ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠪᠠᠯᠠ ᠮᠥᠩᠭᠥ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢ ᠳᠡᠭᠡᠭᠰᠢᠯᠡᠭᠦᠯᠬᠦ ᠣᠨ᠎ᠤ ᠠᠵᠢᠯᠯᠠᠭ᠎ᠠ ᠵᠢᠨ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ
ᠨᠡᠶ᠋ᠢᠲᠡᠯᠡᠭᠰᠡᠨ ᠴᠠᠭ᠄ 2022-04-06

        ᠪᠥᠬᠥ ᠤᠯᠤᠰ᠎ᠤᠨ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢ ᠳᠡᠭᠡᠭᠰᠢᠯᠡᠭᠦᠯᠬᠦ ᠣᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠪᠠᠯᠠ ᠮᠥᠩᠭᠥ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢ ᠳᠡᠭᠡᠭᠰᠢᠯᠡᠭᠦᠯᠬᠦ ᠣᠨ᠎ᠤ ᠠᠵᠢᠯᠯᠠᠭ᠎ᠠ ᠵᠢᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠵᠢᠨ ᠲᠤᠰᠠᠳᠠ᠂ 3 ᠳ᠋ᠤᠭ᠋ᠠᠷ ᠰᠠᠷ᠎ᠠ ᠵᠢᠨ 31 ᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠪᠠᠯᠠ ᠮᠥᠩᠭᠥ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢ ᠳᠡᠭᠡᠭᠰᠢᠯᠡᠭᠦᠯᠬᠦ ᠣᠨ᠎ᠤ ᠠᠵᠢᠯᠯᠠᠭ᠎ᠠ ᠵᠢᠨ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ᠃


全区人社领域 资金基金管理问题.jpg


       ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠣᠷᠣᠯᠴᠠᠭᠰᠠᠨ ᠪᠥᠭᠡᠳ ᠲᠤᠰᠬᠠᠶ ᠰᠡᠳᠦᠪᠲᠦ ᠪᠣᠯᠪᠠᠰᠤᠷᠠᠯ ᠬᠢᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠯᠢ ᠸᠸᠨ ᠭᠠᠩ ᠨᠥᠬᠥᠷ ᠪᠥᠬᠥ ᠤᠯᠤᠰ᠎ᠤᠨ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢ ᠳᠡᠭᠡᠭᠰᠢᠯᠡᠭᠦᠯᠬᠦ ᠣᠨ᠎ᠤ ᠠᠵᠢᠯᠯᠠᠭ᠎ᠠ ᠵᠢᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠾᠧ ᠹᠸᠩ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠤ ᠪᠠᠯᠠ ᠮᠥᠩᠭᠥ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢ ᠳᠡᠭᠡᠭᠰᠢᠯᠡᠭᠦᠯᠬᠦ ᠣᠨ᠎ᠤ ᠠᠵᠢᠯᠯᠠᠭ᠎ᠠ᠎ᠳᠤ ᠪᠠᠶ᠋ᠢᠷᠢᠯᠠᠭᠤᠯᠤᠯᠲᠠ ᠬᠢᠪᠠ᠃  ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠭᠠᠵᠠᠷ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠭᠠᠵᠠᠷ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ  ᠦᠢ᠍ᠯᠡᠴᠢᠯᠡᠭᠡᠨ᠎ᠤ ᠲᠥᠪ᠎ᠤᠨ ᠠᠵᠢᠯ ᠠᠯᠳᠠᠯᠲᠠ ᠵᠢᠨ ᠳᠠᠭ᠋ᠠᠳᠬᠠᠯ᠎ᠤᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠲᠥᠪ᠎ᠤᠨ ᠲᠤᠯᠭ᠋ᠠᠨ ᠪᠤᠳᠤᠬᠤ ᠲᠦᠭᠰᠢᠭᠦᠷᠢ ᠵᠢ ᠡᠵᠡᠮᠳᠡᠬᠦ ᠭᠠᠵᠠᠷ᠂ ᠲᠥᠯᠥᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠎ᠤᠨ ᠬᠠᠷᠢᠭᠤᠴᠠᠯᠭ᠋ᠠᠲᠠᠨ ᠨᠥᠬᠥᠳ ᠲᠣᠰ ᠲᠣᠰ ᠲᠤᠰᠬᠠᠶ ᠰᠡᠳᠦᠪ ᠵᠶ᠋ᠡᠷ ᠬᠢᠴᠢᠶᠡᠯ ᠣᠷᠣᠪᠠ᠃  ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠨᠥᠬᠥᠷ ᠳᠥᠷᠪᠡᠨ ᠲᠠᠯ᠎ᠠ᠎ᠪᠠᠷ ᠲᠤᠰᠬᠠᠶ ᠰᠡᠳᠦᠪᠲᠦ ᠪᠣᠯᠪᠠᠰᠤᠷᠠᠯ ᠬᠢᠪᠠ᠃


全区人社领域 资金基金管理问2.jpg


        ᠪᠣᠯᠪᠠᠰᠤᠷᠠᠯ᠎ᠨᠢ ᠸᠢᠳᠢᠤ᠋ ᠬᠡᠯᠪᠡᠷᠢ᠎ᠪᠠᠷ ᠶᠠᠪᠤᠭᠳᠠᠵᠤ᠂ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠲᠣᠭᠣᠷᠢᠭ) ᠪᠣᠯᠪᠠᠰᠤᠷᠠᠯ᠎ᠳᠤ ᠣᠷᠣᠯᠴᠠᠵᠤ᠂ ᠪᠥᠬᠥ ᠣᠷᠣᠨ᠎ᠤ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠨᠡᠶ᠋ᠢᠲᠡ 2000 ᠭᠠᠷᠤᠶ ᠬᠥᠮᠦᠨ ᠲᠣᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠪᠠ᠃

 

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠵᠠᠶ ᠶᠢᠩ ᠵᠢᠶᠦ᠋ᠨ ᠲᠦᠩᠯᠢᠶᠣᠤ ᠬᠣᠲᠠ᠎ᠳᠤ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠢᠯ ᠣᠯᠭᠣᠯᠲᠠ ᠵᠢ ᠪᠠᠲᠤᠯᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠲᠠᠪᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠪᠦᠳᠦᠭᠡᠯᠴᠢ ᠭᠠᠷ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ 《ᠬᠣᠷᠴᠢᠨ ᠬᠤᠨᠳᠠᠭ᠋ᠠᠲᠤ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠲᠧᠯᠸᠢᠰ ᠰᠢᠢ᠍ᠳᠪᠦᠷᠢᠳᠦ ᠤᠷᠤᠯᠳᠤᠭ᠋ᠠᠨ ᠵᠢᠴᠢ ᠱᠠᠩᠨᠠᠯ ᠣᠯᠭᠣᠬᠤ ᠶᠣᠰᠣᠯᠠᠯ ᠲᠦᠩᠯᠢᠶᠣᠤ ᠬᠣᠲᠠ᠎ᠳᠤ ᠶᠠᠪᠤᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠡᠬᠢᠯᠡᠵᠦ ᠰᠦᠨ ᠱᠤᠤ ᠴᠸᠩ ᠪᠠᠶᠠᠷ᠎ᠤᠨ ᠵᠠᠬᠢᠳᠠᠯ ᠢᠯᠡᠭᠡᠪᠡ
ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠢ ᠠᠬᠢᠭᠤᠯᠬᠤ ᠲᠣᠬᠢᠷᠠᠭᠤᠯᠤᠯᠲᠠ ᠵᠢᠨ ᠬᠤᠷᠠᠯ ᠬᠤᠷᠠᠯᠳᠤᠪᠠ
2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠲᠤᠰᠠᠯᠠᠮᠵᠢ ᠵᠢᠨ 《ᠰᠡᠳᠬᠢᠯ᠎ᠢ ᠳᠤᠯᠠᠭ᠋ᠠᠴᠠᠭᠤᠯᠬᠤ ᠠᠵᠢᠯᠯᠠᠭ᠎ᠠ》 ᠵᠢᠨ ᠶᠣᠰᠣᠯᠠᠯ ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠳᠤ ᠡᠬᠢᠯᠡᠪᠡ
 
            