ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠲᠠᠪᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠪᠦᠳᠦᠭᠡᠯᠴᠢ ᠭᠠᠷ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ 《ᠬᠣᠷᠴᠢᠨ ᠬᠤᠨᠳᠠᠭ᠋ᠠᠲᠤ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠲᠧᠯᠸᠢᠰ ᠰᠢᠢ᠍ᠳᠪᠦᠷᠢᠳᠦ ᠤᠷᠤᠯᠳᠤᠭ᠋ᠠᠨ ᠵᠢᠴᠢ ᠱᠠᠩᠨᠠᠯ ᠣᠯᠭᠣᠬᠤ ᠶᠣᠰᠣᠯᠠᠯ ᠲᠦᠩᠯᠢᠶᠣᠤ ᠬᠣᠲᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2022-07-06

        7 ᠳ᠋ᠤᠭ᠋ᠠᠷ ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ

ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠎ᠠ ᠪᠣᠯᠤᠨ ᠲᠦᠩᠯᠢᠶᠣᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤᠷᠠᠨ ᠭᠤᠤᠯᠯᠠᠨ ᠡᠷᠭᠢᠯᠡᠭᠰᠡᠨ ᠲᠠᠪᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠪᠦᠳᠦᠭᠡᠯᠴᠢ ᠭᠠᠷ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ 《ᠬᠣᠷᠴᠢᠨ ᠬᠤᠨᠳᠠᠭ᠋ᠠᠲᠤ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠲᠧᠯᠸᠢᠰ ᠰᠢᠢ᠍ᠳᠪᠦᠷᠢᠳᠦ ᠤᠷᠤᠯᠳᠤᠭ᠋ᠠᠨ ᠵᠢᠴᠢ ᠱᠠᠩᠨᠠᠯ ᠣᠯᠭᠣᠬᠤ ᠶᠣᠰᠣᠯᠠᠯ ᠲᠦᠩᠯᠢᠶᠣᠤ ᠬᠣᠲᠠ᠎ᠳᠤ ᠶᠠᠪᠤᠭᠳᠠᠪᠠ᠃
       ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠰᠦᠨ ᠯᠢ ᠵᠢᠶᠠᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ᠂ ᠲᠦᠩᠯᠢᠶᠣᠤ ᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠭᠦᠸᠧ ᠢᠦᠶ ᠹᠸᠩ᠂ ᠬᠣᠲᠠ ᠵᠢᠨ ᠳᠡᠳ᠋ ᠳᠠᠷᠤᠭ᠎ᠠ ᠰᠦᠨ ᠯᠸ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠰᠤᠷᠭ᠋ᠠᠭᠤᠯᠢ ᠵᠢᠨ ᠵᠠᠬᠢᠷᠤᠯ ᠵᠣᠣ ᠳ᠋ᠦᠩ ᠬᠠᠶ ᠨᠠᠷ ᠬᠤᠷᠠᠯ᠎ᠳᠤ ᠣᠷᠣᠯᠴᠠᠵᠠᠶ᠃

 

W020220705569682188056.jpg


 
       ᠲᠤᠰ ᠤᠳᠠᠭ᠋ᠠᠨ᠎ᠤ ᠤᠷᠤᠯᠳᠤᠭ᠋ᠠᠨ᠎ᠨᠢ 《ᠰᠢᠨ᠎ᠡ ᠴᠠᠭ ᠦᠶ᠎ᠡ᠎ᠳᠤ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠦᠶ᠎ᠡ》 ᠭᠡᠬᠦ ᠭᠣᠣᠯ ᠰᠡᠳᠦᠪ ᠵᠶ᠋ᠡᠷ ᠶᠠᠪᠤᠭᠳᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ 《ᠦᠢ᠍ᠯᠡᠰ ᠪᠦᠳᠦᠭᠡᠵᠦ ᠰᠢᠨ᠎ᠡ ᠵᠢ ᠡᠭᠦᠳᠬᠦ》 ᠵᠢ ᠵᠣᠷᠢᠭᠵᠢᠭᠤᠯᠤᠨ ᠳᠡᠮᠵᠢᠬᠦ ᠲᠤᠬᠠᠢ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠠᠭᠤᠷ ᠠᠮᠢᠰᠬᠤᠯ᠎ᠢ ᠪᠤᠢ ᠪᠣᠯᠭ᠋ᠠᠵᠤ᠂ ᠦᠢ᠍ᠯᠡᠰ ᠪᠦᠳᠦᠭᠡᠵᠦ ᠠᠵᠢᠯ ᠣᠯᠭᠣᠯᠲᠠ ᠵᠢ ᠳᠠᠶ᠋ᠢᠴᠢᠯᠠᠬᠤ ᠵᠢ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠎ᠪᠠᠷ ᠵᠣᠷᠢᠯᠲᠠ᠎ᠪᠠᠨ ᠪᠣᠯᠭ᠋ᠠᠵᠠᠢ᠃
       ᠤᠷᠤᠯᠳᠤᠭ᠋ᠠᠨ᠎ᠨᠢ ᠡᠨᠡ ᠵᠢᠯ᠎ᠤᠨ 4 ᠳ᠋ᠦ᠍ᠭᠡᠷ ᠰᠠᠷ᠎ᠠ᠎ᠳᠤ ᠡᠬᠢᠯᠡᠭᠰᠡᠨ᠎ᠠᠴᠠ ᠨᠠᠰᠢ᠂ ᠣᠯᠠᠨ  ᠦᠢ᠍ᠯᠡᠰ ᠪᠦᠳᠦᠭᠡᠭᠴᠢ ᠪᠠ ᠨᠡᠶ᠋ᠢᠭᠡᠮ᠎ᠤᠨ ᠡᠯ᠎ᠡ ᠡᠲᠡᠭᠡᠳ᠎ᠤᠨ ᠥᠷᠭᠡᠨ ᠳᠡᠯᠭᠡᠷ ᠠᠩᠬᠠᠷᠤᠯ ᠪᠠ ᠢᠳᠡᠪᠬᠢᠲᠡᠶ ᠣᠷᠣᠯᠴᠠᠯᠭ᠎ᠠ ᠵᠢ ᠣᠯᠵᠤ᠂ ᠪᠥᠬᠥ ᠣᠷᠣᠨ᠎ᠳᠤ ᠨᠡᠶ᠋ᠢᠲᠡ 1149 ᠲᠥᠷᠥᠯ ᠵᠦᠢ᠍ᠯ ᠤᠷᠤᠯᠳᠤᠭ᠋ᠠᠨ᠎ᠳᠤ ᠨᠡᠷ᠎ᠡ ᠮᠡᠳᠡᠭᠦᠯᠵᠡᠶ᠂ ᠡᠭᠦᠨ᠎ᠳᠤ ᠤᠶᠤᠲᠠᠳ᠎ᠤᠨ ᠦᠢ᠍ᠯᠡᠰ ᠴᠣᠭᠴᠠᠯᠠᠭᠰᠠᠨ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠦᠢ᠍ᠯᠡᠰ ᠴᠣᠭᠴᠠᠯᠠᠭᠰᠠᠨ ᠠᠮᠢᠳᠤᠯᠢᠭ ᠬᠡᠷᠡᠭ᠎ᠤᠨ ᠵᠢᠱ᠌ᠢᠶ᠎ᠡ ᠪᠠᠶ᠋ᠢᠬᠤ ᠮᠥᠷᠲᠡᠭᠡᠨ ᠪᠠᠰᠠ ᠨᠤᠲᠤᠭ᠎ᠲᠠᠭᠠᠨ ᠪᠤᠴᠠᠵᠤ ᠦᠢ᠍ᠯᠡᠰ ᠴᠣᠭᠴᠠᠯᠠᠭᠴᠢ ᠵᠢᠨ ᠨᠤᠲᠤᠭ᠎ᠤᠨ ᠠᠷᠠᠳ ᠲᠦᠮᠡᠨ ᠵᠶ᠋ᠡᠨ ᠳᠠᠭ᠋ᠠᠭᠤᠯᠤᠨ ᠶᠠᠳᠠᠭᠤ᠎ᠠᠴᠠ ᠠᠩᠭᠢᠵᠢᠷᠠᠨ ᠪᠠᠶᠠᠵᠢᠭᠰᠠᠨ᠂ ᠪᠠᠭᠤᠷᠠᠶ᠋ᠢᠴᠤᠤᠯ᠎ᠤᠨ ᠥᠪᠡᠷ ᠵᠶ᠋ᠡᠨ ᠬᠦᠴᠦᠷᠬᠡᠭᠵᠢᠨ ᠦᠢ᠍ᠯᠡᠰ ᠴᠣᠭᠴᠠᠯᠠᠭᠰᠠᠨ ᠰᠡᠳᠬᠢᠯ ᠬᠥᠳᠡᠯᠭᠡᠮ᠎ᠡ ᠥᠯᠢᠭᠡᠷ ᠪᠣᠶ; ᠰᠢᠨ᠎ᠡ ᠵᠢ ᠡᠭᠦᠳᠬᠦ ᠴᠢᠨᠠᠷ ᠵᠶ᠋ᠠᠷ ᠴᠢᠩᠭ᠎ᠠ᠂ ᠲᠡᠷᠢᠭᠦᠨ᠎ᠤ ᠮᠡᠷᠭᠡᠵᠢᠯ᠎ᠲᠠᠢ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ ᠪᠠᠶ᠋ᠢᠬᠤ᠎ᠪᠠᠷ ᠪᠠᠷᠠᠬᠤ ᠥᠬᠡᠶ᠂ ᠪᠠᠰᠠ ᠰᠣᠶᠣᠯ᠎ᠤᠨ ᠪᠦᠲᠦᠭᠡᠯᠴᠢ ᠲᠥᠰᠦᠪᠯᠡᠯ᠂ ᠤᠯᠠᠮᠵᠢᠯᠠᠯᠲᠤ ᠭᠠᠷ ᠤᠷᠠᠯᠠᠯ᠎ᠤᠨ ᠤᠯᠠᠮᠵᠢᠯᠠᠯ᠂ ᠵᠢᠭᠤᠯᠴᠢᠯᠠᠯ ᠰᠡᠯᠡᠭᠦᠴᠡᠯ ᠵᠡᠷᠭᠡ ᠬᠥᠮᠦᠨ ᠨᠡᠶ᠋ᠢᠭᠡᠮ᠎ᠤᠨ ᠰᠢᠨ᠎ᠡ ᠵᠢ ᠡᠭᠦᠳᠬᠦ ᠲᠥᠷᠥᠯ᠎ᠤᠨ ᠲᠥᠷᠥᠯ ᠵᠦᠢ᠍ᠯ ᠪᠠᠶ᠋ᠢᠨ᠎ᠠ᠂ ᠡᠭᠦᠨ᠎ᠤ ᠬᠠᠮᠲᠤ ᠤᠷᠤᠯᠳᠤᠭ᠋ᠠᠨ᠎ᠨᠢ ᠪᠠᠰᠠ ᠵᠠᠯᠠᠭᠤᠴᠤᠳ᠎ᠤᠨ ᠪᠦᠲᠦᠭᠡᠯᠴᠢ ᠲᠥᠰᠦᠪᠯᠡᠯ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠬᠦᠮᠦᠰ᠎ᠤᠨ ᠪᠦᠲᠦᠭᠡᠯᠴᠢ ᠴᠢᠨᠠᠷ᠂ ᠴᠠᠭ ᠦᠶ᠎ᠡ ᠵᠢᠨ ᠰᠡᠳᠬᠢᠯᠭᠡ ᠵᠢ ᠢᠯᠡᠷᠡᠭᠦᠯᠵᠡᠶ᠃
       ᠲᠣᠰ ᠤᠳᠠᠭ᠋ᠠᠨ᠎ᠤ ᠤᠷᠤᠯᠳᠤᠭ᠋ᠠᠨ᠎ᠤ ᠲᠦᠷᠢᠮ᠎ᠢ 《1 + 3》 ᠵᠢᠨ ᠵᠠᠭᠪᠤᠷ ᠵᠶ᠋ᠠᠷ ᠶᠠᠪᠤᠭᠳᠠᠭᠤᠯᠪᠠ᠂ ᠳᠠᠷᠤᠶ 1 ᠭᠤᠤᠯ ᠴᠣᠭᠴᠠᠲᠤ ᠤᠷᠤᠯᠳᠤᠭ᠋ᠠᠨ ᠪᠠ 3 ᠲᠤᠰᠬᠠᠶ ᠲᠥᠷᠥᠯ᠎ᠤᠨ ᠤᠷᠤᠯᠳᠤᠭ᠋ᠠᠨ ᠪᠣᠯᠤᠨ᠎ᠠ᠂ ᠡᠭᠦᠨ᠎ᠳᠤ ᠭᠤᠤᠯ ᠴᠣᠭᠴᠠᠲᠤ ᠤᠷᠤᠯᠳᠤᠭ᠋ᠠᠨ᠎ᠢ ᠦᠢ᠍ᠯᠡᠳᠭᠡᠯ᠎ᠤᠨ ᠦᠢ᠍ᠯᠡᠰ ᠪᠠ ᠦᠢ᠍ᠯᠡᠴᠢᠯᠡᠭᠡᠨ᠎ᠤ ᠦᠢ᠍ᠯᠡᠰ ᠭᠡᠵᠦ 2 ᠲᠥᠷᠥᠯ ᠵᠦᠢ᠍ᠯ᠎ᠤᠨ ᠳᠤᠭᠤᠶ᠋ᠢᠯᠠᠩ ᠬᠤᠪᠢᠶᠠᠵᠤ᠂ 3 ᠲᠤᠰᠬᠠᠶ ᠲᠥᠷᠥᠯ᠎ᠤᠨ ᠤᠷᠤᠯᠳᠤᠭ᠋ᠠᠨ᠎ᠨᠢ ᠲᠣᠰ ᠲᠣᠰ ᠵᠠᠯᠠᠭᠤᠴᠤᠳ᠎ᠤᠨ ᠪᠦᠲᠦᠭᠡᠯᠴᠢ ᠲᠤᠰᠬᠠᠶ ᠲᠥᠷᠥᠯ᠎ᠤᠨ ᠤᠷᠤᠯᠳᠤᠭ᠋ᠠᠨ᠂ ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠨ ᠲᠤᠰᠬᠠᠶ ᠲᠥᠷᠥᠯ᠎ᠤᠨ ᠤᠷᠤᠯᠳᠤᠭ᠋ᠠᠨ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠶ ᠲᠥᠷᠥᠯ᠎ᠤᠨ ᠤᠷᠤᠯᠳᠤᠭ᠋ᠠᠨ ᠪᠣᠯᠤᠨ᠎ᠠ᠃


第五届“中国创翼”创业创新大赛内蒙古赛区选拔赛暨第六届“创业科尔沁杯”创业创新大赛电视决赛暨颁奖典礼在通辽市举行2.jpg


      ᠠᠶ᠋ᠢᠮᠠᠭ ᠬᠣᠲᠠ ᠵᠢᠨ ᠠᠩᠬᠠᠨ᠎ᠤ ᠤᠷᠤᠯᠳᠤᠭ᠋ᠠᠨ᠂ ᠬᠣᠶᠠᠳᠠᠬᠢ ᠤᠷᠤᠯᠳᠤᠭ᠋ᠠᠨ᠎ᠤ ᠱᠠᠲᠤ ᠱᠠᠲᠤ᠎ᠪᠠᠷ ᠰᠢᠯᠢᠨ ᠰᠣᠩᠭᠣᠬᠤ᠎ᠪᠠᠷ ᠳᠡᠮᠵᠢᠨ᠂ ᠭᠤᠤᠯ ᠴᠣᠭᠴᠠ ᠵᠢᠨ ᠤᠷᠤᠯᠳᠤᠭ᠋ᠠᠨ᠎ᠤ ᠬᠣᠶᠠᠷ ᠵᠠᠮ᠎ᠤᠨ ᠡᠮᠦᠨ᠎ᠡ 6 ᠨᠡᠷᠡᠰ᠎ᠲᠤ ᠣᠷᠣᠭᠰᠠᠨ ᠲᠥᠷᠥᠯ ᠵᠦᠢ᠍ᠯ ᠲᠧᠯᠸᠢᠰ᠎ᠤᠨ ᠰᠢᠢ᠍ᠳᠪᠦᠷᠢᠳᠦ ᠤᠷᠤᠯᠳᠤᠭ᠋ᠠᠨ ᠵᠢᠴᠢ ᠱᠠᠩᠨᠠᠯ ᠣᠯᠭᠣᠬᠤ ᠶᠣᠰᠣᠯᠠᠯ᠎ᠳᠤ ᠣᠷᠣᠪᠠ᠂ ᠡᠭᠦᠨ᠎ᠤ ᠬᠠᠮᠲᠤ᠂ ᠵᠠᠯᠠᠭᠤᠴᠤᠳ᠎ᠤᠨ ᠪᠦᠲᠦᠭᠡᠯᠴᠢ ᠰᠡᠳᠬᠢᠮᠵᠢ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠶ ᠲᠥᠷᠥᠯ᠎ᠤᠨ ᠤᠷᠤᠯᠳᠤᠭ᠋ᠠᠨ᠎ᠤ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ ᠣᠯᠤᠭᠰᠠᠨ ᠲᠥᠷᠥᠯ ᠵᠦᠢ᠍ᠯ᠎ᠳᠤ ᠦᠵᠡᠭᠦᠯᠭᠡ ᠬᠢᠪᠠ᠃ ᠡᠴᠦᠰ᠎ᠲᠤ᠂ ᠠᠯᠠᠱ᠌ᠠ ᠠᠶ᠋ᠢᠮᠠᠭ᠎ᠠᠴᠠ ᠢᠷᠡᠭᠰᠡᠨ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠢᠨ ᠵᠠᠪᠰᠠᠷ᠎ᠤᠨ ᠴᠣᠭᠴᠠ ᠵᠢᠨ ᠲᠥᠷᠥᠯ ᠵᠦᠢ᠍ᠯ᠎ᠤᠨ ᠪᠥᠬᠥ ᠳᠡᠯᠡᠬᠡᠶ ᠵᠢᠨ ᠴᠣᠷ᠎ᠤᠨ ᠭᠠᠭᠴᠠ ᠨᠢᠲᠷᠤ᠋ ᠪᠸᠨ᠋ᠽᠸᠨ᠋ᠳᠤ ᠮᠧᠲ᠋ᠢᠯ ᠠᠯᠳᠧᠭᠢᠳ᠋ ᠦᠢ᠍ᠯᠡᠳᠪᠦᠷᠢᠯᠡᠬᠦ ᠦᠢ᠍ᠯᠡᠳᠪᠦᠷᠢᠯᠡᠯ᠎ᠤᠨ ᠰᠤᠳᠤᠯᠤᠨ ᠨᠡᠭᠡᠭᠡᠬᠦ ᠰᠠᠭᠤᠷᠢᠨ ᠭᠠᠵᠠᠷ᠎ᠤᠨ ᠲᠥᠷᠥᠯ ᠵᠦᠢ᠍ᠯ ᠪᠠ ᠣᠷᠳᠣᠰ ᠬᠣᠲᠠ᠎ᠠᠴᠠ ᠢᠷᠡᠭᠰᠡᠨ ᠨᠠᠷᠢᠯᠢᠭ ᠣᠨᠣᠪᠴᠢᠲᠠᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠦᠢ᠍ᠯᠡᠴᠢᠯᠡᠭᠡᠨ᠎ᠤ ᠲᠠᠪᠴᠠᠩ᠎ᠤᠨ ᠲᠥᠷᠥᠯ ᠵᠦᠢ᠍ᠯ᠎ᠨᠢ ᠲᠣᠰ ᠲᠣᠰ ᠭᠤᠤᠯ ᠴᠣᠭᠴᠠ ᠵᠢᠨ ᠤᠷᠤᠯᠳᠤᠭ᠋ᠠᠨ᠎ᠤ ᠦᠢ᠍ᠯᠡᠳᠭᠡᠯ᠎ᠤᠨ ᠦᠢ᠍ᠯᠡᠰ ᠪᠠ ᠦᠢ᠍ᠯᠡᠴᠢᠯᠡᠭᠡᠨ᠎ᠤ ᠦᠢ᠍ᠯᠡᠰ᠎ᠤᠨ ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃ ᠪᠤᠭᠤᠲᠤ ᠬᠤᠳᠠ᠎ᠠᠴᠠ ᠢᠷᠡᠭᠰᠡᠨ ᠡᠬᠡ ᠭᠠᠵᠠᠷ᠎ᠤᠨ ᠠᠮᠢ ᠠᠬᠤᠢ ᠵᠢᠨ ᠠᠮᠢ ᠠᠬᠤᠢ ᠵᠢ ᠰᠡᠷᠭᠦᠭᠡᠬᠦ ᠰᠢᠨ᠎ᠡ ᠲᠥᠯᠥᠪᠯᠡᠭᠡ ᠠᠭᠤᠷᠬᠠᠢ ᠵᠢᠨ ᠣᠷᠣᠨ᠎ᠢ ᠵᠠᠰᠠᠨ ᠰᠡᠷᠭᠦᠭᠡᠵᠦ ᠠᠮᠢ ᠠᠬᠤᠢ ᠵᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠭᠰᠡᠨ ᠰᠠᠬᠢᠨ ᠬᠠᠮᠠᠭ᠋ᠠᠯᠠᠭᠴᠢ ᠵᠢᠨ ᠲᠦᠷᠦᠯ ᠵᠦᠢ᠍ᠯ᠎ᠨᠢ ᠵᠠᠯᠠᠭᠤᠴᠤᠳ᠎ᠤᠨ ᠪᠦᠲᠦᠭᠡᠯᠴᠢ ᠴᠢᠨᠠᠷᠲᠠᠢ ᠲᠤᠰᠬᠠᠢ ᠲᠦᠷᠦᠯ᠎ᠤᠨ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ ᠬᠦᠷᠳᠡᠵᠦ᠂ ᠤᠯᠠᠭ᠋ᠠᠨᠬᠠᠳᠠ ᠬᠤᠳᠠ᠎ᠠᠴᠠ ᠢᠷᠡᠭᠰᠡᠨ ᠰᠦ᠍ ᠷᠧᠨ ᠮᠠᠯᠵᠢᠯ᠎ᠤᠨ ᠲᠠᠯᠠᠪᠠᠢ ᠵᠢᠨ 10 ᠲᠦᠮᠡᠨ ᠮᠦ᠍ ᠠᠭᠯᠠᠭ ᠠᠭᠤᠯᠠ ᠵᠢᠨ ᠠᠮᠢ ᠠᠬᠤᠢ ᠵᠢᠨ ᠵᠠᠰᠠᠯᠲᠠ ᠵᠢᠨ ᠲᠦᠷᠦᠯ ᠵᠦᠢ᠍ᠯ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠢ ᠲᠦᠷᠦᠯ᠎ᠤᠨ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ ᠬᠦᠷᠳᠡᠵᠦ᠂ ᠪᠤᠰᠤᠳ 14 ᠲᠦᠷᠦᠯ ᠵᠦᠢ᠍ᠯ᠎ᠨᠢ ᠲᠤᠰ ᠲᠤᠰ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ᠎ᠢ ᠬᠦᠷᠳᠡᠵᠡᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠡᠬᠢᠯᠡᠵᠦ ᠰᠦᠨ ᠱᠤᠤ ᠴᠸᠩ ᠪᠠᠶᠠᠷ᠎ᠤᠨ ᠵᠠᠬᠢᠳᠠᠯ ᠢᠯᠡᠭᠡᠪᠡ
ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠢ ᠠᠬᠢᠭᠤᠯᠬᠤ ᠲᠣᠬᠢᠷᠠᠭᠤᠯᠤᠯᠲᠠ ᠵᠢᠨ ᠬᠤᠷᠠᠯ ᠬᠤᠷᠠᠯᠳᠤᠪᠠ
2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠲᠤᠰᠠᠯᠠᠮᠵᠢ ᠵᠢᠨ 《ᠰᠡᠳᠬᠢᠯ᠎ᠢ ᠳᠤᠯᠠᠭ᠋ᠠᠴᠠᠭᠤᠯᠬᠤ ᠠᠵᠢᠯᠯᠠᠭ᠎ᠠ》 ᠵᠢᠨ ᠶᠣᠰᠣᠯᠠᠯ ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠳᠤ ᠡᠬᠢᠯᠡᠪᠡ
ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠎ᠳᠡᠭᠡᠨ ᠴᠢᠬᠤᠯᠠᠴᠢᠯᠠᠭᠰᠠᠨ᠎ᠨᠢ᠄ ᠤᠯᠠᠨ ᠲᠦᠮᠡᠨ᠎ᠢ ᠳᠣᠲᠣᠨᠣ ᠬᠥᠮᠦᠨ ᠵᠶ᠋ᠠᠨ ᠪᠣᠯᠭ᠋ᠠᠵᠤ᠂ ᠣᠯᠠᠨ ᠲᠦᠮᠡᠨ᠎ᠢ ᠬᠥᠮᠦᠨ᠎ᠢ ᠭᠤᠶᠤᠬᠤ ᠥᠬᠡᠶ᠎ᠪᠠᠷ ᠪᠡᠶᠡᠯᠡᠭᠦᠯᠵᠦ ᠳᠡᠶ᠋ᠢᠯᠬᠦ ᠪᠣᠯᠭ᠋ᠠᠬᠤ ᠬᠡᠷᠡᠭᠲᠡᠶ
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠮᠤᠷ ᠲᠦᠪᠰᠢᠨ᠎ᠤ ᠱᠤᠭᠤᠮ᠎ᠢ ᠪᠠᠲᠤ ᠴᠣᠭᠴᠠᠯᠠᠬᠤ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠴᠦᠨ ᠴᠢᠳᠠᠯ ᠵᠶ᠋ᠠᠨ ᠡᠷᠭᠦᠨ᠎ᠡ
 
            