡᠨ ᠲᠣᠭᠲᠠᠭ᠋ᠠᠵᠤ᠂ ᠰᠢᠯᠢᠳᠡᠭ ᠲᠥᠷᠥᠯ ᠵᠦᠢ᠍ᠯ᠎ᠢ ᠲᠠᠨᠢᠯᠴᠠᠭᠤᠯᠵᠤ ᠥᠪᠡᠷᠲᠡᠭᠡᠨ ᠵᠠᠰᠠᠬᠤ ᠣᠷᠣᠨ᠎ᠤ ᠬᠢᠨᠠᠨ ᠲᠣᠭᠲᠠᠭ᠋ᠠᠬᠤ᠎ᠳᠤ ᠣᠷᠣᠯᠴᠠᠭᠤᠯᠤᠨ᠎ᠠ᠃
        ᠵᠢᠷᠭᠤᠭ᠎ᠠ᠂ ᠤᠷᠤᠯᠳᠤᠭ᠋ᠠᠨ᠎ᠳᠤ ᠣᠷᠣᠯᠴᠠᠬᠤ ᠡᠲᠡᠭᠡᠳ᠎ᠤᠨ ᠲᠤᠬᠠᠶ
        ᠭᠤᠤᠯ ᠴᠤᠭᠴᠠ ᠵᠢᠨ ᠤᠷᠤᠯᠳᠤᠭ᠋ᠠᠨ᠎ᠨᠢ ᠤᠷᠤᠯᠳᠤᠭ᠋ᠠᠨ᠎ᠳᠤ ᠣᠷᠣᠯᠴᠠᠭᠰᠠᠨ ᠲᠥᠷᠥᠯ ᠵᠦᠢ᠍ᠯ᠎ᠤᠨ ᠳᠠᠩᠰᠠᠯᠠᠭᠤᠯᠤᠭᠰᠠᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷ᠎ᠠ  ᠪᠠᠢ᠌ᠬᠤ ᠵᠢ ᠱᠠᠭ᠋ᠠᠷᠳᠠᠵᠤ᠂ ᠡᠯ᠎ᠡ ᠠᠶ᠋ᠢᠮᠠᠭ ᠬᠣᠲᠠ ᠵᠢᠨ ᠲᠠᠨᠢᠯᠴᠠᠭᠤᠯᠤᠭᠰᠠᠨ ᠲᠥᠷᠥᠯ ᠵᠦᠢ᠍ᠯ᠎ᠢ ᠠᠶ᠋ᠢᠮᠠᠭ ᠬᠣᠲᠠ ᠵᠢᠨ ᠪᠠᠶ᠋ᠢᠭ᠎ᠠ ᠭᠠᠵᠠᠷ᠎ᠲᠤ ᠳᠠᠩᠰᠠᠯᠠᠭᠤᠯᠤᠭᠰᠠᠨ ᠵᠶ᠋ᠠᠷ ᠬᠢᠵᠠᠭ᠋ᠠᠷᠯᠠᠨ᠂ ᠪᠦᠬᠦᠯᠢ 16 ᠨᠠᠰᠤ ᠬᠦᠷᠦᠭᠰᠡᠨ ᠡᠯ᠎ᠡ ᠲᠥᠷᠥᠯ᠎ᠤᠨ  ᠦᠢ᠍ᠯᠡᠰ ᠪᠦᠳᠦᠭᠡᠬᠦ ᠬᠥᠮᠦᠰ ᠤᠷᠤᠯᠴᠠᠨ᠎ᠠ᠃ 
        ᠵᠠᠯᠠᠭᠤᠴᠤᠳ᠎ᠤᠨ ᠪᠦᠲᠦᠭᠡᠯᠴᠢ ᠲᠥᠰᠦᠪᠯᠡᠯ᠎ᠤᠨ ᠲᠤᠰᠬᠠᠶ ᠤᠷᠤᠯᠳᠤᠭ᠋ᠠᠨ᠎ᠨᠢ ᠤᠷᠤᠯᠳᠤᠭ᠋ᠠᠨ᠎ᠳᠤ ᠣᠷᠣᠯᠴᠠᠭᠰᠠᠨ ᠲᠥᠷᠥᠯ ᠵᠦᠢ᠍ᠯ᠎ᠤᠨ ᠳᠠᠩᠰᠠᠯᠠᠭᠤᠯᠤᠭᠰᠠᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷ᠎ᠠ ᠪᠠᠶ᠋ᠢᠵᠤ᠂ ᠡᠯ᠎ᠡ ᠠᠶ᠋ᠢᠮᠠᠭ ᠬᠣᠲᠠ ᠵᠢᠨ ᠲᠠᠨᠢᠯᠴᠠᠭᠤᠯᠤᠭᠰᠠᠨ ᠲᠥᠷᠥᠯ  ᠵᠦᠢ᠍ᠯ᠎ᠢ ᠠᠶ᠋ᠢᠮᠠᠭ ᠬᠣᠲᠠ ᠵᠢᠨ ᠪᠠᠶ᠋ᠢᠭ᠎ᠠ ᠭᠠᠵᠠᠷ᠎ᠲᠤ ᠳᠠᠩᠰᠠᠯᠠᠭᠤᠯᠵᠤ᠂ 16 ᠎ᠠᠴᠠ 35 ᠪᠦᠬᠦᠯᠢ ᠨᠠᠰᠤᠨ᠎ᠤ ᠳᠡᠭᠡᠳᠦ ᠰᠤᠷᠭ᠋ᠠᠭᠤᠯᠢ ᠵᠢᠴᠢ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ᠂ ᠲᠡᠭᠦᠰᠦᠭᠰᠡᠳ ᠵᠡᠷᠭᠡ ᠵᠠᠯᠠᠭᠤᠴᠤᠳ ᠵᠶ᠋ᠡᠷ ᠬᠢᠵᠠᠭ᠋ᠠᠷᠯᠠᠨ᠎ᠠ᠃
        ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠡᠮᠳᠡᠭ᠎ᠤᠨ ᠲᠤᠰᠬᠠᠶ ᠤᠷᠤᠯᠳᠤᠭ᠋ᠠᠨ᠎ᠢ ᠤᠷᠤᠯᠳᠤᠭ᠋ᠠᠨ᠎ᠳᠤ ᠣᠷᠣᠯᠴᠠᠭᠰᠠᠨ ᠲᠥᠷᠥᠯ ᠵᠦᠢ᠍ᠯ᠎ᠤᠨ ᠳᠠᠩᠰᠠᠯᠠᠭᠤᠯᠤᠭᠰᠠᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷ᠎ᠠ ᠪᠠᠶ᠋ᠢᠵᠤ᠂ ᠡᠯ᠎ᠡ ᠠᠶ᠋ᠢᠮᠠᠭ ᠬᠣᠲᠠ ᠵᠢᠨ ᠲᠠᠨᠢᠯᠴᠠᠭᠤᠯᠤᠭᠰᠠᠨ ᠲᠥᠷᠥᠯ  ᠵᠦᠢ᠍ᠯ᠎ᠢ ᠠᠶ᠋ᠢᠮᠠᠭ ᠬᠣᠲᠠ ᠵᠢᠨ ᠪᠠᠶ᠋ᠢᠭ᠎ᠠ ᠭᠠᠵᠠᠷ᠎ᠲᠤ ᠳᠠᠩᠰᠠᠯᠠᠭᠤᠯᠵᠤ᠂ ᠪᠦᠬᠦᠯᠢ 16 ᠨᠠᠰᠤ ᠬᠦᠷᠦᠭᠰᠡᠨ ᠡᠯ᠎ᠡ ᠲᠥᠷᠥᠯ᠎ᠤᠨ ᠦᠢ᠍ᠯᠡᠰ ᠪᠦᠳᠦᠭᠡᠬᠦ ᠬᠦᠮᠦᠰ ᠵᠶ᠋ᠡᠷ  ᠬᠢᠵᠠᠭ᠋ᠠᠷᠯᠠᠨ᠎ᠠ᠃ 
        ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠶ ᠤᠷᠤᠯᠳᠤᠭ᠋ᠠᠨ᠎ᠢ ᠤᠷᠤᠯᠳᠤᠭ᠋ᠠᠨ᠎ᠳᠤ ᠣᠷᠣᠯᠴᠠᠭᠰᠠᠨ ᠲᠥᠷᠥᠯ ᠵᠦᠢ᠍ᠯ᠎ᠤᠨ ᠳᠠᠩᠰᠠᠯᠠᠭᠤᠯᠤᠭᠰᠠᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷ᠎ᠠ ᠪᠠᠶ᠋ᠢᠵᠤ᠂ ᠬᠠᠷᠢᠶ᠎ᠠ ᠰᠢᠶᠠᠩ ᠪᠠᠯᠭ᠋ᠠᠰᠤ ᠰᠤᠮᠤ ᠵᠢᠨ ᠮᠠᠯᠵᠢᠬᠤ ᠲᠠᠷᠢᠶᠠᠯᠠᠬᠤ ᠣᠷᠣᠨ᠎ᠤ ᠰᠢᠶᠠᠨ᠎ᠤ ᠬᠡᠪᠴᠢᠶᠡᠨ᠎ᠳᠤ ᠳᠠᠩᠰᠠᠯᠠᠭᠤᠯᠤᠭᠰᠠᠨ᠂  ᠦᠢ᠍ᠯᠡᠳᠪᠦᠷᠢᠯᠡᠯ ᠪᠠ ᠡᠵᠡᠩᠨᠡᠯᠲᠡ᠎ᠲᠠᠢ᠂ ᠪᠦᠬᠦᠯᠢ 16 ᠨᠠᠰᠤ ᠬᠦᠷᠦᠭᠰᠡᠨ ᠡᠯ᠎ᠡ ᠲᠥᠷᠥᠯ᠎ᠤᠨ ᠦᠢ᠍ᠯᠡᠰ ᠪᠦᠳᠦᠭᠡᠬᠦ ᠬᠥᠮᠦᠰ ᠵᠶ᠋ᠠᠷ ᠬᠢᠵᠠᠭ᠋ᠠᠷᠯᠠᠨ᠎ᠠ᠃
        ᠳᠣᠯᠣᠭ᠎ᠠ᠂ ᠱᠠᠩᠨᠠᠯ᠎ᠤᠨ ᠲᠣᠬᠢᠷᠠᠭᠤᠯᠤᠯᠲᠠ 
        ᠭᠤᠤᠯ ᠴᠣᠭᠴᠠ ᠵᠢᠨ ᠤᠷᠤᠯᠳᠤᠭ᠋ᠠᠨ᠎ᠤ ᠦᠢ᠍ᠯᠡᠳᠭᠡᠯ᠎ᠤᠨ ᠦᠢ᠍ᠯᠡᠰ ᠪᠠ ᠦᠢ᠍ᠯᠡᠴᠢᠯᠡᠭᠡᠨ᠎ᠤ ᠦᠢ᠍ᠯᠡᠰ ᠬᠣᠶᠠᠷ ᠳᠤᠭᠤᠶ᠋ᠢᠯᠠᠩ᠎ᠳᠤ ᠲᠣᠰ ᠲᠣᠰ ᠨᠢᠭᠡᠳᠦᠭᠡᠷ ᠳᠡᠰ᠎ᠤᠨ ᠱᠠᠩᠨᠠᠯ 1 ᠨᠡᠷ᠎ᠡ (ᠱᠠᠩᠨᠠᠯ᠎ᠤᠨ ᠮᠥᠩᠭᠥ 8 ᠲᠦᠮᠡᠨ ᠲᠥᠭᠥᠷᠢᠭ) ᠭᠠᠷᠭ᠋ᠠᠨ᠎ᠠ; ᠬᠣᠶᠠᠳᠤᠭ᠋ᠠᠷ ᠳᠡᠰ᠎ᠤᠨ ᠱᠠᠩᠨᠠᠯ 2 ᠨᠡᠷᠡᠰ (ᠱᠠᠩᠨᠠᠯ᠎ᠤᠨ ᠮᠥᠩᠭᠥ 5 ᠲᠦᠮᠡᠨ ᠲᠥᠭᠥᠷᠢᠭ); ᠭᠤᠷᠪᠠᠳᠤᠭ᠋ᠠᠷ ᠳᠡᠰ᠎ᠤᠨ ᠱᠠᠩᠨᠠᠯ 3 ᠨᠡᠷᠡᠰ (ᠱᠠᠩᠨᠠᠯ᠎ᠤᠨ ᠮᠥᠩᠭᠥ 3 ᠲᠦᠮᠡᠨ ᠲᠥᠭᠥᠷᠢᠭ); ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠳᠤ ᠳᠡᠪᠰᠢᠭᠰᠡᠨ ᠪᠤᠰᠤᠳ ᠲᠥᠷᠥᠯ ᠵᠦᠢ᠍ᠯ᠎ᠳᠤ ᠰᠢᠯᠢᠳᠡᠭ ᠲᠥᠷᠥᠯ ᠵᠦᠢ᠍ᠯ᠎ᠤᠨ ᠱᠠᠩᠨᠠᠯ ᠣᠯᠭᠤᠨ᠎ᠠ᠃ 
        ᠵᠠᠯᠠᠭᠤᠴᠤᠳ᠎ᠤᠨ ᠪᠦᠲᠦᠭᠡᠯᠴᠢ ᠲᠥᠰᠦᠪᠯᠡᠯ᠎ᠤᠨ ᠲᠤᠰᠬᠠᠶ ᠤᠷᠤᠯᠳᠤᠭ᠋ᠠᠨ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠶ ᠤᠷᠤᠯᠳᠤᠭ᠋ᠠᠨ᠎ᠳᠤ ᠲᠣᠰ ᠲᠣᠰ ᠨᠢᠭᠡᠳᠦᠭᠡᠷ ᠳᠡᠰ᠎ᠤᠨ ᠱᠠᠩᠨᠠᠯ 1 ᠨᠡᠷ᠎ᠡ (ᠱᠠᠩᠨᠠᠯ᠎ᠤᠨ ᠮᠥᠩᠭᠥ 8 ᠲᠦᠮᠡᠨ ᠲᠥᠭᠥᠷᠢᠭ) ᠭᠠᠷᠭ᠋ᠠᠨ᠎ᠠ; ᠬᠣᠶᠠᠳᠤᠭ᠋ᠠᠷ ᠳᠡᠰ᠎ᠤᠨ ᠱᠠᠩᠨᠠᠯ 1 ᠨᠡᠷ᠎ᠡ (ᠱᠠᠩᠨᠠᠯ᠎ᠤᠨ ᠮᠥᠩᠭᠥ 5 ᠲᠦᠮᠡᠨ ᠲᠥᠭᠥᠷᠢᠭ) ᠭᠠᠷᠭ᠋ᠠᠨ᠎ᠠ; ᠭᠤᠷᠪᠠᠳᠤᠭ᠋ᠠᠷ ᠳᠡᠰ᠎ᠤᠨ ᠱᠠᠩᠨᠠᠯ 1 ᠨᠡᠷ᠎ᠡ (ᠱᠠᠩᠨᠠᠯ᠎ᠤᠨ ᠮᠥᠩᠭᠥ 3 ᠲᠦᠮᠡᠨ ᠲᠥᠭᠥᠷᠢᠭ) ᠭᠠᠷᠭ᠋ᠠᠨ᠎ᠠ; ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ ᠎ᠳᠤ ᠳᠡᠪᠰᠢᠭᠰᠡᠨ ᠪᠤᠰᠤᠳ ᠲᠥᠷᠥᠯ  ᠵᠦᠢ᠍ᠯ᠎ᠳᠤ ᠰᠢᠯᠢᠳᠡᠭ ᠲᠥᠷᠥᠯ ᠵᠦᠢ᠍ᠯ᠎ᠤᠨ ᠱᠠᠩᠨᠠᠯ

ᠣᠯᠭᠤᠨ᠎ᠠ᠃
        ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠡᠮᠳᠡᠭ᠎ᠤᠨ ᠲᠤᠰᠬᠠᠶ ᠲᠥᠷᠥᠯ᠎ᠤᠨ ᠤᠷᠤᠯᠳᠤᠭ᠋ᠠᠨ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠠᠴᠠ ᠡᠯ᠎ᠡ ᠠᠶ᠋ᠢᠮᠠᠭ ᠬᠣᠲᠠ ᠵᠢᠨ ᠳᠡᠭᠡᠭᠰᠢ ᠮᠡᠳᠡᠭᠦᠯᠦᠭᠰᠡᠨ ᠰᠢᠯᠢᠳᠡᠭ ᠲᠥᠷᠥᠯ ᠵᠦᠢ᠍ᠯ᠎ᠢ ᠰᠢᠭᠰᠢᠨ ᠰᠣᠩᠭᠣᠵᠤ᠂ ᠪᠥᠬᠥ ᠤᠯᠤᠰ᠎ᠤᠨ ᠰᠢᠯᠭ᠋ᠠᠷᠠᠭᠤᠯᠬᠤ ᠤᠷᠤᠯᠳᠤᠭ᠋ᠠᠨ᠎ᠳᠤ ᠣᠷᠣᠯᠴᠠᠭᠤᠯᠬᠤ᠎ᠪᠠᠷ ᠰᠢᠭᠤᠳ  ᠲᠠᠨᠢᠯᠴᠠᠭᠤᠯᠤᠨ᠎ᠠ᠃ ᠪᠦᠬᠦ ᠤᠯᠤᠰ᠎ᠤᠨ ᠰᠢᠯᠭ᠋ᠠᠷᠠᠭᠤᠯᠬᠤ ᠤᠷᠤᠯᠳᠤᠭ᠋ᠠᠨ᠎ᠳᠤ ᠣᠷᠣᠯᠴᠠᠭᠰᠠᠨ ᠲᠥᠷᠥᠯ ᠵᠦᠢ᠍ᠯ ᠎ᠳᠤ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠲᠥᠷᠥᠯ ᠵᠦᠢ᠍ᠯ᠎ᠤᠨ ᠱᠠᠩᠨᠠᠯ ᠣᠯᠭᠤᠨ᠎ᠠ᠃ 
        ᠲᠣᠰ ᠤᠳᠠᠭ᠋ᠠᠨ᠎ᠤ ᠤᠷᠤᠯᠳᠤᠭ᠋ᠠᠨ᠎ᠤ ᠤᠷᠤᠭᠰᠢᠲᠠᠶ ᠡᠬᠢᠯᠡᠬᠦ ᠪᠠ ᠡᠮᠬᠢ ᠵᠢᠷᠤᠮ᠎ᠲᠠᠢ ᠶᠠᠪᠤᠭᠳᠠᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠡᠮᠦᠨᠡᠬᠢ ᠬᠤᠭᠤᠴᠠᠭ᠋ᠠᠨ᠎ᠤ ᠪᠡᠯᠡᠳᠬᠡᠯ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠣᠯᠤᠨ ᠲᠦᠩᠯᠢᠶᠣᠤ ᠬᠣᠲᠠ ᠵᠢᠨ ᠵᠠᠰᠠᠭ᠎ᠤᠨ ᠣᠷᠳᠣᠨ᠎ᠤ ᠭᠤᠤᠯ ᠤᠳᠤᠷᠢᠳᠤᠯᠭ᠎ᠠ᠎ᠪᠠᠷ ᠡᠷᠬᠢᠯᠡᠭᠴᠢ ᠪᠣᠯᠭ᠋ᠠᠵᠤ᠂ ᠬᠠᠮᠢᠶ᠎ᠠ ᠪᠥᠬᠥᠶ ᠰᠠᠯᠠᠭ᠎ᠠ ᠮᠥᠴᠢᠷ ᠨᠢᠭᠡᠴᠢ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠎ᠪᠠᠷ ᠳᠡᠳ᠋ ᠡᠷᠬᠢᠯᠡᠭᠴᠢ ᠪᠣᠯᠭ᠋ᠠᠵᠤ᠂ ᠡᠯ᠎ᠡ  ᠳᠠᠭ᠋ᠠᠭ᠋ᠠᠴᠢᠯᠠᠨ ᠬᠦᠢ᠍ᠴᠡᠳᠭᠡᠬᠦ ᠨᠢᠭᠡᠴᠢ ᠵᠢᠨ ᠬᠠᠷᠢᠭᠤᠴᠠᠯᠭ᠋ᠠᠲᠠᠨ ᠵᠶ᠋ᠠᠷ ᠪᠦᠷᠢᠯᠳᠦᠬᠦᠨ ᠪᠣᠯᠭ᠋ᠠᠭᠰᠠᠨ ᠵᠣᠬᠢᠶᠠᠨ ᠪᠠᠶ᠋ᠢᠭᠤᠯᠬᠤ ᠺᠣᠮᠢᠰ᠎ᠢ ᠪᠠᠶ᠋ᠢᠭᠤᠯᠪᠠ᠃《ᠲᠠᠪᠤᠳᠤᠭ᠋ᠠᠷ ᠬᠤᠭᠤᠴᠠᠭ᠋ᠠᠨ᠎ᠤ〈ᠳᠤᠮᠳᠠᠳᠤ ᠤᠯᠤᠰ᠎ᠤᠨ ᠪᠦᠳᠦᠭᠡᠯᠴᠢ ᠭᠠᠷ〉ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ〈ᠬᠣᠷᠴᠢᠨ ᠬᠤᠨᠳᠠᠭ᠋ᠠᠲᠤ〉ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠢ ᠡᠷᠭᠢᠯᠡᠬᠦ ᠲᠤᠬᠠᠶ ᠮᠡᠳᠡᠭᠳᠡᠯ》ᠪᠣᠯᠤᠨ《ᠬᠡᠷᠡᠭᠵᠢᠭᠦᠯᠬᠦ ᠲᠥᠰᠦᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠤᠷᠤᠯᠳᠤᠭ᠋ᠠᠨ᠎ᠤ ᠬᠡᠯᠪᠡᠷᠢ᠂ ᠤᠷᠤᠯᠳᠤᠭ᠋ᠠᠨ᠎ᠳᠤ ᠣᠷᠣᠯᠴᠠᠬᠤ ᠨᠥᠬᠥᠴᠡᠯ᠂ ᠤᠷᠤᠯᠳᠤᠭ᠋ᠠᠨ᠎ᠤ ᠶᠠᠪᠤᠳᠠᠯ᠎ᠤᠨ ᠲᠣᠬᠢᠷᠠᠭᠤᠯᠤᠯᠲᠠ᠂ ᠤᠷᠤᠯᠳᠤᠭ᠋ᠠᠨ᠎ᠤ ᠶᠠᠪᠤᠳᠠᠯ᠎ᠤᠨ ᠠᠯᠬᠤᠮ ᠳᠠᠷᠠᠭ᠋ᠠᠯᠠᠯ᠂ ᠱᠠᠩᠨᠠᠨ ᠬᠦᠬᠢᠬᠦᠯᠬᠦ ᠵᠡᠷᠭᠡ ᠪᠣᠳᠠᠲᠠᠶ ᠵᠦᠢ᠍ᠯᠡᠰ᠎ᠢ ᠲᠣᠳᠣᠷᠬᠠᠶ᠋ᠢᠯᠠᠵᠤ᠂ ᠤᠷᠤᠯᠳᠤᠭ᠋ᠠᠨ᠎ᠤ ᠶᠠᠪᠤᠳᠠᠯ᠎ᠤᠨ ᠡᠯ᠎ᠡ ᠱᠠᠲᠤ ᠦᠶ᠎ᠡ᠂ ᠡᠯ᠎ᠡ  ᠵᠦᠢ᠍ᠯ᠎ᠤᠨ ᠠᠵᠢᠯ᠎ᠤᠨ ᠨᠢᠭᠡᠳᠦᠯᠲᠡᠶ ᠡᠮᠬᠢ ᠵᠢᠷᠤᠮ᠎ᠲᠠᠢ ᠠᠭᠢᠬᠤ ᠵᠢ ᠦᠨᠡᠨ ᠬᠦ᠌ ᠪᠠᠳᠤᠯᠠᠨ᠎ᠠ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠪᠠᠯᠠ ᠮᠥᠩᠭᠥ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢ ᠳᠡᠭᠡᠭᠰᠢᠯᠡᠭᠦᠯᠬᠦ ᠣᠨ᠎ᠤ ᠠᠵᠢᠯᠯᠠᠭ᠎ᠠ ᠵᠢᠨ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ
ᠵᠠᠶ ᠶᠢᠩ ᠵᠢᠶᠦ᠋ᠨ ᠲᠦᠩᠯᠢᠶᠣᠤ ᠬᠣᠲᠠ᠎ᠳᠤ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠢᠯ ᠣᠯᠭᠣᠯᠲᠠ ᠵᠢ ᠪᠠᠲᠤᠯᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠲᠠᠪᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠪᠦᠳᠦᠭᠡᠯᠴᠢ ᠭᠠᠷ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ 《ᠬᠣᠷᠴᠢᠨ ᠬᠤᠨᠳᠠᠭ᠋ᠠᠲᠤ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠲᠧᠯᠸᠢᠰ ᠰᠢᠢ᠍ᠳᠪᠦᠷᠢᠳᠦ ᠤᠷᠤᠯᠳᠤᠭ᠋ᠠᠨ ᠵᠢᠴᠢ ᠱᠠᠩᠨᠠᠯ ᠣᠯᠭᠣᠬᠤ ᠶᠣᠰᠣᠯᠠᠯ ᠲᠦᠩᠯᠢᠶᠣᠤ ᠬᠣᠲᠠ᠎ᠳᠤ ᠶᠠᠪᠤᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠡᠬᠢᠯᠡᠵᠦ ᠰᠦᠨ ᠱᠤᠤ ᠴᠸᠩ ᠪᠠᠶᠠᠷ᠎ᠤᠨ ᠵᠠᠬᠢᠳᠠᠯ ᠢᠯᠡᠭᠡᠪᠡ
ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠢ ᠠᠬᠢᠭᠤᠯᠬᠤ ᠲᠣᠬᠢᠷᠠᠭᠤᠯᠤᠯᠲᠠ ᠵᠢᠨ ᠬᠤᠷᠠᠯ ᠬᠤᠷᠠᠯᠳᠤᠪᠠ
 
            